2 ᠰᠠᠷ᠎ᠡ ᠶᠢᠨ 17 ᠤ ᠡᠳᠦᠷ᠂ ᠴᠠᠭᠠᠨ ᠰᠠᠷ᠎ᠡ ᠶᠢᠨ ᠠᠮᠠᠷᠠᠯᠳᠠ ᠶᠢᠨ ᠬᠠᠮᠤᠭ ᠤᠨ ᠰᠡᠬᠦᠯᠴᠢ ᠶᠢᠨ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠦᠪᠡᠷᠳᠡᠭᠡᠨ ᠵᠠᠰᠠᠬᠤ ᠤᠷᠤᠨ ᠤ ᠲᠤᠳᠤᠭᠠᠳᠤ ᠶᠢ | ᠬᠠᠮᠠᠭᠠᠯᠠᠬᠤ ᠲᠢᠩᠭᠢᠮ ᠪᠠ ᠵᠠᠬᠢᠳᠠᠯ ᠰᠤᠷᠪᠤᠯᠵᠢᠯᠠᠯ ᠤᠨ ᠲᠤᠪᠴᠢᠶ᠎ᠡ ᠳᠤ ᠬᠦᠷᠴᠤ᠂ ᠪᠠᠶᠠᠷ ᠤᠨ ᠡᠳᠦᠷ ᠤᠨ ᠬᠤᠭᠤᠴᠠᠭᠠᠨ ᠤ ᠪᠦᠬᠦ ᠤᠷᠤᠨ ᠤ ᠨᠠᠶᠢᠭᠡᠮ ᠤᠨ ᠶᠡᠭᠡ | ᠲᠠᠯ᠎ᠡ ᠶᠢᠨ ᠲᠤᠬᠳᠠᠭᠤᠨ ᠪᠠᠶᠢᠳᠠᠯ ᠪᠠ ᠠᠷᠠᠳ ᠲᠦᠮᠡᠨ ᠤ ᠵᠠᠬᠢᠳᠠᠯ ᠢᠷᠠᠬᠦᠯᠵᠤ ᠵᠠᠬᠢᠳᠠᠯ ᠰᠤᠷᠪᠤᠯᠵᠢᠯᠠᠯ ᠬᠢᠭᠰᠡᠨ ᠪᠠᠶᠢᠳᠠᠯ ᠢ ᠪᠠᠶᠢᠴᠠᠭᠠᠨ ᠰᠤᠳᠤᠯᠵᠤ᠂ ᠠᠵᠢᠯ ᠤᠨ | ᠪᠠᠶᠢᠷᠢ ᠪᠠᠨ ᠪᠠᠳᠤ ᠰᠠᠬᠢᠵᠤ ᠪᠠᠶᠢᠭ᠎ᠠ ᠲᠤᠳᠤᠭᠠᠳᠤ ᠶᠢ ᠬᠠᠮᠠᠭᠠᠯᠠᠬᠤ ᠠᠷᠠᠳ ᠤᠨ ᠴᠠᠬᠳᠠᠭ᠎ᠠ ᠪᠠ ᠵᠠᠬᠢᠳᠠᠯ ᠰᠤᠷᠪᠤᠯᠵᠢᠯᠠᠯ ᠤᠨ ᠺᠠᠳ᠋ᠷᠴᠤᠳ ᠢ ᠡᠷᠬᠢᠨ ᠦᠵᠡᠵᠦ | ᠲᠤᠬᠤᠨᠢᠭᠤᠯᠤᠨ᠂ ᠴᠠᠭᠠᠨ ᠰᠠᠷ᠎ᠡ ᠶᠢᠨ ᠬᠦᠰᠡᠯ ᠵᠦᠡᠭᠨᠡᠯ ᠪᠠ ᠴᠢᠩ ᠰᠡᠳᠬᠢᠯ ᠤᠨ ᠮᠠᠨᠳᠤᠴᠢᠯᠠᠯ ᠲᠡᠪᠰᠢᠬᠦᠯᠪᠠ᠃ | ᠪᠠᠶᠠᠷ ᠤᠨ ᠡᠳᠦᠷ ᠤᠨ ᠬᠤᠭᠤᠴᠠᠭᠠᠨ ᠳᠤ᠂ ᠪᠦᠬᠦ ᠤᠷᠤᠨ ᠤ ᠨᠡᠶᠢᠭᠡᠮ ᠤᠨ ᠠᠮᠤᠷ ᠢ ᠬᠠᠮᠠᠭᠠᠯᠠᠵᠤ ᠪᠠᠶᠢᠭ᠎ᠠ ᠪᠠᠶᠢᠳᠠᠯ ᠶᠠᠮᠠᠷ ᠵᠡᠷᠭᠡ ᠪᠠᠶᠢᠬᠤ ᠶᠢ ᠯᠢᠨ ᠱᠤᠤ | ᠴᠦᠨ ᠲᠦᠢᠯ ᠢᠶᠠᠷ ᠠᠩᠬᠠᠷᠤᠨ ᠬᠠᠯᠠᠮᠵᠢᠯᠠᠵᠤ ᠪᠠᠶᠢᠯ᠎ᠡ᠃ ᠲᠡᠷᠡ ᠦᠪᠡᠷᠳᠡᠭᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠭᠢᠮ ᠤᠨ ᠵᠢᠯᠤᠭᠤᠳᠬᠤ | ᠲᠦᠪ ᠲᠤ ᠬᠦᠷᠴᠤ᠂ ᠵᠢᠯᠤᠭᠤᠳᠤᠨ ᠲᠤᠬᠢᠷᠠᠭᠤᠯᠬᠤ ᠰᠢᠰᠲ᠋ᠧᠮ ᠢᠶᠠᠷ ᠲᠠᠮᠵᠢᠭᠤᠯᠵᠤ ᠪᠦᠬᠦ ᠤᠷᠤᠨ ᠤ ᠡᠯ᠎ᠡ ᠭᠠᠵᠠᠷ ᠤᠨ ᠺᠠᠳ᠋ᠷ ᠴᠠᠬᠳᠠᠭ᠎ᠠ ᠶᠢᠨ ᠵᠢᠵᠢᠬᠦᠷᠯᠡᠨ ᠰᠠᠬᠢᠵᠤ᠂ | ᠨᠡᠶᠢᠭᠡᠮ ᠤᠨ ᠠᠮᠤᠷ ᠢ ᠬᠠᠮᠠᠭᠠᠯᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠪᠠᠶᠢᠭ᠎ᠠ ᠪᠠᠶᠢᠳᠠᠯ ᠢ ᠲᠤᠬᠠᠢ ᠶᠢᠨ ᠴᠠᠭ ᠲᠤᠨᠢ ᠤᠢᠢᠯᠠᠭᠠᠵᠤ᠂ ᠨᠦᠬᠦᠳ | ᠤᠨ ᠭᠡᠷ ᠪᠦᠯᠢ ᠪᠠᠨ ᠠᠷᠤ ᠳᠠᠭᠠᠨ ᠤᠷᠬᠢᠨ᠂ ᠤᠯᠠᠨ ᠲᠦᠮᠡᠨ ᠢ ᠪᠤᠳᠤᠵᠤ᠂ ᠶᠡᠭᠡ ᠲᠠᠯ᠎ᠡ ᠶᠢ ᠪᠤᠳᠤᠯᠬᠢᠯᠠᠬᠤ ᠵᠤᠷᠢᠭ ᠰᠠᠨᠠᠭ᠎ᠠ ᠳᠤ ᠴᠢᠩ ᠰᠡᠳᠬᠢᠯ ᠠᠴᠠ ᠪᠠᠨ | ᠲᠠᠯᠠᠷᠬᠠᠵᠤ᠂ ᠤᠯᠠᠨ ᠢᠶᠠᠷ ᠢᠶᠠᠨ ᠨᠠᠮ ᠪᠠ ᠠᠷᠠᠳ ᠲᠦᠮᠡᠨ ᠤ ᠤᠯᠭᠤᠬᠰᠡᠨ ᠴᠠᠭ ᠦᠶ᠎ᠡ ᠶᠢᠨ ᠬᠠᠷᠢᠭᠤᠴᠠᠯᠭ᠎ᠠ ᠡᠬᠦᠷᠭᠡ ᠪᠠᠨ ᠰᠠᠶᠢᠳᠤᠷ ᠬᠦᠢᠴᠡᠳᠭᠡᠵᠤ᠂ ᠠᠷᠠᠯ ᠤᠨ | ᠱᠠᠷ᠂ ᠠᠮᠪᠡᠨ ᠱᠠᠷ᠂ ᠨᠤᠮᠤᠬᠠᠨ ᠱᠠᠷ ᠤᠨ ᠵᠤᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠠᠶᠤᠯ ᠲᠦᠭᠰᠢᠬᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠳᠤᠯᠠᠬᠤ᠂ | ᠲᠤᠬᠳᠠᠭᠤᠨ ᠪᠠᠶᠢᠳᠠᠯ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠡ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠲᠠᠯ᠎ᠡ ᠶᠢᠨ ᠠᠮᠤᠷ ᠢ | ᠬᠠᠮᠠᠭᠠᠯᠠᠬᠤ ᠴᠠᠬᠳᠠᠨ ᠪᠠᠶᠢᠴᠠᠭᠠᠬᠤ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠵᠦᠷᠢᠴᠡᠯ ᠵᠢᠭᠤᠷᠠᠯᠳᠤᠭᠠᠨ ᠢ ᠵᠢᠬᠰᠠᠭᠠᠨ ᠪᠠᠶᠢᠴᠠᠭᠠᠵᠤ ᠰᠢᠢᠳᠪᠤᠷᠢᠯᠡᠬᠦ ᠪᠠ | ᠬᠠᠤᠯᠢ ᠠᠴᠠ ᠵᠦᠷᠢᠴᠡᠭᠰᠡᠨ ᠶᠠᠯᠠᠳᠦ ᠠᠵᠢᠯᠯᠠᠭ᠎ᠠ ᠳᠤ ᠴᠤᠬᠢᠯᠳᠠ ᠦᠭᠬᠦ ᠡᠷᠴᠢᠮ ᠢᠶᠠᠨ ᠴᠢᠩᠭᠠᠷᠠᠭᠤᠯᠵᠤ᠂ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ | ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠪᠠᠳᠤᠯᠠᠭᠠᠷᠠᠢ᠃ ᠬᠠᠯᠠᠮᠵᠢᠯᠠᠨ ᠬᠠᠶᠢᠷᠠᠯᠠᠵᠤ ᠤᠷᠮᠠᠰᠢᠭᠤᠯᠤᠨ ᠵᠤᠷᠢᠬᠵᠢᠭᠤᠯᠬᠤ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠰᠠᠶᠢᠳᠤᠷ ᠨᠠᠶᠢᠳᠠᠪᠤᠷᠢᠵᠢᠭᠤᠯᠵᠤ᠂ ᠲᠤᠳᠤᠭᠠᠳᠤ ᠶᠢ ᠬᠠᠮᠠᠭᠠᠯᠠᠬᠤ ᠡᠩᠨᠡᠭᠡᠨ ᠤ ᠨᠢᠬᠳᠠᠷᠠᠯ ᠤᠨ ᠬᠦᠴᠤᠨ ᠲᠠᠶᠢᠴᠢᠨ ᠬᠦᠴᠤᠨ ᠢᠶᠠᠨ ᠲᠠᠰᠤᠷᠠᠯᠳᠠ ᠦᠭᠡᠢ | ᠨᠡᠮᠡᠭᠳᠡᠬᠦᠯᠬᠦ ᠶᠢ ᠬᠦᠰᠡᠪᠡ᠃ | ᠦᠪᠡᠷᠳᠡᠭᠡᠨ ᠵᠠᠰᠬᠠᠤ ᠤᠷᠤᠨ ᠤ ᠵᠠᠬᠢᠳᠠᠯ ᠰᠤᠷᠪᠤᠯᠵᠢᠯᠠᠯ ᠤᠨ ᠲᠤᠪᠴᠢᠶ᠎ᠡ ᠶᠢᠨ ᠵᠠᠬᠢᠳᠠᠯ ᠰᠤᠷᠪᠤᠯᠵᠢᠯᠠᠯ ᠢ ᠬᠦᠯᠢᠶᠠᠨ ᠠᠪᠬᠤ ᠶᠡᠭᠡ ᠲᠢᠩᠭᠢᠮ ᠳᠤ᠂ ᠯᠢᠨ ᠱᠤᠤ | ᠴᠦᠨ ᠠᠵᠢᠯᠳᠠᠳ ᠲᠠᠢ ᠲᠤᠳᠤᠨᠤ ᠪᠠᠷ ᠶᠠᠷᠢᠯᠴᠠᠵᠤ᠂ ᠪᠦᠬᠦ ᠤᠷᠤᠨ ᠤ ᠵᠠᠬᠢᠳᠠᠯ ᠰᠤᠷᠪᠤᠯᠵᠢᠯᠠᠯ ᠤᠨ ᠰᠢᠰᠲ᠋ᠧᠮ ᠤᠨ ᠺᠠᠳ᠋ᠷ ᠠᠵᠢᠯᠳᠠᠨ ᠠᠵᠢᠯᠴᠢᠳ ᠤᠨ ᠰᠢᠷᠭᠠᠭᠤ | ᠬᠦᠳᠡᠯᠮᠤᠷᠢ ᠶᠢ ᠨᠤᠳᠠᠯᠠᠬᠰᠡᠨ ᠪᠦᠭᠡᠳ ᠴᠠᠭᠠᠨ ᠰᠠᠷ᠎ᠡ ᠶᠢᠨ ᠠᠮᠠᠷᠠᠯᠳᠠ ᠶᠢᠨ ᠬᠤᠭᠤᠴᠠᠭᠠᠨ ᠤ ᠤᠯᠠᠨ ᠲᠦᠮᠡᠨ ᠤ ᠵᠠᠬᠢᠳᠠᠯ ᠢᠷᠡᠬᠦᠯᠬᠦ ᠵᠠᠬᠢᠳᠠᠯ ᠰᠤᠷᠪᠤᠯᠵᠢᠯᠠᠯ ᠤᠨ | ᠭᠡᠷᠡᠭ ᠢ ᠰᠢᠢᠳᠪᠤᠷᠢᠯᠡᠭᠰᠡᠨ ᠪᠠᠶᠢᠳᠠᠯ ᠢ ᠨᠠᠷᠢᠨ ᠤᠢᠢᠯᠠᠭᠠᠪᠠ᠃ ᠲᠡᠷᠡ᠂ ᠵᠠᠬᠢᠳᠠᠯ ᠰᠤᠷᠪᠤᠯᠵᠢᠯᠠᠯ ᠤᠨ ᠠᠵᠢᠯ ᠪᠤᠯ ᠨᠡᠶᠢᠭᠡᠮ ᠤᠨ ᠪᠠᠶᠢᠳᠠᠯ ᠠᠷᠠᠳ ᠤᠨ ᠰᠠᠨᠠᠯ ᠢ | ᠲᠤᠰᠬᠠᠬᠤ ᠪᠠᠶᠢᠳᠠᠯ ᠤᠨ ᠬᠡᠮᠵᠢᠬᠦᠷ ᠪᠤᠯᠤᠨ᠎ᠡ᠂ ᠶᠡᠷᠤᠩᠭᠡᠢ ᠱᠦᠵᠢ ᠰᠢ ᠶᠢᠨ ᠫᠢᠩ ᠤᠨ ᠠᠷᠠᠳ ᠲᠦᠮᠡᠨ ᠤ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠨ᠂ | ᠤᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠮᠨᠨ ᠦᠭᠡᠢ ᠭᠡᠳᠡᠭ ᠢ ᠴᠠᠭ ᠢᠮᠠᠬᠳᠠ ᠪᠠᠳᠤ ᠴᠡᠭᠡᠵᠢᠯᠡᠵᠤ᠂ ᠬᠠᠤᠯᠢ ᠴᠠᠭᠠᠵᠠ᠂ ᠲᠦᠷᠦ ᠶᠢᠨ ᠪᠤᠳᠤᠯᠭ᠎ᠠ᠂ | ᠵᠠᠬ᠎ᠠ ᠲᠡᠯᠭᠡᠬᠦᠷ ᠵᠡᠷᠭᠡ ᠤᠯᠠᠨ ᠵᠦᠢᠯ ᠤᠨ ᠠᠷᠭ᠎ᠠ ᠪᠠᠷᠢᠯ ᠢ ᠶᠡᠷᠤᠩᠭᠡᠶᠢᠯᠡᠨ ᠭᠡᠷᠡᠭᠯᠡᠵᠤ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠤᠬᠳᠠᠬᠤ | ᠠᠰᠠᠭᠤᠳᠠᠯ ᠢ ᠬᠠᠷᠢᠭᠤᠴᠠᠯᠭᠠᠳᠤ ᠤᠪᠤᠷ ᠪᠠ ᠬᠠᠶᠢᠷ᠎ᠡ ᠰᠡᠳᠬᠢᠯᠭᠡ ᠲᠠᠢ ᠪᠠᠷ ᠰᠠᠶᠢᠳᠤᠷ ᠰᠢᠢᠳᠪᠤᠷᠢᠯᠡᠵᠤ᠂ ᠤᠯᠠᠨ ᠲᠦᠮᠡᠨ ᠳᠤ ᠴᠢᠬᠤᠯᠠᠴᠢᠯᠠᠯ ᠪᠠ ᠬᠦᠨᠳᠦᠳᠭᠡᠯ ᠢ | ᠦᠨᠡᠨ ᠬᠦ ᠤᠢᠢᠯᠠᠭᠠᠭᠤᠯᠵᠤ᠂ ᠨᠠᠮ ᠪᠠ ᠵᠠᠰᠠᠭ ᠤᠨ ᠤᠷᠳᠤᠨ ᠤ ᠬᠠᠶᠢᠷ᠎ᠡ ᠬᠠᠯᠠᠮᠵᠢ ᠶᠢ ᠮᠡᠳᠡᠷᠡᠬᠦᠯᠬᠦ ᠭᠡᠷᠡᠭᠳᠠᠢ᠃ ᠵᠠᠬᠢᠳᠠᠯ ᠰᠤᠷᠪᠤᠯᠵᠢᠯᠠᠯ ᠤᠨ ᠭᠡᠷᠡᠭ ᠢ | ᠰᠢᠢᠳᠪᠤᠷᠢᠯᠡᠬᠦ ᠠᠵᠢᠯ᠂ ᠢᠯᠠᠩᠭᠤᠶ᠎ᠡ ᠰᠢᠰᠲ᠋ᠧᠮᠳᠤ ᠴᠢᠨᠠᠷᠳᠠᠢ᠂ ᠤᠷᠤᠨ ᠪᠦᠰᠡ ᠶᠢᠨ ᠴᠢᠨᠠᠷᠳᠠᠢ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠨᠠᠷᠢᠨ ᠬᠢᠨᠠᠮᠠᠭᠠᠢ | ᠰᠠᠶᠢᠳᠤᠷ ᠰᠢᠢᠳᠪᠤᠷᠢᠯᠡᠵᠤ᠂ ᠵᠠᠳᠠᠯᠤᠨ ᠰᠤᠳᠤᠯᠬᠤ ᠪᠠᠨ ᠴᠢᠩᠭᠠᠳᠬᠠᠨ᠂ ᠲᠦᠷᠦ ᠶᠢᠨ ᠪᠤᠳᠤᠯᠭ᠎ᠠ ᠶᠢᠨ ᠲᠠᠯ᠎ᠡ ᠠᠴᠠ ᠰᠢᠢᠳᠪᠤᠷᠢᠯᠡᠬᠦ ᠲᠦᠰᠦᠯ ᠲᠤᠬᠳᠠᠭᠠᠵᠤ᠂ | ᠵᠦᠷᠢᠴᠡᠯ ᠢ ᠰᠢᠢᠳᠪᠤᠷᠢᠯᠡᠬᠦ ᠪᠠ ᠭᠡᠷᠡᠭ ᠢ ᠰᠢᠢᠳᠪᠤᠷᠢᠯᠡᠵᠤ ᠲᠠᠭᠤᠰᠬᠠᠬᠤ ᠠᠵᠢᠯ ᠢ ᠨᠡᠩ ᠰᠠᠶᠢᠳᠤᠷ ᠠᠬᠢᠭᠤᠯᠬᠤ ᠭᠡᠷᠡᠭᠳᠠᠢ ᠭᠡᠵᠤ ᠬᠡᠯᠡᠪᠡ᠃ | ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠲᠤᠳᠤᠭᠠᠳᠤ ᠶᠢ ᠬᠠᠮᠠᠭᠠᠯᠠᠬᠤ ᠲᠢᠩᠭᠢᠮ ᠤᠨ ᠲᠠᠷᠤᠭ᠎ᠠ ᠾᠧᠩ ᠰᠢᠶᠤᠤ ᠹᠠᠨ ᠪᠠᠶᠢᠴᠠᠭᠠᠨ | ᠰᠤᠳᠤᠯᠬᠤ ᠳᠤ ᠤᠷᠤᠯᠴᠠᠵᠠᠢ᠃ |