ᠣᠶᠢᠷ᠎ᠠ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ | ᠨᠢᠳᠤᠨᠤᠨ ᠤ ᠠᠵᠢᠯ ᠢᠶᠠᠨ ᠰᠢᠰᠲ᠋ᠧᠮ ᠲᠠᠢ ᠳ᠋ᠦᠩᠨᠡᠵᠦ᠂ ᠣᠳᠣᠬᠠᠨ ᠤ ᠪᠠᠶᠢᠳᠠᠯ ᠢ ᠭᠦᠨᠵᠡᠭᠡᠢ ᠵᠠᠳᠠᠯᠬᠤ ᠶᠢᠨ ᠬᠠᠮᠲᠤ 2021 ᠣᠨ ᠤ ᠪᠦᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ ᠵᠢᠯ ᠪᠣᠯᠤᠨ᠎ᠠ᠂ ᠪᠦᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠤᠯᠤᠰ ᠲᠦᠷᠦ ᠶᠢ ᠲᠡᠷᠢᠭᠦᠨ ᠳᠤ ᠲᠠᠯᠪᠢᠬᠤ᠂ ᠤᠯᠠᠨ ᠲᠦᠮᠡᠨ ᠢ ᠲᠡᠷᠢᠭᠦᠨ ᠳᠤ ᠲᠠᠯᠪᠢᠬᠤ᠂ ᠦᠨᠳᠦᠰᠦᠨ | ᠱᠠᠳᠤ ᠶᠢ ᠲᠡᠷᠢᠭᠦᠨ ᠳᠤ ᠲᠠᠯᠪᠢᠬᠤ᠂ ᠠᠷᠠᠳ ᠤᠨ ᠴᠠᠭᠳᠠᠭ᠎ᠠ ᠶᠢ ᠲᠡᠷᠢᠭᠦᠨ ᠳᠤ ᠲᠠᠯᠪᠢᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯ | ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠰᠠᠨᠠᠭᠠᠴᠢᠯᠠᠭᠠᠲᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃ | ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ | ᠰᠢᠢᠳᠪᠦᠷᠢᠯᠡᠬᠦ ᠶᠢ ᠴᠢᠩᠭᠠᠳᠬᠠᠨ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠵᠠᠬᠢᠳᠠᠯ ᠰᠤᠷᠪᠤᠯᠵᠢᠯᠠᠯ ᠤᠨ ᠲᠣᠪᠤᠶᠢᠮ᠎ᠠ ᠠᠰᠠᠭᠤᠳᠠᠯ ᠤᠨ ᠰᠢᠪᠲᠤᠯᠤᠯᠲᠠ ᠶᠢ | ᠭᠦᠨᠵᠡᠭᠡᠶ ᠥᠷᠨᠢᠭᠦᠯᠵᠦ᠂ ᠬᠠᠤᠯᠢ ᠴᠠᠭᠠᠵᠠ ᠪᠠ ᠵᠠᠷᠭᠤ ᠳᠤ ᠬᠤᠯᠪᠣᠭᠳᠠᠭᠰᠠᠨ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠲᠤᠰᠬᠠᠶ | ᠵᠦᠢᠯ ᠢᠶᠠᠷ ᠴᠡᠭᠴᠡᠯᠡᠨ ᠵᠠᠰᠠᠬᠤ ᠪᠠ ᠡᠳᠦᠷ ᠲᠤᠲᠤᠮ ᠤᠨ ᠴᠣᠬᠢᠯᠲᠠ ᠥᠭᠬᠦ ᠶᠢ ᠵᠡᠷᠭᠡᠪᠡᠷ ᠶᠠᠪᠤᠭᠳᠠᠭᠤᠯᠬᠤ ᠶᠢ ᠪᠠᠷᠢᠮᠲᠠᠯᠠᠨ᠂ ᠶᠡᠭᠡ ᠬᠡᠷᠡᠭ ᠢ ᠠᠳᠬᠤᠬᠤ ᠶᠢᠨ | ᠵᠡᠷᠭᠡ ᠪᠠᠷ ᠪᠠᠭ᠎ᠠ ᠬᠡᠷᠡᠭ ᠢ ᠴᠦ ᠰᠤᠯᠠᠷᠠᠭᠤᠯᠤᠯ ᠥᠬᠡᠶ ᠠᠳᠬᠤᠵᠤ᠂ ᠣᠯᠠᠨ ᠲᠦᠮᠡᠨ ᠤ ᠠᠮᠤᠷ ᠲᠦᠪᠰᠢᠨ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠢ᠃ ᠨᠡᠶᠢᠭᠡᠮ ᠤᠨ | ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠪᠡᠶᠡᠲᠦᠴᠢᠯᠡᠭᠰᠡᠨ ᠮᠡᠳᠡᠭᠡ ᠵᠠᠩᠬᠢᠴᠢᠯᠠᠯᠲᠠ ᠶᠢᠨ ᠰᠢᠰᠲ᠋ᠧᠮᠵᠢ ᠶᠢ ᠲᠦᠷᠭᠡᠳᠬᠡᠨ ᠪᠦᠷᠢᠨᠰᠢᠭᠦᠯᠵᠦ᠂ ᠣᠯᠠᠨ ᠨᠡᠶᠢᠲᠡ ᠶᠢᠨ | ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠨ᠂ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠢ᠃ ᠡᠬᠡ ᠤᠯᠤᠰ ᠤᠨ ︽ᠤᠮᠠᠷᠠᠲᠤ ᠲᠣᠮᠣ ᠬᠠᠭᠠᠯᠭ᠎ᠠ︾ ᠶᠢ ᠪᠠᠲᠤ ᠰᠠᠬᠢᠵᠤ᠂ ᠨᠡᠶᠢᠰᠯᠡᠯ ᠤᠨ ︽ᠬᠤᠲᠠ ᠬᠠᠮᠠᠭᠠᠯᠠᠬᠤ | ᠭᠤᠤᠯ︾ ᠢ ᠪᠠᠲᠤ ᠴᠣᠭᠴᠠᠯᠠᠵᠤ᠂ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠭᠰᠠᠨ ᠰᠢᠯᠢᠳᠡᠭ ᠬᠢᠷᠢ | ᠪᠦᠲᠦᠮᠵᠢ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠪᠡ᠃ | ᠬᠤᠷᠠᠯ ᠨᠢ ᠸᠢᠳᠢᠤ᠋ ᠶᠢᠨ ᠬᠡᠯᠪᠡᠷᠢ ᠪᠠᠷ ᠬᠤᠰᠢᠭᠤ ᠰᠢᠶᠠᠨ ᠤ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠦᠷᠲᠡᠯ᠎ᠡ ᠶᠠᠪᠤᠭᠳᠠᠪᠠ᠃ |