ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠪᠥᠬᠦ ᠣᠷᠣᠨ ᠤ ᠵᠠᠮ ᠨᠡᠪᠲᠡᠷᠡᠯᠭᠡ ᠶᠢᠨ ᠰᠦᠢᠳᠬᠡᠯ ᠢ 7150 ᠲᠦᠮᠡᠨ ᠲᠥᠭᠦᠷᠢᠭ ᠬᠡᠯᠲᠦᠷᠢᠭᠦᠯᠪᠡ
ᠨᠡᠶᠢᠲᠡᠯᠡᠭᠰᠡᠨ ᠴᠠᠭ᠄
2021/2/19

     2 ᠳ᠋ᠤᠭᠠᠷ ᠰᠠᠷ᠎ᠠ ᠶᠢᠨ 18 ᠤ ᠡᠳᠦᠷ ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ 2 ᠳ᠋ᠤᠭᠠᠷ ᠰᠠᠷ᠎ᠠ ᠶᠢᠨ 11 ᠤ ᠡᠳᠦᠷ ᠤᠨ 0 ᠴᠠᠭ ᠠᠴᠠ 2 ᠳ᠋ᠤᠭᠠᠷ ᠰᠠᠷ᠎ᠠ ᠶᠢᠨ 17 ᠤ ᠡᠳᠦᠷ ᠤᠨ 24 ᠴᠠᠭ ᠪᠣᠯᠲᠠᠯ᠎ᠠ᠂ ᠪᠥᠬᠦ ᠣᠷᠣᠨ ᠳᠤ 7 ᠰᠠᠭᠤᠳᠠᠯ ᠵᠢᠴᠢ ᠲᠡᠭᠦᠨ ᠠᠴᠠ ᠳᠣᠷᠣᠭᠰᠢᠬᠢ ᠪᠠᠭ᠎ᠠ ᠬᠡᠯᠪᠡᠷᠢ ᠶᠢᠨ ᠮᠠᠰᠢᠨ ᠲᠡᠷᠭᠡᠨ ᠤ ᠵᠠᠮ ᠨᠡᠪᠲᠡᠷᠡᠯᠭᠡ ᠶᠢᠨ ᠰᠦᠢᠳᠬᠡᠯ ᠢ 7150 ᠲᠦᠮᠡᠨ ᠲᠥᠭᠦᠷᠢᠭ ᠬᠡᠯᠲᠦᠷᠢᠭᠦᠯᠪᠡ᠃ ᠡᠭᠦᠨ ᠳᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠠᠮ ᠨᠡᠪᠲᠡᠷᠡᠯᠭᠡ ᠶᠢᠨ ᠰᠦᠢᠳᠬᠡᠯ ᠬᠡᠯᠲᠦᠷᠢᠭᠦᠯᠦᠭᠰᠡᠨ ᠪᠠᠭ᠎ᠠ ᠬᠡᠯᠪᠡᠷᠢ ᠶᠢᠨ ᠮᠠᠰᠢᠨ ᠲᠡᠷᠭᠡ 200 ᠭᠠᠷᠤᠶ ᠲᠦᠮᠡ ᠪᠠᠶᠢᠵᠤ᠂ ᠵᠠᠮ ᠨᠡᠪᠲᠡᠷᠡᠯᠭᠡ ᠶᠢᠨ ᠰᠦᠢᠳᠬᠡᠯ ᠢ ᠨᠢ 5283 ᠲᠦᠮᠡᠨ ᠲᠥᠭᠦᠷᠢᠭ ᠬᠡᠯᠲᠦᠷᠢᠭᠦᠯᠪᠡ︔ ᠡᠩ ᠤᠨ ᠵᠠᠰᠠᠮᠠᠯ ᠵᠠᠮ ᠤᠨ ᠵᠠᠮ ᠨᠡᠪᠲᠡᠷᠡᠯᠭᠡ ᠶᠢᠨ ᠰᠦᠢᠳᠬᠡᠯ ᠬᠡᠯᠲᠦᠷᠢᠭᠦᠯᠦᠭᠰᠡᠨ ᠪᠠᠭ᠎ᠠ ᠬᠡᠯᠪᠡᠷᠢ ᠶᠢᠨ ᠮᠠᠰᠢᠨ ᠲᠡᠷᠭᠡ 140 ᠭᠠᠷᠤᠶ ᠲᠦᠮᠡ ᠪᠠᠶᠢᠵᠤ᠂ ᠵᠠᠮ ᠨᠡᠪᠲᠡᠷᠡᠯᠭᠡ ᠶᠢᠨ ᠰᠦᠢᠳᠬᠡᠯ ᠢ ᠨᠢ 1867 ᠲᠦᠮᠡᠨ ᠲᠥᠭᠦᠷᠢᠭ ᠬᠡᠯᠲᠦᠷᠢᠭᠦᠯᠪᠡ᠃
     ᠠᠮᠠᠷᠠᠯᠲᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠶᠢᠨ ᠬᠢᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠬᠡᠶ ᠪᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠣᠯᠠᠨ ᠤ ᠳᠥᠭᠦᠮ ᠳᠥᠲᠡ ᠥᠨᠳᠥᠷ ᠪᠦᠲᠦᠮᠵᠢᠲᠡᠶ ᠪᠠᠷ ᠶᠠᠪᠤᠵᠤ ᠰᠠᠭᠤᠬᠤ ᠶᠢ ᠪᠠᠲᠤᠯᠠᠨ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ᠂ ᠰᠦᠢᠳᠬᠡᠯ ᠬᠤᠷᠢᠶᠠᠬᠤ ᠥᠷᠲᠡᠭᠡ ᠵᠢᠴᠢ ᠠᠷᠠᠴᠢᠯᠠᠨ ᠬᠠᠮᠠᠭᠠᠯᠠᠬᠤ ᠵᠡᠷᠭᠡ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠵᠠᠮ ᠬᠠᠷᠢᠯᠴᠠᠭᠠᠨ ᠤ ᠠᠳᠡᠯ ᠤᠨ ᠠᠪᠤᠷᠠᠨ ᠲᠤᠰᠠᠯᠠᠬᠤ᠂ ᠵᠠᠮ ᠬᠠᠷᠢᠯᠴᠠᠭᠠᠨ ᠤ ᠲᠦᠭᠵᠢᠷᠡᠯ ᠢ ᠰᠢᠯᠤᠭᠤᠳᠬᠠᠨ ᠵᠢᠯᠣᠭᠤᠳᠬᠤ ᠵᠡᠷᠭᠡ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠠᠮᠤᠷ ᠲᠦᠪᠰᠢᠨ ᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠮ ᠤᠨ ᠶᠠᠪᠤᠳᠠᠯ ᠤᠨ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ᠪᠡᠶ᠎ᠡ ᠶᠢᠨ ᠬᠠᠯᠠᠭᠤᠨ ᠢ ᠬᠡᠮᠵᠢᠬᠦ᠂ ᠣᠷᠴᠢᠨ ᠲᠣᠭᠤᠷᠢᠨ ᠢ ᠠᠷᠢᠭᠤᠳᠬᠠᠬᠤ ᠵᠡᠷᠭᠡ ᠬᠢᠵᠢᠭ ᠢ ᠰᠡᠷᠭᠡᠶᠢᠯᠡᠬᠦ ᠠᠵᠢᠯ ᠢ ᠬᠠᠮᠵᠢᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠴᠢᠯᠡᠭᠡᠨ ᠤ ᠬᠠᠮᠠᠭᠠᠯᠠᠯᠲᠠ ᠶᠢᠨ ᠡᠳ᠋ ᠪᠣᠳᠠᠰ᠂ ᠠᠮᠢᠳᠤᠷᠠᠯ ᠤᠨ ᠡᠳ᠋ ᠪᠣᠳᠠᠰ᠂ ᠭᠤᠤᠯᠳᠠᠯᠭ᠎ᠠ ᠲᠠᠢ ᠦᠢᠯᠡᠳᠪᠦᠷᠢᠯᠡᠯ ᠤᠨ ᠡᠳ᠋ ᠪᠣᠳᠠᠰ ᠤᠨ ᠲᠡᠭᠡᠭᠡᠪᠦᠷᠢ ᠶᠢᠨ ︽ᠭᠤᠷᠪᠠ ᠶᠢ ᠪᠠᠲᠤᠯᠠᠵᠤ ᠨᠢᠭᠡ ᠶᠢ ᠰᠠᠭᠠᠳ ᠥᠬᠡᠶ ᠨᠡᠪᠲᠡᠷᠡᠭᠦᠯᠬᠦ︾ ᠶᠢ ᠪᠥᠬᠦ ᠬᠦᠴᠦᠨ ᠢᠶᠠᠷ ᠢᠶᠠᠨ ᠪᠠᠲᠤᠯᠠᠪᠠ︔ ᠪᠠᠴᠢᠮ ᠪᠠᠶᠢᠳᠠᠯ ᠢ ᠠᠷᠭᠠᠴᠠᠭᠠᠵᠦ ᠵᠢᠵᠢᠭᠦᠷᠯᠡᠨ ᠰᠠᠬᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠵᠢᠵᠢᠭᠦᠷᠯᠡᠨ ᠰᠠᠬᠢᠬᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠡᠨᠡᠳᠲᠡ ᠶᠢᠨ ᠬᠡᠷᠡᠭ ᠢ ᠴᠠᠭ ᠲᠤᠬᠠᠶ ᠳᠤ ᠨᠢ ᠲᠣᠬᠢᠲᠠᠶ ᠰᠢᠢᠳᠪᠦᠷᠢᠯᠡᠬᠦ᠂ ᠮᠡᠳᠡᠭᠡ ᠵᠠᠩᠭᠢ ᠶᠢ ᠳᠠᠮᠵᠢᠭᠤᠯᠤᠨ ᠪᠠᠭᠤᠯᠭᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠬᠦ ᠶᠢ ᠦᠨᠡᠨ ᠬᠦ ᠪᠠᠲᠤᠯᠠᠵᠤ᠂

︽12122︾ ᠬᠡᠷᠡᠭᠯᠡᠭᠴᠢᠳ ᠤᠨ ᠦᠢᠯᠡᠴᠢᠯᠡᠭᠡᠨ ᠤ ᠬᠠᠯᠠᠮᠰᠢᠯ ᠤᠲᠠᠰᠤ ᠪᠠ ᠸᠢᠴᠠᠲ ᠤᠨ ᠬᠡᠷᠡᠭᠯᠡᠭᠴᠢᠳ ᠤᠨ ᠦᠢᠯᠡᠴᠢᠯᠡᠭᠡᠨ ᠤ ᠲᠠᠪᠴᠠᠩ ᠢ 24 ᠴᠠᠭ ᠢᠶᠠᠷ ᠰᠦᠯᠵᠢᠶᠡᠨ ᠳᠡᠭᠡᠷ᠎ᠡ ᠦᠢᠯᠡᠴᠢᠯᠡᠭᠦᠯᠵᠦ᠂ ᠣᠯᠠᠨ ᠲᠦᠮᠡᠨ ᠳᠤ ᠵᠠᠮ ᠤᠨ ᠪᠠᠶᠢᠳᠠᠯ ᠤᠨ ᠯᠠᠪᠯᠠᠭ᠎ᠠ ᠵᠡᠷᠭᠡ ᠳᠥᠭᠦᠮ ᠳᠥᠲᠡ ᠦᠢᠯᠡᠴᠢᠯᠡᠭᠡ ᠶᠢ ᠴᠠᠭ ᠲᠤᠬᠠᠶ ᠳᠤ ᠨᠢ ᠬᠠᠩᠭᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ