︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠤᠬᠢᠶᠠᠯ ᠢ ᠨᠡᠶᠢᠳᠡᠯᠡᠪᠡ᠄ ︽ᠮᠡᠳᠡᠯᠬᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠢ ᠪᠦᠬᠦ ᠳᠠᠯ᠎ᠠ ᠪᠠᠷ ᠴᠢᠩᠭᠠᠳᠬᠠᠵᠥ ᠰᠢᠨ᠎ᠡ ᠶᠢ ᠡᠬᠦᠳᠬᠦ ᠠᠮᠢᠵᠢᠷᠠᠯ ᠤᠨ ᠬᠦᠴᠦᠨ ᠢ ᠬᠦᠭᠵᠢᠬᠡᠨ ᠰᠢᠨ᠎ᠡ ᠬᠦᠭᠵᠢᠯᠳᠡ ᠶᠢᠨ ᠪᠠᠶᠢᠷᠢᠰᠢᠯ ᠢ ᠴᠤᠭᠴᠠᠯᠠᠬᠤ ᠶᠢ ᠠᠬᠢᠭᠤᠯᠤᠶ᠎ᠠ︾
ᠨᠡᠶᠢᠲᠡᠯᠡᠭᠰᠡᠨ ᠴᠠᠭ᠄
2021/2/2

     2 ᠰᠠᠷ᠎ᠠ ᠶᠢᠨ 1 ᠤ ᠡᠳᠤᠷ ᠬᠡᠪᠯᠡᠭᠳᠡᠭᠰᠡᠨ 3 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠳᠤ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ ᠤᠨ ᠴᠢᠬᠤᠯᠠ ᠵᠤᠬᠢᠶᠠᠯ ︽ᠮᠡᠳᠡᠯᠬᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠢ ᠪᠦᠬᠦ ᠳᠠᠯ᠎ᠠ ᠪᠠᠷ ᠴᠢᠩᠭᠠᠳᠬᠠᠵᠥ ᠰᠢᠨ᠎ᠡ ᠶᠢ ᠡᠬᠦᠳᠬᠦ ᠠᠮᠢᠵᠢᠷᠠᠯ ᠤᠨ ᠬᠦᠴᠦᠨ ᠢ ᠬᠦᠭᠵᠢᠬᠡᠨ ᠰᠢᠨ᠎ᠡ ᠬᠦᠭᠵᠢᠯᠳᠡ ᠶᠢᠨ ᠪᠠᠶᠢᠷᠢᠰᠢᠯ ᠢ ᠴᠤᠭᠴᠠᠯᠠᠬᠤ ᠶᠢ ᠠᠬᠢᠭᠤᠯᠤᠶ᠎ᠠ︾ ᠶᠢ ᠨᠡᠶᠢᠳᠡᠯᠡᠪᠡ᠃
     ᠵᠤᠬᠢᠶᠠᠯ ᠳᠤ᠂ ᠰᠢᠨ᠎ᠡ ᠶᠢ ᠡᠬᠦᠳᠬᠦ ᠪᠤᠯ ᠬᠦᠭᠵᠢᠯᠳᠡ ᠶᠢ ᠬᠦᠳᠦᠯᠦᠨ ᠳᠠᠭᠠᠭᠤᠯᠬᠤ ᠨᠢᠬᠡᠳᠦᠬᠡᠷ ᠬᠦᠳᠡᠯᠬᠡᠬᠦ ᠬᠦᠴᠦᠨ ᠮᠦᠨ᠂ ᠮᠡᠳᠡᠯᠬᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠪᠤᠯ ᠳᠠᠷᠤᠢ ᠰᠢᠨ᠎ᠡ ᠶᠢ ᠡᠬᠦᠳᠬᠦ ᠶᠢ ᠬᠠᠮᠠᠭᠠᠯᠠᠵᠥ ᠪᠠᠶᠢᠭ᠎ᠠ ᠶᠠᠪᠤᠳᠠᠯ ᠪᠤᠯᠬᠤ ᠶᠤᠮ᠃ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠳᠤ ᠡᠷᠬᠡᠪᠰᠢ ᠮᠡᠳᠡᠯᠬᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠢ ᠨᠡᠩ ᠰᠠᠶᠢᠳᠤᠷ ᠠᠬᠢᠭᠤᠯᠬᠤ ᠬᠡᠷᠡᠭᠳᠡᠢ᠃ ᠮᠡᠳᠡᠯᠬᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠨᠢ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠳᠤ ᠬᠤᠯᠪᠤᠬᠳᠠᠵᠥ᠂ ᠴᠢᠨᠠᠷ ᠰᠠᠶᠢᠳᠠᠢ ᠬᠦᠭᠵᠢᠯᠳᠡ ᠳᠤ ᠬᠤᠯᠪᠤᠬᠳᠠᠨ᠂ ᠠᠷᠠᠳ ᠤᠨ ᠠᠮᠢᠳᠤᠷᠠᠯ ᠤᠨ ᠵᠤᠯ ᠵᠢᠷᠭᠠᠯ ᠳᠤ ᠬᠤᠯᠪᠤᠬᠳᠠᠵᠥ᠂ ᠤᠯᠤᠰ ᠤᠨ ᠭᠠᠳᠠᠭᠠᠳᠤ ᠨᠡᠬᠡᠬᠡᠯᠳᠡ ᠬᠢᠬᠦ ᠶᠡᠭᠡ ᠳᠠᠯ᠎ᠠ ᠳᠤ ᠬᠤᠯᠪᠤᠬᠳᠠᠨ᠂ ᠤᠯᠤᠰ ᠤᠨ ᠠᠮᠤᠷ ᠳᠦᠪᠰᠢᠨ ᠳᠤ ᠬᠤᠯᠪᠤᠬᠳᠠᠨ᠎ᠠ ᠬᠡᠵᠥ ᠵᠢᠭᠠᠵᠥ ᠭᠠᠷᠭᠠᠪᠠ᠃
     ᠵᠤᠬᠢᠶᠠᠯ ᠳᠤ᠂ ᠮᠠᠨ ᠤ ᠤᠯᠤᠰ ᠤᠨ ᠮᠡᠳᠡᠯᠬᠡ ᠶᠢᠨ ᠦᠮᠴᠢᠯᠡᠯ ᠤᠨ ᠡᠷᠬᠡ ᠶᠢᠨ ᠦᠢᠯᠡᠰ ᠳᠠᠰᠤᠷᠠᠯᠳᠠ ᠦᠬᠡᠢ ᠬᠦᠭᠵᠢᠵᠥ᠂ ᠳᠤᠮᠳᠠᠳᠤ ᠤᠯᠤᠰ ᠤᠨ ᠤᠨᠴᠠᠯᠢᠭ ᠲᠠᠢ ᠮᠡᠳᠡᠯᠬᠡ ᠶᠢᠨ ᠦᠮᠴᠢᠯᠡᠯ ᠤᠨ ᠡᠷᠬᠡ ᠶᠢᠨ ᠬᠦᠭᠵᠢᠯᠳᠡ ᠶᠢᠨ ᠵᠠᠮ ᠢ ᠨᠡᠬᠡᠬᠡᠵᠥ᠂ ᠮᠡᠳᠡᠯᠬᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠳᠡᠥᠬᠡᠳᠤ ᠴᠢᠨᠠᠷᠳᠠᠢ ᠠᠮᠵᠢᠯᠳᠡ ᠤᠯᠪᠠ᠂ ᠮᠡᠳᠡᠯᠬᠡ ᠶᠢᠨ ᠦᠮᠴᠢᠯᠡᠯ ᠤᠨ ᠡᠷᠬᠡ ᠶᠢᠨ ᠬᠠᠤᠯᠢ ᠴᠠᠭᠠᠵᠠ ᠳᠦᠷᠢᠮ ᠳᠤᠬᠳᠠᠭᠠᠯ ᠤᠨ ᠰᠢᠰᠲ᠋ᠧᠮ ᠪᠤᠯᠤᠨ ᠬᠠᠮᠠᠭᠠᠯᠠᠯᠳᠠ ᠶᠢᠨ ᠰᠢᠰᠲ᠋ᠧᠮ ᠳᠠᠰᠤᠷᠠᠯᠳᠠ ᠦᠬᠡᠢ ᠪᠦᠷᠢᠨᠰᠢᠵᠥ᠂ ᠬᠠᠮᠠᠭᠠᠯᠠᠬᠤ ᠡᠷᠴᠢᠮ ᠳᠠᠰᠤᠷᠠᠯᠳᠠ ᠦᠬᠡᠢ ᠴᠢᠩᠭᠠᠷᠠᠨ᠂ ᠨᠡᠶᠢᠬᠡᠮ ᠳᠠᠶᠠᠭᠠᠷ ᠤᠨ ᠮᠡᠳᠡᠯᠬᠡ ᠶᠢᠨ ᠦᠮᠴᠢᠯᠡᠯ ᠤᠨ ᠡᠷᠬᠡ ᠶᠢ ᠬᠦᠨᠳᠤᠳᠬᠡᠵᠥ ᠬᠠᠮᠠᠭᠠᠯᠠᠬᠤ ᠤᠬᠠᠮᠰᠠᠷ ᠢᠯᠡᠳᠳᠡ ᠳᠡᠬᠡᠭᠰᠢᠯᠡᠵᠥ᠂ ᠰᠢᠨ᠎ᠡ ᠶᠢ ᠡᠬᠦᠳᠬᠦ ᠶᠢ ᠤᠷᠮᠠᠰᠢᠭᠤᠯᠬᠤ᠂ ᠳᠦᠷᠦᠯ ᠳᠡᠮᠳᠡᠭ ᠡᠬᠦᠳᠬᠦ᠂ ᠵᠠᠬ᠎ᠠ ᠳᠡᠯᠬᠡᠬᠦᠷ ᠤᠨ ᠡᠮᠬᠢ ᠳᠢᠭᠯᠢᠮ ᠢ ᠵᠢᠷᠤᠮᠵᠢᠭᠤᠯᠬᠤ᠂ ᠭᠠᠳᠠᠭᠠᠳᠤ ᠨᠡᠬᠡᠬᠡᠯᠳᠡ ᠶᠢ ᠦᠷᠬᠡᠳᠬᠡᠬᠦ ᠳᠤ ᠴᠢᠬᠤᠯᠠ ᠦᠢᠯᠡᠳᠦᠯ ᠦᠵᠡᠬᠦᠯᠵᠡᠢ᠃ ᠡᠭᠦᠨ ᠤ ᠬᠠᠮᠳᠤ᠂ ᠪᠢᠳᠡ ᠪᠠᠰᠠ ᠬᠦᠷᠦᠯᠴᠡᠬᠦ ᠦᠬᠡᠢ ᠳᠠᠯ᠎ᠠ ᠪᠠᠨ ᠳᠤᠳᠤᠷᠬᠠᠢ ᠤᠯᠵᠥ ᠬᠠᠷᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃
     ᠵᠤᠬᠢᠶᠠᠯ ᠳᠤ᠂ ᠤᠳᠤᠬᠠᠨ ᠳᠤ ᠮᠠᠨ ᠤ ᠤᠯᠤᠰ ᠶᠠᠬ ᠮᠡᠳᠡᠯᠬᠡ ᠶᠢᠨ ᠦᠮᠴᠢᠯᠡᠯ ᠤᠨ ᠡᠷᠬᠡ ᠶᠢ ᠤᠷᠤᠭᠤᠯᠵᠤ ᠠᠪᠴᠢᠷᠠᠬᠤ ᠶᠡᠭᠡ ᠤᠯᠤᠰ ᠠᠴᠠ ᠮᠡᠳᠡᠯᠬᠡ ᠶᠢᠨ ᠦᠮᠴᠢᠯᠡᠯ ᠤᠨ ᠡᠷᠬᠡ ᠶᠢ ᠡᠬᠦᠳᠦᠨ ᠪᠦᠲᠦᠭᠡᠬᠦ ᠶᠡᠭᠡ ᠤᠯᠤᠰ ᠳᠡᠶᠢᠰᠢ ᠬᠤᠪᠢᠷᠠᠵᠥ᠂ ᠮᠡᠳᠡᠯᠬᠡ ᠶᠢᠨ ᠦᠮᠴᠢᠯᠡᠯ ᠤᠨ ᠡᠷᠬᠡ ᠶᠢᠨ ᠠᠵᠢᠯ ᠶᠠᠬ ᠳᠤᠭ᠎ᠠ ᠶᠢ ᠬᠦᠬᠡᠬᠡᠴᠡᠯᠳᠤᠵᠤ ᠪᠠᠶᠢᠭᠰᠠᠨ ᠠᠴᠠ ᠶᠠᠰᠤ ᠴᠢᠨᠠᠷ ᠢ ᠬᠦᠬᠡᠬᠡᠴᠡᠯᠳᠤᠬᠦ ᠳᠡᠶᠢᠰᠢ ᠬᠤᠪᠢᠷᠠᠵᠥ ᠪᠠᠶᠢᠨ᠎ᠠ᠃ ᠪᠢᠳᠡ ᠡᠷᠬᠡᠪᠰᠢ ᠤᠯᠤᠰ ᠤᠨ ᠪᠠᠶᠢᠯᠳᠤᠬᠤ ᠪᠤᠳᠤᠯᠭ᠎ᠠ ᠶᠢᠨ ᠦᠨᠳᠤᠷᠴᠡ ᠪᠤᠯᠤᠨ ᠰᠢᠨ᠎ᠡ ᠬᠦᠭᠵᠢᠯᠳᠡ ᠶᠢᠨ ᠱᠠᠳᠤᠨ ᠳᠤ ᠤᠷᠤᠭᠰᠠᠨ ᠱᠠᠭᠠᠷᠳᠠᠯᠭ᠎ᠠ ᠠᠴᠠ ᠡᠬᠦᠰᠴᠤ᠂ ᠮᠡᠳᠡᠯᠬᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠢ ᠪᠦᠬᠦ ᠳᠠᠯ᠎ᠠ ᠪᠠᠷ ᠴᠢᠩᠭᠠᠳᠬᠠᠨ᠂ ᠤᠳᠤᠬᠢᠴᠢᠯᠠᠬᠰᠠᠨ ᠠᠵᠥ ᠠᠬᠤᠢ ᠶᠢᠨ ᠰᠢᠰᠲ᠋ᠧᠮ ᠤᠨ ᠴᠤᠭᠴᠠᠯᠠᠯᠳᠠ ᠶᠢ ᠠᠬᠢᠭᠤᠯᠵᠥ᠂ ᠨᠡᠶᠢᠬᠡᠮ ᠳᠠᠶᠠᠭᠠᠷ ᠤᠨ ᠰᠢᠨ᠎ᠡ ᠶᠢ ᠡᠬᠦᠳᠬᠦ ᠠᠮᠢᠵᠢᠷᠠᠯ ᠤᠨ ᠬᠦᠴᠦᠨ ᠢ ᠬᠦᠭᠵᠢᠬᠡᠨ᠂ ᠰᠢᠨ᠎ᠡ ᠬᠦᠭᠵᠢᠯᠳᠡ ᠶᠢᠨ ᠪᠠᠶᠢᠷᠢᠰᠢᠯ ᠢ ᠴᠤᠭᠴᠠᠯᠠᠬᠤ ᠶᠢ ᠠᠬᠢᠭᠤᠯᠬᠤ ᠬᠡᠷᠡᠭᠳᠡᠢ᠃ ᠨᠢᠬᠡᠳᠤᠬᠡᠷ ᠲᠤ᠂ ᠮᠡᠳᠡᠯᠬᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠤᠨ ᠦᠵᠦ ᠳᠦᠯᠦᠪᠯᠡᠭᠡ ᠶᠢ ᠴᠢᠩᠭᠠᠳᠬᠠᠬᠤ ᠬᠡᠷᠡᠭᠳᠠᠢ᠃ ᠬᠤᠶᠠᠳᠤᠭᠠᠷ ᠲᠤ᠂ ᠮᠡᠳᠡᠯᠬᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠤᠨ ᠬᠠᠤᠯᠢᠵᠢᠯ ᠤᠨ ᠳᠦᠪᠰᠢᠨ ᠢ ᠳᠡᠬᠡᠭᠰᠢᠯᠡᠬᠦᠯᠬᠦ ᠬᠡᠷᠡᠭᠳᠠᠢ᠃ ᠭᠤᠷᠪᠠᠳᠤᠭᠠᠷ ᠲᠤ᠂ ᠮᠡᠳᠡᠯᠬᠡ ᠶᠢᠨ ᠦᠮᠴᠢᠯᠡᠯ ᠤᠨ ᠡᠷᠬᠡ ᠶᠢ ᠪᠦᠬᠦ ᠬᠡᠯᠬᠢᠶ᠎ᠠ ᠪᠠᠷ ᠬᠠᠮᠠᠭᠠᠯᠠᠬᠤ ᠶᠢ ᠴᠢᠩᠭᠠᠳᠬᠠᠬᠤ ᠬᠡᠷᠡᠭᠳᠠᠢ᠃ ᠳᠦᠷᠪᠡᠳᠤᠬᠡᠷ ᠲᠤ᠂ ᠮᠡᠳᠡᠯᠬᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠤᠨ ᠪᠠᠶᠢᠭᠤᠯᠤᠮᠵᠢ ᠳᠤᠬᠳᠠᠴᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠬᠡᠷᠡᠭᠳᠠᠢ᠃ ᠳᠠᠪᠤᠳᠤᠭᠠᠷ ᠲᠤ᠂ ᠮᠡᠳᠡᠯᠬᠡ ᠶᠢᠨ ᠦᠮᠴᠢᠯᠡᠯ ᠤᠨ ᠡᠷᠬᠡ ᠶᠢᠨ ᠬᠦᠷᠢᠶᠡᠨ ᠳᠠᠬᠢ ᠤᠯᠠᠨ ᠤᠯᠤᠰ ᠤᠨ ᠬᠠᠮᠳᠤᠷᠠᠯᠴᠠᠭ᠎ᠠ ᠪᠤᠯᠤᠨ ᠦᠷᠢᠰᠦᠯᠳᠦᠬᠡᠨ ᠢ ᠨᠢᠬᠡᠳᠤᠯᠳᠡᠢ ᠳᠦᠯᠦᠪᠵᠢᠬᠦᠯᠦᠨ ᠠᠬᠢᠭᠤᠯᠬᠤ ᠬᠡᠷᠡᠭᠳᠠᠢ᠃ ᠵᠢᠷᠭᠤᠳᠤᠭᠠᠷ ᠲᠤ᠂ ᠮᠡᠳᠡᠯᠬᠡ ᠶᠢᠨ ᠦᠮᠴᠢᠯᠡᠯ ᠤᠨ ᠡᠷᠬᠡ ᠶᠢᠨ ᠬᠦᠷᠢᠶᠡᠨ ᠳᠠᠬᠢ ᠤᠯᠤᠰ ᠤᠨ ᠠᠮᠤᠷ ᠳᠦᠪᠰᠢᠨ ᠢ ᠬᠠᠮᠠᠭᠠᠯᠠᠬᠤ ᠬᠡᠷᠡᠭᠳᠠᠢ ᠬᠡᠵᠥ ᠵᠢᠭᠠᠵᠥ ᠭᠠᠷᠭᠠᠪᠠ᠃
     ᠵᠤᠬᠢᠶᠠᠯ ᠳᠤ᠂ ᠡᠯ᠎ᠡ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠬ ᠤᠨ ᠤᠷᠳᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠥ᠂ ᠮᠡᠳᠡᠯᠬᠡ ᠶᠢᠨ ᠦᠮᠴᠢᠯᠡᠯ ᠤᠨ ᠡᠷᠬᠡ ᠶᠢᠨ ᠠᠵᠢᠯ ᠤᠨ ᠬᠠᠮᠢᠶ᠎ᠠ ᠪᠦᠬᠦᠢ ᠵᠤᠬᠢᠴᠠᠭᠤᠯᠬᠤ ᠳᠤᠬᠳᠠᠴᠠ ᠶᠢ ᠴᠢᠩᠭᠠᠷᠠᠭᠤᠯᠤᠨ᠂ ᠮᠡᠳᠡᠯᠬᠡ ᠶᠢᠨ ᠦᠮᠴᠢᠯᠡᠯ ᠤᠨ ᠡᠷᠬᠡ ᠶᠢᠨ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠳᠠ ᠶᠢ ᠴᠢᠬᠤᠯᠠᠴᠢᠯᠠᠵᠥ᠂ ᠠᠵᠢᠯ ᠤᠨ ᠬᠠᠮᠳᠤᠷᠠᠯ ᠬᠦᠴᠦᠨ ᠢ ᠪᠦᠷᠢᠯᠳᠦᠬᠦᠯᠬᠦ ᠬᠡᠷᠡᠭᠳᠡᠢ᠃ ᠡᠯ᠎ᠡ ᠱᠠᠳᠤᠨ ᠤ ᠤᠳᠤᠷᠢᠳᠬᠤ ᠺᠠᠳ᠋ᠷᠴᠤᠳ ᠮᠡᠳᠡᠯᠬᠡ ᠶᠢᠨ ᠦᠮᠴᠢᠯᠡᠯ ᠤᠨ ᠡᠷᠬᠡ ᠶᠢᠨ ᠤᠬᠠᠮᠰᠠᠷ ᠢᠶᠠᠨ ᠴᠢᠩᠭᠠᠳᠬᠠᠨ᠂ ᠰᠢᠨ᠎ᠡ ᠪᠠᠶᠢᠳᠠᠯ ᠳᠤᠤᠷ᠎ᠠ ᠮᠡᠳᠡᠯᠬᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠢ ᠰᠠᠶᠢᠳᠦᠷ ᠬᠢᠬᠦ ᠴᠢᠳᠠᠪᠤᠷᠢ ᠪᠠᠨ ᠲᠡᠬᠡᠭᠰᠢᠯᠡᠬᠦᠯᠵᠤ᠂ ᠮᠠᠨ ᠤ ᠤᠯᠤᠰ ᠤᠨ ᠮᠡᠳᠡᠯᠬᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠤᠨ ᠳᠠᠰᠤᠷᠠᠯᠳᠠ ᠦᠬᠡᠢ ᠪᠠᠷ ᠰᠢᠨ᠎ᠡ ᠳᠡᠭᠳᠡᠷ ᠲᠤ ᠭᠠᠷᠬᠤ ᠶᠢ ᠠᠬᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃

ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ