ᠮᠠᠨᠵᠤᠤᠷ ᠬᠤᠲᠠ ︽ᠨᠢᠭᠡ ᠨᠠᠰᠤᠲᠠᠨ ᠨᠢᠭᠡ ᠬᠡᠦᠬᠡᠳ︾ ᠶᠠᠳᠠᠭᠤ ᠬᠦᠴᠢᠷᠳᠡᠯᠲᠡᠶ ᠬᠥᠮᠦᠰ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/2/2

     ᠮᠠᠨᠵᠤᠤᠷ ᠬᠤᠲᠠ ᠶᠢᠨ ᠶᠠᠳᠠᠭᠤ ᠬᠦᠴᠢᠷᠳᠡᠯᠲᠡᠶ ᠨᠠᠰᠤᠲᠠᠳ᠂ ᠶᠠᠳᠠᠭᠤ ᠬᠦᠴᠢᠷᠳᠡᠯᠲᠡᠶ ᠬᠡᠦᠬᠡᠳ ᠤᠳ ᠢ ᠬᠠᠯᠠᠮᠵᠢᠯᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠮᠠᠨᠵᠤᠤᠷ ᠬᠤᠲᠠ ᠶᠢᠨ ᠶᠠᠳᠠᠭᠤ ᠬᠦᠴᠢᠷᠳᠡᠯᠲᠡᠶ ᠨᠠᠰᠤᠲᠠᠳ ᠪᠠ ᠬᠡᠦᠬᠡᠳ ᠤᠳ ᠤᠨ ᠬᠢᠵᠢᠭ ᠢ ᠰᠡᠷᠭᠡᠶᠢᠯᠡᠨ ᠡᠵᠡᠮᠳᠡᠬᠦ ᠪᠠ ᠴᠠᠭᠠᠨ ᠰᠠᠷ᠎ᠠ ᠶᠢᠨ ᠬᠤᠭᠤᠴᠠᠭᠠᠨ ᠳᠤ ᠨᠠᠩ ᠣᠯᠠᠨ ᠬᠠᠷᠠᠭᠠᠯᠵᠠᠯ ᠣᠯᠵᠤ ᠭᠥᠷᠳᠡᠬᠦ ᠶᠢ ᠦᠨᠡᠨ ᠬᠦ ᠪᠠᠲᠤᠯᠠᠬᠤ ᠶᠢᠨ ᠲᠤᠰᠠᠳᠠ᠂ ᠮᠠᠨᠵᠤᠤᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠬᠤᠲᠠ ᠶᠢᠨ ᠲᠣᠭᠤᠷᠢᠭ ᠤᠨ ᠶᠠᠳᠠᠭᠤ ᠬᠦᠴᠢᠷᠳᠡᠯᠲᠡᠶ ᠨᠠᠰᠤᠲᠠᠳ ᠵᠢᠴᠢ ᠶᠠᠳᠠᠭᠤ ᠬᠦᠴᠢᠷᠳᠡᠯᠲᠡᠶ ᠬᠡᠦᠬᠡᠳ ᠤᠳ ᠲᠤ ᠴᠢᠭᠯᠡᠭᠦᠯᠦᠨ 1 ᠳ᠋ᠦ᠋ᠭᠡᠷ ᠰᠠᠷ᠎ᠠ ᠶᠢᠨ 28 ᠤ ᠡᠳᠦᠷ ︽ᠨᠢᠭᠡ ᠨᠠᠰᠤᠲᠠᠨ ᠨᠢᠭᠡ ᠬᠡᠦᠬᠡᠳ︾ ᠶᠠᠳᠠᠭᠤ ᠬᠦᠴᠢᠷᠳᠡᠯᠲᠡᠶ ᠬᠥᠮᠦᠰ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃
     ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠡᠮᠦᠨᠡᠬᠢ ᠬᠤᠭᠤᠴᠠᠭᠠᠨ ᠤ ᠪᠠᠶᠢᠴᠠᠭᠠᠯᠲᠠ ᠬᠢᠵᠦ ᠪᠠᠶᠢᠳᠠᠯ ᠢ ᠣᠶᠢᠯᠠᠭᠠᠭᠰᠠᠨ ᠤ ᠰᠠᠭᠤᠷᠢᠨ ᠳᠡᠭᠡᠷ᠎ᠡ᠂ ᠨᠠᠰᠤᠲᠠᠶᠢᠴᠤᠳ ᠪᠠ ᠬᠡᠦᠬᠡᠳ ᠤᠳ ᠤᠨ ᠪᠣᠳᠠᠳᠤ ᠬᠡᠷᠡᠭᠴᠡᠭᠡ ᠳᠤ ᠴᠢᠭᠯᠡᠭᠦᠯᠦᠨ᠂ ᠬᠤᠲᠠ ᠶᠢᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠲᠥᠪ ᠬᠢᠭᠡᠳ 12349 ᠠᠷᠠᠳ ᠲᠤ ᠲᠥᠬᠦᠮ ᠦᠵᠡᠭᠦᠯᠵᠦ ᠨᠠᠰᠤᠲᠠᠶᠢᠴᠤᠳ ᠲᠤ ᠦᠢᠯᠡᠴᠢᠯᠡᠬᠦ ᠲᠥᠪ ᠯᠦᠭᠡ ᠬᠠᠮᠲᠤᠷᠠᠨ 14 ᠲᠦᠮᠡᠨ ᠲᠥᠭᠦᠷᠢᠭ ᠤᠨ ᠥᠷᠲᠡᠭ ᠪᠥᠬᠦᠶ ᠲᠣᠬᠤᠨᠢᠭᠤᠯᠬᠤ ᠡᠳ᠋ ᠪᠣᠳᠠᠰ ᠬᠤᠳᠠᠯᠳᠤᠨ ᠠᠪᠴᠤ᠂ ᠬᠤᠲᠠ ᠶᠢᠨ ᠲᠣᠭᠤᠷᠢᠭ ᠤᠨ 411 ᠶᠠᠳᠠᠭᠤ ᠬᠦᠴᠢᠷᠳᠡᠯᠲᠡᠶ ᠨᠠᠰᠤᠲᠠᠳ ᠪᠠ 77 ᠶᠠᠳᠠᠭᠤ ᠬᠦᠴᠢᠷᠳᠡᠯᠲᠡᠶ ᠬᠡᠦᠬᠡᠳ ᠤᠳ ᠲᠤ ᠪᠤᠳᠠᠭ᠎ᠠ᠂ ᠭᠤᠯᠢᠷ᠂ ᠲᠣᠰᠣ᠂ ᠱᠠᠬᠠᠶ ᠵᠢᠴᠢ ᠨᠠᠰᠤᠲᠠᠶᠢᠴᠤᠳ ᠤᠨ ᠠᠮᠢᠳᠤᠷᠠᠯ ᠤᠨ ᠡᠳ᠋ ᠪᠣᠳᠠᠰ ᠬᠦᠷᠭᠡᠪᠡ᠃
     ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠪᠣᠳᠠᠲᠤ ᠠᠵᠢᠯᠯᠠᠭ᠎ᠠ ᠪᠠᠷ ᠢᠶᠠᠨ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠨᠠᠰᠤᠲᠠᠳ ᠪᠠ ᠬᠡᠦᠬᠡᠳ ᠤᠳ ᠲᠤ ᠬᠦᠷᠭᠡᠵᠦ᠂ ᠲᠡᠳᠡᠨ ᠢ ᠲᠦᠰᠢᠭ ᠲᠤᠯᠭᠠᠭᠤᠷᠢ ᠲᠠᠢ᠂ ᠠᠰᠠᠷᠠᠮᠵᠢ ᠬᠠᠷᠠᠭᠠᠯᠵᠠᠯ ᠲᠠᠢ᠂ ᠪᠠᠶᠠᠷ ᠵᠢᠷᠭᠠᠯ ᠲᠠᠢ ᠪᠣᠯᠭᠠᠵᠠᠢ᠃ ᠬᠤᠶᠢᠰᠢᠳᠠ᠂ ᠲᠣᠰ ᠲᠣᠪᠴᠢᠶ᠎ᠠ ᠨᠢ ᠨᠠᠰᠤᠲᠠᠶᠢᠴᠤᠳ ᠪᠣᠯᠤᠨ ᠬᠡᠦᠬᠡᠳ ᠪᠠᠭᠠᠴᠤᠳ ᠭᠡᠬᠦ ᠬᠤᠶᠠᠷ ᠲᠥᠷᠥᠯ ᠤᠨ ᠶᠠᠳᠠᠭᠤ ᠬᠦᠴᠢᠷᠳᠡᠯᠲᠡᠶ ᠬᠦᠮᠦᠰ ᠢ ᠠᠩᠬᠠᠷᠤᠨ ᠬᠠᠯᠠᠮᠵᠢᠯᠠᠬᠤ ᠪᠠᠨ ᠦᠷᠭᠦᠯᠵᠢᠯᠡᠨ ᠴᠢᠩᠭᠠᠳᠬᠠᠵᠤ᠂ ᠨᠢᠭᠡ ᠬᠥᠮᠦᠨ ᠢ ᠴᠦ ᠦᠯᠦ ᠣᠷᠬᠢᠭᠳᠠᠭᠤᠯᠬᠤ ᠶᠢ ᠪᠠᠷᠢᠮᠲᠠᠯᠠᠨ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠶᠠᠳᠠᠭᠤ ᠬᠦᠴᠢᠷᠳᠡᠯᠲᠡᠶ ᠬᠦᠮᠦᠰ ᠲᠤ ᠴᠠᠭ ᠲᠤᠬᠠᠶ ᠳᠤ ᠨᠢ ᠳᠠᠮᠵᠢᠭᠤᠯᠬᠤ ᠪᠣᠯᠤᠨ᠎ᠠ᠃

ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ