ᠪᠦᠬᠦ ᠤᠷᠤᠨ ᠤ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠶᠡᠭᠡ ᠬᠤᠷᠠᠯ ᠬᠦᠬᠡᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2021/2/20

      2 ᠰᠠᠷ᠎ᠠ ᠶᠢᠨ 18᠎ ᠤ ᠡᠳᠦᠷ᠂ ᠪᠦᠬᠦ ᠤᠷᠤᠨ ᠤ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠶᠡᠭᠡ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠤᠷᠤᠯᠴᠠᠬᠰᠠᠨ ᠪᠦᠬᠡᠳ ᠴᠢᠬᠤᠯᠠ ᠶᠠᠷᠢᠶ᠎ᠠ ᠳᠠᠯᠪᠢᠵᠥ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ ᠪᠠᠷ ᠤᠳᠤᠷᠢᠳᠤᠮᠵᠢ ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠵᠥ᠂ ᠨᠡᠩ ᠶᠡᠭᠡ ᠡᠷᠴᠢᠮ ᠪᠤᠯᠤᠨ ᠨᠡᠩ ᠬᠠᠳᠠᠭᠤ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠤᠨ ᠰᠠᠮᠠᠭᠤᠨ ᠠᠰᠠᠭᠤᠳᠠᠯ ᠢ ᠠᠷᠢᠯᠭᠠᠵᠥ᠂ ᠦᠵᠡᠯ ᠰᠠᠨᠠᠭ᠎ᠠ ᠦᠢᠯᠠᠭᠠᠬᠳᠠᠬᠤᠨ ᠤ ᠬᠠᠷᠰᠢ ᠰᠠᠭᠠᠳ ᠢ ᠢᠯᠠᠨ ᠳᠠᠪᠠᠵᠥ᠂ ᠰᠤᠷᠳᠠᠯ ᠤᠨ ᠠᠷᠬᠠᠭ ᠬᠡᠮ ᠪᠤᠯᠤᠨ ᠢᠯᠵᠡᠷᠡᠯ ᠤᠨ ᠬᠦᠨᠳᠤ ᠡᠪᠡᠳᠴᠢᠨ ᠢ ᠠᠷᠢᠯᠭᠠᠵᠥ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠤᠨ᠂ ᠤᠯᠤᠰ ᠳᠦᠷᠦ ᠶᠢᠨ ᠠᠮᠢ ᠠᠬᠤᠢ ᠶᠢ ᠴᠡᠪᠡᠷᠰᠢᠬᠦᠯᠬᠦ ᠪᠦᠬᠦᠯᠢ ᠴᠤᠬᠴᠠ ᠶᠢᠨ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠡᠷᠡᠰ ᠰᠠᠶᠢᠳᠤᠷ ᠬᠢᠵᠥ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠬᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠬᠡᠢ ᠰᠠᠶᠢᠳᠤᠷ ᠵᠠᠮᠨᠠᠬᠤ ᠳᠤ ᠪᠠᠳᠤ ᠴᠢᠩᠭ᠎ᠠ ᠤᠳᠤᠷᠢᠳᠤᠮᠵᠢ ᠪᠤᠯᠤᠨ ᠬᠦᠴᠦᠳᠦ ᠪᠠᠳᠤᠯᠠᠭ᠎ᠠ ᠬᠠᠩᠭᠠᠬᠤ ᠬᠡᠷᠡᠭᠳᠡᠢ ᠬᠡᠵᠥ ᠴᠢᠬᠤᠯᠠᠴᠢᠯᠠᠪᠠ᠃
      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠬ ᠤᠨ ᠤᠷᠳᠤᠨ᠂ ᠤᠯᠤᠰ ᠳᠦᠷᠦ ᠶᠢᠨ ᠵᠦᠪᠯᠡᠯᠬᠡᠨ ᠤ ᠤᠳᠤᠷᠢᠳᠬᠤ ᠨᠦᠬᠦᠳ ᠪᠤᠯᠤᠨ ᠰᠢᠬᠦᠬᠦ ᠬᠤᠷᠢᠶᠠᠨ ᠤ ᠳᠠᠷᠤᠭ᠎ᠠ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠬᠤᠷᠠᠯ ᠳᠤ ᠤᠷᠤᠯᠴᠠᠵᠥ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠬᠤᠷᠠᠯ ᠢ ᠡᠷᠬᠢᠯᠡᠪᠡ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠢᠦ ᠴᠢ ᠹᠠᠨ 12 ᠠᠶᠢᠮᠠᠬ ᠬᠤᠳᠠ ᠶᠢᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠲᠤᠬᠠᠢ ᠦᠷᠨᠢᠬᠦᠯᠦᠭᠰᠡᠨ ᠳᠤᠰᠬᠠᠢ ᠳᠤᠭᠤᠷᠢᠨ ᠪᠠᠶᠢᠴᠠᠭᠠᠯᠳᠠ ᠶᠢᠨ ᠪᠠᠶᠢᠳᠠᠯ ᠢ ᠮᠡᠳᠡᠭᠳᠡᠪᠡ᠃
      ᠱᠢ ᠲᠠᠢ ᠹᠧᠩ᠂ ᠬᠤᠳᠠᠯᠳᠤᠭ᠎ᠠ ᠡᠷᠬᠢᠯᠡᠭᠦ ᠤᠷᠴᠢᠨ ᠨᠦᠬᠦᠴᠡᠯ ᠪᠤᠯ ᠬᠦᠭᠵᠢᠯᠳᠡ ᠶᠢᠨ ᠤᠷᠴᠢᠨ ᠨᠦᠬᠦᠴᠡᠯ ᠤᠨ ᠴᠢᠬᠤᠯᠠ ᠠᠭᠤᠯᠭ᠎ᠠ ᠪᠤᠯᠤᠨ᠎ᠠ᠂ ᠨᠢᠬᠡ ᠭᠠᠵᠠᠷ ᠤᠷᠤᠨ ᠤ ᠠᠵᠥ ᠠᠬᠤᠢ ᠶᠢᠨ ᠵᠦᠬᠡᠯᠡᠨ ᠪᠤᠳᠠᠳᠤ ᠬᠦᠴᠦᠨ ᠪᠤᠯᠤᠨ ᠶᠡᠷᠦᠩᠬᠡᠢ ᠦᠷᠢᠰᠦᠯᠳᠦᠬᠦ ᠬᠦᠴᠦᠨ ᠤ ᠳᠦᠪᠯᠡᠷᠡᠩᠬᠦᠢ ᠢᠯᠡᠷᠡᠯ ᠪᠤᠯᠤᠨ᠎ᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠤᠯᠤᠨ ᠵᠠᠰᠠᠬ ᠤᠨ ᠤᠷᠳᠤᠨ ᠠᠴᠠ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠶᠢ ᠪᠦᠬᠦ ᠳᠠᠯ᠎ᠠ ᠶᠢᠨ ᠠᠵᠢᠯ ᠤᠨ ᠳᠤᠪᠤᠶᠢᠮ᠎ᠠ ᠪᠠᠶᠢᠷᠢᠨ ᠳᠤ ᠳᠠᠯᠪᠢᠵᠥ᠂ ︽ᠠᠷᠪᠠᠨ ᠳᠦᠷᠪᠡᠳᠦᠬᠡᠷ ᠳᠠᠪᠤᠨ ᠵᠢᠯ︾᠎ ᠤᠨ ᠡᠬᠢᠯᠡᠯᠳᠡ ᠶᠢᠨ ᠵᠢᠯ ᠤᠨ ᠨᠢᠬᠡᠨ ᠶᠡᠭᠡ ᠶᠠᠪᠤᠳᠠᠯ ᠪᠤᠯᠭᠠᠨ ᠠᠳᠬᠤᠵᠥ ᠪᠠᠶᠢᠬᠤ ᠶᠢᠨ ᠰᠢᠯᠳᠠᠭᠠᠨ ᠨᠢ ᠤᠳᠤᠬᠠᠨ ᠤ ᠦᠪᠦᠷ ᠮᠤᠩᠭᠤᠯ ᠤᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠤᠨ ᠠᠰᠠᠭᠤᠳᠠᠯ ᠨᠢ ᠨᠢᠬᠡᠨᠳᠡ ᠡᠯ᠎ᠡ ᠳᠦᠷᠦᠯ ᠤᠨ ᠵᠠᠬ᠎ᠠ ᠳᠠᠯᠬᠡᠬᠦᠷ ᠤᠨ ᠭᠤᠤᠯ ᠴᠤᠬᠴᠠ ᠶᠢᠨ ᠳᠤᠰᠬᠠᠯ ᠢᠶᠠᠷ ᠬᠠᠮᠤᠭ ᠤᠨ ᠴᠢᠩᠭ᠎ᠠ᠂ ᠭᠠᠵᠠᠷ ᠤᠷᠤᠨ ᠤ ᠳᠦᠷᠰᠤ ᠪᠠᠶᠢᠳᠠᠯ ᠢ ᠨᠦᠯᠦᠬᠡᠯᠡᠵᠥ ᠪᠠᠶᠢᠬᠤ ᠪᠠᠷ ᠬᠠᠮᠤᠭ ᠤᠨ ᠳᠤᠪᠤᠶᠢᠮ᠎ᠠ᠂ ᠴᠢᠨᠠᠷ ᠰᠠᠶᠢᠳᠠᠢ ᠬᠦᠭᠵᠢᠯᠳᠡ ᠶᠢ ᠬᠦᠯᠢᠶᠠᠰᠤᠯᠡᠵᠥ ᠪᠠᠶᠢᠬᠤ ᠪᠠᠷ ᠬᠠᠮᠤᠭ ᠤᠨ ᠬᠦᠨᠳᠤ ᠨᠤᠴᠢᠳᠠᠢ ᠠᠰᠠᠭᠤᠳᠠᠯ ᠪᠤᠯᠵᠥ᠂ ᠨᠢᠬᠡᠨᠳᠡ ᠤᠳᠤᠬᠢᠴᠢᠯᠠᠯᠳᠠ ᠶᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠰᠢᠨ᠎ᠠ ᠠᠶᠠᠯᠠᠯ ᠢ ᠡᠬᠢᠯᠡᠬᠦᠯᠬᠦ᠂ ᠦᠬᠡᠷᠡᠴᠢᠯᠡᠯᠳᠡ ᠨᠡᠬᠡᠬᠡᠯᠳᠡ ᠶᠢ ᠬᠦᠨᠵᠡᠬᠡᠶᠢᠷᠡᠬᠦᠯᠬᠦ᠂ ᠬᠠᠤᠯᠢᠵᠢᠯ ᠤᠨ ᠪᠠᠶᠢᠭᠤᠯᠤᠯᠳᠠ ᠪᠤᠯᠤᠨ ᠨᠠᠮ ᠤᠨ ᠪᠠᠶᠢᠭᠤᠯᠤᠯᠳᠠ ᠶᠢ ᠴᠢᠩᠭᠠᠳᠬᠠᠬᠤ᠂ ᠤᠯᠤᠰ ᠳᠦᠷᠦ ᠶᠢᠨ ᠠᠮᠢ ᠠᠬᠤᠢ ᠶᠢ ᠴᠡᠪᠡᠷᠰᠢᠬᠦᠯᠦᠨ ᠵᠠᠰᠠᠬᠤ ᠳᠤ ᠡᠷᠬᠡᠪᠰᠢ ᠰᠢᠢᠳᠪᠦᠷᠢᠯᠡᠬᠦ ᠴᠢᠬᠤᠯᠠᠳᠠᠢ ᠠᠰᠠᠭᠤᠳᠠᠯ ᠪᠤᠯᠤᠭᠠᠳ ᠪᠠᠶᠢᠭ᠎ᠠ ᠶᠤᠮ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠵᠠᠪᠠᠯ ᠤᠯᠤᠰ ᠲᠦᠷᠦ ᠶᠢᠨ ᠶᠡᠭᠡ ᠲᠠᠯ᠎ᠠ ᠪᠠ ᠬᠦᠭᠵᠢᠯᠲᠠ ᠶᠢᠨ ᠪᠦᠬᠦ ᠲᠠᠯ᠎ᠠ ᠠᠴᠠ ᠮᠠᠠ ᠤ ᠤᠷᠤᠨ ᠤ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠲᠡᠭᠵᠢᠭᠦᠯᠬᠦ ᠲᠦᠢᠯ ᠤᠨ ᠴᠢᠬᠤᠯᠠ ᠴᠢᠨᠠᠷ ᠪᠤᠯᠤᠨ ᠪᠤᠲᠠᠳᠦ ᠲᠤᠯᠭᠠᠮ ᠴᠢᠨᠠᠷ ᠢ ᠲᠡᠨᠢᠠ ᠡᠵᠡᠮᠲᠡᠵᠦ᠂ ᠤᠯᠤᠰ ᠲᠦᠷᠦ ᠶᠢᠨ ᠲᠠᠯ᠎ᠠ ᠪᠠᠷ ᠶᠡᠷᠦᠩᠭᠡᠢ ᠱᠦᠵᠢ ᠰᠢ ᠶᠢᠨ ᠫᠢᠩ ᠤᠨ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠲᠡᠭᠵᠢᠭᠦᠯᠬᠦ ᠲᠤᠬᠠᠢ ᠴᠢᠬᠤᠯᠠ ᠦᠭᠦᠯᠡᠯᠲᠡ ᠪᠤᠯᠤᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠲᠠᠯ ᠤᠨ ᠬᠤᠷᠢᠶᠠᠠ ᠤ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠶᠢ ᠤᠢᠢᠯᠠᠭᠠᠠ ᠡᠵᠡᠮᠰᠢᠵᠥ᠂ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠲᠡᠭᠵᠢᠭᠦᠯᠬᠦ ᠶᠢ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠴᠢᠬᠤᠯᠠ ᠰᠢᠪᠳᠤᠯᠬᠤ ᠴᠡᠭ ᠪᠠ ᠬᠦᠴᠦᠯᠡᠬᠦ ᠴᠡᠭ ᠪᠤᠯᠭᠠᠵᠦ᠂ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠬᠤ ᠶᠢ ᠴᠢᠩᠭᠠᠳᠬᠠᠠ᠂ ᠲᠦᠷᠢᠮ ᠤᠨ ᠪᠠᠶᠢᠭᠤᠯᠤᠯᠲᠠ ᠶᠢ ᠴᠢᠩᠭᠠᠷᠠᠭᠤᠯᠤᠨ᠂ ᠬᠢᠨᠠᠯᠲᠠ ᠲᠠᠯᠪᠢᠯᠲᠠ ᠰᠢᠯᠭᠠᠠ ᠪᠠᠶᠢᠴᠠᠭᠠᠯᠲᠠ ᠶᠢ ᠴᠢᠩᠭᠠᠳᠬᠠᠵᠦ᠂ ᠤᠬᠠᠭᠤᠯᠵᠦ ᠬᠦᠲᠦᠯᠦᠨ ᠵᠢᠯᠤᠭᠤᠳᠬᠤ ᠶᠢ ᠴᠢᠩᠭᠠᠳᠬᠠᠵᠦ᠂ ᠡᠯ᠎ᠠ ᠵᠦᠢᠯ ᠤᠨ ᠪᠠᠶᠢᠷᠢᠯᠠᠭᠤᠯᠤᠯᠲᠠ ᠱᠠᠭᠠᠷᠲᠠᠯᠭ᠎ᠠ ᠶᠢ ᠪᠤᠲᠠᠲᠠᠢ ᠨᠠᠶᠢᠲᠠᠪᠤᠷᠢᠵᠢᠭᠤᠯᠬᠤ ᠶᠢ ᠪᠠᠲᠤᠯᠠᠵᠦ᠂ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ ᠲᠦᠷᠭᠡᠡ ᠰᠠᠶᠢᠵᠢᠷᠠᠭᠤᠯᠬᠤ᠂ ᠦᠷᠬᠦᠯᠵᠢᠯᠡᠡ ᠰᠢᠯᠢᠲᠡᠭᠵᠢᠭᠦᠯᠬᠦ ᠶᠢ ᠪᠦᠬᠦ ᠬᠦᠴᠤᠨ ᠢᠶᠠᠷ ᠢᠶᠠᠨ ᠠᠬᠢᠭᠤᠯᠬᠤ ᠭᠡᠷᠡᠭᠲᠡᠢ ᠭᠡᠵᠦ ᠵᠢᠭᠠᠵᠦ ᠭᠠᠷᠭᠠᠪᠠ᠃
      ᠱᠢ ᠲᠠᠢ ᠹᠧᠩ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠵᠦ᠂ ᠲᠤᠰᠬᠠᠢ ᠴᠡᠭᠴᠡᠯᠡᠡ ᠵᠠᠰᠠᠯᠲᠠ ᠶᠢ ᠬᠦᠨᠵᠡᠭᠡᠶᠢᠷᠡᠭᠦᠯᠵᠦ᠂ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠤᠨ ᠲᠤᠪᠤᠶᠢᠮ᠎ᠠ ᠠᠰᠠᠭᠤᠲᠠᠯ ᠢ ᠦᠨᠲᠦᠰᠦᠨ ᠠᠴᠠ ᠨᠢ ᠰᠠᠶᠢᠲᠤᠷ ᠰᠢᠢᠳᠪᠦᠷᠢᠯᠡᠬᠦ ᠭᠡᠷᠡᠭᠲᠡᠢ᠃ ᠦᠵᠡᠯ ᠰᠠᠨᠠᠭᠠᠠ ᠤ ᠲᠠᠯ᠎ᠠ ᠪᠠᠷ ᠬᠢ ᠬᠦᠴᠢᠷ ᠠᠰᠠᠭᠤᠲᠠᠯ ᠢ ᠰᠢᠢᠳᠪᠦᠷᠢᠯᠡᠬᠦ ᠲᠠᠯ᠎ᠠ ᠪᠠᠷ ᠬᠦᠴᠤ ᠤᠷᠤᠭᠤᠯᠵᠦ᠂ ᠦᠵᠡᠯ ᠰᠠᠨᠠᠭᠠᠨ ᠤ ᠬᠦᠮᠦᠵᠢᠯ ᠢ ᠴᠢᠭᠯᠡᠭᠦᠯᠦᠯᠲᠦ ᠴᠢᠨᠠᠷᠲᠠᠢ ᠦᠷᠨᠢᠭᠦᠯᠵᠦ᠂ ᠦᠷᠭᠡᠡ ᠤᠯᠠᠠ ᠺᠠᠳ᠋ᠷ ᠢ ᠬᠦᠲᠦᠯᠦᠨ ᠵᠢᠯᠤᠭᠤᠳᠴᠦ ᠪᠠᠶᠢᠭᠠᠳ ᠵᠠᠬ᠎ᠠ ᠲᠡᠯᠭᠡᠭᠦᠷ ᠤᠨ ᠤᠬᠠᠮᠰᠠᠷ᠂ ᠦᠢᠯᠡᠴᠢᠯᠡᠭᠡᠨ ᠤ ᠤᠬᠠᠮᠰᠠᠷ᠂ ᠬᠠᠤᠯᠢᠵᠢᠯ ᠤᠨ ᠤᠬᠠᠮᠰᠠᠷ᠂ ᠦᠨᠡᠨᠴᠢ ᠢᠲᠡᠭᠡᠮᠵᠢ ᠶᠢᠨ ᠤᠬᠠᠮᠰᠠᠷ ᠢ ᠨᠢ ᠴᠢᠩᠭᠠᠳᠬᠠᠵᠦ᠂ ᠤᠬᠠᠮᠰᠠᠷ ᠠᠴᠠ ᠪᠠᠨ ᠵᠠᠬ᠎ᠠ ᠲᠡᠯᠭᠡᠭᠦᠷ ᠤᠨ ᠠᠵᠦ ᠠᠬᠤᠢ ᠶᠢᠨ ᠵᠢᠮ᠎ᠠ ᠬᠠᠤᠯᠢ ᠶᠤᠰᠤᠭᠠᠷ ᠠᠵᠢᠯ ᠢᠶᠠᠨ ᠦᠷᠨᠢᠭᠦᠯᠵᠦ᠂ ᠠᠵᠦ ᠠᠬᠤᠢᠢᠯᠠᠯ ᠪᠤᠯᠤᠨ ᠤᠯᠠᠠ ᠲᠦᠮᠠᠠ ᠤ ᠭᠡᠷᠡᠭᠴᠡᠭᠡ ᠠᠴᠠ ᠢᠯᠡᠭᠦᠭᠡᠡ ᠡᠭᠦᠰᠴᠤ ᠪᠠᠶᠢᠭᠠᠳ ᠠᠰᠠᠭᠤᠲᠠᠯ ᠢ ᠰᠢᠢᠳᠪᠦᠷᠢᠯᠡᠵᠦ᠂ ᠬᠠᠤᠯᠢᠵᠢᠯ ᠤᠨ ᠰᠡᠳᠭᠢᠬᠦᠢ ᠪᠤᠯᠤᠨ ᠬᠠᠤᠯᠢᠵᠢᠯ ᠤᠨ ᠠᠷᠭ᠎ᠠ ᠬᠡᠯᠪᠡᠷᠢ ᠪᠠᠷ ᠬᠦᠭᠵᠢᠯᠲᠠ ᠶᠢ ᠠᠬᠢᠭᠤᠯᠬᠤ ᠶᠢ ᠪᠠᠷᠢᠮᠲᠠᠯᠠᠵᠦ᠂ ᠠᠮᠠᠯᠠᠯᠲᠠ ᠪᠠᠨ ᠦᠨᠡᠨ ᠬᠦ ᠦᠢᠯᠡᠲᠦᠯᠭᠡᠵᠢᠭᠦᠯᠬᠦ᠂ ᠭᠡᠷ᠎ᠠ ᠪᠠᠨ ᠦᠨᠡᠨᠴᠢ ᠪᠠᠷ ᠬᠦᠢᠴᠡᠳᠭᠡᠬᠦ ᠰᠠᠶᠢᠨ ᠰᠤᠷᠲᠠᠯ ᠢ ᠪᠤᠢ ᠪᠤᠯᠭᠠᠬᠤ ᠭᠡᠷᠡᠭᠲᠡᠢ᠃ ᠰᠤᠷᠲᠠᠯ ᠤᠨ ᠠᠷᠬᠠᠭ ᠬᠡᠮ ᠢ ᠵᠠᠯᠠᠷᠠᠭᠤᠯᠤᠨ ᠵᠠᠰᠠᠬᠤ ᠲᠠᠯ᠎ᠠ ᠪᠠᠷ ᠬᠦᠴᠤ ᠤᠷᠤᠭᠤᠯᠵᠦ᠂ ᠵᠠᠩᠭᠢᠯᠠᠭ᠎ᠠ ᠶᠢᠨ ᠴᠦᠭᠡᠡ ᠲᠤᠭᠠᠲᠠᠠ᠂ ᠭᠤᠤᠯᠲᠠᠯᠭ᠎ᠠ ᠲᠠᠢ ᠬᠦᠷᠢᠶ᠎ᠠ᠂ ᠴᠢᠬᠤᠯᠠ ᠭᠤᠭᠴᠤᠭ᠎ᠠ ᠪᠤᠯᠤᠨ ᠦᠢᠯᠡᠴᠢᠯᠡᠭᠡᠨ ᠤ ᠴᠤᠩᠬᠤ ᠶᠢ ᠨᠢᠭᠲᠠ ᠠᠵᠢᠠᠠᠯᠠᠵᠦ᠂ ᠨᠡᠶᠢᠲᠡᠮ ᠤᠷᠤᠰᠢᠵᠦ ᠪᠠᠶᠢᠭ᠎ᠠ᠂ ᠲᠤᠰᠠᠬᠯ ᠴᠢᠩᠭ᠎ᠠ ᠪᠠᠶᠢᠭ᠎ᠠ᠂ ᠲᠦᠢᠯᠪᠤᠷᠢᠳᠠᠢ ᠵᠠᠰᠠᠵᠦ ᠲᠡᠶᠢᠯᠦᠭᠡᠳᠦᠢ ᠪᠠᠶᠢᠭ᠎ᠠ ᠲᠤᠪᠤᠶᠢᠮ᠎ᠠ ᠠᠰᠠᠭᠤᠲᠠᠯ ᠢ ᠨᠢᠭᠲᠠ ᠠᠵᠢᠠᠠᠯᠠᠵᠦ᠂ ᠲᠦᠷᠢᠮ ᠲᠤᠭᠲᠠᠭᠠᠯ ᠢᠶᠠᠷ ᠰᠢᠢᠳᠭᠡᠡ ᠴᠡᠭᠡᠷᠯᠡᠯ ᠪᠤᠯᠭᠠᠬᠤ᠂ ᠰᠤᠷᠭᠠᠠ ᠬᠦᠮᠦᠵᠢᠭᠦᠯᠵᠦ ᠬᠦᠲᠦᠯᠦᠨ ᠲᠠᠭᠠᠭᠤᠯᠬᠤ ᠶᠢ ᠬᠠᠷᠢᠯᠴᠠᠠ ᠤᠶᠠᠯᠲᠤᠭᠤᠯᠬᠤ ᠶᠢ ᠪᠠᠷᠢᠮᠲᠠᠯᠠᠵᠦ᠂ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ ᠪᠤᠬᠢᠷᠲᠤᠭᠤᠯᠵᠦ ᠪᠠᠶᠢᠭ᠎ᠠ ︽ᠰᠤᠷᠲᠠᠯ ᠤᠨ ᠬᠤᠤᠷᠲᠦ ᠬᠠᠪᠤᠲᠠᠷ︾ ᠪᠤᠯᠤᠨ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ ᠡᠪᠲᠡᠵᠦ ᠪᠠᠶᠢᠭ᠎ᠠ ︽ᠬᠤᠤᠷ ᠤᠨ ᠦᠨᠳᠦᠰᠦ︾᠎ ᠶᠢ ᠡᠷᠡᠰ ᠴᠡᠪᠡᠷᠯᠡᠡ ᠠᠷᠢᠯᠭᠠᠵᠦ᠂ ᠺᠠᠳ᠋ᠷ ᠤᠨ ᠬᠦᠭᠵᠢᠯᠲᠠ ᠶᠢᠨ ᠦᠵᠡᠯᠲᠡ᠂ ᠠᠵᠢᠯ ᠤᠨ ᠠᠮᠵᠢᠯᠲᠠ ᠶᠢᠨ ᠦᠵᠡᠯᠲᠡ᠂ ᠡᠷᠭᠡ ᠶᠢᠨ ᠦᠵᠡᠯᠲᠡ᠂ ᠤᠯᠠᠠ ᠲᠦᠮᠠᠠᠴᠢ ᠦᠵᠡᠯᠲᠡ ᠶᠢ ᠦᠨᠡᠡ ᠬᠦ ᠲᠦᠪ ᠪᠤᠯᠭᠠᠬᠤ ᠭᠡᠷᠡᠭᠲᠡᠢ᠃ ᠢᠯᠵᠠᠷᠠᠯ ᠤᠨ ᠠᠷᠬᠠᠭ ᠬᠡᠮ ᠢ ᠰᠢᠢᠳᠭᠡᠬᠦ ᠲᠠᠯ᠎ᠠ ᠪᠠᠷ ᠬᠦᠴᠤ ᠤᠷᠤᠭᠤᠯᠵᠦ᠂ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠤᠨ ᠠᠰᠠᠭᠤᠲᠠᠯ ᠤᠨ ᠠᠷᠤ ᠳᠠᠬᠢ ᠢᠯᠵᠠᠷᠠᠠ ᠲᠤᠷᠦ᠋ᠢᠲᠠᠵᠦ ᠪᠠᠶᠢᠭ᠎ᠠ ᠠᠰᠠᠭᠤᠲᠠᠯ ᠢ ᠪᠦᠬᠦ ᠲᠠᠯ᠎ᠠ ᠪᠠᠷ ᠦᠨᠲᠦᠰᠤᠨ ᠠᠴᠠ ᠨᠢ᠂ ᠪᠦᠬᠦ ᠲᠠᠯ᠎ᠠ ᠪᠠᠷ ᠲᠦᠢᠯᠪᠤᠷᠢᠲᠠᠢ ᠪᠠᠶᠢᠴᠠᠭᠠᠵᠦ᠂ ᠠᠷᠭ᠎ᠠ ᠪᠤᠲᠤᠯᠭ᠎ᠠ ᠶᠢ ᠭᠡᠷᠡᠭᠵᠢᠭᠦᠯᠬᠦ᠂ ᠬᠠᠤᠯᠢ ᠭᠡᠷᠡᠭᠵᠢᠭᠦᠯᠬᠦ ᠬᠠᠤᠯᠢ ᠪᠠᠷᠢᠬᠤ᠂ ᠪᠠᠷᠢᠯᠭ᠎ᠠ ᠶᠢᠨ ᠲᠦᠷᠦᠯ ᠵᠦᠢᠯ ᠵᠡᠷᠭᠡ ᠠᠰᠠᠭᠤᠲᠠᠯ ᠲᠦᠪᠯᠡᠷᠡᠭᠰᠡᠡ ᠬᠦᠷᠢᠶᠠᠠ ᠳ᠋ᠳᠤ ᠲᠤᠰᠬᠠᠢ ᠰᠡᠲᠦᠪ ᠢᠶᠠᠷ᠂ ᠲᠦᠷᠦᠯ ᠬᠤᠪᠢᠶᠠᠠ ᠲᠤᠰᠬᠠᠢ ᠵᠠᠰᠠᠵᠦ᠂ ᠢᠯᠵᠠᠷᠠᠯ ᠢ ᠡᠰᠡᠷᠭᠦᠴᠡᠬᠦ ᠴᠢᠩᠭ᠎ᠠ ᠠᠷᠭ᠎ᠠ ᠬᠡᠮᠵᠢᠶ᠎ᠠ ᠪᠠᠷ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠲᠡᠭᠵᠢᠭᠦᠯᠬᠦ ᠡᠷᠭᠢᠯᠳᠡ ᠶᠢᠨ ᠴᠡᠭ ᠢ ᠪᠤᠢ ᠪᠤᠯᠭᠠᠬᠤ ᠭᠡᠷᠡᠭᠲᠡᠢ ᠭᠡᠵᠦ ᠴᠢᠬᠤᠯᠠᠴᠢᠯᠠᠪᠠ᠃
      ᠱᠢ ᠲᠠᠢ ᠹᠧᠩ᠂ ᠤᠯᠤᠰ ᠲᠦᠷᠦ ᠶᠢᠨ ᠡᠭᠦᠷᠭᠡᠯᠡᠯ ᠢ ᠴᠢᠩᠭᠠᠳᠬᠠᠨ᠂ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠦᠷᠭᠦᠯᠵᠢᠯᠡᠨ ᠪᠦᠬᠦ ᠲᠠᠯ᠎ᠠ ᠪᠠᠷ ᠰᠢᠯᠢᠳᠡᠭᠵᠢᠬᠦᠯᠬᠦ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠠᠢ᠃ ᠵᠠᠰᠠᠭ ᠢ ᠴᠤᠮᠬᠠᠳᠬᠠᠨ ᠡᠷᠭᠡ ᠶᠢ ᠲᠠᠯᠪᠢᠬᠤ ᠶᠢ ᠭᠦᠨᠵᠡᠭᠡᠢ ᠠᠬᠢᠭᠤᠯᠵᠤ᠂ ᠵᠠᠬ᠎ᠠ ᠳᠡᠯᠭᠡᠭᠦᠷ ᠲᠤ ᠤᠷᠤᠬᠤ ᠶᠢ ᠵᠦᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠤ᠂ ᠤᠯᠠᠨ ᠲᠠᠯ᠎ᠠ ᠠᠴᠠ ᠳᠠᠪᠬᠤᠷᠳᠠᠭᠤᠯᠤᠨ ᠬᠢᠨᠡᠨ ᠵᠦᠪᠰᠢᠶᠡᠷᠡᠬᠦ ᠶᠢ ᠳᠠᠷᠦ᠋ᠢᠬᠠᠨ ᠴᠡᠭᠴᠡᠯᠡᠵᠤ᠂ ᠴᠢᠬᠤᠯᠠ ᠪᠤᠰᠤ ᠬᠢᠨᠡᠨ ᠵᠦᠪᠰᠢᠶᠡᠷᠡᠯ ᠢ ᠵᠤᠷᠢᠭ ᠰᠢᠭᠤᠳᠤᠨ ᠠᠷᠢᠯᠭᠠᠵᠦ᠂ ᠬᠢᠨᠡᠨ ᠵᠦᠪᠰᠢᠶᠡᠷᠡᠬᠦ ᠠᠷᠭ᠎ᠠ ᠬᠡᠯᠪᠡᠷᠢ ᠳᠤ ᠦᠭᠡᠷᠡᠴᠢᠯᠡᠯᠳᠡ ᠬᠢᠵᠤ ᠰᠢᠨ᠎ᠠ ᠶᠢ ᠡᠭᠦᠳᠦᠨ᠂ ᠦᠨᠳᠦᠰᠤᠨ ᠱᠠᠳᠤᠨ ᠤ ᠰᠠᠶᠢᠳᠤᠷ ᠬᠡᠷᠡᠭᠵᠢᠬᠦᠯᠵᠤ ᠲᠡᠶᠢᠯᠬᠦ ᠡᠷᠬᠡ ᠶᠢ ᠦᠷᠭᠦᠯᠵᠢᠯᠡᠨ ᠳᠤᠷᠤᠭᠰᠢ ᠲᠠᠯᠪᠢᠬᠤ ᠬᠡᠷᠡᠭᠳᠠᠢ᠃ ᠬᠢᠨᠠᠯᠳᠠ ᠬᠠᠮᠢᠶᠠᠷᠤᠯᠳᠠ ᠶᠢ ᠬᠠᠤᠯᠢ ᠶᠤᠰᠤᠭᠠᠷ ᠲᠦᠪ ᠭᠤᠤᠯᠴᠢ ᠪᠠᠷ ᠴᠢᠩᠭᠠᠳᠬᠠᠵᠤ᠂ ᠤᠯᠠᠨ ᠲᠠᠯ᠎ᠠ ᠠᠴᠠ ᠬᠠᠤᠯᠢ ᠬᠡᠷᠡᠭᠵᠢᠭᠦᠯᠬᠦ᠂ ᠳᠠᠪᠬᠤᠷᠳᠠᠭᠤᠯᠤᠨ ᠬᠠᠤᠯᠢ ᠬᠡᠷᠡᠭᠵᠢᠭᠦᠯᠬᠦ᠂ ︽ᠡᠭᠡᠭᠡ ᠠᠳᠠᠯᠢ︾᠎ ᠪᠠᠷ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠬᠦ ᠪᠠ ᠪᠦᠲᠦᠮᠵᠢᠳᠠᠢ ᠰᠡᠷᠭᠡᠶᠢᠯᠡᠵᠤ᠂ ᠲᠦᠪ ᠭᠤᠤᠯᠴᠢ ᠪᠠᠷ ᠦᠷᠢᠰᠦᠯᠳᠦᠬᠦ ᠵᠠᠬ᠎ᠠ ᠳᠡᠯᠭᠡᠭᠦᠷ ᠤᠨ ᠤᠷᠴᠢᠨ ᠢ ᠴᠢᠷᠮᠠᠶᠢᠨ ᠪᠤᠢ ᠪᠤᠯᠭᠠᠬᠤ ᠬᠡᠷᠡᠭᠳᠠᠢ᠃ ᠦᠢᠯᠡᠴᠢᠯᠡᠭᠡ ᠶᠢ ᠨᠠᠷᠢᠯᠢᠭ ᠠᠴᠠ ᠨᠠᠷᠢᠯᠢᠭ ᠰᠠᠶᠢᠳᠤᠷ ᠬᠢᠵᠤ᠂ ᠲᠤᠭᠠᠴᠢᠯᠠᠭᠰᠠᠨ ᠵᠠᠰᠠᠭ ᠤᠨ ᠤᠷᠳᠤᠨ ᠤ ᠪᠠᠶᠢᠭᠤᠯᠤᠯᠳᠠ ᠶᠢ ᠴᠢᠷᠮᠠᠶᠢᠨ ᠴᠢᠩᠭᠠᠳᠬᠠᠵᠤ᠂ ᠤᠷᠤᠨ ᠨᠤᠲᠤᠭ ᠤᠨ ᠵᠠᠰᠠᠭ ᠤᠨ ᠶᠠᠪᠤᠳᠠᠯ ᠤᠨ ᠶᠡᠭᠡ ᠲᠢᠩᠭᠢᠮ ᠤᠨ ︽ᠨᠢᠭᠡ ᠦᠷᠳᠡᠭᠡ︾᠎ ᠪᠠᠷ ᠦᠢᠯᠡᠴᠢᠯᠡᠬᠦ ᠴᠢᠳᠠᠪᠬᠢ ᠶᠢ ᠭᠦᠢᠴᠡᠳ ᠪᠠᠳᠠᠷᠠᠭᠤᠯᠤᠨ᠂ ᠦᠢᠯᠡᠴᠢᠯᠡᠬᠦ ᠬᠡᠯᠪᠡᠷᠢ ᠶᠢᠨ ᠵᠠᠰᠠᠭ ᠤᠨ ᠤᠷᠳᠤᠨ ᠤ ᠪᠠᠶᠢᠭᠤᠯᠤᠯᠳᠠ ᠪᠠᠷ ᠭᠠᠷᠳᠠᠴᠠ ᠪᠤᠯᠭᠠᠵᠤ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠠ ᠪᠦᠳᠦᠮᠵᠢ ᠶᠢ ᠪᠦᠬᠦ ᠬᠦᠴᠦ ᠪᠠᠷ ᠢᠶᠠᠨ ᠳᠡᠭᠡᠭᠰᠢᠯᠡᠭᠦᠯᠬᠦ ᠬᠡᠷᠡᠭᠳᠠᠢ᠃ ᠠᠷᠭ᠎ᠠ ᠪᠦᠬᠦᠨ ᠢ ᠰᠦᠪᠡᠭᠴᠢᠯᠡᠨ ᠦᠪᠡᠷ ᠤᠨ ᠦᠷᠳᠡᠭ ᠢ ᠪᠠᠭᠤᠷᠠᠭᠤᠯᠵᠦ᠂ ᠤᠯᠤᠰ ᠤᠨ ᠨᠡᠩ ᠶᠡᠭᠡ ᠬᠡᠪᠴᠢᠶ᠎ᠠ ᠪᠦᠬᠦᠢ ᠭᠠᠶᠢᠯᠢ ᠶᠢ ᠪᠠᠭᠠᠰᠬᠠᠵᠤ ᠰᠦᠢᠳᠭᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠡᠯᠡ ᠬᠤᠷᠠᠮᠳᠤᠭᠤᠯᠬᠤ ᠳᠤ ᠬᠦᠴᠢᠷ ᠪᠡᠯᠡ ᠬᠤᠷᠠᠮᠳᠤᠭᠤᠯᠬᠤ ᠳᠤ ᠦᠨᠡᠳᠠᠢ ᠪᠠᠶᠢᠬᠤ ᠠᠰᠠᠭᠤᠳᠠᠯ ᠢ ᠴᠢᠷᠮᠠᠶᠢᠨ ᠰᠢᠢᠳᠪᠦᠷᠢᠯᠡᠵᠤ᠂ ᠰᠠᠭᠤᠷᠢ ᠲᠦᠬᠦᠭᠡᠷᠤᠮᠵᠢ ᠪᠤᠯᠤᠨ ᠢᠵᠢ ᠪᠦᠷᠢᠳᠦᠭᠦᠯᠬᠦ ᠦᠢᠯᠡᠴᠢᠯᠡᠭᠡᠨ ᠤ ᠳᠤᠳᠠᠭᠤᠳᠠᠯ ᠢ ᠲᠦᠷᠭᠡᠳᠭᠡᠨ ᠨᠦᠬᠦᠪᠦᠷᠢᠯᠡᠵᠤ᠂ ᠠᠵᠤ ᠠᠬᠤᠢᠢᠯᠠᠯ ᠳᠤ ᠪᠤᠳᠠᠳᠤ ᠠᠰᠢᠬ ᠬᠦᠷᠳᠡᠭᠡᠬᠦ ᠬᠡᠷᠡᠭᠳᠠᠢ᠃ ᠬᠠᠤᠯᠢᠵᠢᠯ ᠤᠨ ᠪᠠᠳᠤᠯᠠᠭ᠎ᠠ ᠶᠢ ᠰᠢᠰᠲ᠋ᠧᠮ ᠲᠠᠢ ᠴᠢᠩᠭᠠᠳᠬᠠᠵᠤ᠂ ᠡᠷᠬᠡ ᠲᠡᠭᠰᠢ ᠪᠠᠷ ᠬᠠᠮᠠᠭᠠᠯᠠᠬᠤ ᠶᠢ ᠬᠠᠤᠯᠢ ᠲᠤᠭᠳᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠬᠤ ᠡᠯ᠎ᠠ ᠭᠤᠭᠴᠤᠭ᠎ᠠ ᠳᠤ ᠲᠤᠭᠤᠰᠢᠯᠠᠭᠤᠯᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠡᠷᠴᠢᠮ ᠪᠤᠯᠤᠨ ᠬᠡᠮᠵᠢᠶ᠎ᠠ ᠶᠢ ᠤᠨᠤᠴᠠᠳᠠᠢ ᠡᠵᠡᠮᠳᠡᠵᠤ᠂ ᠠᠵᠤ ᠠᠬᠤᠢᠢᠯᠠᠯ ᠪᠤᠯᠤᠨ ᠠᠵᠤ ᠠᠬᠤᠢᠢᠯᠠᠯᠳᠠᠨ ᠤ ᠬᠠᠤᠯᠢ ᠶᠤᠰᠤᠨ ᠤ ᠡᠳ᠋ ᠬᠦᠷᠦᠩᠭᠡ ᠶᠢ ᠰᠠᠶᠢᠳᠤᠷ ᠬᠠᠮᠠᠭᠠᠯᠠᠵᠤ᠂ ᠲᠦᠷᠦ ᠶᠢᠨ ᠪᠤᠳᠤᠯᠭ᠎ᠠ ᠶᠢᠨ ᠨᠢᠭᠡᠳᠦᠯᠳᠠᠢ ᠲᠦᠯᠦᠪᠵᠢᠭᠦᠯᠦᠨ ᠵᠤᠬᠢᠴᠠᠭᠤᠯᠬᠤ ᠲᠤᠭᠳᠠᠴᠠ ᠶᠢ ᠪᠦᠷᠢᠨᠰᠢᠭᠦᠯᠵᠤ᠂ ᠲᠦᠷᠦ ᠶᠢᠨ ᠪᠤᠳᠤᠯᠭ᠎ᠠ ᠶᠢ ᠭᠦᠢᠴᠡᠳ ᠬᠡᠷᠡᠭᠵᠢᠭᠦᠯᠬᠦ᠂ ᠤᠨᠤᠪᠴᠢᠳᠠᠢ ᠬᠡᠷᠡᠭᠵᠢᠭᠦᠯᠬᠦ ᠶᠢ ᠪᠠᠳᠤᠯᠠᠬᠤ ᠬᠡᠷᠡᠭᠳᠠᠢ ᠭᠡᠵᠤ ᠴᠢᠬᠤᠯᠠᠴᠢᠯᠠᠵᠠᠢ᠃
      ᠯᠢᠨ ᠱᠤᠤ ᠴᠦᠨ᠂ ᠡᠨᠡ ᠤᠳᠠᠭ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠲᠤᠭᠤᠰᠢᠯᠠᠭᠤᠯᠬᠤ ᠳᠤ ᠦᠵᠡᠯ ᠰᠠᠨᠠᠭ᠎ᠠ ᠶᠢ ᠨᠢᠭᠡᠳᠭᠡᠬᠦ ᠲᠠᠯ᠎ᠠ ᠪᠠᠷ ᠨᠠᠶᠢᠳᠠᠪᠤᠷᠢᠵᠢᠭᠤᠯᠤᠯᠳᠠ ᠶᠢ ᠠᠳᠬᠤᠵᠦ᠂ ᠭᠦᠨᠵᠡᠭᠡᠢ ᠲᠤᠩᠭᠠᠨ ᠪᠤᠳᠤᠯᠬᠢᠯᠠᠵᠤ᠂ ᠰᠤᠷᠭᠠᠮᠵᠢ ᠠᠪᠴᠤ᠂ ᠠᠯᠳᠠᠭ᠎ᠠ ᠪᠤᠷᠤᠭᠤ ᠪᠠᠨ ᠮᠡᠳᠡᠷᠡᠨ ᠵᠤᠷᠢᠬᠳᠠᠢ ᠠᠵᠢᠯᠯᠠᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶᠠᠨ ᠤ ᠵᠤᠷᠢᠭ ᠰᠠᠨᠠᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠲᠠᠢ ᠦᠨᠡᠨ ᠬᠦ ᠨᠢᠭᠡᠳᠭᠡᠬᠦ ᠬᠡᠷᠡᠭᠳᠠᠢ︔ ᠬᠠᠳᠠᠭᠤ ᠲᠠᠢ ᠨᠢ ᠬᠠᠯᠳᠠᠬᠤ ᠲᠠᠯ᠎ᠠ ᠪᠠᠷ ᠨᠠᠶᠢᠳᠠᠪᠤᠷᠢᠵᠢᠭᠤᠯᠤᠯᠳᠠ ᠶᠢ ᠠᠳᠬᠤᠵᠦ᠂ ᠲᠡᠮᠡᠴᠡᠯ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠶᠠᠰᠤ ᠶᠢ ᠬᠤᠰᠤᠨ ᠬᠤᠤᠷ ᠢ ᠠᠷᠢᠯᠭᠠᠬᠤ᠂ ᠪᠠᠭᠠᠳᠤᠷ ᠡᠷ᠎ᠠ ᠪᠠᠭᠤᠤ ᠪᠠᠨ ᠴᠠᠪᠴᠢᠬᠤ ᠡᠷᠴᠢ ᠵᠤᠷᠢᠭ ᠢᠶᠠᠷ ᠰᠢᠨ᠎ᠡ ᠬᠠᠭᠤᠴᠢᠨ ᠠᠰᠠᠭᠤᠳᠠᠯ ᠢ ᠵᠡᠷᠭᠡ ᠪᠠᠷ ᠰᠢᠢᠳᠪᠦᠷᠢᠯᠡᠬᠦ ᠬᠡᠷᠡᠭᠳᠠᠢ︔ ᠦᠨᠡᠨ ᠪᠤᠳᠠᠳᠠᠢ ᠦᠷ᠎ᠠ ᠪᠦᠲᠦᠮᠵᠢ ᠤᠯᠬᠤ ᠲᠠᠯ᠎ᠠ ᠪᠠᠷ ᠨᠠᠶᠢᠳᠠᠪᠤᠷᠢᠵᠢᠭᠤᠯᠤᠯᠳᠠ ᠶᠢ ᠠᠳᠬᠤᠵᠦ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠬᠦᠴᠦᠯᠡᠨ ᠴᠡᠭᠡᠷᠯᠡᠵᠤ᠂ ᠮᠠᠨ ᠤ ᠤᠷᠤᠨ ᠤ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠯᠠᠪᠳᠠᠭᠤᠨ ᠪᠠᠳᠤᠳᠠᠢ ᠦᠷ᠎ᠠ ᠪᠦᠲᠦᠮᠵᠢ ᠤᠯᠬᠤ ᠶᠢ ᠠᠬᠢᠭᠤᠯᠬᠤ ᠬᠡᠷᠡᠭᠳᠠᠢ ᠭᠡᠵᠤ ᠵᠢᠭᠠᠵᠤ ᠭᠠᠷᠭᠠᠪᠠ᠃
      ᠬᠤᠷᠠᠯ ᠳᠡᠭᠡᠷ᠎ᠠ᠂ ᠬᠤᠷᠠᠯ ᠳᠤ ᠤᠷᠤᠯᠴᠠᠭᠰᠠᠨ ᠨᠦᠭᠦᠳ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠤᠨ ᠲᠤᠬᠠᠢ ᠳᠠᠯᠳᠠᠭᠤᠷ ᠪᠠᠶᠢᠴᠠᠭᠠᠭᠰᠠᠨ ︽ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ︿ᠮᠠᠭᠤᠳᠠᠵᠤ ᠪᠤᠯᠬᠤ ᠦᠭᠡᠢ﹀︾ ᠭᠡᠬᠦ ᠹᠢᠯᠢᠮ ᠢ ᠦᠵᠡᠪᠡ᠃ ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠵᠠᠰᠠᠬ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠲᠢᠩᠭᠢᠮ ᠤᠨ ᠬᠠᠷᠢᠭᠤᠴᠠᠯᠭᠠᠳᠠᠨ ᠨᠦᠭᠦᠳ ᠦᠭᠡ ᠬᠡᠯᠡᠪᠡ᠃
      ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠠ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶᠎ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ