2 ᠰᠠᠷ᠎ᠠ ᠶᠢᠨ 19 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠳᠤᠭᠤᠢᠢᠯᠠᠩ 2021ᠣᠨ ᠤ | ᠬᠤᠶᠠᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠬᠢᠵᠥ᠂ ᠳᠦᠪ ᠤᠨ ᠳᠤᠭᠤᠷᠢᠨ ᠪᠠᠶᠢᠴᠠᠭᠠᠯᠳᠠ ᠶᠢᠨ ᠬᠠᠷᠢᠭᠤ ᠳᠤᠰᠬᠠᠬᠰᠠᠨ ᠰᠠᠨᠠᠯ ᠢᠶᠠᠷ ᠴᠡᠭᠴᠡᠯᠡᠨ | ᠰᠠᠶᠢᠵᠢᠷᠠᠭᠤᠯᠵᠥ ᠨᠠᠶᠢᠳᠠᠪᠤᠷᠢᠵᠢᠭᠤᠯᠬᠤ ᠶᠢᠨ ᠳᠤᠭᠤᠷᠢᠨ ᠳᠤ ᠳᠤᠭᠤᠷᠢᠨ ᠪᠠᠶᠢᠴᠠᠭᠠᠵᠥ ᠴᠡᠭᠴᠡᠯᠡᠨ ᠰᠠᠶᠢᠵᠢᠷᠠᠭᠤᠯᠬᠤ ᠰᠡᠳᠬᠢᠴᠡ ᠪᠠ ᠠᠷᠭ᠎ᠠ ᠬᠡᠮᠵᠢᠶ᠎ᠠ ᠶᠢ ᠰᠤᠳᠤᠯᠤᠨ | ᠶᠠᠷᠢᠯᠴᠠᠵᠥ ᠰᠠᠨᠠᠯ ᠢᠶᠠᠨ ᠰᠤᠯᠢᠯᠴᠠᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠠᠮᠳᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠦᠬᠡᠳ ᠶᠠᠷᠢᠶ᠎ᠠ ᠳᠠᠯᠪᠢᠵᠠᠢ᠃ | ᠬᠤᠷᠠᠯ ᠠᠴᠠ ᠡᠮᠤᠨ᠎ᠡ᠂ ᠤᠨᠤᠯ ᠰᠤᠷᠤᠯᠴᠠᠬᠤ ᠭᠤᠤᠯ ᠳᠤᠭᠤᠢᠢᠯᠠᠩ ᠤᠨ ᠪᠦᠷᠢᠯᠳᠦᠬᠦᠨ ᠨᠡᠷ ᠨᠠᠷᠢᠨ ᠬᠢᠨᠠᠮᠠᠭᠠᠢ ᠦᠪᠡᠷ ᠤᠨ ᠰᠤᠷᠤᠯᠴᠠᠯᠭ᠎ᠠ ᠬᠢᠵᠠᠢ᠃ | ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠳᠡᠬᠡᠷ᠎ᠡ᠂ ᠪᠠᠶᠢᠩᠭᠤ ᠶᠢᠨ ᠬᠡᠰᠢᠬᠦᠨ ᠨᠦᠬᠦᠳ ᠰᠤᠷᠤᠯᠴᠠᠯᠭ᠎ᠠ ᠶᠢᠨ ᠭᠤᠤᠯ ᠰᠡᠳᠦᠪ ᠤᠨ ᠳᠤᠭᠤᠷᠢᠨ ᠳᠤ ᠦᠬᠡ ᠬᠡᠯᠡᠵᠥ᠂ | ᠦᠵᠡᠯ ᠰᠠᠨᠠᠭ᠎ᠠ ᠳᠠᠨᠢᠯᠳᠠ ᠪᠤᠯᠤᠨ ᠨᠠᠮᠴᠢ ᠴᠢᠨᠠᠷ ᠤᠨ ᠵᠠᠳᠠᠯᠤᠯᠳᠠ ᠪᠠᠶᠢᠬᠤ ᠪᠦᠬᠡᠳ ᠴᠢᠷᠮᠠᠶᠢᠬᠤ ᠴᠢᠭᠯᠡᠯ ᠪᠤᠯᠤᠨ ᠠᠵᠢᠯ ᠤᠨ ᠠᠷᠭ᠎ᠠ ᠬᠡᠮᠵᠢᠶ᠎ᠡ ᠲᠠᠢ ᠪᠠᠶᠢᠵᠥ᠂ ᠤᠯᠤᠰ | ᠳᠦᠷᠦ ᠶᠢᠨ ᠳᠠᠯ᠎ᠠ ᠪᠠᠷ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠡᠷᠭᠢᠴᠡᠭᠦᠯᠤᠨ ᠪᠤᠳᠤᠬᠤ᠂ ᠰᠠᠨᠠᠭᠠᠴᠢᠯᠠᠭ᠎ᠠ ᠠᠴᠠ ᠪᠠᠨ ᠡᠬᠦᠷᠬᠡ ᠬᠠᠷᠢᠭᠤᠴᠠᠯᠭ᠎ᠠ ᠡᠭᠦᠷᠭᠡᠯᠡᠬᠦ᠂ | ᠰᠠᠨᠠᠭᠠᠴᠢᠯᠠᠭ᠎ᠠ ᠠᠴᠠ ᠪᠠᠨ ᠴᠡᠭᠴᠡᠯᠡᠨ ᠰᠠᠶᠢᠵᠢᠷᠠᠭᠤᠯᠬᠤ ᠪᠠᠳᠤ ᠴᠢᠩᠭ᠎ᠠ ᠤᠬᠠᠮᠰᠠᠷ ᠪᠤᠯᠤᠨ ᠢᠯᠡ ᠳᠤᠳᠤ ᠤᠪᠤᠷ ᠢ ᠢᠯᠡᠷᠡᠬᠦᠯᠵᠥ᠂ ᠦᠪᠡᠷᠳᠡᠬᠡᠨ ᠵᠠᠰᠠᠬᠤ ᠤᠷᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠬ ᠤᠨ 2020 ᠣᠨ ᠤ ᠠᠷᠠᠳᠴᠢᠯᠡᠯ ᠤᠨ ᠠᠮᠢᠳᠤᠷᠠᠯ ᠤᠨ ᠬᠤᠷᠠᠯ ᠵᠢᠴᠢ ᠳᠤᠭᠤᠷᠢᠨ | ᠪᠠᠶᠢᠴᠠᠭᠠᠵᠥ ᠴᠡᠭᠴᠡᠯᠡᠨ ᠰᠠᠶᠢᠵᠢᠷᠠᠭᠤᠯᠬᠤ ᠭᠤᠤᠯ ᠰᠡᠳᠦᠪᠳᠤ ᠠᠷᠠᠳᠴᠢᠯᠡᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠬᠤ ᠳᠤ ᠦᠵᠡᠯ ᠰᠠᠨᠠᠭᠠᠨ ᠤ ᠰᠠᠭᠤᠷᠢ ᠶᠢ | ᠪᠠᠳᠤ ᠳᠠᠯᠪᠢᠵᠥ ᠦᠭᠴᠡᠢ᠃ | ᠱᠢ ᠲᠠᠢ ᠹᠧᠩ᠂ ᠲᠤᠭᠤᠷᠢᠨ ᠪᠠᠶᠢᠴᠠᠭᠠᠯᠳᠠ ᠪᠤᠯ ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠳᠠ ᠪᠤᠯᠤᠨ᠎ᠠ᠂ ᠴᠡᠭᠴᠡᠯᠡᠨ ᠰᠠᠶᠢᠵᠢᠷᠠᠭᠤᠯᠬᠤ ᠪᠤᠯ ᠤᠯᠤᠰ | ᠲᠦᠷᠦ ᠶᠢᠨ ᠡᠭᠦᠷᠭᠡ ᠪᠤᠯᠤᠨ᠎ᠠ᠂ ᠲᠤᠭᠤᠷᠢᠨ ᠪᠠᠶᠢᠴᠠᠭᠠᠯᠳᠠ ᠶᠢᠨ ᠦᠷ᠎ᠠ ᠪᠦᠲᠦᠭᠡᠯ ᠢ ᠰᠠᠶᠢᠳᠤᠷ ᠠᠰᠢᠬᠯᠠᠨ᠂ ᠴᠡᠭᠴᠡᠯᠡᠨ ᠰᠠᠶᠢᠵᠢᠷᠠᠭᠤᠯᠬᠤ ᠶᠢ ᠨᠢᠭᠡᠳᠦᠯᠳᠠᠢ | ᠲᠦᠯᠦᠪᠵᠢᠭᠦᠯᠦᠨ ᠰᠠᠶᠢᠳᠤᠷ ᠠᠳᠬᠤᠬᠤ ᠳᠤ᠂ ᠡᠷᠬᠡᠪᠰᠢ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠨ᠂ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠤᠨ | ᠮᠦᠨ ᠴᠢᠨᠠᠷ ᠢ ᠳᠤᠳᠤᠷᠬᠠᠢ ᠲᠠᠨᠢᠵᠤ᠂ ᠠᠰᠠᠭᠤᠳᠠᠯ ᠤᠨ ᠵᠠᠩᠭᠢᠯᠠᠭ᠎ᠠ ᠶᠢ ᠠᠳᠬᠤᠬᠤ ᠬᠡᠷᠡᠭᠳᠠᠢ᠃ ᠮᠤᠵᠢ ᠶᠢᠨ ᠱᠠᠳᠤᠨ ᠤ ᠤᠳᠤᠷᠢᠳᠬᠤ ᠨᠦᠭᠦᠳ ᠪᠦᠬᠦ ᠤᠷᠤᠨ ᠤ | ᠨᠠᠮ ᠤᠨ ᠭᠡᠰᠢᠭᠦᠨ ᠺᠠᠳ᠋ᠷ ᠤᠨ ︽ᠵᠠᠩᠭᠢᠯᠠᠭ᠎ᠠ ᠶᠢᠨ ᠴᠦᠬᠡᠨ ᠲᠤᠭᠠᠳᠠᠨ︾ ᠤ ᠳᠤᠳᠤᠷᠠᠬᠢ ︽ᠵᠠᠩᠭᠢᠯᠠᠭ᠎ᠠ ᠶᠢᠨ ᠴᠦᠬᠡᠨ ᠲᠤᠭᠠᠳᠠᠨ︾ ᠪᠤᠯᠤᠭᠰᠠᠨ ᠤ ᠬᠤᠪᠢ ᠳᠤ | ᠤᠯᠤᠰ ᠲᠦᠷᠦ ᠶᠢᠨ ᠤᠬᠠᠮᠰᠠᠷ ᠪᠤᠯᠤᠨ ᠤᠯᠤᠰ ᠲᠦᠷᠦ ᠶᠢᠨ ᠰᠠᠨᠠᠭᠠᠴᠢᠯᠠᠭᠠᠳᠤ ᠴᠢᠨᠠᠷ ᠢᠶᠠᠨ ᠨᠡᠩ ᠴᠢᠩᠭᠠᠳᠬᠠᠵᠤ᠂ ᠤᠯᠤᠰ ᠲᠦᠷᠦ ᠶᠢᠨ ᠵᠤᠭᠰᠤᠴᠠ ᠪᠤᠯᠤᠨ | ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠤ᠂ ︽ᠬᠤᠶᠠᠷ ᠢ ᠬᠠᠮᠠᠭᠠᠯᠠᠬᠤ︾ ᠦᠨᠳᠦᠷᠴᠡ ᠠᠴᠠ ᠤᠷᠤᠰᠢᠵᠤ ᠪᠠᠶᠢᠭ᠎ᠠ ᠠᠰᠠᠭᠤᠳᠠᠯ ᠪᠤᠯᠤᠨ ᠬᠦᠷᠦᠯᠴᠡᠬᠦ | ᠦᠭᠡᠢ ᠲᠠᠯ᠎ᠠ ᠪᠠᠨ ᠳᠠᠬᠢᠨᠳᠠ ᠪᠠᠶᠢᠴᠠᠭᠠᠨ ᠦᠵᠡᠵᠦ᠂ ᠳᠠᠬᠢᠨᠳᠠ ᠡᠷᠭᠢᠴᠡᠭᠦᠯᠤᠨ ᠪᠤᠳᠤᠵᠦ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ︽ᠳᠦᠷᠪᠡᠨ | ᠤᠬᠠᠮᠰᠠᠷ︾ ᠢ ᠰᠢᠯᠭᠠᠨ ᠪᠠᠶᠢᠴᠠᠭᠠᠬᠤ ︽ᠰᠢᠯᠭᠠᠭᠤᠷ︾ ᠪᠤᠯᠭᠠᠵᠤ ᠳᠠᠬᠢᠨᠳᠠ ᠬᠦᠴᠦ ᠨᠡᠮᠡᠵᠤ᠂ ᠳᠠᠬᠢᠨᠳᠠ ᠳᠠᠷᠤᠯᠳᠠ ᠨᠡᠮᠡᠵᠤ᠂ ᠲᠤᠰᠢᠶᠠᠯ ᠬᠠᠷᠢᠭᠤᠴᠠᠯᠭ᠎ᠠ ᠶᠢᠨ | ᠪᠠᠶᠢᠷᠢ ᠲᠤᠭᠳᠠᠭᠠᠯᠳᠠ ᠶᠢ ᠤᠯᠠᠮ ᠴᠢᠨᠠᠭᠰᠢᠳᠠ ᠳᠤᠳᠤᠷᠬᠠᠢᠢᠯᠠᠨ᠂ ᠤᠯᠤᠰ ᠲᠦᠷᠦ ᠶᠢᠨ ᠡᠭᠦᠷᠭᠡᠯᠡᠯ ᠢ ᠤᠯᠠᠮ ᠴᠢᠨᠠᠭᠰᠢᠳᠠ ᠴᠢᠩᠭᠠᠷᠠᠭᠤᠯᠤᠨ᠂ ᠤᠯᠤᠰ ᠲᠦᠷᠦ ᠶᠢ | ᠡᠷᠬᠢᠮᠯᠡᠬᠦ ᠱᠠᠭᠠᠷᠳᠠᠯᠭ᠎ᠠ ᠶᠢ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠡᠯ᠎ᠠ ᠵᠦᠢᠯ ᠤᠨ ᠠᠵᠢᠯ ᠳᠠᠭᠠᠨ ᠨᠠᠶᠢᠳᠠᠪᠤᠷᠢᠵᠢᠭᠤᠯᠬᠤ ᠬᠡᠷᠡᠭᠳᠠᠢ ᠭᠡᠵᠤ | ᠵᠢᠭᠠᠵᠤ ᠭᠠᠷᠭᠠᠪᠠ᠃ | ᠱᠢ ᠲᠠᠢ ᠹᠧᠩ᠂ ᠲᠤᠭᠤᠷᠢᠨ ᠪᠠᠶᠢᠴᠠᠭᠠᠯᠳᠠ ᠶᠢᠨ ᠦᠷ᠎ᠠ ᠪᠦᠲᠦᠭᠡᠯ ᠢ ᠰᠠᠶᠢᠳᠤᠷ ᠠᠰᠢᠬᠯᠠᠨ᠂ ᠴᠡᠭᠴᠡᠯᠡᠨ ᠰᠠᠶᠢᠵᠢᠷᠠᠭᠤᠯᠬᠤ ᠶᠢ ᠨᠢᠭᠡᠳᠦᠯᠳᠠᠢ | ᠲᠦᠯᠦᠪᠵᠢᠭᠦᠯᠦᠨ ᠰᠠᠶᠢᠳᠤᠷ ᠠᠳᠬᠤᠬᠤ ᠳᠤ᠂ ᠡᠷᠬᠡᠪᠰᠢ ᠦᠵᠡᠯ ᠰᠠᠨᠠᠭᠠᠨ ᠤ ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭᠠᠨ ᠤ ᠲᠠᠯ᠎ᠠ ᠠᠴᠠ ᠤᠷᠤᠰᠢᠵᠤ | ᠪᠠᠶᠢᠭ᠎ᠠ ᠠᠰᠠᠭᠤᠳᠠᠯ ᠢᠶᠠᠨ ᠪᠠᠶᠢᠴᠠᠭᠠᠨ ᠦᠵᠡᠵᠦ᠂ ᠳᠤᠳᠠᠭᠤᠳᠠᠯ ᠪᠠ ᠪᠠᠭᠤᠷᠠᠢ ᠲᠠᠯ᠎ᠠ ᠪᠠᠨ ᠨᠦᠬᠦᠪᠦᠷᠢᠯᠡᠨ᠂ ᠵᠦᠪ ᠦᠵᠡᠯ ᠰᠠᠨᠠᠭᠠᠨ ᠤ ᠠᠷᠭ᠎ᠠ ᠪᠤᠯᠤᠨ ᠳᠡᠭᠡᠳᠤ | ᠬᠡᠮᠵᠢᠶᠠᠨ ᠤ ᠦᠵᠡᠯ ᠰᠠᠨᠠᠭᠠᠨ ᠤ ᠤᠬᠠᠮᠰᠠᠷ ᠢᠶᠠᠷ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠶᠢ ᠠᠬᠢᠭᠤᠯᠬᠤ ᠬᠡᠷᠡᠭᠳᠠᠢ᠃ ᠮᠤᠵᠢ ᠶᠢᠨ ᠱᠠᠲᠤᠨ ᠤ | ᠤᠲᠤᠷᠢᠳᠬᠤ ᠨᠦᠬᠦᠳ ᠦᠵᠡᠯ ᠰᠠᠨᠠᠭᠠᠠ ᠤ ᠡᠷᠴᠢᠯᠡᠭᠦᠷ ᠢᠶᠠᠨ ᠴᠢᠩᠭᠠᠯᠠᠵᠦ᠂ ᠦᠵᠡᠯ ᠰᠠᠨᠠᠭᠠᠠ ᠤ ᠵᠠᠯᠠᠭᠤᠷ ᠢᠶᠠᠨ ᠵᠦᠪ ᠪᠤᠯᠭᠠᠵᠦ᠂ ᠦᠵᠡᠯ ᠰᠠᠨᠠᠭ᠎ᠠ ᠦᠭᠡ ᠶᠠᠷᠢᠶ᠎ᠠ | ᠦᠢᠯᠡ ᠠᠵᠢᠯᠯᠠᠭ᠎ᠠ ᠪᠠᠨ ᠲᠦᠷᠦᠭᠦᠯᠡᠨ ᠪᠠᠶᠢᠴᠠᠭᠠᠠ ᠦᠵᠡᠵᠦ᠂ ᠤᠨᠤᠯ ᠤᠨ ᠵᠡᠪᠰᠡᠭᠯᠡᠯ ᠢᠶᠠᠨ ᠲᠦᠷᠦᠭᠦᠯᠡᠨ ᠬᠦᠨᠵᠡᠭᠡᠶᠢᠷᠡᠭᠦᠯᠵᠦ᠂ ᠠᠯᠳᠠᠰᠢ ᠪᠤᠷᠤᠭᠤ ᠪᠠᠨ | ᠲᠦᠷᠦᠭᠦᠯᠡᠨ ᠵᠠᠯᠠᠷᠠᠭᠤᠯᠵᠦ᠂ ᠢᠮᠠᠭᠲᠠ ᠨᠠᠮ ᠤᠨ ᠲᠦᠪ ᠬᠤᠷᠢᠶᠠᠠ ᠤ ᠵᠢᠭᠠᠭᠰᠠᠠ ᠤᠯᠤᠰ ᠲᠦᠷᠦ ᠶᠢᠨ ᠴᠢᠭᠯᠡᠯ᠂ ᠲᠤᠭᠲᠠᠭᠠᠭᠰᠠᠠ ᠤᠷᠤᠭᠰᠢᠯᠠᠯᠲᠠ ᠶᠢᠨ | ᠱᠤᠭᠤᠮ ᠢᠶᠠᠷ ᠠᠵᠢᠯ ᠢᠶᠠᠨ ᠦᠷᠨᠢᠭᠦᠯᠤᠨ᠂ ᠦᠵᠡᠯ ᠰᠠᠨᠠᠭᠠᠠ ᠤ ᠲᠠᠯ᠎ᠠ ᠪᠠᠷ ᠤᠯᠤᠰ ᠲᠦᠷᠦ ᠶᠢᠨ ᠲᠠᠯ᠎ᠠ ᠪᠠᠷ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ | ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠲᠠᠢ ᠲᠡᠭᠡᠲᠦ ᠬᠡᠮᠵᠢᠶ᠎ᠠ ᠪᠠᠷ ᠨᠢᠭᠡᠲᠦᠯᠲᠠᠢ ᠪᠠᠶᠢᠵᠦ᠂ ᠪᠦᠬᠦ ᠤᠷᠤᠨ ᠤ ᠡᠯ᠎ᠠ ᠱᠠᠲᠤᠨ ᠤ ᠨᠠᠮ ᠤᠨ | ᠵᠤᠬᠢᠶᠠᠠ ᠪᠠᠶᠢᠭᠤᠯᠤᠯᠲᠠ ᠪᠤᠯᠤᠨ ᠨᠠᠮ ᠤᠨ ᠭᠡᠰᠢᠭᠦᠨ ᠺᠠᠳ᠋ᠷ ᠲᠤ ᠦᠯᠢᠭᠡᠷ ᠵᠢᠱᠢᠶ᠎ᠠ ᠪᠤᠯᠬᠤ ᠭᠡᠷᠡᠭᠲᠡᠢ᠃ ᠨᠠᠮ ᠤᠨ ᠰᠢᠨ᠎ᠠ ᠶᠢ ᠡᠭᠦᠳᠬᠦ ᠤᠨᠤᠯ ᠤᠨ ᠲᠤᠬᠠᠢ ᠡᠩ | ᠲᠡᠷᠢᠭᠦᠨ ᠳᠤ ᠤᠯᠤᠰ ᠲᠦᠷᠦ ᠶᠢᠨ ᠲᠠᠯ᠎ᠠ ᠪᠠᠷ ᠤᠢᠢᠯᠠᠭᠠᠠ ᠡᠵᠡᠮᠰᠢᠵᠦ᠂ ᠵᠦᠪ ᠴᠢᠭᠯᠡᠯ ᠢ ᠵᠦᠪ ᠡᠵᠡᠮᠲᠡᠨ᠂ ᠵᠤᠷᠢᠬ ᠰᠠᠨᠠᠭᠠᠠ ᠤ ᠮᠦᠨ ᠴᠢᠨᠠᠷ ᠢ ᠲᠤᠭᠤᠷᠠᠳᠠᠯ᠎ᠠ | ᠤᠢᠢᠯᠠᠭᠠᠵᠦ᠂ ᠦᠢᠯᠡᠲᠦᠯᠭᠡ ᠶᠢᠨ ᠱᠠᠭᠠᠷᠲᠠᠯᠭ᠎ᠠ ᠶᠢ ᠲᠤᠲᠤᠷᠬᠠᠢ ᠤᠢᠢᠯᠠᠭᠠᠵᠦ᠂ ᠲᠤᠭᠤᠰᠢᠯᠠᠭᠤᠯᠤᠨ ᠭᠡᠷᠡᠭᠵᠢᠭᠦᠯᠬᠦ ᠳᠡᠭᠡᠨ ᠠᠯᠳᠠᠰᠢ ᠭᠠᠷᠭᠠᠵᠦ ᠬᠤᠪᠢᠷᠠᠭᠤᠯᠤᠨ | ᠦᠭᠡᠷᠡᠲᠡᠭᠦᠯᠵᠦ ᠲᠡᠷᠡᠴᠢᠯᠡᠡ ᠬᠡᠲᠦᠷᠡᠭᠦᠯᠵᠦ ᠪᠤᠷᠤᠭᠤ ᠭᠠᠷᠭᠠᠬᠤ ᠶᠢ ᠡᠷᠡᠰ ᠰᠡᠷᠭᠡᠶᠢᠯᠡᠬᠦ ᠭᠡᠷᠡᠭᠲᠡᠢ ᠭᠡᠵᠥ ᠴᠢᠬᠤᠯᠠᠴᠢᠯᠠᠪᠠ᠃ | ᠱᠢ ᠲᠠᠢ ᠹᠧᠩ᠂ ᠲᠤᠭᠤᠷᠢᠨ ᠪᠠᠶᠢᠴᠠᠭᠠᠭᠰᠠᠠ ᠦᠷ᠎ᠡ ᠪᠦᠳᠦᠬᠡᠯ ᠢ ᠰᠠᠶᠢᠲᠤᠷ ᠠᠰᠢᠬᠯᠠᠵᠦ᠂ ᠴᠡᠭᠴᠡᠯᠡᠡ ᠰᠠᠶᠢᠵᠢᠷᠠᠭᠤᠯᠬᠤ ᠶᠢ ᠨᠢᠬᠡᠳᠦᠯᠳᠡᠢ ᠳᠦᠯᠦᠪᠵᠢᠬᠦᠯᠦᠨ | ᠰᠠᠶᠢᠳᠤᠷ ᠠᠳᠬᠤᠬᠤ ᠳᠤ᠂ ᠡᠷᠭᠡᠪᠰᠢ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠦ᠂ ᠠᠵᠢᠯᠯᠠᠭ᠎ᠠ ᠶᠢᠨ ᠲᠠᠯ᠎ᠠ ᠠᠴᠠ ᠴᠢᠩᠭ᠎ᠠ ᠪᠦᠭᠡᠳ ᠪᠤᠲᠠᠲᠠᠢ ᠠᠳᠬᠤᠵᠦ᠂ | ᠴᠡᠭᠴᠡᠯᠡᠡ ᠰᠠᠶᠢᠵᠢᠷᠠᠭᠤᠯᠵᠦ ᠨᠠᠶᠢᠲᠠᠪᠤᠷᠢᠵᠢᠭᠤᠯᠬᠤ ᠠᠵᠢᠯ ᠢ ᠰᠠᠶᠢᠳᠤᠷ ᠠᠳᠬᠤᠬᠤ ᠭᠡᠷᠡᠭᠲᠡᠢ᠃ ᠮᠤᠵᠢ ᠶᠢᠨ ᠱᠠᠲᠤᠨ ᠤ ᠤᠲᠤᠷᠢᠳᠬᠤ ᠨᠦᠬᠦᠳ ᠲᠡᠷᠡᠴᠢᠯᠡᠡ | ᠨᠠᠮ ᠤᠨ ᠬᠤᠷᠢᠶᠠᠠ ᠤ ᠪᠠᠶᠢᠩᠭᠤ ᠶᠢᠨ ᠭᠡᠰᠢᠭᠦᠠ ᠨᠦᠬᠦᠳ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠠ ᠠᠰᠠᠭᠤᠲᠠᠯ ᠳᠤ ᠡᠷᠭᠡᠪᠰᠢ ᠤᠬᠠᠮᠰᠠᠷ ᠠᠴᠠ ᠪᠠᠨ | ᠬᠠᠷᠢᠭᠤᠴᠠᠯᠭ᠎ᠠ ᠡᠬᠦᠷᠭᠡᠯᠡᠬᠦ ᠪᠦᠭᠡᠳ ᠤᠯᠠᠠ ᠲᠠᠢ ᠬᠠᠮᠲᠤ ᠪᠠᠷ ᠠᠰᠠᠭᠤᠲᠠᠯ ᠢ ᠰᠢᠢᠳᠪᠦᠷᠢᠯᠡᠵᠦ᠂ ᠴᠡᠭᠴᠡᠯᠡᠡ ᠰᠠᠶᠢᠵᠢᠷᠠᠭᠤᠯᠬᠤ ᠬᠠᠷᠢᠭᠤᠴᠠᠯᠭ᠎ᠠ ᠶᠢ ︽ᠪᠤᠲᠠᠲᠠᠢ | ᠨᠠᠶᠢᠳᠠᠪᠤᠷᠢᠵᠢᠭᠤᠯᠬᠤ︾ ᠪᠠᠷ ᠡᠯ᠎ᠠ ᠲᠠᠯ᠎ᠠ ᠶᠢᠨ ᠠᠵᠢᠯ ᠤᠨ ︽ᠪᠤᠲᠠᠲᠠᠢ ᠨᠠᠶᠢᠳᠠᠪᠤᠷᠢᠵᠢᠭᠤᠯᠤᠯᠳᠠ︾ ᠶᠢ ᠬᠦᠲᠦᠯᠦᠨ ᠲᠠᠭᠠᠭᠤᠯᠬᠤ ᠭᠡᠷᠡᠭᠲᠡᠢ᠃ ᠬᠡᠯᠡᠪᠡᠯ ᠬᠢᠬᠦ | ᠤᠪᠤᠷ ᠢᠶᠠᠷ᠂ ᠰᠠᠶᠢᠳᠤᠷ ᠬᠢᠵᠦ ᠰᠠᠶᠢᠨ ᠪᠦᠲᠦᠮᠵᠢ ᠤᠯᠬᠤ ᠵᠤᠷᠢᠭ ᠰᠠᠨᠠᠭ᠎ᠠ ᠪᠠᠷ᠂ ᠨᠠᠶᠢᠲᠠᠪᠤᠷᠢᠵᠢᠭᠤᠯᠤᠯᠲᠠ ᠶᠢ ᠶᠡᠭᠡ ᠪᠠᠷ ᠠᠳᠬᠤᠵᠦ᠂ ᠨᠠᠶᠢᠲᠠᠪᠤᠷᠢᠵᠢᠭᠤᠯᠤᠯᠲᠠ ᠶᠢ | ᠦᠨᠡᠡ ᠬᠦ ᠠᠳᠬᠤᠵᠦ᠂ ᠨᠠᠶᠢᠲᠠᠪᠤᠷᠢᠵᠢᠭᠤᠯᠤᠯᠲᠠ ᠶᠢ ᠬᠦᠴᠤᠲᠠᠢ ᠠᠳᠬᠤᠵᠦ᠂ ᠴᠡᠭᠴᠡᠯᠡᠡ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠬᠦᠷᠭᠡᠯᠡᠡ᠂ ᠴᠡᠭᠴᠡᠯᠡᠡ | ᠰᠠᠶᠢᠵᠢᠷᠠᠭᠤᠯᠬᠤ ᠠᠷᠭ᠎ᠠ ᠬᠡᠮᠵᠢᠶ᠎ᠠ ᠶᠢ ᠪᠤᠲᠠᠲᠠᠢ ᠨᠠᠶᠢᠲᠠᠪᠤᠷᠢᠵᠢᠭᠤᠯᠤᠨ᠂ ᠴᠡᠭᠴᠡᠯᠡᠡ ᠰᠠᠶᠢᠵᠢᠷᠠᠭᠤᠯᠬᠤ ᠦᠷ᠎ᠡ ᠪᠦᠲᠦᠮᠵᠢ ᠶᠢ ᠦᠨᠠᠠ ᠬᠦ ᠠᠳᠬᠤᠵᠦ᠂ ᠡᠯ᠎ᠠ | ᠵᠦᠢᠯ ᠤᠨ ᠴᠡᠭᠴᠡᠯᠡᠡ ᠰᠠᠶᠢᠵᠢᠷᠠᠭᠤᠯᠬᠤ ᠡᠬᠦᠷᠭᠡ ᠶᠢ ᠪᠤᠲᠠᠲᠠᠢ ᠨᠠᠶᠢᠲᠠᠪᠤᠷᠢᠵᠢᠭᠤᠯᠵᠦ᠂ ᠪᠤᠲᠠᠲᠤ ᠠᠮᠵᠢᠯᠲᠠ ᠤᠯᠬᠤ ᠭᠡᠷᠡᠭᠲᠡᠢ ᠭᠡᠵᠦ ᠴᠢᠬᠤᠯᠠᠴᠢᠯᠠᠪᠠ᠃ |