2 ᠰᠠᠷ᠎ᠠ ᠶᠢᠨ 19 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠦᠪ ᠤᠨ ᠳᠤᠭᠤᠷᠢᠨ ᠪᠠᠶᠢᠴᠠᠭᠠᠯᠳᠠ ᠶᠢᠨ ᠬᠠᠷᠢᠭᠤ ᠳᠤᠰᠬᠠᠬᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠥ | ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠢᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠥ᠂ ᠶᠡᠷᠦᠩᠬᠡᠢ ᠱᠦᠵᠢ ᠰᠢ ᠶᠢᠨ ᠫᠢᠩ ᠤᠨ ᠳᠦᠪ ᠤᠨ | ᠤᠯᠤᠰ ᠳᠦᠷᠦ ᠶᠢᠨ ᠳᠤᠪᠴᠢᠶᠠᠨ ᠤ ᠬᠤᠷᠢᠨ ᠳᠤᠯᠤᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠳᠡᠬᠡᠷᠡᠬᠢ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ | ᠰᠤᠷᠤᠯᠴᠠᠨ ᠳᠤᠭᠤᠰᠢᠯᠠᠭᠤᠯᠵᠥ᠂ ᠳᠦᠪ ᠤᠨ ᠳᠤᠭᠤᠷᠢᠨ ᠪᠠᠶᠢᠴᠠᠭᠠᠯᠳᠠ ᠶᠢᠨ ᠬᠠᠷᠢᠭᠤ ᠳᠤᠰᠬᠠᠬᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠤᠨ | ᠪᠠᠶᠢᠷᠢᠯᠠᠭᠤᠯᠵᠥ᠂ ᠦᠪᠡᠷᠳᠡᠬᠡᠨ ᠵᠠᠰᠠᠬᠤ ᠤᠷᠤᠨ ᠤ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠷᠢᠶ᠎ᠠ᠂ ᠡᠮᠡᠭᠳᠡᠶᠢᠴᠤᠳ ᠤᠨ ᠬᠤᠯᠪᠤᠭ᠎ᠠ᠂ ᠰᠢᠨᠵᠢᠯᠡᠬᠦ | ᠤᠬᠠᠭᠠᠨ ᠲᠧᠭᠨᠢᠭ ᠮᠡᠷᠬᠡᠵᠢᠯ ᠤᠨ ᠨᠡᠶᠢᠬᠡᠮᠯᠢᠭ ᠤᠨ ᠠᠵᠢᠯ ᠤᠨ ᠬᠠᠷᠢᠭᠤ ᠮᠡᠳᠡᠬᠦᠯᠦᠯᠳᠡ ᠶᠢ ᠰᠤᠨᠤᠰᠪᠠ᠃ | ᠬᠤᠷᠠᠯ ᠠᠴᠠ᠂ ᠰᠢᠨ᠎ᠡ ᠬᠦᠭᠵᠢᠯᠳᠡ ᠶᠢᠨ ᠦᠢᠯᠠᠭᠠᠬᠳᠠᠬᠤᠨ ᠨᠢ ᠮᠠᠨ ᠤ ᠤᠯᠤᠰ ᠤᠨ ᠤᠳᠤᠬᠢᠴᠢᠯᠠᠯᠳᠠ ᠶᠢᠨ ᠪᠦᠳᠦᠬᠡᠨ ᠪᠠᠶᠢᠭᠤᠯᠤᠯᠳᠠ ᠳᠤ ᠪᠠᠶᠢᠯᠳᠤᠬᠤ | ᠪᠤᠳᠤᠯᠭ᠎ᠠ ᠶᠢᠨ ᠴᠢᠨᠠᠷᠳᠠᠢ᠂ ᠬᠦᠳᠦᠯᠪᠦᠷᠢ ᠶᠢᠨ ᠴᠢᠨᠠᠷᠳᠠᠢ᠂ ᠬᠦᠳᠦᠯᠤᠨ ᠲᠠᠭᠠᠭᠤᠯᠬᠤ ᠴᠢᠨᠠᠷᠳᠠᠢ ᠦᠢᠯᠡᠳᠦᠯ ᠦᠵᠡᠬᠦᠯᠵᠥ ᠪᠠᠶᠢᠨ᠎ᠠ᠂ ᠡᠯ᠎ᠡ ᠱᠠᠳᠤ ᠡᠯ᠎ᠡ ᠰᠠᠯᠠᠭ᠎ᠠ | ᠮᠦᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠦᠢᠯᠠᠭᠠᠵᠥ᠂ ᠰᠢᠨ᠎ᠡ | ᠬᠦᠭᠵᠢᠯᠳᠡ ᠶᠢᠨ ᠦᠢᠯᠠᠭᠠᠬᠳᠠᠬᠤᠨ ᠢ ᠪᠦᠷᠢᠨ ᠭᠦᠢᠴᠡᠳ ᠡᠵᠡᠮᠳᠡᠨ᠂ ᠤᠨᠤᠪᠴᠢᠳᠠᠢ ᠦᠢᠯᠠᠭᠠᠵᠥ᠂ ᠪᠦᠬᠦ ᠳᠠᠯ᠎ᠡ ᠪᠠᠷ ᠨᠠᠶᠢᠳᠠᠪᠤᠷᠢᠵᠢᠭᠤᠯᠬᠤ ᠬᠡᠷᠡᠭᠳᠡᠢ᠃ ᠰᠢᠨ᠎ᠡ ᠶᠢ | ᠡᠬᠦᠳᠬᠦ ᠬᠦᠭᠵᠢᠯᠳᠡ᠂ ᠵᠤᠬᠢᠴᠠᠩᠭᠤᠢ ᠬᠦᠭᠵᠢᠯᠳᠡ᠂ ᠪᠤᠬᠢᠷᠳᠤᠯ ᠦᠬᠡᠢ ᠬᠦᠭᠵᠢᠯᠳᠡ᠂ ᠨᠡᠬᠡᠬᠡᠯᠳᠡᠳᠤ ᠬᠦᠭᠵᠢᠯᠳᠡ᠂ ᠬᠠᠮᠳᠤ ᠪᠠᠷ ᠡᠳ᠋ᠯᠡᠬᠦ ᠬᠦᠭᠵᠢᠯᠳᠡ ᠶᠢ ᠤᠷᠭᠠᠨᠢᠬ | ᠪᠦᠬᠦᠯᠢ ᠴᠤᠬᠴᠠ ᠪᠤᠯᠭᠠᠬᠤ ᠶᠢ ᠪᠠᠷᠢᠮᠳᠠᠯᠠᠵᠥ᠂ ᠦᠵᠡᠯ ᠰᠠᠨᠠᠭ᠎ᠠ ᠪᠠᠨ ᠨᠢᠬᠡᠳᠬᠡᠨ᠂ ᠠᠵᠢᠯᠯᠠᠭ᠎ᠠ ᠪᠠᠨ ᠵᠤᠬᠢᠴᠠᠭᠤᠯᠵᠥ᠂ ᠪᠦᠬᠦ ᠳᠠᠯ᠎ᠠ ᠪᠠᠷ ᠠᠬᠢᠭᠤᠯᠬᠤ ᠬᠡᠷᠡᠭᠳᠠᠢ᠂ | ᠬᠦᠨᠳᠤ ᠬᠦᠩᠬᠡᠨ ᠢᠶᠠᠷ ᠨᠢ ᠢᠯᠭᠠᠨ ᠰᠤᠩᠭᠤᠯᠳᠠ ᠲᠠᠢ ᠪᠠᠷ ᠳᠤᠭᠤᠰᠢᠯᠠᠭᠤᠯᠵᠥ ᠪᠤᠯᠬᠤ ᠦᠬᠡᠢ᠂ ᠬᠡᠰᠡᠭ ᠲᠠᠯ᠎ᠠ ᠪᠠᠷ ᠪᠦᠬᠦ ᠳᠠᠯ᠎ᠡ ᠶᠢ ᠵᠢᠱᠢᠵᠥ ᠳᠤᠳᠠᠭᠤ ᠳᠤᠷᠭᠤᠨ | ᠨᠠᠶᠢᠳᠠᠪᠤᠷᠢᠵᠢᠭᠤᠯᠵᠥ ᠪᠤᠯᠬᠤ ᠦᠬᠡᠢ᠂ ᠰᠢᠨ᠎ᠡ ᠬᠦᠭᠵᠢᠯᠳᠡ ᠶᠢᠨ ᠦᠢᠯᠠᠭᠠᠬᠳᠠᠬᠤᠨ ᠢ ᠠᠵᠥ ᠠᠬᠤᠢ ᠨᠡᠶᠢᠬᠡᠮ ᠤᠨ ᠬᠦᠭᠵᠢᠯᠳᠡ ᠶᠢᠨ ᠪᠦᠬᠦ ᠶᠠᠪᠤᠴᠠ ᠪᠤᠯᠤᠨ ᠡᠯ᠎ᠡ | ᠬᠦᠷᠢᠶᠡᠨ ᠳᠤ ᠦᠨᠡᠨ ᠬᠦ ᠳᠤᠭᠤᠰᠢᠯᠠᠭᠤᠯᠬᠤ ᠬᠡᠷᠡᠭᠳᠡᠢ᠃ ᠤᠯᠤᠰ ᠤᠨ ᠬᠦᠭᠵᠢᠯᠳᠡ ᠶᠢᠨ ᠪᠦᠬᠦ ᠳᠠᠯ᠎ᠠ ᠠᠴᠠ ᠭᠠᠷᠳᠠᠵᠥ᠂ ᠦᠪᠦᠷ ᠮᠤᠩᠭᠤᠯ ᠤᠨ ᠪᠤᠳᠠᠳᠤ | ᠪᠠᠶᠢᠳᠠᠯ ᠲᠠᠢ ᠤᠶᠠᠯᠳᠤᠭᠤᠯᠤᠨ᠂ ᠳᠤᠰ ᠪᠡᠶ᠎ᠡ ᠶᠢᠨ ᠨᠦᠬᠦᠴᠡᠯ ᠪᠤᠯᠤᠨ ᠪᠤᠯᠤᠮᠵᠢ ᠪᠠᠨ ᠦᠨᠳᠦᠰᠦᠯᠡᠵᠥ ᠪᠠᠶᠢᠭᠠᠳ ᠰᠢᠨ᠎ᠡ ᠬᠦᠭᠵᠢᠯᠳᠡ ᠶᠢᠨ ᠦᠢᠯᠠᠭᠠᠬᠳᠠᠬᠤᠨ ᠢ ᠪᠦᠬᠦ | ᠳᠠᠯ᠎ᠠ ᠪᠠᠷ ᠳᠤᠭᠤᠰᠢᠯᠠᠭᠤᠯᠬᠤ ᠶᠢᠨ ᠵᠡᠷᠭᠡ ᠪᠠᠷ ᠳᠤᠳᠠᠭᠤᠳᠠᠯ ᠪᠠᠭᠤᠷᠠᠢ ᠳᠠᠯ᠎ᠠ ᠪᠠᠨ ᠠᠳᠬᠤᠨ ᠭᠤᠤᠯᠳᠠᠯᠭ᠎ᠠ ᠲᠠᠢ ᠪᠠᠷ ᠠᠬᠢᠭᠤᠯᠵᠥ᠂ ᠬᠦᠭᠵᠢᠯᠳᠡ ᠶᠢᠨ ᠳᠤᠮᠳᠠᠬᠢ | ᠳᠤᠪᠤᠶᠢᠮ᠎ᠠ ᠠᠰᠠᠭᠤᠳᠠᠯ ᠢ ᠨᠡᠩ ᠰᠠᠶᠢᠳᠤᠷ ᠰᠢᠢᠳᠪᠦᠷᠢᠯᠡᠬᠦ ᠬᠡᠷᠡᠭᠳᠡᠢ᠂ ᠪᠤᠳᠠᠳᠦ ᠪᠠᠶᠢᠳᠠᠯ ᠠᠴᠠ ᠠᠩᠭᠢᠵᠢᠷᠠᠨ ᠠᠯᠪᠠ ᠪᠠᠷ ᠬᠢᠬᠦ᠂ ᠠᠵᠢᠯ ᠤᠨ ᠠᠮᠵᠢᠯᠳᠠ ᠭᠠᠷᠭᠠᠬᠤ ᠶᠢ | ᠪᠤᠳᠤᠨ ᠳᠤᠷ᠎ᠠ ᠪᠠᠷ ᠬᠢᠵᠥ ᠤᠬᠳᠤ ᠪᠤᠯᠬᠤ ᠦᠬᠡᠢ᠃ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠬᠦᠭᠵᠢᠭᠦᠯᠬᠦ ᠶᠠᠪᠤᠴᠠ ᠳᠤ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠪᠠᠷᠢᠮᠳᠠᠯᠠᠵᠤ᠂ ᠬᠠᠮᠳᠦ ᠪᠠᠷ ᠬᠦᠭᠵᠢᠬᠦ ᠬᠦᠭᠵᠢᠯᠳᠡ᠂ | ᠬᠠᠮᠳᠦ ᠶᠢᠨ ᠴᠢᠨᠡᠭᠡᠯᠢᠭᠵᠢᠯ ᠢ ᠯᠠᠪᠳᠠᠭᠤᠨ ᠪᠠᠳᠤᠳᠠᠢ᠂ ᠴᠦᠬᠦᠷᠡᠰᠢ ᠦᠭᠡᠢ ᠠᠬᠢᠭᠤᠯᠬᠤ ᠬᠡᠷᠡᠭᠳᠠᠢ᠃ ᠰᠢᠨ᠎ᠠ ᠶᠢ ᠡᠭᠦᠳᠬᠦ ᠴᠢᠳᠠᠪᠤᠷᠢ ᠪᠠᠨ ᠴᠢᠩᠭᠠᠳᠬᠠᠬᠤ᠂ | ᠲᠡᠩᠴᠡᠭᠦᠷᠢᠳᠠᠢ ᠬᠦᠭᠵᠢᠯᠳᠡ ᠶᠢ ᠠᠬᠢᠭᠤᠯᠬᠤ᠂ ᠠᠮᠢ ᠠᠬᠤᠢ ᠤᠷᠴᠢᠨ ᠲᠤᠭᠤᠷᠢᠨ ᠢ ᠰᠠᠶᠢᠵᠢᠷᠠᠭᠤᠯᠬᠤ᠂ ᠨᠡᠬᠡᠬᠡᠯᠳᠡ ᠬᠢᠬᠦ ᠲᠦᠪᠰᠢᠨ ᠢ ᠳᠡᠭᠡᠭᠰᠢᠯᠡᠭᠦᠯᠬᠦ᠂ | ᠬᠠᠮᠳᠦ ᠪᠠᠷ ᠬᠦᠭᠵᠢᠬᠦ ᠬᠦᠭᠵᠢᠯᠳᠡ ᠶᠢ ᠠᠬᠢᠭᠤᠯᠬᠤ ᠵᠡᠷᠭᠡ ᠭᠤᠤᠯᠳᠠᠯᠭ᠎ᠠ ᠲᠠᠢ ᠬᠦᠷᠢᠶ᠎ᠠ ᠪᠤᠯᠤᠨ ᠵᠠᠩᠭᠢᠯᠠᠭ᠎ᠠ ᠶᠢᠨ ᠭᠤᠭᠴᠤᠭᠠᠨ ᠳᠤ ᠨᠢᠭᠡ ᠪᠦᠯᠦᠭ ᠴᠢᠬᠤᠯᠠ ᠶᠡᠭᠡ | ᠦᠭᠡᠷᠡᠴᠢᠯᠡᠯᠳᠡ ᠶᠢᠨ ᠠᠷᠭ᠎ᠠ ᠬᠡᠮᠵᠢᠶ᠎ᠠ ᠠᠪᠴᠦ᠂ ᠡᠯ᠎ᠠ ᠬᠦᠷᠢᠶᠡᠨ ᠤ ᠬᠦᠭᠵᠢᠯᠳᠡ ᠶᠢᠨ ᠪᠠᠷᠠᠯᠠᠯᠳᠦ ᠴᠢᠨᠠᠷᠳᠠᠢ ᠪᠤᠳᠤᠯᠬᠢᠯᠠᠯ᠂ ᠪᠦᠬᠦ ᠲᠠᠯ᠎ᠠ ᠶᠢᠨ ᠴᠢᠨᠠᠷᠳᠠᠢ | ᠲᠦᠯᠦᠪᠵᠢᠭᠦᠯᠭᠡ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠪᠠᠶᠢᠷᠢᠰᠢᠭᠤᠯᠤᠯᠳᠠ᠂ ᠪᠦᠬᠦᠯᠢ ᠴᠤᠭᠴᠠ ᠶᠢᠨ ᠴᠢᠨᠠᠷᠳᠠᠢ ᠠᠬᠢᠭᠤᠯᠤᠯᠳᠠ ᠶᠢ ᠴᠢᠩᠭᠠᠳᠬᠠᠵᠤ᠂ | ᠲᠦᠷᠦ ᠶᠢᠨ ᠪᠤᠳᠤᠯᠭ᠎ᠠ ᠶᠢᠨ ᠵᠤᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠂ ᠰᠢᠨ᠎ᠠ ᠬᠦᠭᠵᠢᠯᠳᠡ ᠶᠢᠨ ᠤᠢᠢᠯᠠᠭᠠᠭᠳᠠᠬᠤᠨ ᠢ ᠨᠠᠶᠢᠳᠠᠪᠤᠷᠢᠵᠢᠭᠤᠯᠬᠤ ᠶᠢ ᠨᠦᠯᠦᠭᠡᠯᠡᠬᠦ | ᠪᠠᠶᠢᠭᠤᠯᠤᠮᠵᠢ ᠲᠤᠭᠳᠠᠴᠠ ᠶᠢᠨ ᠬᠠᠷᠰᠢ ᠰᠠᠭᠠᠳ ᠢ ᠠᠷᠢᠯᠭᠠᠵᠤ᠂ ᠰᠢᠨ᠎ᠠ ᠬᠦᠭᠵᠢᠯᠳᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠬᠤ ᠶᠠᠰᠤ ᠴᠢᠨᠠᠷ ᠪᠠ ᠦᠷ᠎ᠠ | ᠪᠦᠲᠦᠮᠵᠢ ᠶᠢ ᠳᠡᠭᠡᠭᠰᠢᠯᠡᠭᠦᠯᠬᠦ ᠬᠡᠷᠡᠭᠳᠠᠢ᠃ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠤᠳᠤᠷᠢᠳᠬᠤ ᠺᠠᠳ᠋ᠷ ᠬᠦᠨᠳᠦ ᠡᠭᠦᠷᠭᠡ ᠶᠢ ᠮᠡᠳᠡᠵᠤ ᠬᠦᠨᠳᠦ | ᠡᠭᠦᠷᠭᠡ ᠶᠢ ᠳᠠᠭᠠᠭᠠᠴᠢᠯᠠᠵᠤ᠂ ᠬᠠᠷᠢᠭᠤᠴᠠᠯᠭ᠎ᠠ ᠪᠠᠨ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠭᠡᠵᠤ᠂ ᠨᠠᠮ ᠤᠨ ᠲᠦᠪ ᠬᠤᠷᠢᠶᠠᠨ ᠤ ᠰᠢᠨ᠎ᠠ ᠬᠦᠭᠵᠢᠯᠳᠡ ᠶᠢᠨ | ᠤᠢᠢᠯᠠᠭᠠᠭᠳᠠᠬᠤᠨ ᠢ ᠲᠤᠭᠤᠰᠢᠯᠠᠭᠤᠯᠬᠤ ᠲᠤᠬᠠᠢ ᠱᠠᠭᠠᠷᠳᠠᠯᠭ᠎ᠠ ᠶᠢ ᠠᠵᠢᠯ ᠳᠠᠭᠠᠨ ᠲᠡᠷᠡ ᠶᠤᠰᠤᠭᠠᠷ ᠨᠢ ᠨᠠᠶᠢᠳᠠᠪᠤᠷᠢᠵᠢᠭᠤᠯᠬᠤ ᠬᠡᠷᠡᠭᠳᠠᠢ ᠬᠡᠵᠥ ᠵᠢᠭᠠᠵᠥ ᠭᠠᠷᠭᠠᠪᠠ᠃ | ᠬᠤᠷᠠᠯ ᠠᠴᠠ ︽ᠲᠦᠪ ᠤᠨ ᠨᠠᠢᠮᠠᠳᠤᠭᠠᠷ ᠲᠤᠭᠤᠷᠢᠨ ᠪᠠᠶᠢᠴᠠᠭᠠᠬᠤ ᠳᠤᠭᠤᠢᠢᠯᠠᠩ ᠤᠨ ᠦᠪᠦᠷ ᠮᠤᠩᠭᠤᠯ ᠳᠤ ᠬᠡᠪ ᠤᠨ ᠲᠤᠭᠤᠷᠢᠨ ᠪᠠᠶᠢᠴᠠᠭᠠᠯᠳᠠ ᠬᠢᠵᠤ | ᠬᠠᠷᠢᠭᠤ ᠳᠤᠰᠬᠠᠭᠰᠠᠨ ᠰᠠᠨᠠᠯ ᠶᠤᠰᠤᠭᠠᠷ ᠴᠡᠭᠴᠡᠯᠡᠨ ᠰᠠᠶᠢᠵᠢᠷᠠᠭᠤᠯᠬᠤ ᠲᠤᠬᠠᠢ ᠲᠦᠰᠦᠯ︾ ᠢ ᠰᠤᠳᠤᠯᠵᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠪᠤᠯ ᠡᠷᠬᠡᠪᠰᠢ ᠰᠠᠶᠢᠳᠤᠷ ᠠᠳᠬᠤᠬᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠤᠨ᠎ᠠ᠂ ᠮᠦᠨ ᠴᠤ ᠪᠦᠬᠦ ᠲᠠᠯ᠎ᠠ ᠲᠠᠢ ᠬᠤᠯᠪᠤᠭᠳᠠᠬᠤ ᠭᠤᠤᠯᠳᠠᠯᠭ᠎ᠠ ᠲᠠᠢ | ᠠᠵᠢᠯ ᠡᠭᠦᠷᠭᠡ ᠪᠤᠯᠤᠨ᠎ᠠ᠂ ᠨᠠᠮ ᠤᠨ ᠬᠤᠷᠢᠶᠠᠨ ᠤ ᠡᠯ᠎ᠠ ᠳᠠᠭᠠᠭᠤᠯᠤᠭᠴᠢ ᠪᠠᠶᠢᠩᠭᠤ ᠶᠢᠨ ᠭᠡᠰᠢᠭᠦᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠤᠯᠤᠰ | ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠤ᠂ ᠳᠠᠷᠦ᠋ᠢᠬᠠᠨ ᠬᠦᠳᠡᠯᠦᠯᠴᠡᠨ᠂ ᠦᠨᠡᠨ ᠬᠦ ᠠᠳᠬᠤᠵᠦ᠂ ᠦᠨᠡᠨ ᠪᠤᠳᠠᠳᠠᠢ ᠬᠢᠵᠤ᠂ ᠪᠤᠳᠠᠳᠦ ᠦᠷ᠎ᠠ | ᠪᠦᠳᠦᠮᠵᠢ ᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠳᠦᠷ ᠪᠠᠷᠢᠮᠵᠢᠶ᠎ᠠ ᠪᠠᠷ ᠦᠨᠳᠦᠷ ᠪᠦᠲᠦᠮᠵᠢᠳᠠᠢ ᠴᠢᠨᠠᠷ ᠰᠠᠶᠢᠳᠠᠢ ᠠᠬᠢᠭᠤᠯᠬᠤ ᠬᠡᠷᠡᠭᠳᠠᠢ᠃ ᠡᠯ᠎ᠠ | ᠲᠤᠰᠬᠠᠢ ᠴᠡᠭᠴᠡᠯᠡᠨ ᠰᠠᠶᠢᠵᠢᠷᠠᠭᠤᠯᠬᠤ ᠳᠤᠭᠤᠢᠢᠯᠠᠩ ᠢ ᠵᠤᠬᠢᠶᠠᠨ ᠪᠠᠶᠢᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠲᠦᠰᠦᠯ ᠢ ᠨᠠᠶᠢᠳᠠᠪᠤᠷᠢᠵᠢᠭᠤᠯᠬᠤ ᠠᠵᠢᠯ ᠢ | ᠨᠠᠷᠢᠨ ᠬᠢᠨᠠᠮᠠᠭᠠᠢ ᠰᠠᠶᠢᠳᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠳᠠᠩᠰᠠᠯᠠᠨ ᠬᠠᠮᠢᠶᠠᠷᠴᠤ᠂ ᠵᠢᠷᠤᠭ ᠲᠦᠰᠦᠪ ᠲᠤᠬᠳᠠᠭᠠᠨ ᠰᠢᠢᠳᠪᠦᠷᠢᠯᠡᠵᠤ᠂ ᠨᠢᠭᠡ | ᠨᠢᠭᠡ ᠵᠦᠢᠯ ᠢᠶᠠᠷ ᠱᠠᠯᠠᠪᠳᠠᠭᠤᠯᠤᠨ ᠨᠠᠶᠢᠳᠠᠪᠤᠷᠢᠵᠢᠭᠤᠯᠵᠤ᠂ ᠨᠢᠭᠡ ᠨᠢᠭᠡ ᠪᠠᠷ ᠪᠡᠶᠡᠯᠡᠭᠦᠯᠦᠨ ᠨᠢᠭᠡ ᠨᠢᠭᠡ ᠪᠠᠷ ᠠᠷᠢᠯᠭᠠᠵᠤ᠂ ᠡᠷᠬᠡᠪᠰᠢ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠠ ᠨᠢᠭᠡᠪᠦᠷᠢ ᠶᠢ ᠪᠤᠳᠠᠳᠠᠢ ᠳᠤ ᠨᠠᠶᠢᠳᠠᠪᠤᠷᠢᠵᠢᠭᠤᠯᠵᠤ᠂ ᠠᠰᠠᠭᠤᠳᠠᠯ ᠨᠢᠭᠡᠪᠦᠷᠢ ᠶᠢ ᠭᠦᠢᠴᠡᠳ ᠴᠡᠭᠴᠡᠯᠡᠨ ᠰᠠᠶᠢᠵᠢᠷᠠᠭᠤᠯᠵᠤ᠂ ᠲᠤᠭᠳᠠᠭᠰᠠᠨ | ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠶᠢ ᠪᠠᠳᠤᠯᠠᠬᠤ ᠬᠡᠷᠡᠭᠳᠠᠢ᠃ | ᠬᠤᠷᠠᠯ ᠠᠴᠠ᠂ 2020 ᠣᠨ ᠳᠤ᠂ ᠦᠪᠡᠷᠲᠡᠭᠡᠡ ᠵᠠᠰᠠᠬᠤ ᠤᠷᠤᠨ ᠤ ᠠᠵᠢᠯᠴᠢᠨ ᠤ ᠶᠡᠷᠦᠩᠭᠡᠢ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠤᠳ ᠤᠨ | ᠬᠤᠯᠪᠤᠭ᠎ᠠ᠂ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠨᠡᠶᠢᠭᠡᠮᠯᠢᠭ ᠵᠡᠷᠭᠡ ᠤᠯᠠᠠ ᠲᠦᠮᠠᠠ ᠤ ᠪᠦᠯᠬᠦᠮ ᠤᠨ ᠵᠤᠬᠢᠶᠠᠠ ᠪᠠᠶᠢᠭᠤᠯᠤᠯᠲᠠ ᠶᠢᠨ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠦ᠂ ᠠᠵᠢᠯ ᠢᠶᠠᠨ ᠦᠷᠨᠢᠭᠦᠯᠤᠨ᠂ ᠶᠠᠲᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠰᠢᠢᠳᠪᠦᠷᠢᠲᠦ | ᠲᠠᠶᠢᠯᠠᠯᠲᠤᠭᠠᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠳᠠ ᠶᠢ ᠤᠯᠬᠤ ᠳᠤ ᠢᠲᠠᠪᠬᠢᠲᠠᠢ ᠬᠤᠪᠢ ᠨᠡᠮᠡᠷᠢ ᠦᠵᠡᠭᠦᠯᠵᠠᠢ᠃ ᠰᠢᠨ᠎ᠠ | ᠪᠠᠶᠢᠲᠠᠯ ᠰᠢᠨ᠎ᠠ ᠡᠬᠦᠷᠭᠡ ᠰᠢᠨ᠎ᠠ ᠱᠠᠭᠠᠷᠲᠠᠯᠭ᠎ᠠ ᠳᠤ ᠬᠠᠨᠲᠤᠵᠦ᠂ ᠤᠯᠠᠠ ᠲᠦᠮᠡᠡ ᠤ ᠪᠦᠯᠬᠦᠮ ᠤᠨ ᠡᠯ᠎ᠠ ᠵᠤᠬᠢᠶᠠᠠ ᠪᠠᠶᠢᠭᠤᠯᠤᠯᠲᠠ ᠠᠰᠠᠭᠤᠲᠠᠯ ᠢᠶᠠᠷ ᠤᠲᠤᠷᠢᠲᠤᠮᠵᠢ | ᠪᠤᠯᠭᠠᠬᠤ᠂ ᠬᠠᠷᠠᠯᠲᠠ ᠪᠠᠷ ᠤᠲᠤᠷᠢᠲᠤᠮᠵᠢ ᠪᠤᠯᠭᠠᠬᠤ᠂ ᠦᠷ᠎ᠡ ᠳ᠋ᠦᠩ ᠢᠶᠠᠷ ᠤᠲᠤᠷᠢᠲᠤᠮᠵᠢ ᠪᠤᠯᠭᠠᠬᠤ ᠶᠢ ᠪᠠᠷᠢᠮᠲᠠᠯᠠᠵᠦ᠂ ᠤᠯᠤᠰ ᠲᠦᠷᠦ ᠶᠢᠨ ᠮᠠᠭᠠᠳᠯᠠᠬᠤ ᠬᠦᠴᠤᠨ᠂ | ᠤᠯᠤᠰ ᠲᠦᠷᠦ ᠶᠢᠨ ᠤᠢᠢᠯᠠᠭᠠᠬᠤ ᠬᠦᠴᠤᠨ᠂ ᠤᠯᠤᠰ ᠲᠦᠷᠦ ᠶᠢᠨ ᠭᠡᠷᠡᠭᠵᠢᠭᠦᠯᠬᠦ ᠬᠦᠴᠤᠨ ᠢᠶᠠᠨ ᠲᠡᠭᠡᠭᠰᠢᠯᠡᠭᠦᠯᠵᠦ᠂ ᠨᠠᠮ ᠤᠨ ᠤᠯᠠᠠ ᠲᠦᠮᠠᠠ ᠤ ᠪᠦᠯᠬᠦᠮ ᠤᠨ | ᠠᠵᠢᠯ ᠳᠠᠬᠢ ᠤᠲᠤᠷᠢᠲᠤᠯᠭ᠎ᠠ ᠶᠢ ᠪᠠᠲᠤ ᠪᠠᠷᠢᠮᠲᠠᠯᠠᠵᠦ᠂ ᠤᠬᠠᠮᠰᠠᠷ ᠠᠴᠠ ᠪᠠᠨ ᠲᠤᠰ ᠰᠢᠰᠲ᠋ᠧᠮ ᠲᠤᠰ ᠰᠠᠯᠠᠭ᠎ᠠ ᠮᠦᠴᠢᠷ ᠤᠨ ᠠᠵᠢᠯ ᠢᠶᠠᠨ ᠨᠠᠮ ᠤᠨ ᠲᠦᠪ | ᠬᠤᠷᠢᠶᠠᠠ ᠤ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠪᠤᠯᠤᠨ ᠦᠪᠡᠷᠲᠡᠭᠡᠡ ᠵᠠᠰᠬᠠᠤ ᠤᠷᠤᠨ ᠤ ᠬᠦᠭᠵᠢᠯᠲᠠ ᠳᠤ ᠦᠢᠯᠡᠴᠢᠯᠡᠬᠦ ᠶᠡᠭᠡ ᠲᠠᠯ᠎ᠠ ᠳᠤ ᠲᠠᠯᠪᠢᠵᠦ | ᠪᠠᠶᠢᠭᠠᠳ ᠰᠤᠲᠤᠯᠵᠦ᠂ ᠲᠦᠯᠦᠪᠵᠢᠭᠦᠯᠵᠦ ᠨᠠᠶᠢᠲᠠᠪᠤᠷᠢᠵᠢᠭᠤᠯᠤᠨ᠂ ᠰᠢᠨ᠎ᠠ ᠴᠠᠭ ᠦᠶ᠎ᠠ ᠶᠢᠨ ᠤᠯᠠᠠ ᠲᠦᠮᠠᠠ ᠤ ᠪᠦᠯᠬᠦᠮ ᠤᠨ ᠠᠵᠢᠯ ᠢ ᠲᠠᠰᠤᠷᠠᠯᠲᠠ ᠦᠭᠡᠢ ᠰᠢᠨ᠎ᠠ | ᠲᠡᠭᠲᠡᠷ ᠲᠤ ᠭᠠᠷᠭᠠᠬᠤ ᠭᠡᠷᠡᠭᠲᠡᠢ᠃ ᠴᠢᠩ ᠰᠡᠳᠭᠢᠯ ᠠᠴᠠ ᠪᠠᠨ ᠤᠯᠠᠠ ᠲᠦᠮᠠᠠ ᠳᠤ ᠪᠤᠲᠠᠲᠤ ᠶᠠᠪᠤᠳᠠᠯ ᠰᠠᠶᠢᠨ ᠶᠠᠪᠤᠳᠠᠯ ᠬᠢᠵᠦ ᠦᠭᠭᠦᠨ᠂ ᠨᠡᠶᠢᠭᠡᠮ ᠵᠢᠷᠤᠮ ᠤᠨ | ᠭᠤᠤᠯᠯᠠᠭᠴᠢ ᠦᠷᠲᠡᠭ ᠤᠨ ᠦᠵᠡᠯᠲᠡ ᠶᠢ ᠶᠡᠭᠡ ᠪᠠᠷ ᠬᠦᠮᠦᠵᠢᠭᠦᠯᠦᠨ ᠦᠢᠯᠡᠲᠦᠯᠭᠡᠵᠢᠭᠦᠯᠵᠦ᠂ ᠲᠤᠮᠲᠠᠲᠤ ᠶᠢᠨ ᠦᠨᠲᠦᠰᠦᠲᠠᠠ ᠤ ᠬᠠᠮᠲᠤ ᠴᠤᠭᠴᠠ ᠶᠢᠨ ᠤᠬᠠᠮᠰᠠᠷ ᠢ | ᠪᠠᠲᠤ ᠴᠤᠭᠴᠠᠯᠠᠬᠤ ᠠᠵᠢᠯ ᠢ ᠪᠦᠬᠦ ᠬᠦᠴᠤᠨ ᠢᠶᠠᠷ ᠢᠶᠠᠨ ᠰᠠᠶᠢᠳᠤᠷ ᠬᠢᠵᠦ᠂ ᠤᠯᠠᠠ ᠲᠦᠮᠠᠠ ᠤ ᠪᠦᠯᠬᠦᠮ ᠤᠨ ᠠᠵᠢᠯ ᠤᠨ ᠦᠭᠡᠷᠡᠴᠢᠯᠡᠯᠲᠡ ᠰᠢᠨ᠎ᠠ ᠡᠭᠦᠳᠦᠯᠳᠡ ᠶᠢ | ᠢᠲᠡᠪᠬᠢᠲᠠᠢ ᠠᠬᠢᠭᠤᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠦ᠂ ᠡᠬᠦᠷᠭᠡ | ᠬᠠᠷᠢᠭᠤᠴᠠᠯᠭ᠎ᠠ ᠪᠠᠨ ᠬᠦᠢᠴᠡᠳᠭᠡᠬᠦ ᠴᠢᠲᠠᠪᠤᠷᠢ ᠪᠤᠯᠤᠨ ᠲᠦᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠭᠦᠯᠵᠦ᠂ ᠨᠠᠮ ᠪᠤᠯᠤᠨ ᠵᠠᠰᠠᠭ ᠤᠨ ᠤᠷᠲᠤᠨ ᠤ ᠤᠯᠠᠠ | ᠲᠦᠮᠠᠠ ᠲᠠᠢ ᠬᠠᠷᠢᠯᠴᠠᠬᠤ ᠬᠦᠬᠦᠷᠭᠡ ᠬᠤᠯᠪᠤᠭᠠᠰᠤ ᠪᠤᠯᠬᠤ ᠦᠢᠯᠡᠲᠦᠯ ᠢᠶᠠᠨ ᠨᠡᠩ ᠰᠠᠶᠢᠨ ᠪᠠᠲᠠᠷᠠᠭᠤᠯᠬᠤ ᠭᠡᠷᠡᠭᠲᠡᠢ ᠭᠡᠵᠦ ᠵᠢᠭᠠᠵᠦ ᠭᠠᠷᠭᠠᠪᠠ᠃ | ᠬᠤᠷᠠᠯ ᠠᠴᠠ ᠪᠠᠰᠠ ︽ᠲᠤᠮᠲᠠᠲᠤ ᠤᠯᠤᠰ ᠤᠨ ᠡᠪ ᠬᠠᠮᠲᠤ ᠨᠠᠮ ᠪᠠᠶᠢᠭᠤᠯᠤᠭᠲᠠᠭᠰᠠᠠ 100 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠲᠤᠬᠠᠢ ᠦᠪᠦᠷ | ᠮᠤᠩᠭᠤᠯ ᠤᠨ ᠦᠪᠡᠷᠲᠡᠭᠡᠡ ᠵᠠᠰᠬᠠᠤ ᠤᠷᠤᠨ ᠤ ᠠᠵᠢᠯ ᠤᠨ ᠲᠦᠰᠦᠯ︾ ᠪᠤᠯᠤᠨ ︽ᠨᠡᠭᠦᠷᠡᠰᠦᠨ ᠤ ᠠᠵᠦ ᠦᠢᠯᠡᠳᠪᠦᠷᠢ ᠶᠢᠨ ᠴᠢᠨᠠᠷ ᠰᠠᠶᠢᠲᠠᠢ ᠬᠦᠭᠵᠢᠯᠲᠠ ᠶᠢ | ᠠᠬᠢᠭᠤᠯᠬᠤ ᠲᠤᠬᠠᠢ ᠦᠪᠦᠷ ᠮᠤᠩᠭᠤᠯ ᠤᠨ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶ᠎ᠠ ᠦᠪᠡᠷᠲᠡᠭᠡᠡ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠤᠨ | ᠤ ᠰᠠᠨᠠᠯ︾ ᠢ ᠰᠤᠲᠤᠯᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ |