ᠲᠦᠩᠯᠢᠶᠣᠤ ᠬᠤᠲᠠ ᠶᠢᠨ ︽ᠭᠤᠷᠪᠠᠨ ᠣᠷᠳᠣᠨ ᠨᠢᠭᠡ ᠥᠷᠲᠡᠭᠡ︾ ᠶᠢᠨ ᠪᠦᠷᠬᠦᠴᠡ 112.2% ᠲᠤ ᠬᠥᠷᠪᠡ
ᠨᠡᠶᠢᠲᠡᠯᠡᠭᠰᠡᠨ ᠴᠠᠭ᠄
2021/2/20
     ᠣᠶᠢᠷ᠎ᠠ ᠶᠢᠨ ᠵᠢᠯ ᠤᠳ ᠲᠤ᠂ ᠲᠦᠩᠯᠢᠶᠣᠤ ᠬᠤᠲᠠ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠣᠳᠣ ᠪᠣᠯᠬᠤ ᠳᠤ᠂ ᠪᠥᠬᠦ ᠬᠤᠲᠠ ᠶᠢᠨ ︽ᠭᠤᠷᠪᠠᠨ ᠣᠷᠳᠣᠨ ᠨᠢᠭᠡ ᠥᠷᠲᠡᠭᠡ︾ ᠶᠢᠨ ᠪᠦᠷᠬᠦᠴᠡ ᠨᠢ 112.2% ᠲᠤ ᠬᠦᠷᠴᠡᠶ᠃      ᠣᠳᠣᠬᠠᠨ ᠳᠤ᠂ ᠪᠥᠬᠦ ᠬᠤᠲᠠ ᠶᠢᠨ ᠰᠣᠶᠣᠯ ᠤᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠨᠢ ᠨᠡᠶᠢᠲᠡ 24 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 30 ᠭᠠᠷᠤᠶ ᠳ᠋ᠦᠩᠰᠢᠭᠤᠷ ᠲᠥᠭᠦᠷᠢᠭ ᠲᠤ ᠬᠦᠷᠴᠡᠶ᠃ 3.8 ᠲᠦᠮᠡᠨ ᠺᠦᠸᠠᠳ᠋ ᠮᠧᠲᠷ ᠪᠠᠷᠢᠯᠭ᠎ᠠ ᠶᠢᠨ ᠲᠠᠯᠠᠪᠠᠢ ᠲᠠᠢ ᠲᠦᠩᠯᠢᠶᠣᠤ ᠬᠤᠳᠠ ᠶᠢᠨ ᠨᠣᠮ ᠤᠨ ᠰᠠᠩ ᠤᠨ ᠰᠢᠨ᠎ᠡ ᠣᠷᠳᠣᠨ ᠢ ᠪᠠᠶᠢᠭᠤᠯᠵᠤ᠂ ᠰᠢᠶᠤᠤ ᠵᠤᠸᠠᠩ ᠾᠧ ᠭᠤᠣᠯ ᠤᠨ ᠡᠷᠭᠢ ᠳᠠᠭᠠᠤ 12 ᠮᠦᠽᠧᠢ ᠪᠠᠶᠢᠭᠤᠯᠤᠨ᠂ ᠨᠢᠭᠡᠨᠲᠡ 3 ᠮᠦᠽᠧᠢ ᠨᠢ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠨᠠᠶᠮᠠᠨ ᠬᠤᠰᠢᠭᠤᠨ ᠤ ᠨᠣᠮ ᠤᠨ ᠰᠠᠩ ᠤᠨ ᠰᠢᠨ᠎ᠡ ᠣᠷᠳᠣᠨ᠂ ᠬᠤᠤᠯᠢᠩᠭᠤᠣᠯ ᠬᠤᠲᠠ ᠶᠢᠨ ᠨᠣᠮ ᠤᠨ ᠰᠠᠩ ᠤᠨ ᠰᠢᠨ᠎ᠡ ᠣᠷᠳᠣᠨ ᠪᠠ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠣᠮ ᠤᠨ ᠰᠠᠩ ᠤᠨ ᠰᠢᠨ᠎ᠡ ᠣᠷᠳᠣᠨ ᠵᠢᠩᠬᠢᠨᠢ ᠪᠠᠷ ᠭᠠᠳᠠᠭᠰᠢ ᠨᠡᠭᠡᠭᠡᠯᠲᠡ ᠬᠢᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠨᠣᠮ ᠤᠨ ᠰᠠᠩ ᠨᠢ ᠪᠦᠬᠦᠨ ᠢᠶᠠᠷ ᠢᠶᠠᠨ ᠤᠯᠤᠰ ᠤᠨ ᠭᠤᠷᠪᠠᠳᠤᠭᠠᠷ ᠳᠡᠰ ᠠᠴᠠ ᠳᠡᠭᠡᠭᠰᠢᠬᠢ ᠣᠷᠳᠤᠨ ᠤ ᠪᠠᠷᠢᠮᠵᠢᠶ᠎ᠠ ᠳᠤ ᠬᠥᠷᠪᠡ᠃ ᠰᠣᠶᠣᠯ ᠤᠨ ᠣᠷᠳᠣᠨ ︵ᠥᠷᠲᠡᠭᠡ︶ ᠤ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠨᠡᠶᠢᠲᠡ 38 ᠦᠨᠳᠦᠰᠦᠨ ᠱᠠᠲᠤᠨ ᠤ ᠶᠡᠷᠦᠩᠬᠡᠶᠢᠯᠡᠭᠰᠡᠨ ᠰᠣᠶᠣᠯ ᠤᠨ ᠥᠷᠲᠡᠭᠡ ᠶᠢᠨ ᠠᠯᠪᠠᠯᠠᠬᠤ ᠳᠤ ᠬᠡᠷᠡᠭᠯᠡᠬᠦ ᠭᠡᠷ ᠪᠠᠶᠢᠰᠢᠩ ᠢ ᠰᠢᠬᠠᠨ ᠡᠵᠡᠯᠡᠵᠦ ᠨᠡᠭᠦᠯᠭᠡᠨ ᠬᠡᠷᠡᠭᠯᠡᠭᠰᠡᠨ ᠠᠰᠠᠭᠤᠳᠠᠯ ᠢ ᠢᠯᠭᠠᠨ ᠪᠤᠴᠠᠭᠠᠵᠠᠢ᠃ ᠪᠦᠬᠦ ᠬᠤᠲᠠ ᠶᠢᠨ 305 ᠵᠠᠰᠠᠭ ᠵᠠᠬᠢᠷᠭᠠᠨ ᠤ ᠲᠣᠰᠬᠤᠨ ᠪᠦᠷᠢ ᠳᠤ 980 ᠺᠦᠸᠠᠳ᠋ ᠮᠧᠲᠷ ᠤᠨ ᠵᠢᠱᠢᠶ᠎ᠡ ᠦᠵᠡᠭᠦᠯᠬᠦ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠢ ᠰᠣᠶᠣᠯ ᠤᠨ ᠦᠢᠯᠡᠴᠢᠯᠡᠭᠡᠨ ᠤ ᠲᠥᠪ ᠢ ᠪᠠᠶᠢᠭᠤᠯᠪᠠ᠃ ᠪᠦᠬᠦ ᠬᠤᠲᠠ ᠶᠢᠨ 2167 ᠵᠠᠰᠠᠭ ᠵᠠᠬᠢᠷᠭᠠᠨ ᠤ ᠲᠣᠰᠬᠤᠨ ︵ᠨᠡᠶᠢᠭᠡᠮ ᠲᠣᠭᠤᠷᠢᠭ︶ ᠤ ᠶᠡᠷᠦᠩᠬᠡᠢᠯᠡᠭᠰᠡᠨ ᠴᠢᠨᠠᠷᠲᠠᠢ ᠰᠣᠶᠣᠯ ᠤᠨ ᠦᠢᠯᠡᠴᠢᠯᠡᠭᠡᠨ ᠤ ᠲᠥᠪ ᠢ ᠨᠢᠭᠡᠨᠲᠡ ᠪᠦᠬᠦᠨ ᠢ ᠪᠠᠢᠭᠤᠯᠤᠭᠰᠠᠨ ᠪᠥᠭᠡᠳ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠨ ᠠᠰᠢᠭᠯᠠᠵᠤ᠂ ᠪᠦᠷᠬᠦᠴᠡ ᠨᠢ 100% ᠳᠤ ᠬᠦᠷᠴᠡᠢ᠃ ᠪᠦᠬᠦ ᠬᠤᠲᠠ ᠶᠢᠨ ︽ᠭᠤᠷᠪᠠᠨ ᠣᠷᠳᠣᠨ ᠨᠢᠭᠡ ᠥᠷᠲᠡᠭᠡ︾ ᠶᠢᠨ ᠪᠦᠷᠬᠦᠴᠡ 112.2 % ᠲᠤ ᠬᠦᠷᠴᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ 110% ᠶᠢᠨ ᠡᠭᠦᠷᠭᠡ ᠶᠢᠨ ᠭᠦᠢᠴᠡᠳᠬᠡᠯ ᠲᠤᠭ᠎ᠠ ᠶᠢ ᠨᠢᠭᠡᠨᠲᠡ ᠳᠠᠪᠠᠭᠤᠯᠤᠨ ᠪᠡᠶᠡᠯᠡᠭᠦᠯᠪᠡ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ