ᠬᠥᠬᠡᠬᠤᠲᠠ ᠬᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠭᠤᠭᠴᠤᠭ᠎ᠠ ᠶᠢᠨ ᠰᠠᠮᠠᠭᠤᠨ ᠪᠠᠶᠢᠳᠠᠯ ᠢ ᠴᠡᠭᠴᠡᠯᠡᠨ ᠵᠠᠰᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2021/2/20

      ᠣᠶᠢᠷ᠎ᠠ ᠳᠤ᠂ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠭᠤᠭᠴᠤᠭ᠎ᠠ ᠶᠢᠨ ᠰᠠᠮᠠᠭᠤᠨ ᠪᠠᠶᠢᠳᠠᠯ ᠳᠤ ᠬᠠᠨᠳᠤᠭᠤᠯᠤᠨ᠂ ᠭᠡᠷ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ︽ᠬᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾ ᠭᠠᠷᠭᠠᠵᠤ᠂ ᠬᠡᠷ ᠭᠠᠵᠠᠷ ᠬᠥᠷᠥᠩᠭᠡ ᠶᠢᠨ ᠵᠠᠷ ᠨᠡᠶᠢᠲᠡᠯᠡᠬᠦ ᠪᠠ ᠡᠵᠡᠩᠨᠡᠨ ᠪᠣᠷᠣᠯᠠᠭᠤᠯᠬᠤ ᠤᠬᠠᠭᠤᠯᠭ᠎ᠠ ᠶᠢᠨ ᠠᠵᠢᠯᠯᠠᠭ᠎ᠠ ᠵᠡᠷᠭᠡ ᠭᠤᠭᠴᠤᠭ᠎ᠠ ᠳᠤ ︽ᠬᠡᠷ ᠭᠠᠵᠠᠷ ᠬᠥᠷᠥᠩᠭᠡ ᠶᠢᠨ ᠡᠵᠡᠩᠨᠡᠨ ᠪᠣᠷᠣᠯᠠᠭᠤᠯᠤᠯᠲᠠ ᠶᠢᠨ ︿ᠠᠷᠪᠠᠨ ᠲᠠᠯ᠎ᠠ᠂ 33 ᠥᠯᠥ ᠪᠣᠯᠬᠤ﹀ ᠠᠵᠢᠯᠯᠠᠭ᠎ᠠ ᠶᠢᠨ ᠪᠠᠷᠢᠮᠵᠢᠶ᠎ᠠ︾ ᠶᠢ ᠲᠣᠭᠲᠠᠭᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠪᠠ ᠬᠡᠷ ᠭᠠᠵᠠᠷ ᠬᠥᠷᠥᠩᠭᠡ ᠶᠢᠨ ᠵᠠᠭᠤᠴᠢ ᠪᠠᠶᠢᠭᠤᠯᠤᠮᠵᠢ ᠡᠭᠦᠨ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ ᠭᠡᠵᠦ

ᠱᠠᠭᠠᠷᠳᠠᠪᠠ᠃
     ᠠᠵᠢᠯᠯᠠᠭ᠎ᠠ ᠶᠢᠨ ᠪᠠᠷᠢᠮᠵᠢᠶ᠎ᠠ ᠳᠤ ᠲᠣᠳᠣᠷᠬᠠᠶ ᠲᠣᠭᠲᠠᠭᠠᠭᠰᠠᠨ ᠨᠢ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠨᠢ ᠠᠰᠠᠷ ᠬᠤᠳᠠᠯᠳᠤᠬᠤ ᠭᠠᠵᠠᠷ ᠤᠨ ᠢᠶᠠᠨ ᠢᠯᠡ ᠭᠠᠵᠠᠷ ᠲᠤ ᠬᠠᠮᠤᠭ ᠤᠨ ᠰᠢᠨ᠎ᠡ ᠵᠢᠷᠤᠮᠵᠢᠭᠰᠠᠨ ᠭᠡᠷ᠎ᠡ ᠲᠣᠭᠲᠠᠬᠤ ᠥᠯᠢᠭᠡᠷ ᠬᠦᠰᠦᠨᠦᠭᠲᠦ ᠶᠢ ᠨᠠᠭᠠᠵᠤ᠂ ᠥᠮᠴᠢᠲᠡᠨ ᠲᠠᠢ ᠭᠡᠷ᠎ᠡ ᠲᠣᠭᠲᠠᠬᠤ ᠳᠤ ᠪᠠᠨ ᠡᠷᠬᠡᠪᠰᠢ ᠭᠡᠷ᠎ᠡ ᠶᠢᠨ ᠦᠯᠢᠭᠡᠷ ᠬᠦᠰᠦᠨᠦᠭᠲᠦ ᠶᠢ ᠭᠠᠷᠭᠠᠨ ᠦᠵᠡᠭᠦᠯᠬᠦ ᠬᠡᠷᠡᠭᠲᠡᠶ᠂ ᠭᠤᠤᠯ ᠵᠦᠢᠯ ᠵᠤᠷᠪᠤᠰ ᠤᠨ ᠠᠭᠤᠯᠭ᠎ᠠ ᠶᠢ ᠬᠠᠰᠤᠵᠤ ᠭᠡᠭᠡᠭᠳᠡᠭᠦᠯᠵᠦ ᠪᠣᠯᠬᠤ ᠥᠬᠡᠶ᠂ ᠲᠡᠭᠰᠢ ᠪᠤᠰᠤ ᠵᠦᠢᠯ ᠵᠤᠷᠪᠤᠰ ᠪᠣᠯᠤᠨ ᠬᠤᠯᠪᠣᠭᠳᠠᠯ ᠪᠥᠬᠦᠶ ᠲᠡᠭᠰᠢ ᠪᠤᠰᠤ ᠨᠥᠬᠦᠪᠥᠷᠢ ᠬᠡᠯᠡᠯᠴᠡᠭᠡᠷ ᠢ ᠨᠡᠮᠡᠵᠦ ᠪᠣᠯᠬᠤ ᠥᠬᠡᠶ᠃
     ᠨᠡᠭᠡᠭᠡᠨ ᠬᠥᠭᠵᠢᠭᠦᠯᠬᠦ ᠠᠵᠤ ᠠᠬᠤᠶᠢᠯᠠᠯ ᠨᠢ ᠠᠰᠠᠷ ᠬᠤᠳᠠᠯᠳᠤᠬᠤ ᠭᠠᠵᠠᠷ ᠲᠠᠯᠠᠪᠤᠷ ᠤᠨ ᠢᠯᠡ ᠭᠠᠵᠠᠷ ᠲᠤ ᠥᠮᠴᠢᠲᠡᠨ ᠤ ᠬᠡᠷ ᠪᠠᠶᠢᠰᠢᠩ ᠬᠤᠳᠠᠯᠳᠤᠨ ᠠᠪᠬᠤ ᠪᠥᠬᠦ ᠶᠠᠪᠤᠴᠠ ᠳᠤ ᠬᠤᠯᠪᠣᠭᠳᠠᠬᠤ ᠰᠦᠢᠳᠭᠡᠯ ᠬᠤᠷᠢᠶᠠᠬᠤ ᠨᠠᠷᠢᠨ ᠵᠦᠢᠯᠡᠰ᠂ ᠰᠦᠢᠳᠬᠡᠯ ᠲᠤᠰᠢᠶᠠᠬᠤ ᠪᠠᠷᠢᠮᠵᠢᠶ᠎ᠠ ᠵᠢᠴᠢ ᠡᠰᠢ ᠪᠠᠷᠢᠮᠲᠠ ᠶᠢ ᠨᠠᠭᠠᠬᠤ ᠶᠢᠨ ᠬᠠᠮᠲᠤ ᠬᠡᠷ ᠪᠠᠶᠢᠰᠢᠩ ᠬᠤᠳᠠᠯᠳᠤᠨ ᠠᠪᠤᠭᠴᠢ ᠳᠤ ᠬᠡᠷ ᠪᠠᠶᠢᠰᠢᠩ ᠬᠤᠳᠠᠯᠳᠤᠨ ᠠᠪᠬᠤ ᠪᠥᠬᠦ ᠶᠠᠪᠤᠴᠠ ᠳᠠᠬᠢ ᠰᠦᠢᠳᠬᠡᠯ ᠲᠤᠰᠢᠶᠠᠬᠤ ᠨᠠᠷᠢᠨ ᠪᠠᠶᠢᠳᠠᠯ ᠢ ᠮᠡᠳᠡᠭᠳᠡᠬᠦ ᠬᠡᠷᠡᠭᠲᠡᠶ᠂ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠬᠤ ᠢᠯᠡᠭᠦᠴᠡ ᠲᠥᠷᠥᠯ ᠵᠦᠢᠯ ᠢ ᠨᠡᠮᠡᠵᠦ ᠪᠣᠯᠬᠤ ᠥᠬᠡᠶ᠃
     ᠪᠣᠷᠣᠯᠠᠭᠤᠯᠤᠭᠴᠢ ᠠᠵᠢᠯᠲᠠᠨ ᠤ ᠦᠨᠳᠦᠰᠦᠨ ᠪᠠᠶᠢᠳᠠᠯ ᠢ ᠴᠥᠮ ᠠᠰᠠᠷ ᠬᠤᠳᠠᠯᠳᠤᠬᠤ ᠭᠠᠵᠠᠷ ᠲᠠᠯᠠᠪᠤᠷ ᠤᠨ ᠢᠯᠡ ᠨᠡᠶᠢᠲᠡᠯᠡᠬᠦ ᠲᠣᠭᠤᠷᠢᠭ ᠲᠤ ᠢᠯᠡ ᠪᠠᠷ ᠨᠡᠶᠢᠲᠡᠯᠡᠬᠦ ᠬᠡᠷᠡᠭᠲᠡᠶ᠂ ᠣᠷᠬᠢᠵᠤ ᠲᠤᠲᠠᠭᠳᠠᠭᠤᠯᠵᠤ ᠪᠣᠯᠬᠤ ᠦᠭᠡᠶ᠃ ᠪᠣᠷᠤᠯᠠᠭᠤᠯᠤᠭᠴᠢ ᠠᠵᠢᠯᠲᠠᠨ ᠲᠥᠷᠥᠯ ᠵᠦᠢᠯ ᠤᠨ ᠲᠠᠨᠢᠯᠴᠠᠭᠤᠯᠭ᠎ᠠ᠂ ᠭᠡᠷ ᠤᠨ ᠭᠠᠳᠠᠨᠠᠬᠢ ᠵᠠᠷ ᠰᠤᠷᠲᠠᠯᠴᠢᠯᠠᠭ᠎ᠠ ᠶᠢᠨ ᠤᠬᠠᠭᠤᠯᠭ᠎ᠠ᠂ ᠡᠯᠡᠰᠦᠨ ᠴᠠᠷ᠎ᠠ ᠦᠢᠯᠡᠳᠬᠦ ᠳᠤ ᠪᠠᠨ ᠬᠠᠤᠯᠢ ᠠᠴᠠ ᠵᠥᠷᠢᠴᠡᠭᠰᠡᠨ᠂ ᠬᠤᠳᠠᠯ ᠬᠠᠭᠤᠷᠮᠠᠭ ᠪᠤᠶᠤ ᠬᠥᠮᠦᠨ ᠢ ᠠᠳᠡᠭᠦᠷᠡᠭᠦᠯᠬᠦ ᠠᠭᠤᠯᠭ᠎ᠠ ᠪᠠᠶᠢᠵᠤ ᠪᠣᠯᠬᠤ ᠦᠭᠡᠶ᠂ ᠬᠡᠷᠡᠭᠯᠡᠭᠴᠢᠳ ᠢ ᠬᠠᠭᠤᠷᠤᠨ ᠮᠡᠬᠡᠯᠡᠵᠦ ᠪᠤᠷᠤᠭᠤ ᠪᠠᠷ ᠬᠥᠲᠥᠯᠵᠦ ᠪᠣᠯᠬᠤ ᠦᠭᠡᠶ᠃
     ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ ᠣᠯᠤᠭ᠎ᠠ ᠦᠭᠡᠢ ᠪᠠᠶᠢᠳᠠᠯ ᠳᠣᠤᠷ᠎ᠠ᠂ ᠬᠡᠷ ᠭᠠᠵᠠᠷ ᠬᠥᠷᠥᠩᠭᠡ ᠶᠢᠨ ᠠᠵᠤ ᠠᠬᠤᠶᠢᠯᠠᠯ ᠪᠤᠶᠤ ᠵᠠᠭᠤᠴᠢ ᠪᠠᠶᠢᠭᠤᠯᠤᠮᠵᠢ᠂ ᠡᠯᠧᠺᠲᠷᠣᠨ ᠬᠤᠳᠠᠯᠳᠤᠭᠠᠨ ᠤ ᠲᠠᠪᠴᠠᠩ᠂ ᠯᠠᠪᠯᠠᠭ᠎ᠠ ᠥᠭᠬᠦ ᠪᠠᠶᠢᠭᠤᠯᠤᠮᠵᠢ᠂ ᠵᠠᠷ ᠮᠡᠳᠡᠭᠡᠨ ᠤ ᠺᠣᠮᠫᠠᠨᠢ ᠵᠡᠷᠭᠡ ᠭᠤᠷᠪᠠᠳᠠᠬᠢ ᠲᠠᠯ᠎ᠠ ᠶᠢᠨ ᠪᠠᠶᠢᠭᠤᠯᠤᠮᠵᠢ ︵ᠳᠣᠷᠣᠭᠰᠢ ︽ᠭᠤᠷᠪᠠᠳᠠᠬᠢ ᠲᠠᠯ᠎ᠠ ᠶᠢᠨ ᠪᠠᠶᠢᠭᠤᠯᠤᠮᠵᠢ︾ ᠭᠡᠵᠦ ᠲᠣᠪᠴᠢᠯᠠᠨ᠎ᠠ︶ ᠨᠢ ᠬᠤᠳᠠᠯᠳᠤᠨ ᠠᠪᠬᠤ᠂ ᠬᠠᠮᠲᠤ ᠪᠠᠷ ᠬᠤᠳᠠᠯᠳᠤᠨ ᠠᠪᠬᠤ᠂ ᠬᠠᠷᠠᠮᠵᠢ ᠠᠪᠬᠤ ︵ᠤᠷᠢᠳᠴᠢᠯᠠᠨ ᠵᠠᠬᠢᠶᠠᠯᠠᠬᠤ᠂ ᠳᠠᠩᠰᠠᠯᠠᠬᠤ᠂ ᠨᠣᠮᠧᠷ ᠰᠣᠩᠭᠤᠬᠤ ᠵᠡᠷᠭᠡ ᠪᠠᠭᠲᠠᠨ᠎ᠠ︶ ᠪᠤᠶᠤ VIP ᠺᠠᠷᠲ ᠭᠦᠢᠴᠡᠳᠭᠡᠬᠦ ᠵᠡᠷᠭᠡ ᠡᠯ᠎ᠡ ᠵᠦᠢᠯ ᠤᠨ ᠬᠡᠯᠪᠡᠷᠢ ᠪᠠᠷ ᠲᠣᠭᠲᠠᠭᠠᠯ ᠢ ᠵᠥᠷᠢᠴᠡᠨ ᠪᠣᠯᠵᠣᠭᠠᠨ ᠤ ᠮᠥᠩᠭᠦ ᠶᠢᠨ ᠲᠥᠷᠥᠯ ᠤᠨ ᠵᠣᠭᠤᠰ ︵ᠵᠠᠬᠢᠶᠠᠯᠠᠭ᠎ᠠ ᠶᠢᠨ ᠮᠥᠩᠭᠦ︶ ᠬᠤᠷᠢᠶᠠᠵᠤ ᠪᠣᠯᠬᠤ ᠥᠬᠡᠶ︔ ᠤᠷᠢᠳᠴᠢᠯᠠᠨ ᠬᠤᠳᠠᠯᠳᠤᠬᠤ ᠵᠣᠭᠤᠰ ᠤᠨ ᠰᠢᠨᠵᠢ ᠴᠢᠨᠠᠷ ᠢᠶᠠᠷ ︽ᠦᠨᠡᠨᠴᠢ ᠰᠡᠳᠬᠢᠯ ᠤᠨ ᠮᠥᠩᠭᠦ︾ ︽ᠰᠠᠨᠠᠮᠵᠢ ᠶᠢᠨ ᠮᠥᠩᠭᠦ︾ ᠬᠤᠷᠢᠶᠠᠵᠤ ᠪᠣᠯᠬᠤ ᠦᠭᠡᠶ︔ ᠪᠠᠩᠬᠢ ᠪᠤᠶᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠨᠠᠶᠢᠳᠠᠵᠤ ᠲᠣᠭᠲᠠᠮᠠᠯ ᠬᠠᠳᠠᠭᠠᠯᠠᠮᠵᠢ ᠶᠢᠨ ᠪᠡᠯᠡ ᠮᠥᠩᠭᠦ ᠶᠢᠨ ᠬᠡᠯᠪᠡᠷᠢ ᠪᠠᠷ ᠬᠤᠳᠠᠯᠳᠤᠨ ᠠᠪᠤᠭᠴᠢ ᠶᠢᠨ ᠬᠤᠳᠠᠯᠳᠤᠨ ᠠᠪᠬᠤ ᠬᠢᠷᠢ ᠬᠡᠮ ᠢ ᠨᠤᠲᠠᠯᠠᠭᠤᠯᠵᠤ ᠪᠣᠯᠬᠤ ᠦᠭᠡᠢ᠃
     ᠬᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠪᠤᠶᠤ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠨᠢ ᠲᠠᠸᠠᠷ ᠤᠨ ᠬᠡᠷ ᠪᠠᠶᠢᠰᠢᠩ ᠢ ᠪᠣᠷᠣᠯᠠᠭᠤᠯᠬᠤ ᠪᠠ ᠬᠠᠮᠢᠶ᠎ᠠ ᠪᠥᠬᠦᠶ ᠭᠠᠷᠳᠠᠮ ᠢ ᠭᠦᠢᠴᠡᠳᠭᠡᠬᠦ ᠳᠤ ᠪᠠᠨ᠂ ᠬᠡᠷ ᠪᠠᠶᠢᠰᠢᠩ ᠬᠤᠳᠠᠯᠳᠤᠨ ᠠᠪᠤᠭᠴᠢ ᠠᠴᠠ ᠬᠡᠷ ᠪᠠᠶᠢᠰᠢᠩ ᠬᠤᠳᠠᠯᠳᠤᠨ ᠠᠪᠬᠤ ᠵᠣᠭᠤᠰ ᠠᠴᠠ ᠪᠤᠰᠤᠳ ᠶᠠᠮᠠᠷᠪᠠ ᠬᠡᠯᠪᠡᠷᠢ ᠶᠢᠨ ᠦᠢᠯᠡᠴᠢᠯᠡᠭᠡᠨ ᠤ ᠵᠠᠷᠤᠳᠠᠯ ᠢ ᠬᠤᠷᠢᠶᠠᠨ ᠠᠪᠴᠤ ᠪᠣᠯᠬᠤ ᠥᠬᠡᠶ︔ ᠪᠠᠷᠢᠮᠵᠢᠶᠠᠲᠤ ᠦᠨ᠎ᠡ ᠠᠴᠠ ᠭᠠᠳᠠᠨ᠎ᠠ ᠬᠡᠯᠪᠡᠷᠢ ᠶᠢ ᠨᠢ ᠥᠭᠡᠷᠡᠲᠦᠭᠦᠯᠦᠨ ᠭᠡᠷ ᠪᠠᠶᠢᠰᠢᠩ ᠢ ᠦᠨ᠎ᠡ ᠨᠡᠮᠡᠵᠦ ᠬᠤᠳᠠᠯᠳᠤᠬᠤ ᠪᠤᠶᠤ ᠬᠠᠳᠠᠭᠰᠠᠨ ᠦᠨ᠎ᠡ ᠠᠴᠠ ᠭᠠᠳᠠᠨ᠎ᠠ ᠦᠨ᠎ᠡ ᠨᠡᠮᠡᠵᠦ ᠬᠤᠯᠪᠣᠭᠳᠠᠯ ᠪᠦᠬᠦᠢ ᠰᠦᠢᠳᠬᠡᠯ ᠬᠤᠷᠢᠶᠠᠵᠤ ᠪᠣᠯᠬᠤ ᠦᠭᠡᠢ᠃
     ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠤᠶᠤ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠨᠢ ᠥᠮᠴᠢᠲᠡᠨ ᠳᠤ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠭᠦᠢᠴᠡᠳᠭᠡᠵᠦ ᠥᠭᠬᠦ ᠶᠠᠪᠤᠴᠠ ᠳᠤ ᠪᠠᠨ ᠬᠠᠤᠯᠢ ᠲᠣᠭᠲᠠᠭᠠᠯ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠰᠦᠢᠳᠭᠡᠯ ᠠᠴᠠ ᠪᠤᠰᠤᠳ ᠶᠠᠮᠠᠷ ᠴᠦ ᠰᠦᠢᠳᠭᠡᠯ ᠬᠤᠷᠢᠶᠠᠵᠤ ᠪᠣᠯᠬᠤ ᠥᠬᠡᠶ︔ ᠦᠨᠡᠮᠯᠡᠯ ᠣᠯᠭᠤᠬᠤ ᠪᠠᠷ ᠨᠥᠬᠦᠴᠡᠯ ᠪᠣᠯᠭᠠᠵᠤ ᠥᠮᠴᠢᠲᠡᠨ ᠠᠴᠠ ᠠᠳᠠᠯ ᠠᠬᠤᠶ ᠶᠢᠨ ᠵᠠᠷᠤᠳᠠᠯ᠂ ᠲᠡᠷᠭᠡᠨ ᠵᠣᠭᠰᠣᠭᠠᠯ ᠤᠨ ᠵᠠᠷᠤᠳᠠᠯ᠂ ᠣᠷᠣᠯᠠᠨ ᠭᠦᠢᠴᠡᠳᠬᠡᠬᠦ ᠵᠠᠷᠤᠳᠠᠯ᠂ ᠮᠠᠲ᠋ᠧᠷᠢᠶᠠᠯ ᠤᠨ ᠵᠠᠷᠤᠳᠠᠯ ᠵᠡᠷᠭᠡ ᠵᠠᠷᠤᠳᠠᠯ ᠢ ᠨᠡᠮᠡᠨ ᠬᠤᠷᠢᠶᠠᠵᠤ ᠪᠣᠯᠬᠤ ᠦᠭᠡᠢ᠃
     ᠭᠡᠷ ᠭᠠᠵᠠᠷ ᠬᠦᠷᠦᠩᠭᠡ ᠶᠢᠨ ᠵᠡᠷ ᠮᠡᠳᠡᠭᠡ ᠳᠤ ᠬᠤᠳᠠᠯ ᠬᠠᠭᠤᠷᠮᠠᠭ ᠠᠭᠤᠯᠭ᠎ᠠ ᠣᠷᠣᠭᠤᠯᠵᠤ ᠪᠣᠯᠬᠤ ᠤᠢᠭᠡᠢ︔ ᠥᠷᠲᠡᠭ ᠨᠡᠮᠡᠭᠳᠡᠬᠦ᠂ ᠪᠤᠴᠠᠭᠠᠨ ᠲᠦᠷᠢᠶᠡᠰᠦᠯᠡᠬᠦ᠂ ᠪᠠᠯᠠ ᠣᠷᠣᠭᠤᠯᠤᠯᠲᠠ ᠶᠢᠨ ᠠᠰᠢᠭ ᠣᠯᠵᠠᠪᠤᠷᠢ ᠤᠯᠬᠤ ᠠᠮᠠᠯᠠᠯᠲᠠ ᠶᠢ ᠪᠠᠭᠲᠠᠭᠠᠵᠤ ᠪᠣᠯᠬᠤ ᠥᠬᠡᠶ︔ ᠲᠥᠷᠥᠯ ᠵᠦᠢᠯ ᠨᠢ ᠶᠠᠮᠠᠷ ᠨᠢᠭᠡᠨ ᠪᠣᠳᠠᠲᠠᠶ ᠬᠠᠷᠢᠴᠠᠭᠤᠯᠤᠭᠴᠢ ᠪᠡᠶ᠎ᠡ ᠳᠤ ᠬᠦᠷᠬᠦ ᠳᠤ ᠬᠡᠷᠡᠭᠰᠡᠬᠦ ᠴᠠᠭ ᠬᠤᠭᠤᠴᠠᠭ᠎ᠠ ᠪᠠᠷ ᠲᠥᠷᠥᠯ ᠵᠦᠢᠯ ᠤᠨ ᠣᠷᠣᠨ ᠪᠠᠶᠢᠷᠢ ᠶᠢ ᠢᠯᠡᠳᠬᠡᠵᠦ ᠪᠣᠯᠬᠤ ᠦᠭᠡᠢ︔ ᠦᠨ᠎ᠡ ᠬᠠᠩᠰᠢ ᠶᠢᠨ ᠬᠠᠮᠢᠶᠠᠷᠤᠯᠲᠠ ᠶᠢᠨ ᠲᠤᠬᠠᠶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ ᠪᠣᠯᠬᠤ ᠤᠢᠭᠡᠢ︔ ᠲᠥᠯᠥᠪᠵᠢᠭᠦᠯᠭᠡ ᠪᠤᠶᠤ ᠪᠦᠳᠦᠭᠡᠨ ᠪᠠᠶᠢᠭᠤᠯᠤᠯᠲᠠ ᠶᠢᠨ ᠳᠤᠮᠳᠠᠬᠢ ᠵᠠᠮ ᠬᠠᠷᠢᠯᠴᠠᠭ᠎ᠠ᠂ ᠬᠤᠳᠠᠯᠳᠤᠭ᠎ᠠ᠂ ᠰᠤᠷᠭᠠᠭᠤᠯᠢ ᠵᠡᠷᠭᠡ ᠪᠡᠯᠡᠳᠬᠡᠮᠵᠢ ᠵᠢᠴᠢ ᠬᠤᠳᠠ ᠶᠢᠨ ᠶᠠᠪᠤᠳᠠᠯ ᠤᠨ ᠪᠤᠰᠤᠳ ᠨᠥᠬᠦᠴᠡᠯ ᠢᠶᠠᠷ ᠤᠬᠠᠭᠤᠯᠭ᠎ᠠ ᠬᠢᠵᠦ ᠪᠣᠯᠬᠤ ᠦᠬᠡᠢ︔ ᠬᠡᠷ ᠪᠠᠶᠢᠰᠢᠩ ᠤᠨ ᠠᠷᠠᠯᠵᠢᠶᠠᠯᠠᠭᠰᠠᠨ ᠪᠠᠶᠢᠳᠠᠯ ᠤᠨ ᠮᠡᠳᠡᠭᠡ ᠵᠠᠩᠭᠢ ᠶᠢ ᠥᠰᠬᠡᠨ ᠲᠥᠰᠬᠡᠨ ᠲᠠᠢ ᠶᠠᠷᠢᠵᠤ᠂ ᠬᠥᠭᠡᠷᠭᠡᠳᠡᠵᠦ ᠪᠣᠯᠬᠤ ᠥᠬᠡᠶ︔ ᠬᠤᠳᠠᠯᠳᠤᠬᠤ ᠡᠲᠡᠭᠡᠳ ᠢ ᠬᠥᠲᠥᠯᠥᠨ ᠵᠢᠯᠣᠭᠤᠳᠴᠤ ᠪᠠᠶᠢᠭᠠᠳ ᠦᠨ᠎ᠡ ᠶᠢ ᠳᠤᠷ᠎ᠠ ᠪᠠᠷ ᠢᠶᠠᠨ ᠥᠰᠬᠡᠵᠦ ᠪᠣᠯᠬᠤ ᠦᠭᠡᠢ︔ ᠸᠢᠴᠠᠲ ᠤᠨ ᠨᠠᠶᠢᠵᠠ ᠶᠢᠨ ᠲᠣᠭᠤᠷᠢᠭ᠂ ᠬᠤᠪᠢ ᠶᠢᠨ ᠵᠠᠭᠤᠴᠢᠯᠠᠭᠤᠷ ᠵᠡᠷᠭᠡ ᠠᠷᠭ᠎ᠠ ᠵᠠᠮ ᠢᠶᠠᠷ ᠬᠡᠷ ᠪᠠᠶᠢᠰᠢᠩ ᠬᠤᠳᠠᠯᠳᠤᠨ ᠠᠪᠬᠤ ᠲᠠᠯ᠎ᠠ ᠪᠠᠷ ᠬᠦᠮᠦᠰ ᠢ ᠰᠣᠴᠢᠭᠠᠨ ᠰᠠᠨᠳᠤᠷᠭᠠᠭᠰᠠᠨ ᠵᠣᠬᠢᠶᠠᠯ ᠢ ᠨᠡᠶᠢᠲᠡᠯᠡᠵᠦ ᠪᠣᠯᠬᠤ ᠥᠬᠡᠶ᠃
     ᠤᠯᠤᠰ ᠤᠨ ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠬᠠᠤᠯᠢ ᠶᠣᠰᠣᠭᠠᠷ ᠣᠯᠤᠭᠰᠠᠨ ᠦᠭᠡᠶ ᠭᠠᠵᠠᠷ ᠰᠢᠷᠣᠶ ᠳᠡᠭᠡᠷ᠎ᠡ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ᠂ ᠤᠯᠤᠰ ᠠᠴᠠ ᠲᠠᠲᠠᠪᠤᠷᠢᠯᠠᠨ ᠬᠡᠷᠡᠭᠯᠡᠬᠦ ᠬᠠᠮᠲᠤ ᠶᠢᠨ ᠥᠮᠴᠢᠯᠡᠯ ᠤᠨ ᠭᠠᠵᠠᠷ ᠰᠢᠷᠣᠶ ᠳᠡᠭᠡᠷ᠎ᠡ ᠵᠥᠪᠰᠢᠶᠡᠷᠡᠯ ᠦᠭᠡᠢ ᠪᠠᠷ ᠪᠦᠳᠦᠭᠡᠠ ᠪᠠᠶᠢᠭᠤᠯᠤᠭᠰᠠᠨ᠂ ᠬᠠᠤᠯᠢ ᠴᠠᠭᠠᠵᠠ ᠶᠢᠨ ᠪᠠᠶᠢᠭᠤᠯᠭ᠎ᠠ ᠪᠠ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠭᠡᠷ ᠭᠠᠵᠠᠷ ᠬᠦᠷᠦᠩᠭᠡ ᠶᠢᠨ ᠡᠷᠬᠡ ᠶᠢ ᠨᠢ ᠪᠠᠶᠢᠴᠠᠭᠠᠨ ᠪᠢᠲᠡᠭᠦᠮᠵᠢᠯᠡᠬᠦ ᠪᠠᠷ ᠬᠠᠤᠯᠢ ᠶᠣᠰᠣᠭᠠᠷ ᠲᠠᠰᠤᠯᠤᠯᠲᠠ ᠬᠢᠭᠰᠡᠨ᠂ ᠲᠣᠭᠲᠠᠭᠠᠭᠰᠠᠨ ᠪᠤᠶᠤ ᠪᠤᠰᠤᠳ ᠬᠡᠯᠪᠡᠷᠢ ᠪᠠᠷ ᠬᠢᠵᠠᠭᠠᠷᠯᠠᠭᠰᠠᠨ᠂ ᠲᠤᠰ ᠲᠥᠷᠥᠯ ᠵᠦᠢᠯ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠥᠯᠥ ᠣᠯᠤᠭᠰᠠᠨ᠂ ᠡᠷᠬᠡ ᠶᠢᠨ ᠬᠠᠷᠢᠶᠠᠯᠠᠯ ᠨᠢ ᠮᠠᠷᠭᠤᠭᠠᠨ ᠲᠠᠢ ᠪᠠᠶᠢᠬᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠨ ᠪᠦᠳᠦᠭᠡᠠ ᠪᠠᠶᠢᠭᠤᠯᠤᠭᠰᠠᠨ᠂ ᠪᠠᠷᠢᠯᠭ᠎ᠠ ᠶᠢᠨ ᠶᠠᠰᠤ ᠴᠢᠨᠠᠷ ᠤᠨ ᠪᠠᠷᠢᠮᠵᠢᠶ᠎ᠠ ᠳᠤ ᠥᠯᠥ ᠨᠡᠶᠢᠴᠡᠬᠦ᠂ ᠰᠢᠯᠭᠠᠨ ᠠᠪᠬᠤ ᠳᠤ ᠬᠢᠷᠢ ᠲᠡᠩᠴᠡᠭᠰᠡᠨ ᠤᠢᠭᠡᠢ ᠭᠡᠷ ᠭᠠᠵᠠᠷ ᠬᠦᠷᠦᠩᠭᠡ ᠶᠢᠨ ᠲᠥᠷᠥᠯ ᠵᠦᠢᠯ ᠳᠤ ᠵᠡᠷ ᠮᠡᠳᠡᠭᠡ ᠨᠡᠶᠢᠲᠡᠯᠡᠵᠦ ᠪᠣᠯᠬᠤ ᠤᠢᠭᠡᠢ᠃
     ᠭᠡᠷ ᠭᠠᠵᠠᠷ ᠬᠦᠷᠦᠩᠭᠡ ᠶᠢᠨ ᠵᠡᠷ ᠮᠡᠳᠡᠭᠡᠨ ᠳᠤ ᠤᠯᠤᠰ ᠤᠨ ᠲᠡᠰ ᠤᠨ᠂ ᠬᠠᠮᠤᠭ ᠤᠨ ᠳᠡᠭᠡᠳᠦ ᠲᠡᠰ ᠤᠨ ᠵᠡᠷᠭᠡ ᠪᠣᠳᠠᠲᠤ ᠪᠠᠶᠢᠳᠠᠯ ᠠᠴᠠ ᠰᠠᠯᠤᠭᠰᠠᠨ ᠵᠣᠷᠢᠭᠤᠳᠠ ᠥᠰᠬᠡᠨ ᠲᠥᠰᠬᠡᠨ ᠲᠠᠢ ᠬᠡᠯᠡᠯᠭᠡ ᠶᠢ ᠬᠡᠷᠡᠭᠯᠡᠵᠦ ᠪᠣᠯᠬᠤ ᠤᠢᠭᠡᠢ︔ ᠪᠣᠯᠬᠢ ᠪᠦᠳᠦᠭᠦᠯᠢᠭ ᠠᠭᠤᠯᠭ᠎ᠠ ᠲᠠᠢ ᠵᠠᠷ ᠮᠡᠳᠡᠭᠡᠨ ᠤ ᠬᠡᠯᠡᠯᠭᠡ ᠪᠠ ᠵᠢᠷᠤᠭ ᠳᠦᠷᠰᠦ ᠶᠢ ᠬᠡᠷᠡᠭᠯᠡᠵᠦ ᠪᠣᠯᠬᠤ ᠤᠢᠭᠡᠢ︔ ︽ᠪᠠᠶᠠᠨ ᠢᠶᠠᠨ ᠭᠠᠶᠢᠬᠠᠭᠤᠯᠬᠤ︾ ᠪᠠᠷ ᠠᠷᠭ᠎ᠠ ᠪᠢᠰᠢᠷ ᠪᠣᠯᠭᠠᠵᠤ ᠬᠦᠮᠦᠰ ᠤᠨ ᠠᠩᠬᠠᠷᠤᠯ ᠢ ᠲᠠᠲᠠᠵᠤ ᠪᠣᠯᠬᠤ ᠦᠭᠡᠢ︔ ᠴᠢᠬᠤᠯᠠ ᠶᠡᠭᠡ ᠤᠯᠤᠰ ᠲᠥᠷᠥ ᠶᠢᠨ ᠬᠡᠷᠡᠭ ᠶᠠᠪᠤᠳᠠᠯ ᠪᠠ ᠦᠭᠡ ᠶᠠᠷᠢᠶ᠎ᠠ ᠪᠠᠷ ᠵᠠᠷ ᠮᠡᠳᠡᠭᠡᠨ ᠤ ᠪᠦᠲᠦᠭᠡᠯᠴᠢ ᠡᠯᠧᠮᠧᠨ᠋ᠲ ᠪᠣᠯᠭᠠᠵᠤ ᠪᠣᠯᠬᠤ ᠦᠭᠡᠶ︔ ᠨᠤᠲᠤᠭ ᠤᠰᠤᠨ ᠤ ᠨᠠᠪᠳᠠᠭ ᠱᠠᠪᠳᠠᠭ ᠦᠵᠡᠬᠦ᠂ ᠲᠥᠯᠭᠡ ᠦᠵᠡᠬᠦ ᠵᠡᠷᠭᠡ ᠹᠸᠤᠳᠠᠯ ᠤᠨ ᠮᠤᠬᠤᠷ ᠪᠢᠰᠢᠷᠡᠯ ᠤᠨ ᠠᠭᠤᠯᠭ᠎ᠠ ᠪᠠᠷ ᠲᠥᠷᠥᠯ ᠵᠦᠢᠯ ᠤᠨ ᠪᠠᠶᠢᠳᠠᠯ ᠳᠤ ᠲᠣᠳᠣᠷᠬᠠᠶᠢᠯᠠᠯᠲᠠ ᠬᠢᠬᠦ ᠪᠠ ᠥᠰᠬᠡᠨ ᠲᠥᠰᠬᠡᠨ ᠲᠠᠢ ᠶᠠᠷᠢᠵᠤ ᠪᠣᠯᠬᠤ ᠦᠭᠡᠶ︔ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠠᠴᠠ ᠵᠥᠷᠢᠴᠡᠵᠦ ᠪᠣᠯᠬᠤ ᠦᠭᠡᠢ︔ ᠪᠤᠰᠤᠳ ᠲᠥᠷᠥᠯ ᠵᠦᠢᠯ ᠤᠨ ᠳᠦᠷᠢ ᠲᠥᠷᠬᠦ᠂ ᠣᠷᠴᠢᠨ ᠨᠥᠬᠦᠴᠡᠯ ᠢᠶᠠᠷ ᠲᠤᠰ ᠲᠥᠷᠥᠯ ᠵᠦᠢᠯ ᠤᠨ ᠦᠷ᠎ᠡ ᠪᠦᠲᠦᠮᠵᠢ ᠪᠣᠯᠭᠠᠵᠤ ᠪᠣᠯᠬᠤ ᠦᠭᠡᠢ︔ ᠪᠡᠯᠡ ᠲᠣᠬᠢᠷᠠᠭᠤᠯᠭ᠎ᠠ ᠪᠤᠶᠤ ᠬᠡᠯᠪᠡᠷᠢ ᠶᠢ ᠨᠢ ᠥᠭᠡᠷᠡᠲᠦᠭᠦᠯᠦᠨ ᠪᠡᠯᠡ ᠲᠣᠬᠢᠷᠠᠭᠤᠯᠬᠤ ᠠᠭᠤᠯᠭ᠎ᠠ ᠭᠠᠷᠴᠤ ᠪᠣᠯᠬᠤ ᠦᠭᠡᠢ︔ ᠵᠢᠭᠡᠯᠡᠯᠭᠡ ᠶᠢᠨ ᠦᠢᠯᠡᠴᠢᠯᠡᠭᠡ ᠳᠤ ᠬᠤᠯᠪᠣᠭᠳᠠᠪᠠᠯ᠂ ᠵᠢᠭᠡᠯᠡᠯᠭᠡ ᠣᠯᠭᠤᠭᠰᠠᠨ ᠪᠠᠩᠬᠢ ᠶᠢᠨ ᠨᠡᠷᠡᠶᠢᠳᠦᠯ ᠵᠢᠴᠢ ᠵᠢᠭᠡᠯᠡᠯᠭᠡ ᠶᠢᠨ ᠲᠤᠭ᠎ᠠ ᠬᠡᠮᠵᠢᠶ᠎ᠡ᠂ ᠣᠨ ᠬᠤᠭᠤᠴᠠᠭ᠎ᠠ ᠶᠢ ᠲᠣᠳᠣᠷᠬᠠᠶ ᠲᠡᠮᠳᠡᠭᠯᠡᠬᠦ ᠬᠡᠷᠡᠭᠲᠡᠶ᠂ ︽ᠡᠵᠡᠩᠨᠡᠯᠲᠡ ᠶᠢᠨ ᠵᠢᠭᠡᠯᠡᠯᠭᠡ︾ ︽ᠠᠩᠬ᠎ᠠ ᠲᠤᠰᠢᠶᠠᠬᠤ ᠵᠢᠭᠡᠯᠡᠯᠭᠡ︾ ︽ᠬᠡᠷᠡᠭᠯᠡᠭᠡᠨ ᠤ ᠵᠢᠭᠡᠯᠡᠯᠭᠡ︾ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠶᠠᠮᠠᠷᠪᠠ ᠬᠡᠷ ᠭᠠᠵᠠᠷ ᠬᠥᠷᠥᠩᠭᠡ ᠶᠢᠨ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠣᠷᠣᠯᠴᠠᠵᠤ ᠪᠣᠯᠬᠤ ᠥᠬᠡᠶ︔ ᠬᠡᠷ ᠪᠠᠶᠢᠰᠢᠩ ᠬᠤᠳᠠᠯᠳᠤᠨ ᠠᠪᠤᠪᠠᠯ ᠳᠠᠷᠤᠶ ᠣᠷᠣᠵᠤ ᠰᠠᠭᠤᠭᠰᠠᠳ ᠲᠤ ᠡᠷᠦᠬᠡ ᠠᠮᠠ ᠶᠢᠨ ᠲᠠᠩᠰᠠ᠂ ᠠᠵᠢᠯ ᠤᠯᠬᠤ᠂ ᠰᠤᠷᠭᠠᠭᠤᠯᠢ ᠳᠡᠪᠰᠢᠬᠦ ᠵᠡᠷᠭᠡ ᠵᠦᠢᠯᠡᠰ ᠢ ᠭᠦᠢᠴᠡᠳᠭᠡᠵᠦ ᠥᠭᠬᠦ ᠠᠮᠠᠯᠠᠯᠲᠠ ᠬᠢᠵᠦ ᠪᠣᠯᠬᠤ

ᠥᠬᠡᠶ᠃
     ᠬᠡᠷ ᠭᠠᠵᠠᠷ ᠬᠥᠷᠥᠩᠭᠡ ᠶᠢᠨ ᠵᠠᠷ ᠮᠡᠳᠡᠭᠡᠨ ᠤ ᠬᠡᠯᠡᠯᠭᠡ ᠳᠤ ᠬᠠᠤᠯᠢ ᠶᠣᠰᠣᠭᠠᠷ ᠲᠠᠯᠠᠪᠠᠶ ᠶᠢ ᠬᠠᠭᠠᠰ ᠢᠶᠠᠷ ᠬᠠᠰᠤᠵᠤ ᠪᠣᠳᠣᠬᠤ ᠵᠢᠴᠢ ᠣᠯᠠᠨ ᠨᠡᠶᠢᠲᠡ ᠶᠢᠨ ᠬᠠᠮᠲᠤ ᠶᠢᠨ ᠲᠠᠯᠠᠪᠠᠶ ᠳᠤ ᠬᠠᠷᠢᠶᠠᠯᠠᠭᠳᠠᠬᠤ ᠲᠠᠯᠠᠪᠠᠢ ᠵᠡᠷᠭᠡ ᠶᠢ ᠪᠡᠯᠡᠭᠯᠡᠵᠦ ᠬᠦᠷᠭᠡᠬᠦ ᠭᠡᠵᠦ ᠵᠠᠷᠯᠠᠵᠤ ᠪᠣᠯᠬᠤ ᠥᠬᠡᠶ᠂ ᠵᠢᠱᠢᠶᠡᠯᠡᠪᠡᠯ ︽ᠨᠢᠭᠡ ᠳᠠᠪᠬᠤᠷ ᠬᠤᠳᠠᠯᠳᠤᠨ ᠠᠪᠤᠪᠠᠯ ᠨᠢᠭᠡ ᠳᠠᠪᠬᠤᠷ ᠪᠡᠯᠡᠭᠯᠡᠬᠦ︾ ︽ᠨᠢᠭᠡ ᠥᠷᠥᠭᠡ ᠬᠤᠳᠠᠯᠳᠤᠨ ᠠᠪᠤᠪᠠᠯ ᠨᠢᠭᠡ ᠥᠷᠥᠭᠡ ᠪᠡᠯᠡᠭᠯᠡᠬᠦ︾ ︽ᠨᠢᠭᠡᠳᠦᠭᠡᠷ ᠳᠠᠪᠬᠤᠷᠭ᠎ᠠ ᠶᠢ ᠬᠤᠳᠠᠯᠳᠤᠨ ᠠᠪᠤᠪᠠᠯ ᠪᠠᠭ᠎ᠠ ᠬᠦᠷᠢᠶ᠎ᠡ ᠪᠡᠯᠡᠭᠯᠡᠬᠦ︾ ᠭᠡᠬᠦ ᠮᠡᠲᠦ ᠵᠠᠷᠯᠠᠵᠤ ᠪᠣᠯᠬᠤ ᠦᠭᠡᠢ᠃
     ᠲᠣᠭᠲᠠᠭᠠᠯ ᠠᠴᠠ ᠵᠥᠷᠢᠴᠡᠭᠰᠡᠨ ᠬᠡᠷ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠠ ᠵᠠᠭᠤᠴᠢ ᠪᠠᠶᠢᠭᠤᠯᠤᠮᠵᠢ ᠶᠢ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠵᠤ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠦᠨ᠎ᠡ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ