2021 ᠣᠨ ᠤ 2 ᠰᠠᠷ᠎ᠠ ᠶᠢᠨ 21 ᠤ ᠡᠳᠦᠷ ᠤᠨ 7 ᠴᠠᠭ ᠠᠴᠠ 2 ᠰᠠᠷ᠎ᠠ ᠶᠢᠨ 22 ᠤᠨ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃ | 2021 ᠣᠨ ᠤ 2 ᠰᠠᠷ᠎ᠠ ᠶᠢᠨ 22 ᠤᠨ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ | ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ᠪᠠᠶᠢᠵᠤ᠂ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ | ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ | ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ | ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭᠠᠬᠢ ᠬᠢᠵᠢᠭ ᠢ ᠰᠡᠷᠭᠡᠶᠢᠯᠡᠬᠦ ᠰᠠᠨᠠᠭᠤᠯᠤᠮᠵᠢ᠄ ᠪᠤᠴᠠᠬᠤ ᠵᠠᠮ ᠳᠠᠭᠠᠨ᠂ ᠬᠤᠪᠢ ᠬᠥᠮᠥᠨ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠥᠷᠲᠡᠭᠡᠨ ᠳᠤ ᠣᠷᠣᠬᠤ ᠡᠭᠦᠳᠡ᠂ ᠠᠮᠤᠷ ᠲᠦᠪᠰᠢᠨ ᠤ ᠪᠠᠶᠢᠴᠠᠭᠠᠯᠲᠠ ᠶᠢᠨ ᠡᠭᠦᠳᠡ ᠵᠢᠴᠢ ᠪᠢᠯᠧᠲ | ᠰᠢᠯᠭᠠᠬᠤ ᠭᠠᠵᠠᠷ ᠲᠤ ︽ᠨᠢᠭᠡ ᠮᠧᠲᠷ ᠤᠨ ᠵᠠᠢ︾ ᠶᠢ ᠵᠢᠷᠤᠮᠯᠠᠨ᠂ ᠪᠡᠶ᠎ᠡ ᠶᠢᠨ ᠳᠤᠯᠠᠭᠠᠨ ᠢᠶᠠᠨ ᠬᠢᠨᠠᠮᠠᠭᠠᠢ ᠬᠡᠮᠵᠢᠵᠦ᠂ ᠠᠮᠠᠪᠴᠢ ᠵᠡᠭᠦᠬᠦ ᠬᠡᠷᠡᠭᠲᠡᠢ᠃ ᠬᠡᠷᠪᠡ | ᠨᠡᠶᠢᠲᠡ ᠶᠢᠨ ᠮᠠᠰᠢᠨ ᠲᠡᠷᠭᠡ᠂ ᠨᠢᠰᠭᠡᠯ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠪᠠᠯ᠂ ᠡᠭᠡᠯᠵᠢ ᠤᠳᠠᠭ᠎ᠠ᠂ ᠴᠠᠭ ᠵᠢᠴᠢ ᠰᠠᠭᠤᠳᠠᠯ ᠤᠨ | ᠳ᠋ᠤᠭᠠᠷ ᠢᠶᠠᠨ ᠴᠡᠭᠡᠵᠢᠯᠡᠬᠦ ᠶᠢᠨ ᠬᠠᠮᠲᠤ ᠪᠢᠯᠧᠲ ᠪᠠᠷᠢᠮᠲᠠ ᠪᠠᠨ ᠲᠣᠬᠢᠲᠠᠢ ᠬᠠᠳᠠᠭᠠᠯᠠᠵᠤ᠂ ᠬᠢᠵᠢᠭ ᠤᠨ ᠪᠠᠶᠢᠳᠠᠯ ᠭᠠᠷᠪᠠᠯ ᠴᠠᠭ ᠲᠤᠬᠠᠢ ᠳᠤᠨᠢ ᠮᠥᠷᠳᠡᠨ ᠨᠡᠬᠡᠮᠵᠢᠯᠡᠵᠦ | ᠪᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠡᠷᠪᠡ ᠬᠤᠪᠢ ᠶᠢᠨ ᠲᠡᠷᠭᠡ ᠪᠠ ᠰᠦᠯᠵᠢᠶᠡᠨ ᠪᠣᠯᠵᠣᠯᠲᠤ ᠲᠡᠷᠭᠡᠨ ᠳᠤ ᠰᠠᠭᠤᠪᠠᠯ᠂ ᠲᠡᠷᠭᠡᠨ ᠨᠣᠮᠧᠷ ᠢ ᠨᠢ ᠴᠡᠭᠡᠵᠢᠯᠡᠵᠦ᠂ | ᠠᠯᠢ ᠴᠢᠳᠠᠬᠤ ᠪᠠᠷ ᠠᠷᠤ ᠶᠢᠨ ᠰᠠᠭᠤᠳᠠᠯ ᠳᠤ ᠨᠢ ᠰᠠᠭᠤᠵᠤ᠂ ᠴᠣᠩᠬᠤ ᠪᠠᠨ ᠢᠯᠡᠭᠦᠬᠡᠨ ᠨᠡᠭᠡᠭᠡᠵᠦ ᠰᠠᠯᠬᠢ ᠨᠡᠪᠲᠡᠷᠡᠭᠦᠯᠦᠨ᠂ ᠬᠤᠪᠢ ᠬᠥᠮᠥᠨ ᠤ ᠬᠠᠮᠠᠭᠠᠯᠠᠯᠲᠠ ᠪᠠᠨ | ᠰᠠᠶᠢᠲᠤᠷ ᠬᠢᠭᠡᠷᠡᠢ᠃ |