2 ᠳ᠋ᠤᠭᠠᠷ ᠰᠠᠷ᠎ᠠ ᠶᠢᠨ 20 ᠤ ᠡᠳᠦᠷ᠂ ᠪᠦᠬᠦ ᠠᠶᠢᠮᠠᠭ ᠤᠨ ︽ᠱᠠᠯᠢᠭ ᠵᠠᠪᠬᠠᠢ ᠵᠦᠢᠯ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ | ᠠᠵᠢᠯ ᠤᠨ ᠪᠠᠶᠢᠷᠢᠯᠠᠭᠤᠯᠤᠯᠲᠠ ᠶᠢᠨ ᠸᠢᠳᠢᠣ᠋ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠦᠬᠡ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠣᠨ᠎ᠠ᠂ | ᠮᠦᠨ ᠴᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ ᠪᠣᠯᠤᠨ᠎ᠠ᠂ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠥᠷᠢᠰᠥᠯᠳᠦᠭᠡᠨ ᠤ ᠡᠮᠦᠨ᠎ᠡ᠂ | ᠪᠥᠬᠦ ᠠᠶᠢᠮᠠᠭ ᠤᠨ ︽ᠱᠠᠯᠢᠭ ᠵᠠᠪᠬᠠᠶ ᠵᠦᠶᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠹᠷᠣᠨᠲ ᠤᠨ ᠬᠢᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠠᠵᠢᠯ ᠤᠨ | ᠤᠯᠤᠰ ᠲᠥᠷᠥ ᠶᠢᠨ ᠴᠢᠨᠠᠷ᠂ ᠰᠢᠰᠲ᠋ᠧᠮᠲᠦ ᠴᠢᠨᠠᠷ᠂ ᠤᠷᠢᠳᠴᠢᠯᠠᠨ ᠮᠡᠳᠡᠬᠦ ᠴᠢᠨᠠᠷ᠂ ᠪᠦᠳᠦᠮᠵᠢᠳᠤ ᠴᠢᠨᠠᠷ ᠢ ᠦᠨᠡᠨ ᠬᠦ ᠴᠢᠩᠭᠠᠳᠬᠠᠵᠤ᠂ ᠤᠷᠢᠳᠠᠴᠢ ᠰᠢᠲᠠᠷ᠎ᠠ ᠪᠠᠨ | ᠰᠠᠶᠢᠲᠤᠷ ᠲᠠᠯᠪᠢᠨ᠂ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠵᠦ᠂ ᠲᠦᠢᠯ ᠤᠨ ᠣᠨᠤᠪᠴᠢᠲᠠᠢ ᠪᠠᠷ ᠰᠣᠳᠤᠯᠵᠤ ᠮᠠᠭᠠᠳᠯᠠᠨ᠂ ᠨᠠᠷᠢᠯᠢᠭ ᠪᠠᠶᠢᠷᠢᠯᠠᠭᠤᠯᠵᠤ᠂ | ᠲᠣᠭᠲᠠᠭᠤᠨ ᠪᠥᠭᠡᠳ ᠡᠮᠬᠢ ᠵᠢᠷᠤᠮ ᠲᠠᠢ᠂ ᠡᠷᠡᠭᠦᠯ ᠥᠭᠡᠳᠡᠷᠬᠡᠭ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠬᠦᠴᠦᠲᠡᠶ ᠬᠠᠮᠠᠭᠠᠯᠠᠬᠤ ᠬᠡᠷᠡᠭᠲᠡᠶ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠴᠣᠬᠢᠯᠲᠠ ᠥᠭᠬᠦ ᠪᠠ ᠰᠡᠷᠭᠡᠶᠢᠯᠡᠬᠦ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ︽ᠵᠥᠪ ᠵᠠᠮ︾᠂ ︽ᠴᠢᠬᠡᠴᠢ | ᠰᠤᠷᠲᠠᠯ︾ ᠤᠨ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠲᠦᠷᠦ ᠶᠢᠨ ᠴᠢᠨᠠᠷᠲᠠᠢ ᠬᠤᠣᠷ ᠬᠥᠨᠥᠭᠡᠯ ᠲᠠᠢ ᠮᠡᠳᠡᠭᠡ ᠵᠠᠩᠭᠢ ᠪᠣᠯᠤᠨ | ᠬᠡᠪᠯᠡᠭᠳᠡᠬᠦᠨ ᠤ ᠨᠡᠪᠴᠢᠨ ᠳᠡᠯᠭᠡᠷᠡᠬᠦ ᠶᠢ ᠬᠤᠷᠢᠭᠯᠠᠬᠤ ᠬᠡᠷᠡᠭᠲᠡᠢ᠃ ᠭᠦᠨᠵᠡᠭᠡᠢ ᠵᠠᠰᠠᠬᠤ᠂ ᠴᠢᠩᠭ᠎ᠠ ᠴᠣᠬᠢᠯᠲᠠ ᠥᠭᠬᠦ ᠶᠢ ᠪᠠᠷᠢᠮᠲᠠᠯᠠᠵᠤ᠂ ︽ᠰᠢᠨ᠎ᠡ ᠰᠤᠷᠲᠠᠯ︾᠂ | ︽ᠵᠠᠭᠤᠨ ᠡᠳᠦᠷ ᠴᠡᠪᠡᠷᠯᠡᠬᠦ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ | ᠰᠠᠶᠢᠨ ᠰᠠᠶᠢᠬᠠᠨ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠪᠠᠶᠢᠷᠢᠰᠢᠯ ᠢ ᠦᠷᠭᠡᠳᠬᠡᠨ᠂ ᠬᠠᠮᠵᠢᠯᠴᠠᠨ ᠠᠵᠢᠯᠯᠠᠬᠤ ᠶᠢ | ᠪᠠᠷᠢᠮᠲᠠᠯᠠᠵᠤ᠂ ︽ᠱᠠᠯᠢᠭ ᠵᠠᠪᠬᠠᠢ ᠵᠦᠢᠯ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠵᠠᠰᠠᠯᠲᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠯᠠᠪᠳᠠᠭᠤᠨ ᠪᠠᠲᠤᠲᠠᠢ ᠠᠵᠢᠯ ᠤᠨ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠪᠠ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠡᠬᠢᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠠ᠃ |