ᠦᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠦᠯᠦᠪᠯᠡᠭᠡ ︵2020-2022 ᠣᠨ︶ ᠶᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/2/22

                                                      ᠦᠪᠦᠷ ᠵᠠᠰᠠᠭ ᠲᠠᠷᠬᠠᠭᠠᠭᠰᠠᠨ ﹇2020﹈ 21 ᠳ᠋ᠦ᠋ᠭᠡᠷ ᠲᠣᠭᠠᠲᠤ

     ᠦᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠦᠯᠦᠪᠯᠡᠭᠡ ︵2020-2022 ᠣᠨ︶ ᠶᠢ

ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂

ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

     ᠡᠳᠦᠭᠡ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯᠯᠠᠭᠠᠨ ᠤ

ᠲᠦᠯᠦᠪᠯᠡᠭᠡ ︵2020-2022 ᠣᠨ︶︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ

ᠨᠠᠶᠢᠳᠠᠪᠤᠷᠢᠵᠢᠭᠤᠯᠲᠤᠭᠠᠢ᠃

                                                                2020 ᠣᠨ ᠤ 12 ᠳ᠋ᠤᠭᠠᠷ ᠰᠠᠷ᠎ᠠ ᠶᠢᠨ 7 ᠤ ᠡᠳᠦᠷ

                                                                ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠴᠢᠨᠠᠷ ᠰᠠᠶᠢᠲᠠᠶ

     ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ ︵2020 — 2022 ᠣᠨ︶

     ︽ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ

ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠲᠥᠪ ᠲᠠᠷᠬᠠᠭᠠᠭᠰᠠᠨ ﹇2019﹈ 48 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ

ᠨᠠᠶᠢᠳᠠᠪᠤᠷᠢᠵᠢᠭᠤᠯᠵᠤ᠂ ᠠᠷᠠᠯᠵᠢᠶᠠᠨ ᠤ ᠥᠷᠢᠰᠥᠯᠳᠦᠭᠡᠨ ᠳᠠᠬᠢ ᠰᠢᠨ᠎ᠡ ᠳᠠᠪᠠᠭᠤᠯᠢᠭ ᠢ ᠲᠦᠷᠬᠡᠬᠡᠨ ᠪᠣᠢ ᠪᠣᠯᠭᠠᠵᠤ᠂ ᠮᠠᠨ ᠤ ᠣᠷᠣᠨ ᠤ ᠭᠠᠳᠠᠭᠠᠳᠤ ᠠᠷᠠᠯᠵᠢᠶᠠᠨ ᠤ

ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠤᠶᠠᠯᠳᠤᠭᠤᠯᠤᠨ᠂ ᠲᠣᠰ

ᠠᠵᠢᠯᠯᠠᠭᠠᠨ ᠤ ᠲᠥᠯᠥᠪᠯᠡᠭᠡ ᠶᠢ ᠲᠣᠭᠲᠠᠭᠠᠪᠠ᠃

     ᠨᠢᠭᠡ᠂ ᠵᠢᠯᠣᠭᠤᠳᠬᠤ ᠦᠵᠡᠯ ᠰᠠᠨᠠᠭ᠎ᠠ

     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂

ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂

ᠭᠠᠳᠠᠭᠰᠢ ᠨᠡᠭᠡᠭᠡᠯᠲᠡ ᠬᠢᠬᠦ ᠶᠢ ᠤᠯᠠᠮ ᠨᠢᠭᠡ ᠠᠯᠬᠤᠮ ᠥᠷᠭᠡᠳᠭᠡᠨ᠂ ᠠᠷᠠᠯᠵᠢᠶᠠᠨ ᠤ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠵᠦ᠂ ᠠᠷᠠᠯᠵᠢᠶᠠᠨ ᠤ

ᠰᠢᠨ᠎ᠡ ᠶᠢ ᠡᠭᠦᠳᠬᠦ ᠴᠢᠳᠠᠪᠤᠷᠢ ᠪᠠ ᠬᠥᠭᠵᠢᠯᠲᠡ ᠶᠢᠨ ᠬᠥᠳᠡᠯᠭᠡᠭᠴᠢ ᠬᠦᠴᠦᠨ ᠢ ᠴᠢᠩᠭᠠᠷᠠᠭᠤᠯᠤᠨ᠂ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂

ᠰᠢᠨ᠎ᠡ ᠬᠡᠪ ᠵᠠᠭᠪᠤᠷ ᠢ ᠪᠣᠢ ᠪᠣᠯᠭᠠᠵᠤ᠂ ᠮᠠᠨ ᠤ ᠣᠷᠣᠨ ᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠬᠦ ᠶᠢ ᠦᠨᠡᠨ ᠬᠦ ᠠᠬᠢᠭᠤᠯᠤᠨ᠎ᠠ᠃

     ᠬᠤᠶᠠᠷ᠂ ᠬᠥᠭᠵᠢᠭᠦᠯᠬᠦ ᠬᠠᠷᠠᠯᠲᠠ

     2022 ᠣᠨ ᠪᠣᠯᠬᠤ ᠳᠤ᠂ ᠪᠦᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠬᠤ ᠪᠦᠲᠦᠴᠡ ᠶᠢ ᠤᠯᠠᠮ

ᠨᠢᠭᠡ ᠠᠯᠬᠤᠮ ᠰᠢᠯᠢᠳᠡᠭᠵᠢᠭᠦᠯᠵᠦ᠂ ᠣᠯᠠᠨ ᠤᠯᠤᠰ ᠲᠠᠬᠢ ᠵᠠᠬ᠎ᠠ ᠳᠡᠯᠭᠡᠭᠦᠷ ᠢᠶᠠᠨ ᠨᠡᠩ ᠢᠯᠡᠭᠦᠦ ᠣᠯᠠᠨ ᠡᠰᠢᠵᠢᠭᠰᠡᠨ ᠪᠠᠶᠢᠳᠠᠯ ᠲᠠᠢ ᠪᠣᠯᠭᠠᠨ᠂ ᠡᠵᠡᠩᠨᠡᠯᠲᠡ ᠶᠢᠨ

ᠭᠤᠤᠯ ᠴᠣᠭᠴᠠ ᠶᠢᠨ ᠰᠢᠨ᠎ᠡ ᠶᠢ ᠡᠭᠦᠳᠬᠦ ᠴᠢᠳᠠᠪᠤᠷᠢ᠂ ᠣᠯᠠᠨ ᠤᠯᠤᠰ ᠯᠤᠭ᠎ᠠ ᠶᠢᠨ ᠥᠷᠢᠰᠦᠯᠳᠦᠬᠦ ᠬᠦᠴᠦᠨ ᠢ ᠢᠯᠡᠳᠲᠡ ᠳᠡᠭᠡᠭᠰᠢᠯᠡᠭᠦᠯᠵᠦ᠂ ᠭᠠᠳᠠᠭᠠᠳᠤ

ᠠᠷᠠᠯᠵᠢᠶᠠᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠢᠯᠡᠳᠲᠡ ᠰᠠᠶᠢᠵᠢᠷᠠᠭᠤᠯᠤᠨ᠂ ᠪᠦᠬᠦ ᠣᠷᠣᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠳᠤ

ᠦᠵᠡᠭᠦᠯᠬᠦ ᠬᠤᠪᠢ ᠨᠡᠮᠡᠷᠢ ᠶᠢ ᠨᠡᠮᠡᠭᠳᠡᠭᠦᠯᠦᠨ᠎ᠡ᠃ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠶᠢ ᠵᠢᠯ ᠪᠦᠷᠢ

ᠳᠤᠮᠳᠠᠴᠢ ᠪᠠᠷ 5% ᠨᠡᠮᠡᠭᠳᠡᠭᠦᠯᠦᠨ᠂ ᠶᠡᠷᠦᠩᠬᠡᠶ ᠦᠷᠳᠡᠭ ᠢ 1250 ᠳ᠋ᠦᠩᠰᠢᠭᠤᠷ ᠲᠥᠭᠦᠷᠢᠭ ᠲᠤ ᠬᠦᠷᠭᠡᠵᠦ᠂ ᠭᠠᠳᠠᠭᠠᠳᠤ ᠠᠷᠠᠯᠵᠢᠶᠠᠨ ᠳᠤ ᠲᠦᠰᠢᠭᠯᠡᠬᠦ

ᠬᠡᠮᠵᠢᠶ᠎ᠡ ᠶᠢ 7% ᠣᠷᠴᠢᠮ ᠪᠣᠯᠭᠠᠨ᠎ᠠ︔ ᠮᠠᠨ ᠤ ᠣᠷᠣᠨ ᠬᠢᠭᠡᠳ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠤᠨ ᠬᠤᠭᠤᠷᠤᠨᠳᠤᠬᠢ ᠠᠷᠠᠯᠵᠢᠶᠠᠨ ᠤ

ᠶᠡᠷᠦᠩᠬᠡᠶ ᠬᠡᠮᠵᠢᠶ᠎ᠡ ᠶᠢ 800 ᠳ᠋ᠦᠩᠰᠢᠭᠤᠷ ᠲᠥᠭᠦᠷᠢᠭ ᠲᠤ ᠬᠦᠷᠭᠡᠵᠦ᠂ 2020 ᠣᠨ ᠤ ᠬᠢ ᠠᠴᠠ 12.5% ᠨᠡᠮᠡᠭᠳᠡᠭᠦᠯᠦᠨ᠎ᠡ᠃ 2022 ᠣᠨ ᠤ ᠰᠡᠭᠦᠯᠴᠢ

ᠪᠣᠯᠬᠤ ᠳᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ ᠤ ᠡᠵᠡᠯᠡᠬᠦ ᠬᠠᠷᠢᠴᠠᠯ ᠢ 15% ᠠᠴᠠ ᠳᠡᠭᠡᠭᠰᠢ ᠳᠤ ᠬᠦᠷᠦᠭᠦᠯᠦᠨ᠎ᠡ︔ ᠬᠢᠯᠢ ᠶᠢᠨ ᠠᠷᠠᠳ ᠤᠨ ᠵᠠᠬ᠎ᠠ ᠶᠢᠨ

ᠠᠷᠠᠯᠵᠢᠶᠠᠨ ᠤ ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠬᠤ ᠲᠤᠭ᠎ᠠ ᠶᠢ 150 ᠭᠠᠷᠤᠢ ᠳ᠋ᠦᠩᠰᠢᠭᠤᠷ ᠲᠥᠭᠦᠷᠢᠭ ᠪᠣᠯᠭᠠᠨ᠎ᠠ᠂ ᠡᠭᠦᠨ ᠳᠤ᠂

ᠰᠠᠭᠤᠷᠢᠰᠢᠭᠤᠯᠤᠨ ᠪᠣᠯᠪᠠᠰᠤᠷᠠᠭᠤᠯᠬᠤ ᠠᠷᠠᠯᠵᠢᠶᠠᠨ ᠤ ᠬᠡᠪᠴᠢᠶᠡᠵᠢᠯ ᠢ 100 ᠳ᠋ᠦᠩᠰᠢᠭᠤᠷ ᠲᠥᠭᠦᠷᠢᠭ ᠲᠤ ᠬᠦᠷᠭᠡᠵᠦ᠂ ᠬᠢᠯᠢ ᠶᠢᠨ ᠠᠷᠠᠯᠵᠢᠶᠠᠨ ᠤ ᠬᠥᠭᠵᠢᠯᠲᠡ ᠶᠢ

ᠨᠦᠯᠦᠭᠡᠯᠡᠨ ᠳᠠᠶᠢᠴᠢᠯᠠᠬᠤ ᠳᠤ ᠡᠵᠡᠯᠡᠬᠦ ᠬᠠᠷᠢᠴᠠᠯ ᠢ 40% ᠠᠴᠠ ᠢᠯᠡᠭᠦᠦ ᠪᠣᠯᠭᠠᠨ᠎ᠠ︔ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ

ᠣᠷᠤᠭᠤᠯᠵᠤ ᠭᠠᠳᠠᠭᠠᠲᠤ ᠳᠤ ᠭᠠᠷᠭᠠᠬᠤ ᠪᠦᠬᠦ ᠲᠤᠭ᠎ᠠ ᠶᠢ 50 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ︔ ᠵᠠᠬ᠎ᠠ ᠳᠡᠯᠭᠡᠭᠦᠷ ᠢᠶᠠᠷ ᠬᠤᠳᠠᠯᠳᠤᠨ

ᠠᠪᠬᠤ ᠠᠷᠠᠯᠵᠢᠶᠠᠨ ᠤ ᠬᠡᠪᠴᠢᠶᠡᠵᠢᠯ ᠢ 50 ᠳ᠋ᠦᠩᠰᠢᠭᠤᠷ ᠲᠥᠭᠦᠷᠢᠭ ᠠᠴᠠ ᠢᠯᠡᠭᠦᠦ ᠪᠣᠯᠭᠠᠨ᠎ᠠ᠃ ᠪᠦᠬᠦ ᠣᠷᠣᠨ ᠤ ᠭᠠᠳᠠᠭᠠᠳᠤ ᠠᠷᠠᠯᠵᠢᠶᠠᠨ ᠤ ᠪᠣᠳᠠᠲᠤ

ᠠᠮᠵᠢᠯᠲᠠ ᠲᠠᠢ ᠠᠵᠤ ᠠᠬᠤᠶᠢᠯᠠᠯ ᠢ 2600 ᠠᠴᠠ ᠳᠠᠪᠠᠭᠤᠯᠬᠤ ᠪᠠᠷ ᠴᠢᠷᠮᠠᠶᠢᠨ᠎ᠠ᠂ ᠡᠭᠦᠨ ᠳᠤ᠂ ᠳ᠋ᠦᠩᠰᠢᠭᠤᠷ ᠲᠥᠭᠦᠷᠢᠭ ᠢ ᠳᠠᠪᠠᠭᠰᠠᠨ ᠭᠠᠳᠠᠭᠠᠳᠤ ᠳᠤ ᠭᠠᠷᠭᠠᠬᠤ

ᠬᠡᠮᠵᠢᠶ᠎ᠡ ᠲᠠᠢ ᠠᠵᠤ ᠠᠬᠤᠶᠢᠯᠠᠯ ᠢ 60 ᠪᠤᠯᠭᠠᠵᠦ᠂ ᠳ᠋ᠦᠩᠰᠢᠭᠤᠷ ᠲᠥᠭᠦᠷᠢᠭ ᠢ ᠳᠠᠪᠠᠭᠰᠠᠨ ᠭᠠᠳᠠᠭᠠᠳᠤ ᠠᠴᠠ ᠣᠷᠣᠭᠤᠯᠤᠭᠰᠠᠨ ᠲᠤᠭ᠎ᠠ ᠲᠠᠢ ᠠᠵᠤ ᠠᠬᠤᠶᠢᠯᠠᠯ ᠢ

110 ᠪᠤᠯᠭᠠᠨ᠎ᠠ᠃ ᠭᠠᠳᠠᠭᠠᠳᠤ ᠠᠷᠠᠯᠵᠢᠶᠠᠨ ᠤ ᠭᠤᠣᠯ ᠪᠣᠯᠬᠤ ᠠᠶᠢᠮᠠᠭ ᠬᠤᠲᠠ ᠳᠤ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ

ᠠᠬᠤᠶᠢᠯᠠᠯ ᠢ 10 ᠭᠠᠷᠤᠢ ᠪᠣᠯᠭᠠᠵᠤ᠂ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠴᠢᠷᠮᠠᠶᠢᠨ ᠥᠷᠭᠡᠳᠬᠡᠵᠦ᠂ ᠨᠡᠩ ᠤᠯᠠᠨ ᠭᠠᠳᠠᠭᠠᠳᠤ ᠠᠷᠠᠯᠵᠢᠶᠠᠨ ᠤ ᠳᠤᠮᠳᠠ

ᠵᠢᠵᠢᠭ ᠠᠵᠤ ᠠᠬᠤᠶᠢᠯᠠᠯ ᠢ ᠤᠯᠠᠨ ᠤᠯᠤᠰ ᠤᠨ ᠵᠠᠬ᠎ᠠ ᠳᠡᠯᠭᠡᠭᠦᠷ ᠲᠤ ᠣᠷᠤᠭᠤᠯᠬᠤ ᠪᠠᠷ ᠳᠠᠶᠢᠴᠢᠯᠠᠨ ᠳᠠᠭᠠᠭᠤᠯᠤᠨ᠎ᠠ᠃ ᠤᠯᠤᠰ ᠤᠨ ᠲᠠᠰ ᠤᠨ ᠭᠠᠳᠠᠭᠠᠳᠤ

ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠰᠠᠭᠤᠷᠢᠨ ᠭᠠᠵᠠᠷ ᠢ 15 ᠠᠴᠠ ᠢᠯᠡᠭᠦᠦ ᠪᠣᠯᠭᠠᠵᠤ᠂ ᠣᠯᠠᠨ ᠤᠯᠤᠰ ᠤᠨ ᠡᠵᠡᠩᠨᠡᠯᠲᠡ

ᠪᠤᠷᠤᠯᠠᠭᠤᠯᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ 10 ᠭᠠᠷᠤᠢ ᠪᠣᠯᠭᠠᠨ᠎ᠠ᠃ ᠥᠪᠥᠷ ᠮᠣᠩᠭᠤᠯ ᠤᠨ ᠪᠡᠶ᠎ᠡ ᠪᠠᠨ ᠳᠠᠭᠠᠭᠠᠭᠰᠠᠨ ᠭᠠᠳᠠᠭᠠᠳᠤ ᠳᠤ

ᠭᠠᠷᠭᠠᠬᠤ ᠨᠡᠷᠡᠲᠦ ᠲᠡᠮᠳᠡᠭ ᠢ 100 ᠪᠣᠯᠭᠠᠵᠤ᠂ ᠪᠡᠶ᠎ᠡ ᠪᠠᠨ ᠳᠠᠭᠠᠭᠠᠭᠰᠠᠨ ᠨᠠᠷᠡᠲᠦ ᠲᠡᠮᠳᠡᠭ ᠤᠨ ᠪᠦᠲᠦᠭᠡᠭᠳᠡᠭᠦᠨ ᠤ ᠭᠠᠳᠠᠭᠠᠳᠤ ᠭᠠᠷᠭᠠᠯᠲᠠ ᠳᠤ ᠡᠵᠡᠯᠡᠬᠦ

ᠬᠤᠪᠢ ᠶᠢᠨ ᠵᠢᠩ ᠢ 50% ᠠᠴᠠ ᠢᠯᠡᠭᠦᠦ ᠪᠣᠯᠭᠠᠨ᠎ᠠ᠃

     ᠭᠤᠷᠪᠠ᠂ ᠭᠤᠣᠯᠳᠠᠯᠭ᠎ᠠ ᠲᠠᠢ ᠠᠵᠢᠯ

     ︵ᠨᠢᠭᠡ︶ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠶᠢ ᠲᠦᠷᠭᠡᠳᠭᠡᠵᠦ᠂ ᠠᠷᠠᠯᠵᠢᠶᠠᠨ ᠤ ᠦᠷᠢᠰᠦᠯᠳᠦᠭᠡᠨ ᠳᠠᠬᠢ ᠰᠢᠨ᠎ᠡ ᠳᠠᠪᠠᠭᠤᠯᠢᠭ ᠢ ᠪᠣᠢ

ᠪᠣᠯᠭᠠᠨ᠎ᠠ᠃

     ᠠᠷᠠᠯᠵᠢᠶ᠎ᠠ ᠶᠢ ᠬᠥᠭᠵᠢᠭᠦᠯᠬᠦ ᠠᠵᠤ ᠦᠢᠯᠡᠰ ᠤᠨ ᠰᠠᠭᠤᠷᠢ ᠶᠢ ᠪᠠᠲᠤᠳᠬᠠᠨ᠎ᠠ᠃ ᠠᠷᠠᠯᠵᠢᠶ᠎ᠠ ᠪᠠ ᠠᠵᠤ ᠦᠢᠯᠡᠰ ᠤᠨ ᠵᠣᠬᠢᠴᠠᠩᠭᠤᠢ ᠬᠥᠭᠵᠢᠵᠦ ᠬᠠᠷᠢᠯᠴᠠᠨ

ᠦᠢᠯᠡᠳᠦᠯᠴᠡᠬᠦ ᠶᠢ ᠠᠬᠢᠭᠤᠯᠤᠨ᠎ᠠ᠃ ᠭᠠᠳᠠᠭᠠᠳᠤ ᠠᠷᠠᠯᠵᠢᠶᠠᠨ ᠤ ᠤᠯᠠᠮᠵᠢᠯᠠᠯᠲᠤ ᠠᠵᠤ ᠦᠢᠯᠡᠰ ᠤᠨ ᠳᠠᠪᠠᠭᠤᠯᠢᠭ ᠢ ᠪᠠᠬᠢᠵᠢᠭᠦᠯᠵᠦ᠂ ᠳᠠᠪᠠᠭᠤᠯᠢᠭ ᠲᠠᠢ ᠤᠯᠠᠮᠵᠢᠯᠠᠯᠲᠤ

ᠠᠵᠤ ᠦᠢᠯᠡᠰ ᠤᠨ ᠳᠡᠭᠡᠳᠦ ᠰᠢᠨ᠎ᠡ ᠮᠡᠷᠭᠡᠵᠢᠯ ᠪᠠ ᠲᠡᠷᠢᠭᠦᠨ ᠤ ᠲᠣᠬᠢᠷᠠᠮᠵᠢᠲᠠᠢ ᠮᠡᠷᠭᠡᠵᠢᠯ ᠢ ᠠᠰᠢᠭᠯᠠᠵᠤ ᠪᠠᠶᠢᠭᠠᠳ ᠡᠨᠧᠷᠬᠢ᠂ ᠬᠢᠮᠢ ᠶᠢᠨ ᠠᠵᠤ ᠦᠢᠯᠡᠳᠪᠦᠷᠢ᠂

ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠲᠤᠨᠤᠭ ᠲᠥᠭᠦᠭᠡᠷᠦᠮᠵᠢ ᠦᠢᠯᠡᠳᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ

ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠢ ᠦᠭᠡᠷᠡᠴᠢᠯᠡᠨ ᠳᠡᠭᠡᠭᠰᠢᠯᠡᠭᠦᠯᠬᠦ ᠶᠢ ᠨᠢ ᠳᠡᠮᠵᠢᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠥᠷᠲᠡᠭ ᠤᠨ

ᠬᠡᠯᠬᠢᠶ᠎ᠡ ᠶᠢ ᠴᠢᠩᠭᠠᠷᠠᠭᠤᠯᠵᠤ᠂ ᠬᠦᠳᠡᠯᠮᠦᠷᠢ ᠨᠢᠭᠲᠠᠷᠠᠩᠭᠤᠢ ᠦᠢᠯᠡᠳᠭᠦᠨ ᠤ ᠶᠠᠰᠤ ᠴᠢᠨᠠᠷ᠂ ᠳᠡᠰ ᠵᠡᠷᠭᠡ ᠪᠠ ᠮᠡᠷᠭᠡᠵᠢᠯ ᠤᠨ ᠠᠭᠤᠯᠤᠭᠳᠠᠬᠤᠨ ᠢ ᠳᠡᠭᠡᠭᠰᠢᠯᠡᠭᠦᠯᠦᠨ᠂

ᠠᠵᠤ ᠦᠢᠯᠡᠰ ᠤᠨ ᠦᠷᠢᠰᠦᠯᠳᠦᠬᠦ ᠬᠦᠴᠦᠨ ᠢ ᠨᠢ ᠴᠢᠩᠭᠠᠷᠠᠭᠤᠯᠤᠨ᠎ᠠ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠢ

ᠬᠥᠭᠵᠢᠭᠦᠯᠵᠦ᠂ ᠨᠢᠭᠡ ᠪᠦᠯᠦᠭ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ᠂ ᠡᠨᠧᠷᠬᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ᠂ ᠳᠡᠭᠡᠳᠦ ᠳᠡᠰ ᠤᠨ ᠲᠤᠨᠤᠭ

ᠲᠥᠭᠦᠭᠡᠷᠦᠮᠵᠢ᠂ ᠲᠤᠮᠤ ᠳ᠋ᠠᠶᠢᠲ᠋ᠠ ᠶᠢᠨ ᠡᠭᠦᠯᠡᠨ ᠪᠤᠳᠤᠯᠲᠠ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠮᠤᠩᠭᠤᠯ ᠬᠢᠲᠠᠳ ᠡᠮ ᠡᠮᠨᠡᠯᠭᠡ ᠶᠢᠨ

ᠠᠵᠤ ᠦᠢᠯᠡᠰ ᠤᠨ ᠪᠦᠯᠦᠭᠵᠢᠯ ᠢ ᠴᠤᠭᠴᠠᠯᠠᠨ ᠪᠠᠶᠢᠭᠤᠯᠵᠤ᠂ ᠮᠠᠨ ᠤ ᠤᠷᠣᠨ ᠤ ᠠᠵᠤ ᠦᠢᠯᠡᠰ ᠤᠨ ᠳᠡᠭᠡᠳᠦ ᠳᠡᠰᠴᠢᠯᠡᠬᠦ᠂ ᠤᠶᠤᠨᠴᠢᠯᠠᠬᠤ᠂ ᠪᠤᠬᠢᠷᠳᠤᠯ ᠦᠭᠡᠢ᠂

ᠦᠢᠯᠡᠴᠢᠯᠡᠭᠡᠨ ᠤ ᠬᠡᠯᠪᠡᠷᠢ ᠲᠡᠶᠢᠰᠢ ᠬᠥᠭᠵᠢᠬᠦ ᠶᠢ ᠠᠬᠢᠭᠤᠯᠤᠨ᠂ ᠠᠵᠤ ᠦᠢᠯᠡᠰ ᠤᠨ ᠣᠯᠠᠨ ᠡᠰᠢᠴᠢᠯᠡᠬᠦ᠂ ᠭᠦᠨᠵᠡᠭᠡᠶᠢᠷᠡᠬᠦ᠂ ᠳᠡᠰ ᠳᠡᠪᠰᠢᠬᠦ ᠶᠢ ᠪᠡᠶᠡᠯᠡᠭᠦᠯᠵᠦ᠂

ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠳᠡᠯᠡᠬᠡᠶᠢᠴᠢᠯᠡᠬᠦ ᠬᠥᠭᠵᠢᠯᠲᠡ ᠶᠢ ᠲᠦᠷᠭᠡᠳᠭᠡᠨ᠂ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠣᠯᠠᠨ

ᠤᠯᠤᠰ ᠤᠨ ᠵᠠᠬ᠎ᠠ ᠳᠡᠯᠭᠡᠭᠦᠷ ᠤᠨ ᠦᠷᠢᠰᠦᠯᠳᠦᠭᠡᠨ ᠳᠤ ᠣᠷᠤᠯᠴᠠᠬᠤ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ

ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠭᠢᠮ᠂

ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠭᠢᠮ᠂ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ

ᠵᠦᠪᠯᠡᠯ ᠤᠨ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠦᠪᠯᠡᠯ︶

     ᠰᠢᠨ᠎ᠡ ᠶᠢ ᠡᠭᠦᠳᠬᠦ ᠴᠢᠳᠠᠪᠤᠷᠢ ᠪᠠ ᠦᠢᠯᠡᠳᠭᠦᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠢᠨᠲ᠋ᠧᠷ ᠰᠦᠯᠵᠢᠶ᠎ᠡ᠂ ᠪᠤᠳᠠᠰᠯᠢᠭ ᠬᠤᠯᠪᠣᠭᠠᠲᠤ ᠰᠦᠯᠵᠢᠶ᠎ᠡ᠂

ᠲᠤᠮᠤ ᠳ᠋ᠠᠶᠢᠲ᠋ᠠ᠂ ᠵᠣᠬᠢᠶᠠᠮᠠᠯ ᠤᠶᠤᠨ᠂ ᠬᠡᠰᠡᠭ ᠤᠳ ᠤᠨ ᠬᠡᠯᠬᠢᠶ᠎ᠡ ᠬᠢᠭᠡᠳ ᠠᠷᠠᠯᠵᠢᠶᠠᠨ ᠤ ᠤᠷᠭᠠᠨᠢᠭ ᠢᠶᠠᠷ ᠠᠭᠤᠰᠤᠯᠴᠠᠬᠤ ᠶᠢ ᠠᠬᠢᠭᠤᠯᠵᠤ᠂ ᠠᠵᠤ

ᠠᠬᠤᠶᠢᠯᠠᠯ ᠤᠨ ᠬᠢᠨ ᠤ ᠣᠯᠠᠨ ᠤᠯᠤᠰ ᠤᠨ ᠵᠠᠬ᠎ᠠ ᠳᠡᠯᠭᠡᠭᠦᠷ ᠲᠤ ᠬᠠᠨᠳᠤᠭᠤᠯᠵᠤ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠠᠵᠢᠯ ᠦᠷᠨᠢᠭᠦᠯᠬᠦ ᠶᠢ

ᠵᠣᠷᠢᠭᠵᠢᠭᠤᠯᠵᠤ᠂ ᠭᠠᠳᠠᠭᠠᠳᠤ ᠳᠤ ᠭᠠᠷᠭᠠᠬᠤ ᠪᠦᠲᠦᠭᠡᠭᠳᠡᠭᠦᠨ ᠤ ᠨᠡᠮᠡᠯᠲᠡ ᠥᠷᠲᠡᠭ ᠢ ᠨᠢ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠭᠡᠷᠡᠴᠢᠯᠡᠭᠡ ᠬᠢᠬᠦ ᠠᠵᠢᠯᠯᠠᠭ᠎ᠠ

ᠦᠷᠨᠢᠭᠦᠯᠬᠦ ᠶᠢ ᠳᠡᠮᠵᠢᠵᠦ᠂ ᠨᠢᠭᠡ ᠪᠦᠯᠦᠭ ᠭᠤᠣᠯᠳᠠᠯᠭ᠎ᠠ ᠲᠠᠢ ᠠᠵᠢᠯ ᠲᠦᠷᠦᠯ ᠤᠨ ᠪᠦᠲᠦᠭᠡᠭᠳᠡᠭᠦᠨ ᠤ ᠶᠠᠰᠤ ᠴᠢᠨᠠᠷ ᠢᠶᠠᠨ ᠪᠦᠬᠦ ᠴᠤᠭᠴᠠ ᠪᠠᠷ ᠨᠢ ᠣᠯᠠᠨ

ᠤᠯᠤᠰ ᠤᠨ ᠲᠡᠷᠢᠭᠦᠨ ᠤ ᠬᠢᠷᠢ ᠲᠦᠪᠰᠢᠨ ᠳᠤ ᠬᠦᠷᠦᠭᠦᠯᠬᠦ ᠶᠢ ᠠᠬᠢᠭᠤᠯᠤᠨ᠎ᠠ᠃ ᠤᠯᠤᠰ ᠤᠨ ᠬᠤᠭᠤᠷᠤᠨᠳᠤᠬᠢ ᠶᠠᠰᠤ ᠴᠢᠨᠠᠷ ᠮᠡᠷᠭᠡᠵᠢᠯ ᠤᠨ ᠲᠠᠯ᠎ᠠ ᠶᠢᠨ ᠰᠠᠭᠤᠷᠢ

ᠪᠠᠶᠢᠭᠤᠯᠤᠯᠲᠠ ᠶᠢᠨ ᠬᠦᠷᠢᠶᠡᠨ ᠳᠠᠬᠢ ᠰᠤᠯᠢᠯᠴᠠᠭ᠎ᠠ ᠳᠤ ᠢᠳᠡᠪᠬᠢᠲᠡᠢ ᠣᠷᠤᠯᠴᠠᠵᠤ᠂ ᠪᠠᠷᠢᠮᠵᠢᠶ᠎ᠠ᠂ ᠭᠡᠷᠡᠴᠢᠯᠡᠭᠡ ᠬᠢᠵᠦ ᠵᠥᠪᠰᠢᠶᠡᠷᠡᠬᠦ ᠵᠡᠷᠭᠡ ᠲᠠᠯ᠎ᠠ ᠪᠠᠷ

ᠲᠣᠷᠰᠢᠯᠭ᠎ᠠ ᠪᠠᠨ ᠬᠤᠪᠢᠶᠠᠯᠴᠠᠵᠤ ᠬᠠᠮᠲᠤᠷᠠᠨ ᠠᠵᠢᠯᠯᠠᠵᠤ᠂ ᠬᠠᠮᠢᠶ᠎ᠠ ᠪᠦᠬᠦᠢ ᠪᠠᠷᠢᠮᠵᠢᠶ᠎ᠠ ᠪᠠᠨ ᠨᠢᠭᠡᠲᠦᠯᠲᠡᠢ ᠵᠥᠪᠰᠢᠶᠡᠷᠡᠨ ᠮᠡᠳᠡᠷᠡᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃

ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠠᠵᠤ ᠦᠢᠯᠡᠰ ᠤᠨ

ᠬᠡᠯᠬᠢᠶ᠎ᠡ ᠶᠢ ᠤᠷᠲᠤᠳᠬᠠᠨ᠂ ᠥᠷᠲᠡᠭ ᠤᠨ ᠬᠡᠯᠬᠢᠶ᠎ᠡ ᠶᠢ ᠴᠢᠩᠭᠠᠷᠠᠭᠤᠯᠵᠤ᠂ ᠭᠤᠣᠯᠳᠠᠯᠭ᠎ᠠ ᠲᠠᠢ ᠬᠡᠷᠡᠭᠯᠡᠭᠡ ᠶᠢᠨ ᠵᠦᠢᠯ ᠤᠨ ᠶᠠᠰᠤ ᠴᠢᠨᠠᠷ ᠤᠨ ᠠᠮᠦᠷ ᠲᠦᠪᠰᠢᠨ ᠢ

ᠣᠯᠠᠨ ᠤᠯᠤᠰ ᠤᠨ ᠪᠠᠷᠢᠮᠵᠢᠶ᠎ᠠ ᠯᠤᠭ᠎ᠠ ᠵᠤᠯᠭᠠᠯᠳᠤᠭᠤᠯᠬᠤ ᠶᠢ ᠠᠬᠢᠭᠤᠯᠤᠨ᠂ ᠣᠯᠠᠨ ᠤᠯᠤᠰ ᠯᠤᠭ᠎ᠠ ᠶᠢᠨ ᠦᠷᠢᠰᠦᠯᠳᠦᠬᠦ ᠬᠦᠴᠦᠨ ᠢ ᠨᠢ ᠴᠢᠩᠭᠠᠷᠠᠭᠤᠯᠤᠨ᠎ᠠ᠃

ᠢᠳᠡᠭᠡᠨ ᠤ ᠵᠦᠢᠯ᠂ ᠲᠠᠷᠢᠶᠠᠯᠠᠩ ᠤᠨ ᠪᠦᠲᠦᠭᠡᠭᠳᠡᠭᠦᠨ᠂ ᠡᠮ ᠤᠨ ᠵᠦᠢᠯ ᠵᠡᠷᠭᠡ ᠴᠢᠬᠤᠯᠠ ᠪᠦᠲᠦᠭᠡᠭᠳᠡᠭᠦᠨ ᠢ ᠮᠦᠷᠳᠡᠨ ᠨᠡᠬᠡᠮᠵᠢᠯᠡᠬᠦ ᠰᠢᠰᠲ᠋ᠧᠮᠵᠢ ᠶᠢ ᠪᠠᠶᠢᠭᠤᠯᠤᠨ

ᠪᠦᠷᠢᠨᠰᠢᠭᠦᠯᠦᠨ᠎ᠡ᠃ ᠤᠯᠤᠰ ᠤᠨ ᠲᠤᠳᠤᠭᠠᠲᠤ ᠭᠠᠳᠠᠭᠠᠳᠤ ᠳᠤ ᠪᠤᠷᠤᠯᠠᠭᠤᠯᠬᠤ ᠪᠦᠲᠦᠭᠡᠭᠳᠡᠭᠦᠨ ᠤ ︽ᠠᠳᠠᠯᠢ ᠦᠢᠯᠡᠳᠪᠦᠷᠢᠯᠡᠯ ᠤᠨ ᠱᠤᠭᠤᠮ ᠳᠤ ᠠᠳᠠᠯᠢ ᠪᠠᠷᠢᠮᠵᠢᠶ᠎ᠠ

ᠠᠳᠠᠯᠢ ᠶᠠᠰᠤ ᠴᠢᠨᠠᠷ ᠲᠠᠢ ᠪᠠᠶᠢᠯᠭᠠᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠎ᠡ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ

ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠭᠢᠮ︶

     ᠪᠡᠶ᠎ᠡ ᠪᠠᠨ ᠳᠠᠭᠠᠭᠠᠭᠰᠠᠨ ᠨᠡᠷᠡᠲᠦ ᠲᠡᠮᠲᠡᠭ ᠢ ᠲᠦᠷᠭᠡᠪᠴᠢᠯᠡᠨ ᠪᠣᠢ ᠪᠣᠯᠭᠠᠨ᠎ᠠ᠃ ᠨᠡᠷᠡᠲᠦ ᠲᠡᠮᠲᠡᠭ ᠢᠶᠠᠷ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ

ᠬᠡᠷᠡᠭᠵᠢᠭᠦᠯᠵᠦ᠂ ︽ᠪᠡᠶ᠎ᠡ ᠪᠠᠨ ᠳᠠᠭᠠᠭᠠᠭᠰᠠᠨ ᠨᠡᠷᠡᠲᠦ ᠲᠡᠮᠲᠡᠭ ᠤᠨ ᠭᠠᠳᠠᠭᠠᠳᠤ ᠭᠠᠷᠭᠠᠯᠲᠠ ᠶᠢ ᠨᠡᠮᠡᠭᠳᠡᠭᠦᠯᠬᠦ ᠠᠵᠢᠯᠯᠠᠭᠠᠨ ᠤ ᠲᠦᠯᠦᠪᠯᠡᠭᠡ︾ ᠶᠢ ᠰᠤᠳᠤᠯᠤᠨ

ᠲᠣᠭᠲᠠᠭᠠᠨ᠎ᠠ᠃ ᠨᠡᠷᠡᠲᠦ ᠲᠡᠮᠲᠡᠭ ᠢᠶᠠᠨ ᠤᠬᠠᠭᠤᠯᠬᠤ ᠲᠠᠪᠴᠠᠩ ᠢ ᠪᠠᠶᠢᠭᠤᠯᠵᠤ᠂ ᠬᠢᠯᠢ ᠶᠢᠨ ᠳᠤᠳᠤᠷ᠎ᠡ ᠭᠠᠳᠠᠨᠠᠬᠢ ᠭᠤᠣᠯᠳᠠᠯᠭ᠎ᠠ ᠲᠠᠢ ᠦᠵᠡᠭᠦᠯᠭᠡ ᠳᠤ ᠦᠪᠦᠷ

ᠮᠣᠩᠭᠤᠯ ᠤᠨ ᠨᠡᠷᠡᠲᠦ ᠲᠡᠮᠲᠡᠭ ᠪᠠ ᠭᠠᠵᠠᠷ ᠵᠦᠢ ᠶᠢᠨ ᠲᠡᠮᠲᠡᠭᠲᠦ ᠪᠦᠲᠦᠭᠡᠭᠳᠡᠭᠦᠨ ᠢᠶᠠᠨ ᠤᠬᠠᠭᠤᠯᠬᠤ ᠠᠵᠢᠯᠯᠠᠭ᠎ᠠ ᠶᠢ ᠦᠷᠨᠢᠭᠦᠯᠦᠨ᠂ ︽ᠨᠢᠭᠡ ᠪᠦᠰᠡ ᠨᠢᠭᠡ ᠵᠠᠮ︾

ᠳᠠᠭᠠᠤ ᠶᠢᠨ ᠭᠤᠣᠯᠳᠠᠯᠭ᠎ᠠ ᠲᠠᠢ ᠵᠠᠬ᠎ᠠ ᠳᠡᠯᠭᠡᠭᠦᠷ ᠲᠤ ᠮᠠᠨ ᠤ ᠣᠷᠣᠨ ᠤ ᠪᠡᠶ᠎ᠡ ᠪᠠᠨ ᠳᠠᠭᠠᠭᠠᠭᠰᠠᠨ ᠨᠡᠷᠡᠲᠦ ᠲᠡᠮᠲᠡᠭ ᠢᠶᠠᠨ ᠤᠬᠠᠭᠤᠯᠤᠨ᠎ᠠ︔ ᠦᠪᠦᠷ ᠮᠣᠩᠭᠤᠯ ᠤᠨ

ᠨᠡᠷᠡᠲᠦ ᠲᠡᠮᠲᠡᠭ ᠢ ᠪᠡᠶᠡᠴᠢᠯᠡᠨ ᠣᠶᠢᠯᠠᠭᠠᠬᠤ ᠰᠦᠯᠵᠢᠶᠡᠨ ᠳᠠᠬᠢ ᠲᠥᠪ ᠢ ᠡᠭᠦᠳᠦᠨ ᠪᠠᠶᠢᠭᠤᠯᠤᠨ᠎ᠠ︔ ᠪᠡᠶ᠎ᠡ ᠪᠠᠨ ᠳᠠᠭᠠᠭᠠᠭᠰᠠᠨ ᠨᠡᠷᠡᠲᠦ ᠲᠡᠮᠲᠡᠭ ᠪᠦᠬᠦᠢ ᠠᠵᠤ

ᠠᠬᠤᠶᠢᠯᠠᠯ ᠤᠨ ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ + ᠭᠠᠳᠠᠭᠠᠳᠤ ᠬᠦᠮᠦᠷᠭᠡ︾ ᠭᠡᠬᠦ ᠵᠠᠭᠪᠤᠷ ᠢ ᠠᠰᠢᠭᠯᠠᠨ ᠭᠠᠳᠠᠭᠠᠳᠤ ᠳᠠᠬᠢ ᠵᠠᠬ᠎ᠠ ᠳᠡᠯᠭᠡᠭᠦᠷ ᠢ

ᠥᠷᠭᠡᠳᠭᠡᠭᠡᠳ ᠰᠦᠯᠵᠢᠶ᠎ᠡ ᠪᠠᠷ ᠪᠤᠷᠤᠯᠠᠭᠤᠯᠬᠤ ᠵᠠᠮ ᠨᠡᠪᠲᠡᠷᠡᠭᠦᠯᠬᠦ ᠶᠢ ᠨᠢ ᠵᠣᠷᠢᠭᠵᠢᠭᠤᠯᠤᠨ᠎ᠠ᠃ ᠭᠠᠳᠠᠭᠠᠳᠤ ᠠᠷᠠᠯᠵᠢᠶᠠᠨ ᠤ ᠰᠦᠯᠵᠢᠶ᠎ᠡ ᠪᠠᠷ ᠠᠷᠠᠯᠵᠢᠶᠠᠯᠠᠬᠤ ᠵᠠᠮ ᠢ

ᠥᠷᠭᠡᠳᠭᠡᠵᠦ᠂ ︽ᠰᠦᠯᠵᠢᠶ᠎ᠡ ᠪᠠᠷ ᠨᠢᠭᠡ ᠤᠯᠤᠰ ᠲᠤ ᠨᠢᠭᠡ ᠦᠵᠡᠭᠦᠯᠭᠡ ᠡᠷᠬᠢᠯᠡᠬᠦ︾ ᠶᠢ ᠭᠦᠨᠵᠡᠭᠡᠢ ᠠᠬᠢᠭᠤᠯᠵᠤ᠂ ᠤᠯᠤᠰ ᠤᠨ ᠲᠤᠳᠤᠭᠠᠲᠤ ᠶᠢᠨ ᠬᠤᠳᠠᠯᠳᠤᠭᠠᠨ ᠤ

ᠠᠵᠢᠯ ᠲᠦᠷᠦᠯ ᠤᠨ ᠨᠡᠶᠢᠭᠡᠮᠯᠢᠭ᠂ ᠭᠠᠳᠠᠭᠠᠳᠣ ᠳᠤ ᠰᠠᠭᠤᠭ᠎ᠠ ᠪᠠᠶᠢᠭᠤᠯᠤᠮᠵᠢ᠂ ᠭᠠᠳᠠᠭᠠᠳᠤ ᠳᠠᠬᠢ ᠳᠤᠮᠳᠠᠳᠤ ᠶᠢᠨ ᠪᠡᠯᠡᠲᠦ ᠠᠵᠤ ᠠᠬᠤᠶᠢᠯᠠᠯ ᠤᠨ ᠨᠡᠶᠢᠭᠡᠮᠯᠢᠭ ᠢᠶᠠᠷ

ᠳᠠᠮᠵᠢᠭᠤᠯᠤᠨ᠂ ᠭᠠᠳᠠᠭᠠᠳᠤ ᠤᠯᠤᠰ ᠤᠨ ᠨᠡᠶᠢᠭᠡᠮᠯᠢᠭ ᠲᠠᠢ ᠢᠳᠡᠪᠬᠢᠲᠡᠢ ᠵᠤᠯᠭᠠᠯᠳᠤᠭᠤᠯᠵᠤ᠂ ᠠᠵᠤ ᠠᠬᠤᠶᠢᠯᠠᠯ ᠢ ᠬᠠᠪᠰᠤᠷᠴᠤ ᠪᠠᠶᠢᠭᠠᠳ ᠰᠦᠯᠵᠢᠶ᠎ᠡ ᠪᠠᠷ ᠪᠠ

ᠰᠦᠯᠵᠢᠶᠡᠨ ᠠᠴᠠ ᠭᠠᠳᠠᠭᠤᠷ ᠨᠡᠩ ᠣᠯᠠᠨ ᠭᠠᠳᠠᠭᠠᠳᠤ ᠶᠢᠨ ᠬᠤᠳᠠᠯᠳᠤᠨ ᠠᠪᠤᠭᠴᠢ ᠲᠠᠢ ᠵᠠᠯᠭᠠᠯᠳᠤᠭᠤᠯᠵᠤ᠂ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠬᠡᠨ

ᠥᠷᠭᠡᠳᠭᠡᠨ᠎ᠡ︔ ᠠᠵᠤ ᠠᠬᠤᠶᠢᠯᠠᠯ ᠤᠳ ᠤᠨ ᠬᠢᠯᠢ ᠶᠢᠨ ᠭᠠᠳᠠᠨ᠎ᠠ ᠲᠤᠰᠬᠠᠢ ᠠᠰᠢᠭ ᠭᠤᠶᠤᠴᠢᠯᠠᠬᠤ᠂ ᠲᠠᠸᠠᠷ ᠤᠨ ᠲᠡᠮᠲᠡᠭ ᠢᠶᠠᠨ ᠣᠯᠠᠨ ᠤᠯᠤᠰ ᠲᠤ

ᠳᠠᠩᠰᠠᠯᠠᠭᠤᠯᠬᠤ᠂ ᠨᠡᠷᠡᠲᠦ ᠲᠡᠮᠲᠡᠭ ᠢᠶᠠᠨ ᠳᠡᠯᠭᠡᠷᠡᠭᠦᠯᠬᠦ᠂ ᠵᠠᠬ᠎ᠠ ᠳᠡᠯᠭᠡᠭᠦᠷ ᠢ ᠨᠡᠭᠡᠭᠡᠨ ᠥᠷᠭᠡᠳᠭᠡᠬᠦ ᠠᠵᠢᠯᠯᠠᠭ᠎ᠠ ᠵᠢᠴᠢ ︽ᠦᠪᠦᠷ ᠮᠣᠩᠭᠤᠯ ᠨᠡᠷᠡᠮᠵᠢᠲᠦ︾

ᠲᠡᠮᠲᠡᠭ ᠢᠶᠠᠨ ᠭᠡᠷᠡᠴᠢᠯᠡᠭᠦᠯᠬᠦ ᠶᠢ ᠳᠡᠮᠵᠢᠵᠦ᠂ ︽ᠦᠪᠦᠷ ᠮᠣᠩᠭᠤᠯ ᠨᠡᠷᠡᠮᠵᠢᠲᠦ ᠲᠡᠮᠲᠡᠭ︾ ᠲᠠᠢ ᠪᠦᠲᠦᠭᠡᠭᠳᠡᠭᠦᠨ ᠤ ᠳᠡᠯᠡᠬᠡᠢ ᠳ᠋ᠠᠬᠢᠨ ᠲᠠᠬᠢ ᠨᠦᠯᠦᠭᠡᠯᠡᠬᠦ ᠬᠦᠴᠦᠨ ᠪᠠ

ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠨᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠦᠪᠦᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ

ᠲᠢᠩᠭᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ

ᠲᠢᠩᠭᠢᠮ︶

     ︵ᠬᠤᠶᠠᠷ︶ ᠠᠷᠠᠯᠵᠢᠶᠠᠨ ᠤ ᠪᠦᠲᠦᠴᠡ ᠶᠢ ᠰᠢᠯᠢᠳᠡᠭᠵᠢᠭᠦᠯᠵᠦ᠂ ᠠᠷᠠᠯᠵᠢᠶᠠᠨ ᠤ ᠬᠥᠭᠵᠢᠯᠲᠡ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ

ᠳᠡᠭᠡᠭᠰᠢᠯᠡᠭᠦᠯᠦᠨ᠎ᠡ᠃

     ᠣᠯᠠᠨ ᠤᠯᠤᠰ ᠲᠠᠬᠢ ᠵᠠᠬ᠎ᠠ ᠳᠡᠯᠭᠡᠭᠦᠷ ᠤᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠎ᠡ᠃ ᠦᠪᠡᠷᠳᠡᠬᠡᠨ ᠵᠠᠰᠠᠬᠤ ᠤᠷᠤᠨ ᠪᠠ ᠣᠷᠣᠰ ᠮᠣᠩᠭᠤᠯ ᠯᠤᠭ᠎ᠠ ᠶᠢᠨ

ᠠᠷᠠᠯᠵᠢᠶᠠᠨ ᠤ ᠬᠠᠮᠲᠤᠷᠠᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠠᠷᠠᠯᠵᠢᠶᠠᠨ ᠤ ᠲᠠᠯ᠎ᠠ ᠶᠢᠨ

ᠶᠠᠪᠤᠯᠴᠠᠭ᠎ᠠ ᠪᠠᠨ ᠴᠢᠩᠭᠠᠳᠬᠠᠨ᠂ ᠳᠤᠮᠳᠠᠳᠤ ᠮᠣᠩᠭᠤᠯ ᠣᠷᠤᠰ ᠤᠨ ᠠᠵᠤ ᠠᠬᠤᠢ ᠶᠢᠨ ᠬᠤᠩᠭᠢᠯ ᠳᠠᠭᠠᠣ ᠶᠢᠨ ᠤᠯᠤᠰ ᠤᠨ ᠵᠠᠬ᠎ᠠ ᠳᠡᠯᠭᠡᠭᠦᠷ ᠢ ᠭᠤᠣᠯᠳᠠᠯᠭ᠎ᠠ ᠲᠠᠢ

ᠨᠡᠭᠡᠭᠡᠨ᠎ᠡ᠂ ᠪᠧᠯᠦᠷᠦ᠋ᠰ᠂ ᠺᠠᠽᠠᠭᠰᠲ᠋ᠠᠨ᠂ ᠦᠽᠪᠧᠺᠰᠲ᠋ᠠᠨ᠂ ᠲᠦᠷᠺᠮᠧᠨ᠋ᠰᠲ᠋ᠠᠨ᠂ ᠺᠢᠷᠺᠢᠽᠰᠲ᠋ᠠᠨ᠂ ᠥᠺᠷᠡᠶᠢᠨ ᠵᠡᠷᠭᠡ ᠤᠯᠤᠰ ᠯᠤᠭ᠎ᠠ ᠶᠢᠨ ᠠᠷᠠᠯᠵᠢᠶᠠᠨ ᠤ

ᠬᠡᠪᠴᠢᠶᠡᠵᠢᠯ ᠢ ᠦᠷᠭᠡᠳᠭᠡᠨ᠎ᠡ᠃ ᠶᠠᠫᠤᠨ ᠺᠤᠷᠢᠶᠠ ᠲᠠᠢ ᠰᠤᠯᠢᠯᠴᠠᠭ᠎ᠠ ᠬᠢᠵᠦ ᠬᠠᠮᠲᠤᠷᠠᠨ ᠠᠵᠢᠯᠯᠠᠬᠤ ᠪᠠᠨ ᠴᠢᠩᠭᠠᠳᠬᠠᠵᠤ᠂ ᠵᠡᠭᠦᠨ ᠬᠤᠶᠢᠲᠤ ᠠᠽᠢᠶ᠎ᠠ ᠲᠡᠶᠢᠰᠢ

ᠨᠡᠭᠡᠭᠡᠯᠲᠡ ᠬᠢᠬᠦ ᠰᠢᠨ᠎ᠡ ᠴᠤᠩᠬᠤᠪᠴᠢ ᠶᠢ ᠪᠣᠢ ᠪᠣᠯᠭᠠᠨ᠎ᠠ︔ ᠦᠪᠦᠷ ᠮᠣᠩᠭᠤᠯ ᠪᠠ ᠰᠢᠶᠠᠩᠭᠠᠩ ᠣᠣᠮᠧᠨ ᠤ ᠠᠵᠤ ᠠᠬᠤᠢ ᠠᠷᠠᠯᠵᠢᠶᠠᠨ ᠤ ᠠᠵᠢᠯᠯᠠᠭᠠᠨ ᠤ ᠦᠷ᠎ᠡ

ᠪᠦᠲᠦᠭᠡᠯ ᠢ ᠪᠠᠬᠢᠵᠢᠭᠦᠯᠵᠦ᠂ ᠰᠢᠶᠠᠩᠭᠠᠩ ᠣᠣᠮᠧᠨ ᠲᠠᠶᠢᠸᠠᠨ ᠵᠢᠴᠢ ᠵᠡᠭᠦᠨ ᠡᠮᠦᠨᠡᠲᠦ ᠠᠽᠢᠶ᠎ᠠ ᠯᠤᠭ᠎ᠠ ᠶᠢᠨ ᠰᠤᠯᠢᠯᠴᠠᠭ᠎ᠠ ᠬᠠᠮᠲᠤᠷᠠᠯᠴᠠᠭ᠎ᠠ ᠶᠢ ᠨᠢᠭᠲᠠᠷᠠᠭᠤᠯᠤᠨ᠂

ᠡᠮᠦᠨᠡᠰᠢ ᠪᠠᠨ ᠨᠡᠭᠡᠭᠡᠯᠲᠡ ᠬᠢᠬᠦ ᠰᠢᠨ᠎ᠡ ᠣᠷᠣᠨ ᠵᠠᠢ ᠶᠢ ᠦᠷᠭᠡᠳᠭᠡᠨ᠎ᠡ᠃ ᠲᠠᠶᠢᠯᠠᠨᠳ᠋᠂ ᠸᠢᠶᠧᠳ᠋ᠨᠠᠮ᠂ ᠮᠠᠯᠠᠶᠢᠰᠢᠶ᠎ᠠ᠂ ᠢᠨᠳᠦᠨ᠋ᠰᠢᠶ᠎ᠠ ᠯᠤᠭ᠎ᠠ ᠠᠷᠠᠯᠵᠢᠶᠠᠨ ᠤ ᠶᠠᠪᠤᠯᠴᠠᠭ᠎ᠠ

ᠬᠢᠬᠦ ᠪᠠᠨ ᠴᠢᠩᠭᠠᠳᠬᠠᠵᠤ᠂ ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ ᠤᠯᠤᠰ ᠲᠡᠶᠢᠰᠢ ᠨᠡᠭᠡᠭᠡᠯᠲᠡ ᠬᠢᠬᠦ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠶᠡᠭᠡ

ᠨᠡᠪᠲᠡᠷᠡᠯ ᠵᠠᠮ ᠢ ᠪᠣᠢ ᠪᠣᠯᠭᠠᠨ᠎ᠠ᠃ ᠤᠯᠤᠰ ᠤᠨ ᠴᠢᠯᠦᠭᠡᠲᠦ ᠠᠷᠠᠯᠵᠢᠶᠠᠨ ᠤ ᠣᠷᠣᠨ ᠤ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂

ᠨᠢᠭᠡᠨᠲᠡ ᠬᠡᠷᠡᠭᠵᠢᠭᠦᠯᠦᠭᠰᠡᠨ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠤᠨ ᠭᠦᠢᠴᠡᠳᠭᠡᠵᠦ ᠳᠡᠯᠭᠡᠷᠡᠭᠦᠯᠬᠦ ᠠᠵᠢᠯ ᠢ ᠴᠢᠩᠭᠠᠳᠬᠠᠨ᠂ ᠴᠢᠯᠦᠭᠡᠲᠦ ᠠᠷᠠᠯᠵᠢᠶᠠᠨ ᠤ

ᠬᠡᠯᠡᠯᠴᠡᠭᠡᠷ ᠤᠨ ᠠᠰᠢᠭᠯᠠᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠣᠯᠠᠨ ᠡᠰᠢᠵᠢᠭᠰᠡᠨ ᠵᠠᠬ᠎ᠠ ᠳᠡᠯᠭᠡᠭᠦᠷ ᠢ ᠨᠡᠭᠡᠭᠡᠬᠦ ᠳᠤ ᠬᠦᠴᠦᠨ ᠨᠡᠮᠡᠷᠢᠯᠡᠨ᠎ᠡ᠃

︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ

ᠠᠬᠢᠭᠤᠯᠬᠤ ᠵᠦᠪᠯᠡᠯ ᠤᠨ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠦᠪᠯᠡᠯ︶

     ᠣᠷᠣᠨ ᠪᠦᠰᠡ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠎ᠡ᠃ ᠡᠯ᠎ᠡ ᠠᠶᠢᠮᠠᠭ ᠬᠤᠲᠠ ᠶᠢᠨ ᠦᠪᠡᠷ ᠦᠪᠡᠷ ᠤᠨ ᠳᠠᠪᠠᠭᠤᠯᠢᠭ ᠢᠶᠠᠨ ᠪᠠᠳᠠᠷᠠᠭᠤᠯᠬᠤ ᠶᠢ

ᠳᠡᠮᠵᠢᠵᠦ᠂ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠭᠡᠭᠵᠢᠭᠦᠯᠵᠦ᠂ ᠭᠠᠵᠠᠷ ᠣᠷᠣᠨ ᠤ ᠳᠠᠪᠠᠭᠤᠯᠢᠭ

ᠣᠨᠴᠠᠯᠢᠭᠲᠤ ᠠᠵᠤ ᠦᠢᠯᠡᠰ ᠤᠨ ᠣᠯᠠᠨ ᠤᠯᠤᠰ ᠤᠨ ᠵᠠᠬ᠎ᠠ ᠳᠡᠯᠭᠡᠭᠦᠷ ᠤᠨ ᠦᠷᠢᠰᠦᠯᠳᠦᠭᠡᠨ ᠳᠤ ᠣᠷᠤᠯᠴᠠᠬᠤ ᠶᠢ ᠵᠣᠷᠢᠭᠵᠢᠭᠤᠯᠤᠨ᠂ ᠭᠠᠳᠠᠭᠠᠳᠤ ᠠᠷᠠᠯᠵᠢᠶᠠᠨ ᠤ

ᠡᠵᠡᠩᠨᠡᠯᠲᠡ ᠶᠢᠨ ᠭᠤᠣᠯ ᠴᠤᠭᠴᠠ ᠶᠢ ᠪᠣᠢ ᠪᠣᠯᠭᠠᠬᠤ ᠪᠠ ᠪᠤᠵᠠᠭᠠᠶᠢᠷᠠᠭᠤᠯᠤᠨ᠎ᠠ᠂ ᠠᠵᠤ ᠠᠬᠤᠢ ᠶᠢᠨ ᠬᠥᠭᠵᠢᠯᠲᠡ ᠪᠠᠷ ᠬᠠᠷᠢᠴᠠᠩᠭᠤᠢ ᠬᠤᠴᠤᠷᠤᠩᠭᠤᠢ ᠪᠣᠯᠪᠠᠴᠤ

ᠭᠠᠳᠠᠭᠠᠳᠤ ᠠᠷᠠᠯᠵᠢᠶᠠᠨ ᠤ ᠳᠠᠯᠳᠠ ᠬᠦᠴᠦᠨ ᠲᠠᠢ ᠬᠤᠰᠢᠭᠤ ᠰᠢᠶᠠᠨ ᠢ ᠳᠡᠮᠵᠢᠵᠦ ᠭᠠᠳᠠᠭᠰᠢᠯ ᠠᠵᠤ ᠦᠢᠯᠡᠰ ᠢ ᠪᠣᠢ ᠪᠣᠯᠭᠠᠵᠤ᠂ ᠠᠵᠤ ᠠᠬᠤᠶᠢᠯᠠᠯ ᠤᠨ

ᠳᠡᠯᠡᠬᠡᠶᠢᠴᠢᠯᠡᠭᠰᠡᠨ ᠡᠵᠡᠩᠨᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠬᠦᠬᠡᠬᠤᠲᠠ᠂ ᠪᠤᠭᠤᠳᠤ ᠬᠤᠲᠠ᠂ ᠤᠯᠠᠭᠠᠨᠬᠠᠳᠠ ᠬᠤᠲᠠ᠂ ᠪᠠᠶᠠᠨᠨᠠᠭᠤᠷ ᠬᠤᠲᠠ᠂ ᠮᠠᠨᠵᠤᠤᠷ

ᠬᠤᠲᠠ᠂ ᠡᠷᠢᠶᠡᠨ ᠬᠤᠲᠠ ᠵᠡᠷᠭᠡ ᠭᠠᠳᠠᠭᠠᠳᠤ ᠠᠷᠠᠯᠵᠢᠶᠠᠨ ᠤ ᠭᠤᠣᠯᠳᠠᠯᠭ᠎ᠠ ᠲᠠᠢ ᠠᠶᠢᠮᠠᠭ ᠬᠤᠲᠠ ᠶᠢᠨ ᠠᠷᠠᠯᠵᠢᠶᠠᠨ ᠤ ᠬᠡᠪᠴᠢᠶᠡᠵᠢᠯ ᠢ ᠲᠣᠭᠲᠠᠭᠤᠨ ᠪᠠᠶᠢᠯᠭᠠᠨ᠎ᠠ᠃

ᠬᠥᠯᠦᠨ ᠪᠣᠶᠢᠷ ᠬᠤᠲᠠ᠂ ᠬᠢᠩᠭᠠᠨ ᠠᠶᠢᠮᠠᠭ᠂ ᠲᠦᠩᠯᠢᠶᠤᠤ ᠬᠤᠲᠠ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠲᠠ᠂ ᠣᠷᠳᠣᠰ ᠬᠤᠲᠠ᠂ ᠦᠬᠠᠢ ᠬᠤᠲᠠ᠂

ᠠᠯᠠᠱᠠ ᠠᠶᠢᠮᠠᠭ ᠤᠨ ᠬᠢᠨ ᠤ ᠠᠵᠤ ᠦᠢᠯᠡᠰ ᠤᠨ ᠳᠠᠪᠠᠭᠤᠯᠢᠭ ᠪᠠ ᠣᠨᠴᠠᠯᠢᠭ ᠲᠠᠢ ᠪᠠᠨ ᠭᠦᠢᠴᠡᠳ ᠤᠶᠠᠯᠳᠤᠭᠤᠯᠤᠨ ᠭᠠᠳᠠᠭᠠᠳᠤ ᠠᠷᠠᠯᠵᠢᠶᠠᠨ ᠤ ᠳᠠᠯᠳᠠ

ᠬᠦᠴᠦᠨ ᠢᠶᠠᠨ ᠠᠭᠤᠳᠠᠯᠯᠠᠬᠤ ᠶᠢ ᠨᠢ ᠳᠡᠮᠵᠢᠵᠦ᠂ ᠠᠵᠤ ᠦᠢᠯᠡᠰ ᠤᠨ ᠳᠡᠯᠡᠬᠡᠶᠢᠴᠢᠯᠡᠨ ᠬᠥᠭᠵᠢᠬᠦ ᠶᠢ ᠲᠦᠷᠭᠡᠳᠭᠡᠨ᠂ ᠠᠵᠤ ᠠᠬᠤᠶᠢᠯᠠᠯ ᠢ ᠬᠦᠲᠦᠯᠦᠨ ᠵᠢᠯᠤᠭᠤᠳᠬᠤ

ᠪᠠ ᠳᠡᠮᠵᠢᠵᠦ ᠪᠠᠶᠢᠭᠠᠳ ᠪᠡᠶ᠎ᠡ ᠪᠠᠨ ᠳᠠᠭᠠᠭᠠᠵᠤ ᠭᠠᠳᠠᠭᠠᠳᠤ ᠳᠤ ᠭᠠᠷᠭᠠᠬᠤ ᠶᠢ ᠦᠷᠭᠡᠳᠭᠡᠨ᠎ᠡ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠠᠵᠤ

ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠭᠢᠮ᠂ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ

ᠵᠠᠰᠠᠭ ᠤᠨ ᠣᠷᠳᠣᠨ︶

     ᠡᠵᠡᠩᠨᠡᠯᠲᠡ ᠶᠢᠨ ᠭᠤᠣᠯ ᠴᠤᠭᠴᠠ ᠶᠢ ᠰᠢᠯᠢᠳᠡᠭᠵᠢᠭᠦᠯᠦᠨ᠎ᠡ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠦᠴᠦᠷᠬᠡᠭ ᠨᠢ ᠬᠦᠴᠦᠷᠬᠡᠭ ᠲᠠᠢ ᠪᠠᠨ

ᠬᠤᠯᠪᠣᠭᠠᠯᠠᠭᠠᠳ ᠳᠡᠯᠡᠬᠡᠶᠢᠴᠢᠯᠡᠭᠰᠡᠨ ᠡᠵᠡᠩᠨᠡᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠲᠤᠮᠤ ᠬᠡᠯᠪᠡᠷᠢ ᠶᠢᠨ ᠬᠦᠲᠥᠴᠢ ᠠᠵᠤ ᠠᠬᠤᠶᠢᠯᠠᠯ ᠪᠠ ᠠᠵᠤ

ᠠᠬᠤᠶᠢᠯᠠᠯ ᠤᠨ ᠪᠦᠯᠦᠭᠵᠢᠯ ᠢ ᠪᠣᠢ ᠪᠣᠯᠭᠠᠬᠤ ᠶᠢ ᠵᠣᠷᠢᠭᠵᠢᠭᠤᠯᠤᠨ᠎ᠠ᠃ ᠪᠤᠯᠤᠳ ᠲᠡᠮᠦᠷ᠂ ᠨᠤᠤᠰᠤ ᠨᠣᠣᠯᠣᠭᠤᠷ᠂ ᠰᠦ ᠴᠠᠭᠠᠨ ᠢᠳᠡᠭᠡ᠂ ᠠᠮᠢᠳᠤ ᠪᠤᠳᠠᠰ ᠤᠨ ᠡᠮ

ᠡᠮᠨᠡᠯᠭᠡ ᠵᠡᠷᠭᠡ ᠠᠵᠢᠯ ᠲᠦᠷᠦᠯ ᠤᠨ ᠳᠠᠭᠠᠭᠤᠯᠤᠭᠴᠢ ᠠᠵᠤ ᠠᠬᠤᠶᠢᠯᠠᠯ ᠤᠨ ᠳᠡᠯᠡᠬᠡᠶᠢᠴᠢᠯᠡᠭᠰᠡᠨ ᠡᠵᠡᠩᠨᠡᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ

ᠵᠣᠷᠢᠭᠵᠢᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠵᠦ᠂ ᠭᠤᠣᠯ ᠠᠵᠢᠯ ᠳᠤ ᠪᠠᠨ ᠠᠩᠬᠠᠷᠤᠯ ᠲᠠᠯᠪᠢᠨ᠂

︽ᠲᠤᠰᠬᠠᠢ ᠰᠤᠳᠤᠨ ᠣᠨᠴᠠᠭᠠᠢ ᠰᠢᠨ᠎ᠡ︾ ᠳᠡᠯᠡᠬᠡᠶᠢᠴᠢᠯᠡᠭᠰᠡᠨ ᠵᠠᠮ ᠢᠶᠠᠷ ᠵᠠᠮᠨᠠᠬᠤ ᠶᠢ ᠠᠬᠢᠭᠤᠯᠤᠨ᠎ᠠ᠃ ᠬᠢᠯᠢ ᠠᠯᠤᠰᠯᠠᠭᠰᠠᠨ ᠡᠯᠧᠺᠲᠷᠦᠨ ᠬᠤᠳᠠᠯᠳᠤᠭᠠᠨ ᠤ

ᠶᠠᠪᠤᠳᠠᠯ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠬᠡᠪ ᠵᠠᠭᠪᠤᠷ ᠢ

ᠬᠥᠭᠵᠢᠭᠦᠯᠵᠦ᠂ ᠪᠤᠳᠠᠳᠤ ᠬᠦᠴᠦᠨ ᠲᠠᠢ ᠬᠢᠯᠢ ᠠᠯᠤᠰᠯᠠᠭᠰᠠᠨ ᠡᠯᠧᠺᠲᠷᠦᠨ ᠬᠤᠳᠠᠯᠳᠤᠭᠠᠨ ᠤ ᠠᠵᠤ ᠠᠬᠤᠶᠢᠯᠠᠯ ᠤᠨ ︽ᠨᠢᠭᠡ ᠪᠦᠰᠡ ᠨᠢᠭᠡ ᠵᠠᠮ︾ ᠳᠠᠭᠠᠤ ᠶᠢᠨ

ᠤᠯᠤᠰ ᠪᠠ ᠭᠤᠣᠯᠳᠠᠯᠭ᠎ᠠ ᠲᠠᠢ ᠵᠠᠬ᠎ᠠ ᠳᠡᠯᠭᠡᠭᠦᠷ ᠲᠤ ᠭᠠᠳᠠᠭᠠᠳᠤ ᠬᠦᠮᠦᠷᠭᠡ᠂ ᠭᠠᠳᠠᠭᠠᠳᠤ ᠳᠤ ᠡᠵᠡᠩᠨᠡᠨ ᠠᠵᠢᠯᠯᠠᠭᠤᠯᠬᠤ ᠲᠥᠪ ᠵᠡᠷᠭᠡ ᠦᠢᠯᠡᠴᠢᠯᠡᠭᠡᠨ ᠤ ᠪᠡᠯᠡᠳᠭᠡᠮᠵᠢ

ᠪᠠᠶᠢᠭᠤᠯᠬᠤ ᠶᠢ ᠵᠣᠷᠢᠭᠵᠢᠭᠤᠯᠤᠨ᠎ᠠ᠃ ᠳᠥᠷᠪᠡᠨ ᠨᠢᠭᠡ ᠪᠦᠯᠦᠭ ︵ᠨᠢᠭᠡ ᠪᠦᠯᠦᠭ ᠢ ᠨᠢ ᠬᠥᠭᠵᠢᠭᠡᠨ ᠰᠢᠯᠢᠳᠡᠭᠵᠢᠭᠦᠯᠬᠦ᠂ ᠨᠢᠭᠡ ᠪᠦᠯᠦᠭ ᠢ ᠨᠢ ᠪᠠᠬᠢᠵᠢᠭᠦᠯᠦᠨ

ᠳᠡᠭᠡᠭᠰᠢᠯᠡᠭᠦᠯᠬᠦ᠂ ᠨᠢᠭᠡ ᠪᠦᠯᠦᠭ ᠢ ᠨᠢ ᠳᠠᠭᠠᠭᠠᠨ ᠠᠪᠴᠤ ᠣᠷᠤᠭᠤᠯᠤᠨ ᠠᠪᠴᠢᠷᠠᠬᠤ᠂ ᠨᠢᠭᠡ ᠪᠦᠯᠦᠭ ᠢ ᠨᠢ ᠵᠣᠷᠢᠭᠵᠢᠭᠤᠯᠤᠨ ᠳᠡᠮᠵᠢᠬᠦ︶ ᠢᠨᠵᠧᠨᠧᠷᠢᠩ ᠢ

ᠦᠷᠭᠦᠯᠵᠢᠯᠡᠨ ᠠᠬᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠢ ᠶᠡᠭᠡ ᠪᠠᠷ ᠬᠥᠭᠵᠢᠭᠦᠯᠦᠨ᠂ ᠪᠤᠳᠠᠳᠤ ᠠᠮᠵᠢᠯᠲᠠ ᠲᠠᠢ ᠲᠤᠬᠠᠶᠢᠯᠠᠭᠰᠠᠨ ᠠᠵᠢᠯ ᠤᠨ ᠭᠠᠳᠠᠭᠠᠳᠤ

ᠠᠷᠠᠯᠵᠢᠶᠠᠨ ᠤ ᠡᠩᠨᠡᠭᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠎ᠠ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ

ᠶᠠᠪᠤᠳᠠᠯ ᠤᠨ ᠲᠢᠩᠭᠢᠮ︶

     ᠲᠠᠸᠠᠷ ᠤᠨ ᠪᠦᠲᠦᠴᠡ ᠶᠢ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠴᠢᠨᠠᠷᠵᠢᠭᠤᠨ᠂ ᠰᠢᠨ᠎ᠡ ᠮᠡᠷᠭᠡᠵᠢᠯ ᠤᠨ᠂ ᠨᠡᠮᠡᠯᠲᠡ

ᠥᠷᠲᠡᠭ ᠶᠡᠬᠡᠲᠡᠢ ᠲᠠᠸᠠᠷ ᠢ ᠨᠢ ᠬᠥᠭᠵᠢᠭᠦᠯᠵᠦ᠂ ᠤᠶᠤᠨᠴᠢ ᠪᠠᠷ ᠦᠢᠯᠡᠳᠬᠦ ᠶᠢ ᠲᠦᠷᠭᠡᠳᠭᠡᠨ ᠬᠥᠭᠵᠢᠭᠦᠯᠵᠦ᠂ ᠪᠣᠯᠪᠠᠰᠤᠷᠠᠭᠤᠯᠤᠨ ᠦᠢᠯᠡᠳᠬᠦ ᠭᠤᠭᠴᠤᠭ᠎ᠠ ᠠᠴᠠ

ᠠᠯᠬᠤᠮ ᠠᠯᠬᠤᠮ ᠢᠶᠠᠷ ᠰᠤᠳᠤᠯᠤᠨ ᠨᠡᠭᠡᠭᠡᠵᠦ ᠵᠢᠷᠤᠭᠯᠠᠨ ᠲᠦᠯᠦᠪᠯᠡᠬᠦ᠂ ᠡᠵᠡᠩᠨᠡᠨ ᠪᠤᠷᠤᠯᠠᠭᠤᠯᠵᠤ ᠦᠢᠯᠡᠴᠢᠯᠡᠬᠦ᠂ ᠨᠡᠷᠡᠲᠦ ᠲᠡᠮᠲᠡᠭ ᠢ ᠡᠵᠡᠩᠨᠡᠬᠦ ᠵᠡᠷᠭᠡ ᠭᠤᠭᠴᠤᠭ᠎ᠠ

ᠲᠡᠶᠢᠰᠢ ᠳᠡᠭᠡᠭᠰᠢᠯᠡᠭᠦᠯᠦᠨ᠂ ᠬᠦᠳᠡᠯᠮᠦᠷᠢ ᠨᠢᠭᠲᠠᠷᠠᠩᠭᠤᠢ ᠦᠢᠯᠡᠳᠭᠦᠨ ᠤ ᠳᠡᠰ ᠵᠡᠷᠭᠡ ᠪᠠ ᠨᠡᠮᠡᠯᠲᠡ ᠥᠷᠲᠡᠭ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃

ᠮᠠᠰᠢᠨ ᠴᠠᠬᠢᠯᠭᠠᠨ ᠤ ᠦᠢᠯᠡᠳᠭᠦᠨ᠂ ᠳᠡᠭᠡᠳᠦ ᠰᠢᠨ᠎ᠡ ᠮᠡᠷᠭᠡᠵᠢᠯ ᠤᠨ ᠦᠢᠯᠡᠳᠭᠦᠨ᠂ ᠬᠥᠭᠵᠢᠯᠲᠡ ᠰᠠᠶᠢᠲᠠᠢ ᠬᠢᠮᠢ ᠶᠢᠨ ᠠᠵᠤ ᠦᠢᠯᠡᠳᠪᠦᠷᠢ ᠶᠢᠨ ᠦᠢᠯᠡᠳᠭᠦᠨ᠂

ᠲᠤᠨᠤᠭ ᠲᠥᠭᠦᠭᠡᠷᠦᠮᠵᠢ ᠦᠢᠯᠡᠳᠬᠦ᠂ ᠠᠮᠢᠳᠤ ᠪᠤᠳᠠᠰ ᠤᠨ ᠡᠮ ᠨᠠᠶᠢᠷᠠᠯᠭ᠎ᠠ ᠵᠡᠷᠭᠡ ᠦᠢᠯᠡᠳᠭᠦᠨ ᠤ ᠭᠠᠳᠠᠭᠠᠳᠤ ᠭᠠᠷᠭᠠᠯᠲᠠ ᠶᠢ ᠳᠡᠮᠵᠢᠨ᠎ᠡ︔ ᠬᠤᠪᠴᠠᠰᠤ ᠨᠡᠬᠡᠮᠡᠯ᠂

ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠡᠳ᠋ᠰᠢᠭᠦᠯᠦᠨ ᠪᠤᠯᠪᠠᠰᠤᠷᠠᠭᠤᠯᠬᠤ᠂ ᠮᠠᠰᠢᠨ ᠴᠠᠬᠢᠯᠭᠠᠨ ᠤ ᠳᠡᠭᠡᠳᠦ ᠰᠢᠨ᠎ᠡ ᠮᠡᠷᠭᠡᠵᠢᠯ ᠤᠨ ᠦᠢᠯᠡᠳᠭᠦᠨ

ᠦᠢᠯᠡᠳᠪᠦᠷᠢᠯᠡᠬᠦ ᠠᠵᠤ ᠠᠬᠤᠶᠢᠯᠠᠯ ᠤᠳ ᠤᠨ ᠨᠡᠷᠡᠲᠦ ᠲᠡᠮᠲᠡᠭ ᠲᠠᠢ ᠦᠢᠯᠡᠳᠭᠦᠨ ᠢᠶᠠᠨ ᠭᠠᠳᠠᠭᠠᠳᠤ ᠳᠤ ᠭᠠᠷᠭᠠᠬᠤ᠂ ᠵᠠᠬ᠎ᠠ ᠳᠡᠯᠭᠡᠭᠦᠷ ᠢᠶᠠᠷ ᠡᠵᠡᠩᠨᠡᠨ ᠪᠣᠷᠤᠯᠠᠭᠤᠯᠬᠤ᠂

ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠵᠡᠷᠭᠡ ᠲᠠᠯ᠎ᠠ ᠪᠠᠷ ᠪᠦᠭᠡᠮᠨᠡᠷᠡᠨ ᠬᠥᠭᠵᠢᠬᠦ ᠪᠠ ᠰᠠᠶᠢᠨ ᠢᠶᠠᠷ ᠦᠷᠢᠰᠦᠯᠳᠦᠬᠦ ᠶᠢ ᠨᠢ ᠬᠦᠲᠦᠯᠦᠨ ᠵᠢᠯᠤᠭᠤᠳᠴᠤ᠂

ᠤᠯᠠᠮᠵᠢᠯᠠᠯᠲᠤ ᠭᠤᠣᠯᠯᠠᠭᠴᠢ ᠦᠢᠯᠡᠳᠭᠦᠨ ᠢᠶᠠᠷ ᠰᠠᠭᠤᠷᠢ ᠪᠣᠯᠭᠠᠨ᠂ ᠳᠡᠭᠡᠳᠦ ᠰᠢᠨ᠎ᠡ ᠮᠡᠷᠭᠡᠵᠢᠯ ᠤᠨ ᠦᠢᠯᠡᠳᠭᠦᠨ ᠵᠢᠴᠢ ᠮᠠᠰᠢᠨ ᠴᠠᠬᠢᠯᠭᠠᠨ ᠤ ᠦᠢᠯᠡᠳᠭᠦᠨ ᠢᠶᠠᠨ

ᠭᠠᠳᠠᠭᠠᠳᠤ ᠳᠤ ᠭᠠᠷᠭᠠᠬᠤ ᠪᠠᠷ ᠭᠦᠳᠦᠯᠦᠭᠦᠯᠦᠭᠰᠡᠨ ᠭᠠᠳᠠᠭᠠᠳᠤ ᠳᠤ ᠭᠠᠷᠭᠠᠬᠤ ᠦᠢᠯᠡᠳᠭᠦᠨ ᠤ ᠰᠢᠰᠲ᠋ᠧᠮᠵᠢ ᠶᠢ ᠲᠣᠭᠲᠠᠭᠤᠨ ᠢᠶᠠᠷ ᠪᠣᠢ ᠪᠣᠯᠭᠠᠨ᠎ᠠ᠃

︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ

ᠲᠢᠩᠭᠢᠮ︶

     ᠠᠷᠠᠯᠵᠢᠶᠠᠨ ᠤ ᠠᠷᠭ᠎ᠠ ᠬᠡᠯᠪᠡᠷᠢ ᠶᠢ ᠰᠢᠯᠢᠳᠡᠭᠵᠢᠭᠦᠯᠦᠨ᠎ᠡ᠃ ᠡᠩ ‍ᠤᠨ‌ᠠᠷᠠᠯᠵᠢᠶ᠎ᠠ ᠶᠢ ᠴᠢᠩᠭᠠᠷᠠᠭᠤᠯᠵᠤ᠂ ᠡᠩ ᠤᠨ ᠠᠷᠠᠯᠵᠢᠶᠠᠨ ᠤ ᠭᠠᠳᠠᠭᠠᠳᠤ ᠳᠤ ᠭᠠᠷᠭᠠᠬᠤ

ᠦᠢᠯᠡᠳᠭᠦᠨ ᠤ ᠨᠡᠮᠡᠯᠲᠡ ᠥᠷᠲᠡᠭ ᠢ ᠨᠢ ᠨᠡᠮᠡᠭᠳᠡᠭᠦᠯᠦᠨ᠂ ᠠᠵᠤ ᠠᠬᠤᠶᠢᠯᠠᠯ ᠤᠨ ᠠᠰᠢᠭ ᠣᠯᠵᠠᠪᠤᠷᠢ ᠣᠯᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠴᠤᠯᠭᠤᠢ ᠪᠠᠷ

ᠦᠢᠯᠡᠳᠭᠦᠨ ᠬᠠᠩᠭᠠᠬᠤ ᠬᠤᠳᠠᠯᠳᠤᠭᠠᠴᠢᠨ ᠪᠠᠶᠢᠭᠰᠠᠨ ᠠᠴᠠ ᠬᠠᠮ ᠦᠢᠯᠡᠳᠭᠦᠨ ᠬᠠᠩᠭᠠᠬᠤ ᠬᠤᠳᠠᠯᠳᠤᠭᠠᠴᠢᠨ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠨᠢ

ᠲᠦᠷᠭᠡᠳᠭᠡᠨ᠂ ᠡᠳ᠋ ᠪᠠᠷᠠᠭᠠᠨ ᠤ ᠠᠷᠠᠯᠵᠢᠶ᠎ᠠ ᠬᠢᠭᠡᠳ ᠦᠢᠯᠡᠴᠢᠯᠡᠭᠡᠨ ᠤ ᠠᠷᠠᠯᠵᠢᠶ᠎ᠠ ᠶᠢᠨ ᠬᠠᠷᠢᠯᠴᠠᠨ ᠠᠬᠢᠭᠤᠯᠬᠤ ᠶᠢ ᠪᠡᠶᠡᠯᠡᠭᠦᠯᠦᠨ᠎ᠡ᠃ ᠡᠳ᠋ᠰᠢᠭᠦᠯᠵᠦ

ᠪᠣᠯᠪᠠᠰᠤᠷᠠᠭᠤᠯᠬᠤ ᠠᠷᠠᠯᠵᠢᠶ᠎ᠠ ᠶᠢ ᠨᠢᠭᠡ ᠴᠤᠭᠴᠠᠵᠢᠭᠤᠯᠬᠤ ᠪᠠᠨ ᠲᠦᠷᠭᠡᠳᠭᠡᠨ ᠬᠥᠭᠵᠢᠭᠦᠯᠵᠦ᠂ ᠠᠵᠤ ᠦᠢᠯᠡᠰ ᠢᠶᠠᠷ ᠢᠶᠠᠨ ᠬᠤᠯᠪᠤᠭᠳᠠᠬᠤ ᠬᠡᠮᠵᠢᠶ᠎ᠡ ᠨᠢ ᠶᠡᠭᠡ᠂

ᠭᠠᠳᠠᠭᠠᠳᠤ ᠭᠠᠷᠭᠠᠯᠲᠠ ᠶᠢ ᠳᠠᠶᠢᠴᠢᠯᠠᠬᠤ ᠴᠢᠳᠠᠪᠤᠷᠢ ᠪᠠᠷ ᠴᠢᠩᠭ᠎ᠠ ᠨᠢᠭᠡ ᠪᠦᠯᠦᠭ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ ᠤ ᠲᠦᠷᠦᠯ ᠵᠦᠢᠯ ᠢ ᠶᠡᠭᠡ ᠪᠠᠷ

ᠣᠷᠤᠭᠤᠯᠵᠤ ᠠᠪᠴᠢᠷᠠᠨ᠎ᠠ︔ ᠣᠳᠣ ᠶᠢᠨ ᠪᠠᠶᠢᠭ᠎ᠠ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ ᠤ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠠᠵᠤ

ᠦᠢᠯᠡᠰ ᠤᠨ ᠬᠡᠯᠬᠢᠶᠡᠨ ᠤ ᠬᠤᠶᠠᠷ ᠦᠵᠦᠭᠦᠷ ᠲᠡᠶᠢᠰᠢ ᠣᠷᠳᠣᠣᠡᠬᠠᠵᠣ᠂ ᠰᠡᠯᠪᠢᠨ ᠵᠠᠰᠠᠬᠤ᠂ ᠳᠠᠬᠢᠨᠳᠠ ᠦᠢᠯᠡᠳᠬᠦ᠂ ᠪᠠᠶᠢᠴᠠᠭᠠᠨ ᠰᠢᠯᠭᠠᠬᠤ ᠵᠡᠷᠭᠡ ᠲᠤᠬᠠᠶᠢᠯᠠᠭᠰᠠᠨ

ᠠᠵᠢᠯ ᠢ ᠢᠳᠡᠪᠬᠢᠲᠡᠢ ᠬᠥᠭᠵᠢᠭᠦᠯᠦᠨ᠂ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ ᠵᠡᠷᠭᠡ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ ᠬᠢᠨᠠᠯᠲᠠ ᠬᠠᠮᠢᠶᠠᠷᠤᠯᠲᠠ ᠪᠠᠨ

ᠲᠡᠭᠦᠯᠳᠡᠷᠵᠢᠭᠦᠯᠵᠦ᠂ ᠠᠵᠤ ᠦᠢᠯᠡᠰ ᠤᠨ ᠬᠡᠯᠬᠢᠶᠡᠨ ᠤ ᠳᠡᠰ ᠳᠡᠪᠰᠢᠬᠦ ᠶᠢ ᠠᠬᠢᠭᠤᠯᠤᠨ᠎ᠠ︔ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠬᠢᠯᠢ ᠠᠯᠤᠰᠯᠠᠭᠰᠠᠨ

ᠡᠯᠧᠺᠲᠷᠦᠨ ᠬᠤᠳᠠᠯᠳᠤᠭᠠᠨ ᠤ ᠶᠡᠷᠦᠩᠬᠡᠶᠢᠯᠡᠭᠰᠡᠨ ᠲᠣᠷᠰᠢᠯᠲᠠ ᠶᠢᠨ ᠣᠷᠣᠨ ᠵᠡᠷᠭᠡ ᠲᠠᠪᠴᠠᠩ ᠤᠨ ᠳᠠᠪᠠᠭᠤᠯᠢᠭ ᠢ ᠰᠠᠶᠢᠲᠤᠷ ᠠᠰᠢᠭᠯᠠᠵᠤ᠂ ᠪᠡᠭᠡᠵᠢᠩ ᠲᠢᠶᠠᠨᠵᠢᠨ

ᠾᠧᠪᠧᠢ᠂ ᠬᠦᠬᠡᠮᠦ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ ᠤ ᠰᠢᠯᠵᠢᠯᠲᠡ ᠶᠢ ᠢᠳᠡᠪᠬᠢᠲᠡᠢ ᠳᠠᠭᠠᠭᠠᠨ

ᠵᠠᠯᠭᠠᠭᠤᠯᠵᠦ᠂ ᠳᠡᠭᠡᠳᠦ ᠰᠢᠨ᠎ᠡ ᠮᠡᠷᠭᠡᠵᠢᠯ᠂ ᠲᠡᠷᠢᠭᠦᠨ ᠤ ᠦᠢᠯᠡᠳᠬᠦ᠂ ᠡᠨᠧᠷᠬᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ᠂ ᠰᠢᠨ᠎ᠡ ᠡᠨᠧᠷᠬᠢ᠂ ᠰᠢᠨ᠎ᠡ

ᠮᠠᠲ᠋ᠧᠷᠢᠶᠠᠯ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠡᠳ᠋ᠰᠢᠭᠦᠯᠦᠨ ᠪᠣᠯᠪᠠᠰᠤᠷᠠᠭᠤᠯᠬᠤ

ᠵᠡᠷᠭᠡ ᠠᠵᠤ ᠦᠢᠯᠡᠰ ᠢ ᠭᠤᠣᠯᠳᠠᠯᠭ᠎ᠠ ᠲᠠᠢ ᠳᠠᠭᠠᠭᠠᠨ ᠵᠠᠯᠭᠠᠭᠤᠯᠵᠦ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ ᠤ ᠬᠡᠪᠴᠢᠶ᠎ᠡ ᠶᠢ ᠥᠷᠭᠡᠳᠭᠡᠨ᠎ᠡ᠃ ᠬᠢᠯᠢ ᠶᠢᠨ

ᠠᠷᠠᠯᠵᠢᠶᠠᠨ ᠤ ᠬᠥᠭᠵᠢᠯᠲᠡ ᠳᠤ ᠰᠢᠨ᠎ᠡ ᠶᠢ ᠡᠭᠦᠳᠴᠦ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠭᠠᠳᠠᠭᠠᠳᠤ ᠠᠴᠠ ᠣᠷᠤᠭᠤᠯᠬᠤ ᠬᠡᠪᠴᠢᠶᠡᠵᠢᠯ ᠢ ᠨᠢ

ᠥᠷᠭᠡᠳᠭᠡᠨ᠂ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠭᠠᠳᠠᠭᠠᠳᠤ ᠠᠴᠠ ᠣᠷᠤᠭᠤᠯᠤᠭᠰᠠᠨ ᠲᠠᠸᠠᠷ ᠢᠶᠠᠨ ᠰᠠᠭᠤᠷᠢᠰᠢᠭᠤᠯᠤᠨ

ᠪᠣᠯᠪᠠᠰᠤᠷᠠᠭᠤᠯᠬᠤ ᠲᠤᠬᠠᠶᠢᠯᠠᠭᠰᠠᠨ ᠠᠵᠢᠯ ᠢ ᠠᠬᠢᠭᠤᠯᠵᠤ᠂ ᠠᠮᠤ ᠪᠤᠳᠠᠭ᠎ᠠ ᠪᠠ ᠺᠠᠯᠢᠲᠤ ᠪᠤᠷᠳᠤᠭᠤᠷ ᠵᠡᠷᠭᠡ ᠥᠷᠭᠡᠨ ᠬᠡᠷᠡᠭᠴᠡᠭᠡᠨ ᠤ ᠲᠠᠸᠠᠷ ᠢ ᠭᠠᠳᠠᠭᠠᠳᠤ ᠠᠴᠠ

ᠣᠷᠤᠭᠤᠯᠵᠤ ᠰᠠᠭᠤᠷᠢᠰᠢᠭᠤᠯᠤᠨ ᠪᠣᠯᠪᠠᠰᠤᠷᠠᠭᠤᠯᠬᠤ ᠪᠠᠨ ᠴᠢᠩᠭᠠᠳᠬᠠᠨ᠂ ᠮᠤᠳᠤᠨ ᠮᠠᠲ᠋ᠧᠷᠢᠶᠠᠯ ᠡᠳ᠋ᠰᠢᠭᠦᠯᠬᠦ ᠳᠡᠰ ᠵᠡᠷᠭᠡ ᠪᠠᠨ ᠳᠡᠭᠡᠭᠰᠢᠯᠡᠭᠦᠯᠬᠦ ᠪᠠ ᠦᠩᠭᠡᠲᠦ

ᠲᠡᠮᠦᠷᠯᠢᠭ ᠬᠦᠮᠦᠷᠭᠡᠯᠡᠨ ᠨᠦᠬᠡᠴᠡᠯᠡᠬᠦ ᠪᠠᠷᠠᠭᠠᠨ ᠤ ᠭᠦᠢᠯᠭᠡᠭᠡᠨ ᠤ ᠲᠠᠪᠴᠠᠩ ᠪᠠᠶᠢᠭᠤᠯᠬᠤ ᠶᠢ ᠠᠬᠢᠭᠤᠯᠤᠨ᠎ᠠ᠃ ᠣᠷᠳᠤᠰ ᠬᠤᠲᠠ ᠶᠢᠨ ᠭᠠᠷ ᠳᠠᠮᠵᠢᠭᠰᠠᠨ ᠲᠡᠷᠭᠡ ᠶᠢ

ᠭᠠᠳᠠᠭᠠᠳᠤ ᠳᠤ ᠭᠠᠷᠭᠠᠬᠤ ᠲᠣᠷᠰᠢᠯᠲᠠ ᠶᠢᠨ ᠴᠡᠭ ᠤᠨ ᠠᠵᠢᠯ ᠢ ᠠᠬᠢᠭᠤᠯᠤᠨ᠎ᠠ᠃ ᠮᠠᠨᠵᠤᠤᠷ ᠬᠤᠲᠠ ᠪᠠ ᠡᠷᠢᠶᠠᠨ ᠬᠤᠲᠠ ᠶᠢᠨ ᠬᠢᠯᠢ ᠶᠢᠨ ᠪᠠᠭ᠎ᠠ ᠲᠣᠭᠠᠨ ᠤ

ᠠᠷᠠᠯᠵᠢᠶ᠎ᠠ ᠶᠢᠨ ᠭᠠᠳᠠᠭᠠᠳᠣ ᠳᠤ ᠭᠠᠷᠭᠠᠬᠤ ᠦᠢᠯᠡᠳᠭᠦᠨ ᠤ ᠥᠷᠳᠡᠭ ᠨᠡᠮᠡᠭᠳᠡᠯ ᠤᠨ ᠭᠠᠶᠢᠯᠢ ᠠᠴᠠ ᠭᠡᠷᠡᠴᠢ ᠪᠠᠷᠢᠮᠳᠠ ᠠᠪᠬᠤ ᠦᠭᠡᠢ ᠪᠠᠷ ᠭᠠᠶᠢᠯᠢ ᠠᠴᠠ ᠬᠡᠯᠲᠦᠷᠢᠭᠦᠯᠬᠦ

ᠲᠣᠷᠰᠢᠯᠲᠠ ᠶᠢᠨ ᠴᠡᠭ ᠤᠨ ᠠᠵᠢᠯ ᠦᠷᠨᠢᠬᠦᠯᠬᠦ ᠶᠢ ᠲᠡᠮᠵᠢᠵᠦ᠂ ᠤᠯᠤᠰ ᠤᠨ ᠲᠤᠳᠤᠭᠠᠲᠤ ᠭᠠᠳᠠᠭᠠᠳᠤ ᠳᠠᠬᠢ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ

ᠠᠬᠢᠭᠤᠯᠤᠨ᠂ ᠬᠦᠲᠥᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠬᠢᠯᠢ ᠶᠢᠨ ᠠᠷᠠᠯᠵᠢᠶᠠᠨ ᠤ ᠶᠡᠷᠦᠩᠬᠡᠶᠢᠯᠡᠭᠰᠡᠨ ᠦᠷᠢᠰᠦᠯᠳᠦᠬᠦ

ᠬᠦᠴᠦᠨ ᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠬᠦᠬᠡᠬᠤᠲᠠ ᠪᠤᠭᠤᠮᠲᠠ᠂

ᠮᠠᠨᠵᠤᠤᠷ ᠪᠤᠭᠤᠮᠲᠠ᠂ ᠦᠪᠦᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶

     ︵ᠭᠤᠷᠪᠠ︶ ᠲᠡᠩᠴᠡᠭᠦᠷᠢᠰᠢᠭᠦᠯᠦᠨ ᠵᠣᠬᠢᠴᠠᠭᠤᠯᠬᠤ ᠶᠢ ᠠᠬᠢᠭᠤᠯᠵᠤ᠂ ᠠᠷᠠᠯᠵᠢᠶᠠᠨ ᠤ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃

     ᠭᠠᠳᠠᠭᠠᠳᠤ ᠠᠴᠠ ᠣᠷᠤᠭᠤᠯᠬᠤ ᠶᠢ ᠢᠳᠡᠪᠬᠢᠲᠡᠢ ᠥᠷᠭᠡᠳᠭᠡᠨ᠎ᠡ᠃ ᠦᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ

ᠦᠨᠳᠦᠰᠦᠯᠡᠵᠦ᠂ ᠠᠵᠤ ᠠᠬᠤᠶᠢᠯᠠᠯ ᠤᠨ ᠰᠢᠨ᠎ᠡ ᠮᠠᠲ᠋ᠧᠷᠢᠶᠠᠯ᠂ ᠡᠨᠧᠷᠬᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠳᠡᠭᠡᠳᠦ ᠳᠡᠰ ᠤᠨ ᠲᠤᠨᠤᠭ

ᠲᠥᠭᠦᠭᠡᠷᠦᠮᠵᠢ᠂ ᠲᠣᠮᠣ ᠳ᠋ᠠᠶᠢᠲ᠋ᠠ ᠶᠢᠨ ᠡᠭᠦᠯᠡᠨ ᠪᠤᠳᠤᠯᠲᠠ᠂ ᠠᠮᠢᠳᠤ ᠪᠤᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠪᠠᠶᠢᠯᠳᠤᠬᠤ ᠪᠣᠳᠣᠯᠭ᠎ᠠ ᠶᠢᠨ

ᠴᠢᠨᠠᠷᠲᠠᠢ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠵᠢᠴᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠬᠡᠷᠡᠭᠰᠡᠬᠦ ᠲᠡᠷᠢᠭᠦᠨ ᠤ ᠮᠡᠷᠭᠡᠵᠢᠯ᠂

ᠲᠥᠭᠦᠭᠡᠷᠦᠮᠵᠢ ᠪᠠ ᠦᠢᠯᠡᠴᠢᠯᠡᠭᠡᠨ ᠤ ᠰᠢᠰᠲ᠋ᠧᠮᠵᠢ ᠶᠢ ᠭᠠᠳᠠᠭᠠᠳᠤ ᠠᠴᠠ ᠣᠷᠤᠭᠤᠯᠬᠤ ᠪᠠᠨ ᠥᠷᠭᠡᠳᠭᠡᠬᠦ ᠶᠢ ᠵᠣᠷᠢᠭᠵᠢᠭᠤᠯᠤᠨ᠎ᠠ᠃ ᠡᠨᠧᠷᠬᠢ ᠪᠠ ᠡᠬᠢ ᠪᠠᠶᠠᠯᠢᠭ ᠤᠨ

ᠴᠢᠨᠠᠷᠲᠠᠢ ᠦᠢᠯᠡᠳᠭᠦᠨ ᠢ ᠭᠠᠳᠠᠭᠠᠳᠤ ᠠᠴᠠ ᠣᠷᠤᠭᠤᠯᠬᠤ ᠶᠢ ᠲᠣᠭᠲᠠᠪᠤᠷᠢᠵᠢᠭᠤᠯᠤᠨ᠎ᠠ᠃ ᠨᠦᠬᠦᠴᠡᠯ ᠲᠠᠢ ᠬᠢᠯᠢ ᠶᠢᠨ ᠪᠤᠭᠤᠮᠲᠠ ᠪᠠᠷ ᠭᠠᠳᠠᠭᠠᠳᠤ ᠠᠴᠠ ᠣᠷᠤᠭᠤᠯᠬᠤ

ᠲᠠᠸᠠᠷ ᠤᠨ ᠲᠦᠷᠦᠯ ᠢᠶᠠᠨ ᠨᠡᠮᠡᠭᠳᠡᠭᠦᠯᠬᠦ ᠶᠢ ᠳᠡᠮᠵᠢᠵᠦ᠂ ᠭᠠᠳᠠᠭᠠᠳᠤ ᠠᠴᠠ ᠣᠷᠤᠭᠤᠯᠤᠭᠰᠠᠨ ᠲᠠᠸᠠᠷ ᠢ ᠬᠢᠨᠠᠨ ᠬᠠᠮᠢᠶᠠᠷᠬᠤ ᠲᠣᠭᠲᠠᠭᠠᠭᠰᠠᠨ ᠲᠠᠯᠠᠪᠤᠷ ᠭᠠᠵᠠᠷ

ᠪᠠᠶᠢᠭᠤᠯᠬᠤ ᠪᠠᠷ ᠭᠤᠶᠤᠴᠢᠯᠠᠨ᠎ᠠ᠃ ᠮᠠᠨᠵᠤᠤᠷ ᠬᠢᠯᠢ ᠶᠢᠨ ᠪᠤᠭᠤᠮᠲᠠ ᠶᠢᠨ ᠭᠠᠳᠠᠭᠠᠳᠤ ᠠᠴᠠ ᠵᠡᠷᠭᠡᠳᠡ ᠣᠷᠤᠭᠤᠯᠬᠤ ᠮᠠᠰᠢᠨ ᠲᠡᠷᠭᠡ ᠶᠢ ᠬᠢᠨᠠᠨ ᠬᠠᠮᠢᠶᠠᠷᠬᠤ

ᠦᠢᠯᠡᠴᠢᠯᠡᠭᠡᠨ ᠤ ᠪᠠᠶᠢᠭᠤᠯᠤᠯ ᠳᠤ ᠰᠢᠨ᠎ᠡ ᠶᠢ ᠡᠭᠦᠳᠴᠦ᠂ ᠮᠠᠰᠢᠨ ᠲᠡᠷᠭᠡᠨ ᠤ ᠭᠠᠶᠢᠯᠢ ᠪᠠᠲᠤᠯᠠᠬᠤ ᠰᠠᠩ ᠬᠦᠮᠦᠷᠭᠡ ᠶᠢ ᠬᠥᠭᠵᠢᠭᠦᠯᠦᠨ᠎ᠡ᠃ ᠳᠤᠮᠳᠠᠳᠤ ᠤᠯᠤᠰ ᠤᠨ

ᠣᠯᠠᠨ ᠤᠯᠤᠰ ᠤᠨ ᠭᠠᠳᠠᠭᠠᠳᠤ ᠠᠴᠠ ᠣᠷᠤᠭᠤᠯᠤᠭᠰᠠᠨ ᠲᠠᠸᠠᠷ ᠤᠨ ᠦᠵᠡᠰᠭᠦᠯᠡᠩ ᠳᠤ ᠢᠳᠡᠪᠬᠢᠲᠡᠢ ᠣᠷᠤᠯᠴᠠᠵᠤ᠂ ᠡᠳᠦᠷ ᠲᠤᠲᠤᠮ ᠤᠨ ᠬᠡᠷᠡᠭᠯᠡᠭᠡ ᠶᠢᠨ ᠵᠦᠢᠯ᠂

ᠡᠮ ᠡᠮᠨᠡᠯᠭᠡ᠂ ᠡᠷᠡᠭᠦᠯᠵᠢᠭᠦᠯᠬᠦ᠂ ᠨᠠᠰᠤᠲᠠᠨ ᠤ ᠠᠰᠠᠷᠠᠵᠤ ᠰᠤᠪᠢᠯᠠᠬᠤ ᠵᠡᠷᠭᠡ ᠲᠠᠯ᠎ᠠ ᠶᠢᠨ ᠲᠦᠭᠦᠭᠡᠷᠦᠮᠵᠢ ᠶᠢ ᠭᠠᠳᠠᠭᠠᠳᠤ ᠠᠴᠠ ᠣᠷᠤᠭᠤᠯᠬᠤ ᠶᠢ ᠨᠢ ᠨᠡᠮᠡᠭᠳᠡᠭᠦᠯᠦᠨ᠂

ᠭᠠᠳᠠᠭᠠᠳᠤ ᠠᠴᠠ ᠣᠷᠤᠭᠤᠯᠵᠤ ᠬᠤᠪᠢᠶᠠᠷᠢᠯᠠᠨ ᠪᠣᠷᠣᠯᠠᠭᠤᠯᠬᠤ ᠠᠷᠭ᠎ᠠ ᠵᠠᠮ ᠤᠨ ᠬᠠᠮᠲᠤᠷᠠᠯᠴᠠᠭ᠎ᠠ ᠬᠢᠭᠡᠳ ᠪᠠᠶᠢᠭᠤᠯᠤᠯᠲᠠ ᠶᠢ ᠴᠢᠩᠭᠠᠳᠬᠠᠵᠤ᠂ ᠬᠤᠪᠢᠶᠠᠷᠢᠯᠠᠨ

ᠪᠣᠷᠤᠯᠠᠭᠤᠯᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ᠂

ᠬᠦᠬᠡᠬᠤᠲᠠ ᠪᠤᠭᠤᠮᠲᠠ᠂ ᠮᠠᠨᠵᠤᠤᠷ ᠪᠣᠭᠤᠮᠲᠠ︶

     ᠦᠢᠯᠡᠴᠢᠯᠡᠭᠡᠨ ᠤ ᠠᠷᠠᠯᠵᠢᠶ᠎ᠠ ᠶᠢ ᠶᠡᠭᠡ ᠪᠠᠷ ᠬᠥᠭᠵᠢᠭᠦᠯᠦᠨ᠎ᠡ᠃ ᠤᠯᠤᠰ ᠤᠨ ᠦᠢᠯᠡᠴᠢᠯᠡᠭᠡᠨ ᠤ ᠠᠷᠠᠯᠵᠢᠶ᠎ᠠ ᠶᠢᠨ ᠰᠢᠨ᠎ᠡ ᠡᠭᠦᠳᠦᠯᠲᠡ ᠲᠠᠢ ᠬᠥᠭᠵᠢᠭᠦᠯᠬᠦ

ᠲᠣᠷᠰᠢᠯᠲᠠ ᠶᠢᠨ ᠴᠡᠭ ᠤᠨ ᠲᠣᠷᠰᠢᠯᠭ᠎ᠠ ᠶᠢ ᠳᠠᠭᠤᠷᠢᠶᠠᠨ ᠳᠡᠯᠭᠡᠷᠡᠭᠦᠯᠵᠦ᠂ ᠰᠢᠨ᠎ᠡ ᠪᠠᠷ ᠪᠣᠢ ᠪᠣᠯᠣᠭᠰᠠᠨ ᠦᠢᠯᠡᠴᠢᠯᠡᠭᠡᠨ ᠤ ᠠᠷᠠᠯᠵᠢᠶ᠎ᠠ ᠶᠢ ᠶᠡᠭᠡ ᠪᠠᠷ ᠬᠥᠭᠵᠢᠭᠦᠯᠦᠨ᠂

ᠮᠦᠩᠭᠦᠨ ᠭᠦᠢᠯᠭᠡᠭᠡ᠂ ᠳᠠᠭᠠᠳᠬᠠᠯ᠂ ᠵᠢᠭᠤᠯᠴᠢᠯᠠᠯ᠂ ᠪᠠᠷᠠᠭᠠᠨ ᠤ ᠭᠦᠢᠯᠭᠡᠭᠡ᠂ ᠬᠤᠷᠠᠯ ᠦᠵᠡᠰᠭᠦᠯᠡᠩ ᠵᠡᠷᠭᠡ ᠬᠦᠷᠢᠶᠡᠨ ᠳᠤ ︽ᠣᠷᠤᠭᠤᠯᠤᠨ ᠠᠪᠴᠢᠷᠠᠬᠤ︾

ᠡᠷᠴᠢᠮ ᠢ ᠴᠢᠩᠭᠠᠷᠠᠭᠤᠯᠵᠤ᠂ ᠰᠤᠷᠭᠠᠨ ᠬᠦᠮᠦᠵᠢᠯ᠂ ᠰᠤᠶᠤᠯ᠂ ᠮᠤᠩᠭᠤᠯ ᠬᠢᠲᠠᠳ ᠡᠮ ᠡᠮᠨᠡᠯᠭᠡ᠂ ᠲᠣᠭᠠᠵᠢᠲᠣ ᠦᠢᠯᠡᠴᠢᠯᠡᠭᠡ ᠵᠡᠷᠭᠡ ᠣᠨᠴᠠᠯᠢᠭᠲᠤ ᠦᠢᠯᠡᠴᠢᠯᠡᠭᠡ ᠶᠢ

ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠲᠣᠭᠠᠵᠢᠯᠠᠭᠰᠠᠨ ᠠᠷᠠᠯᠵᠢᠶᠠᠨ ᠤ ᠦᠵᠡᠰᠭᠦᠯᠡᠩ᠂ ᠵᠦᠪᠳᠡᠨ ᠬᠡᠯᠡᠯᠴᠡᠬᠦ

ᠬᠤᠷᠠᠯ ᠵᠡᠷᠭᠡ ᠦᠢᠯᠡᠴᠢᠯᠡᠭᠡᠨ ᠤ ᠠᠷᠠᠯᠵᠢᠶ᠎ᠠ ᠶᠢ ᠬᠥᠭᠵᠢᠭᠦᠯᠬᠦ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠭᠠᠳᠠᠭᠠᠳᠤ ᠠᠷᠠᠯᠵᠢᠶᠠᠨ ᠳᠠᠬᠢ

ᠦᠢᠯᠡᠴᠢᠯᠡᠭᠡᠨ ᠤ ᠠᠷᠠᠯᠵᠢᠶ᠎ᠠ ᠶᠢᠨ ᠡᠵᠡᠯᠡᠬᠦ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ

ᠬᠤᠳᠠᠯᠳᠤᠭᠠᠨ ᠤ ᠶᠠᠪᠤᠳᠠᠯ ᠤᠨ ᠲᠢᠩᠭᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ

ᠠᠬᠢᠭᠤᠯᠬᠤ ᠵᠦᠪᠯᠡᠯ ᠤᠨ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠦᠪᠯᠡᠯ︶

     ᠠᠷᠠᠯᠵᠢᠶ᠎ᠠ ᠬᠢᠭᠡᠳ ᠬᠤᠣᠰ ᠴᠢᠭᠯᠡᠯᠲᠦ ᠪᠡᠯᠡ ᠣᠷᠤᠭᠤᠯᠤᠯᠲᠠ ᠶᠢᠨ ᠪᠦᠲᠦᠮᠵᠢᠲᠡᠢ ᠦᠢᠯᠡᠳᠦᠯᠴᠡᠬᠦ ᠶᠢ ᠠᠬᠢᠭᠤᠯᠤᠨ᠎ᠠ᠃ ᠭᠠᠳᠠᠭᠰᠢᠯ ᠪᠤᠳᠠᠳᠤ ᠴᠤᠭᠴᠠ ᠶᠢᠨ

ᠠᠵᠤ ᠠᠬᠤᠶᠢᠯᠠᠯ ᠤᠨ ᠲᠦᠢᠯ ᠤᠨ ᠣᠨᠣᠪᠴᠢᠲᠠᠢ ᠪᠠᠷ ᠬᠤᠳᠠᠯᠳᠤᠭᠠᠴᠢᠨ ᠤᠷᠢᠬᠤ ᠠᠵᠢᠯ ᠢ ᠦᠷᠨᠢᠭᠦᠯᠵᠦ᠂ ᠬᠤᠳᠠᠯᠳᠤᠭᠠᠴᠢᠨ ᠤᠷᠢᠬᠤ ᠲᠦᠷᠦᠯ ᠵᠦᠢᠯ ᠤᠨ ᠡᠮᠦᠨᠡᠬᠢ

ᠬᠤᠭᠤᠴᠠᠭᠠᠨ ᠤ ᠨᠡᠭᠡᠭᠡᠨ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠬᠦᠲᠥᠴᠢ ᠠᠵᠤ ᠠᠬᠤᠶᠢᠯᠠᠯ ᠤᠨ ᠡᠯᠧᠺᠲᠷᠦᠨ ᠳᠠᠩᠰᠠ ᠡᠪᠬᠡᠮᠡᠯ᠂ ᠬᠠᠷᠠᠯᠲᠠ ᠶᠢᠨ ᠨᠠᠷᠢᠨ

ᠬᠠᠭᠤᠳᠠᠰᠤ ᠶᠢ ᠪᠠᠶᠢᠭᠤᠯᠤᠨ᠎ᠠ︔ ᠠᠶᠢᠮᠠᠭ ᠬᠤᠲᠠ ᠶᠢᠨ ᠭᠤᠣᠯᠯᠠᠬᠤ ᠠᠵᠤ ᠦᠢᠯᠡᠰ ᠤᠨ ᠪᠠᠶᠢᠳᠠᠯ ᠤᠨ ᠲᠣᠭᠤᠷᠢᠨ ᠳᠤ᠂ ᠬᠥᠭᠵᠢᠯᠲᠡ ᠰᠠᠶᠢᠲᠠᠢ᠂ ᠵᠠᠬ᠎ᠠ

ᠳᠡᠯᠭᠡᠭᠦᠷᠴᠢᠯᠡᠭᠰᠡᠨ ᠬᠡᠮᠵᠢᠶ᠎ᠡ ᠪᠠᠷ ᠦᠨᠳᠦᠷ᠂ ᠲᠠᠲᠠᠬᠤ ᠬᠦᠴᠦᠨ ᠲᠠᠢ ᠨᠢᠭᠡ ᠪᠦᠯᠦᠭ ᠭᠠᠳᠠᠭᠰᠢᠯ ᠪᠤᠳᠠᠳᠤ ᠴᠤᠭᠴᠠ ᠶᠢᠨ ᠠᠵᠤ ᠠᠬᠤᠶᠢᠯᠠᠯ ᠤᠨ ᠬᠤᠳᠠᠯᠳᠤᠭᠠᠴᠢᠨ

ᠤᠷᠢᠬᠤ ᠲᠦᠷᠦᠯ ᠵᠦᠢᠯ ᠢ ᠨᠡᠭᠡᠭᠡᠨ ᠬᠥᠭᠵᠢᠭᠦᠯᠦᠨ᠎ᠡ᠃ ᠦᠢᠯᠡᠳᠬᠦ ᠦᠢᠯᠡᠰ ᠢ ᠵᠣᠷᠢᠭᠵᠢᠭᠤᠯᠵᠤ ᠪᠠᠶᠢᠭᠠᠳ ᠭᠠᠳᠠᠭᠠᠳᠤ ᠪᠡᠯᠡ ᠶᠢ ᠢᠳᠡᠪᠬᠢᠲᠡᠢ ᠠᠰᠢᠭᠯᠠᠨ᠂ ᠨᠢᠭᠡ

ᠪᠦᠯᠦᠭ ᠰᠢᠨ᠎ᠡ ᠡᠨᠧᠷᠬᠢ ᠶᠢᠨ ᠮᠠᠰᠢᠨ ᠲᠡᠷᠭᠡ᠂ ᠰᠢᠨ᠎ᠡ ᠮᠠᠲ᠋ᠧᠷᠢᠶᠠᠯ᠂ ᠠᠮᠢᠳᠤ ᠪᠤᠳᠠᠰ ᠤᠨ ᠡᠮ ᠡᠮᠨᠡᠯᠭᠡ᠂ ᠳᠡᠭᠡᠳᠦ ᠳᠡᠰ ᠤᠨ ᠲᠤᠨᠤᠭ ᠲᠥᠭᠦᠭᠡᠷᠦᠮᠵᠢ ᠵᠡᠷᠭᠡ

ᠤᠯᠤᠰ ᠤᠨ ᠲᠤᠳᠤᠭᠠᠲᠤ ᠭᠠᠳᠠᠭᠠᠳᠤ ᠶᠢᠨ ᠵᠠᠬ᠎ᠠ ᠳᠡᠯᠭᠡᠭᠦᠷ ᠲᠤ ᠬᠠᠨᠳᠤᠭᠤᠯᠤᠭᠰᠠᠨ ᠴᠢᠬᠤᠯᠠ ᠶᠡᠭᠡ ᠲᠦᠷᠦᠯ ᠵᠦᠢᠯ ᠢ ᠲᠠᠲᠠᠨ ᠣᠷᠤᠭᠤᠯᠵᠤ᠂ ᠭᠠᠳᠠᠭᠠᠳᠤ ᠪᠡᠯᠡ ᠶᠢ

ᠠᠰᠢᠭᠯᠠᠬᠤ ᠬᠢᠭᠡᠳ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠤᠷᠭᠠᠨᠢᠭ ᠢᠶᠠᠷ ᠣᠶᠠᠯᠳᠣᠭᠤᠯᠬᠤ ᠶᠢ ᠪᠡᠶᠡᠯᠡᠭᠦᠯᠵᠣ᠂ ᠠᠵᠤ ᠦᠢᠯᠡᠰ ᠤᠨ

ᠳᠡᠰ ᠳᠠᠪᠬᠤᠷᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠦᠢᠯᠡᠰ ᠤᠨ ᠦᠷᠢᠰᠦᠯᠳᠦᠬᠦ ᠬᠦᠴᠦᠨ ᠢ ᠨᠢ ᠳᠡᠭᠡᠭᠰᠢᠯᠡᠭᠦᠯᠦᠨ᠎ᠡ᠃ ᠦᠪᠡᠷᠲᠡᠭᠡᠨ ᠵᠠᠰᠠᠬᠤ

ᠣᠷᠣᠨ ᠤ ᠳᠠᠪᠠᠭᠤᠯᠢᠭ ᠬᠦᠷᠢᠶ᠎ᠡ ᠴᠠᠷᠠᠭᠠᠨ ᠳᠠᠬᠢ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠣᠷᠢᠭᠵᠢᠭᠤᠯᠵᠤ᠂ ᠬᠢᠯᠢ ᠶᠢᠨ ᠭᠠᠳᠠᠨᠠᠬᠢ

ᠠᠵᠤ ᠠᠬᠤᠢ ᠠᠷᠠᠯᠵᠢᠶᠠᠨ ᠤ ᠬᠠᠮᠲᠤᠷᠠᠨ ᠠᠵᠢᠯᠯᠠᠬᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠠᠭᠤᠷᠬᠠᠢ ᠶᠢᠨ ᠭᠠᠷᠤᠯᠲᠠ ᠶᠢ

ᠨᠡᠭᠡᠭᠡᠨ ᠠᠰᠢᠭᠯᠠᠬᠤ᠂ ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠬᠤᠪᠴᠠᠰᠤ ᠨᠡᠬᠡᠮᠡᠯ᠂ ᠣᠢ ᠰᠢᠭᠤᠢ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ

ᠪᠦᠲᠦᠭᠡᠭᠳᠡᠭᠦᠨ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ ᠠᠵᠤ ᠠᠬᠤᠶᠢᠯᠠᠯ ᠢ ᠬᠦᠲᠦᠯᠦᠨ ᠵᠢᠯᠤᠭᠤᠳᠴᠤ ᠪᠠᠶᠢᠭᠠᠳ ᠵᠡᠭᠦᠨ ᠡᠮᠦᠨᠡᠲᠦ ᠠᠽᠢᠶ᠎ᠠ᠂ ᠳᠤᠮᠳᠠᠳᠤ ᠳᠤᠷᠤᠨᠠᠳᠤ᠂

ᠠᠹᠷᠢᠺᠠ ᠲᠢᠪ ᠵᠡᠷᠭᠡ ᠭᠠᠵᠠᠷ ᠣᠷᠣᠨ ᠳᠤ ᠪᠡᠯᠡ ᠣᠷᠤᠭᠤᠯᠤᠯᠲᠠ ᠶᠢᠨ ᠴᠡᠭ ᠪᠠᠶᠢᠷᠢᠰᠢᠯᠠᠭᠤᠯᠵᠤ᠂ ᠤᠯᠤᠰ ᠤᠨ ᠭᠠᠳᠠᠭᠠᠳᠤ ᠲᠤᠳᠤᠭᠠᠲᠤ ᠬᠤᠶᠠᠷ ᠵᠠᠬ᠎ᠠ ᠳᠡᠯᠭᠡᠭᠦᠷ᠂

ᠬᠤᠶᠠᠷ ᠵᠦᠢᠯ ᠤᠨ ᠡᠬᠢ ᠪᠠᠶᠠᠯᠢᠭ ᠢ ᠪᠦᠲᠦᠮᠵᠢᠲᠡᠢ ᠠᠰᠢᠭᠯᠠᠨ ᠳᠠᠪᠠᠭᠤᠯᠢᠭ ᠲᠠᠯ᠎ᠠ ᠪᠠᠨ ᠬᠠᠷᠢᠯᠴᠠᠨ ᠨᠦᠬᠦᠪᠦᠷᠢᠯᠡᠬᠦ ᠪᠣᠯᠭᠠᠨ᠂ ᠮᠠᠨ ᠤ ᠣᠷᠣᠨ ᠤ ᠦᠢᠯᠡᠳᠭᠦᠨ᠂

ᠮᠡᠷᠭᠡᠵᠢᠯ᠂ ᠪᠠᠷᠢᠮᠵᠢᠶ᠎ᠠ ᠪᠠ ᠦᠢᠯᠡᠴᠢᠯᠡᠭᠡ ᠶᠢ ᠭᠠᠳᠠᠭᠠᠳᠤ ᠳᠤ ᠭᠠᠷᠭᠠᠬᠤ ᠶᠢ ᠳᠠᠶᠢᠴᠢᠯᠠᠨ᠎ᠠ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ

ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠭᠢᠮ︶

     ᠠᠷᠠᠯᠵᠢᠶ᠎ᠠ ᠶᠢ ᠠᠬᠢᠭᠤᠯᠬᠤ ᠲᠠᠯ᠎ᠠ ᠳᠠᠬᠢ ᠬᠡᠷᠡᠭᠯᠡᠭᠡ ᠶᠢᠨ ᠦᠢᠯᠡᠳᠦᠯ ᠢ ᠴᠢᠩᠭᠠᠷᠠᠭᠤᠯᠤᠨ᠎ᠠ᠃ ᠭᠦᠢᠯᠭᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ

ᠵᠠᠭᠪᠤᠷ ᠤᠨ ᠬᠥᠭᠵᠢᠯᠲᠡ ᠶᠢ ᠠᠬᠢᠭᠤᠯᠵᠤ᠂ ᠪᠤᠳᠠᠳᠤ ᠴᠤᠭᠴᠠ ᠶᠢᠨ ᠬᠤᠳᠠᠯᠳᠤᠭᠠᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠂

ᠤᠯᠠᠮᠵᠢᠯᠠᠯᠲᠤ ᠠᠷᠠᠯᠵᠢᠶ᠎ᠠ ᠬᠤᠳᠠᠯᠳᠤᠭ᠎ᠠ ᠶᠢᠨ ᠭᠦᠢᠯᠭᠡᠭᠡᠨ ᠤ ᠠᠵᠤ ᠠᠬᠤᠶᠢᠯᠠᠯ ᠤᠨ ᠬᠢᠨ ᠰᠦᠯᠵᠢᠶ᠎ᠡ ᠪᠠᠷ ᠠᠷᠠᠯᠵᠢᠶᠠᠯᠠᠬᠤ ᠲᠠᠪᠴᠠᠩ ᠪᠠᠶᠢᠭᠤᠯᠬᠤ ᠶᠢ ᠳᠡᠮᠵᠢᠨ᠎ᠡ᠃

ᠠᠴᠢᠶᠠᠯᠠᠪᠤᠷᠢ ᠪᠠᠨ ᠲᠠᠰᠤᠷᠠᠯᠲᠠ ᠦᠭᠡᠢ ᠰᠢᠯᠢᠳᠡᠭᠵᠢᠭᠦᠯᠦᠨ ᠬᠤᠲᠠ ᠶᠢᠨ ᠬᠡᠷᠡᠭᠯᠡᠭᠡ ᠶᠢ ᠳᠡᠭᠡᠭᠰᠢᠯᠡᠭᠦᠯᠵᠦ᠂ ᠳᠤᠲᠠᠭᠤᠳᠠᠯ ᠪᠠ ᠠᠨᠠᠢ ᠲᠠᠯ᠎ᠠ ᠪᠠᠨ ᠨᠦᠬᠦᠪᠦᠷᠢᠯᠡᠨ

ᠬᠦᠳᠡᠭᠡ ᠲᠤᠰᠬᠤᠨ ᠤ ᠬᠡᠷᠡᠭᠯᠡᠭᠡ ᠶᠢ ᠠᠬᠢᠭᠤᠯᠤᠨ᠎ᠠ᠃ ᠭᠠᠳᠠᠭᠠᠳᠤ ᠠᠴᠠ ᠣᠷᠤᠭᠤᠯᠤᠭᠰᠠᠨ ᠲᠠᠸᠠᠷ ᠤᠨ ᠪᠣᠷᠤᠯᠠᠭᠤᠯᠭ᠎ᠠ ᠶᠢᠨ ᠲᠥᠪ ︵ᠳᠡᠯᠭᠡᠭᠦᠷ︶᠂ ᠨᠡᠷᠡᠲᠦ

ᠲᠡᠮᠲᠡᠭ ᠲᠠᠢ ᠪᠠᠷᠠᠭᠠᠨ ᠤ ᠳᠡᠯᠭᠡᠭᠦᠷ᠂ ᠣᠨᠴᠠᠯᠢᠭᠲᠤ ᠬᠤᠳᠠᠯᠳᠤᠭᠠᠨ ᠤ ᠵᠡᠭᠡᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠡᠷᠡᠭᠯᠡᠭᠡ ᠶᠢᠨ ᠳᠡᠰ

ᠳᠡᠪᠰᠢᠬᠦ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ︶

     ᠣᠳᠣ ᠦᠶ᠎ᠡ ᠶᠢᠨ ᠠᠷᠠᠯᠵᠢᠶ᠎ᠠ ᠬᠤᠳᠠᠯᠳᠤᠭ᠎ᠠ ᠶᠢᠨ ᠪᠠᠷᠠᠭᠠᠨ ᠤ ᠭᠦᠢᠯᠭᠡᠭᠡᠨ ᠤ ᠳᠡᠰ ᠳᠡᠪᠰᠢᠬᠦ ᠶᠢ ᠠᠬᠢᠭᠤᠯᠤᠨ᠎ᠠ᠃ ᠠᠵᠤ ᠦᠢᠯᠡᠰ ᠤᠨ ᠰᠠᠭᠤᠷᠢᠨ ᠭᠠᠵᠠᠷ ᠤᠨ

ᠬᠡᠯᠪᠡᠷᠢ ᠪᠠ ᠠᠷᠠᠯᠵᠢᠶ᠎ᠠ ᠬᠤᠳᠠᠯᠳᠤᠭ᠎ᠠ ᠳᠤ ᠦᠢᠯᠡᠴᠢᠯᠡᠬᠦ ᠬᠡᠯᠪᠡᠷᠢ ᠪᠦᠬᠦᠢ ᠪᠠᠷᠠᠭᠠᠨ ᠤ ᠭᠦᠢᠯᠭᠡᠭᠡᠨ ᠤ ᠭᠦᠢᠰᠦ ᠶᠢ ᠲᠦᠷᠭᠡᠪᠴᠢᠯᠡᠨ ᠴᠤᠭᠴᠠᠯᠠᠵᠤ᠂ ᠭᠤᠣᠯᠳᠠᠯᠭ᠎ᠠ ᠲᠠᠢ

ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠦᠪᠯᠡᠷᠡᠭᠦᠯᠦᠨ ᠨᠦᠯᠦᠭᠡᠯᠡᠬᠦ ᠴᠢᠳᠠᠮᠵᠢ ᠶᠢ ᠬᠦᠴᠦᠯᠡᠨ ᠳᠡᠭᠡᠭᠰᠢᠯᠡᠭᠦᠯᠦᠨ᠎ᠡ᠃ ᠬᠦᠬᠡᠬᠤᠲᠠ ᠶᠢᠨ ᠱᠠ ᠯᠢᠶᠠᠩ

ᠵᠠᠰᠠᠮᠠᠯ ᠵᠠᠮ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠭᠠᠷᠠᠮ ᠪᠠ ᠬᠦᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠪᠤᠭᠤᠲᠤ ᠶᠢᠨ ᠵᠠᠰᠠᠮᠠᠯ ᠵᠠᠮ

ᠲᠡᠮᠦᠷ ᠵᠠᠮ ᠳᠠᠯᠠᠢ ᠶᠢᠨ ᠲᠡᠭᠡᠭᠡᠪᠦᠷᠢ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠭᠠᠷᠠᠮ᠂ ᠮᠠᠨᠳᠤᠯ ᠬᠢᠯᠢ ᠶᠢᠨ ᠪᠤᠭᠤᠮᠲᠠ ᠶᠢᠨ ᠪᠠᠷᠠᠭᠠᠨ ᠤ ᠭᠦᠢᠯᠭᠡᠭᠡᠨ ᠤ ᠲᠥᠪ᠂

ᠣᠷᠳᠤᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠠ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠤᠯᠠᠭᠠᠨᠴᠠᠪ ᠤᠨ

ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡᠨ ᠤ ᠲᠦᠪᠯᠡᠷᠡᠬᠦ ᠲᠥᠪ᠂ ᠲᠢᠶᠠᠨᠵᠢᠨ ᠭᠠᠷᠠᠮ ᠤᠨ ᠤᠯᠠᠭᠠᠨᠴᠠᠪ ᠲᠠᠬᠢ ᠲᠤᠳᠤᠭᠠᠲᠤ ᠬᠠᠭᠤᠷᠠᠢ ᠶᠢᠨ ᠭᠠᠷᠠᠮ᠂

ᠪᠠᠶᠠᠨᠨᠠᠭᠤᠷ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠪ᠂ ᠭᠠᠭᠴᠠᠮᠤᠳᠤ ᠵᠠᠰᠠᠮᠠᠯ ᠵᠠᠮ

ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠦᠬᠠᠢ ᠶᠢᠨ ᠮᠣᠩᠭᠤᠯ ᠣᠯᠣᠰ ᠤᠨ ᠨᠡᠭᠦᠷᠡᠰᠦ ᠶᠢ ᠦᠢᠯᠡᠳᠪᠦᠷᠢᠯᠡᠨ ᠪᠣᠯᠪᠠᠰᠤᠷᠠᠭᠤᠯᠬᠤ

ᠰᠠᠭᠤᠷᠢᠨ ᠭᠠᠵᠠᠷ ᠪᠠ ᠦᠬᠠᠢ ᠶᠢᠨ ᠣᠯᠠᠨ ᠤᠯᠤᠰ ᠤᠨ ᠬᠠᠭᠤᠷᠠᠢ ᠳᠠᠬᠢ ᠭᠠᠷᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠲᠡᠭᠦᠯᠳᠡᠷᠵᠢᠭᠦᠯᠵᠦ᠂ ᠤᠯᠤᠰ ᠤᠨ

ᠲᠤᠳᠤᠭᠠᠲᠤ ᠭᠠᠳᠠᠭᠠᠳᠤ ᠶᠢᠨ ᠪᠠᠷᠠᠭᠠᠨ ᠤ ᠭᠦᠢᠯᠭᠡᠭᠡᠨ ᠤ ᠲᠤᠮᠤ ᠨᠡᠪᠲᠡᠷᠡᠯ ᠵᠠᠮ ᠢ ᠪᠣᠢ ᠪᠣᠯᠭᠠᠨ᠎ᠠ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ

ᠬᠤᠳᠠᠯᠳᠤᠭᠠᠨ ᠤ ᠶᠠᠪᠤᠳᠠᠯ ᠤᠨ ᠲᠢᠩᠭᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠬᠦᠬᠡᠬᠤᠲᠠ ᠪᠤᠭᠤᠮᠲᠠ︶

     ᠠᠷᠠᠯᠵᠢᠶ᠎ᠠ ᠬᠢᠭᠡᠳ ᠣᠷᠴᠢᠨ ᠲᠣᠭᠤᠷᠢᠨ ᠢ ᠵᠣᠬᠢᠴᠠᠭᠤᠯᠤᠨ ᠬᠥᠭᠵᠢᠭᠦᠯᠬᠦ ᠪᠠᠨ ᠠᠬᠢᠭᠤᠯᠤᠨ᠎ᠠ᠃ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠤᠬᠢᠷᠳᠤᠯ

ᠦᠭᠡᠢ ᠬᠥᠭᠵᠢᠭᠦᠯᠬᠦ︾ ᠣᠨᠣᠯᠵᠢᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠦᠷᠦᠯ ᠵᠦᠢᠯ ᠭᠤᠶᠤᠴᠢᠯᠠᠨ ᠮᠡᠳᠡᠭᠦᠯᠬᠦ ᠪᠠ ᠬᠢᠨᠠᠨ ᠲᠣᠭᠲᠠᠭᠠᠬᠤ ᠳᠤ

ᠪᠣᠬᠢᠷᠳᠤᠯ ᠶᠡᠬᠡᠲᠡᠢ᠂ ᠬᠤᠷᠣᠭᠳᠠᠯ ᠶᠡᠬᠡᠲᠡᠢ ᠦᠢᠯᠡᠳᠭᠦᠨ ᠢᠶᠠᠨ ᠭᠠᠳᠠᠭᠠᠳᠤ ᠳᠤ ᠭᠠᠷᠭᠠᠬᠤ ᠶᠢ ᠴᠢᠩᠭ᠎ᠠ ᠬᠢᠵᠠᠭᠠᠷᠯᠠᠨ᠎ᠠ᠃ ᠠᠵᠤ ᠠᠬᠤᠶᠢᠯᠠᠯ ᠤᠨ ᠪᠣᠬᠢᠷᠳᠤᠯ

ᠦᠭᠡᠢ ᠪᠠᠷ ᠵᠢᠷᠤᠵᠤ ᠲᠦᠯᠦᠪᠯᠡᠬᠦ ᠪᠠ ᠦᠢᠯᠡᠳᠬᠦ ᠶᠢ ᠵᠣᠷᠢᠭᠵᠢᠭᠤᠯᠤᠨ ᠳᠡᠮᠵᠢᠵᠦ᠂ ᠪᠤᠬᠢᠷᠳᠤᠯ ᠦᠭᠡᠢ ᠮᠡᠷᠭᠡᠵᠢᠯ ᠢᠶᠠᠷ ᠲᠤᠯᠭᠠᠭᠤᠷᠢᠯᠠᠬᠤ ᠰᠢᠰᠲ᠋ᠧᠮᠵᠢ ᠪᠠ ᠬᠠᠩᠭᠠᠬᠤ

ᠬᠡᠯᠬᠢᠶ᠎ᠡ ᠶᠢ ᠪᠠᠶᠢᠭᠤᠯᠬᠤ ᠶᠢᠨ ᠬᠠᠮᠲᠤ᠂ ᠣᠷᠴᠢᠨ ᠲᠣᠭᠤᠷᠢᠨ ᠢ ᠬᠠᠮᠠᠭᠠᠯᠠᠬᠤ ᠣᠯᠠᠨ ᠤᠯᠤᠰ ᠤᠨ ᠲᠡᠷᠢᠭᠦᠨ ᠤ ᠪᠠᠷᠢᠮᠵᠢᠶ᠎ᠠ ᠪᠠᠷ ᠡᠨᠧᠷᠬᠢ ᠠᠷᠪᠢᠯᠠᠬᠤ᠂

ᠨᠡᠭᠦᠰᠦᠳᠦ᠋ᠷᠦᠭᠴᠢ ᠪᠠᠭ᠎ᠠ ᠭᠠᠳ᠋ᠬᠠᠰᠢᠯᠠᠭᠤᠯᠬᠤ ᠵᠡᠷᠭᠡ ᠪᠣᠬᠢᠷᠳᠤᠯ ᠦᠭᠡᠢ ᠦᠢᠯᠡᠳᠭᠦᠨ ᠤ ᠭᠡᠷᠡᠴᠢᠯᠡᠭᠡ ᠶᠢ ᠣᠯᠵᠤ᠂ ᠦᠷᠭᠦᠯᠵᠢᠯᠡᠨ ᠬᠥᠭᠵᠢᠬᠦ ᠶᠢ ᠪᠡᠶᠡᠯᠡᠭᠦᠯᠦᠨ᠎ᠡ᠃

︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠠᠵᠤ ᠦᠢᠯᠡᠳᠪᠦᠷᠢ ᠪᠠ ᠮᠡᠳᠡᠭᠡ

ᠵᠠᠩᠬᠢᠴᠢᠯᠠᠯᠲᠠ ᠶᠢᠨ ᠲᠢᠩᠭᠢᠮ᠂ ᠬᠤᠳᠠᠯᠳᠤᠭᠠᠨ ᠤ ᠶᠠᠪᠤᠳᠠᠯ ᠤᠨ ᠲᠢᠩᠭᠢᠮ︶

     ︵ᠳᠥᠷᠪᠡ︶ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠢ ᠪᠣᠯᠭᠠᠵᠤ᠂ ᠠᠷᠠᠯᠵᠢᠶ᠎ᠠ ᠶᠢ ᠬᠥᠭᠵᠢᠭᠦᠯᠬᠦ ᠰᠢᠨ᠎ᠡ ᠬᠦᠳᠡᠯᠭᠡᠭᠴᠢ ᠴᠢᠳᠠᠪᠤᠷᠢ ᠶᠢ

ᠨᠡᠮᠡᠭᠳᠡᠭᠦᠯᠦᠨ᠎ᠡ᠃

     ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢ ᠠᠬᠢᠭᠤᠯᠤᠨ᠎ᠠ᠃ ᠬᠦᠬᠡᠬᠤᠲᠠ᠂ ᠤᠯᠠᠭᠠᠨᠬᠠᠳᠠ᠂ ᠮᠠᠨᠵᠣᠣᠷ ᠤᠨ ᠬᠢᠯᠢ

ᠠᠯᠤᠰᠯᠠᠭᠰᠠᠨ ᠡᠯᠧᠺᠲᠷᠦᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠣᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠢᠯᠢ

ᠠᠯᠤᠰᠯᠠᠭᠰᠠᠨ ᠡᠯᠧᠺᠲᠷᠦᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠣᠷᠰᠢᠯᠲᠠ ᠶᠢᠨ ᠣᠷᠣᠨ ᠤ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ᠂ ᠤᠶᠤᠨᠴᠢ

ᠪᠠᠷᠠᠭᠠᠨ ᠤ ᠭᠦᠢᠯᠭᠡᠭᠡ᠂ ᠮᠦᠩᠭᠦᠨ ᠭᠦᠢᠯᠭᠡᠭᠡᠨ ᠤ ᠦᠢᠯᠡᠴᠢᠯᠡᠭᠡ᠂ ᠡᠯᠧᠺᠲᠷᠦᠨ ᠬᠤᠳᠠᠯᠳᠤᠭᠠᠨ ᠤ ᠦᠨᠡᠨᠴᠢ ᠢᠲᠡᠭᠡᠮᠵᠢ᠂ ᠰᠦᠯᠵᠢᠶᠡᠨ ᠳᠠᠬᠢ ᠶᠡᠷᠦᠩᠬᠡᠶᠢᠯᠡᠭᠰᠡᠨ

ᠦᠢᠯᠡᠴᠢᠯᠡᠬᠦ ᠲᠠᠪᠴᠠᠩ᠂ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ᠂ ᠵᠠᠬ᠎ᠠ ᠳᠡᠯᠭᠡᠭᠦᠷ ᠨᠡᠭᠡᠭᠡᠬᠦ᠂ ᠴᠢᠳᠠᠪᠤᠷᠢᠲᠠᠨ ᠬᠦᠮᠦᠵᠢᠭᠦᠯᠬᠦ ᠪᠠ ᠡᠵᠡᠩᠨᠡᠨ ᠪᠤᠷᠤᠯᠠᠭᠤᠯᠬᠤ ᠵᠡᠷᠭᠡ

ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠᠨ ᠲᠡᠭᠦᠯᠳᠡᠷᠵᠢᠭᠦᠯᠬᠦ ᠶᠢ ᠳᠡᠮᠵᠢᠨ᠎ᠡ᠃ ᠣᠷᠳᠤᠰ ᠬᠤᠲᠠ ᠶᠢ ᠬᠢᠯᠢ ᠠᠯᠤᠰᠯᠠᠭᠰᠠᠨ ᠡᠯᠧᠺᠲᠷᠦᠨ

ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠣᠷᠰᠢᠯᠲᠠ ᠶᠢᠨ ᠣᠷᠣᠨ ᠪᠣᠯᠭᠠᠬᠤ ᠶᠢ ᠵᠥᠪᠰᠢᠶᠡᠷᠡᠭᠦᠯᠬᠦ ᠪᠠᠷ ᠢᠳᠡᠪᠬᠢᠲᠡᠢ ᠴᠢᠷᠮᠠᠶᠢᠨ᠂ ᠵᠡᠭᠦᠨ ᠳᠤᠮᠳᠠ ᠪᠠᠷᠠᠭᠤᠨ

ᠬᠡᠰᠡᠭ ᠤᠨ ᠬᠢᠯᠢ ᠠᠯᠤᠰᠯᠠᠭᠰᠠᠨ ᠡᠯᠧᠺᠲᠷᠦᠨ ᠬᠤᠳᠠᠯᠳᠤᠭᠠᠨ ᠤ ᠨᠦᠯᠦᠭᠡᠯᠡᠬᠦ ᠣᠷᠣᠨ ᠢ ᠪᠣᠢ ᠪᠣᠯᠭᠠᠵᠤ᠂ ᠡᠯᠧᠺᠲᠷᠦᠨ ᠬᠤᠳᠠᠯᠳᠤᠭᠠᠨ ᠤ ᠬᠡᠷᠡᠭᠯᠡᠭᠴᠢᠳ ᠤᠨ

ᠬᠡᠪᠴᠢᠶ᠎ᠡ ᠶᠢ ᠥᠷᠭᠡᠳᠭᠡᠨ᠎ᠡ︔ ᠣᠷᠳᠤᠰ ᠲᠤ 1239 ᠳ᠋ᠤᠭᠠᠷᠲᠣ ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠬᠤ ᠳᠤ ᠭᠠᠶᠢᠯᠢ ᠪᠠᠲᠤᠯᠠᠭᠰᠠᠨ ᠭᠠᠳᠠᠭᠠᠳᠤ ᠠᠴᠠ

ᠣᠷᠤᠭᠤᠯᠬᠤ ᠲᠤᠬᠠᠶᠢᠯᠠᠭᠰᠠᠨ ᠠᠵᠢᠯ ᠤᠨ ᠵᠠᠭᠪᠤᠷ ᠢ ᠠᠬᠢᠭᠤᠯᠤᠨ ᠪᠡᠶᠡᠯᠡᠭᠦᠯᠦᠨ᠎ᠡ᠃ ᠵᠢᠵᠢᠭᠯᠡᠨ ᠬᠤᠳᠠᠯᠳᠤᠬᠤ ᠪᠠᠷ ᠭᠠᠳᠠᠭᠠᠳᠤ ᠠᠴᠠ ᠣᠷᠤᠭᠤᠯᠬᠤ ᠲᠤᠬᠠᠶᠢᠯᠠᠭᠰᠠᠨ

ᠠᠵᠢᠯ ᠦᠷᠨᠢᠭᠦᠯᠦᠭᠰᠡᠨ ᠬᠤᠲᠠ ᠶᠢ ᠨᠡᠩ ᠣᠯᠠᠨ ᠬᠢᠯᠢ ᠠᠯᠤᠰᠯᠠᠭᠰᠠᠨ ᠡᠯᠧᠺᠲᠷᠦᠨ ᠬᠤᠳᠠᠯᠳᠤᠭᠠᠨ ᠤ ᠠᠵᠤ ᠠᠬᠤᠶᠢᠯᠠᠯ ᠲᠠᠢ ᠵᠠᠯᠭᠠᠯᠳᠤᠭᠤᠯᠬᠤ ᠶᠢ ᠠᠬᠢᠭᠤᠯᠵᠤ᠂

ᠰᠦᠯᠵᠢᠶᠡᠨ ᠠᠴᠠ ᠭᠠᠳᠠᠭᠤᠷᠬᠢ ᠪᠡᠶᠡᠴᠢᠯᠡᠨ ᠣᠶᠢᠯᠠᠭᠠᠬᠤ ᠳᠡᠯᠭᠡᠭᠦᠷ᠂ ᠲᠦᠷᠦᠯ ᠬᠤᠪᠢᠶᠠᠨ ᠬᠢᠨᠠᠵᠤ ᠬᠠᠮᠢᠶᠠᠷᠬᠤ᠂ ᠪᠤᠴᠠᠭᠠᠬᠤ ᠪᠠᠷᠠᠭ᠎ᠠ ᠶᠢ ᠣᠨᠴᠠᠭᠠᠢ ᠬᠢᠨᠠᠯᠲᠠ ᠶᠢᠨ

ᠬᠡᠰᠡᠭ ᠲᠤ ᠣᠷᠤᠭᠤᠯᠬᠤ ᠵᠡᠷᠭᠡ ᠰᠢᠨ᠎ᠡ ᠡᠭᠦᠳᠦᠯᠲᠡ ᠲᠠᠢ ᠠᠷᠭ᠎ᠠ ᠬᠡᠮᠵᠢᠶ᠎ᠡ ᠶᠢ ᠰᠦᠪᠡᠭᠴᠢᠯᠡᠨ᠂ ︽ᠭᠡᠷᠡᠴᠢ ᠪᠠᠷᠢᠮᠲᠠ ᠠᠪᠬᠤ ᠦᠭᠡᠢ ᠪᠠᠷ ᠭᠠᠶᠢᠯᠢ ᠠᠴᠠ

ᠬᠡᠯᠲᠦᠷᠢᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠳᠦᠭᠦᠮ ᠳᠦᠳᠡ ᠪᠠᠷ ᠭᠠᠶᠢᠯᠢ ᠪᠤᠴᠠᠭᠠᠬᠤ᠂ ᠭᠤᠪᠢᠭᠤᠯᠭ᠎ᠠ ᠳ᠋ᠦᠩᠨᠡᠬᠦ ᠲᠣᠭᠲᠠᠴᠠ ᠶᠢ

ᠴᠤᠭᠴᠠᠯᠠᠨ᠂ ︽9610︾ ᠵᠠᠭᠪᠤᠷ ᠢᠶᠠᠷ ᠭᠠᠳᠠᠭᠠᠳᠤ ᠳᠤ ᠭᠠᠷᠭᠠᠬᠤ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ

ᠬᠤᠳᠠᠯᠳᠤᠭᠠᠨ ᠤ ᠶᠠᠪᠤᠳᠠᠯ ᠤᠨ ᠲᠢᠩᠭᠢᠮ᠂ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠦᠮᠦᠨ ᠤ ᠬᠦᠴᠦᠨ ᠤ ᠡᠬᠢ

ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠭᠢᠮ᠂ ᠦᠪᠦᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠭᠢ ᠶᠢᠨ ᠬᠦᠬᠡᠬᠤᠲᠠ ᠲᠥᠪ

ᠰᠠᠯᠪᠤᠷᠢ ᠪᠠᠩᠭᠢ᠂ ᠬᠦᠬᠡᠬᠤᠲᠠ ᠪᠤᠭᠤᠮᠲᠠ᠂ ᠮᠠᠨᠵᠣᠣᠷ ᠪᠤᠭᠤᠮᠲᠠ᠂ ᠬᠦᠬᠡᠬᠤᠲᠠ᠂ ᠣᠯᠠᠭᠠᠨᠬᠠᠳᠠ ᠬᠤᠲᠠ᠂ ᠣᠷᠳᠤᠰ ᠬᠤᠲᠠ᠂ ᠮᠠᠨᠵᠣᠣᠷ ᠬᠤᠲᠠ ᠶᠢᠨ ᠠᠷᠠᠳ ᠤᠨ

ᠵᠠᠰᠠᠭ ᠤᠨ ᠣᠷᠳᠣᠨ︶

     ᠦᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡ ᠲᠠᠢ ᠪᠣᠯᠭᠠᠬᠤ ᠠᠵᠤ ᠠᠬᠤᠶᠢᠯᠠᠯ ᠳᠤ ᠲᠥᠷᠥ ᠶᠢᠨ

ᠪᠣᠳᠣᠯᠭ᠎ᠠ ᠪᠠᠷ ᠵᠢᠭᠠᠨ ᠵᠢᠯᠤᠭᠤᠳᠬᠤ ᠡᠷᠴᠢᠮ ᠢ ᠴᠢᠩᠭᠠᠷᠠᠭᠤᠯᠵᠤ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡ ᠲᠠᠢ ᠪᠣᠯᠭᠠᠬᠤ ᠠᠵᠤ ᠠᠬᠤᠶᠢᠯᠠᠯ

ᠬᠢᠭᠡᠳ ᠦᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ ᠬᠤᠣᠰ ᠴᠢᠭᠯᠡᠯ ᠢᠶᠠᠷ ᠵᠠᠯᠭᠠᠯᠳᠤᠬᠤ ᠶᠢ ᠴᠢᠩᠭᠠᠳᠬᠠᠨ᠂ ᠭᠠᠳᠠᠭᠠᠳᠤ ᠠᠷᠠᠯᠵᠢᠶᠠᠨ ᠤ

ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠦᠢᠯᠡᠴᠢᠯᠡᠬᠦ ᠡᠲᠡᠭᠡᠳ ᠤᠨ ᠬᠡᠪᠴᠢᠶ᠎ᠡ ᠶᠢ ᠥᠷᠭᠡᠳᠭᠡᠵᠦ᠂ ᠦᠢᠯᠡᠴᠢᠯᠡᠬᠦ ᠠᠭᠤᠯᠭ᠎ᠠ ᠶᠢ ᠨᠢ

ᠪᠠᠶᠠᠯᠢᠭᠵᠢᠭᠤᠯᠤᠨ᠂ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠦᠨ᠎ᠡ᠃ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ

ᠭᠠᠶᠢᠯᠢ ᠪᠤᠴᠠᠭᠠᠬᠤ ᠶᠢ ᠣᠷᠤᠯᠠᠨ ᠭᠦᠢᠴᠡᠳᠭᠡᠬᠦ ᠬᠠᠮᠢᠶᠠᠷᠤᠯᠲᠠ ᠶᠢᠨ ᠠᠷᠭ᠎ᠠ ᠶᠢ ᠨᠢ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠶᠢᠯᠢ ᠪᠤᠴᠠᠭᠠᠬᠤ ᠠᠬᠢᠴᠠ ᠶᠢ

ᠦᠷᠭᠦᠯᠵᠢᠯᠡᠨ ᠲᠦᠷᠭᠡᠳᠭᠡᠨ᠎ᠡ᠃ ᠢᠲᠡᠭᠡᠮᠵᠢ ᠶᠢᠨ ᠲᠦᠷᠦᠯ ᠬᠤᠪᠢᠶᠠᠨ ᠬᠠᠮᠢᠶᠠᠷᠬᠤ ᠠᠵᠢᠯ ᠢ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠪᠠ

ᠬᠤᠯᠪᠤᠭᠠᠯᠠᠨ ᠬᠢᠨᠠᠵᠤ ᠬᠠᠮᠢᠶᠠᠷᠬᠤ ᠶᠢ ᠠᠬᠢᠭᠤᠯᠤᠨ᠂ ᠦᠨᠡᠮᠰᠢᠨ ᠭᠡᠷᠡᠴᠢᠯᠡᠭᠦᠯᠬᠦ ᠪᠠᠷᠢᠮᠵᠢᠶ᠎ᠠ ᠳᠤ ᠨᠡᠶᠢᠴᠡᠭᠰᠡᠨ ᠨᠡᠩ ᠣᠯᠠᠨ ᠭᠠᠳᠠᠭᠠᠳᠤ ᠠᠷᠠᠯᠵᠢᠶᠠᠨ ᠤ

ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠢ ᠪᠤᠭᠤᠮᠲᠠ ᠳᠠᠬᠢ ︽ᠭᠡᠷᠡᠴᠢᠯᠡᠭᠡ ᠲᠠᠢ ᠡᠵᠡᠩᠨᠡᠭᠴᠢ︾ ︵AEO︶ ᠪᠣᠯᠭᠠᠵᠤ᠂ ᠭᠠᠳᠠᠭᠠᠳᠤ ᠠᠷᠠᠯᠵᠢᠶᠠᠨ ᠤ

ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠬᠥᠭᠵᠢᠯᠲᠡ ᠶᠢᠨ ᠰᠠᠶᠢᠨ ᠰᠠᠶᠢᠬᠠᠨ ᠠᠮᠢ ᠠᠬᠤᠢ ᠶᠢ ᠪᠣᠢ ᠪᠣᠯᠭᠠᠨ᠎ᠠ᠃ ︵ᠬᠠᠷᠢᠭᠤᠴᠠᠬᠤ ᠨᠢᠭᠡᠴᠢ᠄

ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠦᠪᠦᠷ ᠮᠣᠩᠭᠤᠯ ᠤᠨ ᠪᠠᠩᠭᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ

ᠲᠣᠪᠴᠢᠶ᠎ᠠ᠂ ᠦᠪᠦᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠦᠬᠡᠬᠤᠲᠠ ᠪᠤᠭᠤᠮᠲᠠ᠂ ᠮᠠᠨᠵᠤᠤᠷ ᠪᠤᠭᠤᠮᠲᠠ︶

     ᠮᠠᠨᠵᠣᠣᠷ ᠬᠤᠲᠠ᠂ ᠡᠷᠢᠶᠡᠨ ᠬᠤᠲᠠ ᠵᠡᠷᠭᠡ ᠨᠦᠬᠦᠴᠡᠯ ᠢᠶᠠᠷ ᠬᠠᠷᠢᠴᠠᠩᠭᠤᠢ ᠨᠡᠯᠢᠶᠡᠳ ᠰᠠᠶᠢᠨ ᠬᠢᠯᠢ ᠶᠢᠨ ᠪᠤᠭᠤᠮᠲᠠ ᠶᠢᠨ ᠬᠤᠲᠠ ᠶᠢᠨ ᠬᠢᠨ ᠤ ᠵᠠᠬ᠎ᠠ

ᠳᠡᠯᠭᠡᠭᠦᠷ ᠢᠶᠠᠷ ᠬᠤᠳᠠᠯᠳᠤᠨ ᠠᠪᠬᠤ ᠠᠷᠠᠯᠵᠢᠶ᠎ᠠ ᠪᠠᠨ ᠬᠥᠭᠵᠢᠭᠦᠯᠬᠦ ᠶᠢ ᠳᠡᠮᠵᠢᠵᠦ᠂ ᠮᠠᠨᠵᠣᠣᠷ ᠬᠤᠲᠠ ᠶᠢᠨ ᠮᠠᠨ ᠭᠧᠦ ᠬᠤᠳᠠᠯᠳᠤᠭᠠᠨ ᠤ ᠲᠥᠪ ᠲᠤ ᠵᠠᠬ᠎ᠠ

ᠳᠡᠯᠭᠡᠭᠦᠷ ᠢᠶᠠᠷ ᠬᠤᠳᠠᠯᠳᠤᠨ ᠠᠪᠬᠤ ᠠᠷᠠᠯᠵᠢᠶᠠᠨ ᠤ ᠠᠷᠭ᠎ᠠ ᠬᠡᠯᠪᠡᠷᠢ ᠶᠢᠨ ᠲᠣᠷᠰᠢᠯᠲᠠ ᠶᠢᠨ ᠴᠡᠭ ᠤᠨ ᠠᠵᠢᠯ ᠦᠷᠨᠢᠭᠦᠯᠬᠦ ᠶᠢ ᠠᠬᠢᠭᠤᠯᠤᠨ᠂ ᠬᠢᠯᠢ ᠶᠢᠨ

ᠠᠷᠠᠯᠵᠢᠶᠠᠨ ᠤ ᠬᠠᠮᠢᠶᠠᠷᠤᠯᠲᠠ ᠶᠢᠨ ᠡᠮᠬᠢ ᠲᠢᠭᠯᠢᠮ ᠢ ᠵᠢᠷᠤᠮᠵᠢᠭᠤᠯᠵᠤ᠂ ᠵᠢᠵᠢᠭ᠂ ᠲᠠᠷᠠᠬᠠᠢ᠂ ᠡᠯᠳᠡᠪ ᠪᠠᠷᠠᠭ᠎ᠠ ᠵᠡᠷᠭᠡ ᠵᠢᠭᠤᠯᠴᠢᠯᠠᠯ ᠤᠨ ᠠᠷᠠᠯᠵᠢᠶᠠᠨ ᠤ ᠲᠠᠸᠠᠷ ᠢ

ᠭᠠᠳᠠᠭᠠᠳᠤ ᠳᠤ ᠭᠠᠷᠭᠠᠬᠤ ᠲᠠᠸᠠᠷ ᠤᠨ ᠬᠢᠨᠠᠯᠲᠠ ᠬᠠᠮᠢᠶᠠᠷᠤᠯᠲᠠ ᠶᠢᠨ ᠬᠡᠪᠴᠢᠶᠡᠨ ᠳᠤ ᠣᠷᠤᠭᠤᠯᠤᠨ᠎ᠠ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ

ᠬᠤᠳᠠᠯᠳᠤᠭᠠᠨ ᠤ ᠶᠠᠪᠤᠳᠠᠯ ᠤᠨ ᠲᠢᠩᠭᠢᠮ᠂ ᠬᠦᠬᠡᠬᠤᠲᠠ ᠪᠤᠭᠤᠮᠲᠠ᠂ ᠮᠠᠨᠵᠣᠣᠷ ᠪᠣᠭᠤᠮᠲᠠ︶

     ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠠᠵᠤ ᠦᠢᠯᠡᠰ ᠤᠨ ᠬᠥᠭᠵᠢᠯᠲᠡ ᠶᠢ ᠲᠦᠷᠭᠡᠳᠭᠡᠨ᠎ᠡ᠃ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ

ᠠᠵᠢᠯ ᠲᠦᠷᠦᠯ ᠤᠨ ᠬᠦᠷᠢᠶ᠎ᠡ ᠶᠢ ᠥᠷᠭᠡᠳᠭᠡᠵᠦ᠂ ᠵᠦᠭᠡᠯᠡᠨ ᠬᠡᠷᠡᠭᠰᠡᠯ ᠪᠠ ᠮᠡᠳᠡᠭᠡ ᠵᠠᠩᠭᠢ ᠶᠢᠨ ᠮᠡᠷᠭᠡᠵᠢᠯ᠂ ᠵᠢᠷᠤᠭ ᠲᠦᠯᠦᠪᠯᠡᠭᠡ᠂ ᠰᠤᠳᠤᠯᠤᠯᠲᠠ ᠨᠡᠭᠡᠭᠡᠯᠲᠡ᠂

ᠢᠨᠲ᠋ᠧᠷ ᠰᠦᠯᠵᠢᠶ᠎ᠡ᠂ ᠡᠮᠴᠢᠯᠡᠭᠡ᠂ ᠠᠵᠤ ᠦᠢᠯᠡᠳᠪᠦᠷᠢ᠂ ᠡᠨᠧᠷᠬᠢ ᠵᠡᠷᠭᠡ ᠬᠦᠷᠢᠶᠡᠨ ᠤ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠶᠢ ᠶᠡᠭᠡ ᠪᠠᠷ

ᠬᠥᠭᠵᠢᠭᠦᠯᠦᠨ᠎ᠡ︔ ᠰᠤᠶᠤᠯ ᠤᠨ ᠲᠠᠯ᠎ᠠ ᠪᠠᠷ ᠬᠢ ᠪᠦᠲᠦᠭᠡᠯᠴᠢ ᠲᠦᠰᠦᠪᠯᠡᠯ᠂ ᠰᠤᠷᠭᠠᠨ ᠬᠦᠮᠦᠵᠢᠯ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ᠂ ᠡᠷᠡᠭᠦᠯᠵᠢᠯ

ᠰᠤᠪᠢᠯᠠᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ᠂ ᠪᠦᠭᠡᠮ ᠪᠠ ᠵᠢᠵᠢᠭᠯᠡᠨ ᠬᠤᠳᠠᠯᠳᠤᠬᠤ ᠵᠡᠷᠭᠡ ᠬᠦᠷᠢᠶᠡᠨ ᠤ ᠦᠢᠯᠡᠴᠢᠯᠡᠭᠡ ᠶᠢ ᠭᠠᠳᠠᠭᠰᠢ

ᠳᠠᠭᠠᠭᠠᠴᠢᠯᠠᠭᠤᠯᠬᠤ ᠶᠢ ᠲᠦᠷᠭᠡᠪᠴᠢᠯᠡᠨ ᠬᠥᠭᠵᠢᠭᠦᠯᠦᠨ᠎ᠡ᠃ ᠣᠷᠤᠭᠤᠯᠵᠤ ᠠᠪᠴᠢᠷᠠᠬᠤ ᠪᠠ ᠬᠦᠮᠦᠵᠢᠭᠦᠯᠬᠦ ᠶᠢ ᠤᠶᠠᠯᠳᠤᠭᠤᠯᠤᠭᠰᠠᠨ ᠠᠷᠭ᠎ᠠ ᠬᠡᠯᠪᠡᠷᠢ ᠪᠠᠷ

ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠳᠤᠮᠳᠠ ᠳᠡᠭᠡᠳᠦ ᠳᠡᠰ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠶᠡᠭᠡ ᠳᠡᠭᠡᠳᠦ

ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠨ ᠠᠵᠢᠯᠯᠠᠬᠤ ᠵᠠᠭᠪᠤᠷ ᠲᠤ ᠪᠠᠨ ᠰᠢᠨ᠎ᠡ ᠶᠢ ᠡᠭᠦᠳᠬᠦ ᠶᠢ ᠨᠢ ᠵᠣᠷᠢᠭᠵᠢᠭᠤᠯᠤᠨ᠂ ᠦᠢᠯᠡᠳᠦᠯᠴᠡᠬᠦ ᠬᠡᠯᠪᠡᠷᠢ ᠶᠢᠨ

ᠴᠢᠳᠠᠪᠤᠷᠢᠲᠠᠨ ᠬᠦᠮᠦᠵᠢᠭᠦᠯᠬᠦ ᠠᠵᠢᠯ ᠢ ᠢᠳᠡᠪᠬᠢᠲᠡᠢ ᠦᠷᠨᠢᠭᠦᠯᠦᠨ᠎ᠡ᠃ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠤᠭᠰᠠᠨ ᠠᠵᠤ ᠠᠬᠤᠶᠢᠯᠠᠯ ᠤᠨ ᠣᠯᠠᠨ

ᠤᠯᠤᠰ ᠤᠨ ᠦᠵᠡᠰᠭᠦᠯᠡᠩ ᠴᠤᠭᠯᠠᠭᠠᠨ᠂ ᠲᠦᠷᠦᠯ ᠵᠦᠢᠯ ᠵᠦᠪᠳᠡᠨ ᠬᠡᠯᠡᠯᠴᠡᠬᠦ ᠵᠡᠷᠭᠡ ᠠᠵᠢᠯᠯᠠᠭᠠᠨ ᠳᠤ ᠣᠷᠤᠯᠴᠠᠬᠤ ᠶᠢ ᠳᠡᠮᠵᠢᠨ᠎ᠡ᠃ ᠦᠢᠯᠡᠴᠢᠯᠡᠭᠡ ᠶᠢ ᠭᠠᠳᠠᠭᠰᠢ

ᠳᠠᠭᠠᠭᠠᠴᠢᠯᠠᠭᠤᠯᠤᠭᠰᠠᠨ ᠤᠯᠤᠰ ᠤᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠪᠠᠨ ᠢᠳᠡᠪᠬᠢᠲᠡᠢ ᠦᠷᠨᠢᠭᠦᠯᠵᠦ᠂ 2022 ᠣᠨ ᠪᠣᠯᠲᠠᠯ᠎ᠠ

ᠮᠠᠨ ᠤ ᠣᠷᠣᠨ ᠳᠤ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠤᠭᠰᠠᠨ ᠤᠯᠤᠰ ᠤᠨ ᠵᠢᠱᠢᠶ᠎ᠡ ᠦᠵᠡᠭᠦᠯᠬᠦ‍ ᠨᠢᠭᠡ ᠬᠤᠲᠠ ᠲᠠᠢ ᠪᠣᠯᠭᠠᠬᠤ ᠪᠠᠷ ᠴᠢᠷᠮᠠᠶᠢᠨ᠎ᠠ᠃

︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ

ᠪᠠᠲᠤᠯᠠᠭ᠎ᠠ ᠶᠢᠨ ᠲᠢᠩᠭᠢᠮ᠂ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠦᠪᠯᠡᠯ ᠤᠨ ᠦᠪᠦᠷ ᠮᠣᠩᠭᠤᠯ ᠤᠨ ᠦᠪᠡᠷᠲᠡᠭᠡᠨ ᠵᠠᠰᠠᠬᠤ

ᠣᠷᠣᠨ ᠤ ᠵᠦᠪᠯᠡᠯ︶

     ︵ᠲᠠᠪᠤ︶ ᠲᠠᠪᠴᠠᠩ ᠤᠨ ᠰᠢᠰᠲ᠋ᠧᠮᠵᠢ ᠶᠢ ᠪᠦᠲᠦᠭᠡᠨ ᠪᠠᠶᠢᠭᠤᠯᠵᠤ᠂ ᠠᠷᠠᠯᠵᠢᠶᠠᠨ ᠳᠠᠬᠢ ᠲᠡᠭᠦᠨ ᠤ ᠲᠤᠯᠭᠠᠭᠤᠷᠢᠯᠠᠬᠤ ᠦᠢᠯᠡᠳᠦᠯ ᠢ ᠨᠢ ᠪᠠᠳᠠᠷᠠᠭᠤᠯᠤᠨ᠎ᠠ᠃

     ᠨᠡᠭᠡᠭᠡᠯᠲᠡ ᠬᠢᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠭᠤᠣᠯᠳᠠᠯᠭ᠎ᠠ ᠲᠠᠢ ᠨᠡᠭᠡᠭᠡᠯᠲᠡ ᠬᠢᠵᠦ ᠴᠢᠯᠦᠭᠡᠲᠡᠢ ᠶᠠᠪᠤᠯᠴᠠᠬᠤ

ᠲᠣᠷᠰᠢᠯᠲᠠ ᠶᠢᠨ ᠣᠷᠣᠨ᠂ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠵᠡᠷᠭᠡ ᠭᠤᠣᠯᠳᠠᠯᠭ᠎ᠠ ᠲᠠᠢ ᠨᠡᠭᠡᠭᠡᠯᠲᠡ ᠬᠢᠬᠦ ᠲᠠᠪᠴᠠᠩ ᠤᠨ ᠲᠦᠪᠯᠡᠷᠡᠭᠦᠯᠬᠦ

ᠦᠢᠯᠡᠳᠦᠯ ᠢ ᠪᠠᠳᠠᠷᠠᠭᠤᠯᠵᠤ᠂ ᠪᠡᠭᠡᠵᠢᠩ ᠲᠢᠶᠠᠨᠵᠢᠨ ᠾᠧᠪᠧᠢ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠤᠣᠮᠧᠨ ᠤ ᠪᠣᠯᠣᠩ ᠤᠨ

ᠣᠷᠣᠨ ᠯᠤᠭ᠎ᠠ ᠰᠠᠨᠠᠭᠠᠴᠢᠯᠠᠭ᠎ᠠ ᠠᠴᠠ ᠪᠠᠨ ᠪᠦᠲᠦᠮᠵᠢᠲᠡᠢ ᠵᠠᠯᠭᠠᠯᠳᠤᠭᠤᠯᠤᠨ᠂ ᠬᠤᠯᠪᠣᠭᠠᠯᠠᠨ ᠬᠥᠭᠵᠢᠬᠦ᠂ ᠠᠵᠤ ᠦᠢᠯᠡᠰ ᠤᠨ ᠬᠠᠮᠲᠤᠷᠠᠯᠴᠠᠭ᠎ᠠ ᠬᠢᠬᠦ ᠲᠠᠯ᠎ᠠ ᠪᠠᠷ ᠰᠢᠨ᠎ᠡ

ᠬᠥᠭᠵᠢᠯᠲᠡ ᠶᠢ ᠡᠷᠢᠯᠬᠢᠯᠡᠨ᠎ᠡ᠃ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ᠂ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ

ᠣᠷᠣᠨ ᠳᠤ ︽ᠳᠤᠭᠤᠶᠢᠯᠠᠩ ᠪᠦᠯᠬᠦᠮ︾ ᠤᠨ ᠬᠡᠯᠪᠡᠷᠢ ᠪᠠᠷ ᠦᠷᠭᠦᠯᠵᠢᠯᠡᠭᠦᠯᠦᠨ ᠨᠡᠭᠡᠭᠡᠨ ᠠᠰᠢᠭᠯᠠᠬᠤ ᠶᠢ ᠳᠡᠮᠵᠢᠵᠦ᠂ ᠪᠡᠯᠡ ᠣᠷᠤᠭᠤᠯᠤᠯᠲᠠ ᠶᠢᠨ ᠠᠷᠠᠯᠵᠢᠶ᠎ᠠ ᠶᠢ

ᠠᠬᠢᠭᠤᠯᠬᠤ ᠠᠵᠢᠯ᠂ ᠬᠦᠷᠢᠶᠡᠯᠡᠩ ᠲᠣᠭᠤᠷᠢᠭ ᠵᠢᠴᠢ ᠠᠵᠤ ᠦᠢᠯᠡᠰ ᠤᠨ ᠬᠥᠭᠵᠢᠯᠲᠡ ᠶᠢᠨ ᠲᠦᠯᠦᠪᠵᠢᠭᠦᠯᠭᠡ᠂ ᠮᠡᠳᠡᠭᠡ ᠵᠠᠩᠬᠢᠴᠢᠯᠠᠭᠰᠠᠨ ᠬᠡᠷᠡᠭᠯᠡᠭᠡᠨ᠂

ᠴᠢᠳᠠᠪᠤᠷᠢᠲᠠᠨ ᠤ ᠪᠣᠯᠪᠠᠰᠤᠷᠠᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠤᠯᠤᠰ ᠤᠨ ᠳᠡᠰ ᠤᠨ ᠠᠵᠤ ᠠᠬᠤᠢ

ᠮᠡᠷᠭᠡᠵᠢᠯ ᠤᠨ ᠨᠡᠭᠡᠭᠡᠯᠲᠡ ᠶᠢᠨ ᠣᠷᠣᠨ ᠵᠡᠷᠭᠡ ᠬᠦᠷᠢᠶᠡᠯᠡᠩ ᠲᠣᠭᠤᠷᠢᠭ ᠪᠠ ᠲᠤᠳᠤᠷ ᠭᠠᠵᠠᠷ ᠤᠨ ᠮᠣᠵᠢ ᠨᠤᠭᠤᠳ ᠲᠠᠢ ᠣᠷᠣᠨ ᠪᠦᠰᠡ ᠶᠢᠨ ᠬᠠᠮᠲᠤᠷᠠᠯᠴᠠᠭ᠎ᠠ

ᠦᠷᠨᠢᠭᠦᠯᠵᠦ᠂ ᠵᠣᠬᠢᠴᠠᠯᠳᠤᠨ ᠬᠥᠭᠵᠢᠭᠰᠡᠨ ᠰᠢᠨ᠎ᠡ ᠪᠠᠶᠢᠷᠢᠰᠢᠯ ᠤᠨ ᠪᠣᠢ ᠪᠣᠯᠬᠤ ᠶᠢ ᠠᠬᠢᠭᠤᠯᠤᠨ᠎ᠠ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠭᠠᠶᠢᠯᠢ

ᠪᠠᠲᠤᠯᠠᠭᠰᠠᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠣᠷᠣᠨ ᠵᠡᠷᠭᠡ ᠡᠯ᠎ᠡ ᠲᠦᠷᠦᠯ ᠤᠨ ᠨᠡᠭᠡᠭᠡᠯᠲᠡ

ᠬᠢᠬᠦ ᠲᠠᠪᠴᠠᠩ ᠤᠨ ᠡᠬᠢ ᠪᠠᠶᠠᠯᠢᠭ ᠪᠠ ᠳᠠᠪᠠᠭᠤᠯᠢᠭ ᠢ ᠨᠢᠭᠡᠲᠦᠯᠲᠡᠢ ᠲᠦᠯᠦᠪᠯᠡᠨ᠂ ᠪᠠᠶᠢᠷᠢᠰᠢᠭᠤᠯᠤᠯᠲᠠ ᠨᠢ ᠵᠣᠬᠢᠰᠲᠠᠢ᠂ ᠲᠣᠭᠲᠠᠴᠠ ᠨᠢ ᠰᠢᠯᠤᠭᠤᠬᠠᠨ᠂

ᠴᠢᠳᠠᠮᠵᠢ ᠪᠠᠨ ᠬᠠᠷᠢᠯᠴᠠᠨ ᠨᠦᠬᠦᠪᠦᠷᠢᠯᠡᠭᠰᠡᠨ᠂ ᠳᠠᠪᠠᠭᠤᠯᠢᠭ ᠨᠢ ᠢᠯᠡᠷᠬᠡᠢ᠂ ᠳᠦᠭᠦᠮ ᠳᠦᠳᠡ ᠦᠨᠳᠦᠷ ᠪᠦᠲᠦᠮᠵᠢᠲᠡᠢ ᠨᠢᠭᠡ ᠴᠤᠭᠴᠠᠵᠢᠭᠰᠠᠨ ᠨᠡᠬᠡᠬᠡᠯᠲᠡ ᠬᠢᠬᠦ

ᠦᠨᠳᠦᠷ ᠲᠦᠪᠰᠢᠨ ᠢ ᠪᠣᠢ ᠪᠣᠯᠭᠠᠨ᠎ᠠ᠃ ᠳᠤᠮᠳᠠᠳᠤ ᠤᠯᠤᠰ — ᠮᠤᠩᠭᠤᠯ ᠤᠯᠤᠰ ᠤᠨ ᠦᠵᠡᠰᠭᠦᠯᠡᠩ ᠤᠨ ᠳᠡᠯᠡᠬᠡᠶᠢᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂

ᠦᠢᠯᠡᠴᠢᠯᠡᠬᠦ ᠰᠢᠰᠲ᠋ᠧᠮᠵᠢ ᠪᠠ ᠪᠦᠬᠦᠯᠢ ᠴᠤᠭᠴᠠ ᠶᠢᠨ ᠴᠢᠳᠠᠮᠵᠢ ᠶᠢ ᠨᠢ ᠲᠡᠭᠦᠯᠳᠡᠷᠵᠢᠭᠦᠯᠦᠨ᠂ ᠭᠠᠳᠠᠭᠠᠳᠤ ᠶᠢᠨ ᠨᠡᠩ ᠣᠯᠠᠨ ᠬᠤᠳᠠᠯᠳᠤᠭᠠᠴᠢᠨ ᠤ ᠠᠩᠬᠠᠷᠤᠯ ᠢ

ᠲᠠᠲᠠᠵᠤ ᠣᠷᠤᠯᠴᠠᠭᠤᠯᠤᠨ᠎ᠠ᠃ ᠳᠤᠮᠳᠠᠳᠤ ᠤᠯᠤᠰ ︵ᠦᠪᠦᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠣᠷᠰᠢᠯᠲᠠ ᠶᠢᠨ ᠣᠷᠣᠨ ᠢ ᠪᠠᠶᠢᠭᠤᠯᠬᠤ ᠪᠠᠷ ᠢᠳᠡᠪᠬᠢᠯᠡᠨ

ᠴᠢᠷᠮᠠᠶᠢᠵᠤ᠂ ᠬᠤᠳᠠᠯᠳᠤᠭᠠᠨ ᠤ ᠶᠠᠪᠤᠳᠠᠯ ᠤᠨ ᠶᠠᠮᠦᠨ ᠲᠠᠢ ᠵᠣᠬᠢᠴᠠᠭᠤᠯᠤᠨ ᠳᠤᠮᠳᠠᠳᠤ ᠮᠤᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ

ᠠᠬᠤᠢ ᠶᠢᠨ ᠬᠠᠮᠲᠤᠷᠠᠯᠴᠠᠭᠠᠨ ᠤ ᠣᠷᠣᠨ ᠪᠠᠶᠢᠭᠤᠯᠬᠤ ᠠᠬᠢᠴᠠ ᠶᠢ ᠠᠬᠢᠭᠤᠯᠤᠨ᠂ ᠮᠠᠨᠵᠣᠣᠷ᠂ ᠡᠷᠢᠶᠡᠨ ᠬᠤᠲᠠ ᠶᠢᠨ ᠬᠢᠯᠢ ᠶᠢᠨ ᠠᠵᠤ ᠠᠬᠤᠢ ᠶᠢᠨ

ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ

ᠶᠠᠪᠤᠳᠠᠯ ᠤᠨ ᠲᠢᠩᠭᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠭᠢᠮ᠂

ᠬᠦᠬᠡᠬᠤᠲᠠ ᠪᠤᠭᠤᠮᠲᠠ᠂ ᠮᠠᠨᠵᠣᠣᠷ ᠪᠤᠭᠤᠮᠲᠠ︶

     ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠰᠠᠭᠤᠷᠢᠨ ᠭᠠᠵᠠᠷ ᠢ ᠲᠦᠷᠭᠡᠪᠴᠢᠯᠡᠨ ᠪᠦᠲᠦᠭᠡᠨ ᠪᠠᠶᠢᠭᠤᠯᠤᠨ᠎ᠠ᠃ ᠤᠯᠤᠰ ᠤᠨ

ᠳᠡᠰ ᠤᠨ ᠪᠠ ᠦᠪᠡᠷᠲᠡᠭᠡᠨ ᠵᠠᠰᠠᠬᠤ ᠣᠷᠣᠨ ᠤ ᠳᠡᠰ ᠤᠨ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠰᠠᠭᠤᠷᠢᠨ ᠭᠠᠵᠠᠷ

ᠪᠠᠶᠢᠭᠤᠯᠬᠤ ᠶᠢ ᠳᠡᠮᠵᠢᠵᠦ᠂ ᠨᠤᠤᠰᠤ ᠨᠤᠤᠯᠤᠭᠤᠷ ᠡᠳ᠋ᠰᠢᠭᠦᠯᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ᠂ ᠲᠤᠨᠤᠭ ᠲᠥᠭᠦᠭᠡᠷᠦᠮᠵᠢ ᠦᠢᠯᠡᠳᠬᠦ᠂

ᠠᠮᠢᠳᠤ ᠪᠤᠳᠠᠰ ᠤᠨ ᠡᠮ ᠡᠮᠨᠡᠯᠭᠡ᠂ ᠲᠡᠮᠦᠷᠯᠢᠭ  ᠬᠠᠶᠢᠯᠤᠭᠤᠯᠵᠤ ᠦᠢᠯᠡᠳᠬᠦ᠂ ᠬᠢᠮᠢ ᠶᠢᠨ ᠠᠵᠤ ᠦᠢᠯᠡᠳᠪᠦᠷᠢ ᠶᠢᠨ ᠦᠢᠯᠡᠳᠭᠦᠨ ᠵᠡᠷᠭᠡ ᠬᠦᠷᠢᠶᠡᠨ ᠳᠤ ᠠᠵᠤ

ᠦᠢᠯᠡᠰ ᠤᠨ ᠬᠡᠯᠬᠢᠶ᠎ᠡ ᠨᠢ ᠪᠦᠷᠢᠨ ᠭᠦᠢᠴᠡᠳ᠂ ᠦᠢᠯᠡᠳᠭᠦᠨ ᠨᠢ ᠢᠯᠡ ᠲᠤᠳᠤ ᠣᠨᠴᠠᠯᠢᠭ ᠲᠠᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠨᠢ ᠪᠦᠷᠢᠨ

ᠲᠡᠭᠦᠯᠳᠡᠷ᠂ ᠣᠯᠠᠨ ᠤᠯᠤᠰ ᠤᠨ ᠵᠠᠬ᠎ᠠ ᠳᠡᠯᠭᠡᠭᠦᠷ ᠲᠤ ᠦᠷᠢᠰᠦᠯᠳᠦᠬᠦ ᠳᠠᠪᠠᠭᠤᠯᠢᠭ ᠢᠶᠠᠷ ᠢᠯᠡᠷᠬᠡᠢ ᠪᠠᠶᠢᠭ᠎ᠠ ᠭᠠᠳᠠᠭᠰᠢᠯ ᠠᠵᠤ ᠦᠢᠯᠡᠰ ᠤᠨ ᠬᠥᠭᠵᠢᠯᠲᠡ ᠶᠢᠨ

ᠪᠦᠯᠦᠭᠵᠢᠯ ᠢ ᠪᠣᠢ ᠪᠣᠯᠭᠠᠵᠤ᠂ ᠰᠠᠭᠤᠷᠢᠨ ᠭᠠᠵᠠᠷ ᠤᠨ ᠭᠠᠳᠠᠭᠠᠳᠤ ᠭᠠᠷᠭᠠᠯᠲᠠ ᠶᠢᠨ ᠬᠦᠲᠥᠴᠢ ᠪᠦᠭᠡᠳ ᠨᠢᠷᠤᠭᠤᠪᠴᠢ ᠠᠵᠤ ᠠᠬᠤᠶᠢᠯᠠᠯ ᠢ ᠪᠠᠶᠢᠭᠤᠯᠤᠨ᠂ ᠮᠡᠷᠭᠡᠵᠢᠯ

ᠪᠠ ᠨᠡᠷᠡᠲᠦ ᠲᠡᠮᠲᠡᠭ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠢ ᠰᠠᠭᠤᠷᠢᠨ ᠭᠠᠵᠠᠷ ᠤᠨ ᠠᠴᠢᠶᠠᠯᠠᠪᠤᠷᠢ ᠪᠣᠯᠬᠤ ᠪᠠ ᠵᠢᠱᠢᠶ᠎ᠡ ᠦᠵᠡᠭᠦᠯᠬᠦ

ᠦᠢᠯᠡᠳᠦᠯ ᠢ ᠨᠢ ᠪᠠᠳᠠᠷᠠᠭᠤᠯᠵᠤ᠂ ᠣᠷᠣᠨ ᠪᠦᠰᠡ ᠶᠢᠨ ᠳᠠᠪᠠᠭᠤᠯᠢᠭ ᠣᠨᠴᠠᠯᠢᠭ ᠲᠠᠢ ᠪᠦᠭᠡᠳ ᠡᠷᠴᠢᠮᠵᠢᠵᠦ ᠲᠦᠪᠯᠡᠷᠡᠭᠰᠡᠨ ᠬᠥᠭᠵᠢᠯᠲᠡ ᠶᠢ ᠪᠣᠢ ᠪᠣᠯᠭᠠᠨ᠎ᠠ᠃ ᠡᠯ᠎ᠡ

ᠠᠶᠢᠮᠠᠭ ᠬᠤᠲᠠ ᠨᠢ ᠣᠷᠣᠨ ᠪᠦᠰᠡ ᠶᠢᠨ ᠠᠵᠤ ᠦᠢᠯᠡᠰ ᠤᠨ ᠣᠨᠴᠠᠯᠢᠭ ᠢ ᠦᠨᠳᠦᠰᠦᠯᠡᠵᠦ᠂ ᠣᠳᠣ ᠶᠢᠨ ᠰᠠᠭᠤᠷᠢᠨ ᠭᠠᠵᠠᠷ ᠢ ᠢᠳᠡᠪᠬᠢᠲᠡᠢ ᠪᠤᠵᠠᠭᠠᠢᠷᠠᠭᠤᠯᠬᠤ ᠪᠠ

ᠰᠢᠨ᠎ᠡ ᠰᠠᠭᠤᠷᠢᠨ ᠭᠠᠵᠠᠷ ᠢ ᠴᠤᠭᠴᠠᠯᠠᠨ᠂ ᠰᠠᠭᠤᠷᠢᠨ ᠭᠠᠵᠠᠷ ᠤᠨ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠳᠡᠰ

ᠳᠡᠪᠰᠢᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠰᠠᠭᠤᠷᠢᠨ ᠭᠠᠵᠠᠷ ᠤᠨ

ᠠᠵᠢᠯ ᠲᠦᠷᠦᠯ ᠤᠨ ᠬᠤᠳᠠᠯᠳᠤᠭᠠᠨ ᠤ ᠨᠡᠶᠢᠭᠡᠮᠯᠢᠭ ᠪᠤᠶᠤ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠳᠤ ᠨᠠᠢᠳᠠᠵᠤ ᠰᠠᠭᠤᠷᠢᠨ ᠭᠠᠵᠠᠷ ᠤᠨ ᠬᠠᠮᠢᠶᠠᠷᠤᠯᠲᠠ

ᠦᠢᠯᠡᠴᠢᠯᠡᠭᠡ ᠶᠢ ᠬᠠᠷᠢᠭᠤᠴᠠᠭᠤᠯᠬᠤ ᠶᠢ ᠵᠣᠷᠢᠭᠵᠢᠭᠤᠯᠤᠨ᠎ᠠ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ

ᠲᠢᠩᠭᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶

     ᠣᠯᠠᠨ ᠤᠯᠤᠰ ᠲᠠᠬᠢ ᠡᠵᠡᠩᠨᠡᠨ ᠪᠤᠷᠤᠯᠠᠭᠤᠯᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠤᠳᠠᠳᠤ ᠬᠦᠴᠦᠨ ᠲᠠᠢ ᠲᠤᠮᠤ

ᠬᠡᠯᠪᠡᠷᠢ ᠶᠢᠨ ᠠᠵᠤ ᠠᠬᠤᠶᠢᠯᠠᠯ ᠢ ᠳᠡᠮᠵᠢᠵᠦ ᠪᠠᠶᠢᠭᠠᠳ ︽ᠨᠢᠭᠡ ᠪᠦᠰᠡ ᠨᠢᠭᠡ ᠵᠠᠮ︾ ᠳᠠᠭᠠᠤ ᠶᠢᠨ ᠭᠤᠣᠯᠳᠠᠯᠭ᠎ᠠ ᠲᠠᠢ ᠵᠠᠬ᠎ᠠ ᠳᠡᠯᠭᠡᠭᠦᠷ ᠲᠤ ᠦᠵᠡᠭᠦᠯᠭᠡ

ᠪᠤᠷᠤᠯᠠᠭᠤᠯᠭ᠎ᠠ᠂ ᠨᠡᠷᠡᠲᠦ ᠲᠡᠮᠲᠡᠭ ᠤᠨ ᠳᠡᠯᠭᠡᠷᠡᠭᠦᠯᠦᠯᠲᠡ᠂ ᠰᠠᠩ ᠬᠦᠮᠦᠷᠭᠡ ᠪᠠᠷᠠᠭᠠᠨ ᠤ ᠭᠦᠢᠯᠭᠡᠭᠡ ᠪᠠ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡ ᠵᠡᠷᠭᠡ

ᠴᠢᠳᠠᠮᠵᠢ ᠪᠠᠨ ᠨᠢᠭᠡ ᠴᠤᠭᠴᠠᠵᠢᠭᠤᠯᠤᠭᠰᠠᠨ ᠣᠯᠠᠨ ᠤᠯᠤᠰ ᠲᠠᠬᠢ ᠡᠵᠡᠩᠨᠡᠨ ᠪᠤᠷᠤᠯᠠᠭᠤᠯᠬᠤ ᠣᠯᠠᠨ ᠨᠡᠶᠢᠲᠡ ᠶᠢᠨ ᠲᠠᠪᠴᠠᠩ ᠢ ᠪᠠᠶᠢᠭᠤᠯᠵᠤ᠂ ᠦᠪᠡᠷᠲᠡᠭᠡᠨ ᠵᠠᠰᠠᠬᠤ

ᠣᠷᠣᠨ ᠤ ᠳᠤᠮᠳᠠ ᠵᠢᠵᠢᠭ ᠠᠵᠤ ᠠᠬᠤᠶᠢᠯᠠᠯ ᠢ ᠬᠦᠲᠦᠯᠦᠨ ᠵᠢᠯᠤᠭᠤᠳᠬᠤ ᠪᠠ ᠵᠣᠷᠢᠭᠵᠢᠭᠤᠯᠵᠤ ᠪᠠᠶᠢᠭᠠᠳ ᠲᠠᠪᠴᠠᠩ ᠤᠨ ᠠᠵᠤ ᠠᠬᠤᠶᠢᠯᠠᠯ ᠯᠤᠭ᠎ᠠ

ᠵᠠᠯᠭᠠᠯᠳᠤᠭᠤᠯᠤᠨ᠂ ᠦᠢᠯᠡᠳᠭᠦᠨ᠂ ᠮᠡᠳᠡᠭᠡ ᠵᠠᠩᠭᠢ ᠪᠠ ᠡᠵᠡᠩᠨᠡᠨ ᠪᠤᠷᠤᠯᠠᠭᠤᠯᠬᠤ ᠠᠷᠭ᠎ᠠ ᠵᠠᠮ ᠳᠤ ᠰᠠᠭᠤᠷᠢᠯᠠᠭᠰᠠᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ

ᠦᠷᠨᠢᠭᠦᠯᠦᠨ᠎ᠡ᠃ ᠠᠵᠤ ᠠᠬᠤᠶᠢᠯᠠᠯ ᠤᠨ ᠬᠢᠨ ᠤ ᠬᠠᠷᠠᠯᠲᠠ ᠪᠣᠯᠬᠤ ᠵᠠᠬ᠎ᠠ ᠳᠡᠯᠭᠡᠭᠦᠷ ᠪᠠ ᠣᠯᠠᠨ ᠤᠯᠤᠰ ᠤᠨ ᠠᠷᠠᠯᠵᠢᠶᠠᠨ ᠤ ᠳᠠᠮᠵᠢᠭᠤᠯᠬᠤ ᠭᠠᠵᠠᠷ ᠲᠤ ᠭᠠᠳᠠᠭᠠᠳᠤ

ᠬᠦᠮᠦᠷᠭᠡ ᠪᠠ ᠢᠯᠭᠠᠨ ᠰᠠᠯᠭᠠᠵᠦ ᠶᠠᠪᠤᠭᠤᠯᠬᠤ ᠲᠥᠪ ᠪᠠᠶᠢᠭᠤᠯᠬᠤ ᠶᠢ ᠳᠡᠮᠵᠢᠨ᠎ᠡ᠃ ᠠᠵᠤ ᠠᠬᠤᠶᠢᠯᠠᠯ ᠢ ᠬᠦᠲᠦᠯᠦᠨ ᠵᠢᠯᠤᠭᠤᠳᠴᠤ ᠪᠠᠶᠢᠭᠠᠳ ᠪᠣᠳᠠᠰᠯᠢᠭ

ᠬᠤᠯᠪᠣᠭᠠᠲᠤ ᠰᠦᠯᠵᠢᠶ᠎ᠡ᠂ ᠲᠤᠮᠤ ᠳ᠋ᠠᠶᠢᠲ᠋ᠠ ᠵᠡᠷᠭᠡ ᠮᠡᠷᠭᠡᠵᠢᠯ ᠤᠨ ᠠᠷᠭ᠎ᠠ ᠠᠪᠴᠠᠯ ᠢ ᠠᠰᠢᠭᠯᠠᠨ ᠬᠤᠳᠠᠯᠳᠤᠭᠰᠠᠨ ᠤ ᠳᠠᠷᠠᠭᠠᠬᠢ ᠦᠢᠯᠡᠴᠢᠯᠡᠬᠦ ᠴᠢᠳᠠᠪᠤᠷᠢ ᠶᠢ ᠨᠢ

ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ︶

     ᠣᠯᠠᠨ ᠤᠯᠤᠰ ᠤᠨ ᠬᠤᠭᠤᠷᠤᠨᠳᠤᠬᠢ ᠰᠤᠯᠢᠯᠴᠠᠭ᠎ᠠ ᠬᠠᠮᠲᠤᠷᠠᠯᠴᠠᠭ᠎ᠠ ᠶᠢᠨ ᠲᠠᠪᠴᠠᠩ ᠢ ᠴᠤᠭᠴᠠᠯᠠᠨ᠎ᠠ᠃ ᠤᠯᠤᠰ ᠤᠨ ᠲᠤᠳᠤᠭᠠᠲᠤ ᠭᠠᠳᠠᠭᠠᠳᠤ ᠶᠢᠨ ᠴᠢᠬᠤᠯᠠ

ᠶᠡᠭᠡ ᠠᠷᠠᠯᠵᠢᠶ᠎ᠠ ᠬᠤᠳᠠᠯᠳᠤᠭᠠᠨ ᠤ ᠠᠵᠢᠯᠯᠠᠭ᠎ᠠ ᠶᠢ ᠭᠦᠢᠴᠡᠳ ᠠᠰᠢᠭᠯᠠᠵᠤ᠂ ᠵᠤᠯᠭᠠᠯᠳᠤᠭᠤᠯᠵᠤ ᠰᠤᠯᠢᠯᠴᠠᠭ᠎ᠠ ᠬᠢᠬᠦ ᠪᠠᠨ ᠴᠢᠩᠭᠠᠳᠬᠠᠨ᠂ ᠦᠪᠦᠷ ᠮᠣᠩᠭᠤᠯ ᠤᠨ

ᠨᠡᠷ᠎ᠡ ᠠᠯᠳᠠᠷ ᠪᠠ ᠨᠦᠯᠦᠭᠡᠯᠡᠬᠦ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠳᠤᠮᠳᠠᠳᠤ ᠤᠯᠤᠰ ᠤᠨ ᠣᠯᠠᠨ

ᠤᠯᠤᠰ ᠤᠨ ᠭᠠᠳᠠᠭᠠᠳᠤ ᠠᠴᠠ ᠣᠷᠤᠭᠤᠯᠤᠭᠰᠠᠨ ᠲᠠᠸᠠᠷ ᠤᠨ ᠦᠵᠡᠰᠭᠦᠯᠠᠩ ᠳᠤ ᠣᠷᠤᠯᠴᠠᠭᠤᠯᠵᠤ᠂ ᠭᠤᠸᠠᠩᠵᠧᠦ ᠶᠢᠨ ᠭᠠᠳᠠᠭᠠᠳᠤ ᠳᠤ ᠭᠠᠷᠭᠠᠬᠤ ᠲᠠᠸᠠᠷ ᠤᠨ

ᠠᠷᠠᠯᠵᠢᠶᠠᠨ ᠤ ᠴᠤᠭᠯᠠᠭᠠᠨ᠂ ᠳᠤᠮᠳᠠᠳᠤ ᠶᠢᠨ ᠳᠤᠷᠤᠨᠠᠲᠤ ᠣᠷᠣᠨ ᠤ ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠠᠷᠠᠯᠵᠢᠶᠠᠨ ᠤ

ᠴᠤᠭᠯᠠᠭᠠᠨ ᠵᠡᠷᠭᠡ ᠤᠯᠤᠰ ᠤᠨ ᠲᠤᠳᠤᠭᠠᠲᠤ ᠶᠢᠨ ᠳᠡᠭᠡᠳᠦ ᠳᠡᠰ ᠤᠨ ᠦᠵᠡᠭᠦᠯᠭᠡ ᠶᠢᠨ ᠲᠠᠪᠴᠠᠩ ᠢ ᠭᠦᠢᠴᠡᠳ ᠰᠠᠶᠢᠲᠤᠷ ᠠᠰᠢᠭᠯᠠᠨ᠎ᠠ︔ ᠳᠤᠮᠳᠠᠳᠤ ᠤᠯᠤᠰ —

ᠮᠤᠩᠭᠤᠯ ᠤᠯᠤᠰ ᠤᠨ ᠦᠵᠡᠰᠭᠦᠯᠡᠩ᠂ ᠦᠪᠦᠷ ᠮᠣᠩᠭᠤᠯ ᠤᠨ ᠦᠨᠦᠷ ᠠᠮᠲᠠ ᠵᠡᠷᠭᠡ ᠦᠪᠡᠷᠲᠡᠭᠡᠨ ᠵᠠᠰᠠᠬᠤ ᠣᠷᠣᠨ ᠤ ᠲᠤᠳᠤᠷᠠᠬᠢ ᠭᠤᠣᠯᠳᠠᠯᠭ᠎ᠠ ᠲᠠᠢ

ᠦᠵᠡᠭᠦᠯᠭᠡ ᠶᠢ ᠬᠦᠴᠦᠯᠡᠨ ᠰᠠᠶᠢᠲᠤᠷ ᠡᠷᠬᠢᠯᠡᠨ᠎ᠡ᠃ ᠭᠤᠣᠯᠳᠠᠯᠭ᠎ᠠ ᠲᠠᠢ ᠵᠠᠬ᠎ᠠ ᠳᠡᠯᠭᠡᠭᠦᠷ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠤᠳᠠᠯᠳᠤᠨ

ᠠᠪᠤᠭᠴᠢ ᠭᠡᠬᠦ ᠭᠤᠷᠪᠠᠨ ᠲᠦᠷᠦᠯ ᠤᠨ ᠳ᠋ᠠᠶᠢᠲ᠋ᠠ ᠶᠢᠨ ᠬᠦᠮᠦᠷᠭᠡ ᠶᠢ ᠲᠡᠭᠦᠯᠳᠡᠷᠵᠢᠭᠦᠯᠵᠦ᠂ ᠮᠠᠨ ᠤ ᠣᠷᠣᠨ ᠬᠢᠭᠡᠳ ᠤᠯᠤᠰ ᠤᠨ ᠭᠠᠳᠠᠭᠠᠳᠤ ︵ᠭᠠᠵᠠᠷ ᠣᠷᠣᠨ︶ ᠶᠢᠨ

ᠵᠠᠰᠠᠭ ᠤᠨ ᠣᠷᠳᠣᠨ᠂ ᠠᠷᠠᠯᠵᠢᠶ᠎ᠠ ᠶᠢ ᠠᠬᠢᠭᠤᠯᠬᠤ ᠪᠠᠶᠢᠭᠤᠯᠤᠮᠵᠢ ᠵᠢᠴᠢ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠶᠢᠨ ᠬᠤᠭᠤᠷᠤᠨᠳᠤᠬᠢ ᠰᠤᠯᠢᠯᠴᠠᠭ᠎ᠠ

ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠥᠷᠭᠡᠳᠭᠡᠨ ᠭᠦᠨᠵᠡᠭᠡᠶᠢᠷᠡᠭᠦᠯᠵᠦ᠂ ᠬᠤᠳᠠᠯᠳᠤᠭᠠᠴᠢᠳ ᠤᠨ ᠨᠡᠶᠢᠭᠡᠮᠯᠢᠭ᠂ ᠭᠠᠳᠠᠭᠠᠳᠤ ᠳᠠᠬᠢ ᠠᠵᠤ ᠠᠬᠤᠶᠢᠯᠠᠯ ᠵᠢᠴᠢ

ᠬᠤᠪᠢᠶᠠᠷᠢ ᠰᠠᠯᠪᠤᠷᠢ ᠪᠠᠶᠢᠭᠤᠯᠤᠮᠵᠢ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠯᠠᠨ ᠠᠷᠭ᠎ᠠ ᠵᠠᠮ᠂ ᠣᠯᠠᠨ ᠬᠡᠪ ᠵᠠᠭᠪᠤᠷ ᠢᠶᠠᠷ ᠠᠵᠤ ᠠᠬᠤᠢ ᠠᠷᠠᠯᠵᠢᠶᠠᠨ ᠤ

ᠬᠠᠮᠲᠤᠷᠠᠯᠴᠠᠭ᠎ᠠ ᠶᠢᠨ ᠲᠣᠭᠲᠠᠴᠠ ᠪᠠ ᠲᠠᠪᠴᠠᠩ ᠢ ᠡᠭᠦᠳᠦᠨ ᠪᠠᠶᠢᠭᠤᠯᠵᠤ᠂ ᠮᠠᠨ ᠤ ᠣᠷᠣᠨ ᠤ ᠭᠠᠳᠠᠭᠠᠳᠤ ᠠᠷᠠᠯᠵᠢᠶ᠎ᠠ ᠶᠢᠨ ᠬᠥᠭᠵᠢᠯᠲᠡ ᠶᠢ ᠠᠬᠢᠭᠤᠯᠤᠨ᠎ᠠ᠃

︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ

ᠠᠬᠢᠭᠤᠯᠬᠤ ᠵᠦᠪᠯᠡᠯ ᠤᠨ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠦᠪᠯᠡᠯ︶

     ︵ᠵᠢᠷᠭᠤᠭ᠎ᠠ︶ ᠦᠭᠡᠷᠡᠴᠢᠯᠡᠯᠲᠡ ᠨᠡᠭᠡᠭᠡᠯᠲᠡ ᠶᠢ ᠭᠦᠨᠵᠡᠭᠡᠢᠷᠡᠭᠦᠯᠵᠦ᠂ ᠠᠷᠠᠯᠵᠢᠶᠠᠨ ᠤ ᠬᠠᠤᠯᠢᠵᠢᠭᠰᠠᠨ ᠳᠡᠯᠡᠬᠡᠶᠢᠴᠢᠯᠡᠭᠰᠡᠨ ᠳᠦᠭᠦᠮᠴᠢᠯᠡᠭᠰᠡᠨ ᠠᠷᠠᠯᠵᠢᠶᠠᠨ ᠤ

ᠣᠷᠴᠢᠨ ᠠᠬᠤᠢ ᠶᠢ ᠪᠣᠢ ᠪᠣᠯᠭᠠᠨ᠎ᠠ᠃

     ᠬᠢᠯᠢ ᠶᠢᠨ ᠪᠤᠭᠤᠮᠲᠠ ᠶᠢᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠮᠠᠨᠵᠣᠣᠷ᠂ ᠡᠷᠢᠶᠡᠨ ᠬᠤᠲᠠ ᠶᠢᠨ ᠲᠡᠮᠦᠷ ᠵᠠᠮ ᠤᠨ ᠬᠢᠯᠢ ᠶᠢᠨ ᠪᠤᠭᠤᠮᠲᠠ ᠶᠢᠨ

ᠰᠠᠭᠤᠷᠢ ᠪᠡᠯᠡᠳᠭᠡᠮᠵᠢ ᠶᠢ ᠳᠡᠰ ᠳᠡᠪᠰᠢᠭᠦᠯᠦᠨ ᠰᠠᠢᠵᠢᠷᠠᠭᠤᠯᠬᠤ ᠶᠢ ᠠᠬᠢᠭᠤᠯᠵᠤ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢᠨ ᠠᠵᠢᠯᠯᠠᠭᠠᠨ ᠤ

ᠲᠠᠪᠴᠠᠩ ᠢ ᠲᠡᠭᠦᠯᠳᠡᠷᠵᠢᠭᠦᠯᠦᠨ᠂ ᠦᠪᠡᠷᠲᠡᠭᠡᠨ ᠵᠠᠰᠠᠬᠤ ᠣᠷᠣᠨ ᠤ ᠭᠤᠣᠯ ᠪᠣᠯᠬᠤ ᠭᠠᠵᠠᠷ ᠪᠠ ᠬᠢᠯᠢ ᠶᠢᠨ ᠪᠤᠭᠤᠮᠲᠠ ᠶᠢᠨ ᠵᠠᠩᠬᠢᠯᠠᠭ᠎ᠠ ᠪᠣᠯᠬᠤ ᠴᠡᠭ ᠠᠴᠠ ᠡᠬᠢᠯᠡᠨ

ᠬᠦᠳᠡᠯᠦᠭᠰᠡᠨ᠂ ᠬᠦᠷᠴᠦ ᠢᠷᠡᠭᠰᠡᠨ ᠣᠯᠠᠨ ᠤᠯᠤᠰ ᠤᠨ ᠪᠠᠷᠠᠭ᠎ᠠ ᠵᠦᠭᠡᠭᠡᠪᠦᠷᠢ ᠶᠢᠨ ᠡᠭᠡᠯᠵᠢ ᠶᠢᠨ ᠭᠠᠯᠲᠤ ᠲᠡᠷᠭᠡ ᠶᠢᠨ ᠪᠠᠢᠩᠭᠤᠵᠢᠭᠰᠠᠨ ᠠᠵᠢᠯᠯᠠᠭᠠᠨ ᠢ ᠠᠬᠢᠭᠤᠯᠵᠤ᠂

ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢᠨ ᠪᠤᠭᠤᠮᠲᠠ ᠪᠠᠷ ᠨᠡᠪᠲᠡᠷᠡᠬᠦ ᠳᠤ ᠳᠦᠭᠦᠮ ᠦᠵᠡᠭᠦᠯᠬᠦ ᠶᠢ ᠠᠬᠢᠭᠤᠯᠤᠨ᠎ᠠ᠃ ᠳᠤᠮᠳᠠᠳᠤ ᠡᠸᠦ᠋ᠷᠦᠫᠡ ᠶᠢᠨ

ᠡᠭᠡᠯᠵᠢ ᠶᠢᠨ ᠭᠠᠯᠲᠤ ᠲᠡᠷᠭᠡᠨ ᠤ ᠠᠶᠠᠯᠠᠬᠤ ᠳᠤ ᠲᠦᠰᠢᠭᠯᠡᠨ᠂ ᠮᠠᠨ ᠤ ᠣᠷᠣᠨ ᠬᠢᠭᠡᠳ ᠡᠭᠡᠯᠵᠢ ᠶᠢᠨ ᠭᠠᠯᠲᠤ ᠲᠡᠷᠭᠡ ᠶᠠᠪᠤᠵᠤ ᠪᠠᠶᠢᠭ᠎ᠠ ᠱᠤᠭᠤᠮ ᠳᠠᠭᠠᠤ ᠶᠢᠨ

ᠭᠤᠣᠯᠳᠠᠯᠭ᠎ᠠ ᠲᠠᠢ ᠤᠯᠤᠰ ᠣᠷᠣᠨ ᠯᠤᠭ᠎ᠠ ᠶᠢᠨ ᠠᠷᠠᠯᠵᠢᠶ᠎ᠠ ᠪᠡᠯᠡ ᠣᠷᠣᠭᠤᠯᠤᠯᠲᠠ ᠶᠢᠨ ᠶᠠᠪᠤᠯᠴᠠᠭ᠎ᠠ ᠶᠢ ᠠᠬᠢᠭᠤᠯᠵᠤ᠂ ᠦᠪᠡᠷᠲᠡᠭᠡᠨ ᠵᠠᠰᠠᠬᠤ ᠣᠷᠣᠨ ᠤ ᠥᠷᠭᠡᠨ

ᠬᠡᠪᠴᠢᠶᠡᠨ ᠤ ᠬᠢᠯᠢ ᠶᠢᠨ ᠪᠤᠭᠤᠮᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠬᠦ ᠶᠢ ᠠᠬᠢᠭᠤᠯᠤᠨ᠎ᠠ︔ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ

ᠲᠡᠷᠭᠡ ᠶᠢᠨ ᠡᠬᠢᠯᠡᠵᠦ ᠭᠦᠳᠡᠯᠬᠦ ᠬᠤᠲᠠ᠂ ᠵᠡᠭᠦᠨ ᠬᠤᠢᠲᠣ ᠶᠢᠨ ᠭᠤᠷᠪᠠᠨ ᠮᠤᠵᠢ᠂ ᠪᠡᠭᠡᠵᠢᠩ ᠲᠢᠶᠠᠨᠵᠢᠨ ᠾᠧᠪᠧᠢ ᠵᠡᠷᠭᠡ ᠭᠤᠣᠯᠳᠠᠯᠭ᠎ᠠ ᠲᠠᠢ ᠭᠠᠵᠠᠷ

ᠣᠷᠣᠨ ᠯᠤᠭ᠎ᠠ ᠶᠢᠨ ᠪᠤᠭᠤᠮᠲᠠ ᠨᠡᠪᠲᠡᠷᠡᠬᠦ ᠲᠠᠯ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠪᠦᠬᠦ ᠤᠯᠤᠰ ᠤᠨ ᠪᠤᠭᠤᠮᠲᠠ ᠦᠩᠭᠡᠷᠡᠬᠦ ᠶᠢ ᠨᠢᠭᠡ ᠴᠤᠭᠴᠠᠵᠢᠭᠤᠯᠬᠤ

ᠠᠬᠢᠴᠠ ᠳᠤ ᠪᠦᠬᠦ ᠲᠠᠯ᠎ᠠ ᠪᠠᠷ ᠣᠷᠤᠯᠴᠠᠭᠤᠯᠤᠨ᠎ᠠ᠃ ᠮᠠᠨᠵᠣᠣᠷ ᠬᠢᠯᠢ ᠶᠢᠨ ᠪᠤᠭᠤᠮᠲᠠ ᠪᠠ ᠳ᠋ᠠᠯᠢᠶᠠᠨ ᠭᠠᠷᠠᠮ᠂ ᠵᠢᠨᠵᠧᠥ ᠭᠠᠷᠠᠮ ᠯᠤᠭ᠎ᠠ ᠠᠵᠢᠯ ᠲᠦᠷᠦᠯ ᠢᠶᠠᠷ ᠢᠶᠠᠨ

ᠬᠠᠷᠢᠯᠴᠠᠬᠤ ᠬᠢᠭᠡᠳ ᠡᠷᠢᠶᠡᠨ ᠬᠤᠲᠠ ᠬᠢᠯᠢ ᠶᠢᠨ ᠪᠤᠭᠤᠮᠲᠠ ᠪᠠ ᠲᠢᠶᠠᠨᠵᠢᠨ ᠭᠠᠷᠠᠮ ᠯᠤᠭ᠎ᠠ ᠠᠵᠢᠯ ᠲᠦᠷᠦᠯ ᠢᠶᠠᠷ ᠢᠶᠠᠨ ᠬᠠᠷᠢᠯᠴᠠᠬᠤ ᠶᠢ ᠵᠣᠷᠢᠭᠵᠢᠭᠤᠯᠵᠤ᠂

ᠨᠡᠭᠡᠭᠡᠯᠲᠡ ᠬᠢᠭᠰᠡᠨ ᠲᠣᠷᠰᠢᠯᠭ᠎ᠠ ᠪᠠᠨ ᠰᠤᠯᠢᠯᠴᠠᠨ ᠲᠣᠯᠢᠳᠠᠵᠤ᠂ ᠬᠢᠯᠢ ᠶᠢᠨ ᠪᠤᠭᠤᠮᠲᠠ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠬᠥᠷᠰᠢ ᠵᠡᠷᠭᠡᠯᠡᠳᠡᠭᠡ

ᠤᠯᠤᠰ ᠯᠤᠭ᠎ᠠ ᠬᠠᠷᠠᠭᠠᠯᠵᠠᠭᠰᠠᠨ ᠪᠤᠭᠤᠮᠲᠠ ᠶᠢᠨ ᠵᠣᠬᠢᠴᠠᠭᠤᠯᠬᠤ ᠠᠵᠢᠯ ᠢ ᠴᠢᠩᠭᠠᠳᠬᠠᠵᠤ᠂ ᠪᠤᠭᠤᠮᠲᠠ ᠪᠠᠷ ᠨᠡᠪᠲᠡᠷᠡᠬᠦ ᠴᠤᠪᠤᠷᠠᠯ ᠢ ︽ᠳᠦᠭᠦᠮᠴᠢᠯᠡᠨ

ᠴᠤᠮᠬᠠᠳᠬᠠᠵᠤ︾᠂ ᠣᠯᠠᠨ ᠤᠯᠤᠰ ᠤᠨ ᠠᠷᠠᠯᠵᠢᠶᠠᠨ ᠤ ︽ᠨᠢᠭᠡ ᠯᠡ ᠴᠤᠩᠬᠤᠪᠴᠢ ᠪᠠᠷ ᠭᠦᠢᠴᠡᠳᠭᠡᠬᠦ︾ ᠲᠠᠪᠴᠠᠩ ᠤᠨ ᠪᠠᠶᠢᠭᠤᠯᠤᠯᠲᠠ ᠪᠠ ︽ᠤᠶᠤᠨᠯᠢᠭ

ᠪᠤᠭᠤᠮᠲᠠ︾ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠪᠤᠭᠤᠮᠲᠠ ᠪᠠᠷ ᠨᠡᠪᠲᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠠᠳᠠᠭᠠᠳᠤ ᠠᠴᠠ

ᠣᠷᠤᠭᠤᠯᠵᠤ ᠭᠠᠳᠠᠭᠠᠳᠤ ᠳᠤ ᠭᠠᠷᠭᠠᠬᠤ ᠭᠤᠭᠴᠤᠭᠠᠨ ᠳᠠᠬᠢ ᠲᠣᠭᠲᠠᠭᠠᠯ ᠳᠤ ᠨᠡᠢᠴᠡᠬᠦ ᠦᠪᠡᠷ ᠤᠨ ᠥᠷᠲᠡᠭ ᠢ ᠨᠢ ᠤᠯᠠᠮ ᠨᠢᠭᠡ ᠠᠯᠬᠤᠮ ᠵᠢᠷᠤᠮᠵᠢᠭᠤᠯᠬᠤ ᠪᠠ

ᠪᠠᠭᠤᠷᠠᠭᠤᠯᠬᠤ ᠶᠢ ᠠᠬᠢᠭᠤᠯᠵᠤ᠂ ᠬᠢᠯᠢ ᠶᠢᠨ ᠪᠤᠭᠤᠮᠲᠠ ᠳᠤ ᠬᠤᠷᠢᠶᠠᠬᠤ ᠰᠦᠢᠳᠭᠡᠯ ᠤᠨ ︽ᠨᠢᠭᠡ ᠦᠷᠲᠡᠭᠡᠴᠢᠯᠡᠭᠰᠡᠨ ᠮᠠᠶ᠋ᠢᠭ ᠤᠨ ᠢᠯᠡ ᠦᠨ᠎ᠡ ᠬᠠᠩᠰᠢ ᠲᠠᠢ

ᠪᠠᠶᠢᠯᠭᠠᠬᠤ︾ ᠶᠢ ᠳᠡᠯᠭᠡᠷᠡᠭᠦᠯᠦᠨ᠂ ᠬᠢᠯᠢ ᠶᠢᠨ ᠪᠤᠭᠤᠮᠲᠠ ᠳᠤ ᠬᠤᠷᠢᠶᠠᠬᠤ ᠰᠦᠢᠳᠭᠡᠯ ᠤᠨ ᠢᠯᠡ ᠲᠤᠳᠤ ᠪᠠᠢᠬᠤ ᠬᠡᠮᠵᠢᠶ᠎ᠡ ᠪᠠ ᠠᠳᠠᠯᠢᠳᠬᠠᠵᠤ ᠪᠣᠯᠬᠤ ᠴᠢᠨᠠᠷ ᠢ

ᠳᠡᠭᠡᠭᠰᠢᠯᠡᠭᠦᠯᠵᠦ᠂ ᠨᠡᠩ ᠴᠢᠯᠦᠭᠡᠲᠡᠢ᠂ ᠳᠦᠭᠦᠮ ᠳᠦᠳᠡ ᠪᠠᠢᠬᠤ ᠬᠢᠯᠢ ᠶᠢᠨ ᠪᠤᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠪᠣᠢ ᠪᠣᠯᠭᠠᠨ᠎ᠠ᠃ ︵

ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠭᠢᠮ᠂

ᠬᠦᠬᠡᠬᠤᠲᠠ ᠪᠤᠭᠤᠮᠲᠠ᠂ ᠮᠠᠨᠵᠣᠣᠷ ᠪᠤᠭᠤᠮᠲᠠ︶

     ᠠᠷᠠᠯᠵᠢᠶᠠᠨ ᠤ ᠳᠦᠭᠦᠮ ᠳᠦᠳᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ

ᠨᠦᠬᠦᠴᠡᠯ ᠢ ᠰᠢᠯᠢᠳᠡᠭᠵᠢᠭᠦᠯᠬᠦ ᠠᠵᠢᠯᠯᠠᠭᠠᠨ ᠤ ᠲᠦᠰᠦᠯ ᠢ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠢᠯᠡ ᠲᠤᠳᠤ ᠦᠨᠳᠦᠷ ᠪᠦᠲᠦᠮᠵᠢᠲᠡᠢ ᠪᠠᠢᠬᠤ ᠣᠷᠴᠢᠨ

ᠨᠦᠬᠦᠴᠡᠯ ᠢ ᠪᠣᠢ ᠪᠣᠯᠭᠠᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠢᠷᠡᠭᠦᠯᠵᠦ᠂ ︽ᠭᠡᠷᠡᠴᠢ ᠪᠠ ᠦᠨᠡᠮᠯᠡᠯ ᠢ ᠰᠠᠯᠭᠠᠬᠤ︾

ᠦᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠂ ᠠᠵᠢᠯ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠭᠠᠳᠠᠭᠠᠳᠤ ᠶᠢᠨ

ᠬᠤᠳᠠᠯᠳᠤᠭᠠᠴᠢᠨ ᠪᠡᠯᠡ ᠣᠷᠤᠭᠤᠯᠬᠤ ᠳᠤ ᠣᠷᠤᠬᠤ ᠶᠢ ᠵᠥᠪᠰᠢᠶᠡᠷᠡᠬᠦ ᠠᠴᠠ ᠤᠷᠢᠳ ᠤᠯᠤᠰ ᠠᠷᠠᠳ ᠤᠨ ᠬᠠᠷᠠᠭᠠᠯᠵᠠᠯ ᠬᠦᠷᠲᠡᠬᠦ ᠪᠠ ᠠᠯᠳᠠᠭᠳᠠᠯᠲᠠᠢ ᠵᠦᠢᠯᠡᠰ ᠤᠨ

ᠨᠠᠷᠢᠨ ᠳᠠᠩᠰᠠ ᠨᠡᠮᠡᠬᠦ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢ

ᠨᠠᠶᠢᠳᠠᠪᠤᠷᠢᠵᠢᠭᠤᠯᠵᠤ ᠪᠣᠲᠠᠲᠠᠶᠢᠵᠢᠭᠤᠯᠤᠭᠰᠠᠨ ᠦᠭᠡᠢ᠂ ᠬᠤᠳᠠᠯᠳᠤᠭᠠᠴᠢᠨ ᠤᠷᠢᠬᠤ ᠠᠮᠠᠯᠠᠯᠲᠠ ᠪᠠᠨ ᠭᠦᠢᠴᠡᠳᠭᠡᠭᠰᠡᠨ ᠦᠭᠡᠢ ᠵᠡᠷᠭᠡ ᠠᠰᠠᠭᠤᠳᠠᠯ ᠢ ᠲᠣᠬᠢᠲᠠᠢ

ᠰᠢᠢᠳᠪᠦᠷᠢᠯᠡᠨ᠎ᠡ᠃ ᠭᠠᠶᠢᠯᠢ ᠶᠢ ᠬᠠᠰᠤᠵᠤ ᠰᠦᠢᠳᠭᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠳᠠᠭᠠᠳᠤ ᠠᠴᠠ

ᠣᠷᠤᠭᠤᠯᠵᠤ ᠭᠠᠳᠠᠭᠠᠳᠤ ᠳᠤ ᠭᠠᠷᠭᠠᠬᠤ ᠭᠤᠭᠴᠤᠭᠠᠨ ᠳᠤ ᠬᠤᠷᠢᠶᠠᠬᠤ ᠰᠦᠢᠳᠭᠡᠯ ᠢ ᠢᠯᠭᠠᠷᠠᠭᠤᠯᠵᠤ ᠵᠢᠷᠤᠮᠵᠢᠭᠤᠯᠤᠨ᠎ᠠ᠃ ᠭᠠᠳᠠᠭᠠᠳᠤ ᠳᠤ ᠭᠠᠷᠭᠠᠬᠤ ᠪᠠᠷᠠᠭᠠᠨ ᠤ

ᠭᠠᠶᠢᠯᠢ ᠶᠢ ᠨᠢ ᠪᠤᠴᠠᠭᠠᠬᠤ ᠲᠦᠷᠦᠯ ᠤᠨ ᠠᠵᠤ ᠠᠬᠤᠶᠢᠯᠠᠯ ᠤᠨ ᠲᠤᠭ᠎ᠠ ᠶᠢ ᠨᠡᠮᠡᠭᠳᠡᠭᠦᠯᠵᠦ᠂ ᠭᠠᠳᠠᠭᠠᠳᠤ ᠳᠤ ᠭᠠᠷᠭᠠᠬᠤ ᠪᠠᠷᠠᠭᠠᠨ ᠤ ᠭᠠᠶᠢᠯᠢ ᠶᠢ ᠨᠢ ᠪᠤᠴᠠᠭᠠᠬᠤ ᠦᠷ᠎ᠡ

ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠬᠡᠪᠴᠢᠶᠡᠵᠢᠯ ᠪᠠ ᠬᠠᠮᠤᠷᠬᠤ ᠬᠡᠪᠴᠢᠶ᠎ᠡ ᠶᠢ

ᠥᠷᠭᠡᠳᠭᠡᠵᠦ᠂ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠵᠠᠷᠤᠳᠠᠯ ᠤᠨ ᠳᠤᠮᠳᠠᠴᠢ ᠨᠤᠷᠮ᠎ᠠ ᠶᠢ ᠤᠯᠠᠮ ᠨᠢᠭᠡ ᠠᠯᠬᠤᠮ ᠪᠠᠭᠤᠷᠠᠭᠤᠯᠤᠨ᠎ᠠ ;

ᠭᠠᠳᠠᠭᠠᠳᠤ ᠠᠷᠠᠯᠵᠢᠶᠠᠨ ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠳᠠᠭᠠᠳᠬᠠᠯ ᠳᠤ ᠣᠷᠤᠯᠴᠠᠬᠤ ᠶᠢ ᠳᠡᠮᠵᠢᠬᠦ ᠪᠠᠨ ᠴᠢᠩᠭᠠᠳᠬᠠᠵᠤ᠂ ᠠᠵᠤ ᠠᠬᠤᠶᠢᠯᠠᠯ ᠤᠨ

ᠳᠠᠭᠠᠳᠬᠠᠯ ᠳᠤ ᠣᠷᠤᠯᠴᠠᠬᠤ ᠵᠠᠷᠤᠳᠠᠯ ᠤᠨ ᠲᠠᠯ᠎ᠠ ᠪᠠᠷ ᠲᠡᠳᠭᠦᠬᠦ ᠬᠠᠷᠢᠴᠠᠯ ᠢ ᠨᠢ ᠳᠡᠭᠡᠭᠰᠢᠯᠡᠭᠦᠯᠦᠨ᠂ ᠳᠠᠭᠠᠳᠬᠠᠯ ᠤᠨ ᠪᠠᠶᠢᠭᠤᠯᠤᠮᠵᠢ ᠶᠢ ᠬᠦᠲᠦᠯᠦᠨ ᠵᠢᠯᠤᠭᠤᠳᠴᠤ

ᠪᠠᠶᠢᠭᠠᠳ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠲᠦᠯᠦᠬᠦ ᠦᠢᠯᠡᠴᠢᠯᠡᠭᠡᠨ ᠤ ᠠᠮᠠᠯᠠᠯᠲᠠ ᠶᠢ ᠨᠢ ᠭᠦᠢᠴᠡᠳᠭᠡᠯᠭᠡᠵᠦ᠂ ᠳᠠᠭᠠᠳᠬᠠᠯ ᠤᠨ

ᠲᠦᠯᠦᠬᠦ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠦᠨ᠎ᠡ᠃ ᠮᠡᠳᠡᠯᠭᠡ ᠶᠢᠨ ᠦᠮᠴᠢᠯᠡᠯ ᠤᠨ ᠡᠷᠬᠡ ᠶᠢ ︽ᠴᠢᠩᠭ᠎ᠠ ᠬᠠᠮᠠᠭᠠᠯᠠᠬᠤ᠂ ᠶᠡᠭᠡ ᠪᠠᠷ ᠬᠠᠮᠠᠭᠠᠯᠠᠬᠤ᠂ ᠪᠤᠰᠢᠭᠤ

ᠬᠠᠮᠠᠭᠠᠯᠠᠬᠤ᠂ ᠵᠡᠷᠭᠡ ᠳᠤ ᠨᠢ ᠬᠠᠮᠠᠭᠠᠯᠠᠬᠤ︾ ᠶᠢ ᠨᠢᠭᠡᠲᠦᠯᠲᠡᠢ ᠲᠦᠯᠦᠪᠯᠡᠨ ᠠᠬᠢᠭᠤᠯᠵᠤ᠂ ᠡᠷᠬᠡ ᠳᠤ ᠬᠠᠯᠳᠠᠵᠤ ᠬᠠᠭᠤᠷᠮᠠᠭᠯᠠᠬᠤ ᠠᠵᠢᠯᠯᠠᠭ᠎ᠠ ᠶᠢ ᠵᠠᠯᠬᠠᠭᠠᠨ

ᠴᠡᠭᠡᠷᠯᠡᠭᠦᠯᠵᠦ ᠴᠤᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠂ ᠮᠡᠳᠡᠯᠭᠡ ᠶᠢᠨ ᠦᠮᠴᠢᠯᠡᠯ ᠤᠨ ᠡᠷᠬᠡ ᠶᠢ ᠶᠡᠭᠡ ᠪᠠᠷ ᠬᠠᠮᠠᠭᠠᠯᠠᠭᠰᠠᠨ ᠠᠵᠢᠯ ᠤᠨ ᠪᠠᠶᠢᠷᠢᠰᠢᠯ ᠢ

ᠴᠤᠭᠴᠠᠯᠠᠨ᠎ᠠ᠃ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠢᠨᠲ᠋ᠧᠷ ᠰᠦᠯᠵᠢᠶ᠎ᠡ + ᠢᠲᠡᠭᠡᠮᠵᠢ︾ ᠵᠢᠴᠢ ᠲᠤᠮᠤ ᠳ᠋ᠠᠶᠢᠲ᠋ᠠ ᠶᠢᠨ

ᠮᠡᠷᠭᠡᠵᠢᠯ ᠢ ᠭᠦᠢᠴᠡᠳ ᠠᠰᠢᠭᠯᠠᠨ᠂ ᠡᠯ᠎ᠡ ᠰᠠᠯᠠᠭ᠎ᠠ ᠮᠦᠴᠢᠷ ᠤᠨ ᠭᠤᠣᠯ ᠴᠤᠭᠴᠠ ᠶᠢᠨ ᠳᠠᠩᠰᠠᠯᠠᠯ᠂ ᠵᠠᠰᠠᠭ ᠵᠠᠬᠢᠷᠭᠠᠨ ᠤ ᠵᠥᠪᠰᠢᠶᠡᠷᠡᠯ᠂ ᠬᠠᠤᠯᠢ

ᠬᠡᠷᠡᠭᠵᠢᠭᠦᠯᠦᠯᠲᠡ ᠶᠢᠨ  ᠪᠠᠶᠢᠴᠠᠭᠠᠯᠲᠠ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ᠂ ᠣᠨ ᠤ ᠮᠡᠳᠡᠭᠦᠯᠦᠯᠲᠡ᠂ ᠢᠲᠡᠭᠡᠮᠵᠢ ᠶᠢᠨ ᠤᠯᠠᠭᠠᠨ ᠬᠠᠷ᠎ᠠ ᠳᠠᠩᠰᠠ ᠵᠡᠷᠭᠡ

ᠮᠡᠳᠡᠭᠡ ᠵᠠᠩᠭᠢ ᠶᠢ ᠴᠤᠭᠯᠠᠭᠤᠯᠤᠨ  ᠨᠡᠶᠢᠯᠡᠭᠦᠯᠵᠦ᠂ ᠬᠤᠳᠠᠯᠳᠤᠭᠠᠨ ᠤ ᠶᠠᠪᠤᠳᠠᠯ᠂ ᠮᠡᠳᠡᠯᠭᠡ ᠶᠢᠨ ᠦᠮᠴᠢᠯᠡᠯ ᠤᠨ ᠡᠷᠬᠡ᠂ ᠪᠤᠭᠤᠮᠲᠠ᠂ ᠭᠠᠶᠢᠯᠢ ᠶᠢᠨ ᠶᠠᠪᠤᠳᠠᠯ᠂

ᠭᠠᠳᠠᠭᠠᠳᠤ ᠭᠤᠪᠢᠭᠤᠯᠭ᠎ᠠ ᠶᠢᠨ ᠰᠠᠯᠠᠭ᠎ᠠ ᠮᠦᠴᠢᠷ ᠤᠨ ᠬᠤᠭᠤᠷᠤᠨᠳᠤ ᠪᠠᠨ ᠮᠡᠳᠡᠭᠡ ᠵᠠᠩᠭᠢ ᠶᠢ ᠬᠠᠮᠲᠤ ᠪᠠᠷ ᠬᠦᠷᠲᠡᠭᠰᠡᠨ᠂ ᠬᠠᠮᠵᠢᠯᠴᠠᠨ ᠬᠠᠤᠯᠢ ᠬᠡᠷᠡᠭᠵᠢᠭᠦᠯᠦᠭᠰᠡᠨ

ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠂ ᠢᠲᠡᠭᠡᠮᠵᠢ ᠠᠯᠳᠠᠭᠰᠠᠳ ᠲᠤ ᠬᠤᠯᠪᠣᠭᠠᠯᠠᠵᠤ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂

ᠬᠠᠤᠯᠢᠵᠢᠭᠰᠠᠨ᠂ ᠳᠡᠯᠡᠬᠡᠶᠢᠴᠢᠯᠡᠭᠰᠡᠨ᠂ ᠳᠦᠭᠦᠮ ᠳᠦᠳᠡᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠪᠠ ᠡᠷᠬᠡ ᠲᠡᠭᠰᠢ᠂ ᠨᠡᠭᠡᠭᠡᠯᠲᠡ ᠲᠠᠢ᠂

ᠨᠢᠭᠡᠲᠦᠯᠲᠡᠢ᠂ ᠦᠨᠳᠦᠷ ᠪᠦᠲᠦᠮᠵᠢᠲᠡᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠢᠷᠮᠠᠶᠢᠨ ᠡᠭᠦᠳᠦᠨ᠎ᠡ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ

ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂

ᠬᠤᠳᠠᠯᠳᠤᠭᠠᠨ ᠤ ᠶᠠᠪᠤᠳᠠᠯ ᠤᠨ ᠲᠢᠩᠭᠢᠮ᠂ ᠦᠪᠦᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ

ᠪᠠᠩᠭᠢ᠂ ᠦᠪᠦᠷ ᠮᠣᠩᠭᠤᠯ ᠤᠨ ᠪᠠᠩᠭᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠭᠠᠳᠠᠭᠠᠳᠤ ᠭᠠᠷᠭᠠᠯᠲᠠ ᠶᠢᠨ

ᠢᠲᠡᠭᠡᠮᠵᠢ ᠶᠢᠨ ᠳᠠᠭᠠᠳᠬᠠᠯ ᠤᠨ ᠦᠪᠦᠷ ᠮᠣᠩᠭᠤᠯ ᠤᠨ ᠲᠤᠰᠬᠠᠢ ᠠᠵᠢᠯ ᠤᠨ ᠠᠯᠪᠠᠨ ᠭᠡᠷ᠂ ᠬᠦᠬᠡᠬᠤᠲᠠ ᠪᠤᠭᠤᠮᠲᠠ᠂ ᠮᠠᠨᠵᠣᠣᠷ ᠪᠤᠭᠤᠮᠲᠠ︶

     ᠠᠷᠠᠯᠵᠢᠶᠠᠨ ᠤ ᠮᠦᠷᠭᠦᠯᠳᠦᠭᠡᠨ ᠢ ᠢᠳᠡᠪᠬᠢᠲᠡᠢ ᠠᠷᠭᠠᠴᠠᠭᠠᠨ᠎ᠠ᠃ ᠠᠵᠤ ᠦᠢᠯᠡᠰ ᠤᠨ ᠠᠮᠤᠷ ᠲᠦᠪᠰᠢᠨ ᠤ ᠰᠡᠷᠡᠮᠵᠢᠯᠡᠭᠦᠯᠬᠦ ᠠᠵᠢᠯ ᠤᠨ ᠰᠢᠰᠲ᠋ᠧᠮᠵᠢ ᠶᠢ

ᠪᠦᠷᠢᠨᠰᠢᠭᠦᠯᠵᠦ᠂ ᠠᠷᠠᠯᠵᠢᠶᠠᠨ ᠤ ᠮᠦᠷᠭᠦᠯᠳᠦᠭᠡᠨ ᠢ ᠠᠷᠭᠠᠴᠠᠭᠠᠬᠤ ᠳᠤ ᠶᠡᠷᠦᠩᠬᠡᠢ ᠵᠣᠬᠢᠴᠠᠭᠤᠯᠭ᠎ᠠ ᠪᠠ ᠰᠠᠯᠠᠭ᠎ᠠ ᠮᠦᠴᠢᠷ ᠤᠨ ᠬᠠᠮᠲᠤᠷᠠᠯᠴᠠᠭ᠎ᠠ ᠬᠢᠬᠦ ᠶᠢ ᠴᠢᠩᠭᠠᠳᠬᠠᠨ᠂

ᠬᠤᠷᠸ᠎ᠠ ᠲᠠᠯ᠎ᠠ ᠶᠢᠨ ᠰᠤᠳᠤᠯᠤᠨ ᠵᠠᠳᠠᠯᠬᠤ ᠪᠠ ᠬᠤᠮᠠᠬᠢ‌‍ᠲ᠋ᠠᠯ᠎ᠠ ᠶᠢᠨ ᠬᠢᠨᠠᠨ ᠰᠢᠨᠵᠢᠵᠦ ᠰᠡᠷᠡᠮᠵᠢᠯᠡᠭᠦᠯᠬᠦ ᠶᠢ ᠲᠡᠭᠦᠯᠳᠡᠷᠵᠢᠭᠦᠯᠵᠦ᠂ ᠠᠵᠤ ᠠᠬᠤᠢ ᠠᠷᠠᠯᠵᠢᠶᠠᠨ ᠤ ᠭᠦᠨᠳᠦ

ᠨᠤᠴᠢᠳᠠᠢ ᠮᠦᠷᠭᠦᠯᠳᠦᠭᠡᠨ ᠤ ᠰᠡᠷᠡᠮᠵᠢᠯᠡᠭᠦᠯᠵᠦ ᠬᠢᠨᠠᠨ ᠰᠢᠨᠵᠢᠬᠦ᠂ ᠠᠵᠢᠯ ᠲᠦᠷᠦᠯ ᠢᠶᠠᠷ ᠵᠣᠬᠢᠴᠠᠭᠤᠯᠬᠤ᠂ ᠮᠦᠷᠳᠡᠨ ᠬᠠᠷᠢᠭᠤ ᠲᠤᠰᠬᠠᠬᠤ᠂ ᠮᠡᠳᠡᠭᠡ ᠵᠠᠩᠭᠢ ᠶᠢ

ᠯᠠᠪᠯᠠᠬᠤ ᠵᠡᠷᠭᠡ ᠠᠵᠢᠯ ᠢ ᠰᠠᠶᠢᠲᠤᠷ ᠬᠢᠨ᠎ᠡ᠃ ᠠᠵᠤ ᠠᠬᠤᠶᠢᠯᠠᠯ ᠤᠨ ᠠᠷᠠᠯᠵᠢᠶᠠᠨ ᠤ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠬᠡᠷᠡᠭᠯᠡᠬᠦ ᠳᠤ ᠬᠤᠳᠠᠯᠳᠤᠭᠠᠨ ᠤ

ᠶᠠᠪᠤᠳᠠᠯ ᠤᠨ ᠲᠠᠯ᠎ᠠ ᠪᠠᠷ ᠵᠢᠭᠠᠨ ᠵᠢᠯᠤᠭᠤᠳᠬᠤ ᠪᠠ ᠳᠡᠮᠵᠢᠯᠭᠡ ᠥᠭᠬᠦ ᠶᠢ ᠴᠢᠩᠭᠠᠷᠠᠭᠤᠯᠵᠤ᠂ ᠠᠵᠤ ᠠᠬᠤᠶᠢᠯᠠᠯ ᠤᠨ ᠣᠯᠠᠨ ᠤᠯᠤᠰ ᠤᠨ ᠠᠷᠠᠯᠵᠢᠶ᠎ᠠ ᠥᠷᠨᠢᠭᠦᠯᠬᠦ ᠳᠤ

ᠦᠵᠡᠭᠦᠯᠬᠦ ᠠᠷᠠᠯᠵᠢᠶᠠᠨ ᠤ ᠮᠦᠷᠭᠦᠯᠳᠦᠭᠡᠨ ᠤ ᠨᠠᠵᠠᠭᠠᠢ ᠨᠦᠯᠦᠭᠡ ᠶᠢ ᠴᠢᠷᠮᠠᠶᠢᠨ ᠪᠠᠭᠠᠰᠬᠠᠵᠤ᠂ ᠭᠤᠣᠯᠴᠢ ᠪᠠᠷ ᠠᠷᠠᠯᠵᠢᠶᠠᠯᠠᠬᠤ ᠶᠢ ᠠᠬᠢᠭᠤᠯᠤᠨ᠂ ᠠᠵᠤ ᠦᠢᠯᠡᠰ ᠤᠨ

ᠠᠮᠦᠷ ᠲᠦᠪᠰᠢᠨ ᠢ ᠬᠠᠮᠠᠭᠠᠯᠠᠨ᠎ᠠ᠃ ︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ᠂ ᠬᠦᠬᠡᠬᠤᠲᠠ

ᠪᠤᠭᠤᠮᠲᠠ᠂ ᠮᠠᠨᠵᠣᠣᠷ ᠪᠤᠭᠤᠮᠲᠠ︶

     ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ

     ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠦᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠠᠵᠢᠯ ᠤᠨ ᠲᠢᠩᠭᠢᠮ ᠤᠨ

ᠬᠤᠭᠤᠷᠤᠨᠳᠤᠬᠢ ᠬᠠᠮᠲᠤᠷᠠᠭᠰᠠᠨ ᠬᠤᠷᠠᠯ ᠳᠤ ᠲᠦᠰᠢᠭᠯᠡᠨ᠂ ᠦᠪᠡᠷᠲᠡᠭᠡᠨ ᠵᠠᠰᠬᠠᠤ ᠣᠷᠣᠨ ᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ

ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠠᠵᠢᠯ ᠤᠨ ᠲᠢᠩᠭᠢᠮ ᠤᠨ

ᠬᠤᠭᠤᠷᠤᠨᠳᠤᠬᠢ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠨᠢᠭᠡᠴᠢ ᠵᠢᠴᠢ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ

ᠬᠠᠮᠲᠤ ᠪᠠᠷ ᠣᠷᠤᠯᠴᠠᠵᠤ᠂ ᠪᠦᠬᠦ ᠣᠷᠣᠨ ᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠨᠢᠭᠡᠲᠦᠯᠲᠡᠢ ᠲᠦᠯᠦᠪᠯᠡᠨ ᠵᠣᠬᠢᠴᠠᠭᠤᠯᠵᠤ᠂ ᠤᠯᠤᠰ ᠤᠨ

ᠶᠠᠮᠦᠨ ᠵᠦᠪᠯᠡᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠯᠡᠨ ᠴᠢᠷᠮᠠᠶᠢᠵᠤ᠂ ᠰᠠᠯᠠᠭ᠎ᠠ ᠮᠦᠴᠢᠷ ᠪᠠ ᠣᠷᠣᠨ ᠪᠦᠰᠡ ᠠᠯᠤᠰᠯᠠᠭᠰᠠᠨ

ᠴᠢᠬᠤᠯᠠ ᠶᠡᠭᠡ ᠠᠰᠠᠭᠤᠳᠠᠯ ᠤᠳ ᠢ ᠰᠢᠢᠣᠡᠪᠣᠷᠢᠯᠡᠭᠦ ᠶᠢ ᠠᠬᠢᠭᠤᠯᠵᠣ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠦᠬᠦ

ᠣᠷᠣᠨ ᠤ ᠠᠷᠠᠯᠵᠢᠶ᠎ᠠ ᠶᠢᠨ ᠲᠤᠭ᠎ᠠ ᠪᠦᠷᠢᠳᠭᠡᠯ ᠢᠶᠠᠷ ᠵᠠᠳᠠᠯᠬᠤ ᠠᠵᠢᠯ ᠢ ᠴᠢᠩᠭᠠᠷᠠᠭᠤᠯᠵᠤ᠂ ᠦᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠴᠢᠨᠠᠷ ᠰᠠᠶᠢᠲᠠᠢ

ᠬᠥᠭᠵᠢᠯᠲᠡ ᠶᠢᠨ ᠭᠦᠢᠴᠡᠳᠭᠡᠯ ᠲᠤᠭ᠎ᠠ ᠶᠢ ᠦᠨᠡᠯᠡᠬᠦ ᠰᠢᠰᠲ᠋ᠧᠮᠵᠢ ᠪᠠ ᠰᠢᠯᠭᠠᠨ ᠬᠢᠨᠠᠬᠤ ᠠᠷᠭ᠎ᠠ ᠶᠢ ᠰᠦᠪᠡᠭᠴᠢᠯᠡᠨ ᠪᠠᠶᠢᠭᠤᠯᠤᠨ᠎ᠠ᠃ ︵ᠬᠠᠷᠢᠭᠤᠴᠠᠬᠤ ᠨᠢᠭᠡᠴᠢ᠄

ᠦᠪᠡᠷᠲᠡᠭᠡᠨ ᠵᠠᠰᠬᠠᠤ ᠣᠷᠣᠨ ᠤ ᠭᠠᠳᠠᠭᠠᠳᠤ ᠠᠷᠠᠯᠵᠢᠶᠠᠨ ᠤ ᠠᠵᠢᠯ ᠤᠨ ᠲᠢᠩᠭᠢᠮ ᠤᠨ ᠬᠤᠭᠤᠷᠤᠳᠤᠨᠬᠢ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠨᠢᠭᠡᠴᠢ᠂ ᠡᠯ᠎ᠡ

ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶

     ︵ᠬᠤᠶᠠᠷ︶ ᠮᠦᠩᠭᠦᠨ ᠭᠦᠢᠯᠭᠡᠭᠡ ᠪᠠᠷ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠵᠠᠰᠠᠭ ᠪᠠᠩᠭᠢ ᠳᠠᠭᠠᠳᠬᠠᠯ ᠠᠵᠤ ᠠᠬᠤᠶᠢᠯᠠᠯ ᠤᠨ ᠤᠷᠲᠤ ᠬᠤᠭᠤᠴᠠᠭᠠᠨ ᠤ

ᠬᠠᠮᠲᠤᠷᠠᠯᠴᠠᠭ᠎ᠠ ᠶᠢᠨ ᠲᠣᠭᠲᠠᠴᠠ ᠶᠢ ᠪᠠᠶᠢᠭᠤᠯᠵᠤ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠢᠨ᠎ᠡ ᠡᠭᠦᠳᠦᠯᠲᠡ ᠲᠠᠢ ᠮᠦᠩᠭᠦᠨ ᠭᠦᠢᠯᠭᠡᠭᠡᠨ ᠤ ᠨᠡᠷᠡᠳᠭᠦᠨ ᠪᠠ

ᠣᠯᠠᠨ ᠡᠰᠢᠴᠢᠯᠡᠭᠰᠡᠨ ᠮᠦᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠠᠬᠢᠭᠤᠯᠤᠨ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠡᠷᠡᠭᠯᠡᠭᠴᠢᠳ ᠲᠤ

ᠵᠢᠭᠡᠯᠡᠯᠭᠡ ᠪᠠᠷ ᠪᠡᠯᠡ ᠲᠣᠬᠢᠷᠠᠭᠤᠯᠬᠤ᠂ ᠪᠡᠯᠡ ᠮᠦᠩᠭᠦ ᠶᠢ ᠢᠯᠭᠠᠷᠠᠭᠤᠯᠤᠨ ᠲᠣᠭᠠᠴᠠᠯᠠᠬᠤ᠂ ᠭᠠᠳᠠᠭᠠᠳᠤ ᠭᠤᠪᠢᠭᠤᠯᠭ᠎ᠠ ᠪᠠᠷ ᠠᠷᠠᠯᠵᠢᠶᠠᠯᠠᠬᠤ ᠵᠡᠷᠭᠡ ᠲᠠᠯ᠎ᠠ ᠳᠤ

ᠮᠦᠩᠭᠦᠨ ᠭᠦᠢᠯᠭᠡᠭᠡᠨ ᠤ ᠬᠦᠴᠦᠲᠡᠢ ᠪᠠᠲᠤᠯᠠᠭ᠎ᠠ ᠬᠠᠩᠭᠠᠨ᠎ᠠ᠃ ᠦᠪᠦᠷ ᠮᠣᠩᠭᠤᠯ ᠤᠨ ᠳᠤᠮᠳᠠ ᠵᠢᠵᠢᠭ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ

ᠵᠢᠭᠡᠯᠡᠯᠭᠡ ᠪᠠᠷ ᠪᠡᠯᠡ ᠲᠣᠬᠢᠷᠠᠭᠤᠯᠬᠤ ᠦᠢᠯᠡᠴᠢᠯᠡᠭᠡᠨ ᠤ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠩᠭᠢ ᠶᠢ ᠵᠣᠷᠢᠭᠵᠢᠭᠤᠯᠵᠤ ᠪᠠᠶᠢᠭᠠᠳ

ᠵᠠᠬᠢᠶᠠᠯᠠᠭ᠎ᠠ ᠲᠠᠢ᠂ ᠵᠠᠬ᠎ᠠ ᠳᠡᠯᠭᠡᠭᠦᠷ ᠲᠠᠢ᠂ ᠢᠲᠡᠭᠡᠮᠵᠢ ᠲᠠᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠤᠮᠳᠠ

ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠪᠠᠷ ᠪᠡᠯᠡ ᠲᠣᠬᠢᠷᠠᠭᠤᠯᠬᠤ ᠦᠪᠡᠷ ᠤᠨ ᠥᠷᠲᠡᠭ ᠢ ᠨᠢ ᠪᠠᠭᠤᠷᠠᠭᠤᠯᠬᠤ ᠶᠢ ᠠᠬᠢᠭᠤᠯᠤᠨ᠎ᠠ᠃ ᠭᠠᠳᠠᠭᠠᠳᠤ ᠯᠤᠭ᠎ᠠ

ᠬᠤᠯᠪᠣᠭᠳᠠᠭᠰᠠᠨ ᠭᠤᠣᠯᠳᠠᠯᠭ᠎ᠠ ᠲᠠᠢ ᠲᠦᠷᠦᠯ ᠵᠦᠢᠯ ᠤᠨ ᠭᠠᠳᠠᠭᠠᠳᠤ ᠭᠤᠪᠢᠭᠤᠯᠭ᠎ᠠ ᠶᠢᠨ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢ ᠨᠠᠶᠢᠳᠠᠪᠤᠷᠢᠵᠢᠭᠤᠯᠵᠤ᠂

ᠲᠦᠷᠦᠯ ᠵᠦᠢᠯ ᠳᠤ ᠳᠡᠮᠵᠢᠯᠭᠡ ᠪᠠ ᠦᠢᠯᠡᠴᠢᠯᠡᠭᠡ ᠬᠠᠩᠭᠠᠬᠤ ᠡᠷᠴᠢᠮ ᠢᠶᠠᠨ ᠴᠢᠩᠭᠠᠷᠠᠭᠤᠯᠤᠨ᠂ ᠬᠢᠯᠢ ᠠᠯᠤᠰᠯᠠᠨ ᠪᠡᠯᠡ ᠣᠷᠤᠭᠤᠯᠵᠤ ᠪᠡᠯᠡ ᠲᠣᠬᠢᠷᠠᠭᠤᠯᠬᠤ

ᠠᠵᠢᠯᠯᠠᠭ᠎ᠠ ᠳᠤ ᠨᠢᠭᠡ ᠨᠢᠭᠡ ᠪᠠᠷ ᠵᠢᠭᠠᠨ ᠵᠢᠯᠤᠭᠤᠳᠬᠤ ᠶᠢ ᠦᠷᠨᠢᠭᠦᠯᠦᠨ᠎ᠡ᠃ ᠬᠢᠯᠢ ᠶᠢᠨ ᠭᠠᠳᠠᠨᠠᠬᠢ ᠪᠡᠯᠡ ᠣᠷᠤᠭᠤᠯᠬᠤ ᠬᠠᠮᠲᠤᠷᠠᠯᠴᠠᠭ᠎ᠠ ᠳᠤ ᠣᠷᠤᠯᠴᠠᠭᠰᠠᠨ ᠳᠤᠮᠳᠠ

ᠵᠢᠵᠢᠭ ᠠᠵᠤ ᠠᠬᠤᠶᠢᠯᠠᠯ ᠳᠤ ᠮᠦᠩᠭᠦᠨ ᠭᠦᠢᠯᠭᠡᠭᠡᠨ ᠤ ᠳᠡᠮᠵᠢᠯᠭᠡ ᠬᠠᠩᠭᠠᠵᠤ᠂ ᠠᠷᠠᠳ ᠤᠨ ᠵᠤᠭᠤᠰ ᠢ ᠬᠢᠯᠢ ᠠᠯᠤᠰᠯᠠᠨ ᠬᠡᠷᠡᠭᠯᠡᠬᠦ ᠶᠢ ᠭᠦᠨᠵᠡᠭᠡᠢ ᠠᠬᠢᠭᠤᠯᠤᠨ᠂

ᠬᠢᠯᠢ ᠠᠯᠤᠰᠯᠠᠭᠰᠠᠨ ᠠᠷᠠᠯᠵᠢᠶ᠎ᠠ᠂ ᠪᠡᠯᠡ ᠣᠷᠤᠭᠤᠯᠬᠤ ᠬᠦᠷᠢᠶ᠎ᠡ ᠪᠠ ᠪᠡᠯᠡ ᠲᠣᠬᠢᠷᠠᠭᠤᠯᠭ᠎ᠠ ᠳᠤ ᠠᠷᠠᠳ ᠤᠨ ᠵᠤᠭᠤᠰ ᠬᠡᠷᠡᠭᠯᠡᠬᠦ ᠶᠢ ᠲᠣᠭᠲᠠᠭᠤᠨ ᠢᠶᠠᠷ ᠥᠷᠭᠡᠳᠭᠡᠵᠦ᠂

ᠭᠦᠢᠯᠭᠡᠭᠡᠨ ᠶᠡᠬᠡᠲᠡᠢ ᠲᠠᠸᠠᠷ ᠤᠨ ᠠᠷᠠᠯᠵᠢᠶᠠᠨ ᠳᠤ ᠠᠷᠠᠳ ᠤᠨ ᠵᠤᠭᠤᠰ ᠢᠶᠠᠷ ᠦᠨᠡᠯᠡᠵᠦ ᠳ᠋ᠦᠩᠨᠡᠨ ᠪᠤᠳᠤᠬᠤ ᠦᠢᠯᠡᠴᠢᠯᠡᠭᠡ ᠶᠢ ᠢᠳᠡᠪᠬᠢᠲᠡᠢ ᠠᠬᠢᠭᠤᠯᠤᠨ᠎ᠠ᠃

ᠨᠦᠬᠦᠴᠡᠯ ᠳᠤ ᠨᠡᠶᠢᠴᠡᠭᠰᠡᠨ ᠲᠤᠮᠤ ᠬᠡᠯᠪᠡᠷᠢ ᠶᠢᠨ ᠠᠵᠤ ᠠᠬᠤᠶᠢᠯᠠᠯ ᠤᠯᠤᠰ ᠠᠯᠤᠰᠯᠠᠭᠰᠠᠨ ᠺᠤᠮᠫᠠᠨᠢ ᠶᠢᠨ ᠬᠢᠯᠢ ᠠᠯᠤᠰᠯᠠᠭᠰᠠᠨ ᠪᠡᠯᠡ ᠮᠦᠩᠭᠦᠨ ᠤ ᠲᠦᠪᠯᠡᠷᠡᠭᠦᠯᠦᠨ

ᠠᠵᠢᠯᠯᠠᠭᠤᠯᠬᠤ ᠲᠤᠬᠠᠶᠢᠯᠠᠭᠰᠠᠨ ᠠᠵᠢᠯ ᠡᠷᠬᠢᠯᠡᠬᠦ ᠪᠠᠷ ᠭᠤᠶᠤᠴᠢᠯᠠᠬᠤ ᠶᠢ ᠵᠣᠷᠢᠭᠵᠢᠭᠤᠯᠤᠨ᠎ᠠ᠂ ᠬᠢᠯᠢ ᠠᠯᠤᠰᠯᠠᠭᠰᠠᠨ ᠮᠦᠩᠭᠦᠨ ᠭᠦᠢᠯᠭᠡᠭᠡᠨ ᠤ ᠬᠡᠰᠡᠭ ᠤᠳ ᠤᠨ

ᠬᠡᠯᠬᠢᠶᠡᠨ ᠤ ᠦᠢᠯᠡᠴᠢᠯᠡᠬᠦ ᠲᠠᠪᠴᠠᠩ ᠤᠨ ᠲᠣᠷᠰᠢᠯᠲᠠ ᠶᠢᠨ ᠴᠡᠭ ᠢ ᠶᠡᠭᠡ ᠪᠠᠷ ᠠᠬᠢᠭᠤᠯᠵᠤ᠂ ᠠᠵᠤ ᠠᠬᠤᠶᠢᠯᠠᠯ ᠤᠨ ᠦᠨᠳᠦᠷ ᠪᠦᠲᠦᠮᠵᠢᠲᠡᠢ ᠪᠠᠷ ᠪᠡᠯᠡ

ᠲᠣᠬᠢᠷᠠᠭᠤᠯᠬᠤ ᠳᠤ ᠳᠦᠭᠦᠮ ᠦᠵᠡᠭᠦᠯᠦᠨ᠂ ᠬᠢᠯᠢ ᠠᠯᠤᠰᠯᠠᠨ ᠠᠷᠠᠯᠵᠢᠶᠠᠯᠠᠵᠤ ᠪᠡᠯᠡ ᠣᠷᠤᠭᠤᠯᠬᠤ ᠳᠤ ᠳᠦᠭᠦᠮ ᠪᠣᠯᠭᠠᠬᠤ ᠶᠢ ᠠᠬᠢᠭᠤᠯᠤᠨ᠎ᠠ᠃ ︵ᠬᠠᠷᠢᠭᠤᠴᠠᠬᠤ

ᠨᠢᠭᠡᠴᠢ᠄ ᠦᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠭᠢ ᠶᠢᠨ

ᠬᠦᠬᠡᠬᠤᠲᠠ ᠲᠦᠪ ᠰᠠᠯᠪᠤᠷᠢ ᠪᠠᠩᠭᠢ᠂ ᠦᠪᠦᠷ ᠮᠣᠩᠭᠤᠯ ᠤᠨ ᠪᠠᠩᠭᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶

     ︵ᠭᠤᠷᠪᠠ︶ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠲᠣᠭᠲᠠᠭᠠᠯ ᠳᠤ ᠨᠡᠶᠢᠴᠡᠭᠰᠡᠨ ᠤᠷᠢᠳᠠᠯ ᠳᠣᠣᠷ᠎ᠠ᠂ ᠠᠷᠠᠯᠵᠢᠶᠠᠨ ᠤ

ᠴᠢᠨᠠᠷ ᠰᠠᠶᠢᠲᠠᠢ ᠬᠥᠭᠵᠢᠯᠲᠡ ᠳᠤ ᠦᠵᠡᠭᠦᠯᠬᠦ ᠡᠳ᠋ ᠤᠨ ᠵᠠᠰᠠᠭ ᠤᠨ ᠪᠡᠯᠡ ᠮᠦᠩᠭᠦᠨ ᠤ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠤᠨ᠎ᠠ᠃ ᠬᠢᠯᠢ ᠬᠢᠵᠠᠭᠠᠷ ᠤᠨ

ᠭᠠᠵᠠᠷ ᠣᠷᠣᠨ ᠳᠤ ᠰᠢᠯᠵᠢᠭᠦᠯᠵᠦ ᠥᠭᠭᠦᠭᠰᠡᠨ ᠪᠡᠯᠡ ᠮᠦᠩᠭᠦᠨ ᠤ ᠬᠡᠷᠡᠭᠯᠡᠬᠦ ᠴᠢᠭᠯᠡᠯ ᠢ ᠲᠣᠬᠢᠷᠠᠭᠤᠯᠤᠨ ᠰᠢᠯᠢᠳᠡᠭᠵᠢᠭᠦᠯᠵᠦ᠂ ᠬᠢᠯᠢ ᠶᠢᠨ ᠠᠷᠠᠯᠵᠢᠶᠠᠨ ᠤ ᠬᠥᠭᠵᠢᠯᠲᠡ

ᠪᠠ ᠬᠢᠯᠢ ᠬᠢᠵᠠᠭᠠᠷ ᠤᠨ ᠪᠠᠭ᠎ᠠ ᠲᠣᠭᠠᠨ ᠤ ᠠᠷᠠᠯᠵᠢᠶᠠᠨ ᠤ ᠠᠵᠤ ᠠᠬᠤᠶᠢᠯᠠᠯ ᠤᠨ ᠴᠢᠳᠠᠪᠤᠷᠢ ᠶᠢᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠨ᠎ᠡ᠃

︵ᠬᠠᠷᠢᠭᠤᠴᠠᠬᠤ ᠨᠢᠭᠡᠴᠢ᠄ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠭᠢᠮ᠂ ᠬᠤᠳᠠᠯᠳᠤᠭᠠᠨ ᠤ ᠶᠠᠪᠤᠳᠠᠯ ᠤᠨ ᠲᠢᠩᠭᠢᠮ︶

     ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠡᠭᠦᠷᠭᠡ ᠴᠢᠳᠠᠪᠤᠷᠢ ᠠᠵᠢᠯ ᠤᠨ ᠬᠤᠪᠢᠶᠠᠷᠢᠯᠠᠯ ᠶᠤᠰᠤᠭᠠᠷ᠂ ᠪᠤᠲᠠᠲᠠᠢ ᠲᠥᠷᠥ ᠶᠢᠨ ᠪᠣᠳᠣᠯᠭ᠎ᠠ ᠶᠢᠨ ᠠᠷᠭ᠎ᠠ

ᠬᠡᠮᠵᠢᠶ᠎ᠡ ᠶᠢ ᠰᠤᠳᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠤᠷᠤᠨ ᠨᠤᠲᠤᠭ ᠤᠨ

ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠪᠠᠨ

ᠴᠢᠩᠭᠠᠷᠠᠭᠤᠯᠤᠨ᠂ ᠲᠤᠰ ᠭᠠᠵᠠᠷ ᠣᠷᠣᠨ ᠤ ᠪᠤᠲᠠᠲᠠᠢ ᠲᠠᠢ ᠪᠠᠨ ᠤᠶᠠᠯᠳᠤᠭᠤᠯᠵᠤ᠂ ᠭᠤᠣᠯᠳᠠᠯᠭ᠎ᠠ ᠲᠠᠢ ᠡᠭᠦᠷᠭᠡ ᠪᠠᠨ ᠤᠯᠠᠮ ᠨᠢᠭᠡ ᠠᠯᠬᠤᠮ ᠲᠤᠳᠤᠷᠬᠠᠢ

ᠲᠣᠭᠲᠠᠭᠠᠵᠤ᠂ ᠬᠠᠮᠢᠶ᠎ᠠ ᠪᠦᠬᠦᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃

                            ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ

                            2020 ᠣᠨ ᠤ 12 ᠳ᠋ᠤᠭᠠᠷ ᠰᠠᠷ᠎ᠠ ᠶᠢᠨ 7 ᠤ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ