ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠪᠠᠶᠢᠩᠭᠤ ᠶᠢᠨ ᠬᠤᠷᠠᠯ ᠬᠤᠷᠠᠯᠳᠤᠭᠤᠯᠵᠥ ︽2021 ᠤᠨ ᠤ ᠦᠪᠡᠷᠳᠡᠬᠡᠨ ᠵᠠᠰᠠᠬᠤ ᠤᠷᠤᠨ ᠤ ︿ᠵᠠᠰᠠᠬ ᠤᠨ ᠤᠷᠳᠤᠨ ᠤ ᠠᠵᠢᠯ ᠤᠨ ᠢᠯᠡᠳᠬᠡᠯ﹀ ᠤᠨ ᠭᠤᠣᠯᠳᠠᠯᠭ᠎ᠠ ᠲᠠᠢ ᠡᠬᠦᠷᠬᠡ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠠᠵᠢᠯ ᠤᠨ ᠬᠤᠪᠢᠶᠠᠷᠢᠯᠠᠯ︾ ᠢ ᠰᠤᠳ᠋᠊
ᠨᠡᠶᠢᠲᠡᠯᠡᠭᠰᠡᠨ ᠴᠠᠭ᠄
2021/2/23
      2 ᠰᠠᠷ᠎ᠠ ᠶᠢᠨ 22 ᠤᠨ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠤ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠳᠠᠷᠤᠭ᠎ᠠ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠭᠦᠯᠦᠭᠴᠢ ᠵᠠᠩ ᠱᠣᠣ ᠴᠦᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ ︽2021 ᠤᠨ  ᠤ ᠥᠪᠡᠷᠲᠡᠭᠡᠨ ᠵᠠᠰᠠᠬᠤ ᠣᠷᠣᠨ ᠤ ︿ᠵᠠᠰᠠᠬ ᠤᠨ ᠣᠷᠳᠣᠨ ᠤ ᠠᠵᠢᠯ ᠤᠨ ᠢᠯᠡᠳᠬᠡᠯ﹀ ᠤᠨ ᠭᠤᠣᠯᠳᠠᠯᠭ᠎ᠠ ᠲᠠᠢ ᠡᠬᠦᠷᠬᠡ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠠᠵᠢᠯ ᠤᠨ ᠬᠤᠪᠢᠶᠠᠷᠢᠯᠠᠯ︾ ᠢ ᠰᠤᠳᠤᠯᠪᠠ᠃      ᠬᠤᠷᠠᠯ ᠠᠴᠠ᠂ 2021 ᠤᠨ ᠤ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠵᠢᠯ ᠢ ᠰᠠᠶᠢᠳᠤᠷ ᠬᠢᠬᠦ ᠨᠢ ᠦᠪᠡᠷᠳᠡᠬᠡᠨ ᠵᠠᠰᠠᠬᠤ ᠤᠷᠤᠨ ᠤ ︽ᠠᠷᠪᠠᠨ ᠳᠦᠷᠪᠡᠳᠤᠬᠡᠷ ᠲᠠᠪᠤᠨ ᠵᠢᠯ︾ ᠤᠨ ᠰᠠᠶᠢᠨ ᠡᠬᠢᠯᠡᠯᠲᠡ ᠲᠠᠢ ᠪᠠᠶᠢᠬᠤ ᠶᠢ ᠪᠠᠳᠤᠯᠠᠬᠤ ᠶᠢᠨ ᠵᠠᠩᠭᠢᠯᠠᠭ᠎ᠠ ᠪᠠᠶᠢᠵᠥ᠂ ᠴᠢᠬᠤᠯᠠ ᠶᠡᠭᠡ ᠠᠴᠢ ᠬᠤᠯᠪᠤᠬᠳᠠᠯ ᠲᠠᠢ ᠶᠤᠮ᠃ 2021 ᠤᠨ ᠤ ᠦᠪᠡᠷᠳᠡᠬᠡᠨ ᠵᠠᠰᠠᠬᠤ ᠤᠷᠤᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠨᠢᠭᠡᠨᠳᠡ ᠦᠪᠡᠷᠳᠡᠬᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠦᠷᠪᠡᠳᠤᠬᠡᠷ ᠬᠤᠷᠠᠯ ᠢᠶᠠᠷ ᠬᠢᠨᠠᠨ ᠵᠦᠪᠯᠡᠵᠤ ᠪᠠᠳᠤᠯᠠᠪᠠ᠂ ᠡᠨᠡ ᠪᠤᠯ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠣᠷᠳᠣᠨ ᠠᠴᠠ ᠪᠦᠬᠦ ᠤᠷᠤᠨ ᠤ ᠠᠷᠠᠳ ᠳᠦᠮᠡᠨ ᠳᠤ ᠦᠭᠭᠦᠭᠰᠡᠨ ᠳᠦᠪ ᠴᠢᠩᠭ᠎ᠠ ᠠᠮᠠᠯᠠᠯᠳᠠ ᠪᠣᠯᠣᠨ᠎ᠠ᠂ ᠨᠠᠶᠢᠳᠠᠪᠤᠷᠢᠵᠢᠭᠤᠯᠬᠤ ᠠᠵᠢᠯ ᠢ ᠡᠷᠬᠡᠪᠰᠢ ᠳᠡᠷᠡ ᠶᠤᠰᠤᠭᠠᠷ ᠨᠢ ᠰᠠᠶᠢᠳᠤᠷ ᠠᠳᠬᠤᠬᠤ ᠬᠡᠷᠡᠭᠳᠡᠢ ᠬᠡᠵᠥ ᠴᠢᠬᠤᠯᠠᠴᠢᠯᠠᠪᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠡᠭᠦᠷᠭᠡᠯᠡᠯ ᠪᠤᠯᠤᠨ ᠬᠠᠷᠢᠭᠤᠴᠠᠯᠭ᠎ᠠ ᠪᠠᠨ ᠴᠢᠩᠭᠠᠳᠬᠠᠨ᠂ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠤᠨ ᠴᠢᠬᠤᠯᠠ ᠵᠢᠭᠠᠯᠳᠠ ᠲᠤᠭ᠎ᠠ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠪᠠ ᠪᠡᠶᠡᠯᠡᠭᠦᠯᠬᠦ ᠶᠢ ᠴᠢᠬᠤᠯᠠ ᠪᠠᠶᠢᠷᠢᠨ ᠳᠤ ᠲᠠᠯᠪᠢᠵᠤ᠂ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠬᠦ ᠬᠡᠷᠡᠭᠳᠠᠢ᠃ ᠡᠭᠦᠷᠭᠡ ᠶᠢᠨ ᠬᠤᠪᠢᠶᠠᠷᠢᠯᠠᠯ ᠶᠤᠰᠤᠭᠠᠷ ᠠᠵᠢᠯ ᠤᠨ ᠡᠬᠡ ᠳᠠᠩᠰᠠ ᠪᠠᠶᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠬᠡᠮᠵᠢᠶᠡᠵᠢᠭᠦᠯᠵᠤ᠂ ᠴᠠᠭ ᠤᠨ ᠬᠦᠰᠦᠨᠦᠭ᠂ ᠬᠠᠷᠢᠭᠤᠴᠠᠯᠭᠠᠳᠠᠨ ᠪᠤᠯᠤᠨ ᠦᠷ᠎ᠡ ᠪᠦᠲᠦᠭᠡᠯ ᠤᠨ ᠬᠡᠯᠪᠡᠷᠢ ᠶᠢ ᠳᠤᠳᠤᠷᠬᠠᠢᠢᠯᠠᠵᠤ᠂ ᠴᠠᠭ ᠤᠨ ᠳᠠᠷᠠᠭᠠᠯᠠᠯ ᠶᠤᠰᠤᠭᠠᠷ ᠲᠤᠬᠢᠷᠠᠭᠤᠯᠤᠨ ᠠᠬᠢᠭᠤᠯᠵᠤ᠂ ᠲᠤᠭᠳᠠᠭᠰᠠᠨ ᠬᠠᠷᠠᠯᠳᠠ ᠡᠭᠦᠷᠭᠡ ᠶᠢ ᠬᠤᠭᠤᠴᠠᠭ᠎ᠠ ᠶᠤᠰᠤᠭᠠᠷ ᠪᠡᠶᠡᠯᠡᠭᠦᠯᠬᠦ ᠶᠢ ᠪᠠᠳᠤᠯᠠᠬᠤ ᠬᠡᠷᠡᠭᠳᠠᠢ᠃ ᠡᠭᠦᠷᠭᠡ ᠶᠢ ᠲᠦᠷᠦᠭᠦᠯᠡᠨ ᠭᠦᠢᠴᠡᠳᠭᠡᠬᠦ ᠰᠠᠯᠠᠭ᠎ᠠ ᠮᠥᠴᠢᠷ ᠤᠨ ᠬᠢᠨ ᠲᠦᠷᠦᠭᠦᠯᠡᠨ ᠭᠦᠢᠴᠡᠳᠭᠡᠬᠦ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠬᠠᠷᠢᠭᠤᠴᠠᠯᠭᠠᠳᠤ ᠨᠢᠭᠡᠴᠢ ᠶᠢᠨ ᠬᠢᠨ ᠬᠠᠮᠵᠢᠯᠴᠠᠬᠤ ᠪᠠᠨ ᠴᠢᠩᠭᠠᠳᠬᠠᠨ᠂ ᠠᠵᠢᠯ ᠤᠨ ᠬᠠᠮᠳᠤᠷᠠᠯ ᠬᠦᠴᠦᠨ ᠢ ᠪᠦᠷᠢᠯᠳᠦᠭᠦᠯᠵᠤ᠂ ᠠᠵᠢᠯ ᠡᠭᠦᠷᠭᠡ ᠪᠤᠯᠭᠠᠨ ᠢ ᠪᠤᠳᠠᠳᠠᠢ ᠳᠤ ᠨᠠᠶᠢᠳᠠᠪᠤᠷᠢᠵᠢᠭᠤᠯᠤᠨ᠂ ᠨᠠᠷᠢᠯᠢᠭ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠠᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠵᠤ᠂ ᠪᠤᠳᠠᠳᠠᠢ ᠪᠠᠶᠢᠳᠠᠯ ᠳᠤ ᠰᠠᠭᠤᠷᠢᠯᠠᠨ ᠤᠨᠤᠴᠠᠳᠠᠢ ᠵᠠᠳᠠᠯᠵᠤ᠂ ᠤᠷᠤᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠳᠠᠢ᠃ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ᠬᠠᠷᠠᠯᠳᠠ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠪᠤᠯᠤᠨ ᠦᠷ᠎ᠡ ᠳ᠋ᠦᠩ ᠢ ᠨᠡᠶᠢᠲᠡᠯᠡᠬᠦ ᠠᠵᠢᠯ ᠢ ᠰᠠᠶᠢᠳᠤᠷ ᠬᠢᠵᠤ᠂ ᠨᠡᠶᠢᠭᠡᠮ ᠤᠨ ᠬᠠᠯᠠᠮᠰᠢᠯ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠳᠠ ᠦᠭᠬᠦ ᠬᠡᠷᠡᠭᠳᠠᠢ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠬᠢᠨ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠱᠠᠯᠠᠪᠳᠠᠭᠤᠯᠤᠨ ᠵᠤᠬᠢᠴᠠᠭᠤᠯᠬᠤ ᠪᠠᠨ ᠴᠢᠩᠭᠠᠳᠬᠠᠨ᠂ ᠠᠵᠢᠯ ᠤᠨ ᠠᠬᠢᠴᠠ ᠶᠢᠨ ᠪᠠᠶᠢᠳᠠᠯ ᠢ ᠰᠠᠷ᠎ᠠ ᠪᠤᠯᠭᠠᠨ ᠬᠠᠷᠢᠭᠤ ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ