ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠨᠠᠮ ᠤᠨ ᠤᠳᠤᠷᠢᠳᠬᠤ ᠳᠤᠭᠤᠢᠢᠯᠠᠩ ᠤᠨ ᠤᠨᠤᠯ ᠰᠤᠷᠤᠯᠴᠠᠬᠤ ᠭᠤᠤᠯ ᠳᠤᠭᠤᠢᠢᠯᠠᠩ 2021 ᠣᠨ ᠤ ᠬᠤᠶᠠᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠬᠢᠵᠥ ᠤᠯᠤᠰ ᠳᠦᠷᠦ ᠶᠢᠨ ᠪᠠᠶᠢᠭᠤᠯᠤᠯᠳᠠ ᠶᠢ ᠴᠢᠩᠭᠠᠳᠬᠠᠵᠥ ᠳᠦᠪ ᠤᠨ ᠳᠤᠭᠤᠷᠢᠨ ᠪᠠᠶᠢᠴᠠᠭᠠᠯᠳᠠ ᠶᠢᠨ ᠬᠠᠷᠢᠭᠤ ᠳᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠥ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠳᠤᠭᠤᠷᠢᠨ ᠳᠤ ᠰᠤᠳᠤᠯᠤᠨ ᠶᠠᠷᠢᠯᠴᠠᠵᠥ ᠰᠠᠨᠠᠯ ᠢᠶᠠᠨ ᠰᠤᠯᠢᠯᠴᠠᠪᠠ
ᠨᠡᠶᠢᠲᠡᠯᠡᠭᠰᠡᠨ ᠴᠠᠭ᠄
2021/2/23
      2 ᠰᠠᠷ᠎ᠠ ᠶᠢᠨ 22 ᠤᠨ ᠡᠳᠤᠷ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠨᠠᠮ ᠤᠨ ᠤᠳᠤᠷᠢᠳᠬᠤ ᠳᠤᠭᠤᠢᠢᠯᠠᠩ ᠤᠨ ᠤᠨᠤᠯ ᠰᠤᠷᠤᠯᠴᠠᠬᠤ ᠭᠤᠤᠯ ᠳᠤᠭᠤᠢᠢᠯᠠᠩ 2021 ᠣᠨ ᠤ ᠬᠤᠶᠠᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠬᠢᠵᠥ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠤᠯᠤᠰ ᠳᠦᠷᠦ ᠶᠢᠨ ᠪᠠᠶᠢᠭᠤᠯᠤᠯᠳᠠ ᠪᠤᠯᠤᠨ ᠳᠤᠭᠤᠷᠢᠨ ᠪᠠᠶᠢᠴᠠᠭᠠᠬᠤ ᠠᠵᠢᠯ ᠤᠨ ᠳᠤᠬᠠᠢ ᠴᠢᠬᠤᠯᠠ ᠦᠬᠦᠯᠡᠯᠳᠡ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠥ᠂ ᠤᠯᠤᠰ ᠳᠦᠷᠦ ᠶᠢᠨ ᠴᠢᠳᠠᠪᠤᠷᠢ ᠪᠠᠨ ᠳᠡᠬᠡᠭᠰᠢᠯᠡᠬᠦᠯᠬᠦ ᠪᠤᠯᠤᠨ ᠳᠦᠪ ᠤᠨ ᠳᠤᠭᠤᠷᠢᠨ ᠪᠠᠶᠢᠴᠠᠭᠠᠯᠳᠠ ᠶᠢᠨ ᠬᠠᠷᠢᠭᠤ ᠳᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠥ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠳᠤᠬᠠᠢ ᠰᠤᠳᠤᠯᠤᠨ ᠶᠠᠷᠢᠯᠴᠠᠵᠥ ᠰᠠᠨᠠᠯ ᠢᠶᠠᠨ ᠰᠤᠯᠢᠯᠴᠠᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ ᠪᠦ᠋ ᠰᠢᠶᠤᠤ ᠯᠢᠨ ᠤ ᠨᠠᠶᠢᠳᠠᠯᠭ᠎ᠠ ᠪᠠᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠳᠠᠷᠤᠭ᠎ᠠ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠳᠡᠷᠢᠬᠦᠯᠡᠭᠴᠢ᠂ ᠵᠠᠰᠠᠬ ᠤᠨ ᠤᠷᠳᠤᠨ ᠤ ᠨᠠᠮ ᠤᠨ ᠤᠳᠤᠷᠢᠳᠬᠤ ᠳᠤᠭᠤᠢᠢᠯᠠᠩ ᠤᠨ ᠳᠡᠳ᠋ ᠱᠦᠵᠢ ᠵᠠᠩ ᠱᠤᠤ ᠴᠦᠨ ᠬᠠᠮᠳᠤ ᠶᠢᠨ ᠰᠤᠷᠤᠯᠴᠠᠯᠭ᠎ᠠ ᠶᠢ ᠡᠷᠬᠢᠯᠡᠪᠡ᠃      ᠤᠯᠠᠨ ᠢᠶᠠᠷ ᠢᠶᠠᠨ ᠬᠤᠷᠠᠯ ᠠᠴᠠ ᠡᠮᠦᠨ᠎ᠠ ᠨᠠᠷᠢᠨ ᠬᠢᠨᠠᠮᠠᠭᠠᠢ ᠪᠠᠷ ᠦᠪᠡᠷ ᠢᠶᠠᠨ ᠰᠤᠷᠤᠯᠴᠠᠵᠤ᠂ ᠬᠤᠷᠠᠯ ᠳᠡᠭᠡᠷ᠎ᠠ ᠰᠤᠷᠤᠯᠴᠠᠯᠭ᠎ᠠ ᠶᠢᠨ ᠭᠤᠤᠯ ᠰᠡᠳᠦᠪ ᠤᠨ ᠲᠤᠭᠤᠷᠢᠨ ᠳᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠭᠡᠬᠦ ᠴᠢᠳᠠᠪᠤᠷᠢ ᠪᠠᠨ ᠳᠡᠭᠡᠭᠰᠢᠯᠡᠬᠦᠯᠬᠦ ᠲᠤᠬᠠᠢ ᠲᠦᠪ ᠤᠨ ᠲᠤᠭᠤᠷᠢᠨ ᠪᠠᠶᠢᠴᠠᠭᠠᠯᠳᠠ ᠶᠢᠨ ᠬᠠᠷᠢᠭᠤ ᠳᠤᠰᠬᠠᠭᠰᠠᠨ ᠰᠠᠨᠠᠯ ᠢ ᠵᠦᠪ ᠤᠨᠤᠪᠴᠢᠳᠠᠢ ᠤᠢᠢᠯᠠᠭᠠᠨ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠰᠤᠯᠢᠯᠴᠠᠨ ᠰᠤᠷᠤᠯᠴᠠᠵᠤ ᠤᠢᠢᠯᠠᠭᠠᠬᠤ ᠶᠢ ᠰᠠᠶᠢᠳᠤᠷ ᠬᠢᠵᠤ᠂ ᠦᠵᠡᠯ ᠰᠠᠨᠠᠭ᠎ᠠ ᠲᠠᠨᠢᠯᠳᠠ ᠪᠠᠨ ᠨᠢᠭᠡᠳᠭᠡᠨ᠂ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠢᠢᠯᠠᠩ ᠤᠨ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠳᠤᠷ ᠬᠤᠷᠠᠯᠳᠤᠭᠤᠯᠬᠤ ᠳᠤ ᠤᠨᠤᠯ ᠪᠠ ᠦᠵᠡᠯ ᠰᠠᠨᠠᠭᠠᠨ ᠤ ᠪᠡᠯᠡᠳᠭᠡᠯ ᠢ ᠰᠠᠶᠢᠳᠤᠷ ᠬᠢᠵᠠᠢ᠃      ᠬᠤᠷᠠᠯ ᠠᠴᠠ᠂ ᠲᠤᠭ ᠳᠡᠮᠳᠡᠭ ᠳᠤᠳᠤᠷᠬᠠᠢ ᠪᠠᠷ ᠤᠯᠤᠰ ᠲᠦᠷᠦ ᠶᠢ ᠡᠷᠬᠢᠮᠯᠡᠵᠤ᠂ ︽ᠬᠤᠶᠠᠷ ᠢ ᠬᠠᠮᠠᠭᠠᠯᠠᠬᠤ︾ ᠡᠨᠡ ᠬᠦ ᠬᠠᠮᠤᠭ ᠤᠨ ᠳᠡᠭᠡᠳᠤ ᠤᠯᠤᠰ ᠲᠦᠷᠦ ᠶᠢᠨ ᠵᠠᠷᠴᠢᠮ ᠪᠤᠯᠤᠨ ᠦᠨᠳᠦᠰᠦᠨ ᠤᠯᠤᠰ ᠲᠦᠷᠦ ᠶᠢᠨ ᠶᠤᠰᠤ ᠳᠦᠷᠢᠮ ᠢ ᠪᠠᠳᠤ ᠡᠵᠡᠮᠳᠡᠵᠤ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠶᠢ ᠪᠤᠳᠠᠳᠠᠢ ᠠᠵᠢᠯᠯᠠᠭ᠎ᠠ ᠳᠤᠮᠳᠠ ᠪᠠᠨ ᠨᠡᠩ ᠤᠯᠠᠨ ᠢᠯᠡᠷᠡᠭᠦᠯᠵᠤ᠂ ᠬᠠᠮᠠᠭᠠᠯᠠᠬᠤ ᠴᠢᠳᠠᠪᠤᠷᠢ ᠪᠤᠯᠤᠨ ᠬᠠᠮᠠᠭᠠᠯᠠᠬᠤ ᠦᠷ᠎ᠠ ᠪᠦᠲᠦᠮᠵᠢ ᠳᠡᠭᠡᠷ᠎ᠠ ᠢᠯᠡᠷᠡᠭᠦᠯᠬᠦ ᠬᠡᠷᠡᠭᠳᠠᠢ᠃ ᠲᠦᠪ ᠤᠨ ᠲᠤᠭᠤᠷᠢᠨ ᠪᠠᠶᠢᠴᠠᠭᠠᠯᠳᠠ ᠶᠢᠨ ᠬᠠᠷᠢᠭᠤ ᠳᠤᠰᠬᠠᠭᠰᠠᠨ ᠰᠠᠨᠠᠯ ᠳᠤ ᠵᠢᠭᠠᠵᠤ ᠭᠠᠷᠭᠠᠭᠰᠠᠨ ᠠᠰᠠᠭᠤᠳᠠᠯ ᠨᠢ ᠦᠨᠳᠦᠰᠦᠨ ᠳᠡᠭᠡᠨ ᠴᠦᠮ ᠤᠯᠤᠰ ᠲᠦᠷᠦ ᠶᠢᠨ ᠠᠰᠠᠭᠤᠳᠠᠯ ᠪᠤᠯᠤᠨ᠎ᠠ᠂ ᠤᠯᠤᠰ ᠲᠦᠷᠦ ᠶᠢᠨ ᠲᠠᠯ᠎ᠠ ᠠᠴᠠ ᠭᠦᠨᠵᠡᠭᠡᠢ ᠲᠤᠩᠭᠠᠨ ᠪᠤᠳᠤᠯᠬᠢᠯᠠᠵᠤ᠂ ᠲᠦᠢᠯᠪᠤᠷᠢᠳᠠᠢ ᠴᠡᠭᠴᠡᠯᠡᠨ ᠰᠠᠶᠢᠵᠢᠷᠠᠭᠤᠯᠵᠤ᠂ ᠶᠡᠷᠦᠩᠬᠡᠢ ᠱᠦᠵᠢ ᠶᠢᠨ ᠱᠠᠭᠠᠷᠳᠠᠯᠭ᠎ᠠ᠂ ᠨᠠᠮ ᠤᠨ ᠲᠦᠪ ᠬᠤᠷᠢᠶᠠᠨ ᠤ ᠵᠤᠷᠢᠭ ᠰᠠᠨᠠᠭ᠎ᠠ ᠶᠢ ᠦᠨᠡᠨ ᠬᠦ ᠪᠤᠳᠠᠳᠠᠢ ᠠᠵᠢᠯᠯᠠᠭ᠎ᠠ ᠪᠤᠯᠤᠨ ᠦᠷ᠎ᠠ ᠪᠦᠲᠦᠭᠡᠯ ᠪᠤᠯᠭᠠᠨ ᠬᠤᠪᠢᠷᠠᠭᠤᠯᠵᠤ᠂ ᠪᠤᠳᠠᠳᠠᠢ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠳᠠᠢ ᠭᠡᠵᠤ ᠵᠢᠭᠠᠵᠤ ᠭᠠᠷᠭᠠᠪᠠ᠃      ᠬᠤᠷᠠᠯ ᠠᠴᠠ᠂ ᠤᠨᠤᠯ ᠢᠶᠠᠷ ᠵᠡᠪᠰᠡᠭᠯᠡᠬᠦ ᠶᠢ ᠤᠯᠤᠰ ᠲᠦᠷᠦ ᠶᠢᠨ ᠬᠠᠷᠢᠭᠤᠴᠠᠯᠭ᠎ᠠ᠂ ᠤᠯᠤᠰ ᠲᠦᠷᠦ ᠶᠢᠨ ᠡᠬᠦᠷᠭᠡ ᠪᠤᠯᠭᠠᠵᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠶᠡᠷᠦᠩᠭᠡᠢ ᠱᠦᠵᠢ ᠶᠢᠨ ᠦᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠨᠡᠪᠲᠡᠷᠡᠲᠡᠯ᠎ᠠ ᠤᠢᠢᠯᠠᠭᠠᠵᠦ᠂ ᠢᠮᠠᠭᠲᠠ ᠶᠡᠷᠦᠩᠭᠡᠢ ᠱᠦᠵᠢ ᠪᠤᠯᠤᠨ ᠨᠠᠮ ᠤᠨ ᠲᠦᠪ ᠬᠤᠷᠢᠶᠠᠠ ᠤ ᠵᠢᠭᠠᠭᠰᠠᠠ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠭᠡᠷᠡᠭᠲᠡᠢ᠃ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ ᠪᠤᠯᠤᠨ ᠤᠯᠤᠰ ᠲᠦᠷᠦ ᠶᠢᠨ ᠭᠦᠢᠴᠡᠳᠭᠡᠬᠦ ᠴᠢᠳᠠᠪᠤᠷᠢ ᠪᠠᠨ ᠲᠠᠰᠤᠷᠠᠯᠲᠠ ᠦᠭᠡᠢ ᠲᠡᠭᠡᠭᠰᠢᠯᠡᠭᠦᠯᠵᠦ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠠᠴᠠ ᠡᠬᠦᠰᠴᠤ᠂ ᠤᠯᠤᠰ ᠲᠦᠷᠦ ᠶᠢᠨ ᠲᠠᠯ᠎ᠠ ᠠᠴᠠ ᠨᠠᠮ ᠤᠨ ᠲᠦᠪ ᠬᠤᠷᠢᠶᠠᠠ ᠤ ᠵᠤᠷᠢᠭ ᠰᠠᠨᠠᠭ᠎ᠠ ᠶᠢ ᠲᠤᠭᠤᠰᠢᠯᠠᠭᠤᠯᠬᠤ ᠶᠢ ᠴᠢᠬᠤᠯᠠ ᠶᠡᠭᠡ ᠪᠠᠶᠢᠯᠲᠤᠬᠤ ᠪᠤᠲᠤᠯᠭ᠎ᠠ ᠶᠢ ᠲᠦᠯᠦᠪᠵᠢᠭᠦᠯᠬᠦ᠂ ᠴᠢᠬᠤᠯᠠ ᠶᠡᠭᠡ ᠲᠦᠷᠦ ᠶᠢᠨ ᠪᠤᠲᠤᠯᠭ᠎ᠠ ᠶᠢ ᠳᠤᠭᠳᠠᠭᠠᠬᠤ᠂ ᠴᠢᠬᠤᠯᠠ ᠶᠡᠭᠡ ᠡᠬᠦᠷᠭᠡ ᠶᠢ ᠪᠠᠶᠢᠷᠢᠯᠠᠭᠤᠯᠬᠤ᠂ ᠴᠢᠬᠤᠯᠠ ᠶᠡᠭᠡ ᠠᠵᠢᠯ ᠢ ᠠᠬᠢᠭᠤᠯᠬᠤ ᠦᠢᠯᠡᠲᠦᠯᠭᠡ ᠲᠤᠮᠲᠠ ᠢᠯᠡᠷᠡᠭᠦᠯᠬᠦ ᠭᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠲᠤᠭᠤᠷᠢᠨ ᠪᠠᠶᠢᠴᠠᠭᠠᠵᠦ ᠴᠡᠭᠴᠡᠯᠡᠡ ᠰᠠᠶᠢᠵᠢᠷᠠᠭᠤᠯᠬᠤ ᠶᠢ ᠰᠠᠶᠢᠳᠦᠷ ᠠᠳᠬᠤᠬᠤ ᠳᠤ ᠬᠠᠮᠤᠭ ᠤᠨ ᠴᠢᠬᠤᠯᠠ ᠨᠢ ᠠᠵᠢᠯ ᠢ ᠨᠠᠶᠢᠲᠠᠪᠤᠷᠢᠵᠢᠭᠤᠯᠬᠤ ᠶᠢ ᠪᠤᠲᠠᠲᠠᠢ ᠠᠳᠬᠤᠨ ᠨᠠᠷᠢᠯᠢᠭ ᠠᠳᠬᠤᠵᠤ ᠭᠦᠢᠴᠡᠳ ᠠᠳᠬᠤᠬᠤ ᠬᠡᠷᠡᠭᠳᠠᠢ᠃ ᠵᠠᠰᠠᠭ ᠤᠨ ᠤᠷᠲᠤᠨ ᠤ ᠤᠳᠤᠷᠢᠳᠬᠤ ᠪᠠᠭ ᠤᠨ ᠪᠦᠷᠢᠯᠳᠦᠭᠦᠨ ᠪᠡᠶ᠎ᠠ ᠪᠠᠷ ᠢᠶᠠᠨ ᠬᠡᠪ ᠲᠠᠭᠤᠷᠢᠶᠠᠯ ᠪᠤᠯᠵᠦ᠂ ᠴᠡᠭᠴᠡᠯᠡᠡ ᠰᠠᠶᠢᠵᠢᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠬᠦᠷᠭᠡᠯᠡᠠ᠂ ᠵᠠᠰᠠᠭ ᠤᠨ ᠤᠷᠲᠤᠨ ᠤ ᠨᠠᠮ ᠤᠨ ᠤᠲᠤᠷᠢᠳᠬᠤ ᠲᠤᠭᠤᠢᠢᠯᠠᠩ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠬᠠᠮᠲᠤ ᠪᠠᠷ ᠡᠬᠦᠷᠭᠡᠯᠡᠬᠦ ᠪᠠᠷ ᠪᠠᠷᠠᠬᠤ ᠦᠭᠡᠢ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠰᠠᠶᠢᠳᠦᠷ ᠨᠠᠶᠢᠳᠠᠪᠤᠷᠢᠵᠢᠭᠤᠯᠤᠨ᠂ ᠬᠤᠪᠢᠲᠠᠠ ᠬᠠᠮᠢᠶᠠᠷᠴᠤ ᠪᠠᠶᠢᠭ᠎ᠠ ᠬᠦᠷᠢᠶ᠎ᠠ ᠴᠠᠷᠠᠭᠠᠨ ᠤ ᠴᠡᠭᠴᠡᠯᠡᠡ ᠰᠠᠶᠢᠵᠢᠷᠠᠭᠤᠯᠬᠤ ᠬᠠᠷᠢᠭᠤᠴᠠᠯᠭ᠎ᠠ ᠶᠢ ᠰᠠᠶᠢᠲᠤᠷ ᠡᠬᠦᠷᠭᠡᠯᠡᠬᠦ ᠭᠡᠷᠡᠭᠲᠡᠢ᠃ ᠴᠡᠭᠴᠡᠯᠡᠡ ᠰᠠᠶᠢᠵᠢᠷᠠᠭᠤᠯᠬᠤ ᠠᠷᠭ᠎ᠠ ᠬᠡᠮᠵᠢᠶ᠎ᠠ ᠶᠢ ᠴᠢᠩᠭ᠎ᠠ ᠠᠩᠬᠠᠷᠴᠤ᠂ ᠠᠰᠠᠭᠤᠲᠠᠯ ᠤᠨ ᠨᠠᠷᠢᠨ ᠲᠠᠩᠰᠠ᠂ ᠡᠬᠦᠷᠭᠡ ᠶᠢᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠤᠯᠠᠮ ᠴᠢᠨᠠᠭᠰᠢᠲᠠ ᠨᠠᠷᠢᠯᠢᠭᠵᠢᠭᠤᠯᠵᠤ᠂ ᠵᠢᠷᠤᠭ ᠲᠦᠰᠦᠪ ᠢᠶᠠᠨ ᠦᠵᠡᠵᠦ ᠪᠠᠶᠢᠯᠲᠤᠬᠤ ᠶᠢ ᠪᠠᠷᠢᠮᠳᠠᠯᠠᠨ᠂ ᠨᠢᠭᠡᠳ ᠨᠢᠭᠡ ᠪᠠᠷ ᠰᠢᠢᠳᠪᠦᠷᠢᠯᠡᠬᠦ ᠬᠠᠮᠢᠶᠠᠷᠤᠯᠲᠠ ᠶᠢ ᠭᠡᠷᠡᠭᠵᠢᠭᠦᠯᠬᠦ ᠬᠡᠷᠡᠭᠲᠡᠢ᠃ ᠴᠡᠭᠴᠡᠯᠡᠡ ᠰᠠᠶᠢᠵᠢᠷᠠᠭᠤᠯᠬᠤ ᠦᠷ᠎ᠠ ᠪᠦᠲᠦᠮᠵᠢ ᠶᠢ ᠪᠤᠲᠠᠲᠠᠢ ᠠᠳᠬᠤᠵᠦ᠂ ︽ᠲᠠᠷᠦ᠋ᠢᠬᠠᠠ ᠰᠠᠶᠢᠵᠢᠷᠠᠭᠤᠯᠬᠤ︾ ᠠᠷᠭ᠎ᠠ ᠬᠡᠮᠵᠢᠶ᠎ᠠ ᠭᠠᠷᠭᠠᠬᠤ ᠪᠦᠭᠡᠳ ︽ᠤᠷᠲᠤ ᠬᠤᠭᠤᠴᠠᠭ᠎ᠠ ᠪᠠᠷ ᠪᠠᠷᠢᠮᠳᠠᠯᠠᠬᠤ︾ ᠲᠤᠭᠲᠠᠴᠠ ᠶᠢ ᠪᠠᠶᠢᠭᠤᠯᠤᠨ᠂ ᠲᠤᠭᠤᠷᠢᠨ ᠪᠠᠶᠢᠴᠠᠭᠠᠭᠰᠠᠠ ᠦᠷ᠎ᠠ ᠪᠦᠲᠦᠭᠡᠯ ᠢ ᠨᠢᠭᠡᠲᠦᠯᠲᠡᠢ ᠲᠦᠯᠦᠪᠵᠢᠭᠦᠯᠦᠨ ᠰᠠᠶᠢᠲᠤᠷ ᠭᠡᠷᠡᠭᠯᠡᠵᠦ᠂ ᠴᠡᠭᠴᠡᠯᠡᠡ ᠰᠠᠶᠢᠵᠢᠷᠠᠭᠤᠯᠬᠤ ᠦᠷ᠎ᠠ ᠪᠦᠲᠦᠮᠵᠢ ᠶᠢ ᠦᠷᠭᠡᠳᠭᠡᠬᠦ ᠭᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ