ᠥᠪᠥᠷ ᠮᠣᠩᠭᠤᠯ ᠬᠡᠷᠡᠭᠵᠢᠭᠦᠯᠬᠦ ᠲᠥᠰᠦᠯ ᠳᠠᠷᠤᠮᠠᠯᠯᠠᠨ ᠲᠠᠷᠬᠠᠭᠠᠵᠤ ᠨᠠᠰᠤᠲᠠᠶᠢᠴᠤᠳ ᠤᠨ ᠬᠡᠷ ᠲᠤ ᠪᠠᠨ ᠰᠠᠭᠤᠵᠤ ᠡᠮᠨᠡᠭᠦᠯᠬᠦ ᠦᠶᠯᠡᠴᠢᠯᠡᠭᠡᠨ ᠤ ᠠᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2021/2/23
     ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ︽ᠨᠠᠰᠤᠲᠠᠶᠢᠴᠤᠳ ᠤᠨ ᠬᠡᠷ ᠲᠤ ᠪᠠᠨ ᠰᠠᠭᠤᠵᠤ ᠡᠮᠨᠡᠭᠦᠯᠬᠦ ᠦᠶᠯᠡᠴᠢᠯᠡᠭᠡᠨ ᠤ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠨᠠᠰᠤᠲᠠᠶᠢᠴᠤᠳ ᠤᠨ ᠬᠡᠷ ᠲᠤ ᠪᠠᠨ ᠰᠠᠭᠤᠵᠤ ᠡᠮᠨᠡᠭᠦᠯᠬᠦ ᠦᠶᠯᠡᠴᠢᠯᠡᠭᠡᠨ ᠤ ᠬᠠᠩᠭᠠᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠦᠨ᠂ ᠨᠠᠰᠤᠲᠠᠶᠢᠴᠤᠳ ᠤᠨ ᠣᠯᠠᠨ ᠶᠠᠩᠵᠤᠴᠢᠯᠠᠭᠰᠠᠨ᠂ ᠢᠯᠭᠠᠪᠤᠷᠢᠯᠠᠭᠰᠠᠨ ᠡᠮᠴᠢᠯᠡᠭᠡ ᠶᠢᠨ ᠦᠶᠯᠡᠴᠢᠯᠡᠭᠡᠨ ᠤ ᠲᠤᠯᠭᠠᠮ ᠬᠡᠷᠡᠭᠴᠡᠭᠡ ᠱᠠᠭᠠᠷᠳᠠᠯᠭ᠎ᠠ ᠲᠠᠢ ᠣᠨᠣᠪᠴᠢᠲᠠᠶ ᠪᠠᠷ ᠵᠣᠯᠭᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠬᠡᠷ ᠲᠤ ᠪᠠᠨ ᠰᠠᠭᠤᠵᠤ ᠡᠮᠨᠡᠭᠦᠯᠬᠦ ᠦᠶᠯᠡᠴᠢᠯᠡᠭᠡ ᠶᠢ ᠴᠢᠩᠭᠠᠳᠬᠠᠬᠤ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠪᠠ᠃      ᠬᠡᠷᠡᠭᠵᠢᠭᠦᠯᠬᠦ ᠲᠥᠰᠦᠯ ᠨᠢ ᠬᠡᠷ ᠲᠤ ᠪᠠᠨ ᠰᠠᠭᠤᠵᠤ ᠡᠮᠨᠡᠭᠦᠯᠬᠦ ᠦᠶᠯᠡᠴᠢᠯᠡᠭᠡ ᠶᠢ ᠴᠢᠩᠭᠠᠳᠬᠠᠬᠤ ᠪᠠᠷ ᠳᠠᠮᠵᠢᠭᠤᠯᠤᠨ᠂ ᠪᠥᠬᠦ ᠲᠠᠯ᠎ᠠ ᠶᠢᠨ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠡᠮᠴᠢᠯᠡᠭᠡᠨ ᠤ ᠦᠶᠯᠡᠴᠢᠯᠡᠭᠡ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢᠨ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠪᠣᠳᠠᠲᠤ ᠪᠠᠶᠢᠳᠠᠯ ᠢ ᠤᠶᠠᠯᠳᠤᠭᠤᠯᠤᠨ᠂ ᠣᠯᠠᠨ ᠲᠦᠮᠡᠨ ᠢᠯᠠᠩᠭᠤᠶ᠎ᠠ ᠨᠠᠰᠤᠲᠠᠶᠢᠴᠤᠳ ᠲᠤ ᠥᠪᠡᠷᠮᠢᠴᠡ᠂ ᠣᠯᠠᠨ ᠲᠠᠰ ᠳᠠᠪᠬᠤᠷᠭ᠎ᠠ ᠶᠢᠨ ᠬᠡᠷ ᠲᠤ ᠪᠠᠨ ᠰᠠᠭᠤᠵᠤ ᠡᠮᠨᠡᠭᠦᠯᠬᠦ ᠦᠶᠯᠡᠴᠢᠯᠡᠭᠡ ᠬᠠᠩᠭᠠᠬᠤ ᠶᠢ ᠬᠠᠤᠯᠢ ᠲᠣᠭᠲᠠᠭᠠᠯ ᠶᠣᠰᠣᠭᠠᠷ᠂ ᠡᠮᠬᠢ ᠵᠢᠷᠤᠮ ᠲᠠᠢ ᠵᠢᠷᠤᠮᠵᠢᠭᠤᠯᠵᠤ᠂ ᠡᠮᠴᠢᠯᠡᠭᠡᠨ ᠤ ᠶᠠᠰᠤ ᠴᠢᠨᠠᠷ ᠪᠠ ᠡᠪᠡᠳᠴᠢᠲᠡᠨ ᠤ ᠠᠮᠤᠷ ᠲᠦᠪᠰᠢᠨ ᠢ ᠪᠠᠲᠤᠯᠠᠨ᠎ᠠ᠃      ᠬᠡᠷᠡᠭᠵᠢᠭᠦᠯᠬᠦ ᠲᠥᠰᠦᠯ ᠳᠤ ᠵᠢᠭᠠᠵᠤ ᠭᠠᠷᠭᠠᠭᠰᠠᠨ ᠨᠢ᠂ ᠬᠡᠷ ᠲᠤ ᠪᠠᠨ ᠰᠠᠭᠤᠵᠤ ᠡᠮᠨᠡᠭᠦᠯᠬᠦ ᠦᠶᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠲᠠᠢ ᠪᠥᠭᠡᠳ ᠬᠥᠳᠡᠯᠵᠦ ᠪᠠᠷᠢᠬᠤ ᠳᠤ ᠳᠥᠭᠦᠮ ᠦᠭᠡᠢ ᠦᠲᠡᠭᠦᠰ ᠨᠠᠰᠤᠲᠠᠨ ᠪᠤᠶᠤ ᠴᠢᠳᠠᠯ ᠲᠡᠩᠬᠡᠭᠡ ᠪᠠᠨ ᠠᠯᠳᠠᠭᠰᠠᠨ ᠨᠠᠰᠤᠲᠠᠨ᠂ ᠤᠳᠠᠭᠠᠨ ᠴᠢᠨᠠᠷᠲᠠᠶ ᠡᠪᠡᠳᠴᠢᠨ᠂ ᠡᠪᠡᠳᠴᠢᠨ ᠡᠮᠭᠡᠭ ᠤᠨ ᠡᠷᠡᠭᠦᠯᠵᠢᠯ ᠤᠨ ᠬᠤᠭᠤᠴᠠᠭ᠎ᠠ ᠪᠤᠶᠤ ᠰᠡᠭᠦᠯᠴᠢ ᠶᠢᠨ ᠬᠤᠭᠤᠴᠠᠭ᠎ᠠ᠂ ᠡᠮᠨᠡᠯᠭᠡ ᠠᠴᠠ ᠭᠠᠷᠤᠭᠰᠠᠨ ᠤ ᠳᠠᠷᠠᠭ᠎ᠠ ᠮᠥᠨ ᠬᠦ ᠡᠮᠴᠢᠯᠡᠭᠡᠨ ᠤ ᠦᠶᠯᠡᠴᠢᠯᠡᠭᠡ ᠬᠡᠷᠡᠭᠰᠡᠬᠦ ᠨᠠᠰᠤᠲᠠᠶ ᠡᠪᠡᠳᠴᠢᠲᠡᠨ ᠵᠡᠷᠭᠡ ᠳᠤ ᠭᠤᠤᠯᠳᠠᠯᠭ᠎ᠠ ᠲᠠᠢ ᠬᠠᠮᠢᠶ᠎ᠠ ᠪᠥᠬᠦᠶ ᠡᠮᠴᠢᠯᠡᠭᠡᠨ ᠤ ᠦᠶᠯᠡᠴᠢᠯᠡᠭᠡ ᠬᠠᠩᠭᠠᠨ᠎ᠠ᠃ ᠬᠡᠷ ᠲᠤ ᠪᠠᠨ ᠰᠠᠭᠤᠵᠤ ᠡᠮᠨᠡᠭᠦᠯᠬᠦ ᠦᠢᠯᠡᠴᠢᠯᠡᠭᠡ ᠳᠤ ᠭᠤᠤᠯᠳᠠᠭᠤ ᠬᠡᠷ ᠲᠤ ᠪᠠᠨ ᠬᠠᠩᠭᠠᠬᠤ ᠳᠤ ᠳᠣᠭᠢᠷᠠᠬᠤ ᠣᠨᠣᠰᠢᠯᠠᠨ ᠡᠮᠨᠡᠬᠦ ᠦᠶᠯᠡᠴᠢᠯᠡᠭᠡ᠂ ᠡᠮᠴᠢᠯᠡᠭᠡᠨ ᠤ ᠰᠤᠪᠢᠯᠠᠯᠲᠠ᠂ ᠡᠷᠡᠭᠦᠯᠵᠢᠯ ᠤᠨ ᠡᠮᠴᠢᠯᠡᠭᠡ᠂ ᠡᠮ ᠤᠨ ᠤᠬᠠᠭᠠᠨ ᠤ ᠦᠶᠯᠡᠴᠢᠯᠡᠭᠡ᠂ ᠠᠮᠤᠷ ᠲᠠᠶᠢᠪᠤᠩ ᠰᠤᠪᠢᠯᠠᠯᠲᠠ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠦᠶᠯᠡᠴᠢᠯᠡᠭᠡ ᠵᠡᠷᠭᠡ ᠡᠮᠴᠢᠯᠡᠭᠡᠨ ᠤ ᠦᠶᠯᠡᠴᠢᠯᠡᠭᠡ ᠪᠠᠭᠲᠠᠨ᠎ᠠ᠃ ᠡᠭᠦᠨ ᠤ ᠬᠠᠮᠲᠤ᠂ ᠡᠮᠴᠢᠯᠡᠭᠡᠨ ᠤ ᠪᠠᠶᠢᠭᠤᠯᠤᠮᠵᠢ ᠨᠢ ᠬᠡᠷ ᠪᠦᠯᠢ ᠶᠢᠨ ᠡᠪᠡᠳᠴᠢᠲᠡᠨ ᠤ ᠣᠷᠣ᠂ ᠬᠡᠷ ᠲᠤ ᠨᠢ ᠬᠦᠷᠴᠦ ᠲᠣᠭᠤᠷᠢᠨ ᠡᠮᠨᠡᠬᠦ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠡᠷ ᠲᠤ ᠪᠠᠨ ᠰᠠᠭᠤᠵᠤ ᠡᠮᠨᠡᠭᠦᠯᠬᠦ ᠦᠶᠯᠡᠴᠢᠯᠡᠭᠡ ᠬᠠᠩᠭᠠᠵᠤ᠂ ᠡᠮᠴᠢᠯᠡᠭᠡᠨ ᠤ ᠬᠤᠯᠪᠣᠭᠠᠲᠤ ᠴᠣᠭᠴᠠ᠂ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾᠂ ︽ᠢᠨᠲ᠋ᠧᠷ ᠰᠦᠯᠵᠢᠶ᠎ᠡ + ᠰᠤᠪᠢᠯᠠᠯᠲᠠ ᠶᠢᠨ ᠦᠶᠯᠡᠴᠢᠯᠡᠭᠡ︾᠂ ᠠᠯᠤᠰ ᠡᠵᠡᠮᠰᠢᠯᠲᠦ ᠡᠮᠴᠢᠯᠡᠭᠡ ᠵᠡᠷᠭᠡ ᠪᠠᠷ ᠳᠠᠮᠵᠢᠭᠤᠯᠤᠨ ᠡᠮᠴᠢᠯᠡᠭᠡᠨ ᠤ ᠪᠠᠶᠢᠭᠤᠯᠤᠮᠵᠢ ᠶᠢᠨ ᠳᠣᠲᠣᠭᠠᠳᠤ ᠶᠢᠨ ᠡᠮᠴᠢᠯᠡᠭᠡᠨ ᠤ ᠦᠶᠯᠡᠴᠢᠯᠡᠭᠡ ᠶᠢ ᠬᠡᠷ ᠲᠤ ᠪᠠᠨ ᠰᠠᠭᠤᠵᠤ ᠡᠮᠨᠡᠭᠦᠯᠬᠦ ᠬᠦᠷᠲᠡᠯ᠎ᠡ ᠤᠷᠲᠤᠳᠬᠠᠵᠤ᠂ ᠬᠡᠷ ᠲᠤ ᠪᠠᠨ ᠰᠠᠭᠤᠵᠤ ᠡᠮᠨᠡᠭᠦᠯᠬᠦ ᠦᠶᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ ᠭᠡᠵᠡᠢ᠃      ᠬᠡᠷᠡᠭᠵᠢᠭᠦᠯᠬᠦ ᠲᠥᠰᠦᠯ ᠨᠢ ᠠᠩᠬ᠎ᠠ ᠣᠨᠣᠰᠢᠯᠠᠬᠤ ᠪᠠ ᠦᠨᠡᠯᠡᠨ ᠵᠢᠱᠢᠬᠦ᠂ ᠦᠶᠯᠡᠴᠢᠯᠡᠭᠡ ᠶᠢ ᠵᠢᠷᠤᠮᠵᠢᠭᠤᠯᠬᠤ ᠴᠤᠪᠤᠷᠠᠯ ᠢ ᠪᠦᠷᠢᠨᠰᠢᠭᠦᠯᠬᠦ᠂ ᠡᠮᠨᠡᠯᠭᠡ ᠶᠢᠨ ᠠᠵᠢᠯᠲᠠᠨ ᠤ ᠪᠣᠯᠪᠠᠰᠤᠷᠠᠯ ᠢ ᠴᠢᠩᠭᠠᠳᠬᠠᠬᠤ᠂ ᠡᠮᠴᠢᠯᠡᠭᠡᠨ ᠤ ᠦᠶᠯᠡᠴᠢᠯᠡᠭᠡ ᠶᠢᠨ ᠦᠶᠯᠡ ᠠᠵᠢᠯᠯᠠᠭ᠎ᠠ ᠶᠢ ᠵᠢᠷᠤᠮᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠡᠷ ᠲᠤ ᠪᠠᠨ ᠰᠠᠭᠤᠵᠤ ᠡᠮᠨᠡᠭᠦᠯᠬᠦ ᠦᠶᠯᠡᠴᠢᠯᠡᠭᠡ ᠶᠢᠨ ᠦᠶᠯᠡ ᠠᠵᠢᠯᠯᠠᠭ᠎ᠠ ᠶᠢ ᠵᠢᠷᠤᠮᠵᠢᠭᠤᠯᠤᠨ᠎ᠠ︔ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ᠂ ᠬᠠᠮᠢᠶ᠎ᠠ ᠪᠦᠬᠦᠢ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠲᠦᠭᠰᠢᠭᠦᠷᠢ ᠶᠢ ᠢᠳᠡᠪᠬᠢᠲᠡᠶ ᠪᠠᠷ ᠰᠡᠷᠭᠡᠶᠢᠯᠡᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠭᠡᠷ ᠲᠤ ᠪᠠᠨ ᠰᠠᠭᠤᠵᠤ ᠡᠮᠨᠡᠭᠦᠯᠬᠦ ᠦᠶᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠨ᠎ᠠ︔ ᠬᠡᠷ ᠲᠤ ᠪᠠᠨ ᠰᠠᠭᠤᠵᠤ ᠡᠮᠨᠡᠭᠦᠯᠬᠦ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠬᠦ᠂ ᠬᠡᠷ ᠲᠤ ᠪᠠᠨ ᠰᠠᠭᠤᠵᠤ ᠡᠮᠨᠡᠭᠦᠯᠬᠦ ᠦᠶᠯᠡᠴᠢᠯᠡᠭᠡ ᠬᠠᠩᠭᠠᠬᠤ ᠳᠤ ᠲᠥᠬᠦᠮ ᠦᠵᠡᠭᠦᠯᠬᠦ᠂ ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠳᠡᠮᠵᠢᠵᠦ ᠪᠠᠲᠤᠯᠠᠬᠤ ᠡᠷᠴᠢᠮ ᠢ ᠴᠢᠩᠭᠠᠷᠠᠭᠤᠯᠤᠨ᠎ᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ