ᠰᠢ ᠶᠢᠨ ᠫᠢᠩ ᠰᠠᠷᠠᠨ ᠪᠦᠮᠪᠦᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠡᠸ᠋ ᠲᠠᠪᠤᠳᠤᠭᠠᠷ ᠨᠡᠷᠡᠮᠵᠢᠳᠦ ᠡᠭᠦᠷᠭᠡ ᠶᠢᠨ ᠰᠤᠳᠤᠯᠭᠠᠨ ᠪᠠ | ᠲᠤᠷᠰᠢᠯᠳᠠ ᠳᠤ ᠤᠷᠤᠯᠴᠠᠭᠰᠠᠨ ᠬᠦᠮᠦᠰ ᠤᠨ ᠲᠦᠯᠦᠭᠡᠯᠡᠭᠴᠢ ᠲᠠᠢ ᠠᠭᠤᠯᠵᠠᠬᠤ ᠶᠢᠨ ᠬᠠᠮᠳᠤ ᠰᠠᠷᠠᠨ ᠪᠦᠮᠪᠦᠷᠴᠡᠭ ᠤᠨ ᠦᠯᠢᠭᠡᠷ ᠶᠠᠩᠵᠤ ᠪᠤᠯᠤᠨ ᠰᠠᠷᠠᠨ | ᠪᠦᠮᠪᠦᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠦᠷ᠎ᠠ ᠪᠦᠲᠦᠭᠡᠯ ᠤᠨ ᠦᠵᠡᠰᠭᠦᠯᠡᠩ ᠢ ᠲᠤᠭᠤᠷᠢᠨ ᠦᠵᠡᠬᠦ ᠳᠡᠭᠡᠨ ᠴᠢᠬᠤᠯᠠᠴᠢᠯᠠᠭᠰᠠᠨ ᠨᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠨᠳᠦᠷ ᠤᠷᠭᠢᠯ ᠳᠤ ᠵᠤᠷᠢᠭᠳᠠᠢ ᠠᠪᠠᠷᠢᠨ ᠤᠯᠤᠰ ᠤᠨ ᠬᠦᠭᠵᠢᠯᠳᠡ ᠶᠢᠨ ᠶᠡᠭᠡ ᠲᠠᠯ᠎ᠠ ᠳᠤ ᠦᠢᠯᠡᠴᠢᠯᠡᠵᠤ ᠬᠦᠮᠦᠨ ᠲᠦᠷᠦᠯᠬᠢᠳᠡᠨ | ᠤ ᠰᠠᠨᠰᠠᠷ ᠤᠭᠳᠠᠷᠭᠤᠢ ᠶᠢ ᠡᠩᠬᠡ ᠲᠠᠶᠢᠪᠤᠩ ᠢᠶᠠᠷ ᠠᠰᠢᠡᠡᠯᠠᠬᠤ ᠳᠤ ᠨᠡᠩ ᠶᠡᠭᠡ ᠰᠢᠨ᠎ᠠ ᠬᠤᠪᠢ ᠨᠡᠮᠡᠷᠢ ᠦᠵᠡᠭᠦᠯᠬᠦ ᠬᠡᠷᠡᠭᠳᠠᠢ | ᠯᠢ ᠺᠧ ᠴᠢᠶᠠᠩ ᠯᠢ ᠵᠠᠨ ᠱᠦ ᠸᠠᠩ ᠶᠠᠩ ᠸᠠᠩ ᠬᠤ᠋ ᠨᠢᠩ ᠵᠤᠤ ᠯᠧ ᠵᠢᠢ ᠬᠠᠨ ᠵᠧᠩ ᠠᠵᠢᠯᠯᠠᠭ᠎ᠠ ᠳᠤ ᠤᠷᠤᠯᠴᠠᠪᠠ | ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 22 ᠤᠨ ᠴᠠᠬᠢᠯᠭᠠᠨ ᠮᠡᠳᠡᠭᠡ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 22 ᠤᠨ ᠦᠳᠡ ᠶᠢᠨ ᠡᠮᠦᠨ᠎ᠠ ᠪᠡᠭᠡᠵᠢᠩ ᠤᠨ ᠠᠷᠠᠳ ᠤᠨ ᠶᠡᠭᠡ | ᠬᠤᠷᠠᠯ ᠤᠨ ᠲᠠᠩᠭᠢᠮ ᠳᠤ ᠰᠠᠷᠠᠨ ᠪᠦᠮᠪᠦᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠡᠸ᠋ ᠲᠠᠪᠤᠳᠤᠭᠠᠷ ᠨᠡᠷᠡᠮᠵᠢᠳᠤ ᠡᠭᠦᠷᠭᠡ ᠶᠢᠨ ᠰᠤᠳᠤᠯᠭᠠᠨ ᠪᠠ | ᠲᠤᠷᠰᠢᠯᠳᠠ ᠳᠤ ᠤᠷᠤᠯᠴᠠᠭᠰᠠᠨ ᠬᠦᠮᠦᠰ ᠤᠨ ᠲᠦᠯᠦᠭᠡᠯᠡᠭᠴᠢ ᠲᠠᠢ ᠠᠭᠤᠯᠵᠠᠬᠤ ᠶᠢᠨ ᠬᠠᠮᠳᠤ ᠰᠠᠷᠠᠨ ᠪᠦᠮᠪᠦᠷᠴᠡᠭ ᠤᠨ ᠦᠯᠢᠭᠡᠷ ᠶᠠᠩᠵᠤ ᠪᠤᠯᠤᠨ ᠰᠠᠷᠠᠨ | ᠪᠦᠮᠪᠦᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠦᠷ᠎ᠠ ᠪᠦᠲᠦᠭᠡᠯ ᠤᠨ ᠦᠵᠡᠰᠭᠦᠯᠡᠩ ᠢ ᠲᠤᠭᠤᠷᠢᠨ ᠦᠵᠡᠬᠦ ᠳᠡᠭᠡᠨ᠂ ᠰᠠᠷᠠᠨ ᠪᠦᠮᠪᠦᠷᠴᠡᠭ ᠢ ᠬᠠᠶᠢᠨ ᠰᠢᠨᠵᠢᠯᠡᠬᠦ | ᠢᠨᠵᠧᠨᠧᠷᠢᠩ ᠤᠨᠴᠠᠭᠠᠢᠢᠯᠠᠨ ᠴᠠᠩ ᠡᠸ᠋ ᠲᠠᠪᠤᠳᠤᠭᠠᠷ ᠨᠡᠷᠡᠮᠵᠢᠳᠤ ᠡᠭᠦᠷᠭᠡ ᠶᠢᠨ ᠤᠯᠤᠭᠰᠠᠨ ᠠᠮᠵᠢᠯᠳᠠ ᠶᠢ ᠭᠦᠢᠴᠡᠳ ᠨᠤᠳᠠᠯᠠᠵᠠᠢ᠃ ᠲᠡᠷᠡ᠂ ᠰᠠᠷᠠᠨ ᠪᠦᠮᠪᠦᠷᠴᠡᠭ ᠢ | ᠬᠠᠶᠢᠨ ᠰᠢᠨᠵᠢᠯᠡᠬᠦ ᠵᠤᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠠ ᠬᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠮᠵᠢ ᠶᠢᠨ ᠳᠠᠪᠠᠭᠤᠯᠢᠭ ᠢ ᠪᠠᠳᠠᠷᠠᠭᠤᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠨᠳᠦᠷ ᠤᠷᠭᠢᠯ ᠳᠤ ᠵᠤᠷᠢᠭᠳᠠᠢ ᠠᠪᠠᠷᠢᠨ᠂ ᠤᠯᠤᠰ ᠤᠨ ᠬᠦᠭᠵᠢᠯᠳᠡ ᠶᠢᠨ ᠶᠡᠭᠡ ᠲᠠᠯ᠎ᠠ ᠳᠤ ᠦᠢᠯᠡᠴᠢᠯᠡᠵᠤ᠂ ᠤᠳᠤᠨ ᠤᠷᠤᠨ ᠢ | ᠬᠠᠶᠢᠨ ᠰᠢᠨᠵᠢᠯᠡᠬᠦ ᠰᠢᠨ᠎ᠠ ᠠᠶᠠᠨ ᠢ ᠠᠯᠬᠤᠮ ᠠᠯᠬᠤᠮ ᠢᠶᠠᠷ ᠡᠬᠢᠯᠡᠭᠦᠯᠵᠤ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠰᠢᠨ᠎ᠠ ᠶᠢ ᠡᠭᠦᠳᠬᠦ | ᠬᠦᠭᠵᠢᠯᠳᠡ ᠶᠢ ᠲᠠᠰᠤᠷᠠᠯᠳᠠ ᠦᠭᠡᠢ ᠠᠬᠢᠭᠤᠯᠵᠤ᠂ ᠬᠦᠮᠦᠨ ᠲᠦᠷᠦᠯᠬᠢᠳᠡᠨ ᠤ ᠰᠠᠨᠰᠠᠷ ᠤᠭᠳᠠᠷᠭᠤᠢ ᠶᠢ ᠡᠩᠬᠡ ᠲᠠᠶᠢᠪᠤᠩ ᠢᠶᠠᠷ ᠠᠰᠢᠡᠡᠯᠠᠬᠤ ᠳᠤ ᠨᠡᠩ ᠶᠡᠭᠡ ᠰᠢᠨ᠎ᠠ | ᠬᠤᠪᠢ ᠨᠡᠮᠡᠷᠢ ᠦᠵᠡᠭᠦᠯᠬᠦ ᠬᠡᠷᠡᠭᠳᠠᠢ ᠭᠡᠵᠤ ᠴᠢᠬᠤᠯᠠᠴᠢᠯᠠᠵᠠᠢ᠃ | ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ | ᠨᠢᠩ᠂ ᠵᠤᠤ ᠯᠧ ᠵᠢᠢ᠂ ᠬᠠᠨ ᠵᠧᠩ ᠠᠵᠢᠯᠯᠠᠭ᠎ᠠ ᠳᠤ ᠤᠷᠤᠯᠴᠠᠪᠠ᠃ | | | | | 2 ᠰᠠᠷ᠎ᠠ ᠶᠢᠨ 22 ᠤᠨ ᠡᠳᠦᠷ᠂ ᠨᠠᠮ ᠪᠤᠯᠤᠨ ᠲᠦᠷᠤ ᠶᠢᠨ ᠤᠳᠤᠷᠢᠳᠬᠤ ᠬᠦᠮᠦᠨ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ | ᠬᠤ᠋ ᠨᠢᠩ᠂ ᠵᠤᠤ ᠯᠧ ᠵᠢᠢ᠂ ᠬᠠᠨ ᠵᠧᠩ ᠨᠠᠷ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠭᠢᠮ ᠳᠤ ᠰᠠᠷᠠᠨ ᠪᠦᠮᠪᠦᠷᠴᠡᠭ ᠢ ᠬᠠᠶᠢᠨ ᠰᠢᠨᠵᠢᠯᠡᠬᠦ ᠢᠨᠵᠧᠨᠧᠷᠢᠩ | ᠤᠨ ᠴᠠᠩ ᠡᠸ᠋ ᠲᠠᠪᠤᠳᠤᠭᠠᠷ ᠨᠡᠷᠡᠮᠵᠢᠳᠤ ᠡᠭᠦᠷᠭᠡ ᠶᠢᠨ ᠰᠤᠳᠤᠯᠭᠠᠨ ᠪᠠ ᠲᠤᠷᠰᠢᠯᠳᠠ ᠳᠤ ᠤᠷᠤᠯᠴᠠᠭᠰᠠᠨ ᠬᠦᠮᠦᠰ ᠤᠨ ᠲᠦᠯᠦᠭᠡᠯᠡᠭᠴᠢ ᠲᠠᠢ ᠠᠭᠤᠯᠵᠠᠬᠤ ᠶᠢᠨ ᠬᠠᠮᠳᠤ | ᠰᠠᠷᠠᠨ ᠪᠦᠮᠪᠦᠷᠴᠡᠭ ᠤᠨ ᠦᠯᠢᠭᠡᠷ ᠶᠠᠩᠵᠤ ᠪᠤᠯᠤᠨ ᠰᠠᠷᠠᠨ ᠪᠦᠮᠪᠦᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠦᠷ᠎ᠠ ᠪᠦᠲᠦᠭᠡᠯ ᠤᠨ ᠦᠵᠡᠰᠭᠦᠯᠡᠩ ᠢ ᠲᠤᠭᠤᠷᠢᠨ | ᠦᠵᠡᠪᠡ᠃ ᠵᠢᠷᠤᠭ ᠪᠤᠯ ᠰᠢ ᠶᠢᠨ ᠫᠢᠩ ᠨᠠᠷ ᠰᠠᠷᠠᠨ ᠪᠦᠮᠪᠦᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠡᠸ᠋ ᠲᠠᠪᠤᠳᠤᠭᠠᠷ ᠨᠡᠷᠡᠮᠵᠢᠳᠤ ᠡᠭᠦᠷᠭᠡ ᠶᠢᠨ | ᠰᠤᠳᠤᠯᠭᠠᠨ ᠪᠠ ᠲᠤᠷᠰᠢᠯᠳᠠ ᠳᠤ ᠣᠷᠣᠯᠴᠠᠭᠰᠠᠨ ᠬᠦᠮᠦᠰ ᠤᠨ ᠲᠦᠯᠦᠭᠡᠯᠡᠭᠴᠢ ᠲᠠᠢ ᠠᠭᠤᠯᠵᠠᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠶᠧ | ᠰᠡᠭᠦᠳᠡᠷᠯᠡᠪᠡ | | ᠠᠷᠠᠳ ᠤᠨ ᠶᠡᠭᠡ ᠬᠤᠷᠠᠯ ᠤᠨ ᠲᠠᠩᠭᠢᠮ ᠤᠨ ᠬᠤᠶᠢᠳᠤ ᠶᠡᠭᠡ ᠲᠢᠩᠭᠢᠮ ᠳᠤ ᠪᠠᠶᠠᠷ ᠪᠠᠶᠠᠰᠬᠤᠯᠠᠩᠳᠤ ᠬᠦᠷ ᠨᠠᠷᠬᠢᠶᠠᠨ ᠲᠠᠢ ᠠᠭᠤᠷ ᠠᠮᠢᠰᠬᠤᠯ ᠢᠶᠠᠷ ᠪᠢᠯᠬᠠᠨ᠎ᠠ᠃ | ᠦᠳᠡ ᠶᠢᠨ ᠡᠮᠦᠨᠡᠬᠢ 10 ᠴᠠᠭ ᠤᠨ ᠦᠶ᠎ᠠ ᠪᠠᠷ᠂ ᠰᠢ ᠶᠢᠨ ᠫᠢᠩ ᠵᠡᠷᠭᠡ ᠨᠠᠮ ᠪᠤᠯᠤᠨ ᠲᠦᠷᠦ ᠶᠢᠨ ᠤᠳᠤᠷᠢᠳᠬᠤ ᠨᠦᠬᠦᠳ ᠬᠤᠷᠠᠯ ᠤᠨ ᠲᠠᠯᠠᠪᠠᠢ ᠳᠤ ᠠᠯᠬᠤᠨ | ᠤᠷᠤᠵᠤ᠂ ᠰᠤᠳᠤᠯᠭᠠᠨ ᠪᠠ ᠲᠤᠷᠰᠢᠯᠳᠠ ᠳᠤ ᠤᠷᠤᠯᠴᠠᠭᠰᠠᠨ ᠬᠦᠮᠦᠰ ᠤᠨ ᠲᠦᠯᠦᠭᠡᠯᠡᠭᠴᠢ ᠲᠡᠶᠢᠰᠢ ᠭᠠᠷ ᠳᠠᠯᠠᠯᠤᠨ ᠮᠡᠨᠳᠦᠴᠢᠯᠡᠬᠦ ᠳᠤ ᠬᠤᠷᠠᠯ ᠤᠨ ᠳᠠᠯᠠᠪᠠᠢ ᠳᠤ | ᠨᠢᠵᠢᠬᠢᠨᠡᠭᠰᠡᠨ ᠠᠯᠠᠭ᠎ᠠ ᠲᠠᠰᠢᠯᠳᠠ ᠤᠳᠠᠭᠠᠨ ᠦᠷᠭᠦᠯᠵᠢᠯᠡᠵᠠᠢ᠃ ᠰᠢ ᠶᠢᠨ ᠫᠢᠩ ᠰᠦᠨ ᠵᠢᠶᠠ ᠳ᠋ᠦᠩ᠂ ᠯᠤᠸᠠᠨ ᠡᠸ᠋ᠨ ᠵᠢᠶᠧ ᠨᠠᠷ ᠲᠠᠢ ᠳᠤᠳᠤᠨᠤ ᠪᠠᠷ ᠶᠠᠷᠢᠯᠴᠠᠭᠰᠠᠨ | ᠪᠦᠭᠡᠳ ᠤᠯᠠᠨ ᠲᠠᠢ ᠬᠠᠮᠳᠤ ᠶᠢᠨ ᠰᠡᠭᠦᠳᠡᠷ ᠳᠠᠳᠠᠭᠤᠯᠵᠤ ᠳᠤᠷᠠᠰᠬᠠᠯ ᠦᠯᠡᠳᠡᠭᠡᠪᠠ᠃ | | | | | | | | ᠳᠠᠷᠠᠭ᠎ᠠ ᠨᠢ᠂ ᠰᠢ ᠶᠢᠨ ᠫᠢᠩ ᠨᠠᠷ ᠠᠷᠠᠳ ᠤᠨ ᠶᠡᠭᠡ ᠬᠤᠷᠠᠯ ᠤᠨ ᠲᠠᠩᠭᠢᠮ ᠤᠨ ᠵᠡᠭᠦᠨ ᠶᠡᠭᠡ ᠲᠢᠩᠭᠢᠮ ᠳᠤ ᠬᠦᠷᠴᠤ᠂ ᠰᠠᠷᠠᠨ ᠪᠦᠮᠪᠦᠷᠴᠡᠭ ᠤᠨ ᠦᠯᠢᠭᠡᠷ | ᠶᠠᠩᠵᠤ ᠪᠤᠯᠤᠨ ᠰᠠᠷᠠᠨ ᠪᠦᠮᠪᠦᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠦᠷ᠎ᠠ ᠪᠦᠲᠦᠭᠡᠯ ᠤᠨ ᠦᠵᠡᠰᠭᠦᠯᠡᠩ ᠢ ᠲᠤᠭᠤᠷᠢᠨ ᠦᠵᠡᠵᠤ᠂ ᠰᠠᠷᠠᠨ ᠪᠦᠮᠪᠦᠷᠴᠡᠭ | ᠤᠨ ᠦᠯᠢᠭᠡᠷ ᠶᠠᠩᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ᠂ ᠮᠡᠷᠭᠡᠵᠢᠯ ᠢ ᠤᠨᠳᠤᠤᠰᠢᠭᠤᠯᠬᠤ᠂ ᠰᠢᠨᠵᠢᠯᠡᠬᠦ ᠤᠬᠠᠭᠠᠨ ᠤ ᠦᠷ᠎ᠠ ᠪᠦᠲᠦᠭᠡᠯ᠂ ᠤᠯᠠᠨ | ᠤᠯᠤᠰ ᠤᠨ ᠬᠠᠮᠳᠤᠷᠠᠯᠴᠠᠭ᠎ᠠ ᠪᠤᠯᠤᠨ ᠳᠠᠷᠠᠭᠠᠴᠢ ᠶᠢᠨ ᠬᠦᠭᠵᠢᠯᠳᠡ ᠵᠡᠷᠭᠡ ᠶᠢᠨ ᠲᠤᠬᠠᠢ ᠲᠠᠨᠢᠯᠴᠠᠭᠤᠯᠭ᠎ᠠ ᠶᠢ ᠰᠤᠨᠤᠰᠴᠠᠢ᠃ ᠰᠢ ᠶᠢᠨ ᠫᠢᠩ ᠪᠠᠶᠢᠨ ᠪᠠᠶᠢᠨ ᠵᠤᠭᠰᠤᠵᠤ | ᠪᠠᠶᠢᠴᠠᠭᠠᠨ ᠦᠵᠡᠵᠤ᠂ ᠬᠤᠯᠪᠤᠭᠳᠠᠯ ᠪᠦᠬᠦᠢ ᠪᠠᠶᠢᠳᠠᠯ ᠢ ᠨᠠᠷᠢᠨ ᠨᠢᠭᠳᠠ ᠠᠰᠠᠭᠤᠨ ᠯᠠᠪᠯᠠᠵᠤ ᠪᠠᠶᠢᠯ᠎ᠠ᠃ | | | | | | | | ᠰᠢ ᠶᠢᠨ ᠫᠢᠩ᠂ ᠴᠠᠩ ᠡᠸ᠋ ᠲᠠᠪᠤᠲᠤᠭᠠᠷ ᠨᠡᠷᠡᠮᠵᠢᠳᠦ ᠡᠬᠦᠷᠭᠡ ᠶᠢ ᠠᠮᠵᠢᠯᠲᠠ ᠲᠠᠢ ᠪᠡᠶᠡᠯᠡᠭᠦᠯᠦᠭᠰᠡᠨ ᠨᠢ ᠰᠠᠷᠠᠠ ᠪᠦᠮᠪᠦᠷᠴᠡᠭ ᠢ ᠬᠠᠶᠢᠨ ᠰᠢᠨᠵᠢᠯᠡᠬᠦ | ᠢᠨᠵᠧᠨᠧᠷᠢᠩ ᠤᠨ ︽ᠲᠤᠭᠤᠷᠢᠬᠤ᠂ ᠪᠠᠭᠤᠬᠤ᠂ ᠪᠤᠴᠠᠬᠤ︾ ᠭᠤᠷᠪᠠᠠ ᠠᠯᠬᠤᠮ ᠢᠶᠠᠷ ᠶᠠᠪᠤᠬᠤ ᠲᠦᠯᠦᠪᠵᠢᠭᠦᠯᠭᠡ ᠲᠡᠭᠦᠰ ᠠᠮᠵᠢᠯᠲᠠ ᠲᠠᠢ ᠰᠡᠭᠦᠯ ᠬᠤᠷᠢᠶᠠᠭᠰᠠᠠ ᠢ | ᠬᠠᠷᠠᠭᠤᠯᠵᠦ᠂ ᠰᠢᠨ᠎ᠠ ᠬᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠮᠵᠢ ᠶᠢᠨ ᠲᠠᠪᠠᠭᠤᠯᠢᠭ ᠢ ᠪᠠᠳᠠᠷᠠᠭᠤᠯᠤᠨ ᠬᠦᠴᠢᠷ ᠢ ᠲᠤᠭᠤᠯᠵᠦ ᠪᠡᠷᠭᠡ ᠶᠢ ᠲᠠᠪᠠᠵᠦ ᠤᠯᠤᠭᠰᠠᠠ | ᠪᠠᠰᠠ ᠨᠢᠭᠡ ᠴᠢᠬᠤᠯᠠ ᠶᠡᠭᠡ ᠠᠮᠵᠢᠯᠲᠠ ᠪᠦᠲᠦᠮᠵᠢ ᠮᠦᠨ᠂ ᠰᠠᠠᠰᠠᠷ ᠤᠨ ᠠᠶᠠᠯᠠᠯ ᠤᠨ ᠬᠦᠴᠦᠷᠭᠡᠭ ᠤᠯᠤᠰ ᠢ ᠪᠦᠲᠦᠭᠡᠡ ᠪᠠᠶᠢᠭᠤᠯᠬᠤ ᠠᠶᠠᠠ ᠳᠠᠬᠢ ᠴᠢᠬᠤᠯᠠ | ᠬᠥᠰᠢᠶ᠎ᠡ ᠲᠡᠮᠳᠡᠭ ᠮᠦᠨ᠂ ᠮᠠᠠ ᠤ ᠤᠯᠤᠰ ᠤᠨ ᠰᠠᠠᠰᠠᠷ ᠤᠨ ᠠᠶᠠᠯᠠᠯ ᠤᠨ ᠦᠢᠯᠡᠰ ᠤᠨ ᠬᠦᠭᠵᠢᠯᠲᠠ ᠳᠤ ᠲᠦᠢᠯ ᠤᠨ ᠴᠢᠬᠤᠯᠠ ᠠᠴᠢ ᠬᠤᠯᠪᠤᠭᠲᠠᠯ ᠲᠠᠢ ᠶᠤᠮ᠃ | 17 ᠵᠢᠯ ᠤᠨ ᠲᠤᠷᠰᠢ᠂ ᠰᠠᠷᠠᠠ ᠪᠦᠮᠪᠦᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠰᠤᠲᠤᠯᠤᠨ ᠦᠢᠯᠡᠳᠬᠦ ᠪᠦᠲᠦᠭᠡᠡ ᠪᠠᠶᠢᠭᠤᠯᠤᠯᠲᠠ ᠳᠤ ᠤᠷᠤᠯᠴᠠᠭᠰᠠᠠ ᠪᠦᠬᠦ | ᠬᠦᠮᠦᠰ ᠬᠦᠰᠡᠯ ᠮᠦᠷᠦᠭᠡᠳᠦᠯ ᠢᠶᠠᠨ ᠬᠦᠭᠡᠭᠡᠴᠡᠯᠳᠦᠬᠦ᠂ ᠵᠤᠷᠢᠠᠠᠲᠠᠢ ᠪᠠᠷ ᠬᠠᠶᠢᠨ ᠰᠦᠪᠡᠭᠴᠢᠯᠡᠬᠦ᠂ ᠬᠠᠮᠲᠤ ᠪᠠᠷ ᠪᠤᠭᠤᠮᠲᠠ ᠰᠢᠪᠲᠤᠯᠬᠤ᠂ ᠬᠠᠮᠲᠤᠷᠠᠯᠴᠠᠵᠦ ᠬᠠᠮᠲᠤ ᠪᠠᠷ | ᠠᠰᠢᠭ ᠬᠦᠷᠲᠡᠬᠦ ᠰᠠᠷᠠᠠ ᠪᠦᠮᠪᠦᠷᠴᠡᠭ ᠢ ᠬᠠᠶᠢᠨ ᠰᠢᠨᠵᠢᠯᠡᠬᠦ ᠵᠤᠷᠢᠭ ᠰᠠᠨᠠᠭ᠎ᠠ ᠶᠢ ᠶᠡᠭᠡ ᠪᠠᠷ ᠪᠠᠲᠠᠷᠠᠭᠤᠯᠵᠦ᠂ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠰᠢᠨ᠎ᠠ | ᠤᠷᠬᠢᠯ ᠳᠤ ᠭᠠᠷᠬᠤ ᠪᠠᠷ ᠲᠠᠰᠤᠷᠠᠯᠲᠠ ᠦᠭᠡᠢ ᠴᠢᠷᠮᠠᠶᠢᠵᠤ᠂ ᠪᠠᠶᠠᠷᠯᠠᠭᠤᠰᠢᠲᠠᠢ ᠪᠦᠭᠡᠳ ᠰᠡᠳᠬᠢᠯ ᠬᠠᠨᠤᠮᠵᠢᠳᠠᠢ ᠠᠮᠵᠢᠯᠳᠠ ᠤᠯᠵᠠᠢ᠃ ᠬᠦᠪᠡᠭᠡ ᠬᠢᠵᠠᠭᠠᠷ ᠦᠭᠡᠢ | ᠰᠠᠠᠰᠠᠷ ᠤᠭᠲᠠᠷᠭᠤᠢ ᠶᠢ ᠬᠠᠶᠢᠨ ᠰᠢᠨᠵᠢᠯᠡᠬᠦ ᠪᠤᠯ ᠬᠦᠮᠦᠨ ᠲᠦᠷᠦᠯᠬᠢᠲᠠᠠ ᠤ ᠬᠠᠮᠲᠤ ᠶᠢᠨ ᠬᠦᠰᠡᠯ ᠵᠡᠭᠦᠲᠦ ᠮᠦᠨ᠂ ᠰᠠᠷᠠᠨ ᠪᠦᠮᠪᠦᠷᠴᠡᠭ ᠢ ᠬᠠᠶᠢᠨ ᠰᠢᠨᠵᠢᠯᠡᠬᠦ | ᠢᠨᠵᠧᠨᠧᠷᠢᠩ ᠤᠨ ᠲᠦᠷᠪᠡᠲᠦᠭᠡᠷ ᠬᠤᠭᠤᠴᠠᠭᠠᠨ ᠤ ᠠᠵᠢᠯᠯᠠᠭ᠎ᠠ ᠶᠢ ᠰᠠᠶᠢᠳᠦᠷ ᠭᠡᠷᠡᠭᠵᠢᠭᠦᠯᠬᠦ ᠶᠢ ᠠᠬᠢᠭᠤᠯᠵᠦ᠂ ᠤᠳᠤᠨ ᠤᠷᠤᠨ ᠢ ᠬᠠᠶᠢᠨ ᠰᠢᠨᠵᠢᠯᠡᠬᠦ ᠰᠢᠨ᠎ᠠ ᠠᠶᠠᠠ | ᠢ ᠠᠯᠬᠤᠮ ᠠᠯᠬᠤᠮ ᠢᠶᠠᠷ ᠡᠬᠢᠯᠡᠭᠦᠯᠬᠦ ᠬᠡᠷᠡᠭᠲᠡᠢ᠃ ᠰᠢᠨ᠎ᠠ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠮᠵᠢ ᠶᠢᠨ ᠲᠠᠪᠠᠭᠤᠯᠢᠭ ᠢ ᠦᠷᠬᠦᠯᠵᠢᠯᠡᠡ ᠪᠠᠲᠠᠷᠠᠭᠤᠯᠵᠦ᠂ | ᠪᠡᠶ᠎ᠠ ᠪᠠᠨ ᠲᠠᠭᠠᠭᠠᠵᠦ ᠰᠢᠨ᠎ᠠ ᠶᠢ ᠡᠭᠦᠳᠬᠦ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠨᠢᠭᠡᠲᠦᠯᠲᠡᠢ ᠲᠦᠯᠦᠪᠵᠢᠭᠦᠯᠵᠦ᠂ ᠴᠢᠷᠮᠠᠶᠢᠭᠰᠠᠠ ᠲᠡᠭᠡᠷ᠎ᠠ ᠪᠠᠨ ᠴᠢᠷᠮᠠᠶᠢᠵᠦ᠂ | ᠲᠤᠮᠲᠠᠲᠤ ᠤᠯᠤᠰ ᠤᠨ ᠰᠠᠠᠰᠠᠷ ᠤᠨ ᠠᠶᠠᠯᠠᠯ ᠤᠨ ᠤᠭᠲᠠᠷᠭᠤᠢ ᠶᠢᠨ ᠰᠢᠨᠵᠢᠯᠡᠬᠦ ᠤᠬᠠᠭᠠᠠ᠂ ᠤᠭᠲᠠᠷᠭᠤᠢ ᠶᠢᠨ ᠮᠡᠷᠭᠡᠵᠢᠯ᠂ ᠤᠭᠲᠠᠷᠭᠤᠢ ᠶᠢᠨ ᠭᠡᠷᠡᠭᠯᠡᠭᠡᠡ ᠤ ᠰᠢᠨ᠎ᠠ | ᠶᠢ ᠡᠭᠦᠳᠬᠦ ᠬᠦᠭᠵᠢᠯᠲᠠ ᠶᠢ ᠠᠬᠢᠭᠤᠯᠵᠦ᠂ ᠤᠯᠠᠠ ᠤᠯᠤᠰ ᠤᠨ ᠬᠠᠮᠲᠤᠷᠠᠯᠴᠠᠭ᠎ᠠ ᠶᠢ ᠢᠲᠠᠪᠬᠢᠲᠠᠢ ᠦᠷᠨᠢᠭᠦᠯᠤᠨ᠂ ᠬᠦᠮᠦᠨ ᠲᠦᠷᠦᠯᠬᠢᠲᠠᠠ ᠤ ᠪᠤᠶᠠᠠ ᠵᠢᠷᠭᠠᠯ ᠢ | ᠨᠡᠮᠡᠭᠲᠡᠭᠦᠯᠬᠦ ᠳᠤ ᠨᠡᠩ ᠶᠡᠭᠡ ᠰᠢᠨ᠎ᠠ ᠬᠤᠪᠢ ᠨᠡᠮᠡᠷᠢ ᠦᠵᠡᠭᠦᠯᠬᠦ ᠭᠡᠷᠡᠭᠲᠡᠢ ᠭᠡᠵᠦ ᠴᠢᠬᠤᠯᠠᠴᠢᠯᠠᠪᠠ᠃ | | | | | | | | 2 ᠰᠠᠷ᠎ᠠ ᠶᠢᠨ 22 ᠤᠨ ᠡᠳᠦᠷ᠂ ᠨᠠᠮ ᠪᠤᠯᠤᠨ ᠲᠦᠷᠤ ᠶᠢᠨ ᠤᠳᠤᠷᠢᠳᠬᠤ ᠬᠦᠮᠦᠨ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ | ᠬᠤ᠋ ᠨᠢᠩ᠂ ᠵᠤᠤ ᠯᠧ ᠵᠢᠢ᠂ ᠬᠠᠨ ᠵᠧᠩ ᠨᠠᠷ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠭᠢᠮ ᠳᠤ ᠰᠠᠷᠠᠨ ᠪᠦᠮᠪᠦᠷᠴᠡᠭ ᠢ ᠬᠠᠶᠢᠨ ᠰᠢᠨᠵᠢᠯᠡᠬᠦ ᠢᠨᠵᠧᠨᠧᠷᠢᠩ | ᠤᠨ ᠴᠠᠩ ᠡᠸ᠋ ᠲᠠᠪᠤᠳᠤᠭᠠᠷ ᠨᠡᠷᠡᠮᠵᠢᠳᠤ ᠡᠭᠦᠷᠭᠡ ᠶᠢᠨ ᠰᠣᠳᠤᠯᠭᠠᠨ ᠪᠠ ᠲᠤᠷᠰᠢᠯᠲᠠ ᠳᠤ ᠤᠷᠤᠯᠴᠠᠭᠰᠠᠨ ᠬᠦᠮᠦᠰ ᠤᠨ ᠲᠦᠯᠦᠭᠡᠯᠡᠭᠴᠢ ᠲᠠᠢ ᠠᠭᠤᠯᠵᠠᠬᠤ ᠶᠢᠨ ᠬᠠᠮᠳᠤ | ᠰᠠᠷᠠᠨ ᠪᠦᠮᠪᠦᠷᠴᠡᠭ ᠤᠨ ᠦᠯᠢᠭᠡᠷ ᠶᠠᠩᠵᠤ ᠪᠤᠯᠤᠨ ᠰᠠᠷᠠᠨ ᠪᠦᠮᠪᠦᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠦᠷ᠎ᠠ ᠪᠦᠲᠦᠭᠡᠯ ᠤᠨ ᠦᠵᠡᠰᠭᠦᠯᠡᠩ ᠢ ᠲᠤᠭᠤᠷᠢᠨ | ᠦᠵᠡᠪᠡ᠃ ᠵᠢᠷᠤᠭ ᠪᠤᠯ ᠰᠢ ᠶᠢᠨ ᠫᠢᠩ ᠨᠠᠷ ᠠᠷᠠᠳ ᠤᠨ ᠶᠡᠭᠡ ᠬᠤᠷᠠᠯ ᠤᠨ ᠲᠠᠩᠭᠢᠮ ᠤᠨ ᠵᠡᠭᠦᠨ ᠶᠡᠭᠡ ᠲᠢᠩᠭᠢᠮ ᠳᠤ ᠬᠦᠷᠴᠤ᠂ ᠰᠠᠷᠠᠨ ᠪᠦᠮᠪᠦᠷᠴᠡᠭ ᠤᠨ ᠦᠯᠢᠭᠡᠷ | ᠶᠠᠩᠵᠤ ᠪᠤᠯᠤᠨ ᠰᠠᠷᠠᠨ ᠪᠦᠮᠪᠦᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠦᠷ᠎ᠠ ᠪᠦᠲᠦᠭᠡᠯ ᠤᠨ ᠦᠵᠡᠰᠭᠦᠯᠡᠩ ᠢ ᠲᠣᠭᠤᠷᠢᠨ ᠦᠵᠡᠵᠦ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ | | ᠳ᠋ᠢᠩ ᠰᠢᠤᠸᠠᠢ ᠰᠢᠶᠠᠩ᠂ ᠯᠢᠤ ᠡᡁᠧ᠂ ᠵᠠᠩ ᠶᠢᠤ ᠰᠢᠶᠠ᠂ ᠴᠸᠠ ᠰᠢ᠂ ᠬᠤᠸᠠᠩ ᠺᠦᠨ ᠮᠢᠩ᠂ ᠸᠠᠩ ᠶᠦᠩ᠂ ᠰᠢᠶᠤᠤ ᠵᠢᠶᠧ ᠲᠡᠭᠡᠷ᠎ᠠ ᠲᠤᠷᠠᠲᠤᠭᠰᠠᠠ | ᠠᠵᠢᠯᠯᠠᠭ᠎ᠠ ᠳᠤ ᠤᠷᠤᠯᠴᠠᠵᠠᠢ᠃ ᠰᠠᠷᠠᠠ ᠪᠦᠮᠪᠦᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠤᠲᠤᠷᠢᠳᠬᠤ ᠲᠤᠭᠤᠢᠢᠯᠠᠩ ᠤᠨ ᠪᠦᠷᠢᠯᠳᠦᠭᠦᠨ ᠵᠢᠴᠢ ᠬᠤᠯᠪᠤᠭᠠᠴᠢᠨ᠂ | ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠠ ᠨᠦᠬᠦᠳ᠂ ᠬᠤᠯᠪᠤᠭᠲᠠᠯ ᠪᠦᠬᠦᠢ ᠮᠤᠵᠢ᠂ ᠦᠪᠡᠷᠲᠡᠭᠡᠡ ᠵᠠᠰᠠᠬᠤ ᠤᠷᠤᠨ᠂ ᠰᠢᠭᠤᠳ ᠬᠠᠷᠢᠶ᠎ᠠ | ᠬᠤᠲᠠ ᠶᠢᠨ ᠡᠬᠦᠷᠭᠡ ᠶᠢ ᠪᠠᠲᠤᠯᠠᠬᠤ ᠰᠠᠯᠠᠭ᠎ᠠ ᠮᠦᠴᠢᠷ ᠤᠨ ᠲᠦᠯᠦᠭᠡᠯᠡᠭᠴᠢ ᠵᠡᠷᠭᠡ ᠬᠦᠮᠦᠰ ᠬᠤᠷᠠᠯ ᠳᠤ ᠤᠷᠤᠯᠴᠠᠵᠠᠢ᠃ | ᠰᠠᠷᠠᠠ ᠪᠦᠮᠪᠦᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠢ ᠭᠡᠷᠡᠭᠵᠢᠭᠦᠯᠬᠦ ᠪᠤᠯ ᠨᠠᠮ ᠤᠨ ᠲᠦᠪ ᠬᠤᠷᠢᠶ᠎ᠠ ᠮᠠᠠ ᠤ ᠤᠯᠤᠰ ᠤᠨ ᠠᠵᠦ ᠠᠬᠤᠢ ᠰᠢᠨᠵᠢᠯᠡᠬᠦ | ᠤᠬᠠᠭᠠᠠ ᠲᠧᠭᠨᠢᠭ ᠮᠡᠷᠭᠡᠵᠢᠯ ᠤᠨ ᠬᠦᠭᠵᠢᠯᠲᠠ ᠶᠢᠨ ᠶᠡᠭᠡ ᠬᠠᠨᠳᠤᠰᠢ ᠶᠢ ᠡᠵᠡᠮᠳᠡᠨ ᠲᠤᠭᠲᠠᠭᠠᠭᠰᠠᠠ ᠴᠢᠬᠤᠯᠠ ᠶᠡᠭᠡ ᠪᠠᠶᠢᠯᠲᠤᠬᠤ ᠪᠤᠲᠤᠯᠭ᠎ᠠ ᠶᠢᠨ ᠰᠢᠢᠳᠪᠦᠷᠢᠲᠦ | ᠪᠤᠲᠤᠯᠭ᠎ᠠ ᠪᠤᠯᠤᠨ᠎ᠠ᠂ ᠢᠨᠵᠧᠨᠧᠷᠢᠩ ᠤᠨ ᠲᠦᠷᠦᠯ ᠵᠦᠢᠯ ᠢ ᠲᠤᠭᠲᠠᠭᠠᠭᠰᠠᠠ ᠠᠴᠠ ᠨᠠᠭᠠᠰᠢ ᠵᠢᠷᠭᠤᠭᠠᠨ ᠤᠲᠠᠭ᠎ᠠ ᠬᠠᠶᠢᠨ ᠰᠢᠨᠵᠢᠯᠡᠯᠲᠡ ᠶᠢᠨ ᠡᠬᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠵᠠᠢ᠃ ᠴᠡᠩ ᠡᠸ᠋ ᠲᠠᠪᠤᠲᠤᠭᠠᠷ ᠨᠡᠷᠡᠮᠵᠢᠳᠦ ᠡᠬᠦᠷᠭᠡ ᠨᠢ ᠮᠠᠠ ᠤ ᠤᠯᠤᠰ ᠤᠨ ᠬᠠᠮᠤᠭ ᠤᠨ ᠨᠠᠷᠢᠨ ᠪᠤᠲᠤᠯᠢᠶᠠᠠᠲᠠᠢ᠂ ᠮᠡᠷᠭᠡᠵᠢᠯ ᠤᠨ | ᠠᠯᠭᠠᠰᠠᠯ ᠬᠠᠮᠤᠭ ᠤᠨ ᠶᠡᠭᠡ ᠰᠠᠠᠰᠠᠷ ᠤᠨ ᠠᠶᠠᠯᠠᠯ ᠤᠨ ᠰᠢᠰᠲ᠋ᠧᠮᠳᠤ ᠢᠨᠵᠧᠨᠧᠷᠢᠩ ᠪᠤᠯᠤᠭᠰᠠᠨ ᠤ ᠬᠤᠪᠢ ᠳᠤ᠂ 2020 ᠣᠨ ᠤ 12 ᠰᠠᠷ᠎ᠠ ᠶᠢᠨ 17 ᠤ ᠡᠲᠦᠷ | ᠮᠠᠠ ᠤ ᠤᠯᠤᠰ ᠲᠡᠯᠡᠭᠡᠢ ᠶᠢᠨ ᠪᠦᠮᠪᠦᠷᠴᠡᠭ ᠠᠴᠠ ᠭᠠᠲᠠᠨᠠᠬᠢ ᠤᠲᠤᠨ ᠭᠠᠷᠠᠭ ᠠᠴᠠ ᠦᠯᠢᠭᠡᠷ ᠶᠠᠩᠵᠤ ᠠᠪᠤᠭᠠᠳ ᠪᠤᠴᠠᠵᠤ ᠢᠷᠡᠬᠦ ᠶᠢ ᠠᠩᠬ᠎ᠠ ᠤᠳᠠᠭ᠎ᠠ ᠪᠡᠶᠡᠯᠡᠭᠦᠯᠵᠦ᠂ | ᠮᠠᠠ ᠤ ᠤᠯᠤᠰ ᠤᠨ ᠢᠷᠡᠭᠡᠳᠦᠢ ᠳᠤ ᠰᠠᠷᠠᠠ ᠪᠦᠮᠪᠦᠷᠴᠡᠭ ᠪᠤᠯᠤᠨ ᠤᠲᠤᠨ ᠭᠠᠷᠠᠭ ᠢ ᠬᠠᠶᠢᠨ ᠰᠢᠨᠵᠢᠯᠡᠬᠦ ᠳᠤ ᠪᠠᠲᠤ ᠰᠠᠭᠤᠷᠢ ᠲᠠᠯᠪᠢᠵᠦ ᠦᠭᠭᠦᠭᠰᠡᠡ ᠪᠠᠶᠢᠨ᠎ᠠ᠃ |