ᠤᠯᠠᠭᠠᠨᠬᠠᠳᠠ ᠬᠤᠲᠠ ᠪᠥᠬᠦ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠰᠠᠨ ᠬᠤᠭᠤᠴᠠᠭᠠᠨ ᠳᠤ ᠳᠠᠬᠢᠨ ᠢᠶᠠᠷ ᠨᠡᠮᠡᠭᠳᠡᠭᠦᠯᠬᠦ ᠬᠠᠷᠠᠯᠲᠠ ᠪᠠᠨ ᠪᠡᠶᠡᠯᠡᠭᠦᠯᠪᠡ
ᠨᠡᠶᠢᠲᠡᠯᠡᠭᠰᠡᠨ ᠴᠠᠭ᠄
2021/2/23

     2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠲᠠ ᠶᠢ ᠪᠡᠶᠡᠯᠡᠭᠦᠯᠬᠦ ᠵᠢᠯ ᠮᠥᠨ᠂ ᠪᠠᠰᠠ ᠴᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠰᠡᠬᠦᠯ ᠬᠤᠷᠢᠶᠠᠬᠤ ᠵᠢᠯ ᠶᠤᠮ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠯᠠᠭᠠᠨᠬᠠᠳᠠ ᠶᠢᠨ ᠪᠠᠶᠢᠴᠠᠭᠠᠯᠲᠠ ᠶᠢᠨ ᠠᠩᠭᠢ ᠶᠢᠨ ᠥᠯᠢᠭᠡᠷ ᠠᠪᠴᠤ ᠪᠠᠶᠢᠴᠠᠭᠠᠭᠰᠠᠨ ᠢ ᠦᠨᠳᠦᠰᠦᠯᠡᠪᠡᠯ᠂ 2020 ᠣᠨ ᠳᠤ ᠤᠯᠠᠭᠠᠨᠬᠠᠳᠠ ᠬᠤᠲᠠ ᠶᠢᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 23663 ᠲᠥᠭᠦᠷᠢᠭ ᠲᠤ ᠬᠦᠷᠴᠦ᠂ ᠪᠠᠷᠠᠭᠠᠨ ᠤ ᠦᠨ᠎ᠡ ᠶᠢᠨ ᠬᠦᠴᠦᠨ ᠵᠦᠶᠯ ᠢ ᠬᠠᠰᠤᠪᠠᠯ᠂ 2010 ᠣᠨ ᠤ ᠬᠢ ᠠᠴᠠ ᠪᠣᠲᠠᠲᠠᠢ ᠪᠠᠷ 1.17 ᠳᠠᠬᠢᠨ ᠨᠡᠮᠡᠭᠳᠡᠵᠦ᠂ ︽2010 ᠣᠨ ᠠᠴᠠ 2020 ᠣᠨ ᠪᠣᠯᠬᠤ ᠳᠤ ᠣᠷᠣᠯᠭ᠎ᠠ ᠪᠠᠨ ᠬᠤᠶᠠᠷ ᠳᠠᠬᠢᠨ ᠨᠡᠮᠡᠭᠳᠡᠭᠦᠯᠬᠦ︾ ᠵᠢᠱᠢᠭᠰᠡᠨ ᠬᠠᠷᠠᠯᠲᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠡᠢ᠃ ᠤᠯᠠᠭᠠᠨᠬᠠᠳᠠ ᠬᠤᠲᠠ ᠪᠥᠬᠦ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠰᠠᠨ ᠬᠤᠭᠤᠴᠠᠭᠠᠨ ᠳᠤ ᠳᠠᠬᠢᠨ ᠢᠶᠠᠷ ᠨᠡᠮᠡᠭᠳᠡᠭᠦᠯᠬᠦ ᠬᠠᠷᠠᠯᠲᠠ ᠪᠠᠨ ᠪᠡᠶᠡᠯᠡᠭᠦᠯᠦᠭᠰᠡᠨ ᠨᠢ ᠭᠤᠤᠯᠳᠠᠭᠤ ᠳᠣᠤᠷᠠᠬᠢ ᠲᠠᠪᠤᠨ ᠲᠠᠯ᠎ᠠ ᠶᠢᠨ ᠰᠢᠯᠲᠠᠭᠠᠨ ᠠᠴᠠ ᠪᠣᠯᠵᠠᠶ᠄ ᠨᠢᠭᠡ ᠳᠤ ︽ᠵᠢᠷᠭᠤᠭ᠎ᠠ ᠶᠢ ᠲᠣᠭᠲᠠᠪᠤᠷᠢᠵᠢᠭᠤᠯᠤᠨ ᠵᠢᠷᠭᠤᠭ᠎ᠠ ᠶᠢ ᠪᠠᠲᠤᠯᠠᠬᠤ︾ ᠲᠥᠷᠥ ᠶᠢᠨ ᠪᠣᠳᠣᠯᠭ᠎ᠠ ᠶᠢ ᠢᠳᠡᠪᠬᠢᠲᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠠᠯᠢᠩ ᠤᠨ ᠴᠢᠨᠠᠷᠲᠠᠶ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠦᠨᠡᠨ ᠬᠦ ᠪᠠᠲᠤᠯᠠᠪᠠ︔ ᠬᠤᠶᠠᠷ ᠲᠤ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠨᠰᠢᠭᠦᠯᠵᠦ᠂ ᠰᠢᠯᠵᠢᠯᠲᠡ ᠶᠢᠨ ᠴᠢᠨᠠᠷᠲᠠᠢ ᠣᠷᠣᠯᠭ᠎ᠠ ᠶᠢ ᠣᠷᠣᠯᠭ᠎ᠠ ᠪᠠᠭ᠎ᠠ ᠰᠠᠭᠤᠭᠠᠯᠢ ᠠᠷᠠᠳ ᠤᠨ ᠭᠡᠷ ᠪᠦᠯᠢ ᠤᠳ ᠤᠨ ᠴᠢᠬᠤᠯᠠ ᠪᠠᠲᠤᠯᠠᠭ᠎ᠠ ᠪᠣᠯᠭᠠᠵᠠᠢ︔ ᠭᠤᠷᠪᠠ ᠳᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠰᠠᠭᠤᠭᠠᠯᠢ ᠠᠷᠠᠳ ᠤᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠪᠡ︔ ᠲᠦᠷᠪᠡ ᠳᠤ ᠣᠷᠣᠯᠭ᠎ᠠ ᠨᠡᠮᠡᠭᠳᠡᠭᠦᠯᠬᠦ ᠠᠷᠭ᠎ᠠ ᠵᠠᠮ ᠢ ᠦᠷᠭᠡᠳᠬᠡᠨ᠂ ᠡᠳ᠋ ᠬᠦᠷᠦᠩᠭᠡ ᠶᠢᠨ ᠴᠢᠨᠠᠷᠲᠠᠢ ᠣᠷᠣᠯᠭ᠎ᠠ ᠶᠢ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠬᠢᠯᠠᠰ ᠴᠡᠭ ᠪᠣᠯᠭᠠᠪᠠ︔ ᠲᠠᠪᠤ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠷᠢᠨ ᠬᠢᠨᠠᠮᠠᠭᠠᠶ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠢᠯᠡᠳᠲᠡ ᠲᠦᠷᠭᠡᠳᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ