ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠥ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠳᠡᠥᠬᠡ ᠶᠢᠨ ᠰᠤᠷᠤᠯᠴᠠᠯᠭ᠎ᠠ ᠬᠦᠮᠦᠵᠢᠯ ᠤᠨ ᠳᠠᠶᠢᠴᠢᠯᠠᠯᠳᠠ ᠶᠢᠨ ᠶᠡᠭᠡ ᠬᠤᠷᠠᠯ ᠳᠡᠬᠡᠷᠡᠬᠢ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠪᠠ  ᠱᠢ ᠲᠠᠢ ᠹᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2021/2/24

     2 ᠰᠠᠷ᠎ᠠ ᠶᠢᠨ 23 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠥ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠳᠡᠥᠬᠡ ᠶᠢᠨ ᠰᠤᠷᠤᠯᠴᠠᠯᠭ᠎ᠠ ᠬᠦᠮᠦᠵᠢᠯ ᠤᠨ ᠳᠠᠶᠢᠴᠢᠯᠠᠯᠳᠠ ᠶᠢᠨ ᠶᠡᠭᠡ ᠬᠤᠷᠠᠯ ᠳᠡᠬᠡᠷᠡᠬᠢ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠰᠤᠷᠤᠯᠴᠠᠵᠥ᠂ ᠮᠠᠨ ᠤ ᠤᠷᠤᠨ ᠤ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠵᠥ᠂ ᠨᠠᠮ ᠤᠨ ᠳᠡᠥᠬᠡ ᠶᠢᠨ ᠰᠤᠷᠤᠯᠴᠠᠯᠭ᠎ᠠ ᠬᠦᠮᠦᠵᠢᠯ ᠦᠷᠨᠢᠬᠦᠯᠬᠦ ᠳᠤᠬᠠᠢ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠡᠷᠡᠭᠵᠢᠬᠦᠯᠬᠦ ᠳᠦᠰᠦᠯ ᠢ ᠬᠢᠨᠠᠨ ᠵᠦᠪᠯᠡᠪᠡ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠵᠡᠢ᠃
     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠠᠮ ᠤᠨ ᠳᠡᠥᠬᠡ ᠶᠢᠨ ᠰᠤᠷᠤᠯᠴᠠᠯᠭ᠎ᠠ ᠬᠦᠮᠦᠵᠢᠯ ᠦᠷᠨᠢᠬᠦᠯᠬᠦ ᠶᠢᠨ ᠴᠢᠬᠤᠯᠠ ᠶᠡᠭᠡ ᠠᠴᠢ ᠬᠤᠯᠪᠤᠬᠳᠠᠯ ᠢ ᠬᠦᠨᠵᠡᠬᠡᠢ ᠳᠤᠳᠤᠷᠬᠠᠢᠢᠯᠠᠨ ᠦᠬᠦᠯᠡᠵᠥ᠂ ᠨᠠᠮ ᠤᠨ ᠳᠡᠥᠬᠡ ᠶᠢᠨ ᠰᠤᠷᠤᠯᠴᠠᠯᠭ᠎ᠠ ᠬᠦᠮᠦᠵᠢᠯ ᠤᠨ ᠭᠤᠤᠯᠳᠠᠯᠭ᠎ᠠ ᠪᠠ ᠠᠵᠢᠯ ᠤᠨ ᠱᠠᠭᠠᠷᠳᠠᠯᠭ᠎ᠠ ᠶᠢ ᠬᠦᠨᠵᠡᠬᠡᠢ ᠳᠤᠳᠤᠷᠬᠠᠢᠢᠯᠠᠨ᠂ ᠨᠢᠬᠡ ᠤᠳᠠᠭᠠᠨ ᠤ ᠪᠦᠬᠦ ᠳᠠᠯ᠎ᠠ ᠶᠢᠨ ᠠᠵᠢᠯ ᠤᠨ ᠪᠠᠶᠢᠷᠢᠯᠠᠭᠤᠯᠤᠯᠳᠠ ᠪᠤᠯᠬᠤ ᠪᠦᠭᠡᠳ ᠨᠢᠬᠡ ᠤᠳᠠᠭᠠᠨ ᠤ ᠠᠮᠢᠳᠤᠯᠢᠭ ᠪᠦᠬᠡᠳ ᠬᠦᠨᠵᠡᠬᠡᠢ ᠨᠠᠮ ᠤᠨ ᠳᠡᠥᠬᠡ ᠶᠢᠨ ᠬᠦᠮᠦᠵᠢᠯ ᠤᠨ ᠬᠢᠴᠢᠶᠠᠯ ᠮᠦᠨ᠂ ᠮᠠᠷᠺᠰ ᠤᠨ ᠦᠵᠡᠯ ᠤᠨ ᠳᠡᠥᠬᠡ ᠶᠢᠨ ᠪᠤᠳᠠᠰᠴᠢ ᠦᠵᠡᠯᠳᠡ ᠶᠢᠨ ᠬᠡᠷᠡᠯ ᠬᠢᠯᠪᠠᠭ᠎ᠠ ᠰᠠᠴᠤᠷᠠᠵᠥ᠂ ᠨᠠᠮ ᠤᠨ ᠳᠡᠥᠬᠡ ᠶᠢᠨ ᠰᠤᠷᠤᠯᠴᠠᠯᠭ᠎ᠠ ᠬᠦᠮᠦᠵᠢᠯ ᠢ ᠰᠠᠶᠢᠳᠤᠷ ᠦᠷᠨᠢᠬᠦᠯᠬᠦ ᠴᠢᠭᠯᠡᠯ ᠢ ᠳᠤᠳᠤᠷᠬᠠᠢ ᠵᠢᠭᠠᠨ ᠦᠭᠴᠤ᠂ ᠦᠨᠳᠦᠰᠦᠨ ᠵᠢᠷᠤᠮᠯᠠᠯ ᠬᠠᠩᠭᠠᠪᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠦᠢᠯᠠᠭᠠᠵᠥ᠂ ᠬᠦᠨᠵᠡᠬᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠨᠠᠮ ᠤᠨ ᠳᠡᠥᠬᠡ ᠶᠢ ᠰᠤᠷᠤᠯᠴᠠᠵᠥ ᠬᠡᠷᠡᠭᠯᠡᠬᠦ ᠶᠢᠨ ᠴᠢᠬᠤᠯᠠ ᠴᠢᠨᠠᠷ ᠪᠤᠯᠤᠨ ᠬᠡᠷᠡᠭᠴᠡᠭᠡᠳᠦ ᠴᠢᠨᠠᠷ ᠢ ᠬᠦᠨᠵᠡᠬᠡᠢ ᠳᠠᠨᠢᠵᠥ᠂ ᠨᠠᠮ ᠤᠨ ᠳᠦᠪ ᠬᠤᠷᠢᠶ᠎ᠠ ᠠᠴᠠ ᠮᠠᠨ ᠤ ᠨᠠᠮ ᠤᠨ ᠪᠠᠶᠢᠭᠤᠯᠤᠬᠳᠠᠬᠰᠠᠨ ᠵᠠᠭᠤᠨ ᠵᠢᠯ ᠤᠨ ᠤᠢ ᠶᠢ ᠪᠡᠯᠬᠡᠯᠡᠬᠦ ᠳᠠᠰᠢᠷᠠᠮ ᠳᠤ ᠨᠠᠮ ᠤᠨ ᠳᠡᠥᠬᠡ ᠶᠢᠨ ᠰᠤᠷᠤᠯᠴᠠᠯᠭ᠎ᠠ ᠬᠦᠮᠦᠵᠢᠯ ᠦᠷᠨᠢᠬᠦᠯᠬᠦ ᠪᠠᠷ ᠳᠤᠬᠳᠠᠬᠰᠠᠨ ᠴᠢᠬᠤᠯᠠ ᠶᠡᠭᠡ ᠠᠴᠢ ᠬᠤᠯᠪᠤᠬᠳᠠᠯ ᠪᠤᠯᠤᠨ ᠠᠯᠤᠰ ᠬᠡᠳᠤ ᠶᠢᠨ ᠪᠤᠳᠤᠯᠬᠢᠯᠠᠯ ᠢ ᠬᠦᠨᠵᠡᠬᠡᠢ ᠦᠢᠯᠠᠭᠠᠵᠥ᠂ ᠨᠠᠮ ᠤᠨ ᠳᠡᠥᠬᠡ ᠶᠢᠨ ᠰᠤᠷᠤᠯᠴᠠᠯᠭ᠎ᠠ ᠬᠦᠮᠦᠵᠢᠯ ᠦᠷᠨᠢᠬᠦᠯᠬᠦ ᠶᠢ ᠪᠦᠬᠦ ᠵᠢᠯ ᠳᠤ ᠳᠤᠭᠤᠰᠢᠯᠠᠭᠳᠠᠬᠤ ᠨᠢᠬᠡᠨ ᠴᠢᠬᠤᠯᠠ ᠶᠡᠭᠡ ᠤᠯᠤᠰ ᠳᠦᠷᠦ ᠶᠢᠨ ᠡᠬᠦᠷᠬᠡ ᠪᠤᠯᠭᠠᠨ᠂ ᠳᠡᠬᠡᠳᠤ ᠬᠡᠮᠵᠢᠶᠡᠨ ᠤ ᠤᠯᠤᠰ ᠳᠦᠷᠦ ᠶᠢᠨ ᠬᠠᠷᠢᠭᠤᠴᠠᠯᠭᠠᠳᠤ ᠰᠡᠳᠬᠢᠯᠭᠡ ᠪᠤᠯᠤᠨ ᠴᠢᠩᠭ᠎ᠠ ᠬᠦᠴᠦᠳᠠᠢ ᠳᠡᠥᠬᠡ ᠶᠢᠨ ᠡᠬᠦᠷᠬᠡᠳᠤ ᠪᠤᠳᠤᠯ ᠢᠶᠠᠷ ᠴᠢᠩᠭ᠎ᠠ ᠠᠳᠬᠤᠵᠤ ᠪᠤᠳᠠᠳᠠᠢ ᠠᠳᠬᠤᠨ ᠦᠷ᠎ᠡ ᠪᠦᠳᠦᠮᠵᠢ ᠭᠠᠷᠭᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃
     ᠬᠤᠷᠠᠯ ᠠᠴᠠ᠂ ᠪᠦᠬᠦ ᠤᠷᠤᠨ ᠤ ᠡᠯ᠎ᠡ ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠢᠢᠯᠠᠩ︶ ᠨᠠᠮ ᠤᠨ ᠳᠦᠪ ᠬᠤᠷᠢᠶᠠᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠡᠷᠡᠭᠵᠢᠬᠦᠯᠬᠦ ᠳᠦᠰᠦᠯ ᠤᠨ ᠳᠤᠬᠢᠷᠠᠭᠤᠯᠤᠯᠳᠠ ᠶᠤᠰᠤᠭᠠᠷ᠂ ᠭᠤᠤᠯᠳᠠᠯᠭ᠎ᠠ ᠶᠢ ᠡᠵᠡᠮᠳᠡᠨ᠂ ᠵᠠᠩᠭᠢᠯᠠᠭ᠎ᠠ ᠶᠢ ᠠᠳᠬᠤᠵᠥ᠂ ᠰᠤᠷᠤᠯᠴᠠᠯᠭ᠎ᠠ ᠬᠦᠮᠦᠵᠢᠯ ᠤᠨ ᠡᠯ᠎ᠡ ᠵᠦᠢᠯ ᠤᠨ ᠠᠵᠢᠯ ᠢ ᠦᠨᠳᠦᠷ ᠪᠠᠷᠢᠮᠵᠢᠶ᠎ᠠ ᠪᠠᠷ ᠴᠢᠨᠠᠷ ᠰᠠᠶᠢᠳᠠᠢ ᠠᠬᠢᠭᠤᠯᠵᠥ᠂ ᠦᠷᠬᠡᠨ ᠤᠯᠠᠨ ᠨᠠᠮ ᠤᠨ ᠬᠡᠰᠢᠬᠦᠨ ᠤ ᠨᠠᠮ ᠤᠨ ᠳᠡᠮᠡᠴᠡᠯ ᠤᠨ ᠶᠠᠪᠤᠴᠠ ᠪᠤᠯᠤᠨ ᠠᠭᠤᠤ ᠶᠡᠭᠡ ᠠᠮᠵᠢᠯᠳᠡ ᠪᠠᠷ ᠡᠷᠴᠢ ᠵᠤᠷᠢᠬ ᠢᠶᠠᠨ ᠬᠦᠪᠴᠢᠯᠡᠵᠥ᠂ ᠴᠢᠭᠯᠡᠯ ᠢᠶᠠᠨ ᠳᠤᠳᠤᠷᠬᠠᠢᠢᠯᠠᠨ᠂ ᠨᠠᠮ ᠤᠨ ᠢᠷᠠᠭᠤ ᠠᠯᠳᠠᠷᠳᠤ ᠤᠯᠠᠮᠵᠢᠯᠠᠯ ᠪᠤᠯᠤᠨ ᠰᠢᠯᠢᠳᠡᠭ ᠰᠤᠷᠳᠠᠯ ᠢᠶᠠᠷ ᠢᠳᠡᠬᠡᠯ ᠪᠢᠰᠢᠷᠡᠯ ᠢᠶᠠᠨ ᠪᠠᠳᠤᠳᠬᠠᠵᠤ᠂ ᠬᠦᠴᠦᠨ ᠴᠢᠳᠠᠯ ᠢᠶᠠᠨ ᠨᠢᠬᠳᠠᠷᠠᠭᠤᠯᠤᠨ᠂ ᠨᠠᠮ ᠤᠨ ᠦᠢᠯᠡᠳᠦᠯᠬᠡ ᠶᠢᠨ ᠡᠬᠦᠳᠦᠯᠳᠡ ᠪᠤᠯᠤᠨ ᠳᠡᠥᠬᠡ ᠶᠢᠨ ᠳᠤᠷᠰᠢᠯᠭ᠎ᠠ ᠪᠠᠷ ᠤᠢ ᠤᠬᠠᠭᠠᠨ ᠢᠶᠠᠨ ᠭᠡᠭᠡᠷᠡᠭᠦᠯᠵᠦ᠂ ᠵᠠᠩ ᠰᠤᠷᠳᠠᠯ ᠢᠶᠠᠨ ᠳᠠᠪᠳᠠᠨ ᠪᠤᠯᠪᠠᠰᠤᠷᠠᠭᠤᠯᠬᠤ ᠶᠢ ᠬᠦᠮᠦᠵᠢᠬᠦᠯᠤᠨ ᠵᠢᠯᠤᠭᠤᠳᠴᠤ᠂ ᠳᠡᠥᠬᠡ ᠶᠢ ᠰᠤᠷᠤᠯᠴᠠᠵᠦ ᠶᠤᠰᠤ ᠤᠴᠢᠷ ᠢ ᠤᠢᠢᠯᠠᠭᠠᠬᠤ᠂ ᠳᠡᠥᠬᠡ ᠶᠢ ᠰᠤᠷᠤᠯᠴᠠᠵᠦ ᠢᠳᠡᠬᠡᠯ ᠵᠤᠷᠢᠭ ᠢᠶᠠᠨ ᠪᠠᠳᠤᠳᠬᠠᠬᠤ᠂ ᠳᠡᠥᠬᠡ ᠶᠢ ᠰᠤᠷᠤᠯᠴᠠᠵᠦ ᠶᠤᠰᠤ ᠰᠤᠷᠳᠠᠬᠤᠨ ᠢ ᠡᠷᠬᠢᠮᠯᠡᠬᠦ᠂ ᠳᠡᠥᠬᠡ ᠶᠢ ᠰᠤᠷᠤᠯᠴᠠᠵᠦ ᠴᠢᠷᠮᠠᠶᠢᠨ ᠦᠢᠯᠡᠳᠦᠯᠭᠡᠵᠢᠭᠦᠯᠬᠦ ᠶᠢ ᠦᠨᠡᠨ ᠬᠦ ᠪᠡᠶᠡᠯᠡᠬᠦᠯᠵᠥ᠂ ᠨᠠᠮ ᠤᠨ ᠳᠡᠥᠬᠡ ᠶᠢ ᠰᠤᠷᠤᠯᠴᠠᠵᠥ᠂ ᠦᠵᠡᠯ ᠰᠠᠨᠠᠭ᠎ᠠ ᠶᠢ ᠤᠬᠠᠪᠤᠷᠢᠯᠠᠨ᠂ ᠪᠤᠳᠠᠳᠤ ᠶᠠᠪᠤᠳᠠᠯ ᠬᠢᠵᠥ᠂ ᠰᠢᠨ᠎ᠡ ᠪᠠᠶᠢᠳᠠᠯ ᠢ ᠨᠡᠭᠡᠭᠡᠬᠦ ᠶᠢ ᠪᠡᠶᠡᠯᠡᠭᠦᠯᠦᠨ᠂ ᠰᠤᠷᠤᠯᠴᠠᠯᠭ᠎ᠠ ᠬᠦᠮᠦᠵᠢᠯ ᠤᠨ ᠵᠢᠱᠢᠭᠰᠡᠨ ᠦᠷ᠎ᠡ ᠪᠦᠳᠦᠮᠵᠢ ᠤᠯᠬᠤ ᠶᠢ ᠪᠠᠳᠤᠯᠠᠬᠤ ᠬᠡᠷᠡᠭᠳᠡᠢ᠃ ᠵᠦᠪ ᠤᠨᠤᠪᠴᠢᠳᠠᠢ ᠨᠠᠮ ᠤᠨ ᠳᠡᠥᠬᠡ ᠶᠢᠨ ᠦᠵᠡᠯᠳᠡ ᠪᠠᠷ ᠰᠤᠷᠤᠯᠴᠠᠯᠭ᠎ᠠ ᠬᠦᠮᠦᠵᠢᠯ ᠦᠷᠨᠢᠬᠦᠯᠬᠦ ᠶᠢ ᠪᠠᠷᠢᠮᠳᠠᠯᠠᠵᠥ᠂ ᠨᠠᠮ ᠤᠨ ᠲᠡᠤᠬᠡ ᠶᠢᠨ ᠬᠦᠭᠵᠢᠯᠲᠠ ᠶᠢᠨ ᠭᠤᠤᠯ ᠰᠡᠲᠦᠪ ᠭᠤᠤᠯ ᠱᠤᠭᠤᠮ᠂ ᠭᠤᠤᠯ ᠤᠷᠤᠰᠬᠠᠯ ᠮᠦᠨ ᠴᠢᠨᠠᠷ ᠢ ᠪᠠᠳᠤ ᠡᠵᠡᠮᠲᠡᠨ᠂ ᠲᠤᠭ ᠲᠡᠮᠲᠡᠭ ᠲᠤᠲᠤᠷᠬᠠᠢ ᠪᠠᠷ ᠲᠡᠤᠬᠡ ᠶᠢᠨ ᠦᠭᠡᠶᠢᠰᠭᠡᠬᠦ ᠦᠵᠡᠯ ᠢ ᠡᠰᠡᠷᠭᠦᠴᠡᠵᠦ᠂ ᠦᠨᠲᠦᠰᠦᠨ ᠠᠴᠠ ᠨᠢ ᠴᠡᠭᠴᠡᠯᠡᠬᠦ᠂ ᠦᠨᠲᠦᠰᠦ ᠰᠠᠭᠤᠷᠢ ᠶᠢ ᠪᠠᠬᠢᠵᠢᠭᠦᠯᠬᠦ ᠠᠵᠢᠯ ᠢ ᠰᠠᠶᠢᠳᠤᠷ ᠬᠢᠬᠦ ᠭᠡᠷᠡᠭᠲᠡᠢ᠃ ᠦᠪᠦᠷ ᠮᠤᠩᠭᠤᠯ ᠳᠠᠬᠢ ᠨᠠᠮ ᠤᠨ ᠳᠡᠥᠬᠡ ᠪᠤᠯᠤᠨ ᠦᠯᠢᠬᠡᠷ ᠢ ᠰᠠᠶᠢᠳᠦᠷ ᠰᠤᠷᠤᠯᠴᠠᠨ ᠰᠤᠳᠤᠯᠬᠤ ᠪᠠ ᠤᠬᠠᠭᠤᠯᠤᠨ ᠳᠠᠶᠢᠯᠪᠤᠷᠢᠯᠠᠵᠥ᠂ ᠦᠪᠦᠷ ᠮᠤᠩᠭᠤᠯ ᠤᠨ ᠦᠩᠬᠡᠷᠡᠭᠰᠡᠨ᠂ ᠤᠳᠤ ᠪᠠ ᠢᠷᠡᠬᠡᠳᠤᠢ ᠶᠢ ᠳᠤᠳᠤᠷᠬᠠᠢ ᠶᠠᠷᠢᠵᠥ᠂ ᠮᠠᠨ ᠤ ᠤᠷᠤᠨ ᠤ ᠦᠨᠳᠦᠰᠦᠳᠡᠨ ᠤ ᠠᠵᠢᠯ ᠤᠨ ᠵᠢᠯᠤᠭᠤᠳᠬᠤ ᠦᠵᠡᠯ ᠰᠠᠨᠠᠭᠠᠨ ᠤ ᠳᠠᠯ᠎ᠠ ᠪᠠᠷ ᠬᠢ ᠵᠦᠷᠢᠶ᠎ᠡ ᠪᠤᠷᠤᠭᠤ ᠶᠢ ᠰᠠᠶᠢᠳᠤᠷ ᠵᠠᠯᠠᠷᠠᠭᠤᠯᠤᠨ᠂ ᠳᠤᠮᠳᠠᠳᠤ ᠶᠢᠨ ᠦᠨᠳᠦᠰᠦᠳᠡᠨ ᠤ ᠬᠠᠮᠳᠤ ᠴᠤᠬᠴᠠ ᠶᠢᠨ ᠤᠬᠠᠮᠰᠠᠷ ᠢ ᠪᠠᠳᠤ ᠴᠤᠬᠴᠠᠯᠠᠵᠥ᠂ ᠰᠢᠨ᠎ᠡ ᠳᠡᠥᠬᠡᠨ ᠭᠠᠷᠤᠭ᠎ᠠ ᠳᠡᠭᠡᠷ᠎ᠠ ᠦᠪᠦᠷ ᠮᠤᠩᠭᠤᠯ ᠤᠨ ᠡᠯ᠎ᠡ ᠵᠦᠢᠯ ᠤᠨ ᠠᠵᠢᠯ ᠦᠢᠯᠡᠰ ᠤᠨ ᠬᠦᠭᠵᠢᠯᠳᠡ ᠶᠢ ᠦᠷᠬᠦᠯᠵᠢᠯᠡᠨ ᠠᠬᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃
     ᠬᠤᠷᠠᠯ ᠠᠴᠠ᠂ ᠵᠤᠬᠢᠶᠠᠨ ᠪᠠᠶᠢᠭᠤᠯᠵᠥ ᠤᠳᠤᠷᠢᠳᠬᠤ ᠪᠠᠨ ᠴᠢᠩᠭᠠᠳᠬᠠᠨ᠂ ᠳᠤᠭᠤᠷᠢᠨ ᠵᠢᠭᠠᠨ ᠵᠢᠯᠤᠭᠤᠳᠬᠤ ᠶᠢ ᠰᠠᠶᠢᠳᠤᠷ ᠠᠳᠬᠤᠵᠥ᠂ ᠰᠢᠯᠢᠳᠡᠭ ᠰᠠᠶᠢᠨ ᠰᠤᠷᠤᠯᠴᠠᠯᠭ᠎ᠠ ᠶᠢᠨ ᠰᠤᠷᠳᠠᠯ ᠢ ᠪᠠᠳᠠᠷᠠᠭᠤᠯᠤᠨ᠂ ᠪᠤᠳᠠᠳᠠᠢ ᠦᠷ᠎ᠡ ᠪᠦᠳᠦᠮᠵᠢ ᠶᠢ ᠴᠢᠬᠤᠯᠠᠴᠢᠯᠠᠵᠤ᠂ ᠬᠡᠯᠪᠡᠷᠢᠴᠢ ᠦᠵᠡᠯ ᠢ ᠡᠷᠡᠰ ᠳᠡᠪᠴᠢᠵᠤ᠂ ᠨᠠᠮ ᠤᠨ ᠳᠡᠥᠬᠡ ᠶᠢᠨ ᠰᠤᠷᠤᠯᠴᠠᠯᠭ᠎ᠠ ᠬᠦᠮᠦᠵᠢᠯ ᠢ ᠯᠠᠪᠳᠠᠭᠤᠨ ᠪᠠᠳᠤᠳᠠᠢ ᠬᠦᠨᠵᠡᠬᠡᠢ ᠦᠷᠨᠢᠬᠦᠯᠤᠨ᠂ ᠰᠠᠶᠢᠨ ᠰᠠᠶᠢᠬᠠᠨ ᠦᠷ᠎ᠡ ᠪᠦᠳᠦᠮᠵᠢ ᠤᠯᠬᠤ ᠶᠢ ᠪᠠᠳᠤᠯᠠᠬᠤ ᠬᠡᠷᠡᠭᠳᠡᠢ᠃ ︽ᠪᠢ ᠤᠯᠠᠨ ᠳᠦᠮᠡᠨ ᠳᠤ ᠪᠤᠳᠠᠳᠤ ᠶᠠᠪᠤᠳᠠᠯ ᠬᠢᠵᠥ ᠦᠭᠭᠦ︾ ᠦᠢᠯᠡᠳᠦᠯᠬᠡ ᠶᠢᠨ ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠬᠦᠯᠵᠥ᠂ ᠤᠯᠠᠨ ᠲᠦᠮᠡᠨ ᠤ ᠪᠠᠴᠢᠮ ᠲᠤᠯᠭᠠᠮ ᠠᠰᠠᠭᠤᠳᠠᠯ ᠬᠦᠴᠢᠷ ᠠᠰᠠᠭᠤᠳᠠᠯ ᠵᠤᠪᠠᠵᠤ ᠪᠠᠶᠢᠭ᠎ᠠ ᠠᠰᠠᠭᠤᠳᠠᠯ ᠪᠠ ᠬᠦᠰᠡᠵᠦ ᠪᠠᠶᠢᠭ᠎ᠠ ᠶᠠᠪᠤᠳᠠᠯ ᠢ ᠰᠠᠶᠢᠳᠦᠷ ᠰᠢᠢᠳᠪᠤᠷᠢᠯᠡᠬᠦ ᠪᠠᠷ ᠬᠦᠴᠦᠯᠡᠨ᠂ ᠳᠡᠳᠡ ᠨᠡᠷ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠬᠦᠬᠡᠬᠡᠴᠡᠯᠳᠤᠯ ᠢ ᠨᠡᠩ ᠰᠠᠶᠢᠳᠤᠷ ᠬᠠᠩᠭᠠᠵᠥ᠂ ᠨᠠᠮ ᠪᠠ ᠠᠷᠠᠳ ᠳᠦᠮᠡᠨ ᠤ ᠴᠢᠰᠤ ᠮᠢᠬᠠᠨ ᠤ ᠬᠠᠷᠢᠴᠠᠭ᠎ᠠ  ᠶᠢ ᠨᠡᠩ ᠰᠠᠶᠢᠳᠤᠷ ᠪᠠᠳᠤᠯᠠᠬᠤ ᠬᠡᠷᠡᠭᠳᠡᠢ᠃ ᠰᠤᠷᠤᠯᠴᠠᠯᠭ᠎ᠠ ᠬᠦᠮᠦᠵᠢᠯ ᠦᠷᠨᠢᠬᠦᠯᠬᠦ ᠶᠢ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠯᠤᠭ᠎ᠠ ᠨᠢᠬᠳᠠ ᠤᠶᠠᠯᠳᠤᠭᠤᠯᠵᠥ᠂ ᠵᠡᠷᠭᠡ ᠪᠠᠷ ᠦᠷᠨᠢᠭᠦᠯᠵᠤ᠂ ᠬᠠᠷᠢᠯᠴᠠᠨ ᠠᠬᠢᠭᠤᠯᠵᠥ ᠬᠠᠮᠳᠤ ᠪᠠᠷ ᠤᠷᠤᠬᠰᠢᠯᠠᠨ᠂ ᠰᠤᠷᠤᠯᠴᠠᠯᠭ᠎ᠠ ᠶᠢᠨ ᠦᠷ᠎ᠡ ᠪᠦᠳᠦᠮᠵᠢ ᠶᠢ ᠡᠯ᠎ᠡ ᠳᠠᠯ᠎ᠠ ᠶᠢᠨ ᠠᠵᠢᠯ ᠢ ᠰᠠᠶᠢᠳᠤᠷ ᠬᠢᠬᠦ ᠶᠢᠨ ᠬᠦᠴᠦᠷᠬᠡᠭ ᠶᠡᠭᠡ ᠬᠦᠳᠡᠯᠬᠡᠬᠦ ᠬᠦᠴᠦᠨ ᠪᠤᠯᠭᠠᠵᠥ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭ᠎ᠠ ᠶᠢᠨ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠬᠦᠨᠵᠡᠬᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠥ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠤᠯᠤᠨ ︽ᠨᠢᠬᠡ ᠪᠠᠬᠢᠯᠡᠯᠳᠡ︾ ᠶᠢ ᠳᠦᠷᠬᠡᠪᠴᠢᠯᠡᠨ ᠪᠦᠳᠦᠬᠡᠨ ᠪᠠᠶᠢᠭᠤᠯᠵᠥ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠬᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠰᠠᠶᠢᠳᠤᠷ ᠵᠠᠮᠨᠠᠬᠤ ᠳᠠᠯ᠎ᠠ ᠪᠠᠷ ᠰᠢᠨ᠎ᠡ ᠦᠷ᠎ᠡ ᠪᠦᠳᠦᠮᠵᠢ ᠤᠯᠬᠤ ᠪᠠᠷ ᠴᠢᠷᠮᠠᠶᠢᠵᠥ᠂ ︽ᠠᠷᠪᠠᠨ ᠳᠦᠷᠪᠡᠳᠤᠬᠡᠷ ᠳᠠᠪᠤᠨ ᠵᠢᠯ︾ ᠤᠨ ᠬᠦᠭᠵᠢᠯᠳᠡ ᠶᠢᠨ ᠰᠠᠶᠢᠨ ᠡᠬᠢᠯᠡᠯᠳᠡ ᠲᠠᠢ ᠪᠠᠶᠢᠬᠤ ᠶᠢ ᠠᠬᠢᠭᠤᠯᠵᠥ᠂ ᠰᠢᠯᠢᠳᠡᠭ ᠠᠮᠵᠢᠯᠳᠠ ᠪᠦᠳᠦᠮᠵᠢ ᠪᠠᠷ ᠨᠠᠮ ᠪᠠᠶᠢᠭᠤᠯᠤᠬᠳᠠᠬᠰᠠᠨ ᠵᠠᠭᠤᠨ ᠵᠢᠯ ᠤᠨ ᠤᠢ ᠶᠢ ᠪᠡᠯᠬᠡᠯᠡᠬᠦ ᠬᠡᠷᠡᠭᠳᠡᠢ ᠬᠡᠵᠥ ᠴᠢᠬᠤᠯᠠᠴᠢᠯᠠᠪᠠ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ