ᠮᠠᠨ ᠤ ᠣᠷᠣᠨ ᠤ ᠨᠢᠭᠡ ᠬᠠᠮᠲᠤ ᠨᠡᠶᠢᠲᠡ ᠪᠠ ᠨᠢᠭᠡ ᠨᠦᠬᠦᠷ ᠲᠤᠰᠪᠤᠷᠢ ᠪᠥᠬᠦ ᠤᠯᠤᠰ ᠤᠨ ᠯᠧᠢ ᠹᠧᠩ ᠠᠴᠠ ᠲᠠᠭᠠᠨ ᠰᠤᠷᠤᠯᠴᠠᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠴᠡᠭ ᠪᠠ ᠵᠢᠱᠢᠶᠡᠴᠢ ᠶᠢᠨ ᠴᠣᠯᠠ ᠭᠥᠷᠳᠡᠪᠡ
ᠨᠡᠶᠢᠲᠡᠯᠡᠭᠰᠡᠨ ᠴᠠᠭ᠄
2021/2/24

     ᠣᠶᠢᠷ᠎ᠠ ᠳᠤ᠂ ᠲᠥᠪ ᠤᠨ ᠤᠬᠠᠭᠤᠯᠬᠤ ᠬᠡᠯᠲᠡᠰ ᠵᠢᠷᠭᠤᠳᠤᠭᠠᠷ ᠪᠦᠯᠦᠭ ᠪᠥᠬᠦ ᠤᠯᠤᠰ ᠤᠨ ᠯᠧᠢ ᠹᠧᠩ ᠠᠴᠠ ᠲᠠᠭᠠᠨ ᠰᠤᠷᠤᠯᠴᠠᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠴᠡᠭ ᠪᠠ ᠠᠵᠢᠯ ᠤᠨ ᠪᠠᠶᠢᠷᠢ ᠳᠤ ᠪᠠᠨ ᠯᠧᠢ ᠹᠧᠩ ᠠᠴᠠ ᠲᠠᠭᠠᠨ ᠰᠤᠷᠤᠯᠴᠠᠬᠤ ᠳᠠᠭᠤᠷᠢᠶᠠᠯ ᠢ ᠴᠣᠯᠠᠯᠠᠨ ᠨᠡᠷᠡᠶᠢᠳᠦᠪᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠪᠠᠴᠢᠮ ᠡᠮᠨᠡᠬᠦ ᠰᠠᠯᠠᠭ᠎ᠠ ᠪᠥᠬᠦ ᠤᠯᠤᠰ ᠤᠨ ᠯᠧᠢ ᠹᠧᠩ ᠠᠴᠠ ᠲᠠᠭᠠᠨ ᠰᠤᠷᠤᠯᠴᠠᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠴᠡᠭ ᠤᠨ ᠴᠣᠯᠠ ᠭᠥᠷᠳᠡᠵᠦ᠂ ᠥᠪᠥᠷ ᠮᠣᠩᠭᠤᠯ ᠤᠨ ᠱᠦᠨ ᠹᠧᠩ ᠲᠦᠷᠭᠡᠨ ᠲᠡᠭᠡᠭᠡᠪᠦᠷᠢ ᠶᠢᠨ ᠬᠢᠵᠠᠭᠠᠷᠲᠤ ᠺᠣᠮᠫᠠᠨᠢ ᠶᠢᠨ ᠬᠤᠷᠢᠶᠠᠨ ᠲᠣᠮᠢᠯᠠᠭᠴᠢ ᠵᠢᠶᠠ ᠰᠢ ᠪᠥᠬᠦ ᠤᠯᠤᠰ ᠤᠨ ᠠᠵᠢᠯ ᠤᠨ ᠪᠠᠶᠢᠷᠢ ᠳᠤ ᠪᠠᠨ ᠯᠧᠢ ᠹᠧᠩ ᠠᠴᠠ ᠲᠠᠭᠠᠨ ᠰᠤᠷᠤᠯᠴᠠᠬᠤ ᠵᠢᠱᠢᠶᠡᠴᠢ ᠪᠠᠷ ᠦᠨᠡᠯᠡᠭᠳᠡᠪᠡ᠃
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠪᠠᠴᠢᠮ ᠡᠮᠨᠡᠬᠦ ᠰᠠᠯᠠᠭ᠎ᠠ ᠯᠸᠢ ᠹᠧᠩ ᠠᠴᠠ ᠲᠠᠭᠠᠨ ᠰᠤᠷᠤᠯᠴᠠᠬᠤ ᠠᠵᠢᠯᠯᠠᠭ᠎ᠠ ᠶᠢ ᠶᠣᠰᠣ ᠮᠣᠷᠠᠯ ᠤᠨ ᠬᠥᠮᠦᠵᠢᠯ ᠤᠨ ᠠᠵᠢᠯ ᠤᠨ ᠴᠢᠬᠤᠯᠠ ᠠᠭᠤᠯᠭ᠎ᠠ ᠪᠣᠯᠭᠠᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠨᠢᠭᠡᠨ ᠴᠢᠬᠤᠯᠠ ᠠᠵᠢᠯ ᠪᠣᠯᠭᠠᠨ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠠᠷᠪᠠᠨ ᠨᠢᠭᠡᠨ ᠵᠢᠯ ᠳᠠᠷᠠᠭᠠᠯᠠᠨ ᠰᠠᠯᠠᠭ᠎ᠠ ᠲᠠᠰᠤᠭ ᠤᠨ ᠡᠪᠯᠡᠯ ᠤᠨ ᠭᠡᠰᠢᠭᠦᠨ ᠵᠠᠯᠠᠭᠤᠴᠤᠳ ᠢ ᠵᠣᠬᠢᠶᠠᠨ ᠪᠠᠶᠢᠭᠤᠯᠵᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠯᠸᠢ ᠹᠧᠩ ᠠᠴᠠ ᠲᠠᠭᠠᠨ ᠰᠤᠷᠤᠯᠴᠠᠬᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠠᠶ᠃ 2016 ᠣᠨ ᠤ 6 ᠳ᠋ᠤᠭᠠᠷ ᠰᠠᠷ᠎ᠠ ᠳᠤ᠂ ᠪᠠᠴᠢᠮ ᠡᠮᠨᠡᠬᠦ ᠰᠠᠯᠠᠭ᠎ᠠ ᠶᠢᠨ ᠨᠠᠮ᠂ ᠡᠪᠯᠡᠯ ᠤᠨ ᠡᠭᠦᠷ ᠴᠢᠩ ᠱᠦᠢ ᠾᠧ ᠰᠢᠶᠠᠨ ᠤ ᠤᠯᠢᠶᠠᠰᠤᠲᠠᠢ ᠰᠢᠶᠠᠩ ᠳᠤ ᠬᠦᠷᠴᠦ ᠬᠠᠮᠲᠤᠷᠠᠭᠰᠠᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠂ ᠡᠭᠦᠨ ᠠᠴᠠ ᠬᠤᠶᠢᠰᠢ᠂ ᠪᠠᠴᠢᠮ ᠡᠮᠨᠡᠬᠦ ᠰᠠᠯᠠᠭ᠎ᠠ ᠶᠢᠨ ᠨᠠᠮ ᠤᠨ ᠡᠭᠦᠷ ᠨᠢ ᠴᠢᠩ ᠱᠦᠢ ᠾᠧ ᠰᠢᠶᠠᠨ ᠤ ᠡᠮᠨᠡᠯᠭᠡ ᠶᠢᠨ ᠬᠤᠷᠢᠶ᠎ᠠ ᠲᠠᠢ ᠤᠷᠳᠤ ᠬᠤᠭᠤᠴᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠬᠠᠮᠵᠢᠯᠴᠠᠭᠠᠨ ᠤ ᠬᠠᠷᠢᠴᠠᠭ᠎ᠠ ᠪᠠᠶᠢᠭᠤᠯᠪᠠ᠃ ᠰᠠᠯᠠᠭ᠎ᠠ ᠲᠠᠰᠤᠭ ᠨᠢ ᠯᠧᠢ ᠹᠧᠩ ᠤᠨ ᠵᠣᠷᠢᠭ ᠰᠠᠨᠠᠭᠠᠨ ᠤ ᠰᠤᠷᠤᠯᠴᠠᠯᠭ᠎ᠠ ᠶᠢ ᠮᠠᠰᠢ ᠬᠦᠨᠳᠥᠳᠬᠡᠨ᠂ ᠠᠵᠢᠯᠲᠠᠨ ᠠᠵᠢᠯᠴᠢᠨ ᠤ ᠪᠣᠯᠪᠠᠰᠤᠨ ᠤ ᠦᠢᠯᠡᠴᠢᠯᠡᠭᠡᠨ ᠤ ᠬᠥᠮᠦᠵᠢᠯ ᠢ ᠴᠢᠩᠭᠠᠳᠬᠠᠵᠤ᠂ ᠦᠨᠡᠨ ᠰᠠᠶᠢᠨ ᠰᠠᠶᠢᠬᠠᠨ ᠢ ᠡᠷᠬᠢᠮᠯᠡᠨ᠂ ᠢᠳᠡᠪᠬᠢ ᠬᠦᠴᠦᠨ ᠢ ᠪᠠᠳᠠᠷᠠᠭᠤᠯᠤᠭᠰᠠᠭᠠᠷ ᠢᠷᠡᠪᠡ᠃ ᠪᠠᠴᠢᠮ ᠡᠮᠨᠡᠬᠦ ᠰᠠᠯᠠᠭᠠᠨ ᠤ ᠡᠮᠨᠡᠯᠭᠡ ᠶᠢᠨ ᠠᠵᠢᠯᠲᠠᠳ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶ᠎ᠠ᠂ ᠡᠪᠯᠡᠯ ᠤᠨ ᠬᠤᠷᠢᠶ᠎ᠠ ᠶᠢᠨ ᠵᠣᠬᠢᠶᠠᠨ ᠪᠠᠶᠢᠭᠤᠯᠤᠭᠰᠠᠨ ᠡᠯ᠎ᠡ ᠵᠦᠶᠯ ᠤᠨ ᠨᠡᠶᠢᠲᠡ ᠶᠢᠨ ᠠᠰᠠᠷᠠᠮᠵᠢ ᠶᠢᠨ ᠰᠠᠶᠢᠨ ᠳᠤᠷ᠎ᠠ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠵᠠᠯᠠᠭᠤ ᠠᠵᠢᠯᠲᠠᠨ ᠠᠵᠢᠯᠴᠢᠨ ᠨᠢ ᠴᠥᠮ ᠰᠠᠶᠢᠨ ᠳᠤᠷ᠎ᠠ ᠶᠢᠨ ᠠᠵᠢᠯᠯᠠᠭᠴᠢ ᠪᠠᠷ ᠳᠠᠩᠰᠠᠯᠠᠭᠤᠯᠵᠠᠢ᠃ ᠪᠠᠴᠢᠮ ᠡᠮᠨᠡᠬᠦ ᠰᠠᠯᠠᠭ᠎ᠠ ᠳᠤ᠂ ᠡᠪᠡᠳᠴᠢᠲᠡᠨ ᠢ ᠪᠠᠴᠢᠮ ᠠᠪᠤᠷᠠᠬᠤ ᠠᠵᠢᠯ ᠡᠳᠦᠷ ᠪᠦᠷᠢ ᠳᠣᠬᠢᠶᠠᠯᠳᠤᠵᠤ᠂ ᠴᠢᠨᠠᠭᠰᠢᠯᠠᠪᠠᠯ ᠤᠯᠠᠨ ᠤᠳᠠᠭ᠎ᠠ ᠳᠣᠬᠢᠶᠠᠯᠳᠤᠳᠠᠭ᠂ ᠭᠡᠲᠡᠯ᠎ᠡ᠂ ᠪᠦᠯᠬᠦᠮ ᠨᠢᠭᠡᠴᠢ ᠶᠢᠨ ᠪᠦᠷᠢᠯᠳᠦᠬᠦᠨ ᠶᠠᠮᠠᠷ ᠴᠤ ᠰᠠᠨᠠᠯ ᠭᠤᠮᠣᠳᠠᠯ ᠦᠭᠡᠢ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠠᠮᠢ ᠨᠠᠰᠤ ᠶᠢ ᠠᠪᠤᠷᠠᠬᠤ ᠠᠭᠤᠤ ᠶᠡᠭᠡ ᠦᠢᠯᠡᠰ ᠲᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠵᠢᠳᠬᠦᠵᠡᠢ᠃
     ᠵᠢᠶᠠ ᠰᠢ ᠪᠣᠯ ᠥᠪᠥᠷ ᠮᠣᠩᠭᠤᠯ ᠤᠨ ᠱᠦᠨ ᠹᠧᠩ ᠲᠦᠷᠭᠡᠨ ᠲᠡᠭᠡᠭᠡᠪᠦᠷᠢ ᠶᠢᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠬᠤᠷᠢᠨ ᠳᠥᠷᠪᠡᠳᠦᠭᠡᠷ ᠡᠵᠡᠩᠨᠡᠯᠲᠡ ᠶᠢᠨ ᠬᠡᠯᠲᠡᠰ ᠤᠨ ᠨᠢᠭᠡᠳᠦᠭᠡᠷ ᠹᠷᠣᠨᠲ ᠤᠨ ᠬᠤᠷᠢᠶᠠᠨ ᠲᠣᠮᠢᠯᠠᠭᠴᠢ ᠪᠣᠯᠤᠨ᠎ᠠ᠃ 2018 ᠣᠨ ᠤ 10 ᠳ᠋ᠤᠭᠠᠷ ᠰᠠᠷ᠎ᠠ ᠶᠢᠨ ᠨᠢᠭᠡᠨ ᠡᠳᠦᠷ᠂ ᠵᠢᠶᠠ ᠰᠢ ᠨᠢᠭᠡᠨ ᠲᠠᠨᠢᠯ ᠪᠤᠰᠤ ᠤᠲᠠᠰᠤ ᠲᠤᠰᠪᠠ᠂ ᠨᠥᠭᠦᠭᠡ ᠡᠲᠡᠭᠡᠳ ᠨᠢ᠄ ︽ᠪᠤᠷᠤᠭᠤ ᠲᠣᠪᠴᠢᠳᠠᠭᠰᠠᠨ ᠠᠴᠠ ᠪᠤᠯᠵᠤ᠂ 20 ᠲᠦᠮᠡᠨ ᠲᠥᠭᠦᠷᠢᠭ ᠢᠶᠠᠨ ᠵᠢᠶᠠ ᠰᠢ ᠶᠢᠨ ᠺᠠᠷᠲ ᠳᠤ ᠴᠣᠬᠢᠨ ᠣᠷᠣᠭᠤᠯᠪᠠ᠂ ᠲᠡᠭᠦᠨ ᠢ ᠪᠤᠴᠠᠭᠠᠵᠤ ᠥᠭᠬᠦ ᠪᠣᠯᠪᠠᠤ︾ ᠭᠡᠪᠡ᠃ ᠵᠢᠶᠠ ᠰᠢ ᠪᠠᠩᠬᠢ ᠳᠤ ᠬᠦᠷᠴᠦ ᠨᠤᠲᠠᠯᠠᠭᠰᠠᠨ ᠪᠥᠭᠡᠳ ᠴᠠᠭᠳᠠᠭ᠎ᠠ ᠳᠤ ᠮᠡᠳᠡᠭᠦᠯᠵᠦ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠶᠢᠨ ᠭᠡᠷᠡᠴᠢᠯᠡᠭᠡ ᠪᠠᠷ 20 ᠲᠦᠮᠡᠨ ᠲᠥᠭᠦᠷᠢᠭ ᠢ ᠡᠵᠡᠨ ᠳᠤ ᠨᠢ ᠪᠤᠴᠠᠭᠠᠪᠠ᠃ ᠲᠦᠷᠭᠡᠨ ᠢᠯᠡᠭᠡᠭᠴᠢ ᠶᠢᠨ ᠠᠵᠢᠯ ᠮᠠᠰᠢ ᠶᠠᠳᠠᠷᠠᠯᠲᠠᠢ ᠪᠠᠶᠢᠳᠠᠭ᠂ ᠭᠡᠪᠡᠴᠦ ᠵᠢᠶᠠ ᠰᠢ ᠶᠡᠷᠦ ᠨᠢ ᠰᠠᠯᠬᠢ ᠪᠣᠷᠣᠭᠠᠨ ᠳᠤ ᠰᠠᠭᠠᠲᠠᠯ ᠦᠭᠡᠢ᠂ ᠬᠡᠵᠢᠶ᠎ᠡ ᠳᠠᠭᠤᠳᠠᠪᠠᠯ ᠬᠡᠵᠢᠶ᠎ᠡ ᠢᠷᠡᠳᠡᠭ᠂ ᠢᠯᠠᠩᠭᠤᠶ᠎ᠠ ︽ᠬᠤᠣᠰ 11︾ ︽ᠬᠤᠣᠰ 12︾ ᠤᠨ ᠦᠶ᠎ᠡ ᠳᠤ᠂ ᠲᠡᠷᠡ ᠶᠡᠷᠦ ᠨᠢ ᠨᠢᠭᠡᠳᠦᠭᠡᠷ ᠪᠠᠶᠢᠷᠢᠨ ᠳᠤ ᠣᠷᠣᠵᠤ᠂ ᠬᠡᠷᠡᠭᠯᠡᠭᠴᠢ ᠨᠢᠭᠡᠪᠦᠷᠢ ᠳᠤ ᠨᠠᠷᠢᠨ ᠬᠢᠨᠠᠮᠠᠭᠠᠢ ᠦᠢᠯᠡᠴᠢᠯᠡᠳᠡᠭ᠃ ᠲᠡᠷᠡ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠢᠳᠡᠪᠬᠢᠲᠡᠶ ᠦᠶᠯᠡᠳᠦᠯᠭᠡᠵᠢᠭᠦᠯᠵᠦ᠂ ᠬᠠᠮᠲᠤ ᠠᠵᠢᠯᠯᠠᠭᠰᠠᠳ ᠲᠠᠢ ᠪᠠᠨ ᠪᠣᠬᠢᠷᠲᠤᠯ ᠥᠬᠡᠶ ᠪᠣᠭᠤᠳᠠᠯᠯᠠᠬᠤ ᠤᠷ᠎ᠠ ᠮᠡᠷᠭᠡᠵᠢᠯ ᠢ ᠰᠣᠳᠤᠯᠤᠨ᠂ ᠲᠦᠷᠭᠡᠨ ᠢᠯᠡᠭᠡᠯᠲᠡ ᠶᠢ ᠬᠡᠲᠦ ᠪᠣᠭᠤᠳᠠᠯᠯᠠᠬᠤ ᠠᠴᠠ ᠵᠠᠶᠢᠯᠠᠰᠬᠢᠪᠡ᠃ ᠬᠡᠳᠦᠶᠢᠪᠡᠷ ᠣᠷᠣᠯᠭ᠎ᠠ ᠨᠢ ᠥᠨᠳᠥᠷ ᠪᠢᠰᠢ ᠪᠣᠯᠪᠠᠴᠤ᠂ ᠵᠢᠶᠠ ᠰᠢ ᠭᠡᠨᠡᠳᠲᠡ ᠶᠢᠨ ᠡᠪᠡᠳᠴᠢᠨ ᠠᠴᠠ ᠪᠤᠯᠵᠤ ᠭᠡᠷ ᠪᠦᠯᠢ ᠨᠢ ᠬᠦᠴᠢᠷᠳᠡᠯᠲᠡᠢ ᠪᠣᠯᠣᠭᠰᠠᠨ ᠬᠠᠮᠲᠤ ᠠᠵᠢᠯᠯᠠᠭᠰᠠᠳ ᠢᠶᠠᠨ ᠢᠳᠡᠪᠬᠢᠲᠡᠢ ᠲᠤᠰᠠᠯᠠᠭᠰᠠᠭᠠᠷ ᠢᠷᠡᠪᠡ᠃ ᠵᠢᠶᠠ ᠰᠢ ᠴᠠᠶᠢᠯᠭᠠᠨ ᠰᠡᠳᠬᠢᠯ᠂ ᠠᠵᠢᠯ ᠦᠢᠯᠡᠰ ᠢᠶᠠᠨ ᠳᠡᠭᠡᠳᠦᠯᠡᠬᠦ᠂ ᠬᠠᠷᠠᠮ ᠦᠭᠡᠢ ᠵᠣᠷᠢᠭᠤᠯᠬᠤ ᠪᠠ ᠬᠠᠯᠠᠭᠤᠨ ᠰᠡᠳᠬᠢᠯ ᠢᠶᠠᠷ ᠳᠡᠷᠭᠡᠳᠡᠬᠢ ᠬᠥᠮᠦᠰ ᠢᠶᠠᠨ ᠨᠥᠯᠥᠭᠡᠯᠡᠵᠦ᠂ ᠨᠡᠶᠢᠭᠡᠮ ᠤᠨ ᠢᠳᠡᠪᠬᠢ ᠬᠦᠴᠦᠨ ᠢ ᠪᠠᠳᠠᠷᠠᠭᠤᠯᠵᠤ᠂ ᠬᠠᠮᠲᠤ ᠠᠵᠢᠯᠯᠠᠭᠰᠠᠳ ᠪᠠ ᠬᠡᠷᠡᠭᠯᠡᠭᠴᠢᠳ ︽ᠠᠮᠢᠳᠤ ᠯᠸᠢ ᠹᠧᠩ︾ ᠭᠡᠵᠦ ᠳᠣᠲᠣᠨᠣᠴᠢᠯᠠᠨ ᠳᠠᠭᠤᠳᠠᠳᠠᠭ ᠪᠠᠶᠢᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ