ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠲᠤ 5G ᠰᠦᠯᠵᠢᠶ᠎ᠡ ᠶᠢ ᠵᠠᠯᠭᠠᠭ᠎ᠠ ᠪᠠᠷ ᠪᠦᠷᠬᠦᠭᠦᠯᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/2/24

      ᠦᠬᠠᠶ ᠬᠤᠲᠠ ᠥᠪᠡᠷᠲᠡᠭᠡᠨ ᠵᠠᠰᠠᠬᠤ ᠣᠷᠣᠨ ᠤ ︽5G + ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ︾ ᠶᠢᠨ ᠲᠤᠷᠰᠢᠯᠲᠠ ᠶᠢᠨ ᠬᠤᠲᠠ ᠶᠢᠨ ᠨᠢᠭᠡ ᠪᠣᠯᠤᠭᠰᠠᠨ ᠤ ᠬᠤᠪᠢ ᠳᠤ᠂ 5G ᠰᠦᠯᠵᠢᠶᠡᠨ ᠤ ᠪᠠᠶᠢᠷᠢᠯᠠᠭᠤᠯᠤᠯᠲᠠ ᠶᠢ ᠲᠠᠰᠤᠷᠠᠯᠲᠠ ᠥᠬᠡᠶ ᠲᠦᠷᠭᠡᠳᠬᠡᠵᠦ᠂ ᠮᠡᠳᠡᠭᠡ ᠵᠠᠩᠭᠢ ᠴᠢᠮᠡᠭᠡ ᠬᠤᠯᠪᠣᠭᠠᠨ ᠤ ᠲᠥᠬᠦᠭᠡᠷᠦᠮᠵᠢ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠦᠢᠯᠡᠴᠢᠯᠡᠭᠡ᠂ ᠠᠵᠤ ᠦᠢᠯᠡᠳᠪᠦᠷᠢ ᠶᠢᠨ ᠬᠤᠯᠪᠤᠭᠠᠯᠠᠯ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠳᠤ ᠴᠢᠳᠠᠪᠤᠷᠢ ᠣᠯᠭᠤᠵᠤ᠂ ᠣᠲᠣ ᠬᠠᠶᠢᠷᠤᠪ ᠤᠨ ᠲᠣᠬᠤᠢ ᠲᠣᠭᠤᠷᠢᠭ ᠲᠤ 5G ᠰᠦᠯᠵᠢᠶ᠎ᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ ᠬᠤᠲᠠ ᠶᠢᠨ ᠠᠷᠠᠳ ᠲᠤ 5G ᠶᠢᠨ ᠣᠯᠭᠤᠭᠰᠠᠨ ᠣᠶᠤᠨᠴᠢ ︽ᠲᠦᠷᠭᠡᠨ︾ ᠠᠮᠢᠳᠤᠷᠠᠯ ᠢ ᠡᠳ᠋ᠯᠡᠭᠦᠯᠵᠦ ᠪᠠᠶᠢᠨ᠎ᠠ᠃
     ᠣᠶᠢᠷ᠎ᠠ ᠳᠤ᠂ ᠰᠤᠷᠪᠤᠯᠵᠢᠯᠠᠭᠴᠢ ᠬᠠᠶᠢᠷᠤᠪ ᠤᠨ ᠲᠣᠬᠤᠶ ᠲᠣᠭᠤᠷᠢᠭ ᠤᠨ ᠠᠷᠠᠳ ᠤᠨ ᠵᠠᠮ ᠤᠨ ᠨᠢᠭᠡᠨ ᠭᠠᠷ ᠤᠲᠠᠰᠤᠨ ᠤ ᠳᠡᠯᠭᠡᠭᠦᠷ ᠲᠤ ᠬᠦᠷᠴᠦ ᠦᠵᠡᠭᠰᠡᠨ ᠢᠶᠠᠷ᠂ ᠬᠤᠲᠠ ᠶᠢᠨ ᠠᠷᠠᠳ ᠮᠧᠩ ᠶᠤᠸᠠᠢ ᠯᠢᠩ ᠳᠡᠯᠭᠡᠭᠦᠷ ᠲᠤ ᠣᠷᠣᠵᠤ ᠢᠷᠡᠭᠰᠡᠨ ᠤ ᠳᠠᠷᠠᠭ᠎ᠠ᠂ ᠬᠡᠳᠦᠨᠲᠡ ᠠᠳᠠᠯᠢᠳᠬᠠᠵᠤ ᠪᠠᠶᠢᠭᠠᠳ ᠡᠴᠦᠰ ᠲᠤ ᠪᠠᠨ 5G ᠭᠠᠷ ᠤᠲᠠᠰᠤ ᠶᠢ ᠰᠣᠩᠭᠤᠵᠤ ᠬᠤᠳᠠᠯᠳᠤᠨ ᠠᠪᠤᠭᠰᠠᠨ ᠪᠠᠶᠢᠨ᠎ᠠ᠃
     ᠮᠧᠩ ᠶᠤᠸᠠᠢ ᠯᠢᠩ ᠰᠤᠷᠪᠤᠯᠵᠢᠯᠠᠭᠴᠢ ᠳᠤ ᠬᠡᠯᠡᠬᠦ ᠳᠤ ᠪᠠᠨ᠄ ︽5G ᠭᠠᠷ ᠤᠲᠠᠰᠤᠨ ᠤ ᠰᠦᠯᠵᠢᠶᠡᠨ ᠤ ᠬᠤᠷᠳᠤᠴᠠ ᠨᠢ ᠨᠠᠩ ᠲᠦᠷᠭᠡᠨ᠂ ᠠᠮᠢᠳᠤᠷᠠᠯ ᠳᠤ ᠬᠡᠷᠡᠭᠯᠡᠬᠦ ᠳᠤ ᠨᠠᠩ ᠲᠥᠬᠦᠮ ᠪᠠᠶᠢᠳᠠᠭ᠂ ᠣᠲᠣ ᠮᠠᠨ ᠤ ᠬᠡᠷ ᠤᠨ ᠬᠥᠮᠦᠰ ᠴᠥᠮ 5G ᠭᠠᠷ ᠤᠲᠠᠰᠤ ᠶᠢ ᠬᠡᠷᠡᠭᠯᠡᠵᠦ ᠪᠠᠶᠢᠭ᠎ᠠ ᠪᠣᠯᠬᠤᠷ ᠠᠮᠢᠳᠤᠷᠠᠯ ᠨᠠᠩ ᠲᠥᠬᠦᠮ ᠪᠣᠯᠤᠭᠰᠠᠨ ᠰᠢᠭ᠋ ᠰᠠᠨᠠᠭᠳᠠᠵᠤ ᠪᠠᠶᠢᠨ᠎ᠠ︾ ᠭᠡᠪᠡ᠃
     ︽ᠣᠳᠣᠬᠠᠨ ᠳᠤ ᠨᠢᠭᠡᠨᠲᠡ 5G ᠰᠠᠭᠤᠷᠢ ᠥᠷᠲᠡᠭᠡ ᠶᠢ ᠪᠠᠶᠢᠭᠤᠯᠵᠤ ᠳᠠᠭᠤᠰᠤᠭᠰᠠᠨ ᠪᠥᠭᠡᠳ ᠪᠦᠬᠦᠨ ᠢ ᠠᠰᠢᠭᠯᠠᠯᠲᠠ ᠳᠤ ᠣᠷᠣᠭᠤᠯᠤᠭᠰᠠᠨ ᠪᠠᠶᠢᠨ᠎ᠠ᠂ ᠮᠠᠨ ᠤ ᠳᠡᠯᠭᠡᠭᠦᠷ ᠴᠦ 5G ᠭᠠᠷ ᠤᠲᠠᠰᠤ ᠶᠢ ᠢᠳᠡᠪᠬᠢᠲᠡᠶ ᠪᠠᠷ ᠳᠡᠯᠭᠡᠷᠡᠭᠦᠯᠵᠦ᠂ ᠬᠡᠷᠡᠭᠯᠡᠭᠴᠢᠳ ᠲᠤ ᠨᠡᠩ ᠰᠠᠶᠢᠨ ᠰᠡᠳᠬᠢᠭᠳᠡᠯ ᠣᠯᠭᠤᠬᠤ ᠪᠠᠷ ᠴᠢᠷᠮᠠᠶᠢᠵᠤ ᠪᠠᠶᠢᠨ᠎ᠠ︾ ᠭᠡᠵᠦ ᠭᠠᠷ ᠤᠲᠠᠰᠤᠨ ᠤ ᠳᠡᠯᠭᠡᠭᠦᠷ ᠤᠨ ᠳᠠᠷᠤᠭ᠎ᠠ ᠭᠦᠸᠧ ᠬᠠᠢ ᠵᠢᠶᠦ᠋ᠨ ᠬᠡᠯᠡᠪᠡ᠃
     5G ᠭᠡᠳᠡᠭ ᠪᠣᠯ ᠲᠠᠪᠤᠳᠤᠭᠠᠷ ᠦᠶ᠎ᠡ ᠶᠢᠨ ᠰᠢᠯᠵᠢᠮᠡᠯ ᠮᠡᠳᠡᠭᠡ ᠬᠤᠯᠪᠣᠭᠠᠨ ᠤ ᠮᠡᠷᠭᠡᠵᠢᠯ ᠤᠨ ᠲᠣᠪᠴᠢ ᠨᠡᠷᠡᠶᠢᠳᠦᠯ ᠮᠥᠨ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠤᠳᠤᠯᠲᠠ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠭᠦᠨᠵᠡᠭᠡᠶ ᠠᠭᠤᠰᠤᠯᠴᠠᠯ ᠢ ᠳᠥᠯᠭᠢᠨ ᠠᠬᠢᠭᠤᠯᠬᠤ ᠶᠢᠨ ᠴᠢᠬᠤᠯᠠ ᠰᠠᠭᠤᠷᠢ ᠮᠥᠨ᠃ 4G ᠲᠠᠢ ᠬᠠᠷᠢᠴᠠᠭᠤᠯᠪᠠᠯ᠂ 5G ᠶᠢᠨ ᠮᠡᠷᠭᠡᠵᠢᠯ ᠨᠢ ᠥᠷᠭᠡᠨ ᠪᠦᠰᠡ᠂ ᠥᠨᠳᠥᠷ ᠬᠤᠷᠳᠤᠴᠠ ᠲᠠᠢ᠂ ᠳᠣᠣᠷ᠎ᠠ ᠤᠳᠠᠭᠠᠰᠢᠷᠠᠯ ᠲᠠᠢ᠂ ᠶᠡᠭᠡ ᠬᠡᠮᠵᠢᠶᠡᠨ ᠤ ᠬᠤᠯᠪᠣᠯᠲᠠ ᠲᠠᠢ ᠵᠡᠷᠭᠡ ᠢᠯᠡᠳᠲᠡ ᠳᠠᠪᠠᠭᠤᠯᠢᠭ ᠲᠠᠯ᠎ᠠ ᠲᠠᠢ ᠪᠠᠶᠢᠳᠠᠭ᠃
     2020 ᠣᠨ ᠳᠤ᠂ ᠪᠥᠬᠦ ᠬᠤᠲᠠ ᠳᠤ 5G ᠰᠠᠭᠤᠷᠢ ᠥᠷᠲᠡᠭᠡ ᠶᠢ ᠨᠡᠶᠢᠲᠡ 309 ᠨᠡᠪᠲᠡᠷᠡᠭᠦᠯᠵᠦ᠂ ᠰᠢᠨ᠎ᠡ ᠪᠠᠷ ᠪᠠᠶᠢᠭᠤᠯᠤᠭᠰᠠᠨ ᠰᠠᠭᠤᠷᠢ ᠥᠷᠲᠡᠭᠡ ᠨᠢ ᠭᠤᠤᠯᠳᠠᠭᠤ ᠡᠯ᠎ᠡ ᠲᠣᠮᠣ ᠬᠤᠳᠠᠯᠳᠤᠭᠠᠨ ᠤ ᠲᠣᠭᠤᠷᠢᠭ᠂ ᠭᠠᠯᠲᠤ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠠᠯᠪᠠᠨ ᠠᠰᠠᠷ ᠵᠡᠷᠭᠡ ᠣᠷᠣᠨ ᠪᠦᠰᠡ ᠳᠤ ᠲᠠᠷᠬᠠᠵᠤ ᠪᠠᠶᠢᠨ᠎ᠠ᠃ ᠣᠳᠣᠬᠠᠨ ᠳᠤ᠂ ᠬᠠᠶᠢᠷᠤᠪ ᠤᠨ ᠲᠣᠬᠤᠢ ᠣᠷᠣᠨ ᠳᠤ ᠨᠢᠭᠡᠨᠲᠡ 5G ᠰᠦᠯᠵᠢᠶ᠎ᠡ ᠶᠢ ᠵᠠᠯᠭᠠᠭ᠎ᠠ ᠪᠠᠷ ᠪᠦᠷᠬᠦᠭᠦᠯᠬᠦ ᠶᠢ ᠪᠡᠶᠡᠯᠡᠭᠦᠯᠪᠡ᠃ ᠲᠥᠯᠥᠪᠯᠡᠭᠡ ᠪᠠᠷ᠂ 2021 ᠣᠨ ᠳᠤ ᠮᠠᠨ ᠤ ᠬᠤᠲᠠ 5G ᠰᠠᠭᠤᠷᠢ ᠥᠷᠲᠡᠭᠡ ᠶᠢ 753 ᠪᠠᠶᠢᠭᠤᠯᠵᠤ᠂ ᠭᠤᠷᠪᠠᠨ ᠲᠣᠭᠤᠷᠢᠭ ᠲᠤ 5G ᠰᠦᠯᠵᠢᠶ᠎ᠡ ᠶᠢ ᠪᠦᠷᠬᠦᠭᠦᠯᠬᠦ ᠶᠢ ᠪᠡᠶᠡᠯᠡᠭᠦᠯᠵᠦ᠂ ᠵᠠᠰᠠᠭ ᠤᠨ ᠣᠷᠳᠣᠨ᠂ ᠬᠤᠳᠠᠯᠳᠤᠭᠠᠨ ᠤ ᠬᠦᠷᠢᠶ᠎ᠡ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠠᠮ ᠬᠠᠷᠢᠯᠴᠠᠭᠠᠨ ᠤ ᠭᠤᠤᠯ ᠱᠤᠭᠤᠮ ᠵᠡᠷᠭᠡ ᠴᠢᠬᠤᠯᠠ ᠣᠷᠣᠨ ᠪᠦᠰᠡ ᠳᠤ ᠪᠦᠷᠬᠦᠭᠦᠯᠬᠦ ᠶᠢ ᠪᠡᠶᠡᠯᠡᠭᠦᠯᠬᠦ ᠪᠠᠷ ᠪᠠᠶᠢᠨ᠎ᠠ᠃
     ᠦᠬᠠᠶ ᠶᠢᠨ ᠰᠢᠯᠵᠢᠮᠡᠯ ᠮᠡᠳᠡᠭᠡ ᠬᠤᠯᠪᠣᠭᠠᠨ ᠤ ᠬᠤᠪᠢᠶᠠᠷᠢ ᠺᠣᠮᠫᠠᠨᠢ ᠶᠢᠨ ᠰᠦᠯᠵᠢᠶᠡᠨ ᠤ ᠬᠡᠯᠲᠡᠰ ᠤᠨ ᠳᠡᠳ᠋ ᠳᠠᠭᠠᠭᠠᠮᠠᠯ ᠮᠠ ᠺᠦᠨ ᠦ᠋ ᠬᠡᠯᠡᠬᠦ ᠳᠤ ᠪᠠᠨ᠄

︽5G ᠰᠦᠯᠵᠢᠶ᠎ᠡ ᠨᠢ ᠥᠨᠳᠥᠷ ᠬᠤᠷᠳᠤᠴᠠ ᠶᠢ ᠬᠠᠩᠭᠠᠭᠰᠠᠨ ᠢᠶᠠᠷ ᠪᠠᠷᠠᠬᠤ ᠥᠬᠡᠶ ᠪᠠᠰᠠ ᠲᠣᠮᠣ ᠬᠤᠯᠪᠣᠭᠠᠰᠤ᠂ ᠳᠣᠣᠷ᠎ᠠ ᠤᠳᠠᠭᠠᠰᠢᠷᠠᠯ ᠢ ᠬᠠᠩᠭᠠᠭᠰᠠᠨ ᠪᠠᠶᠢᠨ᠎ᠠ᠂ ᠬᠤᠶᠢᠰᠢᠳᠠ ᠪᠢᠳᠡ ᠤᠶᠤᠨᠲᠤ ᠬᠤᠲᠠ᠂ ᠤᠶᠤᠨᠲᠤ ᠡᠮᠴᠢᠯᠡᠭᠡ᠂ ᠤᠶᠤᠨᠲᠤ ᠰᠤᠷᠭᠠᠨ ᠬᠥᠮᠦᠵᠢᠯ᠂ ᠤᠶᠤᠨᠲᠤ ᠴᠠᠬᠢᠯᠭᠠᠨ ᠲᠣᠤᠷ᠂ ᠵᠢᠯᠣᠭᠤᠴᠢ ᠥᠬᠡᠶ ᠮᠠᠰᠢᠨ ᠵᠡᠷᠭᠡ ᠶᠢᠨ ᠬᠡᠷᠡᠭᠯᠡᠭᠡ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠣᠯᠠᠨ ᠢ ᠳᠠᠭᠠᠭᠤᠯᠤᠨ ᠥᠨᠳᠥᠷ ᠬᠤᠷᠳᠤᠴᠠ ᠳᠤ ᠣᠷᠣᠭᠤᠯᠵᠤ᠂ ᠲᠦᠮᠡᠨ ᠪᠣᠳᠠᠰ ᠢ ᠬᠤᠯᠪᠣᠯᠳᠤᠭᠤᠯᠤᠭᠰᠠᠨ ᠤᠶᠤᠨᠲᠤ ᠠᠮᠢᠳᠤᠷᠠᠯ ᠢ ᠨᠡᠪᠲᠡᠷᠡᠭᠦᠯᠬᠦ ᠪᠣᠯᠤᠨ᠎ᠠ︾ ᠭᠡᠵᠡᠶ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ