ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠬᠢᠭᠡᠳ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠬᠤᠪᠢᠶᠠᠷᠢ ᠪᠠᠩᠬᠢ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠤ ᠶᠣᠰᠣᠯᠠᠯ ᠶᠠᠪᠤᠭᠤᠯᠪᠠ  ᠪᠣᠣ ᠭᠠᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2021/2/25

      2 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠢᠭᠡᠳ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠤ ᠶᠣᠰᠣᠯᠠᠯ ᠶᠠᠪᠤᠭᠤᠯᠪᠠ᠃
     ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠭᠠᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠵᠠᠢ᠃
     ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠬᠦ ᠪᠣᠯ ᠶᠡᠷᠦᠩᠬᠡᠶ ᠱᠦᠵᠢ ᠰᠢ ᠶᠢᠨ ᠫᠢᠩ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠣᠯᠠᠨ ᠪᠡᠶᠡᠴᠢ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠲᠦᠷᠢᠮ ᠢ ᠲᠦᠷᠭᠡᠪᠴᠢᠯᠡᠨ ᠪᠠᠶᠢᠭᠤᠯᠵᠤ᠂ ᠪᠥᠬᠦ ᠠᠷᠠᠳ ᠲᠦᠮᠡᠨ ᠢ ᠰᠠᠭᠤᠬᠤ ᠭᠡᠷ ᠲᠠᠢ ᠪᠣᠯᠭᠠᠬᠤ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
     ᠤᠯᠤᠰ ᠤᠨ ᠥᠮᠴᠢᠯᠡᠯᠲᠦ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠡᠬᠢ ᠪᠠᠶᠠᠯᠢᠭ ᠢ ᠳᠣᠭᠢᠷᠠᠭᠤᠯᠬᠤ ᠳᠠᠪᠠᠭᠤᠯᠢᠭ ᠢ ᠨᠢ ᠪᠠᠳᠠᠷᠠᠭᠤᠯᠵᠤ᠂ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠶᠢᠨ ᠲᠤᠶᠢᠯ ᠤᠨ ᠣᠨᠣᠪᠴᠢᠲᠠᠶ ᠪᠠᠷ ᠳᠡᠮᠵᠢᠬᠦ ᠡᠷᠴᠢᠮ ᠢ ᠴᠢᠩᠭᠠᠷᠠᠭᠤᠯᠤᠨ᠂ ᠨᠠᠩ ᠣᠯᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠦᠷᠢᠶᠡᠰᠦᠯᠡᠬᠦ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠡᠵᠡᠩᠨᠡᠯᠲᠡ ᠳᠤ ᠣᠷᠣᠯᠴᠠᠭᠤᠯᠵᠤ᠂ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠵᠠᠬ᠎ᠠ ᠳᠡᠯᠭᠡᠭᠦᠷ ᠤᠨ ᠲᠣᠭᠲᠠᠴᠠ ᠪᠠ ᠲᠤᠷᠰᠢᠯᠭ᠎ᠠ ᠶᠢᠨ ᠵᠠᠭᠪᠤᠷ ᠢ ᠰᠦᠪᠡᠭᠴᠢᠯᠡᠨ ᠪᠣᠶ ᠪᠣᠯᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠣᠯᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠨᠥᠬᠦᠷᠰᠡᠭ ᠢᠶᠠᠷ ᠵᠥᠪᠳᠡᠯᠴᠡᠵᠦ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠣᠷᠳᠣ ᠬᠤᠭᠤᠴᠠᠭ᠎ᠠ ᠪᠠᠷ ᠬᠠᠮᠲᠤᠷᠠᠯᠴᠠᠬᠤ ᠵᠠᠷᠴᠢᠮ ᠶᠣᠰᠣᠭᠠᠷ᠂ ᠲᠣᠰ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃
     ᠬᠤᠶᠠᠷ ᠲᠠᠯ᠎ᠠ ᠪᠠᠷ ᠢᠶᠠᠨ ᠢᠯᠡᠳᠬᠡᠭᠰᠡᠨ ᠨᠢ᠂ ᠲᠤᠰ ᠤᠳᠠᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠳᠤᠬᠢᠷᠠᠯᠴᠠᠬᠤ ᠪᠠᠷ ᠲᠣᠬᠢᠶᠠᠯ ᠪᠣᠯᠭᠠᠵᠤ᠂ ᠵᠠᠰᠠᠭ ᠤᠨ ᠣᠷᠳᠣᠨ ᠪᠠ ᠪᠠᠩᠬᠢ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠡᠬᠢ ᠪᠠᠶᠠᠯᠢᠭ ᠤᠨ ᠬᠦᠴᠦᠨ ᠢ ᠨᠡᠶᠢᠯᠡᠭᠦᠯᠵᠦ᠂ ᠨᠢᠭᠡ ᠪᠦᠯᠦᠭ ᠲᠦᠷᠦ ᠶᠢᠨ ᠪᠤᠳᠤᠯᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠦᠷᠦᠯ ᠵᠦᠢᠯ ᠢ ᠲᠦᠷᠭᠡᠳᠬᠡᠨ ᠪᠠᠶᠢᠭᠤᠯᠵᠤ᠂ ᠥᠪᠥᠷ ᠮᠣᠩᠭᠤᠯ ᠤᠨ ᠬᠤᠳᠠ ᠶᠢᠨ ᠬᠥᠭᠵᠢᠯᠲᠡ ᠯᠦᠭᠡ ᠵᠣᠬᠢᠴᠠᠭᠰᠠᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠳᠠ ᠦᠭᠡᠢ ᠪᠠᠶᠢᠭᠤᠯᠬᠤ ᠶᠢ ᠠᠬᠢᠭᠤᠯᠤᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠰᠢᠨ᠎ᠡ ᠬᠤᠲᠠ ᠶᠢᠨ ᠠᠷᠠᠳ ᠤᠨ ᠣᠷᠣᠨ ᠰᠠᠭᠤᠴᠠ ᠶᠢᠨ ᠠᠰᠠᠭᠤᠳᠠᠯ ᠢ ᠰᠢᠶᠳᠪᠦᠷᠢᠯᠡᠬᠦ ᠪᠠᠷ ᠭᠠᠷᠳᠠᠴᠠ ᠪᠣᠯᠭᠠᠵᠤ᠂ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠨᠠᠷᠢᠯᠢᠭ ᠣᠨᠣᠪᠴᠢᠲᠠᠢ ᠳᠡᠮᠵᠢᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ᠂ ᠬᠠᠮᠲᠤ ᠪᠠᠷ ᠥᠮᠴᠢᠯᠡᠬᠦ ᠡᠷᠬᠡ ᠪᠥᠬᠦᠶ ᠣᠷᠣᠨ ᠰᠠᠭᠤᠴᠠ ᠪᠠᠷ ᠭᠤᠤᠯ ᠴᠣᠭᠴᠠ ᠪᠣᠯᠭᠠᠭᠰᠠᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠬᠤᠪᠢᠶᠠᠷᠢ ᠪᠠᠩᠬᠢ ᠨᠢ ᠪᠠᠯᠠ ᠮᠥᠩᠭᠦ᠂ ᠮᠡᠷᠭᠡᠵᠢᠯ᠂ ᠠᠷᠭ᠎ᠠ ᠵᠠᠮ ᠵᠡᠷᠭᠡ ᠳᠠᠪᠠᠭᠤᠯᠢᠭ ᠢᠶᠠᠨ ᠪᠠᠳᠠᠷᠠᠭᠤᠯᠵᠤ᠂ ᠮᠥᠩᠭᠦᠨ ᠭᠦᠶᠯᠭᠡᠭᠡᠨ ᠤ ᠦᠶᠯᠡᠳᠬᠦᠨ ᠤ ᠰᠢᠨ᠎ᠡ ᠶᠢ ᠡᠭᠦᠳᠬᠦ᠂ ᠬᠡᠷ ᠪᠠᠶᠢᠰᠢᠩ ᠤᠨ ᠢᠷᠡᠯᠲᠡ ᠶᠢ ᠬᠤᠷᠠᠮᠳᠤᠭᠤᠯᠤᠨ ᠡᠵᠡᠩᠨᠡᠬᠦ᠂ ᠮᠡᠳᠡᠭᠡ ᠵᠠᠩᠭᠢ ᠶᠢᠨ ᠰᠢᠰᠲ᠋ᠧᠮ ᠢᠶᠠᠷ ᠲᠤᠯᠭᠠᠭᠤᠷᠢᠯᠠᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠦᠶᠯᠡᠴᠢᠯᠡᠭᠡ ᠬᠠᠩᠭᠠᠬᠤ ᠪᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠡᠵᠡᠩᠨᠡᠯᠲᠡ ᠳᠤ ᠣᠷᠣᠯᠴᠠᠨ᠎ᠠ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ