ᠮᠠᠨ ᠤ ᠣᠷᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 2021 ᠣᠨ ᠤ ᠠᠩᠬᠠᠳᠤᠭᠴᠢ ᠤᠳᠠᠭᠠᠨ ᠤ ᠲᠤᠰᠬᠠᠶ ᠪᠠᠯᠠ ᠮᠥᠩᠭᠦ ᠶᠢ 10431.3 ᠲᠦᠮᠡᠨ ᠲᠥᠭᠦᠷᠢᠭ  ᠪᠠᠭᠤᠯᠭᠠᠯ᠎ᠠ
ᠨᠡᠶᠢᠲᠡᠯᠡᠭᠰᠡᠨ ᠴᠠᠭ᠄
2021/2/26

      2 ᠳ᠋ᠤᠭᠠᠷ ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 2021 ᠣᠨ ᠤ ᠠᠩᠬᠠᠳᠤᠭᠠᠷ ᠤᠳᠠᠭᠠᠨ ᠤ ᠲᠤᠰᠬᠠᠶ ᠪᠠᠯᠠ ᠮᠥᠩᠭᠦ ᠶᠢ 10431.3 ᠲᠦᠮᠡᠨ ᠲᠥᠭᠦᠷᠢᠭ ᠪᠠᠭᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ 27 ᠲᠥᠷᠥᠯ ᠵᠦᠶᠯ ᠢ ᠳᠡᠮᠵᠢᠪᠡ᠃
       ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 2021 ᠣᠨ ᠤ ᠲᠥᠯᠥᠪᠯᠡᠭᠡ ᠶᠢᠨ ᠶᠡᠷᠦᠩᠬᠡᠶ ᠲᠣᠬᠢᠷᠠᠭᠤᠯᠤᠯᠲᠠ ᠢᠶᠠᠷ ᠪᠣᠯ᠂ ᠲᠣᠰ ᠤᠳᠠᠭᠠᠨ ᠤ ᠪᠠᠭᠤᠯᠭᠠᠭᠰᠠᠨ ᠲᠤᠰᠬᠠᠶ ᠪᠠᠯᠠ ᠮᠥᠩᠭᠦ ᠪᠠᠷ 2020 ᠣᠨ ᠳᠤ ᠨᠢᠭᠡᠨᠲᠡ ᠰᠡᠳᠦᠪ ᠲᠣᠭᠲᠠᠭᠰᠠᠨ ᠮᠥᠷᠲᠡᠭᠡᠨ ᠡᠬᠢᠯᠡᠨ ᠬᠡᠷᠡᠭᠵᠢᠭᠦᠯᠦᠭᠰᠡᠨ ᠣᠨ ᠬᠤᠪᠢᠶᠠᠷᠢᠯᠠᠨ ᠡᠷᠬᠢᠯᠳᠦᠭᠦᠯᠬᠦ ᠲᠥᠷᠥᠯ ᠵᠦᠶᠯ ᠢ ᠳᠡᠮᠵᠢᠬᠦ ᠪᠣᠯᠤᠨ᠎ᠠ᠂ ᠡᠭᠦᠨ ᠳᠤ ︽ᠲᠠᠪᠤᠨ ᠶᠡᠭᠡ ᠬᠦᠷᠢᠶ᠎ᠡ ᠴᠠᠷᠠᠭ᠎ᠠ︾ ᠪᠠ ︽ᠠᠮᠢ ᠠᠬᠤᠶ ᠣᠷᠴᠢᠨ ᠲᠣᠭᠤᠷᠢᠨ ᠤ ᠬᠦᠷᠢᠶ᠎ᠡ ᠴᠠᠷᠠᠭ᠎ᠠ︾ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 16 ᠴᠢᠬᠤᠯᠠ ᠶᠡᠭᠡ ᠲᠤᠰᠬᠠᠶ ᠲᠥᠷᠥᠯ ᠵᠦᠶᠯ ᠢ ᠳᠡᠮᠵᠢᠬᠦ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠶ ᠪᠠᠯᠠ ᠮᠥᠩᠭᠦ ᠶᠢ 9011 ᠲᠦᠮᠡᠨ ᠲᠥᠭᠦᠷᠢᠭ ᠳᠣᠬᠢᠷᠠᠭᠤᠯᠵᠠᠢ︔ ︽ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭ᠎ᠠ︾ ᠶᠢᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ 11 ᠲᠥᠷᠥᠯ ᠵᠦᠢᠯ ᠳᠤ᠂ ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ ᠪᠠ ᠨᠡᠭᠡᠭᠡᠨ ᠬᠥᠭᠵᠢᠭᠦᠯᠬᠦ ᠪᠡᠯᠡ ᠮᠥᠩᠭᠦ ᠶᠢ 1420.3 ᠲᠦᠮᠡᠨ ᠲᠥᠭᠦᠷᠢᠭ ᠳᠣᠬᠢᠷᠠᠭᠤᠯᠵᠠᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ