ᠰᠢᠯᠢ ᠶᠢᠨ ᠭᠤᠤᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤ ᠣᠳᠣ ᠦᠶ᠎ᠡ ᠶᠢᠨ ᠠᠳᠣᠭᠤᠨ ᠤ ᠠᠵᠤ ᠦᠢᠯᠡᠰ ᠢ ᠬᠦᠴᠦᠯᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/2/26

     ᠣᠳᠣ ᠪᠣᠯᠲᠠᠯ᠎ᠠ᠂ ᠰᠢᠯᠢ ᠶᠢᠨ ᠭᠤᠤᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠮᠠᠯᠵᠢᠯ ᠤᠨ ᠦᠢᠯᠡᠰ ᠤᠨ ᠣᠨ ᠤ ᠮᠣᠩᠭᠤᠯ ᠠᠳᠤᠭᠤᠨ ᠤ ᠲᠤᠭ᠎ᠠ 54968 ᠲᠣᠯᠤᠭᠠᠢ ᠳᠤ ᠬᠦᠷᠴᠦ᠂ ᠪᠥᠬᠦ ᠬᠤᠰᠢᠭᠤᠨ ᠳᠤ ᠣᠳᠣ ᠠᠳᠤᠭᠤ ᠲᠡᠵᠢᠭᠡᠵᠦ ᠪᠠᠶᠢᠭ᠎ᠠ ᠡᠷᠦᠬᠡ 2131 ᠪᠤᠢ᠃ ᠨᠢᠭᠡ ᠳᠤ᠂ ᠮᠣᠩᠭᠤᠯ ᠠᠳᠤᠭᠤ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠪᠠ᠃ ᠦᠵᠦᠮᠦᠴᠢᠨ ᠴᠠᠭᠠᠨ ᠠᠳᠤᠭᠤ ᠶᠢ ᠦᠷᠡᠵᠢᠭᠦᠯᠦᠨ ᠪᠣᠶᠢᠵᠢᠭᠤᠯᠬᠤ 1 ᠰᠠᠭᠤᠷᠢᠨ ᠭᠠᠵᠠᠷ ᠢ ᠪᠠᠶᠢᠭᠤᠯᠵᠤ᠂ ᠳᠣᠣᠷ᠎ᠠ ᠨᠢ ᠦᠵᠦᠮᠦᠴᠢᠨ ᠴᠠᠭᠠᠨ ᠠᠳᠤᠭᠤ ᠶᠢ ᠬᠠᠮᠠᠭᠠᠯᠠᠬᠤ ᠭᠤᠣᠯ ᠬᠤᠯᠪᠤᠭ᠎ᠠ 25 ᠡᠷᠦᠬᠡ᠂ ᠪᠤᠰᠤᠳ ᠵᠢᠰᠤᠮ ᠤᠨ ᠠᠳᠤᠭᠤ ᠶᠢ ᠬᠠᠮᠠᠭᠠᠯᠠᠬᠤ ᠭᠤᠣᠯ ᠬᠤᠯᠪᠤᠭ᠎ᠠ 25 ᠡᠷᠦᠬᠡ᠂ ᠦᠵᠦᠮᠦᠴᠢᠨ ᠠᠳᠤᠭᠤ ᠶᠢᠨ ᠤᠳᠤᠮ ᠢ ᠬᠠᠮᠠᠭᠠᠯᠠᠬᠤ 7 ᠴᠡᠭ ᠲᠣᠬᠢᠷᠠᠭᠤᠯᠪᠠ᠃ ᠬᠤᠶᠠᠷ ᠲᠤ᠂ ᠭᠡᠭᠦᠦ ᠶᠢᠨ ᠰᠦ ᠶᠢᠨ ᠠᠵᠤ ᠦᠢᠯᠡᠰ ᠤᠨ ᠬᠥᠭᠵᠢᠯᠲᠡ ᠶᠢ ᠪᠤᠵᠠᠭᠠᠶᠢᠷᠠᠭᠤᠯᠪᠠ᠃ ᠭᠡᠭᠦᠦ ᠶᠢᠨ ᠰᠦ ᠡᠳ᠋ᠰᠢᠭᠦᠯᠬᠦ 1 ᠠᠵᠤ ᠠᠬᠤᠶᠢᠯᠠᠯ᠂ ᠭᠡᠭᠦᠦ ᠶᠢᠨ ᠰᠦ ᠡᠳ᠋ᠰᠢᠭᠦᠯᠬᠦ 5 ᠬᠤᠷᠰᠢᠶᠠᠵᠢᠯ ᠢ ᠬᠦᠮᠦᠵᠢᠭᠦᠯᠦᠨ ᠪᠣᠶᠢᠵᠢᠭᠤᠯᠵᠤ᠂ ᠪᠦᠬᠦ ᠬᠤᠰᠢᠭᠤᠨ ᠳᠤ ᠭᠡᠭᠦᠦ ᠰᠠᠭᠠᠬᠤ ᠮᠠᠯᠴᠢᠨ ᠡᠷᠦᠬᠡ 60 ᠭᠠᠷᠤᠢ ᠪᠠᠶᠢᠵᠤ᠂ ᠵᠢᠯ ᠳᠤᠮᠳᠠᠴᠢ ᠶᠢᠨ ᠭᠡᠭᠦᠦ ᠶᠢᠨ ᠰᠦ ᠶᠢᠨ ᠭᠠᠷᠤᠯᠲᠠ 200 ᠭᠠᠷᠤᠢ ᠲᠣᠨ ᠳᠤ ᠬᠦᠷᠪᠡ᠃ ᠭᠤᠷᠪᠠ ᠳᠤ᠂ ᠠᠳᠤᠭᠤᠨ ᠰᠣᠶᠣᠯ ᠤᠨ ᠰᠡᠯᠡᠭᠦᠴᠡᠯ ᠤᠨ ᠲᠥᠷᠥᠯ ᠵᠦᠶᠯ ᠢ ᠲᠦᠷᠭᠡᠳᠬᠡᠨ ᠠᠬᠢᠭᠤᠯᠪᠠ᠃ 2020 ᠣᠨ ᠳᠤ ᠴᠠᠭᠠᠨ ᠠᠳᠤᠭᠤᠨ ᠰᠣᠶᠣᠯ ᠤᠨ ᠬᠦᠷᠢᠶᠡᠯᠡᠩ ᠳᠤ ᠵᠤᠭᠠᠴᠠᠭᠰᠠᠳ ᠢ 3436 ᠬᠥᠮᠦᠨ ᠤᠳᠠᠭ᠎ᠠ ᠭᠥᠯᠢᠶᠡᠨ ᠠᠪᠴᠤ᠂ ︽2020 ᠣᠨ ᠤ ᠳᠤᠮᠳᠠᠳᠤ ᠤᠯᠤᠰ ᠤᠨ ᠴᠠᠭᠠᠨ ᠠᠳᠤᠭᠤᠨ ᠤ ᠨᠤᠲᠤᠭ ᠤᠨ ᠠᠳᠤᠭᠤᠨ ᠰᠣᠶᠣᠯ ᠤᠨ ᠨᠠᠶᠢᠷ︾ ᠪᠣᠯᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠤᠳᠠᠯᠳᠤᠭᠠᠨ ᠤ ᠨᠠᠶᠢᠷ ᠡᠬᠢᠯᠡᠬᠦ ᠨᠠᠭᠠᠳᠤᠮ ᠢ ᠳᠠᠭᠠᠭᠠᠴᠢᠯᠠᠨ ᠡᠷᠭᠢᠯᠡᠪᠡ᠃ ᠳᠥᠷᠪᠡ ᠳᠤ ᠦᠵᠦᠮᠦᠴᠢᠨ ᠴᠠᠭᠠᠨ ᠠᠳᠤᠭᠤᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠪᠠ᠃ ᠴᠠᠭᠠᠨ ᠠᠳᠤᠭᠤᠨ ᠤ ᠬᠠᠮᠢᠶ᠎ᠠ ᠪᠥᠬᠦᠶ ᠲᠠᠸᠠᠷ ᠤᠨ ᠲᠡᠮᠳᠡᠭ ᠤᠨ ᠬᠡᠪᠯᠡᠯ ᠤᠨ ᠡᠷᠬᠡ ᠶᠢᠨ ᠦᠨᠡᠮᠯᠡᠯ 70 ᠲᠥᠷᠥᠯ ᠢ ᠳᠠᠩᠰᠠᠯᠠᠭᠤᠯᠵᠤ᠂ 21 ᠲᠥᠷᠥᠯ ᠤᠨ ᠦᠨᠡᠮᠯᠡᠯ ᠲᠣᠰᠴᠠᠢ᠃

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ