ᠲᠦᠩᠯᠢᠶᠣᠤ ᠬᠤᠲᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/2/26

     2 ᠳ᠋ᠤᠭᠠᠷ ᠰᠠᠷ᠎ᠠ ᠶᠢᠨ 25 ᠤ ᠡᠳᠦᠷ᠂ ᠲᠦᠩᠯᠢᠶᠣᠤ ᠬᠤᠲᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ᠃ ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠦᠬᠦᠳᠡ ᠬᠤᠷᠠᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠲᠥᠪ ᠤᠨ ᠲᠣᠭᠤᠷᠢᠨ ᠪᠠᠶᠢᠴᠠᠭᠠᠯᠲᠠ ᠠᠴᠠ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ 2020 ᠣᠨ ᠤ ᠵᠣᠬᠢᠶᠠᠨ ᠪᠠᠶᠢᠭᠤᠯᠬᠤ ᠠᠵᠢᠯ ᠢ ᠳ᠋ᠦᠩᠨᠡᠨ᠂ 2021 ᠣᠨ ᠤ ᠭᠤᠣᠯᠳᠠᠯᠭ᠎ᠠ ᠲᠠᠢ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠣᠷᠭᠢᠯ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ 2020 ᠣᠨ ᠳᠤ ᠲᠦᠩᠯᠢᠶᠣᠤ ᠬᠤᠲᠠ ᠶᠢᠨ ᠵᠣᠬᠢᠶᠠᠨ ᠪᠠᠶᠢᠭᠤᠯᠬᠤ ᠰᠢᠰᠲ᠋ᠧᠮ ᠤᠨ ᠬᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠬᠤ ᠱᠤᠭᠤᠮ ᠢ ᠭᠦᠨᠵᠡᠭᠡᠶ ᠲᠤᠭᠤᠰᠢᠯᠠᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠨ᠂ ᠲᠦᠩᠯᠢᠶᠣᠤ ᠬᠤᠲᠠ ᠶᠢᠨ ᠭᠤᠤᠯ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ᠂ ᠶᠡᠭᠡ ᠳᠠᠶᠢᠯᠠᠯᠳᠤᠭᠠᠨ ᠶᠡᠭᠡ ᠰᠢᠯᠭᠠᠯᠲᠠ ᠶᠢ ᠠᠷᠭᠠᠴᠠᠭᠠᠬᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠲᠣᠰ ᠪᠡᠶ᠎ᠡ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠵᠤ᠂ ᠡᠯᠪᠡᠭ ᠦᠷ᠎ᠡ ᠪᠦᠲᠦᠮᠵᠢ ᠣᠯᠵᠠᠢ ᠭᠡᠪᠡ᠃
     ᠬᠤᠷᠠᠯ ᠠᠴᠠ ᠴᠢᠬᠤᠯᠠᠴᠢᠯᠠᠭᠰᠠᠨ ᠨᠢ᠂ 2021 ᠣᠨ ᠤ ᠲᠦᠩᠯᠢᠶᠣᠤ ᠬᠤᠲᠠ ᠶᠢᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠷ᠂ ᠭᠤᠷᠪᠠ᠂ ᠳᠥᠷᠪᠡ᠂ ᠲᠠᠪᠤᠳᠤᠭᠠᠷ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢ ᠪᠠᠲᠤ ᠪᠠᠬᠢ ᠪᠣᠢ ᠪᠣᠯᠭᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂

︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠠᠮᠢ ᠠᠬᠤᠶ ᠶᠢ ᠤᠷᠢᠳᠠᠪᠠᠷ ᠪᠣᠳᠣᠯᠬᠢᠯᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠬᠤ ᠶᠡᠷᠦᠩᠬᠡᠶ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ︽ᠭᠤᠷᠪᠠᠨ ᠵᠢᠯ ᠳᠤ ᠰᠠᠭᠤᠷᠢ ᠲᠠᠯᠪᠢᠨ  ᠲᠠᠪᠤᠨ ᠵᠢᠯ ᠳᠤ ᠲᠡᠷᠢᠭᠦᠨ ᠢ ᠲᠡᠮᠡᠴᠡᠨ ᠣᠯᠬᠤ︾ ᠬᠠᠷᠠᠯᠲᠠ ᠶᠢᠨ ᠲᠣᠭᠤᠷᠢᠨ ᠳᠤ᠂ ︽ᠴᠢᠬᠡᠴᠢ ᠰᠤᠷᠲᠠᠯ ᠢᠶᠠᠷ ᠬᠥᠲᠥᠯᠥᠨ ᠳᠠᠭᠠᠭᠤᠯᠬᠤ︾ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠰᠢᠭᠤ ᠰᠢᠶᠠᠨ ᠬᠤᠲᠠ ᠲᠣᠭᠤᠷᠢᠭ᠂ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠢ ᠨᠢᠮᠪᠠᠶ ᠵᠣᠬᠢᠶᠠᠨ ᠪᠠᠶᠢᠭᠤᠯᠵᠤ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠤᠳᠤᠷᠢᠳᠬᠤ ᠴᠢᠳᠠᠪᠤᠷᠢ ᠲᠠᠢ ᠺᠠᠳ᠋ᠷ ᠤᠨ ᠡᠩᠨᠡᠭᠡ ᠶᠢ ᠡᠷᠴᠢᠮᠯᠡᠨ ᠪᠠᠶᠢᠭᠤᠯᠵᠤ᠂ ᠳᠡᠭᠡᠳᠦ ᠳᠣᠣᠷᠠᠳᠤ ᠱᠠᠲᠤ ᠨᠡᠪᠲᠡᠷᠬᠡᠢ᠂ ᠬᠡᠷᠡᠭᠵᠢᠭᠦᠯᠦᠯᠲᠡ ᠬᠦᠴᠦᠲᠡᠶ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠢᠳᠠᠪᠤᠷᠢᠲᠠᠨ ᠢ ᠪᠦᠬᠦ ᠲᠠᠯ᠎ᠠ ᠪᠠᠷ ᠬᠦᠮᠦᠵᠢᠭᠦᠯᠬᠦ᠂ ᠲᠠᠲᠠᠨ ᠣᠷᠤᠭᠤᠯᠬᠤ ᠪᠠ ᠰᠠᠶᠢᠲᠤᠷ ᠬᠡᠷᠡᠭᠯᠡᠵᠦ᠂ ᠵᠣᠬᠢᠶᠠᠨ ᠪᠠᠶᠢᠭᠤᠯᠬᠤ ᠠᠵᠢᠯ ᠤᠨ ᠺᠠᠳ᠋ᠷ ᠤᠨ ︽ᠦᠨᠡᠨᠴᠢ ᠰᠢᠳᠤᠷᠭᠤ᠂ ᠠᠷᠢᠭᠤᠨ ᠴᠢᠭᠡᠴᠢ᠂ ᠬᠠᠷᠢᠭᠤᠴᠠᠯᠭ᠎ᠠ ᠡᠭᠦᠷᠭᠡᠯᠡᠬᠦ︾ ᠲᠤᠰᠬᠠᠶ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠣᠬᠢᠶᠠᠨ ᠪᠠᠶᠢᠭᠤᠯᠬᠤ ᠠᠵᠢᠯ ᠤᠨ ᠶᠠᠰᠤ ᠴᠢᠨᠠᠷ ᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃
     ᠬᠤᠷᠠᠯ ᠠᠴᠠ ᠱᠠᠭᠠᠷᠳᠠᠭᠰᠠᠨ ᠨᠢ᠂ ᠰᠠᠶᠢᠲᠤᠷ ᠣᠶᠢᠯᠠᠭᠠᠵᠤ ᠲᠤᠭᠤᠷᠠᠳᠠᠯ᠎ᠠ ᠮᠡᠳᠡᠵᠤ ᠪᠣᠳᠠᠲᠠᠢ ᠬᠢᠬᠦ ᠶᠢ ᠲᠤᠪᠤᠶᠢᠯᠭᠠᠨ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠡᠷᠴᠢᠮᠯᠡᠨ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷ ᠤᠨ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠶᠢ ᠲᠤᠪᠤᠶᠢᠯᠭᠠᠨ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠤᠯᠪᠣᠭᠳᠠᠯ ᠪᠦᠬᠦᠢ ᠠᠵᠢᠯ ᠢ ᠬᠦᠴᠦᠯᠡᠨ ᠰᠠᠶᠢᠲᠤᠷ ᠬᠢᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠦᠨ᠂ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠳᠠᠭᠠᠬᠤ ᠶᠢ ᠬᠦᠳᠦᠯᠦᠨ ᠳᠠᠭᠠᠭᠤᠯᠬᠤ ᠬᠡᠷᠡᠭᠲᠡᠢ᠃ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠳᠣᠪᠣᠶᠢᠯᠭᠠᠵᠤ᠂ ᠲᠥᠪ ᠤᠨ ᠲᠣᠭᠤᠷᠢᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠦᠴᠦᠯᠡᠨ ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠮᠡᠳᠡᠭᠰᠡᠨ ᠳᠠᠷᠤᠶ ᠳᠤ ᠪᠠᠨ ᠴᠡᠭᠴᠡᠯᠡᠨ ᠰᠠᠶᠢᠵᠢᠷᠠᠭᠤᠯᠬᠤ᠂ ᠬᠤᠯᠪᠣᠭᠠᠯᠠᠨ ᠬᠥᠳᠡᠯᠦᠯᠴᠡᠵᠦ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠶᠢ ᠡᠴᠦᠰ ᠲᠤ ᠨᠢ ᠲᠤᠯᠲᠠᠯ᠎ᠠ ᠠᠳᠬᠤᠬᠤ ᠶᠢ ᠠᠬᠢᠭᠤᠯᠬᠤ ᠬᠡᠷᠡᠭᠲᠡᠶ᠃ ᠶᠡᠭᠡ ᠲᠠᠯ᠎ᠠ ᠳᠤ ᠦᠢᠯᠡᠴᠢᠯᠡᠬᠦ ᠶᠢ ᠲᠤᠪᠤᠶᠢᠯᠭᠠᠵᠤ᠂ ᠨᠠᠮ ᠤᠨ ᠵᠣᠬᠢᠶᠠᠨ ᠪᠠᠶᠢᠭᠤᠯᠬᠤ ᠳᠠᠪᠠᠭᠤᠯᠢᠭ ᠢ ᠠᠵᠢᠯ ᠢᠶᠠᠨ ᠠᠬᠢᠭᠤᠯᠵᠦ ᠢᠯᠠᠯᠲᠠ ᠣᠯᠬᠤ ᠳᠠᠪᠠᠭᠤᠯᠢᠭ ᠲᠡᠶᠢᠰᠢ ᠬᠦᠴᠦᠯᠡᠨ ᠤᠯᠠᠷᠢᠭᠤᠯᠬᠤ ᠬᠡᠷᠡᠭᠲᠡᠢ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠳᠣᠪᠣᠶᠢᠯᠭᠠᠨ᠂ ᠬᠤᠰᠢᠭᠤ ᠰᠢᠶᠠᠨ ᠬᠤᠲᠠ ᠲᠣᠭᠤᠷᠢᠭ ᠪᠣᠯᠤᠨ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠢ ᠬᠦᠴᠦᠯᠡᠨ ᠰᠠᠶᠢᠲᠤᠷ ᠬᠢᠬᠦ ᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠳᠣᠪᠣᠶᠢᠯᠭᠠᠵᠤ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠬᠤ ᠬᠡᠷᠡᠭᠲᠡᠶ᠃ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠬᠤ ᠬᠦᠴᠦᠨ ᠢ ᠲᠤᠪᠤᠶᠢᠯᠭᠠᠨ᠂ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠬᠤ ᠬᠡᠷᠡᠭᠲᠡᠢ᠃ ᠰᠢᠨ᠎ᠡ ᠶᠢ ᠡᠭᠦᠳᠬᠦ ᠦᠢᠯᠡᠰ ᠪᠤᠰᠬᠠᠬᠤ ᠶᠢ ᠲᠤᠪᠤᠶᠢᠯᠭᠠᠵᠤ᠂ ᠴᠢᠳᠠᠪᠤᠷᠢᠲᠠᠨ ᠢᠶᠠᠷ ᠬᠤᠳᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠦᠴᠦᠯᠡᠨ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠬᠤ ᠬᠡᠯᠲᠡᠰ ᠢᠶᠠᠨ ᠴᠢᠩᠭ᠎ᠠ ᠵᠠᠰᠠᠬᠤ ᠶᠢ ᠪᠠᠷᠢᠮᠲᠠᠯᠠᠨ᠂ ᠵᠣᠬᠢᠶᠠᠨ ᠪᠠᠶᠢᠭᠤᠯᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠵᠣᠬᠢᠶᠠᠨ ᠪᠠᠶᠢᠭᠤᠯᠬᠤ ᠠᠵᠢᠯ ᠤᠨ ᠺᠠᠳ᠋ᠷ ᠤᠨ ᠠᠵᠢᠯ ᠬᠢᠵᠦ ᠦᠶᠯᠡᠰ ᠪᠤᠰᠬᠠᠬᠤ ᠤᠷᠮ᠎ᠠ ᠵᠣᠷᠢᠭ ᠢ ᠲᠠᠰᠤᠷᠠᠯᠲᠠ ᠥᠬᠡᠶ ᠬᠥᠭᠵᠢᠭᠡᠵᠦ᠂ ᠲᠦᠩᠯᠢᠶᠣᠤ ᠬᠤᠲᠠ ᠶᠢᠨ ᠵᠣᠬᠢᠶᠠᠨ ᠪᠠᠶᠢᠭᠤᠯᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠲᠦᠩᠯᠢᠶᠣᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠦᠨ ᠠᠵᠢᠯᠯᠠᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠬᠡᠷᠡᠭᠲᠡᠶ

ᠭᠡᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ