2 ᠰᠠᠷ᠎ᠠ ᠶᠢᠨ 1 ᠠᠴᠠ 2 ᠤᠨ ᠡᠳᠦᠷ ᠪᠤᠯᠳᠠᠯ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠢᠩᠭᠠᠨ ᠠᠶᠢᠮᠠᠬ ᠲᠤ ᠢᠷᠡᠵᠦ᠂ ᠨᠠᠮ ᠤᠨ ᠪᠠᠶᠢᠭᠤᠯᠤᠯᠳᠠ ᠶᠢᠨ ᠬᠠᠷᠢᠯᠴᠠᠬᠤ ᠴᠡᠭ | ᠪᠤᠯᠬᠤ ᠴᠠᠷᠠᠰᠤᠨ ᠭᠠᠴᠠᠭ᠎ᠠ ᠶᠢᠨ ᠨᠠᠮ ᠤᠨ ᠡᠬᠦᠷ ᠲᠤ ᠬᠦᠨᠵᠡᠭᠡᠶᠢᠷᠡᠨ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠢ ᠪᠠᠶᠢᠴᠠᠭᠠᠨ ᠰᠤᠳᠤᠯᠵᠦ | ᠵᠢᠭᠠᠨ ᠵᠢᠯᠤᠭᠤᠳᠴᠦ᠂ ᠠᠶᠢᠮᠠᠬ ᠤᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠤᠷᠤᠯᠴᠠᠨ | ᠵᠢᠭᠠᠨ ᠵᠢᠯᠤᠭᠤᠳᠪᠠ᠃ | | | ᠬᠢᠩᠭᠠᠨ ᠠᠶᠢᠮᠠᠬ ᠤᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠴᠠᠷᠠᠰᠤᠨ ᠭᠠᠴᠠᠭ᠎ᠠ ᠪᠤᠯ ᠱᠢ ᠲᠠᠢ ᠹᠧᠩ ᠤᠨ ᠨᠠᠮ ᠤᠨ ᠪᠠᠶᠢᠭᠤᠯᠤᠯᠳᠠ ᠶᠢᠨ | ᠬᠠᠷᠢᠯᠴᠠᠬᠤ ᠴᠡᠭ ᠪᠤᠯᠤᠨ᠎ᠠ᠃ ᠱᠢ ᠲᠠᠢ ᠹᠧᠩ ᠨᠢᠰᠭᠡᠯ ᠠᠴᠠ ᠪᠠᠭᠤᠮᠠᠭᠴᠠ ᠪᠠᠨ ᠴᠠᠷᠠᠰᠤᠨ ᠭᠠᠴᠠᠭ᠎ᠠ ᠳᠤ ᠬᠦᠷᠴᠦ᠂ ᠬᠢᠩᠭᠠᠨ ᠤ ᠵᠢᠶᠠ ᠾᠧ ᠺᠤᠮᠫᠠᠨᠢ ᠳᠤ ᠠᠵᠤ | ᠠᠬᠤᠢᠢᠯᠠᠯ ᠤᠨ ᠦᠢᠯᠡᠳᠪᠤᠷᠢᠯᠡᠯ ᠡᠵᠡᠩᠨᠡᠯᠳᠠ᠂ ᠳᠤᠳᠤᠷᠭ᠎ᠠ ᠶᠢᠨ ᠪᠦᠳᠦᠭᠡᠭᠳᠡᠬᠦᠨ ᠤ ᠨᠡᠭᠡᠭᠡᠨ ᠬᠦᠭᠵᠢᠬᠦᠯᠦᠯᠳᠠ ᠪᠠ ᠠᠵᠤ ᠦᠢᠯᠡᠰ ᠢᠶᠠᠷ ᠶᠠᠳᠠᠭᠤ ᠬᠦᠴᠢᠷᠳᠡᠯᠳᠠᠢ | ᠬᠦᠮᠦᠰ ᠢ ᠲᠠᠶᠢᠴᠢᠯᠠᠬᠰᠠᠨ ᠪᠠᠶᠢᠳᠠᠯ ᠢ ᠰᠢᠨᠵᠢᠯᠡᠨ ᠪᠠᠶᠢᠴᠠᠭᠠᠵᠦ᠂ ᠶᠠᠳᠠᠭᠤ ᠠᠴᠠ ᠠᠩᠬᠢᠵᠢᠷᠠᠭᠰᠠᠨ ᠡᠷᠦᠭᠡ ᠪᠠ ᠴᠢᠨᠡᠭᠡᠯᠢᠭᠵᠢᠯ ᠤᠨ ᠳᠠᠭᠠᠭᠤᠯᠤᠬᠴᠢ ᠶᠢᠨ ᠬᠢ ᠪᠠᠷ | ᠬᠦᠷᠴᠤ ᠦᠵᠡᠪᠡ᠃ ᠲᠡᠷᠡ ᠠᠵᠤ ᠠᠬᠤᠢᠢᠯᠠᠯ ᠤᠨ ᠬᠢᠨ ᠢ ᠪᠦᠬᠦ ᠠᠵᠤ ᠦᠢᠯᠡᠰ ᠤᠨ ᠭᠡᠯᠬᠢᠶᠠᠨ ᠤ ᠬᠦᠭᠵᠢᠯᠳᠠ ᠶᠢ ᠰᠠᠶᠢᠳᠤᠷ ᠠᠬᠢᠭᠤᠯᠵᠦ᠂ ᠪᠦᠬᠦᠯᠢ ᠴᠤᠬᠴᠠ ᠶᠢᠨ | ᠪᠤᠳᠠᠳᠤ ᠬᠦᠴᠦᠨ ᠢᠶᠠᠨ ᠴᠢᠩᠭᠠᠳᠬᠠᠨ᠂ ᠨᠡᠩ ᠤᠯᠠᠨ ᠬᠦᠮᠦᠰ ᠲᠠᠢ ᠲᠠᠶᠢᠴᠢᠯᠠᠨ ᠴᠢᠨᠡᠭᠡᠯᠢᠭᠵᠢᠬᠦᠯᠬᠦ ᠶᠢ ᠵᠤᠷᠢᠬᠵᠢᠭᠤᠯᠪᠠ᠃ ᠶᠠᠳᠠᠭᠤ ᠠᠴᠠ ᠠᠩᠬᠢᠵᠢᠷᠠᠭᠰᠠᠨ ᠡᠷᠦᠭᠡ | ᠬᠠᠨ ᠯᠢᠦ ᠵᠦ ᠶᠢᠨ ᠭᠡᠷ ᠲᠤ᠂ ᠡᠷ᠎ᠠ ᠡᠮ᠎ᠠ ᠬᠤᠶᠠᠭᠤᠯᠠ ᠶᠢᠨ ᠶᠠᠳᠠᠭᠤ ᠠᠴᠠ ᠠᠩᠬᠢᠵᠢᠷᠠᠭᠰᠠᠨ ᠤ ᠳᠠᠷᠠᠭᠠᠬᠢ ᠪᠠᠶᠠᠷ ᠪᠠᠶᠠᠰᠬᠤᠯᠠᠩᠳᠦ ᠢᠨᠢᠶᠡᠳᠦ ᠶᠢ ᠬᠠᠷᠠᠵᠦ᠂ ᠨᠠᠮ ᠤᠨ | ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠳᠤ ᠦᠨᠡᠨ ᠰᠡᠳᠬᠢᠯ ᠠᠴᠠ ᠪᠠᠨ ᠪᠠᠶᠠᠷᠯᠠᠨ ᠲᠠᠯᠠᠷᠬᠠᠵᠦ ᠪᠠᠶᠢᠬᠤ ᠦᠭᠡ ᠶᠢ ᠨᠢ ᠰᠤᠨᠤᠰᠤᠭᠠᠳ ᠱᠢ ᠲᠠᠢ ᠹᠧᠩ᠂ | ᠲᠠᠨᠠᠷ ᠤᠨ ᠠᠮᠢᠳᠤᠷᠠᠯ ᠲᠤᠭᠳᠠᠭᠤᠨ ᠪᠠᠳᠤᠯᠠᠭ᠎ᠠ ᠲᠠᠢ ᠪᠤᠯᠤᠭᠰᠠᠨ ᠳᠤ ᠪᠢ ᠮᠠᠰᠢ ᠪᠠᠶᠠᠷᠯᠠᠵᠦ ᠪᠠᠶᠢᠨ᠎ᠠ᠂ ᠬᠤᠶᠢᠰᠢᠳᠠ ᠦᠷᠬᠦᠯᠵᠢᠯᠡᠨ ᠴᠢᠷᠮᠠᠶᠢᠵᠦ ᠠᠮᠢᠳᠤᠷᠠᠯ ᠢᠶᠠᠨ | ᠨᠡᠩ ᠦᠭᠡᠳᠡ ᠡᠰᠡᠷᠡᠭ ᠪᠤᠯᠭᠠᠭᠠᠷᠠᠢ ᠭᠡᠪᠠ᠃ ᠴᠢᠨᠡᠭᠡᠯᠢᠭᠵᠢᠯ ᠤᠨ ᠳᠠᠭᠠᠭᠤᠯᠤᠬᠴᠢ ᠡᠤ ᠬᠤᠩ ᠸᠧᠢ ᠶᠢᠨ ᠬᠤᠷᠰᠢᠶ᠎ᠠ ᠪᠠᠶᠢᠭᠤᠯᠵᠦ ᠶᠠᠳᠠᠭᠤ ᠬᠦᠴᠢᠷᠳᠡᠯᠳᠠᠢ ᠬᠦᠮᠦᠰ ᠢ | ᠲᠠᠭᠠᠭᠤᠯᠤᠨ ᠲᠠᠶᠢᠴᠢᠯᠠᠬᠰᠠᠨ ᠪᠠᠶᠢᠳᠠᠯ ᠢ ᠨᠠᠷᠢᠨ ᠤᠢᠢᠯᠠᠭᠠᠭᠰᠠᠨ ᠤ ᠳᠠᠷᠠᠭ᠎ᠠ ᠱᠢ ᠲᠠᠢ ᠹᠧᠩ ᠮᠠᠬᠳᠠᠨ ᠰᠠᠶᠢᠰᠢᠶᠠᠵᠦ᠂ ᠲᠡᠬᠦᠨ ᠢ ᠬᠦᠳᠦᠯᠦᠨ ᠳᠠᠭᠠᠭᠤᠯᠬᠤ | ᠦᠢᠯᠡᠳᠦᠯ ᠢᠶᠠᠨ ᠦᠷᠬᠦᠯᠵᠢᠯᠡᠨ ᠪᠠᠳᠠᠷᠠᠭᠤᠯᠵᠦ᠂ ᠨᠡᠩ ᠤᠯᠠᠨ ᠮᠠᠯᠴᠢᠨ ᠲᠠᠷᠢᠶᠠᠴᠢᠨ ᠢ ᠲᠠᠶᠢᠴᠢᠯᠠᠨ ᠤᠷᠤᠯᠭ᠎ᠠ ᠶᠢ ᠨᠢ ᠨᠡᠮᠡᠭᠳᠡᠬᠦᠯᠦᠨ ᠪᠠᠶᠠᠵᠢᠨ ᠴᠢᠨᠡᠭᠡᠯᠢᠭᠵᠢᠬᠦᠯᠬᠦ ᠶᠢ | ᠵᠤᠷᠢᠬᠵᠢᠭᠤᠯᠪᠠ᠃ | | | | | | ᠳᠠᠷᠠᠭ᠎ᠠ ᠨᠢ᠂ ᠱᠢ ᠲᠠᠢ ᠹᠧᠩ ᠴᠠᠷᠠᠰᠤᠨ ᠭᠠᠴᠠᠭᠠᠨ ᠤ ᠨᠠᠮ ᠤᠨ ᠭᠡᠰᠢᠬᠦᠨ ᠤᠯᠠᠨ ᠲᠦᠮᠡᠨ ᠤ ᠠᠵᠢᠯᠯᠠᠭᠠᠨ ᠤ ᠲᠦᠪ ᠲᠤ ᠨᠠᠮ ᠤᠨ ᠡᠬᠦᠷ ᠤᠨ ᠬᠠᠮᠳᠦ ᠶᠢᠨ | ᠠᠵᠢᠯᠯᠠᠭ᠎ᠠ ᠳᠤ ᠤᠷᠤᠯᠴᠠᠪᠠ᠃ ᠨᠠᠮ ᠤᠨ ᠡᠬᠦᠷ ᠤᠨ ᠪᠦᠷᠢᠯᠳᠦᠬᠦᠨ᠂ ᠭᠠᠴᠠᠭᠠᠨ ᠤ ᠨᠠᠮ ᠤᠨ ᠭᠡᠰᠢᠬᠦᠨ᠂ ᠤᠯᠠᠨ ᠲᠦᠮᠡᠨ ᠤ ᠲᠦᠯᠦᠭᠡᠯᠡᠭᠴᠢ ᠢᠳᠡᠪᠬᠢᠳᠠᠢ ᠦᠭᠡ | ᠭᠡᠯᠡᠵᠦ᠂ ᠬᠦᠳᠡᠭᠡ ᠲᠤᠰᠬᠤᠨ ᠤ ᠵᠢᠭᠤᠯᠴᠢᠯᠠᠯ ᠢ ᠬᠦᠭᠵᠢᠬᠦᠯᠬᠦ᠂ ᠬᠠᠮᠳᠦ ᠶᠢᠨ ᠠᠵᠤ ᠠᠬᠤᠢ ᠶᠢ ᠪᠤᠵᠠᠭᠠᠢᠢᠷᠠᠭᠤᠯᠬᠤ ᠲᠤᠬᠠᠢ ᠦᠪᠡᠷ ᠦᠪᠡᠷ ᠤᠨ ᠦᠵᠡᠯᠳᠠ ᠪᠠᠨ | ᠶᠠᠷᠢᠨ᠂ ᠭᠠᠴᠠᠭᠠᠨ ᠤ ᠰᠠᠶᠢᠨ ᠰᠠᠶᠢᠬᠠᠨ ᠢᠷᠡᠭᠡᠳᠦᠢ ᠶᠢ ᠲᠦᠯᠦᠪᠵᠢᠬᠦᠯᠦᠨ ᠰᠡᠳᠬᠢᠪᠡ᠃ ᠱᠢ ᠲᠠᠢ ᠹᠧᠩ ᠨᠠᠷᠢᠨ ᠬᠢᠨᠠᠮᠠᠭᠠᠢ ᠰᠤᠨᠤᠰᠴᠤ᠂ ᠵᠠᠷᠢᠮ ᠪᠠᠶᠢᠳᠠᠯ ᠢ ᠨᠢ | ᠨᠠᠷᠢᠨ ᠠᠰᠠᠭᠤᠨ ᠯᠠᠪᠯᠠᠵᠤ᠂ ᠤᠯᠠᠨ ᠲᠠᠢ ᠰᠠᠨᠠᠯ ᠢᠶᠠᠨ ᠬᠦᠨᠵᠡᠭᠡᠢ ᠰᠤᠯᠢᠯᠴᠠᠵᠤ ᠪᠠᠶᠢᠯ᠎ᠡ᠃ ᠲᠡᠷᠡ᠂ ᠰᠠᠭᠤᠷᠢ ᠶᠢ ᠪᠠᠬᠢᠵᠢᠬᠦᠯᠬᠦ ᠦᠭᠡᠢ ᠪᠤᠯ ᠪᠦᠬᠦᠯᠢ ᠴᠤᠬᠴᠠ ᠶᠢ | ᠨᠦᠯᠦᠭᠡᠯᠡᠨ᠎ᠡ᠂ ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯ ᠨᠠᠮ ᠤᠨ ᠪᠡᠶ᠎ᠡ ᠴᠤᠬᠴᠠ ᠶᠢᠨ ︽ᠮᠡᠳᠡᠷᠡᠯ ᠤᠨ ᠰᠡᠵᠢᠬᠦᠷ︾ ᠶᠤᠮ᠂ ᠨᠠᠮ ᠤᠨ | ᠱᠤᠭᠤᠮ ᠴᠢᠭᠯᠡᠯᠳᠠ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠤᠯᠠᠨ ᠲᠦᠮᠡᠨ ᠢ ᠲᠠᠶᠢᠴᠢᠯᠡᠨ ᠠᠵᠢᠯ ᠬᠢᠵᠤ ᠦᠢᠯᠡᠰ ᠪᠤᠰᠬᠠᠬᠤ ︽ᠬᠤᠰᠢᠭᠤᠷᠠᠯ | ᠵᠢᠬᠰᠠᠭᠠᠯ ᠤᠨ ᠭᠠᠵᠠᠷ︾ ᠪᠤᠯᠤᠨ᠎ᠡ᠂ ᠭᠠᠴᠠᠭᠠᠨ ᠤ ᠨᠠᠮ ᠤᠨ ᠡᠬᠦᠷ ᠭᠡᠳᠦ᠋ᠢᠪᠡᠷ ᠪᠠᠭ᠎ᠠ ᠪᠤᠯᠪᠠᠴᠤ ᠪᠠᠶᠢᠷᠢ ᠰᠠᠭᠤᠷᠢ ᠦᠢᠯᠡᠳᠤᠯ ᠨᠢ ᠮᠠᠰᠢ ᠴᠢᠬᠤᠯᠠ ᠶᠤᠮ᠃ ᠨᠠᠮ ᠤᠨ | ᠡᠬᠦᠷ ᠤᠨ ᠱᠦᠵᠢ ᠰᠠᠶᠢᠳᠤᠷ ᠲᠠᠭᠠᠭᠤᠯᠵᠤ᠂ ᠨᠠᠮ ᠤᠨ ᠡᠬᠦᠷ ᠤᠨ ᠭᠡᠰᠢᠬᠦᠨ ᠦᠢᠯᠡᠳᠤᠯ ᠢᠶᠠᠨ ᠰᠠᠶᠢᠳᠤᠷ ᠪᠠᠳᠠᠷᠠᠭᠤᠯᠵᠤ᠂ ᠤᠯᠠᠨ ᠢᠶᠠᠷ ᠢᠶᠠᠨ ᠰᠡᠳᠬᠢᠯ ᠨᠢᠭᠡᠳᠴᠤ | ᠬᠦᠴᠤ ᠪᠠᠨ ᠬᠠᠮᠳᠤᠳᠬᠠᠨ᠂ ᠪᠠᠬᠢᠯᠠᠯᠳᠠ ᠪᠠᠨ ᠪᠠᠶᠢᠭᠤᠯᠤᠨ ᠬᠦᠴᠦᠷᠭᠡᠭᠵᠢᠬᠦᠯᠵᠤ᠂ ᠵᠢᠬᠰᠠᠭᠠᠯ ᠤᠨ ᠭᠠᠵᠠᠷ ᠢᠶᠠᠨ ᠪᠠᠳᠤ ᠰᠠᠬᠢᠬᠤ ᠭᠡᠷᠡᠭᠳᠠᠢ ᠭᠡᠵᠤ ᠬᠡᠯᠡᠪᠡ᠃ ᠱᠢ ᠲᠠᠢ | ᠹᠧᠩ᠂ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯ ᠤᠯᠤᠰ ᠲᠦᠷᠦ ᠶᠢᠨ ᠵᠤᠬᠢᠶᠠᠨ ᠪᠠᠶᠢᠭᠤᠯᠤᠯᠳᠠ ᠮᠦᠨ᠂ ᠠᠵᠢᠯ ᠬᠢᠵᠤ ᠬᠦᠭᠵᠢᠯᠳᠠ ᠶᠢ | ᠡᠷᠢᠯᠬᠢᠯᠡᠬᠦ ᠳᠤ ᠤᠯᠤᠰ ᠲᠦᠷᠦ ᠶᠢᠨ ᠴᠢᠭᠯᠡᠯ ᠢ ᠤᠨᠤᠴᠠᠳᠠᠢ ᠡᠵᠡᠮᠳᠡᠵᠤ᠂ ᠨᠠᠮ ᠤᠨ ᠲᠦᠪ ᠬᠤᠷᠢᠶᠠᠨ ᠤ ᠵᠤᠷᠢᠭ ᠰᠠᠨᠠᠭ᠎ᠠ ᠶᠢ ᠲᠤᠭᠤᠷᠠᠳᠠᠯ᠎ᠡ ᠤᠢᠢᠯᠠᠭᠠᠨ᠂ ᠲᠡᠭᠡᠳᠤ | ᠱᠠᠳᠤᠨ ᠤ ᠱᠠᠭᠠᠷᠳᠠᠯᠭ᠎ᠠ ᠶᠢ ᠲᠤᠳᠤᠷᠬᠠᠢ ᠮᠡᠳᠡᠵᠤ᠂ ᠪᠤᠳᠠᠳᠠᠢ ᠲᠠᠢ ᠪᠠᠨ ᠤᠶᠠᠯᠳᠤᠭᠤᠯᠤᠨ ᠡᠬᠦᠷᠭᠡ ᠶᠢᠨ ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠭᠡᠷᠡᠭᠳᠠᠢ᠃ ᠡᠨᠡ | ᠵᠢᠯ ᠪᠤᠯ ᠮᠠᠨ ᠤ ᠨᠠᠮ ᠪᠠᠶᠢᠭᠤᠯᠤᠬᠳᠠᠬᠰᠡᠨ 100 ᠵᠢᠯ ᠤᠨ ᠤᠢ ᠪᠤᠯᠤᠨ᠎ᠡ᠂ ᠨᠠᠮ ᠤᠨ ᠠᠷᠠᠳ ᠲᠦᠮᠡᠨ ᠢ ᠪᠦᠯᠬᠦᠮᠳᠡᠬᠦᠯᠤᠨ ᠲᠠᠭᠠᠭᠤᠯᠵᠤ ᠤᠯᠤᠬᠰᠡᠨ ᠠᠭᠤᠤ ᠶᠡᠭᠡ | ᠠᠮᠵᠢᠯᠳᠠ ᠪᠦᠳᠤᠮᠵᠢ ᠶᠢ ᠶᠡᠭᠡ ᠪᠠᠷ ᠤᠬᠠᠭᠤᠯᠵᠤ᠂ ᠦᠷᠭᠡᠨ ᠤᠯᠠᠨ ᠮᠠᠯᠴᠢᠨ ᠲᠠᠷᠢᠶᠠᠴᠢᠨ ᠢ ᠬᠦᠮᠦᠵᠢᠬᠦᠯᠤᠨ ᠬᠦᠳᠤᠯᠤᠨ ᠲᠠᠭᠠᠭᠤᠯᠵᠤ ᠦᠨᠡᠨ ᠰᠡᠳᠬᠢᠯ ᠠᠴᠠ ᠪᠠᠨ | ᠨᠠᠮ ᠤᠨ ᠦᠭᠡ ᠶᠢ ᠰᠤᠨᠤᠰᠴᠤ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ ᠲᠠᠭᠠᠬᠤ ᠪᠤᠯᠭᠠᠬᠤ ᠭᠡᠷᠡᠭᠳᠠᠢ᠃ ︽ᠭᠠᠯᠠᠭᠤ ᠰᠢᠪᠠᠭᠤᠳ ᠰᠦᠷᠦᠭᠯᠡᠨ ᠨᠢᠰᠬᠦᠶᠠ | ᠲᠦᠷᠦᠬᠦᠴᠢ ᠭᠠᠯᠠᠭᠤ ᠪᠠᠷ ᠳᠠᠭᠠᠭᠤᠯᠤᠬᠴᠢ ᠪᠤᠯᠭᠠᠮᠤᠢ︾᠃ ᠭᠠᠴᠠᠭᠠᠨ ᠤ ᠨᠠᠮ ᠤᠨ ᠡᠬᠦᠷ ᠰᠠᠶᠢᠬᠠᠨ ᠬᠤᠭᠤᠴᠠᠭ᠎ᠠ ᠰᠤᠯᠢᠪᠠ᠂ ᠰᠢᠨ᠎ᠡ ᠪᠠᠷ ᠪᠦᠷᠢᠯᠳᠦᠭᠰᠡᠡ | ᠪᠠᠭ ᠤᠨ ᠬᠢᠨ ᠰᠢᠨ᠎ᠡ ᠲᠦᠷᠰᠤ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ᠂ ᠭᠠᠴᠠᠭᠠᠨ ᠤ ᠠᠯᠤᠰ ᠭᠡᠳᠤ ᠶᠢᠨ ᠬᠦᠭᠵᠢᠯᠳᠠ ᠶᠢ ᠨᠠᠷᠢᠨ ᠬᠢᠨᠠᠮᠠᠭᠠᠢ ᠲᠦᠯᠦᠪᠵᠢᠬᠦᠯᠵᠤ᠂ | ᠬᠦᠳᠡᠭᠡ ᠲᠤᠰᠬᠤᠨ ᠢ ᠪᠦᠬᠦ ᠲᠠᠯ᠎ᠡ ᠪᠠᠷ ᠬᠦᠭᠵᠢᠬᠦᠯᠤᠨ ᠮᠠᠨᠳᠤᠭᠤᠯᠬᠤ ᠶᠢ ᠯᠠᠪᠳᠠᠭᠤᠨ ᠪᠠᠳᠤᠳᠠᠢ ᠠᠬᠢᠭᠤᠯᠵᠤ᠂ ᠤᠯᠠᠨ ᠲᠦᠮᠡᠨ ᠤ ᠠᠮᠢᠳᠤᠷᠠᠯ ᠢ | ᠰᠠᠶᠢᠵᠢᠷᠠᠭᠤᠯᠬᠤ ᠶᠢ ᠦᠷᠬᠦᠯᠵᠢᠯᠡᠨ ᠠᠬᠢᠭᠤᠯᠵᠤ᠂ ᠬᠦᠲᠡᠭᠡ ᠨᠤᠲᠤᠭ ᠤᠨ ᠪᠤᠯᠪᠠᠰᠤᠨ ᠰᠤᠷᠳᠠᠯ ᠢ ᠢᠳᠡᠪᠬᠢᠳᠠᠢ ᠪᠤᠢ ᠪᠤᠯᠭᠠᠵᠤ᠂ ᠭᠠᠴᠠᠭᠠᠨ ᠤ ᠤᠯᠠᠨ ᠲᠦᠮᠡᠨ ᠢ | ᠲᠠᠶᠢᠴᠢᠯᠡᠨ ᠪᠤᠳᠠᠰ ᠤᠨ ᠲᠠᠯ᠎ᠡ ᠠᠴᠠ ᠤᠶᠤᠨ ᠰᠠᠨᠠᠭᠠᠨ ᠤ ᠲᠠᠯ᠎ᠡ ᠳᠤ ᠬᠦᠷᠳᠡᠯ᠎ᠡ ᠴᠦᠮ ᠠᠮᠢᠳᠤᠷᠠᠯ ᠢ ᠨᠢ ᠨᠡᠩ ᠦᠭᠡᠲᠡ ᠡᠰᠡᠷᠡᠭ ᠥᠶᠦᠭ ᠲᠠᠪᠠᠳᠠᠢ ᠪᠤᠯᠭᠠᠬᠤ | ᠭᠡᠷᠡᠭᠳᠠᠢ ᠭᠡᠵᠤ ᠵᠢᠭᠠᠵᠤ ᠭᠠᠷᠭᠠᠪᠠ᠃ | | | | | | 2 ᠰᠠᠷ᠎ᠡ ᠶᠢᠨ 2 ᠤᠨ ᠡᠳᠦᠷ᠂ ᠱᠢ ᠲᠠᠢ ᠹᠧᠩ ᠬᠢᠨᠭ᠍ᠭᠠᠨ ᠠᠶᠢᠮᠠᠭ ᠤᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ 2020 ᠣᠨ ᠤ ᠠᠷᠠᠳᠴᠢᠯᠡᠯ ᠤᠨ | ᠠᠮᠢᠳᠤᠷᠠᠯ ᠤᠨ ᠬᠤᠷᠠᠯ ᠳᠤ ᠤᠷᠤᠯᠴᠠᠨ ᠵᠢᠯᠤᠭᠤᠳᠪᠠ᠃ ᠬᠤᠷᠠᠯ ᠲᠡᠭᠡᠷ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ | ᠬᠢᠨᠭ᠍ᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠡᠸ᠋ᠨ ᠬᠤᠢ ᠬᠤᠯᠪᠤᠬᠳᠠᠯ ᠪᠦᠬᠦᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠬᠰᠡᠨ ᠪᠠᠶᠢᠳᠠᠯ ᠪᠠ | ᠰᠠᠨᠠᠯ ᠬᠤᠷᠢᠶᠠᠬᠰᠡᠨ ᠪᠠᠶᠢᠳᠠᠯ ᠢ ᠮᠡᠳᠡᠭᠳᠡᠭᠰᠡᠨ ᠪᠦᠭᠡᠳ ᠤᠳᠤᠷᠢᠳᠬᠤ ᠪᠠᠭ ᠢᠶᠠᠨ ᠲᠦᠯᠦᠭᠡᠯᠡᠵᠤ ᠬᠠᠷᠭᠤᠭᠤᠯᠤᠨ ᠪᠠᠶᠢᠴᠠᠭᠠᠯᠳᠠ ᠬᠢᠵᠤ᠂ ᠲᠦᠷᠦᠬᠦᠯᠡᠨ ᠦᠪᠡᠷ ᠤᠨ | ᠪᠡᠶ᠎ᠡ ᠲᠡᠭᠡᠷᠡᠬᠢ ᠤᠷᠤᠰᠢᠵᠤ ᠪᠠᠶᠢᠭ᠎ᠠ ᠠᠰᠠᠭᠤᠲᠠᠯ ᠲᠤ ᠵᠠᠳᠠᠯᠤᠯᠳᠠ ᠬᠢᠪᠠ᠃ ᠴᠢ᠊ ᠪᠠᠳᠤ ᠵᠡᠷᠬᠡ ᠪᠤᠰᠤᠳ ᠤᠳᠤᠷᠢᠳᠬᠤ ᠪᠠᠬ ᠤᠨ ᠪᠦᠷᠢᠯᠳᠤᠬᠦᠨ ᠲᠠᠷᠠᠭᠠᠯᠠᠨ ᠦᠬᠡ | ᠶᠠᠷᠢᠵᠤ᠂ ᠰᠢᠬᠦᠮᠵᠢᠯᠠᠯ ᠪᠠ ᠦᠪᠡᠷ ᠤᠨ ᠰᠢᠬᠦᠮᠵᠢᠯᠠᠯ ᠬᠢᠪᠡ᠃ ᠤᠯᠠᠨ ᠤ ᠶᠠᠷᠢᠬᠤ ᠶᠢ ᠨᠠᠷᠢᠨ ᠬᠢᠨᠠᠮᠠᠭᠠᠢ ᠰᠤᠨᠤᠰᠤᠬᠰᠠᠨ ᠤ ᠲᠠᠷᠠᠭ᠎ᠠ᠂ ᠱᠢ ᠲᠠᠢ ᠹᠧᠩ ᠶᠠᠷᠢᠶ᠎ᠠ | ᠲᠠᠯᠪᠢᠵᠦ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠤᠯᠤᠬᠰᠠᠨ ᠠᠮᠵᠢᠯᠳᠠ ᠪᠦᠳᠤᠮᠵᠢ ᠶᠢ ᠨᠤᠳᠠᠯᠠᠬᠤ ᠶᠢᠨ ᠬᠠᠮᠳᠤ ᠤᠷᠤᠰᠢᠵᠤ ᠪᠠᠶᠢᠭ᠎ᠠ | ᠵᠦᠷᠢᠶ᠎ᠠ ᠪᠤᠯᠤᠨ ᠬᠦᠷᠤᠯᠴᠡᠬᠦ ᠦᠬᠡᠢ ᠲᠠᠯ᠎ᠠ ᠶᠢ ᠲᠦᠪ ᠴᠢᠩᠭ᠎ᠠ ᠪᠠᠷ ᠵᠢᠭᠠᠵᠤ ᠭᠠᠷᠭᠠᠪᠠ᠃ ᠲᠡᠷᠡ᠂ ᠲᠤᠬ ᠲᠡᠮᠳᠡᠭ ᠳᠤᠳᠤᠷᠬᠠᠢ ᠪᠠᠷ ᠤᠯᠤᠰ ᠲᠦᠷᠤ ᠶᠢ ᠡᠷᠬᠢᠮᠯᠠᠵᠤ᠂ | ᠦᠨᠡᠨ ᠬᠦ ︽ᠬᠤᠶᠠᠷ ᠢ ᠬᠠᠮᠠᠭᠠᠯᠠᠬᠤ︾ ᠶᠢ ᠦᠵᠡᠯ ᠰᠠᠨᠠᠭ᠎ᠠ ᠲᠠᠨᠢᠯᠳᠠ ᠶᠢᠨ ᠲᠠᠯ᠎ᠠ ᠪᠠᠷ ᠬᠢ ᠤᠯᠤᠰ ᠲᠦᠷᠤ ᠶᠢᠨ ᠤᠪᠤᠷ᠂ ᠤᠯᠤᠰ ᠲᠦᠷᠤ ᠶᠢᠨ ᠢᠳᠡᠬᠡᠯ ᠪᠢᠰᠢᠷᠡᠯ | ᠪᠤᠯᠭᠠᠵᠤ᠂ ᠠᠯᠢᠪᠠ ᠤᠢᠢᠯᠡᠳᠤᠯᠬᠡ ᠠᠵᠢᠯᠯᠠᠭ᠎ᠠ ᠶᠢᠨ ᠤᠯᠤᠰ ᠲᠦᠷᠤ ᠶᠢᠨ ᠵᠠᠷᠴᠢᠮ᠂ ᠤᠯᠤᠰ ᠲᠦᠷᠤ ᠶᠢᠨ ᠪᠠᠳᠤᠯᠠᠭ᠎ᠠ ᠪᠤᠯᠭᠠᠵᠤ᠂ ᠤᠯᠤᠰ ᠲᠦᠷᠤ ᠶᠢᠨ ᠮᠠᠭᠠᠳᠯᠠᠬᠤ | ᠴᠢᠳᠠᠪᠤᠷᠢ᠂ ᠤᠯᠤᠰ ᠲᠦᠷᠤ ᠶᠢᠨ ᠡᠵᠡᠮᠰᠢᠬᠦ ᠴᠢᠳᠠᠪᠤᠷᠢ᠂ ᠤᠯᠤᠰ ᠲᠦᠷᠤ ᠶᠢᠨ ᠬᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠬᠡᠢ ᠲᠡᠭᠡᠭᠰᠢᠯᠡᠬᠦᠯᠵᠤ᠂ ᠦᠨᠡᠨ ᠬᠦ | ᠤᠯᠤᠰ ᠲᠦᠷᠤ ᠶᠢ ᠡᠷᠬᠢᠮᠯᠡᠬᠦ ᠱᠠᠭᠠᠷᠳᠠᠯᠭ᠎ᠠ ᠶᠢ ᠭᠠᠳᠠᠭᠠᠳᠤ ᠱᠠᠭᠠᠷᠳᠠᠯᠭ᠎ᠠ ᠠᠴᠠ ᠳᠤᠳᠤᠭᠠᠳᠤ ᠰᠠᠨᠠᠭᠠᠴᠢᠯᠠᠭ᠎ᠠ ᠪᠤᠯᠭᠠᠨ ᠬᠤᠪᠢᠷᠠᠭᠤᠯᠵᠤ᠂ ᠲᠤᠰᠢᠶᠠᠯ | ᠬᠠᠷᠢᠭᠤᠴᠠᠯᠭ᠎ᠠ ᠪᠠᠨ ᠬᠦᠢᠴᠡᠳᠬᠡᠬᠦ᠂ ᠠᠵᠢᠯ ᠬᠢᠵᠤ ᠤᠢᠢᠯᠡᠰ ᠪᠤᠰᠬᠠᠬᠤ ᠪᠦᠬᠦ ᠶᠠᠪᠤᠴᠠ ᠪᠤᠯᠤᠨ ᠡᠯ᠎ᠠ ᠲᠠᠯ᠎ᠠ ᠳᠤ ᠢᠯᠡᠷᠡᠬᠦᠯᠬᠦ ᠭᠡᠷᠡᠭᠳᠠᠢ᠃ ᠲᠡᠬᠡᠳᠤ ᠬᠡᠮᠵᠢᠶᠠᠨ ᠤ | ᠤᠯᠤᠰ ᠲᠦᠷᠤ ᠶᠢᠨ ᠤᠬᠠᠮᠰᠠᠷ ᠢᠶᠠᠷ ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠠᠵᠢᠯ ᠢ ᠠᠳᠬᠤᠵᠤ᠂ ᠦᠪᠡᠷ ᠤᠨ ᠪᠠᠶ᠎ᠠ ᠳᠡᠭᠡᠨ ᠬᠤᠪᠢᠰᠬᠠᠯ ᠬᠢᠬᠦ ᠵᠤᠷᠢᠬ | ᠰᠠᠨᠠᠭ᠎ᠠ ᠪᠤᠯᠤᠨ ᠬᠢᠳᠤᠭᠠᠨ ᠢᠷ ᠢ ᠳᠤᠳᠤᠬᠰᠢ ᠬᠠᠨᠳᠤᠭᠤᠯᠬᠤ ᠵᠤᠷᠢᠬ ᠢᠶᠠᠷ ᠪᠠᠶᠢᠴᠠᠭᠠᠨ ᠵᠢᠬᠰᠠᠭᠠᠬᠰᠠᠨ ᠠᠰᠠᠭᠤᠳᠠᠯ ᠢ ᠪᠦᠬᠦ ᠲᠠᠯ᠎ᠠ ᠪᠠᠷ ᠲᠦᠢᠯᠪᠤᠷᠢᠳᠠᠢ ᠴᠡᠭᠴᠡᠯᠡᠨ | ᠰᠠᠶᠢᠵᠢᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠠᠰᠠᠭᠤᠳᠠᠯ ᠢ ᠰᠢᠢᠳᠪᠤᠷᠢᠯᠡᠬᠦ ᠶᠠᠪᠤᠴᠠ ᠳᠤ ᠲᠤᠰ ᠪᠠᠶ᠎ᠠ ᠶᠢᠨ ᠪᠠᠶᠢᠭᠤᠯᠤᠯᠳᠠ ᠪᠠᠨ ᠨᠡᠩ ᠰᠠᠶᠢᠨ | ᠴᠢᠩᠭᠠᠳᠬᠠᠵᠤ᠂ ᠠᠵᠢᠯ ᠤᠢᠢᠯᠡᠰ ᠤᠨ ᠬᠦᠭᠵᠢᠯᠳᠠ ᠪᠠᠨ ᠠᠬᠢᠭᠤᠯᠬᠤ ᠭᠡᠷᠡᠭᠳᠠᠢ᠃ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠠᠮᠵᠢᠯᠳᠠ ᠪᠦᠳᠤᠮᠵᠢ ᠶᠢ | ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠬᠤ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠬᠦᠴᠦᠷᠭᠡᠭ ᠶᠡᠭᠡ ᠬᠦᠳᠡᠯᠬᠡᠬᠦ ᠬᠦᠴᠤᠨ ᠪᠤᠯᠭᠠᠨ ᠬᠤᠪᠢᠷᠠᠭᠤᠯᠵᠤ᠂ | ᠠᠵᠤ ᠠᠬᠤᠢ ᠶᠢᠨ ᠦᠷᠬᠦᠯᠵᠢᠯᠡᠨ ᠰᠡᠷᠬᠦᠬᠦ ᠶᠢ ᠬᠦᠴᠤᠯᠡᠨ ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ ᠠᠮᠵᠢᠯᠳᠠ ᠪᠦᠳᠤᠮᠵᠢ ᠶᠢ | ᠲᠠᠰᠤᠷᠠᠯᠳᠠ ᠦᠬᠡᠢ ᠪᠠᠬᠢᠵᠢᠬᠦᠯᠦᠨ ᠦᠷᠬᠡᠳᠬᠡᠵᠤ᠂ ᠤᠳᠤ ᠦᠶ᠎ᠠ ᠶᠢᠨ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠠ ᠶᠢ ᠶᠡᠭᠡ ᠪᠠᠷ ᠠᠬᠢᠭᠤᠯᠵᠤ᠂ | ᠵᠢᠭᠤᠯᠴᠢᠯᠠᠯ ᠤᠨ ᠤᠢᠢᠯᠡᠰ ᠢ ᠲᠡᠰ ᠲᠡᠪᠰᠢᠬᠦᠯᠬᠦ ᠠᠯᠬᠤᠮ ᠢ ᠲᠦᠷᠬᠡᠳᠬᠡᠵᠤ᠂ ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠳᠠ ᠦᠬᠡᠢ ᠪᠠᠳᠤᠯᠠᠨ | ᠰᠠᠶᠢᠵᠢᠷᠠᠭᠤᠯᠵᠤ᠂ ᠡᠯ᠎ᠠ ᠵᠦᠢᠯ ᠤᠨ ᠠᠶᠤᠯ ᠲᠦᠭᠰᠢᠬᠦᠷᠢ ᠦᠷᠢᠰᠤᠯᠳᠤᠬᠡᠨ ᠢ ᠪᠦᠳᠤᠮᠵᠢᠳᠠᠢ ᠰᠡᠷᠬᠡᠶᠢᠯᠠᠵᠤ᠂ ᠡᠷᠡᠰ ᠭᠤᠶᠢᠪᠢᠰᠢ ᠦᠬᠡᠢ ᠪᠠᠷ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠵᠤ᠂ ︽ᠠᠷᠪᠠᠨ ᠲᠦᠷᠪᠡᠳᠤᠭᠡᠷ ᠲᠠᠪᠤᠨ ᠵᠢᠯ︾ ᠤᠨ ᠡᠯ᠎ᠠ ᠵᠦᠢᠯ ᠤᠨ ᠤᠢᠢᠯᠡᠰ ᠢ ᠰᠠᠶᠢᠨ ᠡᠬᠢᠯᠠᠯᠳᠠ ᠲᠠᠢ ᠪᠤᠯᠭᠠᠬᠤ ᠶᠢ ᠪᠠᠳᠤᠯᠠᠵᠤ᠂ ᠰᠢᠨ᠎ᠠ | ᠬᠦᠭᠵᠢᠯᠳᠠ ᠶᠢᠨ ᠱᠠᠳᠤᠨ ᠳᠤ ᠬᠢᠩᠭᠠᠨ ᠠᠶᠢᠮᠠᠬ ᠤᠨ ᠬᠦᠭᠵᠢᠯᠳᠠ ᠶᠢᠨ ᠰᠢᠨ᠎ᠠ ᠬᠠᠭᠤᠳᠠᠰᠤ ᠶᠢ ᠪᠢᠴᠢᠭᠯᠡᠬᠦ ᠪᠠᠷ ᠡᠷᠡᠮᠡᠬᠡᠶᠢᠯᠠᠨ ᠴᠢᠷᠮᠠᠶᠢᠬᠤ ᠭᠡᠷᠡᠭᠳᠠᠢ ᠬᠡᠵᠤ | ᠴᠢᠬᠤᠯᠠᠴᠢᠯᠠᠪᠠ᠃ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ᠂ ᠦᠪᠡᠷᠳᠡᠬᠡᠨ ᠵᠠᠰᠠᠬᠤ ᠤᠷᠤᠨ ᠤ | ᠪᠠᠶᠢᠩᠭᠤ ᠶᠢᠨ ᠲᠡᠳ᠋ ᠲᠡᠷᠢᠬᠦᠯᠡᠭᠴᠢ ᠵᠠᠩ ᠱᠤᠤ ᠴᠦᠨ ᠵᠢᠴᠢ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠵᠢᠯᠯᠠᠭ᠎ᠠ ᠳᠤ ᠤᠷᠤᠯᠴᠠᠪᠠ᠃ | |