2021 ᠣᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2021/2/3
— 2021 ᠣᠨ ᠤ 1 ᠳ᠋ᠤᠭᠡᠷ ᠰᠠᠷ᠎ᠠ ᠶᠢᠨ 26 ᠤᠨ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ              ᠥᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ    ᠲᠥᠯᠥᠭᠡᠯᠡᠭᠴᠢᠳ ᠡ᠄    ᠣᠳᠣ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠᠤ᠃    ᠨᠢᠭᠡ᠂ 2020 ᠣᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠷᠭᠢᠴᠡᠭᠦᠯᠦᠯ    2020 ᠣᠨ ᠪᠣᠯ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠣᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠮᠠᠰᠢ ᠪᠤᠳᠤᠯᠢᠶᠠᠨᠲᠠᠢ ᠪᠥᠭᠡᠳ ᠬᠦᠴᠢᠷ ᠪᠡᠷᠬᠡᠰᠢᠶᠡᠯᠲᠡᠢ ᠪᠠᠶᠢᠳᠠᠯ ᠳᠤ ᠲᠤᠯᠭᠠᠷᠠᠵᠦ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠦᠨᠳᠦ ᠰᠦᠷᠡᠬᠡᠢ ᠳᠠᠭᠠᠷᠢᠯᠲᠠ ᠶᠢ ᠡᠰᠡᠷᠭᠦᠴᠡᠨ ᠲᠤᠯᠬᠤ ᠳᠤ ᠪᠠᠨ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠥᠪᠥᠷ ᠮᠣᠩᠭᠤᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠬᠠᠷᠠᠯᠲᠠ ᠡᠭᠦᠷᠭᠡ ᠶᠢ ᠴᠢᠩᠭ᠎ᠠ ᠠᠳᠬᠤᠵᠤ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠦᠯᠦᠪᠯᠡᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠭᠰᠡᠨ ᠪᠥᠭᠡᠳ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠣᠷᠣᠨ ᠤ ᠠᠵᠤ ᠠᠬᠤᠢ ᠦᠷᠭᠦᠯᠵᠢᠯᠡᠨ ᠲᠣᠭᠲᠠᠪᠤᠷᠢᠵᠢᠨ᠂ ᠨᠡᠶᠢᠭᠡᠮ ᠤᠨ ᠪᠥᠬᠦ ᠲᠠᠯ᠎ᠠ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠠᠮᠵᠢᠯᠲᠠ ᠲᠠᠢ ᠪᠡᠶᠡᠯᠡᠭᠦᠯᠪᠡ᠃    ︵ᠨᠢᠭᠡ︶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠢᠯᠠᠨ ᠳᠠᠷᠤᠬᠤ ᠠᠵᠢᠯ ᠴᠢᠬᠤᠯᠠ ᠶᠡᠭᠡ ᠦᠷ᠎ᠡ ᠪᠦᠲᠦᠭᠡᠯ ᠣᠯᠪᠠ᠃ ᠠᠷᠠᠳ ᠲᠦᠮᠡᠨ ᠢ ᠳᠡᠭᠡᠳᠦᠯᠡᠬᠦ ᠪᠠ ᠠᠮᠢ ᠨᠠᠰᠤ ᠶᠢ ᠡᠷᠬᠢᠮᠯᠡᠬᠦ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠢᠯᠠᠨ ᠳᠠᠷᠤᠬᠤ ᠪᠠᠷ ᠪᠥᠬᠦ ᠬᠦᠴᠦᠨ ᠢᠶᠠᠷ ᠢᠶᠠᠨ ᠡᠷᠡᠮᠡᠬᠡᠶᠢᠯᠡᠨ ᠲᠡᠮᠡᠴᠡᠪᠡ᠃ ᠤᠯᠠᠨ ᠨᠡᠶᠢᠲᠡ ᠶᠢᠨ ᠭᠡᠨᠡᠳᠲᠡ ᠡᠭᠦᠰᠬᠦ ᠡᠷᠡᠭᠦᠯ ᠬᠠᠮᠠᠭᠠᠯᠠᠯ ᠤᠨ ᠬᠦᠨᠳᠦ ᠶᠡᠭᠡ ᠬᠡᠷᠡᠭ ᠤᠨ ᠨᠢᠭᠡᠳᠦᠭᠡᠷ ᠳᠡᠰ ᠤᠨ ᠠᠵᠢᠯᠯᠠᠭ᠎ᠠ ᠶᠢ ᠴᠠᠭ ᠲᠤᠬᠠᠢ ᠳᠤ ᠨᠢ ᠡᠬᠢᠯᠡᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠ ᠬᠠᠮᠲᠤ ᠪᠠᠷ ᠰᠡᠷᠭᠡᠶᠢᠯᠡᠨ ᠬᠠᠮᠲᠤ ᠪᠠᠷ ᠡᠵᠡᠮᠳᠡᠬᠦ ᠰᠢᠰᠲ᠋ᠧᠮ ᠢ ᠪᠠᠶᠢᠭᠤᠯᠤᠨ᠂ ᠡᠷᠲᠡ ᠮᠡᠳᠡᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ ᠪᠠ ᠡᠷᠲᠡ ᠡᠮᠨᠡᠵᠦ᠂ ᠬᠢᠵᠢᠭ ᠤᠨ ᠲᠠᠷᠬᠠᠵᠤ ᠳᠡᠯᠭᠡᠷᠡᠬᠦ ᠪᠠᠶᠢᠳᠠᠯ ᠢ ᠬᠦᠴᠦᠲᠡᠢ ᠬᠤᠷᠢᠭᠯᠠᠨ᠂ 55 ᠬᠤᠨᠤᠭ ᠤᠨ ᠲᠤᠳᠤᠷ᠎ᠠ ᠲᠤᠰ ᠭᠠᠵᠠᠷ ᠲᠤ ᠨᠢ ᠲᠤᠳᠤᠯᠠᠬᠰᠠᠨ ᠡᠪᠡᠳᠴᠢᠨ ᠤ ᠵᠢᠱᠢᠶ᠎ᠠ ᠪᠦᠬᠦᠨ ᠢᠶᠠᠷ ᠢᠶᠠᠨ ᠢᠯᠡᠷᠢ ᠪᠤᠯᠬᠤ ᠶᠢ ᠠᠩᠬ᠎ᠠ ᠤᠳᠠᠭ᠎ᠠ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ 849 ᠡᠮᠴᠢ ᠰᠤᠪᠢᠯᠠᠬᠴᠢᠳ ᠬᠤᠪᠸᠢ ᠶᠢ ᠲᠦᠷᠭᠡᠨ ᠲᠤᠰᠠᠯᠠᠵᠤ᠂ ᠡᠭᠦᠷᠭᠡ ᠪᠠᠨ ᠭᠠᠷᠮᠠᠭᠠᠢ ᠰᠠᠶᠢᠨ ᠪᠡᠶᠡᠯᠡᠭᠦᠯᠦᠭᠡᠳ ︽ᠲᠠᠯ᠎ᠠ ᠨᠤᠲᠤᠭ ᠤᠨ ᠪᠠᠭᠠᠲᠤᠷᠯᠢᠭ ᠬᠥᠪᠡᠭᠦᠳ ᠥᠬᠢᠳ︾ ᠬᠡᠮᠡᠨ ᠠᠯᠳᠠᠷᠰᠢᠪᠠ᠃ ᠬᠤᠪᠸᠢ ᠳᠤ ᠮᠢᠬ᠎ᠠ᠂ ᠰᠦ᠂ ᠳᠣᠲᠤᠷᠭ᠎ᠠ᠂ ᠲᠦᠮᠦᠰᠦ ᠵᠡᠷᠭᠡ ᠠᠮᠢᠳᠤᠷᠠᠯ ᠤᠨ ᠡᠳ᠋ ᠪᠣᠳᠠᠰ ᠢ 1000 ᠭᠠᠷᠤᠢ ᠲᠣᠨ ᠬᠠᠨᠳᠢᠪᠯᠠᠪᠠ᠃ ᠪᠦᠬᠦ ᠣᠷᠣᠨ ᠤ ᠠᠵᠦ ᠠᠬᠤᠢᠢᠯᠠᠯ ᠤᠳ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠢᠶᠠᠷ ᠳᠠᠮᠵᠢᠭᠤᠯᠤᠨ ᠬᠤᠪᠧᠢ ᠳᠤ 1.21 ᠳ᠋ᠦᠡᠭᠰᠢᠭᠤᠷ ᠲᠦᠭᠦᠷᠢᠭ ᠤᠨ ᠡᠳ᠋ ᠮᠦᠡᠭᠭᠦ ᠬᠠᠨᠳᠢᠪᠯᠠᠪᠠ᠃ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠰᠠᠯᠪᠤᠷᠢᠯᠠᠨ ᠬᠤᠪᠢᠶᠠᠷᠢᠯᠠᠵᠤ ᠢᠷᠡᠭᠦᠯᠦᠭᠰᠡᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠲᠥᠪᠬᠢᠨᠡᠭᠦᠯᠦᠨ ᠰᠢᠢᠳᠪᠦᠷᠢᠯᠡᠬᠦ ᠠᠵᠢᠯ ᠢᠶᠠᠨ ᠬᠢᠨᠠᠮᠠᠭᠠᠢ ᠰᠠᠶᠢᠨ ᠬᠢᠵᠦ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠢ ᠪᠢᠲᠡᠭᠦᠮᠵᠢᠯᠡᠨ ᠬᠠᠮᠢᠶᠠᠷᠬᠤ ᠠᠵᠢᠯ ᠤᠨ ᠴᠤᠪᠤᠷᠠᠯ ᠢᠶᠠᠨ ᠪᠥᠬᠦ ᠤᠯᠤᠰ ᠲᠤ ᠳᠡᠯᠭᠡᠷᠡᠭᠦᠯᠦᠨ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠵᠢᠱᠢᠶ᠎ᠡ ᠪᠦᠬᠦᠨ ᠨᠢᠭᠡ ᠴᠦ ᠡᠷᠡᠰᠳᠡᠭᠰᠡᠨ ᠦᠭᠡᠢ᠂ ᠲᠤᠰ ᠭᠠᠵᠠᠷ ᠲᠤ ᠨᠢ ᠨᠢᠭᠡ ᠴᠦ ᠳᠡᠯᠭᠡᠷᠡᠭᠰᠡᠨ ᠦᠭᠡᠢ᠂ ᠣᠷᠣᠨ ᠠᠴᠠ ᠭᠠᠳᠠᠭᠰᠢ ᠨᠢᠭᠡ ᠴᠦ ᠲᠠᠷᠬᠠᠭᠠᠭᠰᠠᠨ ᠦᠭᠡᠢ᠂ ᠡᠮᠴᠢ ᠰᠤᠪᠢᠯᠠᠭᠴᠢᠳ ᠪᠠ ᠬᠠᠮᠢᠶ᠎ᠠ ᠪᠦᠬᠦᠢ ᠠᠵᠢᠯᠲᠠᠳ ᠨᠢᠭᠡ ᠴᠦ ᠬᠠᠯᠳᠠᠪᠤᠷᠢᠯᠠᠭᠳᠠᠭᠰᠠᠨ ᠦᠭᠡᠢ ᠪᠠᠶᠢᠨ᠎ᠠ᠃    ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠪᠠ ᠳᠣᠲᠣᠭᠠᠳᠤ ᠳᠤ ᠪᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠪᠠᠶᠢᠡᠭᠭᠤ ᠰᠡᠷᠭᠡᠶᠢᠯᠡᠵᠦ ᠡᠵᠡᠮᠳᠡᠬᠦ ᠲᠣᠭᠲᠠᠴᠠ ᠶᠢ ᠪᠠᠶᠢᠭᠤᠯᠪᠠ᠃ ᠰᠡᠷᠭᠡᠶᠢᠯᠡᠵᠦ ᠡᠵᠡᠮᠳᠡᠨ ᠠᠪᠤᠷᠠᠵᠤ ᠡᠮᠨᠡᠬᠦ ᠪᠠ ᠪᠠᠴᠢᠮ ᠪᠠᠶᠢᠳᠠᠯ ᠤᠨ ᠠᠷᠭᠠᠴᠠᠭᠠᠬᠤ ᠡᠳ᠋ ᠪᠠᠷᠠᠭ᠎ᠠ ᠶᠢ ᠪᠠᠲᠤᠯᠠᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠥᠬᠦ ᠣᠷᠣᠨ ᠤ ᠬᠤᠰᠢᠭᠤ ᠰᠢᠶᠠᠨ ᠪᠥᠬᠦᠨ ᠪᠥᠭᠡᠮ ᠬᠦᠴᠢᠯ ᠤᠨ ᠪᠠᠶᠢᠴᠠᠭᠠᠨ ᠰᠢᠯᠭᠠᠯᠲᠠ ᠬᠢᠬᠦ ᠴᠢᠳᠠᠪᠤᠷᠢ ᠲᠠᠢ ᠪᠣᠯᠵᠦ᠂ ᠠᠶᠢᠮᠠᠭ ᠬᠤᠲᠠ ᠪᠥᠬᠦᠨ ᠳᠤ ᠰᠦᠭᠡᠷᠬᠦ ᠳᠠᠷᠤᠯᠲᠠᠲᠤ ᠲᠦᠷᠭᠡᠨ ᠠᠪᠤᠷᠠᠯᠲᠠ ᠶᠢᠨ ᠮᠠᠰᠢᠨ ᠲᠡᠷᠭᠡ ᠶᠢ 3 ᠲᠣᠬᠢᠷᠠᠭᠤᠯᠤᠨ᠂ ᠡᠮᠴᠢᠯᠡᠭᠡᠨ ᠤ ᠠᠮᠠᠪᠴᠢ ᠦᠢᠯᠡᠳᠬᠦ ᠮᠠᠰᠢᠨ᠂ ᠨᠢᠭᠡ ᠤᠳᠠᠭ᠎ᠠ ᠡᠮᠦᠰᠬᠦ ᠰᠡᠷᠭᠡᠶᠢᠯᠡᠯᠲᠡ ᠶᠢᠨ ᠬᠤᠪᠴᠠᠰᠤ᠂ ᠰᠦᠭᠡᠷᠬᠦ ᠳᠠᠷᠤᠯᠲᠠᠲᠤ ᠲᠦᠷᠭᠡᠨ ᠠᠪᠤᠷᠠᠯᠲᠠ ᠶᠢᠨ ᠮᠠᠰᠢᠨ ᠲᠡᠷᠭᠡ ᠵᠡᠷᠭᠡ ᠬᠢᠵᠢᠭ ᠢ ᠰᠡᠷᠭᠡᠶᠢᠯᠡᠬᠦ ᠡᠳ᠋ ᠪᠠᠷᠠᠭ᠎ᠠ ᠶᠢ ᠦᠢᠯᠡᠳᠪᠦᠷᠢᠯᠡᠬᠦ ᠴᠢᠳᠠᠪᠦᠷᠢ ᠦᠭᠡᠢ ᠪᠠᠶᠢᠬᠰᠠᠨ ᠠᠴᠠ ᠪᠠᠨ ᠦᠢᠯᠡᠳᠪᠦᠷᠢᠯᠡᠵᠦ ᠴᠢᠳᠠᠬᠤ ᠪᠤᠯᠪᠠ᠃ 11 ᠳ᠋ᠣᠭᠡᠷ ᠰᠠᠷ᠎ᠠ ᠶᠢᠨ ᠰᠡᠭᠦᠯᠴᠢ ᠪᠠᠷ ᠮᠠᠨᠵᠤᠤᠷ ᠬᠤᠲᠠ ᠳᠤ ᠬᠢᠵᠢᠭ ᠤᠨ ᠪᠠᠶᠢᠳᠠᠯ ᠢᠯᠡᠷᠡᠭᠰᠡᠨ ᠤ ᠳᠠᠷᠠᠭ᠎ᠠ᠂ ᠴᠠᠭ ᠲᠤᠬᠠᠢ ᠳᠤ ᠨᠢ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠠᠵᠢᠯᠯᠠᠭᠤᠯᠵᠦ ᠡᠬᠢᠯᠡᠭᠦᠯᠦᠨ᠂ ᠬᠢᠯᠢ ᠶᠢᠨ ᠪᠣᠭᠤᠮᠲᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠯᠤᠭ᠎ᠠ ᠬᠤᠯᠪᠣᠭᠳᠠᠭᠰᠠᠨ ᠡᠳ᠋ ᠪᠠᠷᠠᠭ᠎ᠠ ᠪᠠᠭᠤᠯᠭᠠᠵᠤ ᠲᠡᠭᠡᠭᠡᠪᠦᠷᠢᠯᠡᠬᠦ ᠲᠠᠯᠠᠪᠤᠷ ᠲᠤ ᠪᠥᠬᠦ ᠬᠡᠯᠬᠢᠶ᠎ᠡ ᠪᠠᠷ ᠨᠢ ᠬᠠᠮᠢᠶᠠᠷᠬᠤ ᠶᠢ ᠣᠯᠠᠮ ᠨᠢᠭᠡ ᠠᠯᠬᠤᠮ ᠴᠢᠩᠭᠠᠳᠬᠠᠵᠤ᠂ ᠬᠢᠵᠢᠭ ᠤᠨ ᠪᠠᠶᠢᠳᠠᠯ ᠢ ᠪᠦᠲᠦᠮᠵᠢᠲᠡᠢ ᠡᠵᠡᠮᠳᠡᠪᠡ᠃ ᠨᠠᠮᠤᠷ ᠡᠪᠦᠯ ᠤᠨ ᠤᠯᠠᠷᠢᠯ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠨᠠᠷᠢᠨ ᠨᠢᠮᠪᠠᠢ ᠲᠣᠬᠢᠷᠠᠭᠤᠯᠵᠤ ᠪᠠᠶᠢᠷᠢᠯᠠᠭᠤᠯᠤᠨ᠂ ᠭᠤᠣᠯᠳᠠᠯᠭ᠎ᠠ ᠪᠣᠯᠬᠤ ᠬᠥᠮᠥᠰ ᠲᠤ ᠸᠠᠺᠼᠢᠨ ᠲᠠᠷᠢᠬᠤ ᠠᠵᠢᠯ ᠢ ᠥᠷᠨᠢᠭᠦᠯᠪᠡ᠃    ᠬᠢᠵᠢᠭ ᠲᠠᠢ ᠡᠷᠡᠰ ᠲᠤᠯᠬᠤ ᠲᠡᠮᠡᠴᠡᠯ ᠳᠤ᠂ ᠥᠷᠭᠡᠨ ᠣᠯᠠᠨ ᠡᠮᠴᠢᠯᠡᠭᠡᠨ ᠤ ᠠᠵᠢᠯᠲᠠᠳ ᠦᠷᠦᠭᠡᠯ ᠪᠤᠰᠤᠳ ᠤᠨ ᠠᠮᠢ ᠨᠠᠰᠦ ᠶᠢ ᠠᠪᠤᠷᠠᠬᠤ ᠶᠢᠨ ᠲᠦᠯᠦᠭᠡ ᠦᠴᠦᠬᠡᠨ ᠴᠦ ᠡᠷᠡᠭᠡᠯᠵᠡᠯ ᠦᠭᠡᠢ ᠠᠵᠢᠯᠯᠠᠵᠤ᠂ ᠨᠡᠶᠢᠭᠡᠮ ᠲᠣᠭᠤᠷᠢᠭ ᠲᠤ ᠠᠵᠢᠯᠯᠠᠭᠰᠠᠳ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠪᠠ ᠦᠨᠳᠦᠰᠦᠨ ᠱᠠᠲᠤᠨ ᠤ ᠺᠠᠳ᠋ᠷᠴᠤᠳ᠂ ᠰᠣᠨᠢᠨ ᠮᠡᠳᠡᠭᠡᠨ ᠤ ᠠᠵᠢᠯᠲᠠᠳ᠂ ᠰᠠᠶᠢᠨ ᠳᠤᠷᠠᠴᠤᠳ ᠶᠠᠳᠠᠷᠠᠯ ᠵᠥᠳᠡᠷᠡᠯ ᠢ ᠬᠠᠶᠢᠬᠤᠷᠤᠯ ᠦᠭᠡᠢ ᠪᠠᠷ ᠨᠢᠭᠡᠳᠦᠭᠡᠷ ᠹᠷᠤᠨᠲ ᠲᠤ ᠪᠠᠲᠤ ᠰᠠᠬᠢᠨ ᠠᠵᠢᠯᠯᠠᠵᠤ ᠪᠠᠶᠢᠭᠰᠠᠨ ᠪᠥᠭᠡᠳ ᠲᠤᠭ᠎ᠠ ᠲᠣᠮᠰᠢ ᠦᠭᠡᠢ ᠡᠩ ᠤᠨ ᠬᠦᠳᠡᠯᠮᠦᠷᠢᠴᠢᠳ ᠬᠠᠷᠠᠮ ᠦᠭᠡᠢ ᠬᠠᠨᠳᠢᠪ ᠡᠷᠭᠦᠵᠦ ᠳᠡᠮᠵᠢᠯᠭᠡ ᠦᠵᠡᠭᠦᠯᠵᠦ ᠪᠠᠶᠢᠪᠠ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠬᠠᠲᠠᠭᠤ ᠪᠡᠷᠬᠡᠰᠢᠶᠡᠯ ᠢ ᠬᠠᠮᠲᠤ ᠳᠤ ᠪᠠᠨ ᠲᠤᠭᠤᠯᠬᠤ ᠪᠠᠷ ᠪᠦᠭᠦᠳᠡ ᠣᠯᠠᠨ ᠤ ᠡᠷᠴᠢ ᠵᠣᠷᠢᠭ ᠢ ᠨᠢᠭᠡᠳᠬᠡᠨ᠂ ᠪᠠᠲᠦ ᠪᠦᠯᠬᠦᠮᠳᠡᠨ ᠨᠢᠭᠲᠠᠷᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠴᠣᠭᠴᠠᠯᠠᠨ᠂ ᠬᠢᠵᠢᠭ ᠤᠨ ᠪᠠᠶᠢᠳᠠᠯ ᠢ ᠢᠯᠠᠨ ᠳᠠᠷᠤᠬᠤ ᠲᠡᠮᠡᠴᠡᠯ ᠤᠨ ᠠᠭᠤᠤ ᠶᠡᠭᠡ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠪᠡ᠃    ︵ᠬᠤᠶᠠᠷ︶ ᠨᠡᠮᠡᠭᠳᠡᠯ ᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠪᠠ᠃ ᠠᠩᠬ᠎ᠠ ᠠᠯᠬᠤᠮ ᠤᠨ ᠲᠣᠭᠠᠴᠠᠯᠠᠨ ᠪᠣᠳᠣᠭᠰᠠᠨ ᠢᠶᠠᠷ᠂ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 0.2% ᠨᠡᠮᠡᠭᠳᠡᠵᠦ᠂ ᠠᠵᠤ ᠠᠬᠤᠢ ᠤᠯᠠᠷᠢᠯ ᠳᠠᠷᠠᠭᠠᠯᠠᠨ ᠰᠡᠷᠭᠦᠵᠦ ᠳᠡᠭᠡᠭᠰᠢᠯᠡᠪᠡ︔ ᠣᠨ ᠤ ᠲᠥᠰᠥᠪ ᠲᠠᠬᠢ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠪᠠᠨ 105.2% ᠪᠡᠶᠡᠯᠡᠭᠦᠯᠪᠡ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠲᠠᠶᠢᠯᠬᠤ ᠲᠠᠯ᠎ᠠ ᠪᠠᠷ ᠬᠢ ᠤᠯᠤᠰ ᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠯᠢ ᠣᠯᠠᠨ ᠲᠦᠬᠦᠷᠵᠢᠭᠦᠯᠦᠭᠰᠡᠨ ᠠᠷᠭ᠎ᠠ ᠬᠡᠮᠵᠢᠶ᠎ᠡ ᠶᠢ ᠨᠡᠶᠢᠲᠡᠯᠡᠪᠡ᠃ ᠵᠢᠱᠢᠭᠰᠡᠨ ᠢᠶᠠᠷ ᠰᠢᠨ᠎ᠡ ᠪᠠᠷ 310 ᠳ᠋ᠦᠡᠭᠰᠢᠭᠤᠷ ᠲᠦᠭᠦᠷᠢᠭ ᠤᠨ ᠭᠠᠶᠢᠯᠢ ᠶᠢ ᠬᠦᠡᠭᠭᠡᠯᠡᠵᠦ ᠰᠦᠢᠳᠭᠡᠯ ᠢ ᠪᠠᠭᠤᠷᠠᠭᠤᠯᠤᠨ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠨᠢ 222 ᠳ᠋ᠦᠩᠰᠢᠭᠤᠷ ᠲᠥᠭᠦᠷᠢᠭ ᠪᠠᠭᠤᠷᠠᠭᠤᠯᠪᠠ᠃ ᠲᠥᠪ ᠤᠨ ᠡᠳ᠋ ᠤᠨ ᠵᠠᠰᠠᠭ ᠤᠨ ᠪᠡᠯᠡ ᠮᠦᠩᠭᠦᠨ ᠤ ᠰᠢᠭᠤᠳ ᠪᠠᠭᠤᠯᠭᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠡᠳ᠋ ᠤᠨ ᠵᠠᠰᠠᠬ ᠤᠨ ᠴᠢᠨᠠᠷᠲᠠᠢ ᠰᠢᠯᠵᠢᠭᠦᠯᠦᠨ ᠥᠭᠭᠦᠭᠰᠡᠨ ᠪᠡᠯᠡ ᠮᠦᠩᠭᠦ ᠶᠢ 837.8 ᠳ᠋ᠦᠩᠰᠢᠭᠤᠷ ᠲᠦᠭᠦᠷᠢᠭ ᠳᠤᠷᠤᠭᠰᠢ ᠪᠠᠭᠤᠯᠭᠠᠪᠠ᠃ ᠠᠵᠤ ᠦᠢᠯᠡᠰ ᠤᠨ ᠬᠡᠯᠬᠢᠶ᠎ᠡ ᠬᠢᠭᠡᠳ ᠬᠠᠩᠭᠠᠯᠭ᠎ᠠ ᠶᠢᠨ ᠬᠡᠯᠬᠢᠶ᠎ᠡ ᠶᠢ ᠵᠠᠯᠭᠠᠯᠳᠤᠭᠤᠯᠬᠤ ᠪᠠᠨ ᠴᠢᠩᠭᠠᠳᠬᠠᠨ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠭᠰᠡᠨ ᠨᠣᠷᠮ᠎ᠠ ᠪᠠ ᠦᠢᠯᠡᠳᠪᠦᠷᠢᠯᠡᠵᠦ ᠪᠣᠷᠣᠯᠠᠭᠤᠯᠤᠭᠰᠠᠨ ᠨᠣᠷᠮ᠎ᠠ ᠨᠢ ᠲᠤᠰ ᠲᠤᠰ 95.8% ᠪᠠ 99.7% ᠪᠣᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠭ᠎ᠠ 7.2% ᠨᠡᠮᠡᠭᠳᠡᠪᠡ᠃    ᠴᠢᠬᠤᠯᠠ ᠶᠡᠭᠡ ᠲᠥᠷᠥᠯ ᠵᠦᠢᠯ ᠳᠤ ︽ᠬᠢᠨᠠᠨ ᠵᠥᠪᠰᠢᠶᠡᠷᠡᠬᠦ ᠰᠠᠷ᠎ᠠ︾ ᠶᠢᠨ ᠠᠵᠢᠯᠯᠠᠭ᠎ᠠ ᠥᠷᠨᠢᠭᠦᠯᠵᠦ᠂ ᠴᠢᠬᠤᠯᠠ ᠶᠡᠭᠡ ᠲᠥᠷᠥᠯ ᠵᠦᠢᠯ ᠳᠤ ᠨᠡᠷ᠎ᠡ ᠵᠢᠭᠠᠵᠤ ᠰᠢᠮᠳᠠᠭᠤᠯᠤᠨ ᠭᠦᠢᠴᠡᠳᠬᠡᠯᠭᠡᠬᠦ ᠶᠢ ᠬᠡᠷᠡᠭᠵᠢᠭᠦᠯᠪᠡ᠃ ᠤᠯᠠᠭᠠᠨᠬᠠᠳᠠ ᠠᠴᠠ ᠪᠡᠭᠡᠵᠢᠩ ᠪᠠ ᠮᠦᠭᠳᠡᠨ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠱᠤᠭᠤᠮ ᠢ ᠵᠠᠯᠭᠠᠭᠤᠯᠤᠨ ᠪᠠᠶᠢᠭᠤᠯᠵᠤ ᠳᠠᠭᠤᠰᠬᠠᠭᠠᠳ ᠲᠡᠭᠡᠭᠡᠪᠦᠷᠢᠯᠡᠬᠦ ᠠᠵᠢᠯ ᠢᠶᠠᠨ ᠡᠬᠢᠯᠡᠭᠦᠯᠪᠡ᠂ ᠵᠢᠨᠢᠩ ᠠᠴᠠ ᠳ᠋ᠠᠲ᠋ᠦ᠋ᠩ ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠴᠢᠳᠠᠮᠵᠢ ᠶᠢ ᠨᠢ ᠥᠷᠭᠡᠳᠬᠡᠬᠦ ᠪᠠᠷ ᠥᠭᠡᠷᠡᠴᠢᠯᠡᠨ ᠰᠢᠨᠡᠳᠬᠡᠵᠦ ᠪᠠᠶᠢᠭᠤᠯᠬᠤ ᠪᠠ ᠬᠦᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠵᠡᠷᠭᠡ ᠲᠦᠷᠦᠯ ᠵᠦᠢᠯ ᠢ ᠡᠬᠢᠯᠡᠭᠦᠯᠵᠦ᠂ ᠰᠥᠨᠢᠳ ᠪᠠᠷᠠᠭᠤᠨ ᠬᠤᠰᠢᠭᠤᠨ ᠠᠴᠠ ᠬᠤᠸᠠᠳᠧ ᠵᠡᠷᠭᠡ ᠭᠠᠵᠠᠷ ᠲᠤ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠢ ᠳᠡᠪᠢᠰᠴᠦ ᠳᠠᠭᠤᠰᠬᠠᠭᠠᠳ ᠮᠠᠰᠢᠨ ᠲᠡᠷᠭᠡ ᠨᠡᠪᠲᠡᠷᠡᠭᠦᠯᠪᠡ᠂ ᠬᠥᠪᠡᠭᠡᠲᠦ ᠰᠢᠷ᠎ᠠ ᠬᠤᠰᠢᠭᠤ᠂ ᠠᠷᠤ ᠬᠤᠷᠴᠢᠨ ᠬᠤᠰᠢᠭᠤᠨ ᠤ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠳᠤ ᠨᠢᠰᠬᠡᠯ ᠨᠡᠪᠲᠡᠷᠡᠵᠦ ᠲᠡᠭᠡᠭᠡᠪᠦᠷᠢᠯᠡᠨ ᠠᠵᠢᠯᠯᠠᠵᠤ ᠡᠬᠢᠯᠡᠪᠡ᠃ ᠬᠥᠬᠡᠬᠤᠲᠠ ᠳᠠᠬᠢ ᠤᠯᠤᠰ ᠤᠨ ᠳᠡᠰ ᠤᠨ ᠢᠨᠲ᠋ᠧᠷ ᠰᠦᠯᠵᠢᠶᠡᠨ ᠤ ᠰᠢᠭᠤᠳ ᠬᠤᠯᠪᠣᠭᠠᠯᠠᠬᠤ ᠭᠤᠣᠯᠯᠠᠭᠴᠢ ᠴᠡᠭ ᠢ ᠪᠠᠶᠢᠭᠤᠯᠵᠤ ᠳᠠᠭᠤᠰᠬᠠᠭᠰᠠᠨ ᠪᠥᠭᠡᠳ ᠪᠥᠬᠦ ᠣᠷᠣᠨ ᠳᠠᠬᠢ 5G ᠤᠨ ᠰᠠᠭᠤᠷᠢ ᠥᠷᠲᠡᠭᠡ 1 ᠲᠦᠮᠡ ᠶᠢ ᠳᠠᠪᠠᠪᠠ᠃ ᠪᠥᠬᠦ ᠣᠷᠣᠨ ᠤ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠭᠡᠷᠡᠯ ᠰᠢᠷᠬᠡᠭ ᠨᠡᠪᠲᠡᠷᠡᠭᠰᠡᠨ ᠨᠣᠷᠮ᠎ᠠ ᠪᠠ 4G ᠰᠦᠯᠵᠢᠶᠡᠨ ᠤ ᠬᠠᠮᠤᠷᠤᠭᠰᠠᠨ ᠨᠣᠷᠮ᠎ᠠ 98% ᠠᠴᠠ ᠳᠡᠭᠡᠭᠰᠢ ᠪᠣᠯᠪᠠ᠃ ᠨᠡᠶᠢᠭᠡᠮ ᠲᠣᠭᠤᠷᠢᠭ ᠤᠨ ᠡᠯᠧᠺᠲᠷᠦᠨ ᠬᠤᠳᠠᠯᠳᠤᠭ᠎ᠠ ᠶᠢ ᠬᠥᠭᠵᠢᠭᠦᠯᠬᠦ᠂ ᠬᠡᠷᠡᠭᠯᠡᠭᠡ ᠶᠢᠨ ᠲᠡᠮᠳᠡᠭ ᠣᠯᠭᠤᠬᠤ᠂ ᠬᠡᠷᠡᠭᠯᠡᠭᠡ ᠶᠢ ᠠᠬᠢᠭᠤᠯᠬᠤ ᠤᠯᠠᠷᠢᠯ ᠤᠨ ᠠᠵᠢᠯᠯᠠᠭ᠎ᠠ ᠦᠷᠨᠢᠭᠦᠯᠵᠦ᠂ ᠬᠡᠷᠡᠭᠯᠡᠭᠡ ᠰᠡᠷᠭᠦᠵᠦ ᠬᠥᠭᠵᠢᠶᠡᠨᠲᠡᠢ ᠪᠣᠯᠬᠤ ᠶᠢ ᠠᠬᠢᠭᠤᠯᠪᠠ᠃ ᠡᠵᠡᠨ᠎ᠡ ᠶᠢᠨ ᠲᠤᠤᠷᠠᠢ ᠶᠢᠨ ᠣᠢ ᠶᠢᠨ ᠵᠢᠭᠤᠯᠴᠢᠯᠠᠯ ᠤᠨ ᠣᠷᠣᠨ ᠢ ᠤᠯᠤᠰ ᠤᠨ 5A ᠳᠡᠰ ᠤᠨ ᠦᠵᠡᠮᠵᠢ ᠶᠢᠨ ᠣᠷᠣᠨ ᠪᠤᠯᠭᠠᠬᠤ ᠶᠠᠪᠤᠳᠠᠯ ᠵᠥᠪᠰᠢᠶᠡᠷᠡᠭᠳᠡᠪᠡ᠂ ᠬᠦᠯᠦᠨ ᠪᠤᠶᠢᠷ ᠨᠤᠮᠧᠷᠲᠦ ᠲᠠᠯ᠎ᠠ ᠨᠤᠲᠤᠬ ᠤᠢ ᠰᠢᠭᠤᠢ ᠶᠢᠨ ᠵᠢᠭᠤᠯᠴᠢᠯᠠᠯ ᠤᠨ ᠭᠠᠯᠲᠦ ᠲᠡᠷᠭᠡ ᠶᠢᠨ ᠡᠵᠡᠩᠨᠡᠯᠲᠡ ᠮᠠᠰᠢ ᠰᠠᠶᠢᠨ ᠪᠠᠶᠢᠨ᠎ᠠ᠃    ᠭᠤᠣᠯᠳᠠᠯᠭ᠎ᠠ ᠪᠣᠯᠬᠤ ᠠᠵᠢᠯ ᠲᠥᠷᠥᠯ ᠪᠠ ᠭᠤᠣᠯᠳᠠᠯᠭ᠎ᠠ ᠪᠣᠯᠬᠤ ᠬᠥᠮᠥᠰ ᠤᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠪᠠᠨ ᠴᠢᠩᠭᠠᠳᠬᠠᠨ᠂ ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷᠬᠢ ᠡᠯᠰᠡᠨ ᠤᠷᠢᠬᠤ ᠴᠤᠭᠯᠠᠭᠠᠨ ᠢ 596 ᠲᠠᠯᠠᠪᠠᠢ ᠡᠷᠬᠢᠯᠡᠵᠦ᠂ ᠡᠯ᠎ᠡ ᠲᠦᠷᠦᠯ ᠤᠨ ᠬᠦᠷᠢᠶᠡᠯᠡᠩ ᠲᠣᠭᠤᠷᠢᠭ ᠲᠤ ᠪᠦᠬᠦ ᠣᠷᠣᠨ ᠤ ᠬᠠᠮᠲᠤ ᠪᠠᠷ ᠬᠦᠷᠲᠡᠬᠦ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡᠨ ᠤ ᠲᠠᠪᠴᠠᠩ ᠢ ᠪᠠᠶᠢᠭᠤᠯᠤᠭᠠᠳ ᠣᠨᠣᠴᠠᠲᠠᠢ ᠪᠠᠷ ᠵᠠᠯᠭᠠᠭᠤᠯᠤᠨ᠂ ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠪᠡ᠃ ᠬᠤᠲᠠ ᠪᠠᠯᠭᠠᠰᠤᠨ ᠤ ᠠᠵᠢᠯ ᠣᠯᠣᠭᠰᠠᠳ 23.2 ᠲᠦᠮᠡ ᠰᠢᠨ᠎ᠡ ᠪᠠᠷ ᠨᠡᠮᠡᠭᠳᠡᠵᠦ᠂ ᠣᠨ ᠤ ᠡᠭᠦᠷᠭᠡ ᠪᠠᠨ 105.5% ᠪᠡᠶᠡᠯᠡᠭᠦᠯᠪᠡ︔ ᠬᠤᠲᠠ ᠪᠠᠯᠭᠠᠰᠤᠨ ᠤ ᠳᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳᠠᠭᠰᠠᠳ ᠤᠨ ᠨᠤᠷᠮ᠎ᠠ 3.8% ᠪᠠᠶᠢᠵᠤ᠂ ᠬᠢᠵᠠᠭᠠᠷᠯᠠᠨ ᠡᠵᠡᠮᠳᠡᠬᠦ ᠬᠠᠷᠠᠯᠲᠠ ᠠᠴᠠ 0.7 ᠵᠠᠭᠤᠨ ᠤ ᠴᠡᠭ ᠳᠣᠣᠷ᠎ᠠ ᠪᠣᠯᠪᠠ᠃ ᠠᠵᠢᠯ ᠠᠯᠳᠠᠭᠰᠠᠳ ᠤᠨ ᠨᠥᠬᠦᠪᠦᠷᠢ ᠪᠠ ᠠᠮᠢᠳᠤᠷᠠᠯ ᠤᠨ ᠲᠦᠷ ᠴᠠᠭ ᠤᠨ ᠨᠥᠬᠦᠪᠦᠷᠢ ᠶᠢ ᠴᠠᠭ ᠲᠤᠬᠠᠢ ᠳᠤ ᠨᠢ ᠣᠯᠭᠤᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠰᠠᠭᠤᠷᠢ ᠱᠤᠭᠤᠮ ᠢ ᠳᠠᠭᠠᠭᠠᠨ ᠪᠠᠲᠤᠯᠠᠪᠠ᠃    ︵ᠭᠤᠷᠪᠠ︶ ᠠᠵᠤ ᠦᠢᠯᠡᠰ ᠤᠨ ᠬᠡᠯᠪᠡᠷᠢ ᠶᠢ ᠨᠢ ᠬᠤᠪᠢᠷᠠᠭᠤᠯᠵᠤ ᠳᠡᠰ ᠳᠡᠪᠰᠢᠭᠦᠯᠬᠦ ᠠᠵᠢᠯ ᠰᠢᠨ᠎ᠡ ᠠᠬᠢᠯᠲᠠ ᠲᠠᠢ ᠪᠣᠯᠪᠠ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠨᠡᠭᠦᠷᠡᠰᠦ ᠪᠠ ᠬᠤᠪᠣᠷ ᠰᠢᠷᠣᠢ ᠵᠡᠷᠭᠡ ᠠᠵᠤ ᠦᠢᠯᠡᠰ ᠤᠨ ᠬᠡᠯᠬᠢᠶᠡᠰᠦ ᠶᠢ ᠤᠷᠲᠤᠳᠬᠠᠵᠤ᠂ ᠨᠡᠭᠦᠷᠡᠰᠦ ᠴᠠᠬᠢᠯᠭᠠᠨ ᠬᠥᠩᠭᠡᠨᠴᠠᠭᠠᠨ ᠢ ᠨᠢᠭᠡ ᠴᠣᠭᠴᠠᠵᠢᠭᠤᠯᠤᠭᠰᠠᠨ ᠬᠡᠮᠵᠢᠶ᠎ᠡ 65% ᠳᠤ ᠬᠦᠷᠦᠭᠰᠡᠨ ᠪᠥᠭᠡᠳ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠢ ᠲᠤᠬᠠᠢ ᠶᠢᠨ ᠭᠠᠵᠠᠷ ᠲᠤ ᠨᠢ ᠤᠯᠠᠷᠢᠭᠤᠯᠤᠭᠰᠠᠨ ᠨᠣᠷᠮ᠎ᠠ 70% ᠳᠤ ᠬᠦᠷᠴᠦ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ᠂ ᠤᠰᠤᠲᠦ᠋ᠷᠦᠭᠴᠢ ᠨᠥᠭᠡᠴᠡᠯᠡᠬᠦ ᠮᠠᠲ᠋ᠧᠷᠢᠶᠠᠯ᠂ ᠦᠩᠭᠡᠯᠡᠵᠦ ᠭᠢᠯᠠᠶᠢᠯᠭᠠᠬᠤ ᠮᠠᠲ᠋ᠧᠷᠢᠶᠠᠯ ᠵᠡᠷᠭᠡ ᠰᠢᠨ᠎ᠡ ᠮᠠᠲ᠋ᠧᠷᠢᠶᠠᠯ ᠤᠨ ᠦᠢᠯᠡᠳᠬᠦᠨ ᠤ ᠥᠷᠲᠡᠭ ᠪᠥᠬᠦ ᠤᠯᠤᠰ ᠤᠨ ᠲᠡᠷᠢᠭᠦᠨ ᠤ ᠡᠩᠨᠡᠭᠡᠨ ᠳᠤ ᠣᠷᠤᠵᠤ᠂ ᠦᠬᠠᠢ ᠶᠢᠨ ᠤᠰᠤᠳᠦ᠋ᠷᠦᠭᠴᠢ ᠪᠦᠯᠦᠭ ᠢᠶᠠᠷ ᠬᠠᠶᠢᠯᠠᠭᠤᠯᠤᠨ ᠲᠡᠮᠦᠷ ᠪᠣᠯᠭᠠᠬᠤ ᠲᠦᠷᠦᠯ ᠵᠦᠢᠯ ᠲᠣᠷᠰᠢᠨ ᠲᠣᠬᠢᠷᠠᠭᠤᠯᠬᠤ ᠱᠠᠲᠤᠨ ᠳᠤ ᠣᠷᠤᠪᠠ᠃ ᠪᠦᠬᠦ ᠤᠯᠤᠰ ᠤᠨ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠶᠢᠨ ᠠᠩᠬᠠᠳᠠᠭᠴᠢ ᠵᠢᠭᠠᠯᠲᠠ ᠲᠤᠭ᠎ᠠ ᠶᠢ ᠨᠡᠶᠢᠲᠡᠯᠡᠵᠦ᠂ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠰᠤᠳᠤᠯᠤᠯ ᠤᠨ ᠬᠦᠷᠢᠶᠡᠯᠡᠩ ᠢ ᠪᠠᠶᠢᠭᠤᠯᠪᠠ᠃ ᠨᠡᠭᠦᠷᠡᠰᠦ ᠪᠠᠷ ᠴᠠᠬᠢᠯᠭᠠᠨ ᠭᠠᠷᠭᠠᠬᠤ 838 ᠲᠦᠮᠡᠨ ᠺᠢᠯᠤᠸᠠᠲ ᠮᠠᠰᠢᠨ ᠴᠣᠭᠴᠠᠯᠠᠪᠤᠷᠢ ᠪᠠᠶᠢᠭᠤᠯᠬᠤ ᠠᠵᠢᠯ ᠢ ᠰᠢᠨ᠎ᠡ ᠪᠠᠷ ᠡᠬᠢᠯᠡᠭᠦᠯᠦᠨ᠂ ᠰᠢᠯᠢ ᠶᠢᠨ ᠭᠤᠣᠯ ᠳᠠᠬᠢ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ 700 ᠲᠦᠮᠡᠨ ᠺᠢᠯᠤᠸᠠᠲ ᠤᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠴᠠᠬᠢᠯᠭᠠᠨ ᠬᠦᠴᠦᠨ ᠤ ᠲᠣᠣᠷ ᠯᠤᠭ᠎ᠠ ᠨᠡᠶᠢᠯᠡᠭᠦᠯᠪᠡ᠂ ᠪᠥᠬᠦ ᠤᠯᠤᠰ ᠲᠠᠬᠢ ᠬᠠᠮᠤᠭ ᠤᠨ ᠲᠣᠮᠣ ︽ᠴᠠᠬᠢᠯᠭᠠᠨ ᠤ ᠰᠤᠷᠪᠤᠯᠵᠢ ᠪᠠ ᠲᠣᠣᠷ ᠳᠠᠭᠠᠭᠠᠴᠠ ᠨᠥᠭᠡᠴᠡ︾ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠤᠯᠠᠭᠠᠨᠴᠠᠪ ᠲᠤ ᠪᠠᠶᠢᠷᠢᠯᠠᠭᠤᠯᠵᠤ᠂ ᠲᠦᠩᠯᠢᠶᠣᠣ ᠳᠠᠬᠢ ︽ᠢᠯᠴᠢ ᠰᠠᠯᠬᠢ ᠭᠡᠷᠡᠯᠴᠢ ᠴᠡᠨᠡᠭ ᠨᠥᠭᠡᠴᠡ ᠡᠨᠧᠷᠭᠢ ᠶᠢᠨ ᠦᠢᠯᠡᠳᠬᠡᠯ ᠰᠤᠳᠤᠯᠭᠠᠨ︾ ᠤ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠠᠶᠢᠭᠤᠯᠵᠤ ᠡᠬᠢᠯᠡᠪᠡ᠃ ᠪᠥᠬᠦ ᠣᠷᠣᠨ ᠤ ᠶᠡᠷᠦᠩᠬᠡᠢ ᠮᠠᠰᠢᠨ ᠴᠣᠭᠴᠠᠯᠠᠪᠤᠷᠢ ᠳᠤ ᠳᠠᠬᠢᠨ ᠡᠭᠦᠰᠴᠦ ᠪᠣᠯᠬᠤ ᠡᠨᠧᠷᠭᠢ ᠶᠢᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ 36% ᠶᠢ ᠡᠵᠡᠯᠡᠵᠦ᠂ ᠰᠢᠨ᠎ᠡ ᠡᠨᠧᠷᠭᠢ ᠶᠢᠨ ᠬᠡᠷᠡᠭᠯᠡᠭᠡ ᠶᠢᠨ ᠬᠠᠷᠢᠴᠠᠯ 17% ᠳᠤ ᠬᠦᠷᠪᠡ᠃ ᠤᠯᠤᠰ ᠤᠨ ᠳᠣᠲᠣᠭᠠᠳᠤ ᠳᠠᠬᠢ ᠠᠷᠠᠳ ᠤᠨ ᠬᠡᠷᠡᠭᠯᠡᠭᠡᠨ ᠤ ᠰᠢᠩᠭᠡᠨ ᠤᠰᠤᠲᠦ᠋ᠷᠦᠭᠴᠢ ᠶᠢᠨ ᠠᠩᠬᠠᠨ ᠤ ᠦᠢᠯᠡᠳᠪᠦᠷᠢ ᠨᠢ ᠦᠬᠠᠢ ᠳᠤ ᠦᠢᠯᠡᠳᠪᠦᠷᠢᠯᠡᠯ ᠢᠶᠠᠨ ᠡᠬᠢᠯᠡᠭᠦᠯᠪᠡ᠃ ᠴᠢᠯᠠᠭᠤᠨ ᠲᠤᠰᠤ᠂ ᠪᠠᠶᠢᠭᠠᠯᠢ ᠶᠢᠨ ᠰᠢᠲᠠᠮᠠᠬᠠᠢ ᠬᠡᠢ᠂ ᠭᠠᠵᠠᠷ ᠤᠨ ᠢᠯᠴᠢ ᠵᠡᠷᠭᠡ ᠡᠬᠢ ᠪᠠᠶᠠᠯᠢᠭ ᠢ ᠬᠠᠶᠢᠨ ᠰᠢᠨᠵᠢᠬᠦ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠪᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠮᠬᠢᠯᠡᠨ ᠨᠡᠶᠢᠯᠡᠭᠦᠯᠵᠦ᠂ ᠲᠥᠯᠥᠪᠵᠢᠭᠦᠯᠦᠭᠰᠡᠨ ᠲᠠᠯᠠᠪᠠᠢ ᠶᠢ 30% ᠣᠷᠴᠢᠮ ᠬᠠᠰᠤᠵᠤ ᠪᠠᠭᠠᠰᠬᠠᠪᠠ᠃ ᠮᠡᠳᠡᠭᠡ ᠵᠠᠩᠭᠢ᠂ ᠪᠠᠷᠠᠭᠠᠨ ᠤ ᠭᠦᠢᠯᠭᠡᠭᠡ ᠵᠡᠷᠭᠡ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠵᠦ᠂ ᠳ᠋ᠠᠶᠢᠲ᠋ᠠ ᠶᠢᠨ ᠲᠥᠪ ᠤᠳ ᠤᠨ ᠮᠠᠰᠢᠨ ᠴᠣᠭᠴᠠᠯᠠᠪᠤᠷᠢ ᠤᠭᠰᠠᠷᠠᠭᠰᠠᠨ ᠴᠢᠳᠠᠮᠵᠢ 120 ᠲᠦᠮᠡᠨ ᠰᠠᠭᠤᠷᠢ ᠶᠢ ᠳᠠᠪᠠᠵᠦ᠂ ︽ᠦᠪᠦᠷ ᠮᠤᠩᠭᠤᠯ ᠴᠢᠫ︾ ᠴᠢᠳᠠᠯ ᠬᠤᠷᠤᠬᠳᠠᠯ ᠤᠨ ᠬᠡᠲᠦ ᠪᠢᠴᠢᠯ ᠰᠡᠷᠡᠯ ᠳᠠᠮᠵᠢᠭᠤᠯᠤᠭᠤᠷ ᠢ ᠤᠯᠠᠨ ᠠᠵᠢᠯ ᠲᠦᠷᠦᠯ ᠳᠤ ᠬᠡᠷᠡᠭᠯᠡᠪᠡ᠂ ︽ᠬᠦᠬᠡᠬᠤᠲᠠ ᠶᠢᠨ ᠭᠢᠯᠪᠠᠭ᠎ᠠ︾ ᠴᠢᠳᠠᠮᠵᠢ ᠰᠠᠶᠢᠲᠠᠢ ᠤᠯᠠᠨ ᠨᠡᠶᠢᠲᠠ ᠶᠢᠨ ᠦᠢᠯᠡᠴᠢᠯᠡᠭᠡᠨ ᠤ ᠲᠠᠪᠴᠠᠩ ᠠᠰᠢᠬᠯᠠᠯᠲᠠ ᠳᠤ ᠤᠷᠤᠪᠠ᠃ 5G ᠮᠡᠷᠭᠡᠵᠢᠯ ᠢ ᠬᠡᠷᠡᠭᠯᠡᠵᠦ᠂ ᠣᠶᠣᠨᠯᠢᠭ ᠠᠭᠤᠷᠬᠠᠢ ᠶᠢ ᠪᠦᠲᠦᠭᠡᠨ ᠪᠠᠶᠢᠭᠤᠯᠬᠤ ᠪᠠᠨ ᠠᠬᠢᠭᠤᠯᠪᠠ᠃    ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠯᠤᠭ᠎ᠠ ᠬᠠᠮᠲᠤᠷᠠᠨ ᠠᠵᠢᠯᠯᠠᠬᠤ ᠶᠢ ᠴᠢᠩᠭᠠᠳᠬᠠᠨ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠠᠬᠢᠭᠤᠯᠪᠠ᠃ ᠬᠡᠳᠦ ᠴᠡᠪᠡᠷ ᠬᠤᠪᠣᠷ ᠰᠢᠷᠤᠢ ᠶᠢᠨ ᠲᠡᠮᠦᠷᠯᠢᠭ ᠤᠨ ᠪᠣᠬᠢᠷᠲᠤᠯ ᠦᠭᠡᠶᠢᠵᠢᠭᠦᠯᠦᠨ ᠦᠢᠯᠡᠳᠬᠦ ᠮᠡᠷᠭᠡᠵᠢᠯ᠂ ᠤᠰᠤᠲᠦ᠋ᠷᠦᠭᠴᠢ ᠨᠥᠭᠡᠴᠡᠯᠡᠬᠦ ᠶᠡᠭᠡ ᠪᠠᠭᠲᠠᠭᠠᠮᠵᠢᠲᠤ ᠬᠠᠶᠢᠯᠤᠰᠢ ᠶᠢᠨ ᠮᠠᠲ᠋ᠧᠷᠢᠶᠠᠯ ᠤᠨ ᠴᠢᠳᠠᠪᠬᠢ ᠶᠢ ᠣᠯᠠᠨ ᠤᠯᠤᠰ ᠤᠨ ᠲᠡᠷᠢᠭᠦᠨ ᠤ ᠲᠦᠪᠰᠢᠨ ᠳᠤ ᠬᠦᠷᠭᠡᠭᠰᠡᠨ ᠪᠠᠶᠢᠨ᠎ᠠ᠃ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠰᠤᠳᠤᠯᠤᠯ ᠤᠨ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠥᠪᠥᠷ ᠮᠣᠩᠭᠤᠯ ᠤᠨ ᠡᠪᠡᠰᠦᠨ ᠤ ᠦᠢᠯᠡᠰ ᠬᠢᠭᠡᠳ ᠨᠤᠲᠤᠭ ᠪᠡᠯᠴᠢᠭᠡᠷ ᠤᠨ ᠰᠤᠳᠤᠯᠤᠯ ᠤᠨ ᠬᠦᠷᠢᠶᠡᠯᠡᠩ ᠢ ᠪᠠᠶᠢᠭᠤᠯᠪᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 1000 ᠭᠠᠷᠤᠢ ᠪᠣᠯᠪᠠ᠃    ︵ᠳᠥᠷᠪᠡ︶ ᠭᠤᠷᠪᠠᠨ ᠲᠣᠮᠣ ᠰᠢᠪᠲᠤᠯᠤᠯᠲᠠ ᠶᠢᠨ ᠠᠵᠢᠯ ᠰᠢᠢᠳᠪᠦᠷᠢᠯᠡᠭᠴᠢ ᠴᠢᠨᠠᠷᠲᠠᠢ ᠦᠷ᠎ᠡ ᠪᠦᠲᠦᠮᠵᠢ ᠣᠯᠪᠠ᠃ ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠣᠨᠣᠴᠠᠲᠠᠢ ᠨᠠᠶᠢᠳᠠᠪᠤᠷᠢᠵᠢᠭᠤᠯᠤᠨ᠂ ᠪᠥᠬᠦ ᠵᠢᠯ ᠳᠤ 112.3 ᠳ᠋ᠦᠩᠰᠢᠭᠤᠷ ᠲᠥᠭᠦᠷᠢᠭ ᠶᠠᠳᠠᠭᠤ ᠶᠢ ᠲᠡᠳᠬᠦᠬᠦ ᠪᠡᠯᠡ ᠮᠥᠩᠭᠦ ᠶᠢ ᠣᠷᠣᠭᠤᠯᠵᠤ᠂ ᠶᠠᠳᠠᠭᠤ ᠶᠢ ᠲᠡᠳᠬᠦᠬᠦ 6751 ᠲᠥᠷᠥᠯ ᠵᠦᠢᠯ ᠢ ᠬᠡᠷᠡᠭᠵᠢᠭᠦᠯᠦᠨ᠂ ᠦᠯᠡᠳᠡᠵᠦ ᠪᠠᠶᠢᠭᠰᠠᠨ 1.6 ᠲᠦᠮᠡᠨ ᠶᠠᠳᠠᠭᠤ ᠬᠦᠴᠢᠷᠳᠡᠯᠲᠡᠢ ᠬᠥᠮᠥᠰ ᠢ ᠶᠠᠳᠠᠭᠤ ᠠᠴᠠ ᠠᠩᠭᠢᠵᠢᠷᠠᠭᠤᠯᠪᠠ᠃ 80 ᠬᠤᠰᠢᠭᠤ ᠰᠢᠶᠠᠨ ᠳᠤ ᠶᠠᠳᠠᠭᠤᠷᠠᠬᠤ ᠠᠴᠠ ᠰᠡᠷᠭᠡᠶᠢᠯᠡᠬᠦ ᠳᠠᠭᠠᠳᠬᠠᠯ ᠢ ᠬᠡᠷᠡᠭᠵᠢᠭᠦᠯᠦᠨ᠂ 73 ᠬᠤᠰᠢᠭᠤ ᠰᠢᠶᠠᠨ ᠳᠤ ᠶᠠᠳᠠᠭᠤ ᠶᠢ ᠲᠡᠳᠬᠦᠭᠰᠡᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠤᠯᠠᠭᠠᠨᠬᠠᠳᠠ ᠶᠢᠨ ᠶᠠᠳᠠᠭᠤ ᠶᠢ ᠲᠡᠳᠬᠦᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠢᠳᠡᠪᠬᠢ ᠠᠬᠢᠯᠲᠠ ᠲᠠᠢ ᠪᠣᠯᠪᠠ᠃ ᠪᠡᠭᠡᠵᠢᠩ ᠬᠤᠲᠠ ᠪᠠ ᠲᠥᠪ ᠤᠨ ᠨᠢᠭᠡᠴᠢ ᠨᠦᠭᠦᠳ ᠲᠤᠰ ᠲᠤᠰ 19.1 ᠳ᠋ᠦᠩᠰᠢᠭᠤᠷ ᠲᠥᠭᠦᠷᠢᠭ ᠪᠠ 3.3 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠴᠢᠳᠠᠪᠤᠷᠢᠲᠠᠨ ᠪᠠ ᠮᠡᠷᠭᠡᠵᠢᠯ ᠵᠡᠷᠭᠡ ᠲᠠᠯ᠎ᠠ ᠪᠠᠷ ᠬᠦᠴᠦᠲᠡᠢ ᠳᠡᠮᠵᠢᠯᠭᠡ ᠦᠵᠡᠭᠦᠯᠪᠡ᠃    ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠦᠭᠰᠢᠭᠦᠷᠢ ᠶᠢ ᠬᠦᠴᠦᠲᠡᠢ ᠰᠡᠷᠭᠡᠶᠢᠯᠡᠨ ᠠᠷᠢᠯᠭᠠᠵᠤ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭᠰᠠᠨ ᠵᠥᠷᠢᠯᠳᠦᠭᠡᠨ ᠦᠭᠡᠢ ᠳᠠᠩᠰᠠᠨ ᠤ ᠵᠣᠭᠤᠰ ᠢ ᠴᠥᠮ ᠲᠥᠯᠥᠵᠦ ᠳᠠᠭᠤᠰᠬᠠᠪᠠ᠃ ᠪᠣᠣ ᠱᠠᠩ ᠪᠠᠩᠬᠢ ᠶᠢᠨ ᠲᠦᠭᠰᠢᠭᠦᠷᠢ ᠶᠢ ᠪᠦᠲᠦᠮᠵᠢᠲᠡᠢ ᠰᠢᠢᠳᠪᠦᠷᠢᠯᠡᠵᠦ᠂ ᠮᠧᠩ ᠱᠠᠩ ᠪᠠᠩᠬᠢ ᠶᠢ ᠵᠢᠩᠬᠢᠨᠢ ᠪᠠᠷ ᠠᠵᠢᠯ ᠡᠷᠬᠢᠯᠡᠭᠦᠯᠬᠦ ᠪᠣᠯᠭᠠᠨ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ 5 ᠬᠤᠷᠰᠢᠶ᠎ᠠ ᠶᠢ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠪᠣᠯᠭᠠᠵᠦ ᠪᠠᠶᠢᠭᠤᠯᠤᠯ ᠢ ᠨᠢ ᠥᠭᠡᠷᠡᠴᠢᠯᠡᠪᠡ᠃ ᠳᠤᠮᠳᠠ ᠵᠢᠵᠢᠭ ᠪᠠᠩᠬᠢ ᠨᠤᠭᠤᠳ ᠤᠨ ᠬᠥᠷᠥᠩᠭᠡ ᠮᠥᠩᠭᠦ ᠶᠢ ᠨᠥᠬᠦᠪᠦᠷᠢᠯᠡᠬᠦ ᠪᠠᠷ 85 ᠳ᠋ᠦᠩᠰᠢᠭᠤᠷ ᠲᠥᠭᠦᠷᠢᠭ ᠤᠨ ᠲᠤᠰᠬᠠᠢ ᠵᠢᠭᠡᠯᠡᠯᠭᠡ ᠶᠢᠨ ᠲᠡᠮᠳᠡᠭ ᠢ ᠲᠠᠷᠬᠠᠭᠠᠪᠠ᠃ ᠪᠥᠬᠦ ᠣᠷᠣᠨ ᠤ ᠨᠠᠶᠢᠳᠠᠪᠤᠷᠢ ᠮᠠᠭᠤᠲᠠᠢ ᠵᠢᠭᠡᠯᠡᠯᠭᠡ ᠶᠢᠨ ᠵᠣᠭᠤᠰᠤᠨ ᠤ ᠦᠯᠡᠳᠡᠪᠦᠷᠢ ᠪᠠ ᠨᠠᠶᠢᠳᠠᠪᠤᠷᠢ ᠮᠠᠭᠤᠲᠠᠢ ᠪᠣᠯᠬᠤ ᠨᠣᠷᠮ᠎ᠠ ᠨᠢ ᠬᠠᠮᠲᠤ ᠳᠠᠭᠠᠨ ᠪᠠᠭᠤᠷᠠᠪᠠ᠃ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭ ᠤᠳ ᠤᠨ ᠭᠡᠷ᠎ᠡ ᠠᠴᠠ ᠵᠥᠷᠢᠴᠡᠭᠰᠡᠨ ᠲᠦᠭᠰᠢᠭᠦᠷᠢ ᠶᠢ ᠡᠮᠬᠢ ᠲᠢᠭᠯᠢᠮ ᠲᠠᠢ ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠬᠠᠤᠯᠢ ᠪᠤᠰᠤ ᠠᠵᠢᠯᠯᠠᠭ᠎ᠠ ᠶᠢ ᠴᠡᠭᠴᠡᠯᠡᠨ ᠵᠠᠰᠠᠪᠠ᠃    ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ︽ᠲᠠᠷᠠᠬᠠᠢ ᠪᠤᠲᠠᠷᠬᠠᠢ ᠵᠠᠮᠪᠠᠷᠠᠭ᠎ᠠ ᠦᠭᠡᠢ ᠪᠠ ᠪᠣᠬᠢᠷᠲᠤᠯ ᠶᠡᠬᠡᠲᠡᠢ︾ ᠠᠵᠤ ᠠᠬᠤᠶᠢᠯᠠᠯ ᠢ ᠴᠡᠭᠴᠡᠯᠡᠨ ᠵᠠᠰᠠᠬᠤ ᠪᠠᠨ ᠦᠨᠳᠦᠰᠦᠨ ᠳᠤ ᠪᠠᠨ ᠪᠡᠶᠡᠯᠡᠭᠦᠯᠵᠦ᠂ 15.3 ᠲᠦᠮᠡᠨ ᠡᠷᠦᠬᠡ ᠳᠤ ᠴᠡᠪᠡᠷᠬᠡᠨ ᠳᠤᠯᠠᠭᠠᠯᠠᠭ᠎ᠠ ᠬᠠᠩᠭᠠᠬᠤ ᠪᠠᠷ ᠥᠭᠡᠷᠡᠴᠢᠯᠡᠨ ᠰᠢᠨᠡᠳᠭᠡᠪᠡ᠃ ᠪᠥᠬᠦ ᠣᠷᠣᠨ ᠤ ᠠᠭᠠᠷ ᠤᠨ ᠴᠡᠪᠡᠷ ᠰᠠᠶᠢᠨ ᠡᠳᠦᠷ ᠤᠨ ᠬᠠᠷᠢᠴᠠᠯ᠂ ᠨᠠᠷᠢᠨ ᠮᠥᠬᠦᠯᠢᠭᠲᠦ ᠡᠳ᠋ ︵PM2.5︶ ᠤᠨ ᠥᠳᠬᠡᠴᠡ ᠤᠯᠤᠰ ᠤᠨ ᠰᠢᠯᠭᠠᠨ ᠦᠨᠡᠯᠡᠬᠦ ᠪᠠᠷᠢᠮᠵᠢᠶ᠎ᠠ ᠠᠴᠠ ᠰᠠᠶᠢᠨ ᠪᠣᠯᠪᠠ᠃ ᠬᠥᠯᠦᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤᠯᠠᠮ ᠨᠢᠭᠡ ᠠᠯᠬᠤᠮ ᠰᠠᠶᠢᠵᠢᠷᠠᠵᠤ᠂ ᠤᠯᠠᠭᠠᠨᠰᠤᠬᠠᠢ ᠶᠢᠨ ᠪᠦᠬᠦᠯᠢ ᠴᠤᠭᠴᠠ ᠶᠢᠨ ᠣᠰᠣᠨ ᠤ ᠴᠢᠨᠠᠷ ᠲᠠᠪᠤᠳᠤᠭᠠᠷ ᠲᠦᠷᠦᠯ ᠳᠤ ᠲᠣᠭᠲᠠᠪᠤᠷᠢᠵᠢᠵᠤ᠂ ᠳᠠᠭ᠎ᠠ ᠶᠢᠨ ᠨᠠᠭᠤᠷ ᠲᠤ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠷ ᠤᠰᠤ ᠨᠡᠮᠡᠷᠢᠯᠡᠬᠦ ᠪᠠᠷᠢᠯᠭ᠎ᠠ ᠪᠠᠨ ᠪᠠᠶᠢᠭᠤᠯᠵᠦ ᠡᠬᠢᠯᠡᠭᠦᠯᠪᠠ᠃ ᠭᠠᠵᠠᠷ ᠳᠡᠭᠡᠷᠡᠬᠢ ᠤᠰᠤᠨ ᠤ ᠴᠢᠨᠠᠷ ᠰᠠᠶᠢᠲᠠᠢ ᠤᠰᠤᠨ ᠴᠣᠭᠴᠠ ᠶᠢᠨ ᠬᠠᠷᠢᠴᠠᠯ 69.2% ᠪᠠᠶᠢᠵᠤ᠂ ᠤᠯᠤᠰ ᠤᠨ ᠰᠢᠯᠭᠠᠨ ᠦᠨᠡᠯᠡᠬᠦ ᠪᠠᠷᠢᠮᠵᠢᠶ᠎ᠠ ᠠᠴᠠ 9.6 ᠵᠠᠭᠤᠨ ᠤ ᠴᠡᠭ ᠰᠠᠶᠢᠨ ᠪᠤᠯᠪᠠ᠃ ᠬᠥᠷᠥᠰᠥ ᠰᠢᠷᠣᠢ ᠶᠢᠨ ᠪᠣᠬᠢᠷᠲᠤᠭᠰᠠᠨ ᠪᠠᠶᠢᠳᠠᠯ ᠢ ᠨᠠᠷᠢᠨ ᠪᠠᠶᠢᠴᠠᠭᠠᠬᠤ ᠪᠠ ᠬᠦᠨᠳᠦ ᠲᠡᠮᠦᠷᠯᠢᠭ ᠭᠠᠳᠠᠭᠰᠢᠯᠠᠭᠤᠯᠬᠤ ᠶᠢ ᠨᠢ ᠪᠠᠭᠠᠰᠬᠠᠬᠤ ᠡᠭᠦᠷᠭᠡ ᠪᠠᠨ ᠪᠥᠬᠦ ᠲᠠᠯ᠎ᠠ ᠪᠠᠷ ᠪᠡᠶᠡᠯᠡᠭᠦᠯᠪᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠭᠰᠠᠨ ᠪᠠᠶᠢᠴᠠᠭᠠᠯᠲᠠ ᠵᠢᠴᠢ ︽ᠪᠤᠴᠠᠵᠤ ᠪᠠᠶᠢᠴᠠᠭᠠᠨ ᠦᠵᠡᠬᠦ︾ ᠠᠵᠢᠯ ᠥᠷᠨᠢᠭᠦᠯᠦᠭᠡᠳ ᠲᠤᠰᠬᠠᠭᠰᠠᠨ ᠴᠡᠭᠴᠡᠯᠡᠵᠦ ᠵᠠᠰᠠᠬᠤ ᠡᠭᠦᠷᠭᠡ ᠶᠢ ᠦᠨᠳᠦᠰᠦᠨ ᠳᠤ ᠪᠠᠨ ᠪᠡᠶᠡᠯᠡᠭᠦᠯᠪᠡ᠃ ᠲᠡᠮᠡᠭᠡᠵᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠢ ᠴᠡᠭᠴᠡᠯᠡᠨ ᠵᠠᠰᠠᠬᠤ ᠶᠢ ᠦᠨᠳᠤᠰᠦᠨ ᠳᠡᠭᠡᠨ ᠪᠡᠶᠡᠯᠡᠭᠦᠯᠪᠠ᠃    ︵ᠲᠠᠪᠤ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠦᠨ ᠠᠬᠢᠭᠤᠯᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 356 ᠲᠦᠮᠡᠨ ᠮᠦ ᠰᠢᠨ᠎ᠡ ᠪᠠᠷ ᠪᠠᠶᠢᠭᠤᠯᠵᠤ᠂ ᠬᠤᠵᠢᠷᠰᠢᠭᠰᠠᠨ ᠲᠠᠷᠢᠶᠠᠯᠠᠬᠤ ᠭᠠᠵᠠᠷ ᠢ 12.2 ᠲᠦᠮᠡᠨ ᠮᠦ ᠰᠠᠶᠢᠵᠢᠷᠠᠭᠤᠯᠪᠠ᠃ ᠪᠥᠬᠦ ᠣᠷᠣᠨ ᠤ ᠠᠮᠤ ᠪᠤᠳᠠᠭᠠᠨ ᠤ ᠤᠨᠠᠯᠲᠠ 732.8 ᠳ᠋ᠦᠩᠰᠢᠭᠤᠷ ᠵᠢᠩ ᠪᠣᠯᠵᠤ᠂ ︽ᠠᠷᠪᠠᠨ ᠳᠣᠯᠣᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ︾ ᠣᠯᠪᠠ︔ ᠮᠢᠬᠠᠨ ᠤ ᠭᠠᠷᠤᠯᠲᠠ 260.7 ᠲᠦᠮᠡᠨ ᠲᠣᠨ ᠪᠠᠶᠢᠵᠤ᠂ ︽ᠠᠷᠪᠠᠨ ᠵᠢᠷᠭᠤᠭᠠᠨ ᠵᠢᠯ ᠳᠠᠷᠠᠭᠠᠯᠠᠨ ᠭᠠᠷᠤᠯᠲᠠ ᠶᠢ ᠨᠢ ᠲᠣᠭᠲᠠᠭᠤᠨ︾ ᠪᠠᠶᠢᠯᠭᠠᠪᠠ᠃ ᠲᠠᠯ᠎ᠠ ᠨᠤᠲᠤᠭ ᠤᠨ ᠠᠯᠠᠰᠢᠨ ᠬᠤᠨᠢ ᠪᠠ ᠨᠠᠷᠠᠨ ᠬᠤᠸᠠᠷ ᠤᠨ ᠤᠯᠤᠰ ᠤᠨ ᠳᠡᠰ ᠤᠨ ᠳᠠᠪᠠᠭᠤᠯᠢᠭ ᠪᠦᠭᠡᠳ ᠣᠨᠴᠠᠯᠢᠭ ᠲᠠᠢ ᠬᠤᠶᠠᠷ ᠠᠵᠤ ᠦᠢᠯᠡᠰ ᠤᠨ ᠪᠦᠯᠦᠭᠵᠢᠯ ᠢ ᠰᠢᠨ᠎ᠡ ᠪᠠᠷ ᠪᠠᠶᠢᠭᠤᠯᠪᠠ᠃    ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠢ ᠬᠡᠷᠡᠭᠵᠢᠭᠦᠯᠦᠨ᠂ ᠬᠠᠲᠤᠨ ᠭᠤᠣᠯ ᠤᠨ ᠰᠠᠪᠠ ᠭᠠᠵᠠᠷ᠂ ᠨᠤᠨ ᠮᠦᠷᠡᠨ ᠤ ᠰᠠᠪᠠ ᠭᠠᠵᠠᠷ᠂ ᠪᠠᠷᠠᠭᠤᠨ ᠯᠢᠶᠤᠤᠾᠧ ᠭᠤᠣᠯ ᠤᠨ ᠰᠠᠪᠠ ᠭᠠᠵᠠᠷ ᠪᠠ ᠬᠥᠯᠦᠨ ᠪᠤᠶᠢᠷ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠲᠠᠪᠤᠨ ᠲᠤᠮᠤ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠨᠢᠭᠡᠲᠦᠯᠲᠡᠢ ᠲᠦᠯᠦᠪᠯᠡᠨ ᠪᠠᠶᠢᠭᠤᠯᠵᠤ᠂ ᠲᠠᠷᠢᠬᠤ ᠲᠡᠵᠢᠭᠡᠬᠦ ᠪᠣᠯᠪᠠᠰᠤᠷᠠᠭᠤᠯᠬᠤ ᠳᠤ ᠨᠢᠭᠡ ᠴᠤᠭᠴᠠᠵᠢᠭᠤᠯᠬᠤ ᠶᠢ ᠬᠡᠷᠡᠭᠵᠢᠭᠦᠯᠪᠡ᠃ ᠰᠠᠭᠠᠯᠢ ᠶᠢᠨ ᠦᠨᠢᠶᠡᠨ ᠤ ᠲᠤᠭ᠎ᠠ ᠲᠣᠯᠣᠭᠠᠢ 129.3 ᠲᠦᠮᠡ ᠳᠤ ᠬᠦᠷᠴᠦ᠂ ᠦᠨᠢᠶᠡᠨ ᠤ ᠰᠦ ᠶᠢᠨ ᠭᠠᠷᠤᠯᠲᠠ 611.5 ᠲᠦᠮᠡᠨ ᠲᠣᠨ ᠳᠤ ᠬᠦᠷᠴᠦ᠂ ᠲᠤᠰ ᠲᠤᠰ 5.6% ᠪᠠ 5.9% ᠨᠡᠮᠡᠭᠳᠡᠪᠡ᠃ ᠤᠯᠠᠮᠵᠢᠯᠠᠯᠲᠤ ᠴᠠᠭᠠᠨ ᠢᠳᠡᠭᠡ ᠬᠢᠬᠦ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ᠂ ᠪᠥᠬᠦ ᠣᠷᠣᠨ ᠤ ᠰᠦ ᠴᠠᠭᠠᠨ ᠢᠳᠡᠭᠡ ᠶᠢᠨ ᠭᠠᠷᠤᠯᠲᠠ ᠳᠠᠬᠢ ᠤᠯᠠᠮᠵᠢᠯᠠᠯᠲᠤ ᠰᠦ ᠴᠠᠭᠠᠨ ᠢᠳᠡᠭᠡ ᠶᠢᠨ ᠡᠵᠡᠯᠡᠬᠦ ᠬᠠᠷᠢᠴᠠᠯ ᠨᠢ 10% ᠣᠷᠴᠢᠮ ᠪᠣᠯᠪᠠ᠃ ᠦᠷ᠎ᠡ ᠡᠭᠦᠯᠳᠡᠷ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠢ ᠬᠡᠷᠡᠭᠵᠢᠭᠦᠯᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ ᠳᠠᠬᠢ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢᠨ ᠡᠭᠦᠯᠳᠡᠷ ᠴᠢᠨᠠᠷ ᠤᠨ ᠰᠢᠨ᠎ᠡ ᠶᠢ ᠡᠭᠦᠳᠴᠦ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠪᠠ ᠤᠯᠤᠰ ᠤᠨ ᠳᠡᠰ ᠤᠨ ᠲᠥᠮᠥᠰᠥ ᠶᠢᠨ ᠰᠠᠶᠢᠨ ᠦᠷ᠎ᠡ ᠶᠢ ᠦᠷᠡᠵᠢᠭᠦᠯᠦᠨ ᠪᠤᠶᠢᠵᠢᠭᠤᠯᠬᠤ 3 ᠰᠠᠭᠤᠷᠢᠨ ᠭᠠᠵᠠᠷ ᠢ ᠪᠠᠶᠢᠭᠤᠯᠪᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠲᠡᠭ ᠤᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠣᠷᠣᠨ ᠪᠦᠰᠡ ᠶᠢᠨ ᠲᠠᠷᠢᠶᠠᠯᠠᠩ ᠤᠨ ᠳᠦᠷᠢ ᠳᠥᠷᠬᠦ ᠶᠢᠨ ᠨᠡᠷᠡᠲᠦ ᠲᠡᠮᠳᠡᠭ ᠤᠨ ᠡᠩᠨᠡᠭᠡᠨ ᠳᠤ ︽ᠲᠡᠭᠷᠢ ᠶᠢᠨ ᠬᠡᠰᠢᠭᠲᠦ ᠪᠣᠷᠣᠲᠤᠬᠤᠢ︾ ᠲᠡᠷᠢᠭᠦᠯᠡᠪᠡ᠃ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠭᠡᠳ ᠮᠠᠯᠵᠢᠬᠤ ᠣᠷᠣᠨ ᠤ ᠦᠢᠯᠡᠳᠪᠦᠷᠢᠯᠡᠯ ᠤᠨ ᠬᠥᠭᠵᠢᠯᠲᠡ᠂ ᠮᠠᠯᠴᠢᠳ ᠤᠨ ᠠᠮᠢᠳᠤᠷᠠᠯ ᠤᠨ ᠴᠢᠨᠡᠭᠡᠯᠢᠭᠵᠢᠯ᠂ ᠲᠠᠯ᠎ᠠ ᠨᠤᠲᠤᠭ ᠤᠨ ᠰᠠᠶᠢᠨ ᠰᠠᠶᠢᠬᠠᠨ ᠠᠮᠢ ᠠᠬᠤᠢ ᠶᠢᠨ ᠬᠠᠷᠢᠯᠴᠠᠨ ᠨᠢᠭᠡᠳᠬᠦ ᠶᠢ ᠨᠢᠭᠡᠲᠦᠯᠲᠡᠢ ᠲᠦᠯᠦᠪᠯᠡᠨ ᠠᠬᠢᠭᠤᠯᠪᠠ᠃    ᠮᠠᠯᠵᠢᠬᠤ ᠲᠠᠷᠢᠶᠠᠯᠠᠬᠤ ᠣᠷᠣᠨ ᠳᠠᠬᠢ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠦᠨ᠂ ᠠᠷᠢᠭᠤᠨ ᠴᠡᠪᠡᠷ ᠵᠣᠷᠯᠣᠩ ᠲᠠᠢ ᠪᠤᠯᠭᠠᠬᠤ ᠶᠢ ᠲᠥᠭᠡᠮᠡᠯᠵᠢᠭᠦᠯᠦᠭᠰᠡᠨ ᠨᠣᠷᠮ᠎ᠠ 35% ᠳᠤ ᠬᠦᠷᠴᠦ᠂ ᠬᠠᠷᠠᠯᠲᠠ ᠠᠴᠠ ᠪᠠᠨ 3 ᠵᠠᠭᠤᠨ ᠤ ᠴᠡᠭ ᠳᠠᠪᠠᠭᠤᠯᠤᠭᠰᠠᠨ ᠪᠠᠶᠢᠨ᠎ᠠ᠃ 97.7% ᠶᠢᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠠᠮᠢᠳᠤᠷᠠᠯ ᠤᠨ ᠬᠤᠭ ᠨᠣᠪᠰᠢ ᠶᠢ ᠴᠤᠭᠯᠠᠭᠤᠯᠵᠤ ᠵᠥᠭᠡᠭᠡᠬᠦ ᠰᠢᠰᠲ᠋ᠧᠮᠵᠢ ᠶᠢ ᠪᠠᠶᠢᠭᠤᠯᠵᠤ᠂ ᠲᠦᠴᠢᠦᠸᠠᠨ ᠰᠢᠶᠠᠨ ᠪᠥᠬᠦ ᠤᠯᠤᠰ ᠤᠨ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠬᠵᠢᠭᠤᠯᠤᠨ ᠠᠰᠢᠭᠯᠠᠬᠤ ᠠᠵᠢᠯ ᠤᠨ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠪᠡ᠃ 30 ᠲᠦᠮᠡᠨ ᠮᠠᠯᠴᠢᠨ ᠲᠠᠷᠢᠶᠠᠴᠢᠨ ᠤ ᠤᠤᠭᠤᠵᠤ ᠬᠡᠷᠡᠭᠯᠡᠬᠦ ᠤᠰᠤᠨ ᠳᠠᠬᠢ ᠹᠯᠣᠷ ᠠᠷᠰᠧᠨ ᠢᠣᠳ᠋ ᠨᠢ ᠪᠠᠷᠢᠮᠵᠢᠶ᠎ᠠ ᠠᠴᠠ ᠳᠠᠪᠠᠭᠰᠠᠨ ᠪᠠᠶᠢᠭ᠎ᠠ ᠪᠠ ᠭᠠᠰᠢᠭᠤᠨ ᠱᠣᠷᠪᠣᠭ ᠤᠰᠤᠨ ᠤ ᠠᠰᠠᠭᠤᠳᠠᠯ ᠢ ᠰᠢᠢᠳᠪᠦᠷᠢᠯᠡᠪᠡ᠃ ᠮᠠᠯᠵᠢᠬᠤ ᠲᠠᠷᠢᠶᠠᠯᠠᠬᠤ ᠣᠷᠣᠨ ᠳᠤ 8071 ᠺᠢᠯᠤᠮᠧᠲᠷ ᠵᠠᠰᠠᠮᠠᠯ ᠵᠠᠮ ᠢ ᠰᠢᠨ᠎ᠡ ᠪᠠᠷ ᠳᠡᠪᠢᠰᠦᠭᠰᠡᠨ ᠪᠠ ᠰᠢᠨᠡᠳᠬᠡᠨ ᠵᠠᠰᠠᠪᠠ᠃    ︵ᠵᠢᠷᠭᠤᠭ᠎ᠠ︶ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠵᠤ ᠵᠣᠬᠢᠶᠠᠬᠤ ᠠᠵᠢᠯ ᠢ ᠥᠷᠨᠢᠭᠦᠯᠦᠨ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠢ ᠠᠰᠢᠬᠯᠠᠬᠤ ᠬᠢᠵᠠᠭᠠᠷ ᠱᠤᠭᠤᠮ ᠪᠠ ᠠᠮᠢ ᠠᠬᠤᠢ ᠣᠷᠴᠢᠨ ᠲᠣᠭᠤᠷᠢᠨ ᠳᠤ ᠵᠥᠪᠰᠢᠶᠡᠷᠡᠨ ᠣᠷᠣᠭᠤᠯᠬᠤ ᠨᠠᠷᠢᠨ ᠬᠠᠭᠤᠳᠠᠰᠤ ︵︽ᠭᠤᠷᠪᠠᠨ ᠱᠤᠭᠤᠮ ᠨᠢᠭᠡ ᠬᠠᠭᠤᠳᠠᠰᠤ︾︶ ᠶᠢ ᠨᠠᠶᠢᠷᠠᠭᠤᠯᠤᠨ ᠵᠣᠬᠢᠶᠠᠵᠤ ᠳᠠᠭᠤᠰᠬᠠᠭᠠᠳ ᠪᠦᠬᠦ ᠣᠷᠣᠨ ᠤ 50% ᠠᠴᠠ ᠳᠡᠭᠡᠭᠰᠢᠬᠢ ᠤᠯᠤᠰ ᠤᠨ ᠨᠤᠲᠤᠭ ᠳᠡᠪᠢᠰᠬᠡᠷ ᠤᠨ ᠲᠠᠯᠠᠪᠠᠢ ᠶᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠤᠳᠤᠷ᠎ᠠ ᠬᠤᠪᠢᠶᠠᠷᠢᠯᠠᠵᠤ ᠣᠷᠤᠭᠤᠯᠪᠠ᠃ ᠨᠤᠲᠤᠭ ᠪᠡᠯᠴᠢᠭᠡᠷ ᠪᠠ ᠣᠢ ᠰᠢᠭᠤᠢ ᠶᠢ ᠬᠠᠮᠠᠭᠠᠯᠠᠬᠤ ᠠᠵᠢᠯ ᠢᠶᠠᠨ ᠲᠡᠷᠢᠭᠦᠨ ᠴᠢᠬᠤᠯᠠ ᠡᠭᠦᠷᠭᠡ ᠪᠣᠯᠭᠠᠨ᠂ ᠨᠤᠲᠤᠭ ᠪᠡᠯᠴᠢᠭᠡᠷ ᠤᠨ ᠴᠢᠬᠤᠯᠠ ᠠᠮᠢ ᠠᠬᠤᠢ ᠶᠢᠨ ᠴᠢᠳᠠᠮᠵᠢᠲᠤ ᠣᠷᠣᠨ ᠳᠤ ᠠᠭᠤᠷᠬᠠᠢ ᠨᠡᠭᠡᠭᠡᠬᠦ ᠪᠠ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠦᠭᠡᠢ ᠭᠡᠵᠦ ᠲᠣᠳᠣᠷᠬᠠᠢ ᠲᠣᠭᠲᠠᠭᠠᠭᠰᠠᠨ ᠪᠥᠭᠡᠳ ᠨᠢᠭᠡᠨᠲᠡ ᠪᠠᠶᠢᠭᠤᠯᠤᠭᠰᠠᠨ ᠲᠥᠷᠥᠯ ᠵᠦᠢᠯ ᠢ ᠡᠮᠬᠢ ᠵᠢᠷᠤᠮ ᠲᠠᠢ ᠪᠤᠴᠠᠭᠠᠵᠤ ᠭᠠᠷᠭᠠᠨ᠎ᠠ︔ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠪᠣᠢ ᠪᠦᠬᠦᠢ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠮᠠᠯᠲᠠᠵᠤ ᠬᠠᠶᠢᠨ ᠪᠠᠶᠢᠴᠠᠭᠠᠬᠤ ᠠᠵᠢᠯᠯᠠᠭ᠎ᠠ ᠶᠢ ᠨᠢ ᠵᠣᠭᠰᠣᠭᠠᠪᠠ︔ ᠲᠠᠯ᠎ᠠ ᠨᠤᠲᠤᠭ ᠤᠨ ᠵᠠᠳᠠᠭᠠᠢ ᠠᠭᠤᠷᠬᠠᠢ ᠶᠢᠨ ᠵᠠᠰᠠᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ ᠲᠣᠭᠲᠠᠭᠠᠯ ᠢ ᠵᠥᠷᠢᠴᠡᠵᠦ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ 397 ᠵᠢᠭᠤᠯᠴᠢᠯᠠᠯ ᠤᠨ ᠦᠵᠡᠮᠵᠢ ᠶᠢᠨ ᠣᠷᠣᠨ ᠭᠠᠵᠠᠷ ᠢ ᠬᠠᠤᠯᠢ ᠶᠣᠰᠣᠭᠠᠷ ᠬᠦᠴᠦᠨ ᠦᠭᠡᠢ ᠪᠣᠯᠭᠠᠨ᠂ ᠬᠦᠢᠲᠡᠨᠰᠢᠯᠢ ᠲᠠᠯ᠎ᠠ ᠨᠤᠲᠤᠭ ᠤᠨ ᠬᠠᠮᠠᠭᠠᠯᠠᠯᠲᠠ ᠶᠢᠨ ᠣᠷᠣᠨ ᠳᠠᠬᠢ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠮᠠᠰᠢᠨ ᠪᠦᠯᠦᠭ ᠢ ᠰᠠᠯᠭᠠᠨ ᠵᠠᠳᠠᠯᠵᠤ ᠡᠬᠢᠯᠡᠪᠡ᠂ ᠡᠷᠢᠶᠠᠨᠭᠤᠪᠢ ᠶᠢᠨ ᠲᠠᠯ᠎ᠠ ᠨᠤᠲᠤᠭ ᠲᠤ ᠲᠣᠭᠲᠠᠭᠠᠯ ᠢ ᠵᠥᠷᠢᠴᠡᠵᠦ ᠠᠲᠠᠷ ᠬᠠᠭᠠᠯᠪᠤᠷᠢᠯᠠᠭᠰᠠᠨ ᠪᠠ ᠠᠭᠤᠷᠬᠠᠢ ᠨᠡᠭᠡᠭᠡᠭᠰᠡᠨ ᠵᠡᠷᠭᠡ ᠶᠢ ᠵᠠᠰᠠᠵᠤ ᠵᠦᠭᠰᠢᠷᠡᠭᠦᠯᠪᠡ᠃ 1372.6 ᠲᠦᠮᠡᠨ ᠮᠦ ᠣᠢ ᠶᠢ ᠲᠠᠷᠢᠵᠤ ᠣᠶᠢᠵᠢᠭᠤᠯᠤᠭᠰᠠᠨ ᠪᠠ 1687.5 ᠲᠦᠮᠡᠨ ᠮᠦ ᠡᠪᠡᠰᠦ ᠲᠠᠷᠢᠵᠤ᠂ ᠶᠡᠭᠡ ᠬᠢᠩᠭᠠᠨ ᠳᠠᠪᠠᠭ᠎ᠠ ᠵᠢᠴᠢ ᠡᠷᠭᠢᠨ ᠲᠣᠭᠤᠷᠢᠨ ᠤ 60 ᠲᠦᠮᠡᠨ ᠮᠦ ᠭᠠᠵᠠᠷ ᠣᠷᠣᠨ ᠳᠤ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠤᠭᠰᠠᠨ ᠪᠠ ᠡᠪᠡᠰᠦ ᠪᠡᠯᠴᠢᠭᠡᠷ ᠢ ᠰᠡᠷᠭᠦᠭᠡᠵᠦ ᠨᠤᠭᠤ ᠭᠠᠵᠠᠷ ᠪᠣᠯᠭᠠᠭᠰᠠᠨ ᠪᠠᠶᠢᠨ᠎ᠠ᠃ ᠬᠠᠲᠤᠨ ᠭᠤᠣᠯ ᠤᠨ ᠰᠠᠪᠠ ᠭᠠᠵᠠᠷ ᠲᠤ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ᠂ ᠨᠤᠭᠤ ᠭᠠᠵᠠᠷ ᠤᠨ ᠠᠮᠢ ᠠᠬᠤᠢ ᠶᠢ ᠦᠩᠵᠢᠭᠦᠯᠦᠨ ᠰᠡᠷᠭᠦᠭᠡᠬᠦ ᠪᠠ ᠤᠰᠤᠨ ᠰᠤᠷᠪᠤᠯᠵᠢ ᠶᠢ ᠬᠠᠮᠠᠭᠠᠯᠠᠵᠤ ᠪᠠᠲᠤᠯᠠᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠪᠡ᠃ ᠤᠯᠠᠭᠠᠨᠴᠠᠪ ᠲᠠᠬᠢ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠪᠠᠶᠢᠭᠤᠯᠬᠤ ᠠᠵᠢᠯ ᠵᠥᠪᠰᠢᠶᠡᠷᠡᠯ ᠣᠯᠪᠠ᠃    ︵ᠲᠤᠯᠤᠭ᠎ᠠ︶ ᠦᠭᠡᠷᠡᠴᠢᠯᠡᠯᠳᠡ ᠨᠡᠬᠡᠬᠡᠯᠳᠡ ᠤᠯᠠᠮ ᠨᠢᠭᠡ ᠠᠯᠬᠤᠮ ᠭᠦᠨᠵᠡᠭᠡᠶᠢᠷᠡᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠦᠷᠭᠦᠯᠵᠢᠯᠡᠨ ᠠᠬᠢᠭᠤᠯᠵᠦ᠂ ᠠᠵᠦ ᠠᠬᠤᠶᠢᠯᠠᠯ ᠢ ᠡᠷᠬᠢᠯᠡᠨ ᠨᠡᠬᠡᠬᠡᠬᠦ ᠴᠠᠭ ᠪᠠ ᠦᠯᠦ ᠭᠦᠳᠡᠯᠬᠦ ᠭᠦᠷᠦᠩᠬᠡ ᠶᠢᠨ ᠳᠠᠩᠰᠠᠯᠠᠨ ᠲᠡᠮᠳᠡᠭᠯᠡᠬᠦ ᠴᠠᠭ ᠢ ᠲᠤᠰ ᠪᠦᠷᠢ ᠪᠤᠭᠤᠨᠢᠰᠬᠠᠭᠠᠳ 3 ᠪᠠ 5 ᠠᠵᠢᠯᠯᠠᠬᠤ ᠡᠳᠦᠷ ᠤᠨ ᠲᠤᠳᠤᠷ᠎ᠠ ᠲᠠᠭᠤᠰᠬᠠᠬᠤ ᠪᠤᠯᠭᠠᠵᠦ᠂ ᠠᠵᠦ ᠠᠬᠤᠶᠢᠯᠠᠯ ᠠᠴᠠ ᠪᠡᠯᠡ ᠤᠷᠤᠭᠤᠯᠤᠨᠨᠰᠠᠨ ᠲᠦᠷᠦᠯ ᠤᠨ ᠪᠠᠷᠢᠯᠭ᠎ᠠ ᠶᠢᠨ ᠪᠦᠳᠦᠬᠡᠨ ᠪᠠᠶᠢᠭᠤᠯᠬᠤ ᠲᠦᠷᠦᠯ ᠵᠦᠢᠯ ᠳᠤ ᠬᠢᠨᠠᠨ ᠵᠦᠪᠰᠢᠶᠡᠷᠡᠬᠦ ᠴᠠᠭ ᠬᠤᠭᠤᠴᠠᠭ᠎ᠠ ᠶᠢ ᠨᠢ ᠪᠤᠭᠤᠨᠢᠰᠬᠠᠭᠠᠳ 75 ᠠᠵᠢᠯᠯᠠᠬᠤ ᠡᠳᠦᠷ ᠤᠨ ᠲᠤᠳᠤᠷ᠎ᠠ ᠳᠠᠭᠤᠰᠬᠠᠬᠤ ᠪᠤᠯᠭᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠢᠯᠵᠢᠮᠡᠯ ᠬᠤᠯᠪᠤᠭᠠᠨ ᠤ ᠦᠵᠦᠭᠦᠷ ︽ᠮᠦᠩᠬᠡ ᠰᠣᠪᠠᠭ︾ ᠢ ᠵᠢᠩᠬᠢᠨᠢ ᠪᠠᠷ ᠠᠵᠢᠯᠯᠠᠭᠤᠯᠵᠦ᠂ ᠦᠪᠡᠷᠳᠡᠬᠡᠨ ᠵᠠᠰᠠᠬᠤ ᠤᠷᠤᠨ ᠤ ᠲᠤᠰ ᠱᠠᠳᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠰᠦᠯᠵᠢᠶ᠎ᠡ ᠪᠠᠷ ᠭᠦᠢᠴᠡᠳᠬᠡᠭᠰᠡᠨ ᠨᠤᠷᠮ᠎ᠠ 91% ᠳᠤ ᠬᠦᠷᠪᠡ᠃ ᠠᠷᠠᠳ ᠠᠴᠠ ᠡᠵᠡᠩᠨᠡᠭᠰᠡᠨ ᠠᠵᠦ ᠠᠬᠤᠢᠢᠯᠠᠯ ᠤᠨ ᠦᠬᠡᠷᠡᠴᠢᠯᠡᠯᠳᠡ ᠭᠦᠭᠵᠢᠯᠳᠡ ᠶᠢ ᠲᠡᠮᠵᠢᠬᠦ 24 ᠠᠷᠭ᠎ᠠ ᠬᠡᠮᠵᠢᠶ᠎ᠡ ᠶᠢ ᠨᠡᠶᠢᠲᠡᠯᠡᠵᠦ᠂ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠵᠠᠬ᠎ᠠ ᠲᠡᠯᠬᠡᠭᠦᠷ ᠤᠨ ᠭᠤᠤᠯ ᠴᠤᠨᠨᠴᠠ ᠶᠢᠨ ᠡᠵᠡᠯᠡᠬᠦ ᠬᠤᠪᠢ ᠶᠢᠨ ᠵᠢᠩ 97.4% ᠳᠤ ᠬᠦᠷᠪᠡ᠃ ᠦᠪᠡᠷᠳᠡᠬᠡᠨ ᠵᠠᠰᠠᠬᠤ ᠤᠷᠤᠨ ᠤ ᠲᠤᠰ ᠱᠠᠳᠤᠨ ᠤ ᠡᠵᠡᠩᠨᠡᠯᠳᠡ ᠶᠢᠨ ᠴᠢᠨᠠᠷᠳᠠᠢ ᠤᠯᠤᠰ ᠤᠨ ᠦᠮᠴᠢᠯᠡᠯᠳᠦ ᠡᠳ᠋ ᠭᠦᠷᠦᠩᠬᠡ ᠳᠤ ᠲᠦᠪᠯᠡᠷᠡᠩᠬᠦᠢ ᠨᠢᠬᠡᠳᠦᠯᠳᠡᠢ ᠬᠢᠨᠠᠯᠳᠠ ᠬᠠᠮᠢᠶᠠᠷᠤᠯᠳᠠ ᠬᠢᠬᠦ ᠶᠢ ᠦᠨᠳᠦᠰᠦᠨ ᠳᠡᠭᠡᠨ ᠪᠡᠶᠡᠯᠡᠬᠦᠯᠵᠦ᠂ ᠨᠡᠭᠦᠷᠡᠰᠦ ᠵᠡᠷᠬᠡ ᠠᠭᠤᠷᠬᠠᠢ ᠶᠢᠨ ᠦᠢᠯᠡᠰ ᠤᠨ ᠡᠬᠢ ᠪᠠᠶᠠᠯᠢᠭ ᠲᠤ ᠵᠠᠬ᠎ᠠ ᠲᠡᠯᠬᠡᠭᠦᠷᠴᠢᠯᠡᠨ ᠲᠦᠯᠦᠪᠦᠷᠢᠳᠡᠢ ᠰᠢᠯᠵᠢᠬᠦᠯᠬᠦ ᠶᠢ ᠪᠦᠭᠦ ᠲᠠᠯ᠎ᠠ ᠪᠠᠷ ᠭᠡᠷᠡᠭᠵᠢᠬᠦᠯᠪᠡ᠃ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠦᠮᠴᠢᠯᠡᠯ ᠤᠨ ᠡᠷᠬᠡ ᠶᠢᠨ ᠲᠦᠷᠢᠮ ᠤᠨ ᠦᠭᠡᠷᠡᠴᠢᠯᠡᠯᠳᠡ ᠶᠢ ᠤᠷᠤᠨᠨᠰᠢᠳᠠᠢ ᠠᠬᠢᠭᠤᠯᠵᠦ᠂ ᠤᠯᠤᠰ ᠤᠨ ᠦᠮᠴᠢᠯᠡᠯᠳᠦ ᠰᠢᠭᠤᠶᠢᠳᠤ ᠤᠷᠤᠨ ᠤ ᠦᠭᠡᠷᠡᠴᠢᠯᠡᠯᠳᠡ ᠤᠯᠤᠰ ᠤᠨ ᠰᠢᠯᠭᠠᠨ ᠬᠤᠷᠢᠶᠠᠵᠦ ᠠᠪᠬᠤ ᠳᠤ ᠬᠢᠷᠢ ᠲᠡᠩᠴᠡᠪᠡ᠃    ᠭᠠᠳᠠᠭᠠᠳᠣ ᠠᠷᠠᠯᠵᠢᠶ᠎ᠡ ᠶᠢ ᠲᠤᠨᠨᠳᠠᠪᠤᠷᠢᠵᠢᠭᠤᠯᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠦ᠂ ᠬᠢᠯᠢ ᠶᠢᠨ ᠪᠤᠭᠤᠮᠳᠠ ᠪᠠᠷ ᠨᠡᠪᠳᠡᠷᠡᠬᠦ ᠴᠠᠭ ᠢ ᠨᠢ ᠪᠤᠭᠤᠨᠢᠰᠬᠠᠨ᠂ ᠪᠤᠭᠤᠮᠳᠠ ᠪᠠᠷ ᠨᠡᠪᠳᠡᠷᠡᠬᠦ ᠦᠪᠡᠷ ᠤᠨ ᠦᠷᠲᠡᠭ ᠢ ᠨᠢ ᠪᠠᠭᠤᠷᠠᠭᠤᠯᠪᠠ᠃ ᠬᠢᠯᠢ ᠶᠢᠨ ᠪᠤᠭᠤᠮᠳᠠ ᠶᠢᠨ ᠠᠵᠦ ᠠᠬᠤᠢ ᠬᠢᠬᠡᠳ ᠲᠤᠳᠤᠷ᠎ᠠ ᠭᠠᠵᠠᠷ ᠤᠨ ᠡᠳ᠋ᠰᠢᠬᠦᠯᠦᠨ ᠪᠤᠯᠪᠠᠰᠤᠷᠠᠭᠤᠯᠬᠤ ᠦᠢᠯᠡᠰ᠂ ᠣᠳᠣ ᠦᠶ᠎ᠡ ᠶᠢᠨ ᠪᠠᠷᠠᠭᠠᠨ ᠤ ᠭᠦᠢᠯᠬᠡᠬᠡ ᠶᠢᠨ ᠦᠢᠯᠡᠰ ᠤᠨ ᠭᠦᠨᠵᠡᠬᠡᠢ ᠠᠭᠤᠰᠤᠯᠴᠠᠬᠤ ᠶᠢ ᠠᠬᠢᠭᠤᠯᠪᠠ᠃ ᠮᠠᠨ ᠤ ᠤᠷᠤᠨ ᠠᠴᠠ ᠠᠶᠠᠯᠠᠯ ᠢᠶᠠᠨ ᠡᠬᠢᠯᠡᠬᠦᠯᠦᠭᠰᠡᠨ ᠲᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠳᠣ ᠲᠡᠷᠭᠡᠨ ᠤ ᠡᠭᠡᠯᠵᠢ 15.4% ᠨᠡᠮᠡᠭᠳᠡᠵᠦ᠂ ᠪᠤᠴᠠᠬᠤ ᠡᠭᠡᠯᠵᠢ ᠪᠠᠷ ᠲᠡᠭᠡᠭᠡᠪᠦᠷᠢᠯᠡᠬᠦ ᠡᠳ᠋ ᠪᠠᠷᠠᠭᠠᠨ ᠤ ᠲᠦᠷᠦᠯ ᠵᠦᠢᠯ ᠳᠠᠰᠤᠷᠠᠯᠳᠠ ᠦᠬᠡᠢ ᠨᠡᠮᠡᠭᠳᠡᠪᠡ᠃ ᠪᠤᠭᠤᠳᠤ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡ ᠶᠢᠨ ᠲᠦᠪ᠂ ᠤᠯᠠᠭᠠᠨᠴᠠᠪ ᠤᠨ ᠲᠤᠯᠤᠳᠤᠭᠠᠷ ᠰᠤᠮᠤ ᠶᠢᠨ ᠭᠠᠶᠢᠯᠢ ᠪᠠᠳᠣᠯᠠᠬᠤ ᠪᠠᠷᠠᠭᠠᠨ ᠤ ᠭᠦᠢᠯᠬᠡᠬᠡ ᠶᠢᠨ ᠲᠦᠪ ᠤᠳ ᠨᠢ ᠪᠤᠭᠤᠮᠳᠠ ᠶᠢᠨ ᠪᠢᠲᠡᠭᠦᠮᠵᠢᠯᠡᠨ ᠰᠢᠯᠵᠢᠭᠦᠯᠵᠦ ᠬᠦᠯᠢᠶᠡᠨ ᠠᠪᠴᠦ ᠨᠡᠭᠡᠭᠡᠬᠦ ᠠᠵᠢᠯᠯᠠᠭᠠᠨ ᠲᠠᠢ ᠪᠤᠯᠵᠦ᠂ ᠮᠠᠨᠵᠤᠤᠷ ᠲᠠᠬᠢ ᠤᠯᠤᠰ ᠤᠨ ᠬᠢᠯᠢ ᠠᠯᠤᠰᠯᠬᠠᠰᠠᠨ ᠡᠯᠧᠺᠲᠷᠦᠨ ᠬᠤᠳᠠᠯᠳᠤᠭᠠᠨ ᠤ ᠶᠠᠪᠣᠳᠠᠯ ᠤᠨ ᠶᠡᠷᠦᠩᠬᠡᠶᠢᠯᠡᠭᠰᠡᠨ ᠲᠤᠷᠰᠢᠯᠳᠠ ᠶᠢᠨ ᠲᠣᠭᠤᠷᠢᠭ ᠵᠦᠪᠰᠢᠶᠡᠷᠡᠭᠳᠡᠪᠡ᠃ ᠠᠷᠠᠪ ᠤᠨ ᠬᠤᠯᠪᠤᠭᠠᠳᠣ ᠠᠬᠠᠮᠠᠳᠳᠣ ᠣᠯᠣᠰ ᠪᠠ ᠤᠯᠠᠭᠠᠨᠬᠠᠳᠠ ᠶᠢᠨ ︽ᠨᠢᠭᠡ ᠪᠦᠰᠡ ᠨᠢᠭᠡ ᠵᠠᠮ︾ ᠤᠨ ᠮᠠᠯ ᠪᠡᠯᠴᠢᠭᠡᠷ ᠠᠷᠠᠴᠢᠯᠠᠬᠤ ᠠᠵᠢᠯ ᠢ ᠨᠢᠭᠡ ᠴᠤᠨᠨᠴᠠᠵᠢᠭᠤᠯᠬᠤ ᠲᠦᠷᠦᠯ ᠵᠦᠢᠯ᠂ ᠢᠰᠷᠧᠯ ᠪᠠ ᠪᠠᠶᠠᠨᠨᠠᠭᠤᠷ ᠤᠨ ᠣᠳᠣ ᠦᠶ᠎ᠡ ᠶᠢᠨ ᠲᠠᠷᠢᠶᠠᠯᠠᠩ ᠤᠨ ᠠᠵᠦ ᠦᠢᠯᠡᠰ ᠤᠨ ᠭᠦᠷᠢᠶᠡᠯᠡᠩ ᠤᠨ ᠪᠠᠶᠢᠭᠤᠯᠤᠯᠳᠠ ᠶᠢ ᠡᠮᠬᠢ ᠵᠢᠷᠤᠮ ᠲᠠᠢ ᠠᠬᠢᠭᠤᠯᠪᠠ᠃    ᠳᠤᠮᠳᠠᠳᠤ ᠤᠯᠤᠰ ᠤᠨ ᠭᠤᠮᠢᠨᠳᠠᠩ ᠨᠠᠮ ᠤᠨ ᠬᠤᠪᠢᠰᠬᠠᠯᠲᠤ ᠲᠦᠪ ᠬᠤᠷᠢᠶ᠎ᠠ ᠯᠤᠭ᠎ᠠ ᠬᠤᠳᠠᠯᠳᠤᠭᠠᠴᠢᠨ ᠤᠷᠢᠵᠦ ᠪᠡᠯᠡ ᠤᠷᠤᠭᠤᠯᠬᠤ ᠠᠵᠢᠯ ᠢ ᠬᠠᠮᠲᠤᠷᠠᠯᠴᠠᠨ ᠦᠷᠨᠢᠭᠦᠯᠵᠦ᠂ ᠳᠤᠮᠳᠠᠳᠤ ᠤᠯᠤᠰ ᠤᠨ ᠣᠩᠭᠤᠴᠠᠨ ᠤ ᠪᠦᠯᠦᠭᠯᠡᠯ᠂ ᠵᠦᠩ ᠰᠢᠨ ᠪᠦᠯᠦᠭᠯᠡᠯ ᠪᠠ ᠱᠠᠩᠬᠠᠢ ᠶᠢᠨ ᠲᠡᠮᠲᠡᠭᠲᠦ ᠶᠢᠨ ᠠᠷᠠᠯᠵᠢᠶᠠᠨ ᠤ ᠭᠠᠵᠠᠷ ᠵᠡᠷᠭᠡ ᠯᠦᠭᠡ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠬᠠᠮᠲᠤᠷᠠᠨ ᠠᠵᠢᠯᠯᠠᠪᠡ᠃    ︵ᠨᠠᠢᠮᠠ︶ ᠠᠷᠠᠳ ᠤᠨ ᠠᠮᠢᠳᠣᠷᠠᠯ ᠢ ᠭᠦᠴᠦᠯᠡᠨ ᠪᠠᠳᠣᠯᠠᠪᠠ᠃ ᠬᠤᠳᠠ ᠭᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ ᠡᠵᠡᠮᠳᠡᠨ ᠭᠡᠷᠡᠭᠯᠡᠵᠦ ᠪᠣᠯᠬᠤ ᠣᠷᠣᠯᠭ᠎ᠠ ᠶᠢ ᠲᠣᠰ ᠲᠣᠰ 1.4% ᠪᠠ 8.4% ᠨᠡᠮᠡᠭᠳᠡᠬᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠬᠦ ᠬᠤᠷᠳᠤᠴᠠ ᠨᠢ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 1.5 ᠵᠠᠭᠤᠨ ᠤ ᠴᠡᠭ ᠳᠡᠭᠡᠭᠰᠢᠯᠡᠨ᠂ ᠰᠠᠭᠤᠭᠠᠯᠢ ᠠᠷᠠᠳ ᠤᠨ ᠭᠡᠷᠡᠭᠯᠡᠭᠡ ᠶᠢᠨ ᠦᠨ᠎ᠡ ᠬᠠᠩᠰᠢ ᠶᠢᠨ ᠦᠰᠦᠯᠲᠡ ᠶᠢᠨ ᠬᠡᠮᠵᠢᠶ᠎ᠡ ᠨᠢ ᠬᠢᠵᠠᠭᠠᠷᠯᠠᠬᠤ ᠬᠠᠷᠠᠯᠲᠠ ᠠᠴᠠ ᠲᠣᠣᠷ᠎ᠠ ᠪᠣᠯᠪᠠ᠃ ᠠᠵᠦ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠣᠵᠢᠯ ᠤᠨ ᠳᠠᠭᠠᠳᠬᠠᠯ᠂ ᠠᠵᠢᠯ ᠠᠴᠠ ᠪᠣᠯᠣᠨᠨᠰᠠᠨ ᠬᠡᠮᠳᠦᠯ ᠤᠨ ᠳᠠᠭᠠᠳᠬᠠᠯ ᠤᠨ ᠲᠠᠯ᠎ᠠ ᠳᠤ ᠦᠪᠡᠷᠳᠡᠬᠡᠨ ᠵᠠᠰᠠᠬᠤ ᠤᠷᠤᠨ ᠤ ᠱᠠᠲᠤᠨ ᠳᠤ ᠨᠢᠭᠡᠳᠦᠯᠳᠡᠢ ᠲᠦᠯᠦᠪᠯᠡᠬᠦ ᠶᠢ ᠪᠡᠶᠡᠯᠡᠬᠦᠯᠵᠦ᠂ ᠠᠵᠢᠯ ᠠᠴᠠ ᠪᠠᠨ ᠪᠠᠭᠤᠵᠦ ᠠᠮᠠᠷᠬᠠᠰᠠᠳ ᠤᠨ ᠨᠠᠰᠣᠵᠢᠯ ᠤᠨ ᠮᠦᠩᠬᠦ᠂ ᠬᠤᠳᠠ ᠭᠦᠳᠡᠭᠡ ᠶᠢᠨ ᠨᠠᠭᠠᠳᠣ ᠵᠠᠬ᠎ᠠ ᠶᠢᠨ ᠪᠠᠳᠣᠯᠠᠭ᠎ᠠ᠂ ᠬᠢᠯᠢ ᠶᠢᠨ ᠠᠷᠠᠳ ᠤᠨ ᠨᠡᠮᠡᠭᠦᠷᠢ ᠪᠠ ᠣᠨᠴᠠ ᠭᠦᠴᠢᠷᠳᠡᠯᠳᠡᠢ ᠭᠦᠮᠦᠰ ᠢ ᠲᠡᠩᠬᠡᠷᠡᠭᠦᠯᠦᠨ ᠲᠤᠰᠠᠯᠠᠵᠤ ᠲᠡᠳᠭᠦᠨ ᠬᠠᠷᠠᠭᠠᠯᠵᠠᠬᠤ ᠪᠠᠷᠢᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠬᠦᠯᠦᠨ᠂ ᠡᠮᠴᠢᠯᠡᠭᠡᠨ ᠤ ᠦᠨᠳᠦᠰᠦᠨ ᠳᠠᠭᠠᠳᠬᠠᠯ ᠳᠤ ᠤᠷᠤᠯᠴᠬᠠᠰᠠᠨ ᠨᠤᠷᠮ᠎ᠠ 95% ᠪᠣᠯᠪᠠ᠃ ᠬᠤᠳᠠ ᠶᠢᠨ ᠡᠮᠴᠢᠯᠡᠬᠡᠨ ᠤ ᠪᠦᠯᠦᠭᠯᠡᠯ᠂ ᠬᠤᠰᠢᠭᠤ ᠰᠢᠶᠠᠨ ᠤ ᠬᠡᠪᠴᠢᠶᠡᠨ ᠳᠠᠬᠢ ᠡᠮᠴᠢᠯᠡᠬᠡᠨ ᠤ ᠬᠠᠮᠳᠤ ᠴᠣᠨᠨᠴᠠ ᠶᠢᠨ ᠪᠦᠳᠦᠬᠡᠨ ᠪᠠᠶᠢᠭᠤᠯᠤᠯᠳᠠ ᠪᠠ ᠱᠠᠳᠣ ᠬᠤᠪᠢᠶᠠᠨ ᠤᠨᠤᠰᠢᠯᠠᠨ ᠡᠮᠨᠡᠬᠦ ᠠᠵᠢᠯ ᠢ ᠲᠦᠷᠬᠡᠳᠬᠡᠨ ᠠᠬᠢᠭᠤᠯᠵᠦ᠂ ᠠᠯᠤᠰ ᠡᠮᠴᠢᠯᠡᠬᠡᠨ ᠤ ᠰᠢᠰᠲ᠋ᠧᠮ ᠤᠨ ᠬᠠᠮᠤᠷᠬᠤ ᠬᠡᠪᠴᠢᠶ᠎ᠡ ᠦᠷᠭᠦᠯᠵᠢᠯᠡᠨ ᠦᠷᠬᠡᠵᠢᠪᠡ᠃    ᠲᠦᠭᠡᠮᠡᠯ ᠬᠠᠷᠠᠭᠠᠯᠵᠠᠬᠤ ᠴᠢᠨᠠᠷᠳᠠᠢ ᠬᠡᠤᠬᠡᠳ ᠤᠨ ᠴᠡᠴᠡᠷᠯᠢᠭ ᠢ ᠪᠦᠷᠬᠦᠨ ᠬᠠᠮᠤᠷᠤᠭᠤᠯᠬᠤ ᠨᠤᠷᠮ᠎ᠠ ᠳᠡᠭᠡᠭᠰᠢᠯᠡᠬᠡᠳ 85.5% ᠳᠤ ᠭᠦᠷᠴᠤ᠂ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠱᠠᠳᠤᠨ ᠤ ︽ᠰᠤᠷᠤᠨᠨᠴᠢ ᠶᠢᠨ ᠲᠤᠭ᠎ᠠ ᠬᠡᠲᠦᠷᠡᠭᠰᠡᠨ ᠠᠩᠭᠢ︾ ᠶᠢᠨ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠪᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠢ ᠴᠢᠩᠭᠠᠳᠬᠠᠵᠤ᠂ ᠤᠯᠤᠰ ᠤᠨ ᠨᠢᠬᠡᠳᠦᠯᠳᠡᠢ ᠨᠠᠶᠢᠷᠠᠭᠤᠯᠤᠨᠨᠰᠠᠨ ᠵᠢᠭᠠᠬᠤ ᠮᠠᠲ᠋ᠧᠷᠢᠶᠠᠯ ᠭᠡᠷᠡᠭᠯᠡᠬᠦ ᠠᠵᠢᠯ ᠢ ᠬᠡᠷᠡᠭᠵᠢᠭᠦᠯᠪᠡ᠃ ᠲᠡᠭᠡᠳᠦ ᠵᠡᠷᠭᠡ ᠶᠢᠨ ᠰᠤᠷᠭᠠᠨ ᠭᠦᠮᠦᠵᠢᠯ ᠤᠨ 43 ᠲᠤᠰᠬᠠᠢ ᠮᠡᠷᠬᠡᠵᠢᠯ ᠨᠢ ᠤᠯᠤᠰ ᠤᠨ ᠲᠡᠰ ᠤᠨ ᠲᠡᠷᠢᠬᠦᠨ ᠲᠡᠰ ᠤᠨ ᠲᠤᠰᠬᠠᠢ ᠮᠡᠷᠬᠡᠵᠢᠯ ᠳᠤ ᠰᠣᠩᠭᠤᠨᠨᠳᠠᠨ ᠤᠷᠤᠪᠠ᠃ 30 ᠲᠦᠮᠡ ᠭᠠᠷᠤᠢ ᠭᠦᠮᠦᠨ ᠠᠮᠠ ᠲᠠᠢ ᠬᠤᠰᠢᠭᠤ ᠰᠢᠶᠠᠨ ᠪᠣᠯᠭᠠᠨ ᠳᠤ ᠤᠨᠴᠠᠭᠠᠢ ᠰᠤᠷᠭᠠᠨ ᠭᠦᠮᠦᠵᠢᠯ ᠤᠨ ᠰᠤᠷᠭᠠᠭᠤᠯᠢ ᠲᠠᠢ ᠪᠣᠯᠭᠠᠪᠠ᠃    ᠣᠯᠠᠭᠠᠨᠮᠦ᠋ᠴᠢᠷ ᠤᠨ ᠠᠵᠢᠯ ᠦᠢᠯᠡᠰ ᠤᠨ ᠤᠷᠳᠤᠪᠳᠤᠷ ᠪᠠ ᠤᠷᠳᠤ ᠬᠤᠭᠤᠴᠠᠭᠠᠨ ᠤ ᠭᠦᠭᠵᠢᠯᠳᠡ ᠶᠢᠨ ᠲᠦᠯᠦᠪᠵᠢᠬᠦᠯᠬᠡ ᠶᠢ ᠲᠤᠨᠨᠳᠠᠭᠠᠵᠦ᠂ ᠣᠯᠠᠭᠠᠨᠮᠦ᠋ᠴᠢᠷ ᠤᠨ ᠤᠤᠭᠠᠨ ᠰᠤᠩᠭᠤᠳᠠᠭ ᠪᠦᠳᠦᠬᠡᠯ ᠤᠨ ᠤᠯᠠᠮᠵᠢᠯᠠᠨ ᠵᠠᠯᠭᠠᠮᠵᠢᠯᠠᠬᠤ ᠢᠨᠵᠧᠨᠧᠷᠢᠩ ᠢ ᠡᠬᠢᠯᠡᠬᠦᠯᠦᠨ᠂ ︽ᠣᠯᠠᠭᠠᠨᠮᠦ᠋ᠴᠢᠷ ᠤᠨ ᠠᠵᠢᠯᠯᠠᠭ᠎ᠠ ᠶᠢᠨ ᠰᠠᠷ᠎ᠠ︾ ᠶᠢ ᠦᠷᠨᠢᠬᠦᠯᠪᠡ᠃ ᠯᠢᠶᠤᠤ ᠤᠯᠤᠰ ᠤᠨ ᠦᠶ᠎ᠡ ᠶᠢᠨ ᠡᠤ ᠠᠨ ᠵᠸᠤ ᠶᠢᠨ ᠰᠣᠪᠤᠷᠭ᠎ᠠ᠂ ᠠᠷᠵᠠᠢ ᠠᠭᠤᠢ ᠵᠡᠷᠭᠡ ᠭᠤᠣᠯᠳᠠᠯᠭ᠎ᠠ ᠲᠠᠢ ᠲᠡᠤᠬᠡ ᠶᠢᠨ ᠲᠤᠷᠠᠰᠬᠠᠯᠳᠤ ᠵᠦᠢᠯᠡᠰ ᠲᠤ ᠬᠠᠮᠠᠭᠠᠯᠠᠵᠦ ᠰᠡᠯᠪᠢᠨ ᠵᠠᠰᠠᠬᠤ ᠢᠨᠵᠧᠨᠧᠷᠢᠩ ᠢ ᠭᠡᠷᠡᠭᠵᠢᠬᠦᠯᠪᠡ᠃ ᠶᠡᠷᠦᠩᠬᠡᠢ ᠭᠦᠮᠦᠨ ᠠᠮᠠ ᠶᠢᠨ 99.7% ᠨᠢ ᠷᠠᠳᠢᠣ᠋ ᠲᠧᠯᠸᠢᠰ ᠢ ᠬᠦᠯᠢᠶᠡᠨ ᠠᠪᠴᠦ ᠰᠤᠨᠤᠰᠬᠤ ᠪᠠ ᠦᠵᠡᠵᠦ ᠴᠢᠳᠠᠬᠤ ᠪᠣᠯᠪᠠ᠃ ᠤᠷᠴᠤᠨ ᠬᠡᠯᠡ᠂ ᠲᠠᠭᠤᠷ ᠬᠡᠯᠡᠨ ᠤ ᠪᠠᠶᠢᠩᠭᠤ ᠬᠡᠷᠡᠭᠯᠡᠭᠳᠡᠬᠦ ᠦᠭᠡᠨ ᠤ ᠠᠪᠢᠶᠠᠨ ᠤ ᠲᠣᠯᠢ ᠶᠢ ᠬᠡᠪᠯᠡᠪᠡ᠃ ᠪᠦᠭᠦ ᠤᠯᠤᠰ ᠤᠨ ᠠᠵᠢᠯ ᠮᠡᠷᠬᠡᠵᠢᠯ ᠤᠨ ᠬᠤᠯᠪᠤᠭᠠᠳᠤ ᠤᠷᠤᠯᠳᠤᠭᠠᠨ ᠳᠤ ᠦᠪᠦᠷ ᠮᠤᠩᠭᠤᠯ ᠤᠨ ᠭᠦᠳᠡᠭᠡ ᠲᠤᠰᠬᠤᠨ ᠤ ᠢᠳᠡᠬᠡᠮᠵᠢ ᠶᠢᠨ ᠬᠤᠷᠰᠢᠶᠠᠨ ᠤ ᠡᠮᠡᠭᠳᠡᠢ ᠶᠢᠨ ᠰᠬᠠᠰᠣᠨ ᠪᠦᠮᠪᠦᠭᠡ ᠶᠢᠨ ᠠᠩᠭᠢ ᠨᠢ ᠠᠩᠬ᠎ᠠ ᠤᠳᠠᠭ᠎ᠠ ᠮᠠᠩᠯᠠᠶᠢᠯᠠᠪᠠ᠃ ᠬᠦᠯ ᠪᠦᠮᠪᠦᠭᠡ ᠶᠢᠨ ᠬᠦᠳᠡᠯᠭᠡᠭᠡᠨ ᠤ ᠦᠭᠡᠷᠡᠴᠢᠯᠡᠯᠲᠡ ᠶᠢᠨ ᠲᠣᠷᠰᠢᠯᠲᠠ ᠶᠢᠨ ᠴᠡᠭ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠪᠡ᠃    ᠬᠤᠳᠠ ᠶᠢᠨ ᠨᠠᠷᠢᠯᠢᠨᠨᠵᠢᠯ ᠬᠠᠮᠢᠶᠠᠷᠤᠯᠳᠠ ᠶᠢᠨ ᠲᠦᠪᠰᠢᠨ ᠤᠯᠠᠮ ᠨᠢᠭᠡ ᠠᠯᠬᠤᠮ ᠲᠡᠭᠡᠭᠰᠢᠯᠡᠪᠡ᠃ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠲᠠᠬᠢ 20.6 ᠲᠦᠮᠡᠨ ᠡᠷᠦᠭᠡ ᠶᠢ ᠦᠭᠡᠷᠡᠴᠢᠯᠡᠨ ᠰᠢᠨᠡᠳᠭᠡᠵᠦ᠂ ᠳᠦᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ 2.6 ᠲᠦᠮᠡᠨ ᠢᠵᠢ ᠭᠡᠷ ᠪᠠᠶᠢᠰᠢᠩ ᠢ ᠦᠭᠡᠷᠡᠴᠢᠯᠡᠨ ᠰᠢᠨᠡᠳᠭᠡᠪᠡ᠃ 2776 ᠲᠦᠷᠦᠯ ᠵᠦᠢᠯ᠂ 133.4 ᠲᠦᠮᠡᠨ ᠢᠵᠢ ᠭᠡᠷ ᠪᠠᠶᠢᠰᠢᠩ ᠭᠠᠵᠠᠷ ᠭᠦᠷᠦᠩᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠪᠡ᠃ ᠮᠠᠯᠴᠢᠨ ᠲᠠᠷᠢᠶᠠᠴᠢᠨ ᠬᠦᠴᠦ ᠶᠠᠪᠤᠨᠨᠰᠠᠳ ᠲᠤ ᠦᠷᠢᠲᠦᠵᠦ ᠪᠠᠶᠢᠬᠰᠠᠨ ᠴᠠᠯᠢᠩ ᠤᠨ ᠠᠰᠠᠭᠤᠳᠠᠯ ᠢ ᠪᠦᠳᠦᠮᠵᠢᠳᠡᠢ ᠴᠡᠭᠴᠡᠯᠡᠪᠡ᠃    ᠠᠮᠤᠭᠤᠯᠠᠩᠲᠤ ᠦᠪᠦᠷ ᠮᠤᠩᠭᠤᠯ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠵᠤ᠂ ᠬᠠᠷ᠎ᠠ ᠪᠦᠯᠦᠭᠳᠡᠨ ᠬᠠᠷᠬᠢᠰ ᠭᠦᠴᠦᠨ ᠢ ᠠᠷᠢᠯᠭᠠᠬᠤ ᠲᠤᠰᠬᠠᠢ ᠲᠡᠮᠡᠴᠡᠯ ᠲᠠᠭᠦᠰ ᠠᠮᠵᠢᠯᠲᠠ ᠲᠠᠢ ᠳᠠᠭᠤᠰᠪᠠ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠲᠠᠯ᠎ᠠ ᠨᠤᠲᠤᠭ ᠣᠢ ᠰᠢᠭᠤᠢ ᠶᠢᠨ ᠭᠠᠯ ᠲᠦᠢᠮᠡᠷ ᠢ ᠰᠡᠷᠭᠡᠶᠢᠯᠡᠬᠦ ᠲᠤᠨᠤᠭ ᠲᠥᠭᠦᠭᠡᠷᠦᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠨᠡᠭᠦᠷᠡᠰᠦᠨ ᠤ ᠠᠭᠤᠷᠬᠠᠢ᠂ ᠠᠶᠤᠯᠲᠠᠢ ᠬᠢᠮᠢ ᠶᠢᠨ ᠪᠤᠳᠠᠰ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠠᠶᠤᠯ ᠦᠬᠡᠢ ᠦᠢᠯᠡᠳᠪᠦᠷᠢᠯᠡᠯ ᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯ ᠢ ᠠᠬᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠡ᠊ᠡᠳᠡᠯ ᠲᠠᠰᠤᠷᠠᠯᠳᠠ ᠦᠬᠡᠢ ᠪᠠᠭᠤᠷᠠᠪᠠ᠃    ᠲᠦᠯᠦᠭᠡᠯᠡᠭᠴᠢᠳ ᠡ︕ ᠦᠩᠭᠡᠷᠡᠭᠰᠡᠨ ᠨᠢᠭᠡ ᠵᠢᠯ ᠳᠤ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠦᠵᠡᠯ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠨ᠂ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠦ᠂ ᠦᠨᠳᠦᠰᠦᠳᠡᠨ ᠤ ᠪᠦᠯᠭᠦᠮᠳᠡᠯ ᠳᠠᠪᠰᠢᠯᠲᠠ ᠶᠢᠨ ᠤᠬᠠᠭᠤᠯᠭ᠎ᠠ ᠭᠦᠮᠦᠵᠢᠯ ᠢ ᠭᠦᠨᠵᠡᠬᠡᠶᠢᠷᠡᠭᠦᠯᠦᠨ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠪᠠ ᠵᠢᠱᠢᠶ᠎ᠡ ᠦᠵᠡᠭᠦᠯᠬᠦ ᠨᠢᠭᠡᠴᠢ ᠶᠢ 4 ᠴᠤᠬᠴᠠᠯᠠᠪᠠ᠃    ᠱᠠᠰᠢᠨ ᠰᠤᠷᠳᠠᠬᠤᠨ ᠤ ᠲᠤᠬᠠᠢ ᠨᠠᠮ ᠤᠨ ᠲᠦᠷᠦ ᠶᠢᠨ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠣᠷᠢᠵᠢᠭᠤᠯᠵᠦ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ᠂ ᠬᠤᠶᠠᠷ ᠢ ᠭᠦᠷᠢᠶᠡᠯᠡᠬᠦ ᠪᠠ ᠠᠰᠠᠷᠠᠨ ᠬᠠᠷᠠᠭᠠᠯᠵᠠᠬᠤ᠂ ᠠᠷᠠᠳ ᠤᠨ ᠠᠭᠠᠷ ᠤᠨ ᠰᠡᠷᠬᠡᠶᠢᠯᠡᠯᠳᠡ᠂ ᠲᠤᠭ᠎ᠠ ᠪᠦᠷᠢᠳᠬᠡᠯ ᠪᠠᠶᠢᠴᠠᠭᠠᠯᠳᠠ᠂ ᠭᠠᠵᠠᠷ ᠭᠦᠳᠡᠯᠦᠯᠳᠡ ᠪᠠ ᠴᠠᠭ ᠠᠭᠤᠷ᠂ ᠨᠡᠶᠢᠬᠡᠮ ᠤᠨ ᠰᠢᠨᠵᠢᠯᠡᠬᠦ ᠤᠬᠠᠭᠠᠨ᠂ ᠳᠠᠩᠰᠠ ᠡᠪᠬᠡᠮᠡᠯ ᠲᠡᠣᠬᠡ ᠤᠶᠢᠯᠠᠯᠭ᠎ᠠ᠂ ᠵᠦᠪᠳᠡᠭᠴᠢ ᠪᠠ ᠲᠡᠣᠬᠡ ᠰᠤᠶᠤᠯ᠂ ᠭᠠᠳᠠᠭᠠᠳᠤ ᠶᠠᠪᠤᠳᠠᠯ ᠪᠠ ᠬᠠᠷᠢᠶᠠᠳᠤ ᠶᠢᠨ ᠶᠠᠪᠤᠳᠠᠯ ᠵᠡᠷᠭᠡ ᠠᠵᠢᠯ ᠢ ᠴᠢᠩᠭᠠᠳᠬᠠᠪᠠ᠃ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠦᠳ ᠤᠨ ᠬᠤᠯᠪᠤᠭᠠᠳᠣ ᠬᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠬᠡᠮᠯᠢᠭ᠂ ᠵᠠᠮᠳᠡᠭᠴᠦᠳ ᠤᠨ ᠬᠤᠯᠪᠤᠭᠠᠳᠣ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠵᠡᠷᠭᠡ ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠪᠠ᠃ ᠲᠦᠷᠪᠡᠳᠦᠬᠡᠷ ᠤᠳᠠᠭᠠᠨ ᠤ ᠪᠦᠭᠦ ᠤᠯᠤᠰ ᠤᠨ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢ ᠪᠡᠶᠡᠯᠡᠬᠦᠯᠵᠦ᠂ ᠲᠤᠯᠤᠳᠤᠭᠠᠷ ᠤᠳᠠᠭᠠᠨ ᠤ ᠪᠦᠭᠦ ᠤᠯᠤᠰ ᠤᠨ ᠭᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢ ᠦᠷᠨᠢᠭᠦᠯᠪᠡ᠃    ᠪᠢᠳᠡ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠳᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠪᠡ᠃ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠲᠡᠪᠰᠢᠬᠦᠯᠦᠨ ᠬᠢᠨᠠᠭᠤᠯᠤᠨᠨᠰᠠᠨ ᠤᠷᠤᠨ ᠨᠣᠳᠤᠭ ᠤᠨ ᠴᠢᠨᠠᠷᠳᠠᠢ ᠬᠠᠤᠯᠢ ᠲᠤᠨᠨᠳᠠᠭᠠᠯ ᠪᠠ ᠰᠠᠨᠠᠯ ᠵᠦᠪᠯᠡᠯᠭᠡ 24 ᠪᠠᠶᠢᠵᠦ᠂ ᠵᠠᠰᠠᠭ ᠤᠨ ᠣᠷᠳᠣᠨ ᠤ 11 ᠲᠣᠨᠨᠳᠠᠭᠠᠯ ᠲᠦᠷᠢᠮ ᠢ ᠲᠣᠨᠨᠳᠠᠭᠠᠵᠦ᠂ ᠵᠠᠰᠠᠪᠣᠷᠢ ᠣᠷᠣᠭᠤᠯᠣᠨᠨᠰᠠᠨ ᠪᠠ ᠭᠦᠴᠦᠨ ᠦᠬᠡᠢ ᠪᠣᠯᠭᠠᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠬᠡᠨ ᠤ ᠬᠡᠰᠢᠭᠦᠳ ᠤᠨ ᠰᠠᠨᠠᠯ ᠲᠤᠷᠠᠳᠤᠯᠭ᠎ᠠ ᠪᠦᠭᠦᠨ ᠢ ᠴᠦᠮ ᠭᠦᠢᠴᠡᠳᠬᠡᠪᠡ᠃ ᠬᠢᠳᠠᠳ ᠮᠤᠩᠭᠤᠯ ᠬᠠᠤᠯᠢ ᠴᠠᠭᠠᠵᠠ ᠶᠢᠨ ᠬᠡᠷᠡᠭᠯᠡᠬᠡᠨ ᠤ ᠪᠦᠷᠢᠨ ᠲᠣᠯᠢ ᠶᠢ ᠨᠠᠶᠢᠷᠠᠭᠤᠯᠤᠨ ᠬᠡᠪᠯᠡᠪᠡ᠃ ᠦᠪᠡᠷᠳᠡᠬᠡᠨ ᠵᠠᠰᠠᠬᠤ ᠤᠷᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠨᠨᠲᠠᠭᠠᠬᠤ ᠲᠡᠰ ᠳᠠᠷᠠᠭᠠᠯᠠᠯ ᠤᠨ ᠲᠤᠨᠨᠳᠠᠭᠠᠯ ᠳᠤ ᠵᠠᠰᠠᠪᠤᠷᠢ ᠤᠷᠤᠭᠤᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠳᠣᠨᠨᠲᠠᠭᠠᠨ ᠬᠡᠷᠡᠭᠵᠢᠬᠦᠯᠬᠦ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ᠂ ᠵᠠᠰᠠᠭ ᠵᠠᠬᠢᠷᠭᠠᠨ ᠤ ᠡᠷᠬᠡ ᠳᠠᠬᠢ ᠭᠦᠯᠢᠶᠡᠰᠦᠯᠡᠯ ᠪᠠ ᠬᠢᠨᠠᠯᠳᠠ ᠲᠠᠯᠪᠢᠯᠳᠠ ᠶᠢ ᠴᠢᠩᠭᠠᠳᠬᠠᠪᠠ᠃ ᠪᠠᠶᠢᠴᠠᠭᠠᠬᠤ ᠪᠠᠶᠢᠭᠤᠯᠭ᠎ᠠ ᠶᠢᠨ ᠬᠢᠨ ᠤ ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠵᠠᠷᠭᠤ ᠦᠷᠨᠢᠬᠦᠯᠬᠦ ᠶᠢ ᠲᠡᠮᠵᠢᠪᠡ᠃ ᠵᠠᠰᠠᠭ ᠤᠨ ᠶᠠᠪᠤᠳᠠᠯ ᠤᠨ ᠢᠯᠡ ᠪᠤᠯᠭᠠᠬᠤ ᠶᠢ ᠠᠬᠢᠭᠤᠯᠵᠦ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠣᠷᠳᠣᠨ ᠰᠣᠨᠢᠨ ᠮᠡᠳᠡᠭᠡ ᠨᠡᠶᠢᠳᠡᠯᠡᠬᠦ ᠬᠤᠷᠠᠯ ᠢ 161 ᠤᠳᠠᠭ᠎ᠠ ᠬᠤᠷᠠᠯᠳᠤᠭᠤᠯᠵᠦ᠂ ᠨᠡᠶᠢᠬᠡᠮ ᠤᠨ ᠬᠠᠯᠠᠮᠰᠢᠯ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤ ᠥᠭᠪᠡ᠃    ᠲᠦᠪ ᠤᠨ ᠨᠠᠢᠮᠠᠨ ᠵᠦᠢᠯ ᠤᠨ ᠲᠤᠨᠨᠳᠠᠭᠠᠯ ᠤᠨ ᠵᠣᠷᠢᠭ ᠰᠠᠨᠠᠭ᠎ᠠ ᠪᠠ ᠦᠪᠡᠷᠳᠡᠬᠡᠨ ᠵᠠᠰᠠᠬᠤ ᠤᠷᠤᠨ ᠤ ᠲᠦᠭᠦᠷ ᠠᠷᠭ᠎ᠠ ᠶᠢ ᠨᠠᠶᠢᠳᠠᠪᠤᠷᠢᠵᠢᠭᠤᠯᠵᠦ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠦᠷᠭᠦᠯᠵᠢᠯᠡᠨ ᠴᠡᠭᠴᠡᠯᠡᠨ ᠵᠠᠰᠠᠵᠦ᠂ ᠦᠨᠳᠦᠰᠦᠨ ᠱᠠᠳᠤᠨ ᠤ ᠲᠠᠷᠤᠭᠠᠰᠤ ᠶᠢ ᠦᠨᠡᠨ ᠬᠦ ᠭᠦᠩᠬᠡᠷᠡᠭᠦᠯᠪᠡ᠃ ᠨᠡᠭᠦᠷᠡᠰᠦᠨ ᠤ ᠡᠬᠢ ᠪᠠᠶᠠᠯᠢᠭ ᠤᠨ ᠭᠦᠷᠢᠶᠡᠨ ᠳᠠᠬᠢ ᠲᠤᠨᠨᠳᠠᠭᠠᠯ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯ ᠪᠠ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠰᠢᠰᠲ᠋ᠧᠮ ᠳᠠᠬᠢ ᠢᠯᠵᠡᠷᠡᠯ ᠤᠨ ᠠᠰᠠᠭᠤᠳᠠᠯ ᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯ ᠢ ᠠᠬᠢᠭᠤᠯᠪᠠ᠃ ᠡᠳ᠋ ᠤᠨ ᠵᠠᠰᠠᠭ ᠤᠨ ᠪᠡᠯᠡ ᠮᠦᠩᠬᠦ᠂ ᠵᠠᠰᠠᠭ ᠤᠨ ᠣᠷᠳᠣᠨ ᠤ ᠲᠤᠰᠬᠠᠢ ᠦᠷᠢ ᠥᠭᠴᠡᠭᠡ ᠪᠠ ᠠᠷᠠᠳ ᠤᠨ ᠠᠮᠢᠳᠤᠷᠠᠯ ᠤᠨ ᠭᠦᠷᠢᠶᠡᠨ ᠳᠠᠬᠢ ᠪᠡᠯᠡ ᠮᠦᠩᠬᠦ ᠶᠢ ᠬᠡᠷᠡᠭᠯᠡᠵᠦ ᠬᠠᠮᠢᠶᠠᠷᠴᠤ ᠪᠠᠶᠢᠭ᠎ᠠ ᠪᠠᠶᠢᠳᠠᠯ ᠳᠤ ᠬᠢᠨᠠᠨ ᠪᠤᠳᠤᠯᠲᠠ ᠪᠠᠷ ᠬᠢᠨᠠᠯᠳᠠ ᠲᠠᠯᠪᠢᠵᠤ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠣᠷᠳᠣᠨ ᠤ ᠠᠵᠦ ᠠᠬᠤᠢ ᠶᠢᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠬᠦᠯᠵᠦ ᠪᠠᠶᠢᠭ᠎ᠠ ᠪᠠᠶᠢᠳᠠᠯ ᠳᠤ ᠬᠢᠨᠠᠨ ᠪᠤᠳᠤᠯᠲᠠ ᠬᠢᠵᠦ ᠦᠪᠡᠷ ᠢ ᠪᠠᠨ ᠪᠠᠶᠢᠴᠠᠭᠠᠬᠤ ᠶᠢ ᠦᠷᠨᠢᠭᠦᠯᠪᠡ᠃ ︽ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠦᠷᠢᠯᠡᠬᠦ ᠤᠨ︾ ᠤ ᠲᠤᠰᠬᠠᠢ ᠠᠵᠢᠯᠯᠠᠭ᠎ᠠ ᠶᠢ ᠬᠡᠷᠡᠭᠵᠢᠬᠦᠯᠵᠦ᠂ ᠵᠠᠬᠢᠳᠠᠯ ᠰᠤᠷᠪᠤᠯᠵᠢᠯᠠᠯ ᠤᠨ ᠲᠠᠯ᠎ᠠ ᠪᠠᠷ ᠬᠢ ᠨᠢᠭᠡ ᠪᠦᠯᠦᠭ ᠳᠠᠷᠤᠭᠳᠠᠯ ᠬᠡᠷᠡᠭ ᠢ ᠠᠷᠢᠯᠭᠠᠪᠠ᠃ ᠠᠷᠪᠢᠴᠢ ᠭᠠᠮᠳᠠᠢ ᠠᠮᠢᠳᠤᠷᠠᠬᠤ ᠶᠢ ᠪᠠᠷᠢᠮᠲᠠᠯᠠᠵᠤ᠂ ᠦᠪᠡᠷᠳᠡᠬᠡᠨ ᠵᠠᠰᠠᠬᠤ ᠤᠷᠤᠨ ᠤ ᠲᠤᠰ ᠱᠠᠳᠤᠨ ᠤ ᠲᠦᠰᠦᠪ ᠲᠠᠬᠢ ᠲᠤᠬᠠᠶᠢᠯᠬᠠᠰᠠᠨ ᠠᠵᠢᠯ ᠤᠨ ᠲᠤᠰᠬᠠᠢ ᠵᠠᠷᠤᠳᠠᠯ ᠢ 10% ᠪᠠᠭᠤᠷᠠᠭᠤᠯᠵᠦ᠂ ᠭᠤᠣᠯᠳᠠᠯᠭ᠎ᠠ ᠶᠢᠨ ᠪᠣᠰᠣ ᠲᠤᠰᠬᠠᠢ ᠪᠡᠯᠡ ᠮᠦᠩᠬᠦ ᠶᠢ 20% ᠪᠠᠭᠠᠰᠬᠠᠪᠠ᠃    ᠲᠦᠯᠦᠭᠡᠯᠡᠭᠴᠢᠳ ᠡ︕    ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠤᠭᠤᠴᠠᠭ᠎ᠠ ᠪᠣᠯ ᠴᠢᠨᠡᠭᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠶᠢᠨ ᠰᠢᠢᠳᠪᠦᠷᠢᠯᠡᠭᠴᠢ ᠴᠢᠨᠠᠷᠳᠠᠢ ᠱᠠᠳᠣ ᠦᠶ᠎ᠡ ᠪᠤᠯᠤᠨ᠎ᠠ᠂ ᠮᠦᠨ ᠴᠦ ᠮᠠᠨ ᠤ ᠤᠷᠤᠨ ᠤ ᠭᠦᠭᠵᠢᠯᠳᠡ ᠶᠢᠨ ᠶᠠᠪᠤᠴᠠ ᠳᠠᠬᠢ ᠴᠢᠬᠤᠯᠡ ᠶᠡᠭᠡ ᠲᠡᠤᠬᠡᠳᠦ ᠠᠴᠢ ᠬᠤᠯᠪᠤᠨᠨᠳᠠᠯ ᠲᠠᠢ ᠲᠠᠪᠤᠨ ᠵᠢᠯ ᠪᠣᠯᠬᠤ ᠶᠣᠮ᠃ ᠶᠡᠷᠦᠩᠬᠡᠢ ᠱᠦᠵᠢ ᠰᠢ ᠶᠢᠨ ᠫᠢᠩ ᠦᠪᠦᠷ ᠮᠤᠩᠭᠤᠯ ᠪᠠᠶᠢᠭᠤᠯᠤᠨᠨᠳ᠋ᠬᠠᠰᠠᠨ 70 ᠵᠢᠯ ᠤᠨ ᠤᠢ ᠳᠤ ᠪᠢᠴᠢᠬᠡᠰᠦ ᠪᠢᠴᠢᠵᠦ᠂ ᠤᠯᠠᠭᠠᠨᠮᠦ᠋ᠴᠢᠷ ᠤᠨ ᠬᠡᠰᠢᠭᠦᠳ ᠲᠤ ᠬᠠᠷᠢᠭᠤ ᠵᠠᠬᠢᠳᠠᠯ ᠢᠯᠡᠬᠡᠨ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠦᠪᠦᠷ ᠮᠤᠩᠭᠤᠯ ᠤᠨ ᠲᠦᠯᠦᠬᠡᠯᠡᠭᠴᠢᠳ ᠤᠨ ᠪᠦᠯᠭᠦᠮ ᠤᠨ ᠬᠢᠨ ᠤ ᠬᠢᠨᠠᠨ ᠵᠦᠪᠯᠡᠬᠦ ᠳᠤ ᠭᠤᠷᠪᠠᠨ ᠵᠢᠯ ᠳᠠᠷᠠᠭᠠᠯᠠᠨ ᠤᠷᠤᠯᠴᠠᠵᠦ᠂ 2019 ᠤᠨ ᠤ 7 ᠳ᠋ᠤᠭᠠᠷ ᠰᠠᠷ᠎ᠠ ᠳᠤ ᠮᠠᠨ ᠤ ᠤᠷᠤᠨ ᠳᠤ ᠰᠠᠭᠠᠳᠠᠵᠦ ᠰᠢᠨᠵᠢᠯᠡᠨ ᠪᠠᠶᠢᠴᠠᠭᠠᠵᠦ ᠵᠢᠭᠠᠨ ᠵᠢᠯᠤᠭᠤᠳᠤᠭᠠᠳ ᠦᠪᠦᠷ ᠮᠤᠩᠭᠤᠯ ᠳᠤ ᠠᠯᠢ ᠤᠯᠠᠨ ᠴᠢᠬᠤᠯᠡ ᠶᠡᠭᠡ ᠵᠢᠭᠠᠪᠤᠷᠢ ᠭᠠᠷᠭᠠᠨᠨᠰᠠᠨ ᠨᠢ ᠰᠢᠨ᠎ᠡ ᠴᠠᠭ ᠦᠶ᠎ᠡ ᠶᠢᠨ ᠦᠪᠦᠷ ᠮᠤᠩᠭᠤᠯ ᠤᠨ ᠭᠦᠭᠵᠢᠯᠳᠡ ᠳᠤ ᠰᠢᠨᠵᠢᠯᠡᠬᠦ ᠤᠬᠠᠭᠠᠨᠴᠢ ᠵᠢᠯᠤᠭᠤᠳᠤᠮᠵᠢ ᠪᠤᠯᠵᠦ᠂ ᠪᠦᠭᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠤᠷᠮ᠎ᠠ ᠵᠣᠷᠢᠭ ᠢ ᠭᠦᠭᠵᠢᠬᠡᠨ ᠡᠷᠴᠢ ᠭᠦᠴᠦᠨ ᠢ ᠴᠢᠩᠭᠠᠯᠠᠪᠠ᠃     ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠤᠭᠤᠴᠠᠭᠠᠨ ᠳᠤ᠂ ᠪᠢᠳᠡ ᠰᠢᠨ᠎ᠡ ᠭᠦᠭᠵᠢᠯᠳᠡ ᠶᠢᠨ ᠤᠨᠤᠯᠵᠢᠬᠤᠨ ᠢ ᠬᠢᠨᠠᠮᠠᠭᠠᠢ ᠲᠤᠭᠤᠰᠢᠯᠠᠭᠤᠯᠤᠨ᠂ ᠭᠦᠭᠵᠢᠯᠳᠡ ᠶᠢᠨ ᠠᠷᠭ᠎ᠠ ᠬᠡᠯᠪᠡᠷᠢ ᠪᠠᠨ ᠭᠦᠴᠦᠯᠡᠨ ᠬᠤᠪᠢᠷᠠᠭᠤᠯᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠨ᠂ ᠪᠤᠬᠢᠷᠳᠤᠯ ᠦᠬᠡᠢ ᠭᠦᠭᠵᠢᠬᠦᠯᠬᠦ ᠪᠠᠷ ᠤᠳᠤᠷᠢᠳᠤᠮᠵᠢ ᠪᠤᠯᠭᠠᠨᠨᠰᠠᠨ ᠴᠢᠨᠠᠷ ᠰᠠᠶᠢᠳᠠᠢ ᠭᠦᠭᠵᠢᠯᠳᠡ ᠶᠢᠨ ᠰᠢᠨ᠎ᠡ ᠵᠠᠮ ᠢ ᠢᠳᠡᠪᠬᠢᠳᠡᠢ ᠰᠦᠪᠡᠭᠴᠢᠯᠡᠪᠡ᠃ ᠠᠵᠦ ᠠᠬᠤᠢ ᠶᠢᠨ ᠭᠦᠭᠵᠢᠯᠳᠡ ᠶᠢᠨ ᠶᠠᠰᠤ ᠴᠢᠨᠠᠷ ᠲᠤᠨᠨᠳᠠᠭᠤᠨ ᠢᠶᠠᠷ ᠳᠡᠭᠡᠭᠰᠢᠯᠡᠪᠡ᠂ ᠡᠳ᠋ ᠤᠨ ᠵᠠᠰᠠᠭ ᠤᠨ ᠣᠷᠣᠯᠭ᠎ᠠ᠂ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ᠂ ᠠᠵᠦ ᠦᠢᠯᠡᠳᠪᠦᠷᠢ ᠶᠢᠨ ᠨᠡᠮᠡᠭᠳᠡᠯ ᠦᠷᠲᠡᠭ ᠵᠡᠷᠭᠡ ᠶᠢᠨ ᠲᠤᠭ᠎ᠠ ᠪᠠᠷᠢᠮᠳᠠ ᠳᠤ ᠬᠤᠳᠠᠯ ᠬᠠᠭᠤᠷᠮᠠᠭ ᠪᠠᠶᠢᠭ᠎ᠠ ᠠᠰᠠᠭᠤᠳᠠᠯ ᠢ ᠡᠷᠡᠰ ᠵᠠᠯᠠᠷᠠᠭᠤᠯᠪᠠ᠃ ᠡᠳ᠋ ᠤᠨ ᠵᠠᠰᠠᠭ ᠤᠨ ᠣᠷᠣᠯᠭ᠎ᠠ ᠶᠢᠨ ᠶᠠᠰᠣ ᠴᠢᠨᠠᠷ ᠢᠯᠡᠳᠳᠡ ᠳᠡᠬᠡᠭᠰᠢᠯᠡᠵᠦ᠂ ᠭᠠᠶᠢᠯᠢ ᠳᠠᠲᠠᠪᠤᠷᠢ ᠶᠢᠨ ᠣᠷᠣᠯᠭ᠎ᠠ ᠶᠢᠨ ᠡᠵᠡᠯᠡᠬᠦ ᠬᠤᠪᠢ ᠶᠢᠨ ᠵᠢᠩ ᠪᠦᠭᠦ ᠤᠯᠤᠰ ᠤᠨ ᠲᠡᠷᠢᠬᠦᠨ ᠡᠩᠨᠡᠬᠡᠨ ᠳᠤ ᠵᠢᠨᠨᠰᠠᠭᠠᠨᠨᠳᠠᠪᠠ᠃ ᠭᠦᠮᠦᠨ ᠲᠤᠮᠳᠠᠴᠢ ᠶᠢᠨ ᠦᠢᠯᠡᠳᠪᠦᠷᠢᠯᠡᠯ ᠤᠨ ᠶᠡᠷᠦᠩᠬᠡᠢ ᠥᠷᠳᠡᠭ 1 ᠲᠦᠮᠡᠨ ᠳ᠋ᠣᠯᠯᠠᠷ ᠢ ᠳᠠᠪᠠᠵᠤ᠂ ᠪᠠᠶᠢᠩᠭᠤ ᠰᠠᠭᠤᠭ᠎ᠠ ᠭᠦᠮᠦᠨ ᠠᠮᠠ ᠶᠢᠨ ᠬᠤᠳᠠ ᠪᠠᠯᠭᠠᠰᠤᠵᠢᠯᠳᠠ ᠶᠢᠨ ᠨᠤᠷᠮ᠎ᠠ 64.1% ᠳᠤ ᠬᠦᠷᠪᠡ᠃ ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠢ 4125 ᠲᠦᠮᠡᠨ ᠮᠦ ᠲᠠᠷᠢᠵᠦ᠂ ᠬᠤᠵᠢᠷᠰᠢᠬᠰᠠᠨ ᠲᠠᠷᠢᠶᠠᠯᠠᠬᠤ ᠭᠠᠵᠠᠷ ᠢ 157.2 ᠲᠦᠮᠡᠨ ᠮᠦ ᠰᠠᠶᠢᠵᠢᠷᠠᠭᠤᠯᠤᠨ᠂ ᠲᠠᠷᠢᠶᠠᠯᠠᠩ ᠮᠠᠯ ᠠᠵᠦ ᠠᠬᠤᠢ ᠶᠢᠨ ᠮᠢᠩᠭᠠᠨ ᠳ᠋ᠦᠩᠰᠢᠭᠤᠷ ᠳᠡᠰ ᠤᠨ ᠭᠤᠤᠯᠯᠠᠬᠤ ᠠᠵᠦ ᠦᠢᠯᠡᠰ ᠢ 2᠂ ᠵᠠᠭᠤᠨ ᠳ᠋ᠦᠩᠰᠢᠭᠤᠷ ᠳᠡᠰ ᠤᠨ ᠭᠤᠣᠯᠯᠠᠬᠤ ᠠᠵᠤ ᠦᠢᠯᠡᠰ ᠢ 9 ᠪᠤᠢ ᠪᠤᠯᠭᠠᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠦᠢᠯᠡᠳᠪᠦᠷᠢᠯᠡᠬᠦ ᠴᠢᠳᠠᠮᠵᠢ ᠶᠢ ᠦᠭᠡᠶᠢᠰᠬᠡᠬᠦ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠴᠠᠬᠢᠯᠭᠠᠨ ᠬᠦᠴᠦᠨ ᠤ ᠮᠠᠰᠢᠨ ᠴᠤᠬᠴᠠᠯᠠᠪᠦᠷᠢ 4000 ᠲᠦᠮᠡᠨ ᠺᠢᠯᠤᠸᠠᠲ ᠰᠢᠨ᠎ᠡ ᠪᠠᠷ ᠨᠡᠮᠡᠭᠳᠡᠵᠦ᠂ ᠶᠡᠷᠦᠩᠬᠡᠢ ᠮᠠᠰᠢᠨ ᠴᠤᠬᠴᠠᠯᠠᠪᠦᠷᠢ 1.46 ᠳ᠋ᠦᠡᠭᠰᠢᠭᠤᠷ ᠺᠢᠯᠤᠸᠠᠲ ᠲᠤ ᠬᠦᠷᠪᠡ᠂ ᠡᠭᠦᠨ ᠳᠤ ᠰᠢᠨ᠎ᠡ ᠡᠨᠧᠷᠭᠢ ᠭᠤᠷᠪᠠᠨ ᠤ ᠨᠢᠭᠡ ᠠᠴᠠ ᠳᠡᠭᠡᠭᠰᠢᠬᠢ ᠶᠢ ᠡᠵᠡᠯᠡᠪᠠ᠃ ᠵᠢᠭᠤᠯᠴᠢᠳ ᠤᠨ ᠲᠤᠭ᠎ᠠ ᠪᠠ ᠵᠢᠭᠤᠯᠴᠢᠯᠠᠯ ᠤᠨ ᠦᠢᠯᠡᠰ ᠤᠨ ᠤᠷᠤᠯᠭ᠎ᠠ ᠵᠢᠯ ᠪᠦᠷᠢ ᠳᠤᠮᠳᠠᠴᠢ ᠪᠠᠷ 13.9% ᠪᠠ 18.9% ᠨᠡᠮᠡᠭᠳᠡᠪᠡ᠃ ᠲᠤᠭᠠᠵᠢᠭᠤᠯᠤᠬᠰᠠᠨ ᠠᠵᠦ ᠠᠬᠤᠢ᠂ ᠴᠤᠬᠯᠠᠭᠠᠨ ᠦᠵᠡᠭᠦᠯᠭᠡ ᠶᠢᠨ ᠠᠵᠦ ᠠᠬᠤᠢ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠤᠳᠤ ᠦᠶ᠎ᠡ ᠶᠢᠨ ᠮᠦᠡᠭᠭᠦᠨ ᠭᠦᠢᠯᠭᠡᠭᠡᠨ ᠢ ᠲᠦᠷᠭᠡᠳᠭᠡᠨ ᠬᠦᠭᠵᠢᠭᠦᠯᠪᠡ᠃ ᠳᠤᠮᠳᠠᠳᠦ ᠮᠤᠩᠭᠤᠯ ᠤᠨ ᠦᠵᠡᠰᠭᠦᠯᠡᠩ᠂ ᠦᠪᠦᠷ ᠮᠤᠩᠭᠤᠯ ᠤᠨ ᠬᠤᠳᠠᠯᠳᠤᠭᠠᠴᠢᠳ ᠤᠨ ᠶᠡᠭᠡ ᠬᠤᠷᠠᠯ ᠢ ᠬᠤᠷᠠᠯᠳᠤᠭᠤᠯᠵᠦ᠂ ᠦᠪᠦᠷ ᠮᠤᠩᠭᠤᠯ ᠤᠨ ᠤᠯᠠᠨ ᠤᠯᠤᠰ ᠤᠨ ᠡᠨᠧᠷᠭᠢ ᠶᠢᠨ ᠶᠡᠭᠡ ᠬᠤᠷᠠᠯ᠂ ᠷᠠᠰᠢᠶᠠᠨ ᠤ ᠶᠠᠷᠢᠶᠠᠨ ᠤ ᠲᠠᠪᠴᠠᠩ ᠢ ᠬᠤᠶᠠᠷ ᠬᠤᠭᠤᠴᠠᠭ᠎ᠠ ᠡᠷᠬᠢᠯᠡᠬᠦ ᠶᠢ ᠳᠡᠮᠵᠢᠪᠡ᠃ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠲᠡᠤᠬᠡᠳᠦ ᠴᠢᠨᠠᠷᠳᠠᠢ ᠠᠮᠵᠢᠯᠳᠠ ᠪᠦᠳᠦᠮᠵᠢ ᠣᠯᠪᠠ᠂ ᠶᠠᠳᠠᠭᠤ ᠭᠦᠴᠢᠷᠳᠡᠯᠳᠡᠢ 80.2 ᠲᠦᠮᠡᠨ ᠭᠦᠮᠦᠨ ᠠᠮᠠ ᠶᠠᠳᠠᠭᠤ ᠠᠴᠠ ᠠᠩᠬᠢᠵᠢᠷᠠᠵᠦ᠂ ᠶᠠᠳᠠᠭᠤ ᠭᠦᠴᠢᠷᠳᠡᠯᠳᠡᠢ 57 ᠬᠤᠰᠢᠭᠤ ᠰᠢᠶᠠᠨ᠂ ᠶᠠᠳᠠᠭᠤ ᠭᠦᠴᠢᠷᠳᠡᠯᠳᠡᠢ 3681 ᠭᠠᠴᠠᠭ᠎ᠠ ᠲᠤᠰᠬᠤᠨ ᠪᠦᠭᠦᠨ ᠢᠶᠠᠷ ᠢᠶᠠᠨ ᠶᠠᠳᠠᠭᠤ ᠶᠢᠨ ᠵᠢᠨᠨᠰᠠᠭᠠᠯᠳᠠ ᠠᠴᠠ ᠭᠠᠷᠪᠠ᠃ ᠶᠠᠳᠠᠭᠤ ᠬᠦᠴᠢᠷᠳᠡᠯᠲᠡᠢ 12.49 ᠲᠦᠮᠡᠨ ᠬᠦᠮᠦᠨ ᠠᠮᠠ ᠶᠢ ᠤᠨᠳᠤᠤ ᠭᠠᠵᠠᠷ ᠲᠤ ᠨᠡᠭᠦᠯᠭᠡᠬᠦ ᠡᠭᠦᠷᠭᠡ ᠶᠢ ᠪᠡᠶᠡᠯᠡᠭᠦᠯᠵᠦ᠂ ᠲᠦᠪᠬᠢᠨᠡᠭᠦᠯᠬᠦ ᠣᠷᠣᠨ ᠰᠠᠭᠤᠴᠠ ᠶᠢ 5.33 ᠲᠦᠮᠡᠨ ᠢᠵᠢ ᠪᠠᠶᠢᠭᠤᠯᠪᠠ᠃ ᠬᠦᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠢ ᠪᠦᠬᠦ ᠬᠦᠮᠦᠨ ᠠᠮᠠ ᠳᠤ ᠠᠵᠤ ᠦᠢᠯᠡᠰ ᠢᠶᠠᠷ ᠶᠠᠳᠠᠭᠤ ᠶᠢ ᠲᠡᠳᠭᠦᠬᠦ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠢ 40.3 ᠲᠦᠮᠡᠨ ᠬᠦᠮᠦᠨ ᠠᠮᠠ ᠶᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠤᠭᠤᠯᠪᠠ᠃ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠬᠦᠮᠦᠨ ᠳᠤᠮᠳᠠᠴᠢ ᠶᠢᠨ ᠣᠷᠤᠯᠭ᠎ᠠ 2015 ᠣᠨ ᠳᠤ 3019 ᠲᠦᠭᠦᠷᠢᠭ ᠪᠠᠶᠢᠭᠰᠠᠨ ᠠᠴᠠ ᠪᠠᠨ 2020 ᠣᠨ ᠳᠤ ᠪᠤᠯᠬᠤ ᠳᠤ ᠨᠡᠮᠡᠭᠳᠡᠭᠡᠳ 13159 ᠲᠦᠭᠦᠷᠢᠭ ᠪᠣᠯᠵᠦ᠂ ᠵᠢᠯ ᠪᠦᠷᠢ ᠳᠤᠮᠳᠠᠴᠢ ᠪᠠᠷ 34.2% ᠨᠡᠮᠡᠭᠳᠡᠪᠡ᠃ ᠠᠮᠢ ᠠᠬᠤᠢ ᠣᠷᠴᠢᠨ ᠲᠤᠭᠤᠷᠢᠨ ᠢ ᠬᠠᠮᠠᠭᠠᠯᠠᠬᠤ ᠪᠦᠳᠦᠬᠡᠨ ᠪᠠᠶᠢᠭᠤᠯᠤᠯᠳᠠ ᠮᠡᠳᠡᠭᠳᠡᠮ᠎ᠡ ᠦᠷ᠎ᠡ ᠠᠰᠢᠭ ᠣᠯᠪᠠ᠂ ᠤᠢ ᠰᠢᠭᠤᠢ ᠶᠢᠨ ᠪᠦᠳᠦᠬᠡᠨ ᠪᠠᠶᠢᠭᠤᠯᠤᠯᠳᠠ᠂ ᠨᠣᠳᠤᠭ ᠪᠡᠯᠴᠢᠬᠡᠷ ᠤᠨ ᠪᠦᠳᠦᠬᠡᠨ ᠪᠠᠶᠢᠭᠤᠯᠣᠯᠳᠠ ᠪᠠ ᠡᠯᠡᠰᠦᠷᠬᠡᠭᠵᠢᠭᠰᠡᠨ ᠭᠦᠷᠦᠰᠦ ᠰᠢᠷᠦᠢ ᠶᠢ ᠵᠠᠰᠬᠠᠰᠠᠨ ᠲᠠᠯᠠᠪᠠᠢ ᠴᠦᠮ ᠪᠦᠭᠦ ᠤᠯᠤᠰ ᠤᠨ ᠲᠡᠷᠢᠬᠦᠨ ᠳᠤ ᠣᠷᠤᠪᠠ᠂ ᠣᠢ ᠰᠢᠭᠤᠢ ᠶᠢᠨ ᠬᠤᠴᠢᠯᠭ᠎ᠠ ᠶᠢᠨ ᠨᠤᠷᠮ᠎ᠠ ᠪᠠ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢᠨ ᠬᠡᠮᠵᠢᠶ᠎ᠡ ︽ᠬᠤᠣᠰ ᠢᠶᠠᠷ ᠳᠡᠭᠡᠭᠰᠢᠯᠡᠵᠦ︾᠂ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠨᠤᠲᠤᠭ ᠤᠨ ᠲᠠᠯᠠᠪᠠᠢ ︽ᠬᠤᠣᠰ ᠢᠶᠠᠷ ᠪᠠᠭᠠᠰᠬᠤ︾ ᠶᠢ ᠪᠡᠶᠡᠯᠡᠭᠦᠯᠪᠡ᠃ ᠬᠥᠪᠴᠢ ᠶᠢᠨ ᠡᠯᠡᠰᠦᠨ ᠤ ᠵᠠᠰᠠᠯᠲᠠ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠣᠷᠴᠢᠨ ᠲᠣᠭᠤᠷᠢᠨ ᠤ ᠱᠠᠩᠨᠠᠯ ᠢ ᠣᠯᠪᠠ᠂ ︽ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ︾ ᠶᠢᠨ ᠠᠷᠪᠠᠨ ᠭᠤᠷᠪᠠᠳᠤᠭᠠᠷ ᠤᠳᠠᠭᠠᠨ ᠤ ᠭᠡᠷ᠎ᠡ ᠪᠠᠶᠢᠭᠤᠯᠤᠭᠴᠢᠳ ᠤᠨ ᠬᠤᠷᠠᠯ ᠢ ᠮᠠᠨ ᠤ ᠣᠷᠣᠨ ᠳᠤ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠠᠴᠠ ᠵᠠᠬᠢᠳᠠᠯ ᠢᠷᠡᠭᠦᠯᠵᠦ ᠪᠠᠶᠠᠷ ᠬᠦᠷᠭᠡᠪᠡ᠃ ᠨᠢᠭᠡ ᠪᠦᠯᠦᠭ ᠪᠣᠬᠢᠷᠳᠤᠯ ᠦᠭᠡᠢ ᠠᠭᠤᠷᠬᠠᠢ᠂ ᠪᠤᠬᠢᠷᠳᠤᠯ ᠦᠭᠡᠢ ᠬᠦᠷᠢᠶᠡᠯᠡᠩ ᠲᠣᠭᠤᠷᠢᠭ᠂ ᠪᠤᠬᠢᠷᠳᠤᠯ ᠦᠭᠡᠢ ᠦᠢᠯᠡᠳᠪᠦᠷᠢ ᠶᠢ ᠪᠠᠶᠢᠭᠤᠯᠪᠠ᠃ ᠣᠢ ᠰᠢᠭᠤᠢ ᠶᠢᠨ ᠴᠡᠴᠡᠷᠯᠢᠭ᠂ ᠨᠤᠭᠤ ᠭᠠᠵᠠᠷ ᠤᠨ ᠴᠡᠴᠡᠷᠯᠢᠭ᠂ ᠭᠠᠵᠠᠷ ᠰᠢᠨᠵᠢᠯᠡᠭᠡᠨ ᠤ ᠴᠡᠴᠡᠷᠯᠢᠭ ᠵᠡᠷᠭᠡ 372 ᠪᠣᠯᠪᠠ᠃ 2019 ᠤᠨ ᠳᠤ ᠪᠦᠭᠦ ᠤᠷᠤᠨ ᠤ ᠠᠮᠢ ᠠᠬᠤᠢ ᠶᠢᠨ ᠦᠢᠯᠡᠳᠬᠦᠨ ᠤ ᠥᠷᠳᠡᠭ ︵GEP︶ 4.48 ᠲᠦᠮᠡᠨ ᠳ᠋ᠦᠩᠰᠢᠭᠤᠷ ᠲᠦᠭᠦᠷᠢᠭ ᠲᠤ ᠭᠦᠷᠴᠤ᠂ ᠠᠳᠠᠯᠢ ᠬᠤᠭᠤᠴᠠᠭᠠᠨ ᠤ GDP ᠶᠢᠨ 2.6 ᠲᠠᠬᠢᠨ ᠪᠣᠯᠣᠭᠠᠳ 2015 ᠤᠨ ᠤ ᠬᠢ ᠲᠠᠢ ᠬᠠᠷᠢᠴᠠᠭᠤᠯᠬᠤ ᠳᠤ 13.8% ᠨᠡᠮᠡᠭᠳᠡᠪᠡ᠃ ᠰᠠᠭᠤᠷᠢ ᠪᠡᠯᠡᠳᠬᠡᠮᠵᠢ ᠶᠢᠨ ᠪᠠᠳᠤᠯᠠᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠂ ᠲᠡᠬᠡᠳᠦ ᠬᠤᠷᠳᠤ ᠶᠢᠨ ᠲᠡᠮᠦᠷ ᠵᠠᠮ ᠢ 404 ᠺᠢᠯᠤᠮᠧᠲᠷ ᠲᠡᠪᠢᠰᠴᠤ᠂ ᠪᠦᠭᠦ ᠤᠯᠤᠰ ᠤᠨ ᠳᠡᠭᠡᠳᠦ ᠬᠤᠷᠳᠤ ᠶᠢᠨ ᠲᠡᠮᠦᠷ ᠵᠠᠮ ᠤᠨ ᠰᠦᠯᠵᠢᠶ᠎ᠡ ᠳᠤ ᠵᠠᠯᠭᠠᠭᠤᠯᠤᠨ ᠤᠷᠤᠭᠤᠯᠪᠠ᠃ ᠪᠦᠭᠦ ᠤᠷᠤᠨ ᠤ ᠬᠤᠰᠢᠭᠤ ᠰᠢᠶᠠᠨ ︵ᠬᠤᠳᠠ᠂ ᠲᠤᠭᠤᠷᠢᠭ︶ ᠪᠦᠭᠦᠨ ᠳᠤ ᠲᠡᠬᠡᠳᠦ ᠲᠡᠰ ᠤᠨ ᠵᠠᠰᠠᠮᠠᠯ ᠵᠠᠮ ᠢ ᠨᠡᠪᠳᠡᠷᠡᠬᠦᠯᠵᠦ᠂ ᠰᠤᠮᠤ ᠰᠢᠶᠠᠩ ᠪᠠᠯᠭᠠᠰᠤ ᠪᠠ ᠨᠦᠭᠦᠴᠡᠯ ᠪᠦᠷᠢᠯᠳᠦᠭᠰᠡᠨ ᠵᠠᠰᠠᠬ ᠵᠠᠬᠢᠷᠭᠠᠨ ᠤ ᠭᠠᠴᠠᠭ᠎ᠠ ᠲᠤᠰᠬᠤᠨ ᠪᠦᠭᠦᠨ ᠳᠤ ᠳᠡᠪᠢᠰᠴᠦ ᠬᠠᠳᠠᠭᠤᠷᠠᠭᠤᠯᠤᠨᠨᠰᠠᠨ ᠵᠠᠮ ᠢ ᠨᠡᠪᠲᠡᠷᠡᠭᠦᠯᠪᠡ᠃ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠢ 15 ᠰᠢᠨ᠎ᠡ ᠪᠠᠷ ᠪᠠᠶᠢᠭᠤᠯᠵᠦ᠂ ᠠᠷᠠᠳ ᠤᠨ ᠬᠡᠷᠡᠭᠯᠡᠬᠡᠨ ᠤ ᠨᠢᠰᠬᠡᠯ ᠤᠨ ᠪᠠᠭᠤᠳᠠᠯ 40 ᠪᠣᠯᠪᠠ᠃ ᠲᠡᠭᠷᠢᠯᠢᠭ ᠠᠭᠠᠷ ᠠᠶᠠᠯᠠᠯ ᠤᠨ ᠺᠤᠮᠫᠠᠨᠢ ᠶᠢ ᠪᠠᠶᠢᠭᠤᠯᠵᠤ᠂ ᠵᠠᠯᠠᠨ ᠠᠶᠢᠯ᠂ ᠤᠯᠠᠭᠠᠨᠬᠤᠲᠠ᠂ ᠣᠷᠳᠤᠰ ᠤᠨ ᠠᠭᠠᠷ ᠠᠶᠠᠯᠠᠯ ᠤᠨ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠪᠠ᠃ ᠬᠠᠳᠤᠨ ᠭᠤᠤᠯ ᠤᠨ ᠦᠶᠡᠷ ᠢ ᠰᠡᠷᠬᠡᠶᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠵᠢᠴᠢ ᠯᠢᠶᠤᠤ ᠾᠧ᠂ ᠨᠤᠨ ᠮᠦᠷᠡᠨ ᠤ ᠭᠤᠣᠯ ᠣᠷᠤᠰᠬᠠᠯ ᠤᠨ ᠵᠠᠰᠠᠯᠲᠠ ᠶᠢᠨ ᠢᠨᠵᠧᠨᠧᠷᠢᠩ ᠢ ᠪᠠᠶᠢᠭᠤᠯᠪᠠ᠃ ᠣᠨᠴᠠ ᠦᠨᠳᠦᠷ ᠭᠦᠴᠦᠳᠡᠯᠳᠦ ᠴᠠᠬᠢᠯᠭᠠᠨ ᠭᠦᠴᠦᠨ ᠢ ᠭᠠᠳ᠋ᠬᠠᠰᠢ ᠳᠠᠮᠵᠢᠭᠤᠯᠬᠤ ᠳᠤ ᠰᠠᠭᠠᠳ ᠦᠭᠡᠢ ᠨᠡᠪᠲᠡᠷᠡᠬᠦ ᠱᠤᠭᠤᠮ ᠢ ᠰᠢᠨ᠎ᠡ ᠪᠠᠷ 5 ᠪᠠᠶᠢᠭᠤᠯᠵᠦ᠂ ᠴᠠᠬᠢᠯᠭᠠᠨ ᠭᠠᠷᠭᠠᠬᠤ ᠬᠡᠮᠵᠢᠶ᠎ᠡ ᠪᠠ ᠭᠠᠳ᠋ᠬᠠᠰᠢ ᠳᠠᠮᠵᠢᠭᠤᠯᠬᠤ ᠴᠠᠬᠢᠯᠭᠠᠨ ᠤ ᠬᠡᠮᠵᠢᠶ᠎ᠡ ᠪᠦᠭᠦ ᠤᠯᠤᠰ ᠤᠨ ᠲᠡᠷᠢᠬᠦᠨ ᠳᠤ ᠣᠷᠣᠪᠠ᠃ ᠠᠷᠠᠳ ᠤᠨ ᠠᠮᠢᠳᠤᠷᠠᠯ ᠤᠨ ᠲᠦᠪᠰᠢᠨ ᠲᠠᠰᠤᠷᠠᠯᠳᠠ ᠦᠬᠡᠢ ᠲᠡᠭᠡᠭᠰᠢᠯᠡᠪᠡ᠂ ᠠᠷᠠᠳ ᠤᠨ ᠠᠮᠢᠳᠤᠷᠠᠯ ᠳᠠᠬᠢ ᠤᠷᠤᠭᠤᠯᠤᠯᠲᠠ ᠦᠷᠭᠦᠯᠵᠢᠯᠡᠨ ᠨᠡᠮᠡᠭᠳᠡᠵᠦ᠂ ᠬᠤᠲᠠ ᠪᠠᠯᠭᠠᠰᠤᠨ ᠤ ᠠᠵᠢᠯ ᠣᠯᠭᠤᠯᠲᠠ ᠲᠣᠭᠲᠠᠭᠤᠨ ᠢᠶᠠᠷ ᠨᠡᠮᠡᠭᠳᠡᠨ᠂ ᠪᠦᠭᠦ ᠰᠠᠭᠤᠭᠠᠯᠢ ᠠᠷᠠᠳ ᠤᠨ ᠭᠦᠮᠦᠨ ᠲᠤᠮᠳᠠᠴᠢ ᠶᠢᠨ ᠡᠵᠡᠮᠳᠡᠨ ᠭᠡᠷᠡᠭᠯᠡᠵᠦ ᠪᠣᠯᠬᠤ ᠣᠷᠣᠯᠭ᠎ᠠ ᠦᠷᠭᠦᠯᠵᠢᠯᠡᠨ ᠳᠡᠭᠡᠭᠰᠢᠯᠡᠪᠡ᠃ ᠬᠤᠳᠠ ᠭᠦᠳᠡᠭᠡ ᠶᠢ ᠬᠠᠮᠤᠷᠤᠨᠨᠰᠠᠨ ᠨᠡᠶᠢᠬᠡᠮ ᠤᠨ ᠪᠠᠳᠤᠯᠠᠭ᠎ᠠ ᠶᠢᠨ ᠰᠢᠰᠲ᠋ᠧᠮᠵᠢ ᠦᠨᠳᠦᠰᠦᠨ ᠳᠡᠭᠡᠨ ᠪᠠᠶᠢᠭᠤᠯᠤᠬᠳᠠᠵᠦ᠂ ᠤᠯᠠᠨ ᠨᠡᠶᠢᠳᠡ ᠶᠢᠨ ᠦᠢᠯᠡᠴᠢᠯᠡᠬᠡᠨ ᠤ ᠰᠢᠰᠲ᠋ᠧᠮ ᠢ ᠲᠠᠰᠤᠷᠠᠯᠳᠠ ᠦᠬᠡᠢ ᠲᠡᠭᠦᠯᠳᠡᠷᠵᠢᠬᠦᠯᠪᠡ᠃ ᠰᠤᠷᠭᠠᠨ ᠬᠦᠮᠦᠵᠢᠯ ᠤᠨ ᠲᠦᠭᠡᠮᠡᠯᠵᠢᠭᠰᠡᠨ ᠬᠢᠷᠢ ᠲᠦᠪᠰᠢᠨ ᠪᠦᠬᠦ ᠲᠠᠯ᠎ᠠ ᠪᠠᠷ ᠳᠡᠭᠡᠭᠰᠢᠯᠡᠵᠦ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠳᠠᠬᠢ ᠰᠤᠷᠭᠠᠭᠤᠯᠢ ᠶᠢᠨ ︽ᠲᠤᠮᠤ ᠬᠠᠨᠵᠤ︾᠂ ᠰᠤᠷᠭᠠᠭᠤᠯᠢ ᠶᠢᠨ ᠪᠠᠶᠢᠷᠢ ᠶᠢᠨ ᠠᠷᠢᠭᠤᠨ ᠴᠡᠪᠡᠷ ᠪᠠ ᠰᠦᠷᠴᠢᠮᠡᠯ ᠤᠬᠢᠶᠠᠯᠭ᠎ᠠ ᠲᠠᠢ ᠪᠡᠯᠡᠳᠭᠡᠮᠵᠢ᠂ ᠬᠤᠭᠤᠯᠠᠨ ᠭᠡᠷ ᠤᠨ ᠰᠢᠪᠠᠷ ᠵᠣᠤᠬ᠎ᠠ᠂ ᠵᠣᠤᠬ᠎ᠠ ᠪᠠᠷ ᠳᠤᠯᠠᠭᠠᠯᠠᠬᠤ ᠵᠡᠷᠭᠡ ᠳᠣᠪᠤᠶᠢᠮ᠎ᠠ ᠠᠰᠠᠭᠤᠳᠠᠯ ᠢ ᠦᠨᠳᠦᠰᠦᠨ ᠳᠤ ᠪᠠᠨ ᠰᠢᠢᠳᠪᠦᠷᠢᠯᠡᠪᠡ᠃ ᠪᠦᠬᠦ ᠣᠷᠣᠨ ᠳᠤ ᠳ᠋ᠣᠺᠲ᠋ᠣᠷ ᠴᠤᠯᠠ ᠣᠯᠭᠤᠬᠤ ᠴᠡᠭ 32 ᠪᠠᠶᠢᠭᠰᠠᠨ ᠠᠴᠠ ᠪᠠᠨ 42 ᠪᠣᠯᠵᠤ ᠨᠡᠮᠡᠭᠳᠡᠪᠡ᠃ ᠬᠤᠰᠢᠭᠤ ᠰᠢᠶᠠᠨ ᠤ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠦᠬᠦᠨ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠪᠠᠷᠢᠮᠵᠢᠶ᠎ᠠ ᠳᠤ ᠬᠦᠷᠪᠡ᠃ ᠮᠢᠩᠭᠠᠨ ᠬᠦᠮᠦᠨ ᠪᠣᠯᠭᠠᠨ ᠳᠤ ᠨᠤᠭᠲᠠᠬᠤ ᠡᠪᠡᠳᠴᠢᠲᠡᠨ ᠤ ᠣᠷᠤ᠂ ᠠᠵᠢᠯ ᠡᠷᠬᠢᠯᠡᠬᠦ ᠡᠮᠴᠢ ᠶᠢᠨ ᠲᠤᠭ᠎ᠠ ᠶᠢ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠠᠪᠠᠭᠤᠯᠪᠠ᠃ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭᠠᠨ ᠢᠶᠠᠷ ᠬᠠᠷᠠᠭ᠎ᠠ ᠣᠷᠤᠭᠤᠯᠬᠤ ᠮᠡᠰᠡ ᠵᠠᠰᠠᠯ ᠬᠢᠯᠭᠡᠭᠰᠡᠨ ᠡᠪᠡᠳᠴᠢᠲᠡᠨ ᠨᠡᠶᠢᠲᠡ 3 ᠲᠦᠮᠡ ᠶᠢ ᠳᠠᠪᠠᠵᠦ᠂ ᠳᠤᠮᠳᠠᠳᠤ ᠶᠢᠨ ᠨᠢᠭᠦᠯᠡᠰᠦᠩᠭᠦᠢ ᠶᠢᠨ ᠱᠠᠩᠨᠠᠯ᠂ ᠠᠽᠢᠶ᠎ᠠ ᠲᠢᠪ ᠤᠨ ᠬᠠᠷᠠᠭ᠎ᠠ ᠠᠯᠳᠠᠬᠤ ᠶᠢ ᠰᠡᠷᠭᠡᠶᠢᠯᠡᠬᠦ ᠰᠠᠭᠤᠷᠢ ᠮᠦᠩᠭᠦᠨ ᠤ ᠨᠡᠶᠢᠭᠡᠮᠯᠢᠭ ᠤᠨ ᠣᠯᠭᠤᠬᠰᠠᠨ ᠴᠤᠷ ᠤᠨ ᠭᠠᠭᠴᠠ ᠣᠨᠴᠠᠭᠠᠢ ᠬᠤᠪᠢ ᠨᠡᠮᠡᠷᠢ ᠶᠢᠨ ᠱᠠᠩᠨᠠᠯ ᠢ ᠬᠦᠷᠲᠡᠪᠡ᠃ 66.6 ᠲᠦᠮᠡᠨ ᠬᠡᠦᠬᠡᠳ ᠵᠠᠯᠠᠭᠤᠴᠤᠳ ᠪᠠᠭᠠᠴᠤᠳ ᠤᠨ ᠤᠢᠢᠷ᠎ᠡ ᠬᠠᠷᠠᠭ᠎ᠠ ᠶᠢ ᠨᠢ ᠪᠠᠶᠢᠴᠠᠭᠠᠨ ᠰᠢᠯᠭᠠᠵᠦ᠂ ᠶᠠᠳᠠᠭᠤ ᠬᠦᠴᠢᠷᠳᠡᠯᠲᠠᠢ ᠭᠡᠷ ᠪᠦᠯᠢ ᠶᠢᠨ ᠤᠢᠢᠷ᠎ᠠ ᠬᠠᠷᠠᠭ᠎ᠠ ᠲᠠᠢ 3903 ᠵᠠᠯᠠᠭᠤᠴᠤᠳ ᠪᠠᠭᠠᠴᠤᠳ ᠲᠤ ᠤᠢᠢᠷ᠎ᠠ ᠬᠠᠷᠠᠭᠠᠨ ᠤ ᠨᠢᠳᠦᠨ ᠰᠢᠯ ᠲᠠᠭᠠᠷᠠᠭᠤᠯᠤᠨ ᠦᠭᠴᠦ᠂ ᠬᠢᠯᠠᠷ ᠬᠠᠷᠠᠭ᠎ᠠ ᠲᠠᠢ 522 ᠵᠠᠯᠠᠭᠤᠴᠤᠳ ᠪᠠᠭᠠᠴᠤᠳ ᠲᠤ ᠬᠠᠷᠠᠭ᠎ᠠ ᠶᠢ ᠨᠢ ᠲᠡᠭᠰᠢᠷᠡᠭᠦᠯᠬᠦ ᠮᠡᠰᠡ ᠵᠠᠰᠠᠯ ᠬᠢᠪᠡ᠃ ᠪᠦᠵᠢᠭᠲᠦ ᠵᠦᠴᠦᠭᠡ ︽ᠲᠠᠯ᠎ᠠ ᠨᠤᠲᠤᠬ ᠤᠨ ᠪᠢᠴᠢᠬᠠᠨ ᠡᠭᠡᠴᠢ ᠦᠬᠢᠨ ᠳᠡᠭᠦᠦ︾ ᠠᠷᠪᠠᠨ ᠵᠢᠷᠭᠤᠳᠤᠭᠠᠷ ᠬᠤᠭᠤᠴᠠᠭᠠᠨ ᠤ ᠸᠧᠨ ᠬᠤᠸᠠ ᠲᠤᠮᠤ ᠱᠠᠩᠨᠠᠯ ᠢ ᠭᠠᠷᠳᠠᠵᠦ᠂ ︽ᠮᠤᠷᠢᠲᠦ ᠴᠡᠷᠢᠭ︾ ᠳᠤᠮᠳᠠᠳᠦ ᠤᠯᠤᠰ ᠤᠨ ᠪᠦᠵᠢᠭ ᠤᠨ ︽ᠯᠢᠩᠬᠸ᠎ᠠ ᠱᠠᠩᠨᠠᠯ︾ ᠢ ᠬᠦᠷᠲᠡᠪᠡ᠃ ᠮᠡᠳᠡᠭᠡᠯᠡᠯ ᠤᠨ ᠤᠷᠠᠨ ᠵᠤᠬᠢᠶᠠᠯ ︽ᠮᠤᠤᠡᠤᠰᠦ ᠶᠢᠨ ᠨᠤᠭᠤᠭᠠᠨ ᠲᠤᠤᠯᠢᠰ︾ ᠵᠢᠷᠭᠤᠳᠤᠭᠠᠷ ᠬᠤᠭᠤᠴᠠᠭᠠᠨ ᠤ ᠯᠦ ᠰᠢᠶᠦ᠋ᠨ ᠤᠳᠬ᠎ᠠ ᠵᠤᠬᠢᠶᠠᠯ ᠤᠨ ᠱᠠᠩᠨᠠᠯ ᠢ ᠬᠦᠷᠲᠡᠪᠡ᠃ ᠤᠰᠤᠨ ᠪᠤᠳᠤᠬ ᠤᠨ ᠵᠢᠷᠤᠬ ︽ᠠᠯᠤᠰ ᠲᠤ︾ ᠭᠤᠷᠪᠠᠳᠤᠭᠠᠷ ᠬᠤᠭᠤᠴᠠᠭᠠᠨ ᠤ ᠳᠤᠮᠳᠠᠳᠦ ᠤᠯᠤᠰ ᠤᠨ ᠤᠷᠠᠨ ᠵᠢᠷᠤᠬ ᠤᠨ ᠠᠯᠲᠠᠨ ᠱᠠᠩᠨᠠᠯ ᠢ ᠬᠦᠷᠲᠡᠪᠡ᠃ ᠦᠶᠤᠸᠠᠨ ᠳᠤ ᠶᠠᠫᠤᠨ ᠢ ᠡᠰᠡᠷᠭᠦᠴᠡᠭᠰᠡᠨ ᠳᠠᠶᠢᠨ ᠤ ᠳᠤᠷᠠᠰᠬᠠᠯ ᠤᠨ ᠤᠷᠳᠤᠨ ᠵᠢᠴᠢ ᠪᠤᠷᠤᠪᠠᠯᠭᠠᠰᠤ᠂ ᠲᠤᠭᠤᠷᠢᠮ ᠵᠡᠷᠭᠡ ᠭᠠᠵᠠᠷ ᠲᠤ ᠬᠤᠪᠢᠰᠬᠠᠯᠳᠤ ᠰᠤᠶᠤᠯ ᠤᠨ ᠭᠦᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠦ᠂ ᠤᠯᠠᠭᠠᠨᠮᠦ᠋ᠴᠢᠷ ᠤᠨ ᠤᠷᠳᠤᠨ᠂ ᠦᠪᠦᠷ ᠮᠤᠩᠭᠤᠯ ᠤᠨ ᠪᠠᠶᠢᠭᠠᠯᠢ ᠶᠢᠨ ᠮᠦᠽᠧᠢ᠂ ᠦᠪᠦᠷ ᠮᠤᠩᠭᠤᠯ ᠤᠨ ᠮᠦᠰᠦᠨ ᠳᠡᠭᠡᠷᠡᠬᠢ ᠲᠠᠮᠢᠷ ᠤᠨ ᠬᠦᠳᠡᠯᠭᠡᠭᠡᠨ ᠤ ᠰᠤᠷᠭᠠᠭᠤᠯᠢᠯᠠᠯ ᠤᠨ ᠲᠦᠪ ᠵᠡᠷᠭᠡ ᠨᠢᠭᠡ ᠪᠦᠯᠦᠭ ᠨᠤᠮ ᠤᠨ ᠰᠠᠩ᠂ ᠰᠤᠶᠤᠯ ᠤᠨ ᠣᠷᠳᠣᠨ᠂ ᠮᠦᠽᠧᠢ᠂ ᠪᠡᠶ᠎ᠠ ᠲᠠᠮᠢᠷ ᠤᠨ ᠤᠷᠳᠤᠨ ᠪᠠ ᠦᠨᠳᠦᠰᠦᠨ ᠱᠠᠲᠤᠨ ᠤ ᠰᠤᠶᠤᠯ ᠤᠨ ᠥᠷᠲᠡᠭᠡ ᠶᠢ ᠪᠠᠶᠢᠭᠤᠯᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ ᠨᠡᠶᠢᠭᠡᠮ ᠤᠨ ᠬᠥᠯ ᠪᠦᠮᠪᠦᠭᠡ ᠶᠢᠨ ᠲᠠᠯᠠᠪᠤᠷ ᠢ ᠪᠦᠲᠦᠭᠡᠨ ᠪᠠᠶᠢᠭᠤᠯᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃    ᠤᠯᠠᠨ ᠵᠦᠷᠢᠴᠡᠯ ᠳᠠᠪᠬᠤᠷᠳᠠᠨ ᠲᠤᠯᠭᠠᠷᠠᠵᠦ᠂ ᠲᠥᠭᠰᠢᠭᠦᠷᠢ ᠪᠠ ᠦᠷᠢᠰᠦᠯᠳᠦᠭᠡᠨ ᠢᠯᠡᠷᠬᠡᠢ ᠨᠡᠮᠡᠭᠳᠡᠭᠰᠡᠨ ᠪᠠᠶᠢᠳᠠᠯ ᠳᠣᠣᠷ᠎ᠠ᠂ ᠪᠦᠭᠦ ᠤᠷᠤᠨ ᠤ ᠲᠡᠬᠡᠳᠦ ᠲᠤᠤᠷᠠᠳᠣ ᠱᠠᠳᠤᠨ ᠤ ᠬᠠᠮᠳᠤ ᠶᠢᠨ ᠴᠢᠷᠮᠠᠶᠢᠯᠭ᠎ᠠ ᠪᠠᠷ ᠳᠠᠮᠵᠢᠭᠠᠳ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠳᠤ ᠲᠣᠭᠲᠠᠭᠠᠭᠰᠠᠨ ᠬᠠᠷᠠᠯᠲᠠ ᠡᠭᠦᠷᠬᠡ ᠦᠨᠳᠦᠰᠦᠨ ᠳᠡᠭᠡᠨ ᠪᠡᠶᠡᠯᠡᠭᠳᠡᠵᠦ᠂ ᠴᠢᠨᠡᠭᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠠᠵᠢᠯ ᠰᠢᠢᠳᠪᠦᠷᠢᠯᠡᠭᠴᠢ ᠴᠢᠨᠠᠷᠳᠠᠢ ᠠᠮᠵᠢᠯᠳᠠ ᠣᠯᠣᠭᠠᠳ ᠰᠢᠨ᠎ᠡ ᠭᠦᠭᠵᠢᠯᠳᠡ ᠶᠢᠨ ᠱᠠᠳᠤᠨ ᠤ ᠨᠡᠶᠢᠬᠡᠮ ᠵᠢᠷᠤᠮᠳᠤ ᠤᠳᠤᠬᠢᠴᠢᠯᠠᠯᠳᠠ ᠶᠢᠨ ᠪᠦᠲᠦᠬᠡᠨ ᠪᠠᠶᠢᠭᠤᠯᠤᠯᠳᠠ ᠶᠢ ᠪᠦᠭᠦ ᠲᠠᠯ᠎ᠠ ᠪᠠᠷ ᠠᠬᠢᠭᠤᠯᠬᠤ ᠳᠤ ᠴᠢᠬᠤᠯᠠ ᠰᠠᠭᠤᠷᠢ ᠲᠠᠯᠪᠢᠪᠠ᠃    ᠲᠦᠯᠦᠭᠡᠯᠡᠭᠴᠢᠳ ᠡ᠂ ᠦᠩᠬᠡᠷᠡᠭᠰᠡᠨ ᠲᠠᠪᠤᠨ ᠵᠢᠯ ᠳᠤ ᠣᠯᠣᠭᠰᠠᠨ ᠠᠮᠵᠢᠯᠳᠠ ᠪᠦᠳᠦᠮᠵᠢ ᠬᠢᠯᠪᠡᠷ ᠪᠤᠰᠣ ᠶᠤᠮ᠃ ᠡᠨᠡ ᠪᠤᠯ ᠰᠢ ᠶᠢᠨ ᠫᠢᠩ ᠨᠦᠭᠦᠷ ᠢᠶᠠᠷ ᠭᠤᠤᠯ ᠪᠤᠯᠭᠠᠨᠨᠰᠠᠨ ᠨᠠᠮ ᠤᠨ ᠲᠦᠪ ᠬᠤᠷᠢᠶᠠᠨ ᠤ ᠪᠠᠳᠣ ᠴᠢᠩᠭ᠎ᠠ ᠣᠳᠣᠷᠢᠳᠤᠬᠰᠠᠨ ᠪᠠ ᠲᠤᠳᠤᠨᠤ ᠬᠠᠯᠠᠮᠵᠢᠯᠬᠠᠰᠠᠨ ᠤ ᠦᠷ᠎ᠡ ᠳ᠋ᠦᠩ ᠪᠣᠯᠬᠤ ᠶᠣᠮ᠂ ᠪᠦᠭᠦ ᠤᠷᠤᠨ ᠤ ᠦᠷᠭᠡᠨ ᠤᠯᠠᠨ ᠺᠠᠳ᠋ᠷ ᠤᠯᠠᠨ ᠲᠦᠮᠡᠨ ᠭᠦᠴᠢᠷ ᠪᠡᠷᠬᠡ ᠶᠢ ᠢᠯᠠᠨ ᠲᠠᠪᠠᠵᠦ ᠪᠦᠯᠭᠦᠮᠳᠡᠨ ᠲᠡᠮᠡᠴᠡᠭᠰᠡᠨ ᠤ ᠦᠷ᠎ᠡ ᠳ᠋ᠦᠩ ᠪᠣᠯᠬᠤ ᠶᠤᠮ᠃ ᠪᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠡᠮᠤᠨ᠎ᠡ ᠠᠴᠠ ᠪᠦᠭᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ᠂ ᠦᠪᠡᠷᠳᠡᠬᠡᠨ ᠵᠠᠰᠠᠬᠤ ᠤᠷᠤᠨ ᠤ ᠪᠦᠳᠦᠬᠡᠨ ᠪᠠᠶᠢᠭᠤᠯᠤᠯᠳᠠ ᠪᠠ ᠭᠦᠭᠵᠢᠯᠳᠡ ᠳᠤ ᠬᠤᠪᠢ ᠨᠡᠮᠡᠷᠢ ᠦᠵᠡᠭᠦᠯᠦᠭᠰᠡᠨ ᠪᠦᠭᠦ ᠨᠠᠶᠢᠵᠠ ᠨᠦᠭᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠭᠦᠯᠦᠶ᠎ᠡ︕    ᠠᠮᠵᠢᠯᠳᠠ ᠪᠦᠳᠦᠮᠵᠢ ᠪᠠᠨ ᠨᠣᠳᠠᠯᠠᠬᠤ ᠶᠢᠨ ᠲᠠᠭᠠᠣ᠂ ᠪᠦᠭᠦ ᠣᠷᠣᠨ ᠤ ᠠᠵᠦ ᠠᠬᠤᠢ ᠨᠡᠶᠢᠬᠡᠮ ᠤᠨ ᠭᠦᠭᠵᠢᠯᠳᠡ ᠳᠤ ᠴᠦᠬᠡᠨ ᠪᠣᠰᠣ ᠭᠦᠴᠢᠷᠳᠡᠯ ᠪᠠ ᠠᠰᠠᠭᠤᠳᠠᠯ ᠣᠷᠣᠰᠢᠵᠦ ᠪᠠᠶᠢᠬᠤ ᠶᠢ ᠪᠢᠳᠡ ᠪᠠᠰᠠ ᠰᠡᠷᠬᠡᠭ ᠢᠶᠠᠷ ᠲᠠᠨᠢᠵᠦ ᠣᠯᠪᠠ᠃ ᠬᠢᠵᠢᠭ ᠤᠨ ᠪᠠᠶᠢᠳᠠᠯ ᠤᠨ ᠬᠤᠪᠢᠷᠠᠯᠳᠠ ᠪᠠ ᠭᠠᠳᠠᠷ ᠲᠠᠯ᠎ᠠ ᠶᠢᠨ ᠣᠷᠴᠢᠨ ᠳᠤ ᠨᠡᠯᠢᠶᠡᠳ ᠤᠯᠠᠨ ᠪᠣᠯᠵᠣᠰᠢ ᠦᠬᠡᠢ ᠵᠦᠢᠯ ᠤᠷᠤᠰᠢᠵᠦ᠂ ᠠᠵᠦ ᠠᠬᠤᠢ ᠶᠢᠨ ᠰᠡᠷᠭᠦᠯᠲᠡ ᠶᠢᠨ ᠰᠠᠭᠤᠷᠢ ᠬᠠᠷᠠᠬᠠᠨ ᠬᠡᠪᠡᠷᠡᠭ ᠪᠠᠶᠢᠨᠨᠰᠠᠭᠠᠷ︔ ᠭᠦᠭᠵᠢᠯᠳᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠡᠭᠦᠷᠬᠡ ᠬᠠᠲᠠᠭᠤ ᠪᠡᠷᠬᠡ᠂ ᠰᠢᠨᠵᠢᠯᠡᠬᠦ ᠣᠬᠠᠭᠠᠨ ᠲᠧᠭᠨᠢᠭ ᠮᠡᠷᠬᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠠᠨᠠᠢ᠂ ᠴᠢᠳᠠᠪᠤᠷᠢᠳᠠᠨ ᠲᠤᠳᠠᠬᠳᠠᠵᠦ ᠪᠠᠶᠢᠭ᠎ᠠ ᠠᠰᠠᠭᠤᠳᠠᠯ ᠲᠤᠪᠤᠶᠢᠮ᠎ᠠ ᠪᠠᠶᠢᠨᠨᠰᠠᠭᠠᠷ︔ ᠡᠨᠧᠷᠬᠢ ᠶᠢᠨ ᠬᠤᠷᠣᠨᠨᠳᠠᠯ ᠤᠨ ᠶᠡᠷᠦᠩᠬᠡᠢ ᠬᠡᠮᠵᠢᠶ᠎ᠡ ᠪᠠ ᠬᠤᠷᠤᠭᠳᠠᠯ ᠤᠨ ᠭᠦᠴᠦᠯᠡᠴᠡ ᠬᠤᠶᠠᠷ ᠢ ᠡᠵᠡᠮᠳᠡᠬᠦ ᠬᠠᠷᠠᠯᠲᠠ ᠡᠭᠦᠷᠬᠡ ᠪᠠᠨ ᠪᠡᠶᠡᠯᠡᠬᠦᠯᠵᠦ ᠴᠢᠳᠠᠭᠠᠳᠤᠢ︔ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠳᠤ ᠪᠠᠰᠠ ᠴᠦᠬᠡᠨ ᠪᠤᠰᠤ ᠠᠰᠠᠭᠤᠳᠠᠯ ᠣᠷᠤᠰᠢᠭᠰᠠᠭᠠᠷ᠂ ᠨᠢᠭᠡ ᠪᠦᠯᠦᠭ ᠠᠵᠦ ᠠᠬᠤᠶᠢᠯᠠᠯ ᠤᠨᠴᠠᠭᠠᠶᠢᠯᠠᠨ ᠲᠤᠮᠳᠠ ᠵᠢᠵᠢᠭ ᠪᠢᠴᠢᠯ ᠠᠵᠦ ᠠᠬᠤᠶᠢᠯᠠᠯ ᠤᠨ ᠡᠵᠡᠩᠨᠡᠯᠳᠡ ᠭᠦᠴᠢᠷᠳᠡᠯᠳᠡᠢ ᠪᠠᠶᠢᠨᠨᠰᠠᠭᠠᠷ︔ ᠬᠡᠰᠡᠭ ᠭᠠᠵᠠᠷ ᠤᠷᠤᠨ ᠤ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠳᠤᠪᠤᠶᠢᠮ᠎ᠠ ᠪᠠᠶᠢᠵᠦ᠂ ᠨᠡᠶᠢᠬᠡᠮ ᠤᠨ ᠠᠷᠠᠳ ᠤᠨ ᠠᠮᠢᠳᠤᠷᠠᠯ ᠤᠨ ᠭᠦᠷᠢᠶᠡᠨ ᠳᠤ ᠲᠤᠳᠠᠭᠤᠳᠠᠯ ᠤᠷᠤᠰᠢᠨᠨᠰᠠᠭᠠᠷ︔ ᠵᠠᠰᠠᠭ ᠤᠨ ᠣᠷᠳᠣᠨ ᠤ ᠰᠠᠯᠠᠭ᠎ᠠ ᠮᠦᠴᠢᠷ ᠲᠤ ᠬᠡᠯᠪᠡᠷᠢᠴᠢ ᠦᠵᠡᠯ᠂ ᠨᠤᠶᠠᠨᠴᠢ ᠰᠣᠷᠲᠠᠯ ᠤᠨ ᠠᠰᠠᠭᠤᠳᠠᠯ ᠠᠳᠠᠯᠢ ᠪᠤᠰᠤ ᠬᠡᠮᠵᠢᠶ᠎ᠡ ᠪᠠᠷ ᠤᠷᠤᠰᠢᠨᠨᠰᠠᠭᠠᠷ ᠪᠠᠶᠢᠨ᠎ᠠ᠃ ᠪᠢᠳᠡ ᠡᠳᠡᠬᠡᠷ ᠢ ᠵᠠᠪᠠᠯ ᠲᠡᠬᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠦᠴᠦᠳᠡᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠬᠡᠷᠡᠭᠲᠡᠢ᠃    ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ    ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠣᠬᠠᠢ ᠰᠠᠨᠠᠭᠤᠯᠭ᠎ᠠ︾ ᠶᠢ ᠦᠨᠳᠦᠰᠦᠯᠡᠨ᠂ ᠪᠢᠳᠡ ︽ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ᠲᠦᠰᠦᠯ︶︾ ᠶᠢ ᠨᠠᠶᠢᠷᠠᠭᠤᠯᠤᠨ ᠵᠣᠬᠢᠶᠠᠵᠤ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ᠂ ᠦᠭᠡᠷᠡᠴᠢᠯᠡᠯᠲᠡ ᠨᠡᠭᠡᠭᠡᠯᠲᠡ ᠬᠢᠬᠦ᠂ ᠨᠡᠶᠢᠭᠡᠮ ᠤᠨ ᠪᠣᠯᠪᠠᠰᠤᠨ᠂ ᠠᠮᠢ ᠠᠬᠤᠢ ᠶᠢᠨ ᠪᠣᠯᠪᠠᠰᠤᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ᠂ ᠵᠠᠰᠠᠯᠲᠠ ᠶᠢᠨ ᠦᠷ᠎ᠡ ᠴᠢᠳᠠᠮᠵᠢ ᠭᠡᠬᠦ ᠵᠢᠷᠭᠤᠭᠠᠨ ᠲᠠᠯ᠎ᠠ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠲᠤᠳᠤᠷᠬᠠᠢ ᠲᠣᠭᠲᠠᠭᠠᠨ᠂ ᠬᠥᠭᠵᠢᠯᠲᠡ ᠳᠤ ᠲᠤᠯᠭᠠᠭᠤᠷᠢᠯᠠᠯ ᠪᠣᠯᠬᠤ ᠠᠯᠢ ᠣᠯᠠᠨ ᠭᠤᠣᠯᠳᠠᠯᠭ᠎ᠠ ᠲᠠᠢ ᠡᠭᠦᠷᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠲᠤᠰ ᠤᠳᠠᠭᠠᠨ ᠤ ᠬᠤᠷᠠᠯ ᠳᠤ ᠬᠢᠨᠠᠨ ᠵᠦᠪᠯᠡᠭᠦᠯᠬᠦ ᠪᠠᠷ ᠳᠡᠪᠰᠢᠭᠦᠯᠪᠡ᠃    ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭ᠎ᠠ ᠪᠣᠯ ᠨᠡᠶᠢᠬᠡᠮ ᠵᠢᠷᠤᠮᠳᠤ ᠤᠳᠤᠬᠢᠴᠢᠯᠬᠠᠰᠠᠨ ᠣᠯᠣᠰ ᠢ ᠪᠦᠭᠦ ᠲᠠᠯ᠎ᠠ ᠪᠠᠷ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠬᠦᠯᠬᠦ ᠨᠢᠭᠡᠳᠦᠬᠡᠷ ᠲᠠᠪᠤᠨ ᠵᠢᠯ ᠪᠣᠯᠣᠨ᠎ᠠ᠃ ᠪᠢᠳᠡ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠤᠪᠴᠢᠲᠠᠢ ᠡᠵᠡᠮᠳᠡᠵᠦ᠂ ᠰᠢᠨ᠎ᠡ ᠭᠦᠭᠵᠢᠯᠳᠡ ᠶᠢᠨ ᠤᠨᠤᠯᠵᠢᠬᠤᠨ ᠢ ᠭᠦᠨᠵᠡᠬᠡᠢ ᠲᠤᠭᠤᠰᠢᠯᠠᠭᠤᠯᠤᠨ᠂ ᠰᠢᠨ᠎ᠡ ᠭᠦᠭᠵᠢᠯᠳᠡ ᠶᠢᠨ ᠪᠠᠶᠢᠷᠢᠰᠢᠯ ᠳᠤ ᠲᠦᠷᠬᠡᠬᠡᠨ ᠠᠭᠤᠰᠤᠯᠴᠠᠵᠦ᠂ ᠶᠡᠷᠦᠩᠬᠡᠢ ᠱᠦᠵᠢ ᠰᠢ ᠶᠢᠨ ᠫᠢᠩ ᠪᠠ ᠨᠠᠮ ᠤᠨ ᠲᠥᠪ ᠬᠤᠷᠢᠶᠠᠨ ᠠᠴᠠ ᠦᠪᠦᠷ ᠮᠤᠩᠭᠤᠯ ᠳᠤ ᠲᠣᠭᠲᠠᠭᠠᠵᠦ ᠦᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠦᠷ ᠲᠦᠪᠰᠢᠨ ᠤ ᠬᠠᠯᠬᠠᠪᠴᠢ ᠪᠠ ᠡᠬᠡ ᠤᠯᠤᠰ ᠤᠨ ᠤᠮᠠᠷᠠᠲᠣ ᠬᠢᠯᠢ ᠶᠢᠨ ᠠᠮᠦᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ᠂ ᠤᠯᠤᠰ ᠤᠨ ᠡᠨᠧᠷᠬᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ ᠭᠠᠵᠠᠷ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠢ ᠪᠠᠶᠢᠭᠤᠯᠤᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠤᠭᠴᠠᠯᠠᠵᠤ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠦᠪᠦᠷ ᠮᠣᠩᠭᠤᠯ ᠤᠨ ᠦᠪᠡᠷᠮᠢᠴᠡ ᠣᠨᠴᠠᠯᠢᠭ ᠢ ᠢᠯᠡᠷᠡᠭᠦᠯᠦᠭᠰᠡᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠦ ᠪᠤᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠨ᠎ᠠ᠃    ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠪᠠ ᠬᠠᠮᠲᠤ ᠪᠠᠷ ᠴᠢᠨᠡᠭᠡᠯᠢᠭᠵᠢᠭᠦᠯᠬᠦ ᠶᠢ ᠠᠬᠢᠭᠤᠯᠬᠤ ᠪᠠᠷ ᠬᠥᠭᠵᠢᠯᠲᠡ ᠶᠢᠨ ᠡᠬᠢᠯᠡᠯᠲᠡ ᠪᠠ ᠳᠤᠰᠤᠯᠲᠠ ᠪᠣᠯᠭᠠᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠤᠨ᠂ ᠠᠷᠠᠳ ᠣᠯᠠᠨ ᠤ ᠬᠦᠷᠲᠡᠭᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠥᠷᠥᠭᠳᠡᠯ ᠢ ᠨᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃    ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠳᠠᠯᠠᠵᠤ᠂ ᠬᠥᠭᠵᠢᠯᠲᠡ ᠶᠢᠨ ᠬᠦᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠰᠢᠨ᠎ᠡ ᠶᠢ ᠡᠭᠦᠳᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠭᠵᠢᠯᠲᠡ ᠶᠢᠨ ᠰᠢᠨ᠎ᠡ ᠬᠦᠳᠡᠯᠭᠡᠬᠦ ᠴᠢᠳᠠᠮᠵᠢ ᠶᠢ ᠪᠣᠶ ᠪᠤᠯᠭᠠᠨ ᠪᠣᠵᠠᠭᠠᠶᠢᠷᠠᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠠᠰᠢᠬᠯᠠᠵᠤ ᠬᠠᠮᠠᠭᠠᠯᠠᠬᠤ ᠰᠢᠨ᠎ᠡ ᠪᠠᠶᠢᠷᠢᠰᠢᠯ ᠢ ᠲᠦᠷᠭᠡᠬᠡᠨ ᠪᠣᠢ ᠪᠣᠯᠭᠠᠵᠤ᠂ ᠦᠪᠡᠷᠲᠡᠭᠡᠨ ᠵᠠᠰᠠᠬᠤ ᠣᠷᠣᠨ ᠤ ᠵᠡᠭᠦᠨ᠂ ᠳᠤᠮᠳᠠ᠂ ᠪᠠᠷᠠᠭᠤᠨ ᠬᠡᠰᠡᠭ ᠤᠨ ᠭᠠᠵᠠᠷ ᠣᠷᠣᠨ ᠢ ᠨᠢᠭᠡᠲᠦᠯᠲᠡᠢ ᠲᠦᠯᠦᠪᠯᠡᠨ᠂ ᠬᠤᠲᠠ ᠬᠦᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠭᠦᠭᠵᠢᠯᠳᠡ ᠶᠢ ᠠᠬᠢᠭᠤᠯᠵᠤ᠂ ᠬᠥᠭᠵᠢᠯᠲᠡ ᠶᠢᠨ ᠲᠡᠩᠴᠡᠭᠦᠷᠢ ᠦᠭᠡᠢ ᠪᠠ ᠭᠦᠢᠴᠡᠳ ᠦᠭᠡᠢ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠪᠤᠬᠢᠷᠳᠤᠯ ᠦᠭᠡᠢ ᠪᠦᠭᠡᠳ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠡᠬᠡ ᠤᠯᠤᠰ ᠤᠨ ᠤᠮᠠᠷᠠᠳᠦ ᠬᠢᠯᠢ ᠶᠢᠨ ᠲᠦᠮᠡᠨ ᠭᠠᠵᠠᠷ ᠤᠨ ᠨᠤᠮᠢᠨ ᠨᠤᠭᠤᠭᠠᠨ ᠤᠷᠲᠦ ᠴᠠᠭᠠᠨ ᠬᠡᠷᠡᠮ ᠢ ᠪᠠᠶᠢᠭᠤᠯᠤᠨ᠎ᠠ᠃    ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠡᠨᠧᠷᠬᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠦᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ ᠢ ᠨᠡᠩ ᠰᠠᠶᠢᠲᠤᠷ ᠪᠠᠲᠤᠯᠠᠬᠤ ᠶᠢᠨ ᠲᠣᠭᠤᠷᠢᠨ ᠳᠤ᠂ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡ ᠶᠢᠨ ᠡᠯ᠎ᠡ ᠭᠤᠭᠴᠤᠭ᠎ᠠ ᠶᠢ ᠨᠡᠪᠲᠡᠷᠡᠭᠦᠯᠵᠦ᠂ ᠣᠳᠣ ᠦᠶ᠎ᠡ ᠶᠢᠨ ᠰᠠᠭᠤᠷᠢ ᠪᠡᠯᠡᠳᠭᠡᠮᠵᠢ ᠪᠠ ᠭᠦᠢᠯᠭᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠂ ᠦᠨᠳᠦᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠬᠡᠷᠡᠭᠵᠢᠭᠦᠯᠵᠦ᠂ ᠤᠯᠤᠰ ᠤᠨ ᠲᠤᠳᠤᠭᠠᠲᠤ ᠶᠢᠨ ᠲᠤᠮᠤ ᠵᠠᠬ᠎ᠠ ᠳᠡᠯᠭᠡᠭᠦᠷ ᠪᠠ ᠤᠯᠤᠰ ᠤᠨ ᠲᠤᠳᠤᠭᠠᠲᠤ ᠭᠠᠳᠠᠭᠠᠳᠤ ᠶᠢᠨ ᠬᠤᠣᠰ ᠣᠷᠴᠢᠯ ᠳᠤ ᠨᠡᠩ ᠰᠠᠶᠢᠲᠤᠷ ᠠᠭᠤᠰᠤᠯᠴᠠᠨ᠎ᠠ᠃ ᠬᠥᠭᠵᠢᠯᠲᠡ ᠪᠠ ᠠᠮᠤᠷ ᠲᠦᠪᠰᠢᠨ ᠢ ᠨᠢᠭᠡᠲᠦᠯᠲᠡᠢ ᠲᠦᠯᠦᠪᠯᠡᠵᠦ᠂ ᠬᠤᠷᠢᠭ᠎ᠠ ᠱᠤᠭᠤᠮ ᠢ ᠰᠠᠬᠢᠬᠤ ᠰᠡᠳᠭᠢᠭᠦᠢ ᠪᠠ ᠲᠦᠭᠰᠢᠭᠦᠷᠢ ᠶᠢ ᠰᠠᠨᠠᠭᠠᠰᠢᠷᠠᠬᠤ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠡᠯ᠎ᠡ ᠲᠦᠷᠦᠯ ᠤᠨ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠨ᠎ᠠ᠃    ᠲᠦᠯᠦᠭᠡᠯᠡᠭᠴᠢᠳ ᠡ︕ ᠨᠤᠮᠢᠨ ᠨᠤᠭᠤᠭᠠᠨ ᠪᠤᠯᠪᠠᠰᠦ ᠪᠢᠳᠠᠨ ᠤ ᠬᠠᠮᠤᠬ ᠤᠨ ᠶᠡᠭᠡ ᠡᠳ᠋ ᠪᠠᠶᠠᠯᠢᠬ ᠪᠤᠯᠤᠨ᠎ᠠ᠂ ᠴᠡᠪᠡᠷ ᠰᠠᠶᠢᠬᠠᠨ ᠠᠮᠢ ᠠᠬᠤᠢ ᠤᠷᠴᠢᠨ ᠲᠤᠭᠤᠷᠢᠨ ᠪᠤᠯᠪᠠᠰᠦ ᠠᠷᠠᠳ ᠤᠨ ᠠᠮᠢᠳᠤᠷᠠᠯ ᠳᠤ ᠬᠦᠷᠲᠡᠭᠡᠬᠦ ᠬᠠᠮᠤᠬ ᠤᠨ ᠲᠦᠭᠡᠮᠡᠯ ᠪᠤᠶᠠᠨ ᠵᠢᠷᠭᠠᠯ ᠪᠤᠯᠤᠨ᠎ᠠ᠃ ᠪᠢᠳᠡ ᠡᠷᠬᠡᠪᠰᠢ ᠲᠠᠯ᠎ᠠ ᠨᠤᠲᠤᠬ᠂ ᠤᠢ ᠰᠢᠭᠤᠢ᠂ ᠨᠠᠭᠤᠷ ᠭᠤᠤᠯ ᠢᠶᠠᠨ ᠰᠠᠶᠢᠲᠤᠷ ᠬᠠᠮᠠᠭᠠᠯᠠᠵᠦ᠂ ᠦᠪᠦᠷ ᠮᠤᠩᠭᠤᠯ ᠤᠨ ᠨᠤᠮᠢᠨ ᠨᠤᠭᠤᠭᠠᠨ᠂ ᠬᠦᠬᠡᠮᠳᠦᠭ ᠴᠡᠩᠭᠡᠷ᠂ ᠴᠡᠪᠡᠷ ᠲᠤᠩᠭᠠᠯᠠᠬ ᠪᠦᠬᠦᠨ ᠢ ᠰᠠᠶᠢᠲᠤᠷ ᠬᠠᠮᠠᠭᠠᠯᠠᠵᠦ᠂ ᠬᠦᠮᠦᠨ ᠬᠢᠭᠡᠳ ᠪᠠᠶᠢᠭᠠᠯᠢ ᠶᠢᠨ ᠡᠶ᠎ᠡ ᠵᠤᠬᠢᠴᠠᠯ ᠲᠠᠢ ᠬᠠᠮᠲᠦ ᠤᠷᠤᠰᠢᠬᠤ ᠦᠵᠡᠰᠭᠦᠯᠡᠩᠲᠦ ᠰᠠᠶᠢᠬᠠᠨ ᠭᠡᠷ ᠤᠷᠤᠨ ᠢ ᠴᠢᠷᠮᠠᠶᠢᠨ ᠪᠠᠶᠢᠭᠤᠯᠤᠨ᠎ᠠ᠃    ᠲᠦᠯᠦᠭᠡᠯᠡᠭᠴᠢᠳ ᠡ︕ ᠦᠪᠦᠷ ᠮᠤᠩᠭᠤᠯ ᠣᠳᠣ ᠨᠢᠭᠡᠨᠲᠡ ᠰᠢᠨ᠎ᠡ ᠨᠢᠭᠡᠨ ᠲᠡᠦᠬᠡ ᠶᠢᠨ ᠭᠠᠷᠤᠭ᠎ᠠ ᠳᠡᠭᠡᠷ᠎ᠡ ᠠᠴᠠ ᠢᠷᠡᠭᠡᠳᠦᠢ ᠪᠠᠨ ᠤᠬᠲᠤᠨ ᠵᠤᠷᠢᠪᠠ᠂ ᠯᠠᠪᠲᠠᠢ ᠢᠯᠡᠯᠳᠡ ᠤᠯᠤᠨ᠎ᠠ ᠭᠡᠳᠡᠭ ᠲᠤ ᠪᠢᠳᠠ ᠢᠲᠡᠬᠡᠯ ᠲᠦᠭᠦᠷᠡᠩ ᠪᠠᠶᠢᠨ᠎ᠠ᠃ 2035 ᠣᠨ ᠪᠣᠯᠬᠤ ᠳᠤ᠂ ᠦᠪᠡᠷᠲᠡᠭᠡᠨ ᠵᠠᠰᠠᠬᠤ ᠣᠷᠣᠨ ᠪᠦᠬᠦ ᠤᠯᠤᠰ ᠤᠨ ᠠᠬᠢᠴᠠ ᠶᠢ ᠳᠠᠭᠠᠵᠤ ᠨᠡᠶᠢᠭᠡᠮ ᠵᠢᠷᠣᠮᠲᠦ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠠᠷᠠᠳ ᠲᠦᠮᠡᠨ ᠤ ᠠᠵᠤ ᠠᠮᠢᠳᠤᠷᠠᠯ ᠢ ᠤᠯᠠᠮ ᠦᠬᠡᠳᠡᠯᠡᠬᠦᠯᠦᠨ ᠳᠡᠭᠵᠢᠷᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠣᠷᠣᠨ ᠢᠶᠠᠨ ᠨᠡᠩ ᠦᠵᠡᠰᠭᠦᠯᠡᠩᠲᠦ ᠰᠠᠶᠢᠬᠠᠨ ᠪᠣᠯᠭᠠᠨ᠎ᠠ︕    ᠭᠤᠷᠪᠠ᠂ 2021 ᠣᠨ ᠤ ᠠᠵᠢᠯ ᠤᠨ ᠲᠣᠬᠢᠷᠠᠭᠤᠯᠤᠯᠲᠠ    ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠪᠣᠯᠬᠤ ᠪᠦᠭᠡᠳ ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠣᠨ᠎ᠠ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠨᠦᠭᠦᠷ ᠢᠶᠠᠷ ᠭᠤᠤᠯ ᠪᠤᠯᠭᠠᠨᠨᠰᠠᠨ ᠨᠠᠮ ᠤᠨ ᠲᠦᠪ ᠬᠤᠷᠢᠶᠡᠨ ᠤ ᠪᠠᠳᠣ ᠴᠢᠩᠭ᠎ᠠ ᠣᠳᠣᠷᠢᠳᠣᠯᠭ᠎ᠠ ᠲᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠨ᠂ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠦᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠬᠠᠷᠠᠯᠲᠠ ᠪᠠᠨ ᠪᠣᠯᠭᠠᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠲᠦᠯᠲᠡᠢ ᠲᠦᠯᠦᠪᠯᠡᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠪᠠ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠦᠭᠡᠳ ᠤᠨᠤᠴᠠᠲᠠᠢ ᠬᠡᠷᠡᠭᠵᠢᠭᠦᠯᠵᠦ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠬᠡᠪᠴᠢᠶᠡᠨ ᠳᠤ ᠪᠠᠶᠢᠯᠭᠠᠬᠤ ᠪᠠᠷ ᠴᠢᠷᠮᠠᠶᠢᠨ᠂ ᠲᠤᠳᠤᠭᠠᠲᠤ ᠬᠡᠷᠡᠭᠴᠡᠭᠡ ᠶᠢ ᠥᠷᠭᠡᠳᠭᠡᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠢ ᠴᠢᠩᠭᠠᠷᠠᠭᠤᠯᠤᠨ᠂ ᠦᠨᠳᠦᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠦᠷᠭᠡᠳᠭᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠦᠨᠡᠨ ᠬᠦ ᠪᠠᠲᠤᠯᠠᠨ᠂ ᠬᠢᠯᠠᠯᠵᠠᠭᠰᠠᠨ ᠠᠮᠵᠢᠯᠲᠠ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠠᠶᠠᠷᠯᠠᠨ ᠪᠡᠯᠭᠡᠯᠡᠶ᠎ᠡ᠃    ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠤᠷᠮ᠎ᠠ ᠶᠢ 6% ᠣᠷᠴᠢᠮ ᠳᠤ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠦᠰᠦᠯᠲᠡ ᠶᠢᠨ ᠬᠡᠮᠵᠢᠶ᠎ᠡ ᠶᠢ 3% ᠣᠷᠴᠢᠮ ᠳᠤ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ︔ ᠠᠮᠢ ᠠᠬᠤᠢ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠭᠠᠵᠠᠷ ᠣᠷᠣᠨ ᠤ ᠨᠢᠭᠡᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠠᠬᠢ ᠡᠨᠧᠷᠬᠢ ᠶᠢᠨ ᠬᠤᠷᠤᠭᠳᠠᠯ ᠢ 3% ᠪᠠᠭᠤᠷᠠᠭᠤᠯᠤᠨ᠂ ᠭᠤᠣᠯ ᠪᠣᠯᠬᠤ ᠪᠣᠬᠢᠷᠳᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠤᠨ᠎ᠠ︔ ᠠᠮᠤ ᠪᠤᠳᠠᠭᠠᠨ ᠤ ᠤᠨᠠᠯᠲᠠ ᠶᠢ 700 ᠳ᠋ᠦᠩᠰᠢᠭᠤᠷ ᠵᠢᠩ ᠠᠴᠠ ᠢᠯᠡᠭᠦᠦ ᠪᠠᠶᠢᠯᠭᠠᠬᠤ ᠶᠢ ᠪᠠᠲᠤᠯᠠᠨ᠎ᠠ᠃ ᠡᠭᠦᠨ ᠳᠤ᠂ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄    ︵ᠨᠢᠭᠡ︶ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ    ᠡᠯ᠎ᠡ ᠵᠦᠢᠯ ᠤᠨ ᠭᠠᠶᠢᠯᠢ ᠶᠢ ᠬᠠᠰᠤᠵᠤ ᠰᠦᠢᠳᠭᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠤᠳᠠᠳᠤ ᠴᠤᠭᠴᠠ ᠶᠢᠨ ᠠᠵᠤ ᠠᠬᠤᠢ ᠶᠢᠨ ᠭᠦᠭᠵᠢᠯᠲᠡ ᠶᠢ ᠳᠡᠮᠵᠢᠨ᠂ ᠦᠯᠦ ᠦᠷᠭᠦᠯᠵᠢᠯᠡᠨ ᠬᠡᠷᠡᠭᠵᠢᠭᠦᠯᠬᠦ ᠲᠥᠷᠥ ᠶᠢᠨ ᠪᠣᠳᠣᠯᠭ᠎ᠠ ᠳᠤ ᠡᠷᠳᠡᠬᠡᠨ ᠠᠷᠭᠠᠴᠠᠭᠠᠬᠤ ᠠᠷᠭ᠎ᠠ ᠬᠡᠮᠵᠢᠶ᠎ᠡ ᠠᠪᠴᠤ ᠪᠠᠶᠢᠭᠠᠳ ᠲᠣᠭᠲᠠᠭᠤᠨ ᠪᠠᠶᠢᠯᠭᠠᠬᠤ ᠪᠦᠭᠡᠳ ᠡᠮᠬᠢ ᠵᠢᠷᠤᠮ ᠲᠠᠢ ᠰᠢᠯᠵᠢᠭᠦ ᠶᠢ ᠦᠨᠡᠨ ᠬᠦ ᠪᠠᠲᠤᠯᠠᠨ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠭᠤᠨ ᠪᠤᠯᠭᠠᠨ᠎ᠠ᠃ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠦᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠶᠢ ᠨᠢ ᠨᠡᠩ ᠳᠦᠭᠦᠮ ᠳᠥᠲᠡ ᠪᠣᠯᠭᠠᠵᠦ᠂ ᠥᠪᠡᠷ ᠤᠨ ᠥᠷᠲᠡᠭ ᠢ ᠨᠢ ᠨᠡᠩ ᠳᠣᠣᠷ᠎ᠠ ᠪᠣᠯᠭᠠᠨ᠎ᠠ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠪᠠ ᠵᠢᠭᠡᠯᠡᠯᠭᠡ ᠶᠢᠨ ᠲᠡᠮᠲᠡᠭ ᠤᠨ ᠪᠡᠯᠡ ᠲᠣᠬᠢᠷᠠᠭᠤᠯᠭ᠎ᠠ ᠪᠠᠨ ᠥᠷᠭᠡᠳᠭᠡᠬᠦ ᠶᠢ ᠳᠡᠮᠵᠢᠨ᠎ᠡ᠃ ᠠᠵᠤ ᠠᠬᠤᠶᠢᠯᠠᠯ ᠢ ᠬᠠᠪᠰᠤᠷᠴᠤ ᠪᠠᠶᠢᠭᠠᠳ ᠲᠡᠳᠡᠨ ᠤ ᠭᠠᠵᠠᠷ ᠰᠢᠷᠤᠢ ᠬᠡᠷᠡᠭᠯᠡᠬᠦ᠂ ᠠᠵᠢᠯᠴᠢᠨ ᠬᠡᠷᠡᠭᠯᠡᠬᠦ᠂ ᠪᠠᠷᠠᠭᠠᠨ ᠤ ᠭᠦᠢᠯᠭᠡᠭᠡ ᠵᠡᠷᠭᠡ ᠲᠠᠯ᠎ᠠ ᠶᠢᠨ ᠪᠤᠲᠠᠲᠠᠢ ᠬᠦᠴᠢᠷᠳᠡᠯ ᠢ ᠨᠢ ᠰᠠᠶᠢᠲᠤᠷ ᠰᠢᠢᠳᠪᠦᠷᠢᠯᠡᠵᠦ ᠥᠭᠭᠦᠨ᠎ᠡ᠃    ᠬᠡᠷᠡᠭᠯᠡᠭᠡ ᠶᠢ ᠥᠷᠭᠡᠳᠭᠡᠬᠦ ᠪᠠᠨ ᠠᠷᠠᠳ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠯᠤᠭ᠎ᠠ ᠤᠶᠠᠯᠳᠤᠭᠤᠯᠵᠤ᠂ ᠪᠤᠳᠠᠳᠤ ᠴᠤᠭᠴᠠ ᠶᠢᠨ ᠬᠤᠳᠠᠯᠳᠤᠭ᠎ᠠ ᠶᠢ ᠰᠢᠨ᠎ᠡ ᠡᠭᠦᠳᠦᠯᠲᠡ ᠲᠠᠢ ᠪᠠᠷ ᠬᠡᠯᠪᠡᠷᠢ ᠶᠢ ᠨᠢ ᠬᠤᠪᠢᠷᠠᠭᠤᠯᠬᠤ ᠶᠢ ᠲᠦᠷᠭᠡᠳᠭᠡᠨ᠂ ᠪᠣᠬᠢᠷᠳᠤᠯ ᠦᠭᠡᠢ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠪᠠ ᠶᠠᠪᠠᠭᠠᠨ ᠵᠡᠭᠡᠯᠢ ᠶᠢ ᠦᠭᠡᠷᠡᠴᠢᠯᠡᠨ ᠰᠢᠨᠡᠳᠭᠡᠬᠦ ᠪᠠᠨ ᠠᠬᠢᠭᠤᠯᠵᠤ᠂ ᠨᠡᠷᠡᠲᠦ ᠲᠡᠮᠲᠡᠭ ᠤᠨ ᠬᠤᠯᠪᠤᠭᠠᠯᠠᠬᠰᠠᠨ ᠳᠡᠯᠭᠡᠭᠦᠷ ᠤᠨ ᠬᠥᠭᠵᠢᠯᠲᠡ ᠶᠢ ᠳᠡᠮᠵᠢᠨ᠎ᠡ᠃ ︽ᠦᠪᠦᠷ ᠮᠣᠩᠭᠤᠯ ᠤᠨ ᠦᠨᠦᠷ ᠠᠮᠲᠠ︾ ᠰᠢᠷᠢᠰ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠦᠷᠨᠢᠭᠦᠯᠵᠦ᠂ ︽ᠦᠪᠦᠷ ᠮᠣᠩᠭᠤᠯ ᠨᠡᠷᠡᠮᠵᠢᠲᠦ︾ ︽ᠬᠠᠭᠤᠴᠢᠨ ᠨᠡᠷᠡᠲᠦ ᠲᠡᠮᠲᠡᠭ︾ ᠵᠡᠷᠭᠡ ᠨᠡᠷᠡᠲᠦ ᠲᠡᠮᠲᠡᠭ ᠤᠨ ᠬᠡᠷᠡᠭᠯᠡᠭᠡ ᠶᠢ ᠠᠬᠢᠭᠤᠯᠤᠨ᠂ ᠮᠡᠳᠡᠭᠡ ᠵᠠᠩᠭᠢ ᠶᠢᠨ ᠬᠡᠷᠡᠭᠯᠡᠭᠡ᠂ ᠪᠤᠬᠢᠷᠳᠤᠯ ᠦᠭᠡᠢ ᠬᠡᠷᠡᠭᠯᠡᠭᠡ ᠶᠢ ᠪᠣᠢ ᠪᠣᠯᠭᠠᠵᠤ᠂ ᠣᠯᠠᠨ ᠨᠡᠶᠢᠲᠡ ᠶᠢᠨ ᠬᠡᠷᠡᠭᠯᠡᠭᠡ ᠶᠢ ᠵᠣᠬᠢᠰᠲᠠᠢ ᠨᠡᠮᠡᠭᠳᠡᠭᠦᠯᠦᠨ᠎ᠡ᠃ ᠬᠤᠲᠠ ᠬᠦᠳᠡᠭᠡ ᠶᠢᠨ ᠭᠦᠢᠯᠭᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠢ ᠬᠥᠭᠵᠢᠭᠦᠯᠦᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠪᠠ ᠮᠠᠯ ᠠᠷᠠᠯᠵᠢᠶᠠᠯᠠᠬᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠰᠢᠶᠠᠨ ᠤ ᠬᠡᠪᠴᠢᠶᠡᠨ ᠤ ᠪᠠ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡ ᠶᠢ ᠥᠷᠭᠡᠳᠭᠡᠨ᠎ᠡ᠃ ︽ᠬᠤᠯᠢᠰᠢᠨ ᠢᠳᠡᠭᠡᠨ︾ ᠳᠤ ᠬᠤᠲᠠ ᠶᠢᠨ ᠳᠠᠷᠤᠭ᠎ᠠ ᠬᠠᠷᠢᠭᠤᠴᠠᠬᠤ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠢ ᠬᠠᠮᠢᠶᠠᠷᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠵᠠᠮ ᠬᠠᠷᠢᠯᠴᠠᠭ᠎ᠠ ᠤᠰᠤᠨ ᠠᠰᠢᠬᠯᠠᠯᠳᠠ᠂ ᠬᠤᠲᠠ ᠶᠢᠨ ᠶᠠᠪᠤᠳᠠᠯ ᠤᠨ ᠪᠠᠷᠢᠯᠭ᠎ᠠ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠦᠨ᠎ᠡ᠃    ᠨᠢᠬᠡ ᠪᠦᠯᠦᠭ ᠵᠠᠮ ᠬᠠᠷᠢᠯᠴᠠᠭ᠎ᠠ ᠤᠰᠤᠨ ᠠᠰᠢᠬᠯᠠᠯᠳᠠ᠂ ᠬᠤᠳᠠ ᠶᠢᠨ ᠶᠠᠪᠤᠳᠠᠯ ᠤᠨ ᠪᠠᠷᠢᠯᠭ᠎ᠠ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠴᠢᠬᠤᠯᠠ ᠶᠡᠭᠡ ᠲᠦᠷᠦᠯ ᠵᠦᠢᠯ ᠢ ᠬᠡᠷᠡᠭᠵᠢᠬᠦᠯᠦᠨ᠎ᠠ᠃ ᠵᠠᠮ ᠬᠠᠷᠢᠯᠴᠠᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠨᠠᠶᠢᠳᠠᠪᠦᠷᠢᠵᠢᠭᠤᠯᠤᠨ᠂ ᠪᠤᠰᠤᠭ᠎ᠠ ᠵᠦᠷᠢᠯᠢᠭ ᠵᠠᠮ ᠬᠠᠷᠢᠯᠴᠠᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠵᠦ᠂ ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠰᠢᠯᠢ ᠶᠢᠨ ᠬᠤᠲᠠ ᠠᠴᠠ ᠲᠠᠶᠢᠽ ᠬᠤᠲᠠ ᠬᠦᠷᠬᠦ ᠲᠥᠷᠭᠡᠨ ᠬᠤᠷᠳᠤ ᠶᠢᠨ ᠲᠡᠮᠦᠷ ᠵᠠᠮ ᠵᠡᠷᠭᠡ ᠲᠦᠷᠦᠯ ᠵᠦᠢᠯ ᠤᠨ ᠠᠵᠢᠯ ᠢ ᠡᠬᠢᠯᠡᠭᠦᠯᠵᠦ᠂ ᠪᠤᠭᠤᠳᠤ ᠠᠴᠠ ᠰᠢ ᠠᠠ ᠬᠦᠷᠬᠦ᠂ ᠴᠢᠴᠢᠬᠠᠷ — ᠬᠠᠶᠢᠯᠠᠷ — ᠮᠠᠨᠵᠣᠣᠷ ᠬᠦᠷᠬᠦ ᠵᠡᠷᠭᠡ ᠳᠡᠭᠡᠳᠦ ᠬᠤᠷᠳᠤ ᠶᠢᠨ ᠲᠡᠮᠦᠷ ᠵᠠᠮ ᠤᠨ ᠲᠦᠷᠦᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠢ ᠰᠠᠶᠢᠲᠤᠷ ᠬᠢᠨ᠎ᠡ᠃ ᠴᠠᠬᠠᠷ ᠪᠠᠷᠠᠭᠤᠨ ᠭᠠᠷᠤᠨ ᠬᠤᠶᠢᠳᠣ ᠬᠤᠰᠢᠭᠤᠨ ᠤ ᠪᠠᠶᠠᠨᠴᠠᠭᠠᠨ ᠠᠴᠠ ᠤᠯᠠᠭᠠᠨᠬᠤᠲᠠ ᠬᠦᠷᠬᠦ ᠵᠡᠷᠭᠡ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠲᠦᠷᠬᠡᠳᠬᠡᠨ᠎ᠡ᠃ ᠠᠶᠤᠯᠲᠠᠢ ᠴᠦᠬᠦᠷᠦᠮ ᠢ ᠪᠠᠬᠢᠵᠢᠭᠦᠯᠬᠦ ᠠᠵᠢᠯ ᠢ ᠠᠬᠢᠭᠤᠯᠵᠦ᠂ ᠴᠤᠤᠯ ᠭᠤᠣᠯ ᠤᠨ ᠤᠰᠤ ᠶᠢ ᠲᠠᠲᠠᠵᠤ ᠯᠢᠶᠤᠤ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠠᠵᠢᠯ ᠬᠢᠬᠡᠳ ᠬᠠᠲᠤᠨ ᠭᠤᠣᠯ ᠤᠨ ᠬᠠᠯᠢᠶ᠎ᠠ ᠦᠶᠡᠷ ᠢ ᠰᠠᠯᠪᠤᠷᠢᠯᠠᠨ ᠵᠠᠯᠠᠵᠦ ᠪᠠᠴᠢᠮ ᠪᠠᠶᠢᠳᠠᠯ ᠢ ᠠᠷᠭᠠᠴᠠᠭᠠᠬᠤ ᠤᠷᠤᠨ ᠵᠡᠷᠬᠡ ᠲᠦᠷᠦᠯ ᠵᠦᠢᠯ ᠢ ᠠᠬᠢᠭᠤᠯᠵᠦ᠂ ᠦᠪᠦᠷ ᠮᠣᠩᠭᠤᠯ ᠤᠨ ᠬᠡᠰᠡᠭ ᠲᠠᠬᠢ ᠬᠠᠳᠤᠨ ᠭᠤᠤᠯ ᠤᠨ ᠦᠶᠡᠷ ᠢ ᠰᠡᠷᠭᠡᠶᠢᠯᠡᠬᠦ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢᠨ ᠡᠬᠢᠨ ᠤ ᠬᠤᠭᠤᠴᠠᠭᠠᠨ ᠤ ᠠᠵᠢᠯ ᠢ ᠰᠠᠶᠢᠳᠤᠷ ᠬᠢᠨ᠎ᠡ᠃ 5G ᠰᠠᠭᠤᠷᠢ ᠥᠷᠲᠡᠭᠡ᠂ ᠴᠠᠬᠢᠯᠭᠠᠨ ᠴᠡᠨᠡᠭᠯᠡᠬᠦ ᠱᠤᠩ᠂ ᠤᠰᠤᠳᠦ᠋ᠷᠦᠭᠴᠢ ᠨᠡᠮᠡᠬᠦ ᠥᠷᠲᠡᠭᠡ ᠵᠡᠷᠭᠡ ᠰᠢᠨ᠎ᠡ ᠬᠡᠯᠪᠡᠷᠢ ᠶᠢᠨ ᠰᠠᠭᠤᠷᠢ ᠪᠡᠯᠡᠳᠭᠡᠮᠵᠢ ᠶᠢ ᠰᠢᠰᠲ᠋ᠧᠮ ᠲᠠᠢ ᠪᠠᠶᠢᠷᠢᠰᠢᠭᠤᠯᠤᠨ᠎ᠠ᠃ ᠬᠤᠲᠠ ᠶᠢᠨ ᠦᠬᠡᠷᠡᠴᠢᠯᠡᠨ ᠪᠠᠶᠢᠭᠤᠯᠵᠦ ᠰᠢᠨᠡᠳᠬᠡᠨ ᠴᠢᠮᠡᠬᠦ ᠠᠵᠢᠯᠯᠠᠭ᠎ᠠ ᠶᠢ ᠬᠡᠷᠡᠭᠵᠢᠭᠦᠯᠵᠦ᠂ ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠨ ᠰᠢᠨᠡᠳᠬᠡᠬᠦ ᠶᠢ ᠠᠬᠢᠭᠤᠯᠤᠨ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠳᠦᠷᠢᠶᠡᠰᠦᠯᠡᠭᠦᠯᠬᠦ ᠣᠷᠣᠨ ᠰᠠᠭᠤᠴᠠ ᠪᠠᠶᠢᠭᠤᠯᠬᠤ ᠶᠢ ᠵᠣᠷᠢᠬᠵᠢᠭᠤᠯᠵᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠥᠷᠭᠡᠳᠭᠡᠨ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠦᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠬᠤᠲᠠ ᠶᠢᠨ ᠨᠠᠷᠢᠯᠢᠬᠵᠢᠯ ᠬᠠᠮᠢᠶᠠᠷᠤᠯᠲᠠ ᠶᠢ ᠴᠢᠩᠭᠠᠳᠬᠠᠵᠤ᠂ ᠴᠢᠳᠠᠮᠵᠢ ᠰᠠᠶᠢᠲᠠᠢ ᠬᠤᠲᠠ ᠪᠠ ᠤᠶᠤᠨᠯᠢᠭ ᠬᠤᠲᠠ ᠶᠢ ᠪᠠᠶᠢᠭᠤᠯᠵᠦ᠂ ᠬᠤᠲᠠ ᠪᠠᠨ ᠤᠷᠤᠰᠢᠨ ᠰᠠᠭᠤᠷᠢᠰᠢᠬᠤ ᠳᠤ ᠤᠯᠠᠮ ᠲᠤᠬᠢᠷᠠᠮᠵᠢᠲᠠᠢ᠂ ᠤᠯᠠᠮ ᠠᠮᠢᠵᠢᠷᠠᠯ ᠤᠨ ᠬᠦᠴᠦᠨ ᠲᠠᠢ ᠪᠤᠯᠭᠠᠵᠦ᠂ ᠰᠠᠭᠤᠭᠠᠯᠢ ᠠᠷᠠᠳ ᠤᠨ ᠠᠮᠢᠳᠤᠷᠠᠯ ᠢ ᠨᠢ ᠤᠯᠠᠮ ᠦᠭᠡᠳᠡ ᠡᠰᠡᠷᠡᠭ ᠪᠤᠯᠭᠠᠨ᠎ᠠ᠃    ︵ᠬᠤᠶᠠᠷ︶ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠦᠪᠦᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭᠠᠨ ᠢ ᠭᠦᠨᠵᠡᠭᠡᠢ ᠬᠡᠷᠡᠭᠵᠢᠭᠦᠯᠦᠨ᠎ᠡ    ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠬᠤᠪᠤᠷ ᠰᠢᠷᠤᠢ ᠶᠢᠨ ᠰᠢᠨ᠎ᠡ ᠮᠠᠲ᠋ᠧᠷᠢᠶᠠᠯ᠂ ᠶᠡᠭᠡ ᠬᠡᠪᠴᠢᠶᠡᠨ ᠤ ᠡᠨᠧᠷᠬᠢ ᠨᠦᠬᠡᠴᠡᠯᠡᠬᠦ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠡᠨᠧᠷᠬᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠬᠦᠷᠢᠶᠡᠨ ᠳᠤ ᠠᠩᠬᠠᠷᠤᠯ ᠢᠶᠠᠨ ᠲᠦᠪᠯᠡᠷᠡᠭᠦᠯᠵᠦ᠂ ᠤᠯᠤᠰ ᠤᠨ ᠳᠡᠰ ᠤᠨ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠢ ᠡᠭᠦᠳᠦᠨ ᠪᠠᠶᠢᠭᠤᠯᠵᠤ᠂ ᠣᠯᠠᠨ ᠢᠶᠠᠷ ᠢᠶᠠᠨ ᠦᠢᠯᠡᠰ ᠪᠤᠰᠬᠠᠵᠤ ᠰᠢᠨ᠎ᠡ ᠶᠢ ᠡᠭᠦᠳᠬᠦ ᠶᠢ ᠳᠡᠮᠵᠢᠨ᠎ᠡ᠃ ᠤᠯᠤᠰ ᠤᠨ ᠶᠠᠮᠦᠨ ᠵᠦᠪᠯᠡᠯ ᠪᠠ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠯᠤᠭ᠎ᠠ ᠪᠣᠲᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠬᠢᠬᠦ ᠪᠠᠨ ᠦᠷᠭᠦᠯᠵᠢᠯᠡᠨ ᠴᠢᠩᠭᠠᠳᠬᠠᠵᠤ᠂ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃    ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠤᠭᠴᠠ ᠶᠢᠨ ᠦᠢᠯᠡᠳᠦᠯ ᠢ ᠪᠠᠳᠠᠷᠠᠭᠤᠯᠵᠤ᠂ ᠡᠯ᠎ᠡ ᠲᠦᠷᠦᠯ ᠤᠨ ᠰᠢᠨ᠎ᠡ ᠡᠭᠦᠳᠦᠯᠲᠡ ᠲᠠᠢ ᠬᠦᠴᠦᠨ ᠵᠦᠢᠯ ᠢ ᠠᠵᠤ ᠠᠬᠤᠶᠢᠯᠠᠯ ᠲᠡᠶᠢᠰᠢ ᠲᠦᠪᠯᠡᠷᠡᠬᠦᠯᠬᠦ ᠶᠢ ᠠᠬᠢᠭᠤᠯᠤᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ ᠴᠤᠭᠴᠠ ᠪᠠᠶᠢᠭᠤᠯᠬᠤ ᠶᠢ ᠳᠡᠮᠵᠢᠵᠦ᠂ ᠨᠡᠶᠢᠲᠡᠯᠢᠭ ᠴᠢᠨᠠᠷᠲᠠᠢ ᠮᠡᠷᠭᠡᠵᠢᠯ ᠤᠨ ᠲᠠᠪᠴᠠᠩ ᠢ ᠪᠠᠶᠢᠭᠤᠯᠤᠨ᠂ ᠤᠯᠤᠰ ᠪᠠ ᠦᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ ᠡᠭᠦᠷᠭᠡᠯᠡᠨ᠎ᠡ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠣᠢ ᠪᠣᠯᠭᠠᠵᠤ᠂ ᠠᠵᠤ ᠦᠢᠯᠡᠰ ᠤᠨ ᠬᠡᠯᠬᠢᠶᠡᠨ ᠤ ᠳᠡᠭᠡᠳᠦ ᠳᠤᠮᠳᠠ ᠳᠤᠤᠷᠠᠳᠤ ᠬᠡᠯᠬᠢᠶ᠎ᠠ᠂ ᠲᠤᠮᠤ ᠳᠤᠮᠳᠠ ᠵᠢᠵᠢᠭ ᠠᠵᠤ ᠠᠬᠤᠶᠢᠯᠠᠯ ᠤᠨ ᠨᠡᠪᠲᠡᠷᠡᠯᠴᠡᠨ ᠨᠡᠶᠢᠯᠡᠵᠦ ᠰᠢᠨ᠎ᠡ ᠶᠢ ᠡᠭᠦᠳᠬᠦ ᠶᠢ ᠨᠢ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠪᠠᠨ ᠲᠦᠷᠭᠡᠳᠭᠡᠨ᠎ᠡ᠃ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃    ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠶᠢ ᠡᠬᠦᠳᠦᠨ ᠰᠢᠪᠳᠤᠯᠬᠤ ᠠᠵᠢᠯ ᠳᠤ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ ᠵᠡᠷᠭᠡ ᠳᠦᠷᠢᠮ ᠢ ᠬᠡᠷᠡᠭᠵᠢᠭᠦᠯᠵᠦ᠂ ᠲᠡᠷᠢᠭᠦᠨ ᠰᠢᠨᠵᠢᠯᠡᠬᠦ ᠤᠬᠠᠭᠠᠨᠲᠠᠨ + ᠲᠤᠰᠬᠠᠢ ᠮᠡᠷᠭᠡᠵᠢᠯᠲᠡ + ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ + ᠠᠵᠤ ᠠᠬᠤᠶᠢᠯᠠᠯ ᠤᠨ ᠲᠣᠭᠲᠠᠴᠠ ᠶᠢ ᠬᠦᠷᠢᠶ᠎ᠡ ᠴᠠᠷᠠᠭ᠎ᠠ ᠬᠤᠪᠢᠶᠠᠨ ᠪᠠᠶᠢᠭᠤᠯᠬᠤ ᠶᠢ ᠰᠦᠪᠡᠭᠴᠢᠯᠡᠨ᠂ ᠦᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ᠂ ᠡᠬᠢ ᠪᠠᠶᠠᠯᠢᠭ ᠪᠠ ᠬᠦᠴᠦᠨ ᠴᠢᠳᠠᠯ ᠢᠶᠠᠨ ᠲᠦᠪᠯᠡᠷᠡᠭᠦᠯᠵᠦ ᠰᠢᠰᠲ᠋ᠧᠮ ᠲᠠᠢ ᠰᠤᠳᠤᠯᠤᠯ ᠪᠠ ᠮᠡᠷᠭᠡᠵᠢᠯ ᠤᠨ ᠰᠢᠪᠲᠤᠯᠤᠯᠲᠠ ᠭᠠᠷᠭᠠᠨ᠎ᠠ᠃ ᠵᠠᠰᠠᠭ ᠤᠨ ᠣᠷᠳᠣᠨ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠣᠷᠤᠭᠤᠯᠤᠯᠲᠠ ᠬᠢᠬᠦ ᠪᠠᠲᠤᠯᠠᠭᠠᠲᠤ ᠨᠡᠮᠡᠭᠳᠡᠯ ᠤᠨ ᠲᠣᠭᠲᠠᠴᠠ ᠪᠠ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠤᠭᠤᠯᠤᠯᠲᠠ ᠶᠢᠨ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠮᠦᠩᠭᠦᠨ ᠭᠦᠢᠯᠭᠡᠭᠡᠨ ᠢᠶᠠᠷ ᠳᠡᠮᠵᠢᠬᠦ ᠶᠢ ᠵᠣᠷᠢᠬᠵᠢᠭᠤᠯᠤᠨ᠎ᠠ᠃ ᠴᠢᠳᠠᠪᠤᠷᠢᠲᠠᠨ ᠤ ᠲᠠᠯ᠎ᠠ ᠪᠠᠷ ᠬᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠴᠢᠳᠠᠪᠤᠷᠢᠲᠠᠨ ᠢ ᠭᠦᠮᠦᠵᠢᠬᠦᠯᠵᠦ ᠣᠷᠤᠭᠤᠯᠤᠨ ᠠᠪᠴᠢᠷᠠᠬᠤ ᠪᠠ ᠰᠠᠶᠢᠲᠤᠷ ᠬᠡᠷᠡᠭᠯᠡᠨ᠎ᠡ᠃    ︵ᠭᠤᠷᠪᠠ︶ ᠠᠵᠤ ᠦᠢᠯᠡᠰ ᠤᠨ ᠬᠡᠯᠬᠢᠶ᠎ᠡ ᠪᠠ ᠥᠷᠲᠡᠭ ᠤᠨ ᠬᠡᠯᠬᠢᠶᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ    ᠤᠯᠠᠮᠵᠢᠯᠠᠯᠲᠤ ᠠᠵᠤ ᠦᠢᠯᠡᠰ ᠢ ᠳᠡᠭᠡᠳᠦ ᠳᠡᠰᠴᠢᠯᠡᠬᠦ᠂ ᠣᠶᠤᠨᠴᠢᠯᠠᠬᠤ ᠪᠠ ᠪᠤᠬᠢᠷᠳᠣᠯ ᠦᠭᠡᠢ ᠪᠣᠯᠭᠠᠨ ᠦᠭᠡᠷᠡᠴᠢᠯᠡᠵᠦ ᠳᠡᠰ ᠳᠡᠪᠰᠢᠭᠦᠯᠬᠦ ᠪᠠᠨ ᠲᠦᠷᠭᠡᠳᠭᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠡ᠃ ᠲᠥᠬᠦᠭᠡᠷᠥᠮᠵᠢ ᠶᠢ ᠰᠢᠨᠡᠳᠭᠡᠬᠦ ᠪᠠ ᠮᠡᠷᠭᠡᠵᠢᠯ ᠢ ᠦᠭᠡᠷᠡᠴᠢᠯᠡᠨ ᠰᠠᠶᠢᠵᠢᠷᠠᠭᠤᠯᠬᠤ ᠪᠠᠨ ᠲᠦᠷᠭᠡᠳᠭᠡᠵᠦ᠂ ᠰᠢᠨ᠎ᠡ ᠡᠨᠧᠷᠬᠢ ᠶᠢᠨ ᠲᠤᠨᠤᠭ ᠲᠦᠬᠦᠭᠡᠷᠦᠮᠵᠢ᠂ ᠰᠢᠨ᠎ᠡ ᠡᠨᠧᠷᠬᠢ ᠶᠢᠨ ᠮᠠᠰᠢᠨ ᠲᠡᠷᠭᠡ᠂ ᠪᠠᠴᠢᠮ ᠪᠠᠶᠢᠳᠠᠯ ᠢ ᠠᠷᠭᠠᠴᠠᠭᠠᠬᠤ ᠲᠤᠨᠤᠭ ᠲᠦᠬᠦᠭᠡᠷᠦᠮᠵᠢ ᠪᠠ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠬᠡᠷᠡᠭᠰᠡᠯ ᠵᠡᠷᠭᠡ ᠲᠤᠨᠤᠭ ᠲᠦᠬᠦᠭᠡᠷᠦᠮᠵᠢ ᠦᠢᠯᠡᠳᠬᠦ ᠦᠢᠯᠡᠰ ᠤᠨ ᠬᠦᠭᠵᠢᠯᠲᠡ ᠶᠢ ᠠᠬᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠨᠠᠷᠢᠯᠢᠬ ᠭᠦᠨ ᠡᠳ᠋ᠰᠢᠭᠦᠯᠵᠦ ᠪᠤᠯᠪᠠᠰᠤᠷᠠᠭᠤᠯᠬᠤ ᠠᠵᠤ ᠦᠢᠯᠡᠰ ᠢ ᠤᠯᠠᠮ ᠨᠢᠭᠡ ᠠᠯᠬᠤᠮ ᠬᠦᠭᠵᠢᠭᠦᠯᠦᠨ ᠪᠤᠵᠠᠭᠠᠶᠢᠷᠠᠭᠤᠯᠤᠨ᠎ᠠ᠃ ᠬᠦᠷᠢᠶᠡᠯᠡᠩ ᠲᠤᠭᠤᠷᠢᠭ ᠤᠨ ᠬᠦᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠵᠦ᠂ ᠣᠶᠤᠨᠯᠢᠭ ᠬᠦᠷᠢᠶᠡᠯᠡᠩ ᠲᠤᠭᠤᠷᠢᠭ ᠢ ᠪᠠᠶᠢᠭᠤᠯᠤᠨ᠎ᠠ᠃    ᠣᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠤ᠂ ᠨᠡᠭᠦᠷᠡᠰᠦ ᠶᠢ ᠠᠮᠤᠷ ᠲᠦᠪᠰᠢᠨ ᠪᠦᠭᠡᠳ ᠦᠨᠳᠦᠷ ᠪᠦᠲᠦᠮᠵᠢᠲᠡᠢ ᠪᠠᠷ ᠨᠡᠭᠡᠭᠡᠨ ᠮᠠᠯᠲᠠᠬᠤ ᠪᠠ ᠴᠡᠪᠡᠷᠰᠢᠭᠦᠯᠦᠨ ᠦᠨᠳᠦᠷ ᠪᠦᠲᠦᠮᠵᠢᠲᠡᠢ ᠪᠠᠷ ᠠᠰᠢᠬᠯᠠᠬᠤ ᠶᠢ ᠠᠬᠢᠭᠤᠯᠵᠤ᠂ ᠣᠷᠳᠤᠰ ᠲᠠᠬᠢ ᠤᠯᠤᠰ ᠤᠨ ᠣᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠤᠨ ᠢ ᠦᠨᠳᠦᠷ ᠪᠠᠷᠢᠮᠵᠢᠶ᠎ᠠ ᠪᠠᠷ ᠪᠠᠶᠢᠭᠤᠯᠤᠨ᠎ᠠ᠃ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠶᠢ 1000 ᠲᠦᠮᠡᠨ ᠺᠢᠯᠤᠸᠠᠲ ᠰᠢᠨ᠎ᠡ ᠪᠠᠷ ᠨᠡᠮᠡᠭᠳᠡᠭᠦᠯᠦᠨ᠎ᠡ᠃ ᠣᠨᠴᠠ ᠦᠨᠳᠦᠷ ᠬᠦᠴᠦᠳᠡᠯᠳᠦ ᠴᠠᠬᠢᠯᠭᠠᠨ ᠢ ᠭᠠᠳᠠᠭᠰᠢ ᠳᠠᠮᠵᠢᠭᠤᠯᠬᠤ ᠳᠤ ᠰᠠᠭᠠᠳ ᠦᠭᠡᠢ ᠨᠡᠪᠲᠡᠷᠡᠬᠦ ᠱᠤᠭᠤᠮ ᠪᠠ ᠣᠶᠤᠨᠴᠢᠯᠠᠭᠰᠠᠨ ᠴᠠᠬᠢᠯᠭᠠᠨ ᠬᠦᠴᠦᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠰᠢᠨ᠎ᠡ ᠡᠨᠧᠷᠭᠢ ᠶᠢᠨ ᠬᠡᠷᠡᠭᠴᠡᠭᠡ ᠱᠠᠭᠠᠷᠳᠠᠯᠭ᠎ᠠ ᠶᠢᠨ ᠳᠠᠯ᠎ᠠ ᠶᠢᠨ ᠦᠭᠡᠷᠡᠴᠢᠯᠡᠯᠲᠡ ᠶᠢ ᠠᠬᠢᠭᠤᠯᠵᠦ᠂ ᠡᠨᠧᠷᠭᠢ ᠶᠢᠨ ᠬᠡᠷᠡᠭᠯᠡᠭᠡ ᠶᠢᠨ ᠬᠤᠪᠢᠰᠤᠯᠲᠠ ᠶᠢ ᠠᠬᠢᠭᠤᠯᠤᠨ᠎ᠠ᠃ ᠤᠰᠤᠳᠦ᠋ᠷᠦᠭᠴᠢ ᠡᠨᠧᠷᠬᠢ ᠶᠢᠨ ᠠᠵᠤ ᠠᠬᠤᠢ ᠶᠢ ᠬᠦᠭᠵᠢᠭᠦᠯᠵᠦ᠂ ᠣᠷᠳᠤᠰ ᠪᠠ ᠦᠬᠠᠢ ᠶᠢ ᠲᠦᠯᠡᠰᠢ ᠶᠢᠨ ᠳ᠋ᠢᠶᠠᠨ ‍ᠤᠤᠢ ᠶᠢᠨ ᠬᠦᠳᠡᠯᠭᠡᠭᠦᠷᠲᠦ ᠮᠠᠰᠢᠨ ᠲᠡᠷᠭᠡᠨ ᠤ ᠵᠢᠱᠢᠶ᠎ᠡ ᠦᠵᠡᠭᠦᠯᠬᠦ ᠬᠤᠲᠠ ᠪᠣᠯᠭᠠᠨ ᠪᠠᠶᠢᠭᠤᠯᠤᠨ᠎ᠠ᠃    ᠪᠠᠶ᠋ᠬᠠᠣᠪᠤᠭ᠎ᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠦᠨᠳᠦᠷ ᠪᠦᠲᠦᠮᠵᠢᠲᠡᠢ ᠪᠠᠷ ᠶᠡᠷᠦᠩᠬᠡᠶᠢᠯᠡᠨ ᠠᠰᠢᠬᠯᠠᠬᠤ ᠶᠢ ᠠᠬᠢᠭᠤᠯᠵᠤ᠂ ᠠᠵᠤ ᠦᠢᠯᠡᠰ ᠤᠨ ᠪᠦᠬᠦ ᠬᠡᠯᠬᠢᠶ᠎ᠡ ᠶᠢ ᠴᠤᠭᠴᠠᠯᠠᠬᠤ ᠪᠠᠨ ᠠᠩᠬᠠᠷᠣᠨ ᠴᠢᠬᠤᠯᠠᠴᠢᠯᠠᠵᠤ᠂ ᠬᠤᠪᠤᠷ ᠰᠢᠷᠤᠢ ᠶᠢᠨ ᠬᠤᠪᠤᠷ ᠲᠡᠮᠦᠷᠯᠢᠭ ᠮᠠᠲ᠋ᠧᠷᠢᠶᠠᠯ ᠤᠨ ᠠᠵᠤ ᠦᠢᠯᠡᠰ ᠤᠨ ᠪᠦᠯᠦᠭᠵᠢᠯ ᠢ ᠪᠠᠶᠢᠭᠤᠯᠤᠨ᠎ᠠ᠃ ᠳᠡᠭᠡᠳᠦ ᠳᠡᠰ ᠤᠨ ᠲᠡᠮᠦᠷᠯᠢᠭ᠂ ᠪᠠᠯ ᠴᠢᠯᠠᠭᠤ ᠠᠯᠺᠧᠨ᠂ ᠴᠢᠳᠠᠮᠵᠢ ᠰᠠᠶᠢᠲᠠᠢ ᠰᠢᠷᠬᠡᠭᠯᠢᠭ ᠵᠡᠷᠭᠡ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠦᠭᠵᠢᠭᠦᠯᠦᠨ᠎ᠡ᠃ ᠠᠮᠢᠳᠤ ᠪᠤᠳᠠᠰ ᠤᠨ ᠡᠮ ᠡᠮᠨᠡᠯᠭᠡ ᠶᠢᠨ ᠣᠨᠴᠠᠯᠢᠭ ᠲᠠᠢ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠭᠰᠠᠨ ᠠᠵᠤ ᠦᠢᠯᠡᠰ ᠤᠨ ᠬᠦᠭᠵᠢᠯᠲᠡ ᠶᠢ ᠲᠦᠷᠭᠡᠳᠭᠡᠨ᠎ᠡ᠃    ᠲᠣᠭᠠᠵᠢᠭᠤᠯᠤᠭᠰᠠᠨ ᠠᠵᠤ ᠠᠬᠤᠢ ᠶᠢ ᠶᠡᠭᠡ ᠪᠠᠷ ᠬᠦᠭᠵᠢᠭᠦᠯᠵᠦ᠂ 5G ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠭᠡᠵᠦ᠂ ᠨᠢᠭᠡ ᠪᠦᠯᠦᠭ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ᠂ ᠤᠶᠤᠨᠴᠢ ᠦᠢᠯᠡᠳᠪᠦᠷᠢ᠂ ᠲᠣᠭᠠᠵᠢᠭᠤᠯᠤᠭᠰᠠᠨ ᠦᠢᠯᠡᠳᠪᠦᠷᠢ ᠶᠢᠨ ᠲᠠᠰᠤᠭ ᠢ ᠪᠠᠶᠢᠭᠤᠯᠵᠤ᠂ ᠲᠣᠭᠠᠵᠢᠭᠤᠯᠤᠭᠰᠠᠨ ᠠᠵᠤ ᠠᠬᠤᠢ ᠪᠠ ᠪᠤᠳᠠᠳᠤ ᠴᠤᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ᠲᠣᠭᠠᠵᠢᠭᠤᠯᠤᠭᠰᠠᠨ ᠵᠠᠰᠠᠭ ᠤᠨ ᠣᠷᠳᠤᠨ᠂ ᠲᠣᠭᠠᠵᠢᠭᠤᠯᠤᠭᠰᠠᠨ ᠨᠡᠶᠢᠭᠡᠮ ᠢ ᠪᠠᠶᠢᠭᠤᠯᠤᠨ᠎ᠠ᠃    ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ ᠰᠤᠲᠤᠯᠤᠨ ᠨᠡᠭᠡᠭᠡᠵᠦ ᠵᠢᠷᠤᠭᠯᠠᠨ ᠲᠦᠯᠦᠪᠯᠡᠬᠦ᠂ ᠪᠠᠶᠢᠴᠠᠭᠠᠨ ᠰᠢᠯᠭᠠᠵᠤ ᠭᠡᠷᠡᠴᠢᠯᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠦᠢᠯᠡᠴᠢᠯᠡᠬᠦ ᠵᠡᠷᠭᠡ ᠣᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠦᠭᠵᠢᠭᠦᠯᠦᠨ᠎ᠡ᠃ ᠨᠡᠶᠢᠳᠡᠮ ᠬᠡᠷᠡᠭᠯᠡᠬᠦ ᠠᠭᠠᠷ ᠠᠶᠠᠯᠠᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠵᠤ᠂ ︽ᠨᠡᠶᠢᠳᠡᠮ ᠬᠡᠷᠡᠭᠯᠡᠬᠦ ᠠᠭᠠᠷ ᠠᠶᠠᠯᠠᠯ + ᠵᠢᠭᠤᠯᠴᠢᠯᠠᠯ︾ ︽ᠨᠡᠶᠢᠳᠡᠮ ᠬᠡᠷᠡᠭᠯᠡᠬᠦ ᠠᠭᠠᠷ ᠠᠶᠠᠯᠠᠯ + ᠪᠡᠶ᠎ᠡ ᠶᠢᠨ ᠲᠠᠮᠢᠷ︾ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠦᠭᠵᠢᠯᠲᠡ ᠶᠢ ᠠᠬᠢᠭᠤᠯᠤᠨ᠎ᠠ᠃    ︵ᠳᠥᠷᠪᠡ︶ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ    ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠤᠷᠤᠨ ᠢ ᠡᠩ ᠲᠡᠷᠢᠬᠦᠨ ᠳᠤ ᠬᠦᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠤᠳᠤᠬᠢᠴᠢᠯᠠᠯᠲᠠ ᠶᠢ ᠲᠦᠷᠭᠡᠳᠭᠡᠨ᠂ ᠲᠠᠷᠢᠶᠠᠯᠠᠩ ᠮᠠᠯ ᠠᠵᠤ ᠠᠬᠤᠢ ᠶᠢ ᠴᠢᠨᠠᠷ ᠰᠠᠶᠢᠲᠠᠢ ᠪᠦᠭᠡᠳ ᠦᠨᠳᠦᠷ ᠪᠦᠲᠦᠮᠵᠢᠲᠡᠢ ᠪᠣᠯᠭᠠᠬᠤ᠂ ᠮᠠᠯᠵᠢᠬᠤ ᠲᠠᠷᠢᠶᠠᠯᠠᠬᠤ ᠤᠷᠤᠨ ᠢ ᠣᠷᠤᠰᠢᠨ ᠰᠠᠭᠤᠷᠢᠰᠢᠵᠣ ᠠᠵᠤ ᠲᠦᠷᠦᠬᠦ ᠳᠤ ᠲᠣᠬᠢᠷᠠᠮᠵᠢᠲᠠᠢ ᠪᠣᠯᠭᠠᠬᠤ᠂ ᠮᠠᠯᠴᠢᠨ ᠲᠠᠷᠢᠶᠠᠴᠢᠨ ᠢ ᠪᠠᠶᠠᠨ ᠴᠢᠨᠡᠭᠡᠯᠢᠭ ᠠᠮᠢᠳᠤᠷᠠᠯ ᠲᠠᠢ ᠪᠣᠯᠭᠠᠬᠤ ᠶᠢ ᠠᠬᠢᠭᠤᠯᠤᠨ᠎ᠠ᠃    ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠭᠡᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠤᠯᠭᠠᠭᠤᠯᠬᠤ ᠠᠵᠢᠯ ᠢ ᠰᠠᠶᠢᠲᠤᠷ ᠬᠢᠵᠦ᠂ ᠬᠠᠪᠰᠤᠷᠤᠨ ᠳᠡᠳᠭᠦᠭᠦ ᠲᠠᠯ᠎ᠠ ᠪᠠᠷ ᠬᠢ ᠭᠤᠣᠯ ᠪᠣᠯᠬᠤ ᠲᠥᠷᠥ ᠶᠢᠨ ᠪᠣᠳᠤᠯᠭ᠎ᠠ ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠵᠦ ᠬᠢᠨᠠᠨ ᠰᠢᠨᠵᠢᠬᠦ ᠪᠠ ᠬᠠᠪᠰᠤᠷᠤᠨ ᠳᠡᠳᠭᠦᠭᠦ ᠲᠣᠭᠲᠠᠴᠠ ᠶᠢ ᠪᠦᠷᠢᠨᠰᠢᠭᠦᠯᠦᠨ᠂ ᠠᠵᠢᠯ ᠣᠯᠭᠤᠯᠳᠠ ᠪᠠ ᠠᠵᠤ ᠦᠢᠯᠡᠰ ᠢᠶᠠᠷ ᠶᠠᠳᠠᠭᠤ ᠶᠢ ᠳᠡᠳᠭᠦᠭᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠶᠠᠳᠠᠭᠤ ᠶᠢ ᠳᠡᠳᠭᠦᠭᠦ ᠪᠠᠷ ᠣᠨᠳᠤᠤ ᠭᠠᠵᠠᠷ ᠲᠤ ᠨᠡᠭᠦᠯᠭᠡᠭᠰᠡᠨ ᠤ ᠳᠠᠷᠠᠭ᠎ᠠ ᠦᠷᠭᠦᠯᠵᠢᠯᠡᠨ ᠳᠡᠳᠭᠦᠭᠦ ᠠᠵᠢᠯ ᠢᠶᠠᠨ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ ᠬᠦᠮᠦᠰ ᠤᠨ ᠣᠷᠤᠯᠭ᠎ᠠ ᠪᠠᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠤᠨ ᠤ ᠣᠷᠤᠯᠭ᠎ᠠ ᠪᠠᠭᠠᠲᠠᠢ ᠬᠦᠮᠦᠰ ᠢ ᠪᠠᠶᠢᠩᠭᠤ ᠬᠠᠪᠰᠤᠷᠤᠨ ᠳᠡᠳᠭᠦᠭᠦ ᠪᠠᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠨᠢᠭᠡ ᠪᠦᠯᠦᠭ ᠬᠤᠰᠢᠭᠤ ᠰᠢᠶᠠᠨ ᠢ ᠲᠦᠪᠯᠡᠷᠡᠭᠦᠯᠦᠨ ᠳᠡᠮᠵᠢᠵᠦ ᠪᠠᠶᠢᠭᠠᠳ ᠬᠦᠳᠡᠭᠡ ᠲᠤᠰᠬᠤᠨ ᠢᠶᠠᠨ ᠬᠦᠭᠵᠢᠭᠦᠯᠦᠨ ᠮᠠᠨᠳᠤᠭᠤᠯᠬᠤ ᠶᠢ ᠨᠢ ᠠᠬᠢᠭᠤᠯᠤᠨ᠎ᠠ᠃    ᠭᠠᠵᠠᠷ ᠰᠢᠷᠤᠢ ᠪᠠᠷ ᠠᠮᠤ ᠲᠠᠷᠢᠶ᠎ᠠ ᠶᠢ ᠪᠠᠲᠤᠯᠠᠵᠤ ᠤᠷ᠎ᠠ ᠮᠡᠷᠭᠡᠵᠢᠯ ᠢᠶᠠᠷ ᠪᠤᠳᠠᠭᠠᠨ ᠤ ᠤᠨᠠᠯᠲᠠ ᠪᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠣᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠲᠤᠨᠤᠭ ᠲᠦᠬᠦᠭᠡᠷᠦᠮᠵᠢ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠣᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠧᠬᠠᠨᠢᠬᠵᠢᠭᠤᠯᠤᠯᠳᠠ ᠶᠢ ᠠᠬᠢᠭᠤᠯᠤᠨ᠎ᠠ᠃ ︽ᠤᠰᠤ ᠠᠷᠪᠢᠯᠠᠬᠤ ᠶᠢ ᠤᠷᠢᠳ ᠢᠶᠠᠷ ᠪᠤᠳᠤᠯᠬᠢᠯᠠᠨ᠂ ᠤᠰᠤᠨ ᠤ ᠬᠡᠮᠵᠢᠶ᠎ᠡ ᠪᠠᠷ ᠨᠡᠭᠡᠭᠡᠨ ᠠᠰᠢᠬᠯᠠᠬᠤ︾ ᠶᠢ ᠪᠠᠷᠢᠮᠲᠠᠯᠠᠵᠦ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ 459 ᠲᠦᠮᠡᠨ ᠮᠦ ᠰᠢᠨ᠎ᠡ ᠪᠠᠷ ᠪᠠᠶᠢᠭᠤᠯᠤᠨ᠂ ᠬᠤᠵᠢᠷᠰᠢᠭᠰᠠᠨ ᠲᠠᠷᠢᠶᠠᠯᠠᠬᠤ ᠭᠠᠵᠠᠷ ᠢ ᠰᠠᠶᠢᠵᠢᠷᠠᠭᠤᠯᠬᠤ ᠪᠠ ᠬᠠᠷ᠎ᠠ ᠬᠦᠷᠦᠰᠦᠲᠦ ᠭᠠᠵᠠᠷ ᠲᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠶᠢ ᠦᠷᠭᠦᠯᠵᠢᠯᠡᠨ ᠠᠬᠢᠭᠤᠯᠤᠨ᠎ᠠ᠃ ᠲᠠᠷᠢᠶᠠᠯᠠᠬᠤ ᠭᠠᠵᠠᠷ ᠢ ᠤᠯᠠᠭᠠᠨ ᠱᠣᠭᠤᠮ ᠢᠶᠠᠷ ᠬᠠᠮᠠᠭᠠᠯᠠᠨ ᠬᠢᠵᠠᠭᠠᠷᠯᠠᠵᠤ᠂ ᠡᠵᠡᠯᠡᠵᠤ ᠲᠠᠷᠢᠶᠠᠯᠠᠬᠤ ᠪᠠ ᠨᠦᠬᠦᠪᠦᠷᠢᠯᠡᠵᠤ ᠦᠭᠬᠦ ᠶᠢ ᠲᠡᠩᠴᠡᠭᠦᠷᠢᠰᠢᠭᠦᠯᠬᠦ ᠪᠠᠨ ᠳᠥᠷᠢᠮᠵᠢᠭᠦᠯᠣᠨ᠂ ᠬᠦᠳᠡᠭᠡ ᠲᠤᠰᠬᠤᠨ ᠤ ᠲᠠᠷᠢᠶᠠᠯᠠᠬᠤ ᠭᠠᠵᠠᠷ ᠲᠤ ᠳᠤᠷ᠎ᠠ ᠪᠠᠷ ᠭᠡᠷ ᠪᠠᠶᠢᠰᠢᠩ ᠪᠠᠷᠢᠬᠤ ᠠᠰᠠᠭᠤᠳᠠᠯ ᠢ ᠴᠡᠭᠴᠡᠯᠡᠨ ᠵᠠᠰᠠᠵᠤ᠂ ᠲᠠᠷᠢᠶᠠᠯᠠᠬᠤ ᠭᠠᠵᠠᠷ ᠢ ︽ᠲᠠᠷᠢᠶᠠᠯᠠᠩ ᠤᠨ ᠪᠤᠰᠤ ᠵᠦᠢᠯ ᠳᠤ ᠬᠡᠷᠡᠭᠯᠡᠬᠦ︾ ᠶᠢ ᠡᠷᠡᠰ ᠬᠤᠷᠢᠬᠯᠠᠨ᠂ ︽ᠠᠮᠤ ᠪᠤᠳᠠᠭᠠᠨ ᠤ ᠪᠤᠰᠤ ᠵᠦᠢᠯ ᠳᠤ ᠬᠡᠷᠡᠭᠯᠡᠬᠦ︾ ᠶᠢ ᠰᠡᠷᠭᠡᠶᠢᠯᠡᠵᠦ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠤᠭᠲᠠᠪᠤᠷᠢᠲᠠᠢ ᠪᠠᠶᠢᠯᠭᠠᠨ᠎ᠠ᠃ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠵᠣ ᠠᠰᠢᠬᠯᠠᠬᠤ ᠪᠠᠨ ᠴᠢᠩᠭᠠᠳᠬᠠᠨ᠂ ᠲᠠᠷᠢᠮᠠᠯ᠂ ᠣᠢ ᠮᠣᠳᠤ ᠡᠪᠡᠰᠦ ᠪᠠ ᠮᠠᠯ ᠵᠢᠭᠦᠷᠲᠡᠨ ᠤ ᠦᠷ᠎ᠡ ᠡᠳ᠋ ᠤᠨ ᠡᠬᠢ ᠪᠠᠶᠠᠯᠢᠭ ᠤᠨ ᠬᠦᠮᠦᠷᠭᠡ ᠶᠢ ᠪᠠᠶᠢᠭᠤᠯᠵᠤ᠂ ᠦᠷ᠎ᠡ ᠡᠭᠦᠯᠳᠡᠷ ᠪᠤᠶᠢᠵᠢᠭᠤᠯᠬᠤ ᠲᠠᠯ᠎ᠠ ᠪᠠᠷ ᠰᠢᠨ᠎ᠡ ᠶᠢ ᠡᠭᠦᠳᠬᠦ ᠪᠠ ᠰᠠᠶᠢᠨ ᠦᠷ᠎ᠡ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠬᠤ ᠪᠠᠨ ᠠᠬᠢᠭᠤᠯᠤᠨ᠎ᠠ᠃ ᠠᠮᠢᠲᠠᠨ ᠤ ᠬᠢᠵᠢᠭ ᠪᠠ ᠲᠠᠷᠢᠮᠠᠯ ᠤᠨ ᠬᠤᠷᠤᠬᠠᠢ ᠭᠡᠮ ᠤᠨ ᠬᠦᠨᠦᠭᠡᠯ ᠢ ᠰᠡᠷᠭᠡᠶᠢᠯᠡᠨ ᠵᠠᠰᠠᠬᠤ ᠪᠠᠨ ᠴᠢᠩᠭᠠᠷᠠᠭᠤᠯᠤᠨ᠎ᠠ᠃    ᠮᠠᠯ ᠲᠠᠷᠢᠶᠠᠯᠠᠩ ᠢ ᠪᠣᠬᠢᠷᠳᠤᠭᠤᠯᠬᠤ ᠦᠭᠡᠢ ᠪᠠᠷ ᠬᠦᠭᠵᠢᠭᠦᠯᠬᠦ ᠶᠢ ᠪᠠᠷᠢᠮᠲᠠᠯᠠᠵᠤ᠂ ᠴᠢᠨᠠᠷ ᠰᠠᠶᠢᠲᠠᠢ ᠪᠦᠬᠡᠳ ᠪᠤᠬᠢᠷᠳᠤᠯ ᠦᠬᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠰᠦ ᠰᠠᠭᠠᠯᠢ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠪᠠᠨ ᠭᠦᠨᠵᠡᠭᠡᠶ ᠠᠬᠢᠭᠤᠯᠵᠤ᠂ ᠰᠦ ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠪᠠ ᠮᠠᠯᠵᠢᠯ ᠤᠨ ᠲᠠᠯᠠᠪᠠᠢ ᠶᠢ ᠬᠤᠯᠢᠮᠠᠭ ᠦᠮᠴᠢᠯᠡᠯᠲᠦ ᠬᠡᠯᠪᠡᠷᠢ ᠪᠠᠷ ᠪᠠᠶᠢᠭᠤᠯᠬᠤ ᠶᠢ ᠵᠣᠷᠢᠬᠵᠢᠭᠤᠯᠵᠣ᠂ ᠤᠯᠠᠮᠵᠢᠯᠠᠯᠲᠤ ᠴᠠᠭᠠᠨ ᠢᠳᠡᠭᠡ ᠶᠢ ᠠᠵᠤ ᠥᠢᠯᠡᠰᠵᠢᠭᠦᠯᠬᠦ ᠪᠠ ᠨᠡᠷᠡᠲᠦ ᠲᠡᠮᠲᠡᠭ ᠪᠣᠯᠭᠠᠨ ᠬᠥᠭᠵᠢᠭᠦᠯᠬᠦ ᠶᠢ ᠳᠡᠮᠵᠢᠨ᠎ᠡ᠃ ᠳᠠᠷᠤᠰᠢᠭᠤᠯᠬᠤ ᠡᠷᠳᠡᠨᠢ ᠰᠢᠰᠢ᠂ ᠴᠢᠨᠠᠷ ᠰᠠᠶᠢᠲᠠᠢ ᠴᠠᠷᠭᠠᠰᠤ ᠲᠠᠷᠢᠬᠤ ᠲᠠᠯᠠᠪᠠᠢ ᠶᠢ ᠭᠠᠵᠠᠷ ᠣᠷᠤᠨ ᠤ ᠪᠠᠶᠢᠳᠠᠯ ᠳᠤ ᠨᠢ ᠲᠣᠬᠢᠷᠠᠭᠤᠯᠤᠨ ᠦᠷᠭᠡᠳᠭᠡᠵᠦ᠂ ᠡᠪᠡᠰᠦ ᠪᠡᠯᠴᠢᠭᠡᠷ ᠤᠨ ᠴᠢᠨᠠᠷ ᠢ ᠳᠡᠭᠡᠭᠰᠢᠯᠡᠭᠦᠯᠦᠨ᠎ᠡ᠃ ᠪᠠᠷᠢᠮᠵᠢᠶᠠᠵᠢᠭᠤᠯᠤᠨ ᠲᠡᠵᠢᠭᠡᠬᠦ ᠶᠢ ᠬᠡᠷᠡᠭᠵᠢᠬᠦᠯᠵᠦ᠂ ᠠᠯᠠᠰᠢᠨ ᠥᠬᠡᠷ ᠠᠯᠠᠰᠢᠨ ᠬᠤᠨᠢᠨ ᠤ ᠠᠵᠤ ᠦᠢᠯᠡᠰ ᠤᠨ ᠬᠦᠭᠵᠢᠯᠲᠡ ᠶᠢ ᠲᠦᠷᠭᠡᠳᠭᠡᠨ᠂ ᠰᠠᠭᠠᠯᠢ ᠪᠠ ᠠᠯᠠᠰᠢᠨ ᠤ ᠡᠭᠦᠯᠳᠡᠷ ᠢ ᠪᠤᠶᠢᠵᠢᠭᠤᠯᠵᠤ ᠦᠷᠡᠵᠢᠭᠦᠯᠬᠦ ᠶᠢ ᠳᠡᠮᠵᠢᠨ᠎ᠡ᠃ ᠤᠨᠴᠠᠯᠢᠭ ᠲᠠᠢ ᠲᠠᠷᠢᠵᠤ ᠤᠷᠭᠤᠭᠤᠯᠬᠤ ᠪᠠ ᠲᠡᠵᠢᠭᠡᠨ ᠦᠷᠡᠵᠢᠭᠦᠯᠬᠦ ᠶᠢ ᠵᠤᠷᠢᠬᠵᠢᠭᠤᠯᠵᠦ᠂ ᠣᠢ ᠶᠢᠨ ᠬᠤᠷᠮᠤᠢ ᠶᠢᠨ ᠠᠵᠤ ᠠᠬᠤᠢ ᠶᠢ ᠬᠦᠭᠵᠢᠭᠦᠯᠦᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠲᠡᠭ ᠪᠣᠯᠭᠠᠨ ᠪᠦᠲᠦᠭᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭᠠᠨ ᠢ ᠬᠡᠷᠡᠭᠵᠢᠭᠦᠯᠣᠨ᠎ᠡ᠃ ᠮᠠᠯᠵᠢᠬᠤ ᠤᠷᠤᠨ ᠤ ᠣᠳᠤᠬᠢᠴᠢᠯᠠᠯᠲᠠ ᠶᠢᠨ ᠲᠤᠷᠰᠢᠯᠲᠠ ᠶᠢᠨ ᠴᠡᠭ ᠢ ᠠᠬᠢᠭᠤᠯᠵᠤ᠂ ᠮᠠᠯ ᠪᠡᠯᠴᠢᠭᠡᠷ ᠢ ᠳᠡᠩᠴᠡᠭᠦᠷᠢᠲᠡᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠲᠡᠮᠦᠷ ᠲᠣᠣᠷ ᠲᠠᠲᠠᠬᠤ ᠶᠢ ᠪᠠᠭᠠᠰᠬᠠᠵᠤ᠂ ᠨᠤᠲᠤᠭ ᠪᠡᠯᠴᠢᠭᠡᠷ ᠢ ︽ᠬᠡᠰᠡᠭᠯᠡᠨ ᠬᠦᠷᠢᠶᠡᠯᠡᠬᠦ︾ ᠠᠰᠠᠭᠤᠳᠠᠯ ᠢ ᠰᠢᠢᠳᠪᠦᠷᠢᠯᠡᠨ᠎ᠠ᠃ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠤᠨ᠎ᠠ᠃    ᠬᠦᠳᠡᠭᠡ ᠲᠤᠰᠬᠤᠨ ᠢ ᠪᠦᠲᠦᠭᠡᠨ ᠪᠠᠶᠢᠭᠤᠯᠬᠤ ᠠᠵᠢᠯᠯᠠᠭᠠᠨ ᠢ ᠬᠡᠷᠡᠭᠵᠢᠭᠦᠯᠵᠦ᠂ ᠬᠦᠳᠡᠭᠡ ᠲᠤᠰᠬᠤᠨ ᠤ ᠲᠦᠯᠦᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠵᠦ᠂ ᠰᠢᠶᠠᠨ ᠤ ᠲᠦᠪ᠂ ᠰᠢᠶᠠᠩ ᠪᠠᠯᠭᠠᠰᠤᠨ ᠤ ᠣᠯᠠᠨ ᠨᠡᠶᠢᠲᠡ ᠶᠢᠨ ᠶᠡᠷᠦᠩᠬᠡᠢ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠣᠷᠴᠢᠨ ᠨᠦᠬᠦᠴᠡᠯ ᠢ ᠴᠡᠭᠴᠡᠯᠡᠨ ᠰᠠᠶᠢᠵᠢᠷᠠᠭᠤᠯᠬᠤ ᠠᠵᠢᠯᠯᠠᠭᠠᠨ ᠢ ᠠᠬᠢᠭᠤᠯᠵᠤ᠂ ᠵᠣᠷᠯᠤᠩ ᠢ ᠦᠭᠡᠷᠡᠴᠢᠯᠡᠬᠦ᠂ ᠬᠤᠭ ᠨᠤᠪᠰᠢ ᠪᠤᠬᠢᠷ ᠤᠰᠤ ᠶᠢ ᠰᠢᠢᠳᠪᠦᠷᠢᠯᠡᠬᠦ᠂ ᠲᠠᠷᠢᠵᠤ ᠤᠷᠭᠤᠭᠤᠯᠬᠤ ᠪᠠ ᠲᠡᠵᠢᠭᠡᠨ ᠦᠷᠡᠵᠢᠭᠦᠯᠦᠭᠡᠳ ᠭᠠᠷᠭᠠᠭᠰᠠᠨ ᠬᠠᠶᠠᠭᠳᠠᠮᠠᠯ ᠪᠤᠳᠠᠰ ᠢ ᠡᠬᠢ ᠪᠠᠶᠠᠯᠢᠬᠵᠢᠭᠤᠯᠤᠨ ᠠᠰᠢᠬᠯᠠᠬᠤ ᠶᠢ ᠭᠠᠵᠠᠷ ᠤᠷᠤᠨ ᠤ ᠪᠠᠶᠢᠳᠠᠯ ᠳᠤ ᠨᠢ ᠲᠣᠬᠢᠷᠠᠭᠤᠯᠤᠨ ᠠᠬᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠤᠯᠠᠨ ᠨᠡᠶᠢᠲᠡ ᠶᠢᠨ ᠪᠡᠯᠡᠳᠭᠡᠮᠵᠢ ᠶᠢ ᠬᠠᠮᠢᠶᠠᠷᠴᠦ ᠬᠠᠮᠠᠭᠠᠯᠠᠬᠤ ᠲᠤᠬᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃    ᠬᠤᠶᠠᠳᠤᠭᠠᠷ ᠡᠭᠡᠯᠵᠢ ᠶᠢᠨ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠬᠤᠭᠤᠴᠠᠭ᠎ᠠ ᠲᠤᠯᠤᠭᠰᠠᠨ ᠤ ᠳᠠᠷᠠᠭ᠎ᠠ 30 ᠵᠢᠯ ᠤᠷᠳᠤᠳᠬᠠᠬᠤ ᠲᠤᠷᠰᠢᠯᠲᠠ ᠶᠢᠨ ᠴᠡᠭ ᠢ ᠡᠮᠬᠢ ᠵᠢᠷᠦᠮ ᠲᠠᠢ ᠦᠷᠨᠢᠭᠦᠯᠵᠣ᠂ ᠭᠠᠵᠠᠷ ᠰᠢᠷᠤᠢ ᠡᠵᠡᠩᠨᠡᠬᠦ ᠡᠷᠬᠡ ᠶᠢ ᠡᠷᠭᠢᠯᠳᠦᠭᠦᠯᠦᠨ ᠰᠢᠯᠵᠢᠭᠦᠯᠬᠦ ᠳᠤ ᠦᠢᠯᠡᠴᠢᠯᠡᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠬᠠᠮᠲᠤ ᠶᠢᠨ ᠦᠮᠴᠢᠯᠡᠯ ᠤᠨ ᠡᠷᠬᠡ ᠶᠢᠨ ᠳᠦᠷᠢᠮ ᠤᠨ ᠦᠭᠡᠷᠡᠴᠢᠯᠡᠯᠲᠡ ᠶᠢᠨ ᠱᠠᠲᠤᠴᠢ ᠴᠢᠨᠠᠷᠲᠠᠢ ᠡᠬᠦᠷᠭᠡ ᠶᠢ ᠪᠡᠶᠡᠯᠡᠭᠦᠯᠦᠨ᠂ ᠬᠠᠮᠲᠤ ᠶᠢᠨ ᠠᠵᠤ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠡᠵᠡᠩᠨᠡᠬᠦ ᠭᠤᠣᠯ ᠴᠤᠭᠴᠠ ᠪᠠ ᠦᠢᠯᠡᠴᠢᠯᠡᠬᠦ ᠭᠤᠣᠯ ᠴᠤᠭᠴᠠ ᠶᠢ ᠪᠣᠢ ᠪᠣᠯᠭᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠲᠦᠷᠦ ᠶᠢᠨ ᠪᠣᠳᠤᠯᠭ᠎ᠠ ᠶᠢᠨ ᠴᠢᠨᠠᠷᠲᠠᠢ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠡᠳᠭᠡᠵᠦ᠂ ᠮᠠᠯᠵᠢᠬᠤ ᠲᠠᠷᠢᠶᠠᠯᠠᠬᠤ ᠤᠷᠤᠨ ᠢ ᠮᠦᠩᠭᠦᠨ ᠭᠦᠢᠯᠭᠡᠭᠡᠨ ᠢᠶᠠᠷ ᠦᠢᠯᠡᠴᠢᠯᠡᠬᠦ ᠰᠢᠰᠲ᠋ᠧᠮᠵᠢ ᠶᠢ ᠪᠦᠷᠢᠨᠰᠢᠭᠦᠯᠦᠨ᠎ᠡ᠃    ︵ᠲᠠᠪᠤ︶ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠦᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ    ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠠᠵᠢᠯ ᠢ ᠰᠠᠶᠢᠲᠤᠷ ᠠᠳᠬᠤᠵᠣ᠂ ᠳᠡᠭᠡᠳᠦ ᠳᠤᠤᠷᠠᠳᠤ ᠤᠷᠤᠰᠬᠠᠯ᠂ ᠭᠤᠣᠯ ᠰᠠᠯᠪᠤᠷᠢ ᠤᠷᠤᠰᠬᠠᠯ᠂ ᠬᠤᠶᠠᠷ ᠲᠠᠯ᠎ᠠ ᠶᠢᠨ ᠡᠷᠭᠢ ᠶᠢ ᠬᠠᠮᠵᠢᠯᠴᠠᠨ ᠵᠠᠰᠠᠬᠤ ᠪᠠᠨ ᠴᠢᠩᠭᠠᠳᠬᠠᠨ᠂ ᠭᠤᠣᠯ ᠪᠠ ᠭᠤᠣᠯ ᠤᠨ ᠰᠠᠶᠢᠷᠭᠠᠯ ᠤᠨ ᠶᠡᠷᠦᠩᠬᠡᠶᠢᠯᠡᠨ ᠵᠠᠰᠠᠵᠤ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠤ᠂ ︽ᠳᠤᠷ᠎ᠠ ᠪᠠᠷ ᠡᠵᠡᠯᠡᠵᠦ︾ ︽ᠳᠤᠷ᠎ᠠ ᠪᠠᠷ ᠪᠠᠶᠢᠭᠤᠯᠬᠤ︾ ᠠᠰᠠᠭᠤᠳᠠᠯ ᠢ ᠲᠦᠪᠯᠡᠷᠡᠭᠦᠯᠦᠨ ᠴᠡᠭᠴᠡᠯᠡᠵᠦ᠂ ᠡᠷᠭᠢ ᠳᠠᠭᠠᠤ ᠤᠷᠤᠨ ᠤ ᠠᠮᠢ ᠠᠬᠤᠢ ᠶᠢᠨ ᠴᠢᠳᠠᠮᠵᠢ ᠶᠢ ᠰᠡᠷᠭᠦᠭᠡᠨ᠎ᠡ᠃ ᠤᠷᠤᠨ ᠪᠦᠰᠡ ᠶᠢᠨ ᠬᠦᠷᠦᠰᠦ ᠰᠢᠷᠤᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠪᠠᠨ ᠴᠢᠩᠭᠠᠷᠠᠭᠤᠯᠵᠤ᠂ ᠬᠠᠰᠢᠯᠭ᠎ᠠ ᠶᠢᠨ ᠰᠡᠷᠭᠡᠶᠢᠯᠡᠯᠲᠡ ᠪᠠ ᠡᠯᠡᠰᠦ ᠨᠡᠭᠦᠳᠡᠯᠯᠡᠬᠦ ᠶᠢ ᠰᠡᠷᠭᠡᠶᠢᠯᠡᠨ ᠡᠵᠡᠮᠳᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠦᠶᠡᠷ ᠤᠰᠤᠳᠤᠯ ᠪᠠ ᠰᠦᠩ ᠬᠠᠯᠢᠶ᠎ᠠ ᠶᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠬᠠᠲᠤᠨ ᠭᠤᠣᠯ ᠳᠠᠭᠠᠤ ᠭᠠᠵᠠᠷ ᠤᠷᠤᠨ ᠤ ᠣᠷᠴᠢᠨ ᠲᠤᠭᠤᠷᠢᠨ ᠤ ᠪᠤᠬᠢᠷᠳᠤᠯ ᠢ ᠰᠢᠰᠲ᠋ᠧᠮ ᠲᠠᠢ ᠵᠠᠰᠠᠬᠤ ᠪᠠ ᠠᠭᠤᠷᠬᠠᠢ ᠶᠢᠨ ᠣᠷᠤᠨ ᠤ ᠠᠮᠢ ᠠᠬᠤᠢ ᠣᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠪᠠᠨ ᠴᠢᠩᠭᠠᠳᠬᠠᠨ᠎ᠠ᠃ ᠤᠰᠤ ᠶᠢ ᠮᠠᠰᠢ ᠰᠠᠶᠢᠨ ᠠᠷᠪᠢᠯᠠᠬᠤ ᠪᠠ ᠡᠵᠡᠮᠳᠡᠬᠦ ᠠᠵᠢᠯᠯᠠᠭᠠᠨ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠳᠦᠭᠦᠯᠢᠭ ᠪᠦᠭᠡᠳ ᠳᠣᠣᠷ᠎ᠠ ᠠᠰᠢᠬᠯᠠᠮᠵᠢ ᠲᠠᠢ ᠤᠰᠤ ᠬᠡᠷᠡᠭᠯᠡᠬᠦ ᠠᠷᠭ᠎ᠠ ᠮᠠᠶ᠋ᠢᠭ ᠢ ᠬᠤᠪᠢᠷᠠᠭᠤᠯᠤᠭᠠᠳ ᠠᠷᠪᠢᠲᠠᠢ ᠡᠷᠴᠢᠮᠲᠡᠢ ᠬᠡᠷᠡᠭᠯᠡᠬᠦ ᠶᠢ ᠦᠷᠭᠦᠯᠵᠢᠯᠡᠨ ᠠᠬᠢᠭᠤᠯᠤᠨ᠎ᠠ᠃    ᠡᠨᠧᠷᠬᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠡᠬᠢ ᠪᠠᠶᠠᠯᠢᠭ ᠢ ᠶᠡᠷᠦᠩᠬᠡᠶᠢᠯᠡᠨ ᠠᠰᠢᠬᠯᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠰᠢᠨ᠎ᠡ ᠪᠠ ᠬᠠᠭᠤᠴᠢᠨ ᠬᠦᠳᠡᠯᠭᠡᠬᠦ ᠴᠢᠳᠠᠮᠵᠢ ᠶᠢᠨ ᠰᠤᠯᠢᠬᠳᠠᠯ ᠢ ᠲᠦᠷᠭᠡᠳᠭᠡᠨ᠂ ᠨᠡᠭᠦᠷᠡᠰᠦᠨ ᠤ ᠪᠤᠰᠤ ᠠᠵᠤ ᠦᠢᠯᠡᠰ᠂ ᠡᠬᠢ ᠪᠠᠶᠠᠯᠢᠭ ᠤᠨ ᠪᠤᠰᠤ ᠠᠵᠤ ᠦᠢᠯᠡᠰ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢ ᠪᠣᠢ ᠪᠣᠯᠭᠠᠨ᠎ᠠ᠃ ᠬᠠᠲᠤᠨ ᠭᠤᠣᠯ ᠤᠨ ᠲᠤᠬᠤᠢ ᠳᠠᠬᠢ ᠲᠤᠮᠤ ᠬᠤᠲᠠ ᠶᠢᠨ ᠲᠤᠭᠤᠷᠢᠭ ᠤᠨ ᠵᠣᠬᠢᠴᠠᠯᠳᠤᠭᠰᠠᠨ ᠬᠦᠭᠵᠢᠯᠲᠡ ᠶᠢ ᠠᠬᠢᠭᠤᠯᠵᠤ᠂ ᠬᠠᠲᠤᠨ ᠭᠤᠣᠯ ᠳᠠᠭᠠᠤ ᠭᠠᠵᠠᠷ ᠣᠷᠤᠨ ᠤ ᠲᠥᠪ ᠪᠣᠯᠬᠤ ᠬᠤᠲᠠ ᠪᠠ ᠬᠤᠲᠠ ᠶᠢᠨ ᠪᠦᠯᠦᠭᠵᠢᠯ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠨ᠎ᠠ᠃    ᠬᠠᠲᠤᠨ ᠭᠤᠣᠯ ᠤᠨ ᠰᠣᠶᠤᠯ ᠢ ᠬᠠᠮᠠᠭᠠᠯᠠᠬᠤ᠂ ᠤᠯᠠᠮᠵᠢᠯᠠᠬᠤ ᠪᠠ ᠪᠠᠳᠠᠷᠠᠭᠤᠯᠵᠣ᠂ ᠬᠠᠲᠤᠨ ᠭᠤᠣᠯ ᠤᠨ ᠰᠣᠶᠤᠯ ᠤᠨ ᠴᠠᠭ ᠦᠶ᠎ᠡ ᠶᠢᠨ ᠥᠷᠲᠡᠭ ᠢ ᠭᠦᠨᠵᠡᠭᠡᠢ ᠠᠭᠤᠳᠠᠯᠤᠨ᠂ ᠰᠤᠶᠤᠯ ᠤᠨ ᠡᠬᠢ ᠪᠠᠶᠠᠯᠢᠭ ᠪᠠ ᠪᠠᠶᠢᠭᠠᠯᠢ ᠶᠢᠨ ᠡᠬᠢ ᠪᠠᠶᠠᠯᠢᠭ ᠤᠨ ᠤᠷᠭᠠᠨᠢᠭ ᠢᠶᠠᠷ ᠠᠭᠤᠰᠤᠯᠴᠠᠬᠤ ᠶᠢ ᠠᠬᠢᠭᠤᠯᠵᠤ᠂ ᠤᠷᠲᠤ ᠴᠠᠭᠠᠨ ᠬᠡᠷᠡᠮ ᠤᠨ ᠤᠯᠤᠰ ᠤᠨ ᠰᠤᠶᠤᠯ ᠤᠨ ᠴᠡᠴᠡᠷᠯᠢᠭ᠂ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠢ ᠪᠦᠲᠦᠭᠡᠨ ᠪᠠᠶᠢᠭᠤᠯᠬᠤ ᠠᠵᠢᠯ ᠢ ᠠᠬᠢᠭᠤᠯᠵᠤ᠂ ᠳᠡᠯᠡᠬᠡᠢ ᠨᠡᠶᠢᠲᠡ ᠳᠤ ᠨᠦᠯᠦᠭᠡᠯᠡᠬᠦ ᠬᠦᠴᠦᠨ ᠲᠠᠢ ᠬᠠᠲᠤᠨ ᠭᠤᠣᠯ ᠤᠨ ᠲᠣᠬᠤᠢ ᠶᠢᠨ ᠰᠤᠶᠦᠯ ᠤᠨ ᠵᠢᠭᠤᠯᠴᠢᠯᠠᠯ ᠤᠨ ᠪᠦᠰᠡ ᠶᠢ ᠴᠤᠭᠴᠠᠯᠠᠨ ᠪᠠᠶᠢᠭᠤᠯᠤᠨ᠎ᠠ᠃     ︵ᠵᠢᠷᠭᠤᠭ᠎ᠠ︶ ᠦᠭᠡᠷᠡᠴᠢᠯᠡᠯᠳᠠ ᠨᠡᠭᠡᠭᠡᠯᠳᠠ ᠶᠢ ᠨᠡᠩ ᠡᠷᠴᠢᠮᠳᠡᠢ ᠠᠬᠢᠭᠤᠯᠣᠨ᠎ᠠ    ᠵᠠᠬ᠎ᠠ ᠳᠡᠯᠭᠡᠭᠦᠷᠴᠢᠯᠡᠭᠰᠡᠨ ᠬᠠᠣᠯᠢᠵᠢᠭᠰᠠᠨ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠭᠦᠴᠣᠯᠡᠨ ᠪᠣᠢ ᠪᠣᠯᠭᠠᠨ᠎ᠠ᠃ ︽ᠳᠠᠯᠪᠢᠬᠤ ᠬᠠᠮᠢᠶᠠᠷᠬᠤ ᠦᠢᠯᠡᠴᠢᠯᠡᠭᠦ︾ ᠦᠭᠡᠷᠡᠴᠢᠯᠡᠯᠳᠠ ᠶᠢ ᠭᠦᠨᠵᠡᠭᠡᠶᠢᠷᠡᠭᠦᠯᠵᠣ᠂ ᠪᠠᠷᠢᠯᠭ᠎ᠠ ᠶᠢᠨ ᠪᠦᠳᠣᠭᠡᠨ ᠪᠠᠶᠢᠭᠤᠯᠬᠤ ᠲᠦᠷᠣᠯ ᠵᠦᠢᠯ ᠢ ᠬᠢᠨᠠᠨ ᠵᠦᠪᠰᠢᠶᠡᠷᠡᠭᠦ᠂ ᠦᠯᠣ ᠬᠦᠳᠡᠯᠭᠦ ᠬᠦᠷᠣᠩᠭᠡ ᠶᠢ ᠳᠠᠩᠰᠠᠯᠠᠨ ᠲᠡᠮᠲᠡᠭᠯᠡᠬᠦ ᠵᠡᠷᠭᠡ ᠬᠦᠷᠢᠶ᠎ᠡ ᠴᠡᠷᠠᠭᠠᠨ ᠳᠠᠬᠢ ᠦᠭᠡᠷᠡᠴᠢᠯᠡᠯᠳᠠ ᠶᠢ ᠠᠬᠢᠭᠤᠯᠵᠣ᠂ ᠵᠠᠰᠠᠭ ᠵᠠᠬᠢᠷᠭᠠᠨ ᠤ ᠵᠦᠪᠰᠢᠶᠡᠷᠡᠯ ᠪᠠ ᠪᠦᠷᠢᠳᠭᠡᠨ ᠳᠠᠩᠰᠠᠯᠠᠬᠤ ᠵᠦᠢᠯᠡᠰ ᠲᠤ ᠨᠠᠷᠢᠨ ᠬᠠᠭᠤᠳᠠᠰᠣ ᠶᠢᠨ ᠬᠠᠮᠢᠶᠠᠷᠣᠯᠳᠠ ᠶᠢ ᠬᠡᠷᠩᠵᠢᠭᠦᠯᠵᠣ᠂ ︽ᠭᠡᠷᠡᠴᠢ ᠪᠠ ᠦᠨᠡᠮᠯᠡᠯ ᠢ ᠰᠠᠯᠭᠠᠬᠤ︾ ᠦᠭᠡᠷᠡᠴᠢᠯᠡᠯᠳᠠ ᠶᠢᠨ ᠬᠤᠯᠪᠤᠬᠳᠠᠬᠤ ᠠᠵᠢᠯ ᠪᠦᠭᠦᠨ ᠢ ᠬᠠᠮᠣᠷᠬᠤ ᠶᠢ ᠨᠢ ᠠᠬᠢᠭᠤᠯᠣᠨ᠎ᠠ᠃ ᠭᠡᠷᠡᠴᠢᠯᠡᠭᠦ ᠵᠦᠢᠯᠡᠰ ᠪᠠ ᠠᠵᠣ ᠠᠬᠤᠶᠢᠯᠡᠯ ᠳᠤ ᠬᠤᠯᠪᠣᠭᠳᠠᠬᠤ ᠡᠵᠡᠩᠨᠠᠯᠳᠠ ᠶᠢᠨ ᠵᠥᠪᠰᠢᠶᠡᠷᠡᠯ ᠤᠨ ᠵᠦᠢᠯᠡᠰ ᠢ ᠨᠢ ᠮᠡᠳᠡᠭᠳᠡᠭᠦ ᠠᠮᠠᠯᠠᠯᠳᠠ ᠶᠢᠨ ᠲᠦᠷᠢᠮ ᠢ ᠬᠡᠷᠩᠵᠢᠭᠦᠯᠣᠨ᠎ᠡ᠃ ᠨᠠᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢ ᠳᠡᠭᠦᠯᠳᠡᠷᠵᠢᠭᠦᠯᠵᠣ᠂ ᠢᠳᠡᠭᠡᠯ ᠠᠯᠳᠠᠭᠰᠠᠣᠨ ᠢ ᠵᠠᠯᠬᠠᠭᠠᠨ ᠰᠢᠢᠳᠭᠡᠬᠦ ᠡᠷᠴᠢᠮ ᠢᠶᠠᠨ ᠴᠢᠩᠭᠠᠷᠠᠭᠤᠯᠵᠣ᠂ ᠡᠷᠬᠡ ᠲᠡᠭᠰᠢ ᠪᠠᠷ ᠦᠷᠢᠰᠣᠯᠳᠣᠭᠦ ᠵᠠᠬ᠎ᠠ ᠳᠡᠯᠭᠡᠭᠦᠷ ᠤᠨ ᠣᠷᠴᠢᠨ ᠢ ᠬᠠᠮᠠᠭᠠᠯᠠᠨ᠎ᠠ᠃ ︽ᠨᠢᠭᠡᠯᠠ ᠰᠦᠯᠵᠢᠶ᠎ᠠ ᠪᠠᠷ ᠨᠠᠶᠢᠳᠠᠮ ᠭᠦᠢᠴᠡᠣᠡᠭᠡᠭᠦ︾᠂ ︽ᠭᠠᠷ ᠤᠲᠠᠰᠤ ᠪᠠᠷ ᠭᠦᠢᠴᠡᠣᠡᠭᠡᠭᠦ︾᠂ ᠣᠷᠣᠯᠠᠨ ᠭᠦᠢᠴᠡᠣᠡᠭᠡᠭᠦ ᠪᠠ ᠬᠠᠪᠰᠣᠷᠣᠨ ᠭᠦᠢᠴᠡᠣᠡᠭᠡᠭᠦ ᠵᠡᠷᠭᠡ ᠠᠵᠢᠯ ᠢ ᠠᠬᠢᠭᠤᠯᠵᠣ᠂ ᠠᠷᠠᠣᠨ ᠲᠤ ᠲᠦᠭᠦᠮ ᠦᠵᠡᠭᠦᠯᠭᠦ ᠦᠢᠯᠡᠴᠢᠯᠡᠬᠡᠨ ᠤ ᠬᠠᠯᠠᠮᠰᠢᠯ ᠣᠳᠠᠰᠣ ᠶᠢ ᠡᠮᠬᠢᠯᠡᠨ ᠨᠠᠶᠢᠯᠡᠭᠦᠯᠵᠣ᠂ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠳᠠᠰᠣᠷᠠᠯᠳᠠ ᠦᠭᠡᠢ ᠰᠢᠯᠢᠳᠡᠭᠵᠢᠭᠦᠯᠣᠨ᠎ᠠ᠃ ᠲᠤᠳᠤᠨᠤ ᠴᠢᠭᠡᠴᠢ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠵᠣ᠂ ᠠᠷᠠᠣᠨ ᠠᠴᠠ ᠡᠵᠡᠩᠨᠡᠭᠰᠠᠨ ᠠᠵᠣ ᠠᠬᠤᠶᠢᠯᠡᠯ ᠤᠨ ᠦᠮᠴᠢᠯᠡᠯ ᠤᠨ ᠡᠷᠬᠡ ᠪᠠ ᠠᠵᠣ ᠠᠬᠤᠶᠢᠯᠡᠯᠳᠠᠣᠨ ᠤᠨ ᠡᠷᠬᠡ ᠠᠰᠢᠭ ᠢ ᠬᠠᠣᠯᠢ ᠶᠣᠰᠣᠭᠠᠷ ᠬᠠᠮᠠᠭᠠᠯᠠᠨ᠎ᠠ᠃    ᠣᠯᠣᠰ ᠤᠨ ᠦᠮᠴᠢᠯᠠᠯᠳᠣ ᠠᠵᠣ ᠠᠬᠤᠶᠢᠯᠡᠯ ᠤᠨ ᠦᠭᠡᠷᠡᠴᠢᠯᠡᠯᠳᠠ ᠶᠢᠨ ᠭᠤᠷᠪᠡᠨ ᠵᠢᠯ ᠤᠨ ᠠᠵᠢᠯᠯᠠᠭᠠᠨ ᠢ ᠭᠦᠨᠵᠡᠭᠡᠢ ᠬᠡᠷᠩᠵᠢᠭᠦᠯᠵᠣ᠂ ᠪᠦᠬᠦ ᠤᠷᠤᠨ ᠤ ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠳᠠᠬᠢ ᠤᠯᠤᠰ ᠤᠨ ᠦᠮᠴᠢᠯᠡᠯᠲᠦ ᠬᠦᠷᠦᠩᠭᠡ ᠶᠢᠨ ᠪᠠᠶᠢᠷᠢᠰᠢᠭᠤᠯᠤᠯ ᠬᠢᠭᠡᠳ ᠪᠦᠲᠦᠴᠡ ᠳᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠬᠢᠷᠠᠭᠤᠯᠤᠯᠲᠠ ᠬᠢᠬᠦ ᠲᠦᠯᠦᠪᠵᠢᠭᠦᠯᠭᠡ ᠶᠢ ᠲᠤᠬᠲᠠᠭᠠᠵᠦ ᠬᠡᠷᠡᠭᠵᠢᠭᠦᠯᠦᠨ᠎ᠡ᠃ ᠬᠤᠯᠢᠮᠠᠭ ᠦᠮᠴᠢᠯᠡᠯᠳᠣ ᠲᠦᠷᠢᠮ ᠤᠨ ᠦᠭᠡᠷᠡᠴᠢᠯᠡᠯᠳᠠ ᠶᠢ ᠯᠠᠪᠳᠠᠭᠤᠨ ᠢᠶᠠᠷ ᠠᠬᠢᠭᠤᠯᠵᠣ᠂ ᠣᠳᠣ ᠦᠶ᠎ᠡ ᠶᠢᠨ ᠠᠵᠣ ᠠᠬᠤᠶᠢᠯᠡᠯ ᠤᠨ ᠲᠦᠷᠢᠮ ᠢ ᠪᠠᠶᠢᠭᠤᠯᠬᠤ ᠪᠠᠨ ᠲᠦᠷᠭᠡᠣᠡᠭᠡᠨ᠎ᠠ᠃ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠦᠭᠡᠷᠡᠴᠢᠯᠡᠯᠳᠠ ᠶᠢ ᠭᠦᠨᠵᠡᠬᠡᠶᠢᠷᠡᠭᠦᠯᠵᠣ᠂ ᠴᠠᠬᠢᠯᠭᠠᠨ ᠭᠦᠴᠣᠨ ᠤ ᠠᠷᠠᠯᠵᠢᠶᠠᠨ ᠤ ᠵᠠᠬ᠎ᠠ ᠳᠡᠯᠭᠡᠭᠦᠷᠴᠢᠯᠡᠬᠦ ᠬᠡᠮᠵᠢᠶ᠎ᠠ ᠶᠢ ᠳᠡᠭᠡᠭᠰᠢᠯᠡᠭᠦᠯᠥᠨ᠎ᠡ᠃    ᠲᠦᠰᠣᠪ ᠤᠨ ᠬᠢᠵᠠᠭᠠᠷᠯᠠᠯ ᠪᠠ ᠠᠮᠵᠢᠯᠳᠠ ᠪᠦᠳᠣᠮᠵᠢ ᠶᠢᠨ ᠬᠠᠮᠢᠶᠠᠷᠣᠯᠳᠠ ᠶᠢ ᠴᠢᠩᠭᠠᠷᠠᠭᠤᠯᠵᠦ᠂ ᠴᠢᠬᠤᠯᠨ ᠶᠡᠭᠡ ᠪᠠᠶᠢᠯᠳᠣᠬᠤ ᠪᠣᠳᠣᠯᠭ᠎ᠠ ᠶᠢᠨ ᠡᠭᠦᠷᠭᠡ ᠪᠠ ᠦᠨᠳᠣᠰᠣᠨ ᠱᠠᠳᠣᠨ ᠤ ᠣᠯᠠᠨ ᠨᠠᠶᠢᠳᠠ ᠶᠢᠨ ᠦᠢᠯᠡᠴᠢᠯᠡᠭᠡᠨ ᠤ ᠡᠳ᠋ ᠤᠨ ᠶᠠᠪᠤᠳᠠᠯ ᠤᠨ ᠭᠦᠴᠣᠨ ᠤ ᠪᠠᠳᠣᠯᠠᠭ᠎ᠠ ᠶᠢ ᠨᠡᠮᠡᠭᠳᠡᠭᠦᠯᠣᠨ᠂ ᠵᠠᠰᠠᠭ ᠤᠨ ᠣᠷᠳᠣᠨ ᠤ ᠪᠡᠯᠡ ᠣᠷᠣᠭᠤᠯᠣᠯᠳᠠ ᠶᠢᠨ ᠰᠠᠭᠤᠷᠢ ᠮᠦᠩᠭᠦ ᠶᠢ ᠬᠡᠷᠩᠯᠡᠭᠦ ᠦᠷ᠎ᠡ ᠪᠦᠳᠣᠮᠵᠢ ᠶᠢ ᠳᠡᠭᠡᠭᠰᠢᠯᠡᠭᠦᠯᠤᠨ᠎ᠡ᠃ ᠵᠠᠰᠠᠭ ᠤᠨ ᠣᠷᠳᠣᠨ ᠤ ᠳᠠᠯᠳᠠ ᠦᠷᠢ ᠥᠭᠴᠡᠭᠡ ᠶᠢ ᠠᠷᠢᠯᠭᠠᠬᠤ ᠠᠵᠢᠯ ᠢ ᠰᠠᠶᠢᠳᠣᠷ ᠬᠢᠵᠣ᠂ ᠠᠷᠠᠣᠨ ᠠᠴᠠ ᠡᠵᠡᠩᠨᠡᠭᠰᠡᠨ ᠠᠵᠣ ᠠᠬᠤᠶᠢᠯᠠᠯ ᠲᠣᠮᠳᠡ ᠵᠢᠵᠢᠭ ᠠᠵᠣ ᠠᠬᠤᠶᠢᠯᠠᠯ ᠤᠨ ᠳᠠᠩᠰᠠᠨ ᠤ ᠵᠣᠭᠤᠰ ᠦᠷᠢᠳᠣᠭᠦ ᠶᠢ ᠨᠢ ᠰᠡᠷᠭᠡᠶᠢᠯᠡᠭᠦ ᠣᠷᠳᠣ ᠬᠤᠭᠤᠴᠠᠭᠠᠨ ᠤ ᠪᠦᠳᠦᠮᠵᠢᠳᠡᠢ ᠲᠣᠭᠳᠠᠴᠨ ᠶᠢ ᠪᠠᠶᠢᠭᠤᠯᠣᠨ᠎ᠠ᠃    ᠪᠣᠳᠠᠳᠣ ᠴᠤᠭᠴᠠ ᠶᠢᠨ ᠠᠵᠣ ᠠᠬᠤᠢ ᠶᠢ ᠮᠦᠩᠭᠦᠨ ᠭᠦᠢᠯᠭᠡᠭᠡ ᠪᠠᠷ ᠳᠡᠮᠵᠢᠭᠦ ᠪᠦᠲᠦᠮᠵᠢᠲᠡᠢ ᠲᠣᠭᠳᠠᠴᠨ ᠶᠢ ᠣᠯᠠᠮ ᠨᠢᠭᠡ ᠠᠯᠬᠤᠮ ᠳᠡᠭᠦᠯᠳᠡᠷᠵᠢᠭᠦᠯᠵᠣ᠂ ᠲᠦᠭᠡᠮᠡᠯ ᠬᠠᠷᠠᠭᠠᠯᠵᠠᠯᠳᠣ ᠮᠦᠩᠭᠦᠨ ᠭᠦᠢᠯᠭᠡᠭᠡ᠂ ᠪᠣᠬᠢᠷᠳᠤᠯ ᠦᠭᠡᠢ ᠮᠦᠩᠭᠦᠨ ᠭᠦᠢᠯᠭᠡᠭᠡ ᠶᠢ ᠬᠥᠭᠵᠢᠭᠦᠯᠣᠨ᠎ᠡ᠃ ᠣᠷᠣᠨ ᠨᠣᠳᠤᠭ ᠤᠨ ᠮᠦᠩᠭᠦᠨ ᠭᠦᠢᠯᠭᠡᠭᠡᠨ ᠤ ᠬᠢᠨᠠᠯᠳᠠ ᠬᠠᠮᠢᠶᠠᠷᠣᠯᠳᠡ ᠶᠢᠨ ᠬᠢᠷᠢ ᠲᠦᠪᠰᠢᠨ ᠢ ᠪᠦᠭᠦ ᠲᠡᠯ᠎ᠠ ᠪᠠᠷ ᠳᠡᠭᠡᠭᠰᠢᠯᠡᠭᠦᠯᠵᠥ᠂ ᠵᠦᠢ ᠪᠤᠰᠤ ᠬᠦᠷᠣᠩᠭᠡ ᠶᠢ ᠴᠡᠪᠡᠷᠯᠡᠨ ᠬᠤᠷᠢᠶᠠᠵᠤ ᠰᠢᠢᠣᠡᠪᠣᠷᠢᠯᠡᠨ᠂ ᠠᠷᠠᠯᠵᠢᠶᠠᠨ ᠤ ᠭᠠᠵᠠᠷ᠂ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ ᠲᠣᠬᠢᠷᠠᠭᠤᠯᠭ᠎ᠠ ᠶᠢᠨ ᠳᠠᠭᠠᠭᠠᠯᠳᠠ ᠵᠡᠷᠭᠡ ᠣᠷᠣᠨ ᠨᠣᠳᠤᠭ ᠤᠨ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ ᠲᠦᠭᠰᠢᠭᠦᠷᠢ ᠶᠢ ᠰᠡᠷᠭᠡᠶᠢᠯᠡᠨ᠂ ᠵᠢᠭᠡᠯᠡᠯᠭᠡ ᠶᠢᠨ ᠲᠡᠮᠲᠡᠭ ᠤᠨ ᠵᠠᠬ᠎ᠠ ᠳᠡᠯᠭᠡᠭᠦᠷ ᠤᠨ ᠭᠡᠷ᠎ᠡ ᠵᠦᠷᠢᠴᠡᠵᠦ ᠮᠡᠳᠡᠬᠦ ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠭᠦ ᠪᠠᠨ ᠴᠢᠩᠭᠠᠣᠡᠬᠠᠨ᠂ ᠰᠢᠰᠲ᠋ᠧᠮ ᠤᠨ ᠴᠢᠨᠠᠷᠳᠠᠢ ᠲᠦᠭᠰᠢᠭᠦᠷᠢ ᠦᠯᠣ ᠡᠭᠦᠰᠭᠡᠬᠦ ᠬᠤᠷᠢᠭ᠎ᠠ ᠱᠣᠭᠤᠮ ᠢ ᠪᠠᠳᠣ ᠰᠠᠬᠢᠨ᠎ᠠ᠃    ᠬᠦᠬᠡᠬᠤᠳᠠ ᠪᠣᠭᠤᠳᠣ ᠣᠷᠳᠣᠰ ᠦᠬᠠᠢ ᠶᠢ ᠨᠢᠭᠡ ᠴᠣᠭᠴᠠᠵᠢᠭᠤᠯᠣᠨ ᠭᠦᠭᠵᠢᠭᠦᠯᠭᠦ ᠪᠠᠨ ᠬᠦᠴᠣᠯᠠᠨ ᠠᠬᠢᠭᠤᠯᠵᠣ᠂ ᠬᠦᠷᠢᠶᠡᠯᠡᠩ ᠲᠤᠭᠤᠷᠢᠬ ᠢ ᠬᠠᠮᠲᠤᠷᠠᠨ ᠪᠠᠶᠢᠭᠤᠯᠵᠦ᠂ ᠠᠰᠢᠭ ᠲᠣᠰᠠ ᠪᠠᠨ ᠬᠠᠮᠳᠣ ᠪᠠᠷ ᠬᠦᠷᠳᠡᠭᠦ ᠪᠠ ᠭᠠᠶᠢᠯᠢ ᠶᠢᠨ ᠣᠷᠤᠯᠭ᠎ᠠ ᠪᠠᠨ ᠬᠤᠪᠢᠳᠠᠨ ᠬᠤᠪᠢᠶᠠᠷᠢᠯᠠᠨ᠎ᠠ᠃ ᠣᠯᠠᠭᠠᠨᠬᠠᠳᠠ᠂ ᠲᠦᠩᠯᠢᠶᠣᠣ ᠶᠢᠨ ᠣᠷᠣᠨ ᠪᠦᠰᠡ ᠶᠢᠨ ᠲᠦᠪ ᠪᠣᠯᠬᠤ ᠬᠤᠳᠡ ᠶᠢ ᠪᠦᠳᠣᠭᠡᠨ ᠪᠠᠶᠢᠭᠤᠯᠵᠣ᠂ ᠵᠡᠭᠦᠨ ᠬᠡᠰᠡᠭ ᠤᠨ ᠠᠶᠢᠮᠠᠭ ᠬᠤᠳᠡ ᠳᠤ ᠪᠣᠬᠢᠷᠳᠣᠯ ᠦᠭᠡᠢ ᠠᠵᠣ ᠦᠢᠯᠡᠰ ᠤᠨ ᠰᠢᠰᠲ᠋ᠧᠮᠵᠢ ᠶᠢ ᠴᠤᠬᠴᠠᠯᠠᠨ ᠪᠠᠶᠢᠭᠤᠯᠬᠤ ᠪᠠᠨ ᠲᠦᠷᠭᠡᠳᠭᠡᠨ᠎ᠠ᠃ ᠦᠬᠠᠢ ᠵᠢᠴᠢ ᠡᠷᠬᠢᠨ ᠲᠣᠭᠤᠷᠢᠨ ᠤ ᠭᠠᠵᠡᠷ ᠣᠷᠣᠨ ᠢ ᠪᠣᠬᠢᠷᠳᠣᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠣᠡᠭᠡᠨ᠂ ᠣᠷᠣᠨ ᠪᠦᠰᠡ ᠶᠢᠨ ᠭᠦᠭᠵᠢᠯᠳᠡ ᠶᠢᠨ ᠦᠷᠢᠰᠣᠯᠳᠣᠭᠦ ᠭᠦᠴᠣᠨ ᠢ ᠴᠢᠩᠭᠠᠷᠠᠭᠤᠯᠤᠨ᠎ᠠ᠃ ᠪᠡᠭᠡᠵᠢᠩ ᠲᠢᠶᠠᠨᠵᠢᠨ ᠾᠧᠪᠸᠢ᠂ ᠬᠦᠬᠡᠮᠦ᠋ᠷᠡᠨ ᠤ ᠭᠤᠷᠪᠡᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠤᠮᠤ ᠪᠤᠯᠤᠩ ᠤᠨ ᠣᠷᠣᠨ ᠵᠡᠷᠭᠡ ᠭᠠᠵᠡᠷ ᠣᠷᠣᠨ ᠯᠤᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃    ᠥᠷᠭᠡᠨ ᠬᠡᠪᠴᠢᠶᠠᠨ ᠤ ᠬᠢᠯᠢ ᠶᠢᠨ ᠪᠣᠭᠤᠮᠳᠡ ᠶᠢᠨ ᠠᠵᠣ ᠠᠬᠤᠢ ᠶᠢ ᠶᠡᠭᠡ ᠪᠠᠷ ᠬᠦᠭᠵᠢᠭᠦᠯᠵᠥ᠂ ᠪᠦᠭᠦ ᠣᠷᠣᠨ ᠤ ᠬᠢᠯᠢ ᠶᠢᠨ ᠪᠣᠭᠤᠮᠳᠡ ᠶᠢ ᠲᠦᠯᠣᠪᠵᠢᠭᠦᠯᠭᠦ᠂ ᠪᠦᠳᠣᠭᠡᠨ ᠪᠠᠶᠢᠭᠤᠯᠬᠤ ᠪᠠ ᠬᠠᠮᠢᠶᠠᠷᠬᠤ ᠶᠢ ᠨᠢᠭᠡᠲᠦᠯᠲᠠᠢ ᠲᠦᠯᠦᠪᠯᠡᠵᠦ᠂ ᠨᠡᠪᠲᠡᠷᠡᠯ ᠠᠵᠣ ᠠᠬᠤᠢ ᠠᠴᠠ ᠰᠠᠭᠤᠷᠢᠰᠢᠯ ᠠᠵᠣ ᠠᠬᠤᠢ ᠲᠡᠶᠢᠰᠢ ᠬᠤᠪᠢᠷᠠᠬᠤ ᠶᠢ ᠠᠬᠢᠭᠤᠯᠣᠨ᠎ᠠ᠃ ᠮᠠᠨᠵᠣᠣᠷ ᠵᠡᠷᠭᠡ ᠣᠯᠣᠰ ᠤᠨ ᠭᠤᠣᠯᠳᠠᠯᠭ᠎ᠠ ᠲᠠᠢ ᠨᠡᠭᠡᠭᠡᠯᠳᠡ ᠬᠢᠵᠣ ᠴᠢᠯᠣᠭᠡᠳᠠᠢ ᠶᠠᠪᠣᠯᠴᠠᠬᠤ ᠲᠣᠷᠰᠢᠯᠳᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠣ᠂ ᠡᠷᠢᠶᠡᠨ ᠬᠤᠳᠡ — ᠵᠠᠮ ᠤᠨ ᠡᠭᠦᠳᠡ ᠶᠢᠨ ᠠᠵᠣ ᠠᠬᠤᠢ ᠶᠢᠨ ᠬᠠᠮᠲᠤᠷᠠᠯᠴᠠᠭ᠎ᠠ ᠶᠢᠨ ᠣᠷᠣᠨ ᠤ ᠪᠦᠳᠣᠭᠡᠨ ᠪᠠᠶᠢᠭᠤᠯᠣᠯᠳᠠ ᠶᠢ ᠠᠬᠢᠭᠤᠯᠤᠨ᠎ᠠ᠃ ᠲᠣᠮᠳᠠᠳᠣ ᠣᠯᠣᠰ ︵ᠦᠪᠣᠷ ᠮᠣᠩᠭᠤᠯ︶ ᠤᠨ ᠴᠢᠯᠣᠭᠡᠳᠣ ᠠᠷᠠᠯᠵᠢᠶᠠᠨ ᠤ ᠲᠣᠷᠰᠢᠯᠳᠡ ᠶᠢᠨ ᠣᠷᠣᠨ ᠢ ᠭᠤᠶᠣᠴᠢᠯᠡᠨ ᠮᠡᠳᠡᠭᠦᠯᠭᠦ ᠠᠵᠢᠯ ᠢ ᠠᠬᠢᠭᠤᠯᠣᠨ᠎ᠠ᠃    ︵ᠲᠣᠯᠤᠭ᠎ᠠ︶ ᠠᠮᠢ ᠠᠬᠤᠢ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠣᠨ᠎ᠠ    ᠣᠯᠣᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠦᠯᠣᠪᠵᠢᠭᠦᠯᠭᠡ ᠶᠢ ᠲᠣᠭᠳᠠᠭᠠᠨ ᠬᠡᠷᠩᠵᠢᠭᠦᠯᠵᠣ᠂ ︽ᠭᠤᠷᠪᠡᠨ ᠱᠣᠭᠤᠮ ᠨᠢᠭᠡ ᠬᠠᠭᠤᠳᠠᠰᠣ︾ ᠶᠢᠨ ᠠᠮᠢ ᠠᠬᠤᠢ ᠣᠷᠴᠢᠨ ᠲᠣᠭᠤᠷᠢᠨ ᠤ ᠪᠦᠰᠡ ᠬᠤᠪᠢᠶᠠᠨ ᠬᠠᠮᠢᠶᠠᠷᠣᠨ ᠡᠵᠡᠮᠳᠡᠭᠦ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠤᠨ᠎ᠠ᠃ ᠣᠢ ᠰᠢᠭᠤᠢ ᠶᠢᠨ ᠳᠠᠷᠤᠭ᠎ᠠ ᠪᠠ ᠡᠪᠡᠰᠦ ᠪᠡᠯᠴᠢᠭᠡᠷ ᠤᠨ ᠲᠠᠷᠤᠭ᠎ᠠ ᠶᠢᠨ ᠲᠦᠷᠢᠮ ᠢ ᠪᠦᠭᠦ ᠳᠠᠯ᠎ᠡ ᠪᠠᠷ ᠬᠡᠷᠩᠵᠢᠭᠦᠯᠵᠣ᠂ ᠠᠮᠢ ᠠᠬᠤᠢ ᠶᠢᠨ ᠰᠢᠰᠲ᠋ᠧᠮ ᠤᠨ ᠴᠢᠬᠤᠯᠨ ᠶᠡᠭᠡ ᠬᠠᠮᠠᠭᠠᠯᠠᠵᠣ ᠰᠡᠷᠭᠦᠭᠡᠭᠦ ᠢᠨᠵᠧᠨᠧᠷᠢᠩ ᠢ ᠠᠬᠢᠭᠤᠯᠤᠨ᠎ᠠ᠃ ᠨᠣᠳᠤᠭ ᠪᠡᠯᠴᠢᠭᠡᠷ ᠤᠢᠢᠳᠤ ᠭᠠᠵᠠᠷ ᠢ ᠡᠪᠳᠡᠭᠰᠡᠨ ᠲᠣᠭᠳᠠᠭᠠᠯ ᠪᠠ ᠬᠠᠤᠯᠢ ᠠᠴᠠ ᠵᠦᠷᠢᠴᠡᠭᠰᠡᠨ ᠠᠰᠠᠭᠤᠳᠠᠯ ᠢ ᠴᠡᠭᠴᠡᠯᠡᠨ ᠵᠠᠰᠠᠨ᠎ᠡ᠃ ᠣᠯᠣᠰ ᠤᠨ ᠨᠤᠲᠤᠭ ᠳᠡᠪᠢᠰᠬᠡᠷ ᠢ ᠨᠤᠭᠤᠭᠠᠷᠠᠭᠤᠯᠬᠤ ᠠᠵᠢᠯᠯᠠᠭᠠᠨ ᠢ ᠦᠷᠭᠦᠯᠵᠢᠯᠡᠨ ᠦᠷᠨᠢᠭᠦᠯᠵᠣ᠂ ᠠᠮᠢ ᠠᠬᠤᠢ ᠶᠢᠨ ᠰᠢᠰᠲ᠋ᠧᠮ ᠤᠨ ᠨᠡᠭᠦᠷᠡᠰᠣᠳᠦ᠋ᠷᠣᠭ᠍ᠴᠢ ᠬᠤᠷᠠᠭᠤᠯᠬᠤ ᠴᠢᠳᠠᠪᠣᠷᠢ ᠶᠢ ᠳᠡᠭᠡᠭᠰᠢᠯᠡᠭᠦᠯᠦᠨ᠎ᠡ᠃ ᠣᠯᠣᠰ ᠤᠨ ᠴᠡᠴᠡᠷᠯᠢᠭ ᠢᠶᠠᠷ ᠭᠤᠶᠣᠴᠢᠯᠡᠨ ᠮᠡᠳᠡᠭᠦᠯᠭᠦ ᠠᠵᠢᠯ ᠢ ᠠᠬᠢᠭᠤᠯᠣᠨ᠎ᠠ᠃    ᠨᠡᠭᠦᠷᠡᠰᠣᠳᠦ᠋ᠷᠣᠭ᠍ᠴᠢ ᠭᠠᠳᠠᠭᠰᠢᠯᠠᠭᠤᠯᠬᠤ ᠣᠷᠬᠢᠯ ᠬᠡᠮᠵᠢᠭᠳᠡᠯ ᠠᠴᠠ ᠨᠢ ᠪᠠᠭᠤᠷᠠᠭᠤᠯᠬᠤ ᠪᠠ ᠨᠡᠭᠦᠷᠡᠰᠣᠳᠦ᠋ᠷᠣᠭ᠍ᠴᠢ ᠭᠠᠳᠠᠭᠰᠢᠯᠠᠭᠤᠯᠬᠤ ᠶᠢ ᠵᠥᠭᠰᠢᠷᠡᠭᠦᠯᠦᠨ ᠨᠠᠮᠳᠠᠭᠠᠬᠤ ᠠᠵᠢᠯ ᠢ ᠰᠠᠶᠢᠳᠣᠷ ᠬᠢᠵᠣ᠂ ᠦᠪᠡᠷᠲᠡᠭᠡᠨ ᠵᠠᠰᠠᠬᠤ ᠤᠷᠤᠨ ᠤ ᠨᠡᠭᠦᠷᠡᠰᠦᠳᠦ᠋ᠷᠦᠭᠴᠢ ᠭᠠᠳᠠᠬᠰᠢᠯᠠᠭᠤᠯᠬᠤ ᠤᠷᠬᠢᠯ ᠬᠡᠮᠵᠢᠭᠳᠡᠯ ᠠᠴᠠ ᠨᠢ ᠪᠠᠭᠤᠷᠠᠭᠤᠯᠬᠤ ᠠᠵᠢᠯᠯᠠᠭᠠᠨ ᠤ ᠲᠦᠰᠦᠯ ᠢ ᠨᠠᠶᠢᠷᠠᠭᠤᠯᠤᠨ ᠵᠤᠬᠢᠶᠠᠭᠠᠳ ᠡᠨᠧᠷᠬᠢ ᠠᠷᠪᠢᠯᠠᠨ ᠪᠣᠬᠢᠷᠳᠣᠯ ᠢ ᠪᠠᠭᠠᠰᠬᠠᠵᠤ ᠨᠡᠭᠦᠷᠡᠰᠣᠳᠦ᠋ᠷᠣᠭ᠍ᠴᠢ ᠪᠠᠭ᠎ᠠ ᠭᠠᠳᠠᠭᠰᠢᠯᠠᠭᠤᠯᠬᠤ ᠶᠢ ᠵᠡᠷᠭᠡ ᠳᠤᠨᠢ ᠠᠬᠢᠭᠤᠯᠣᠨ᠎ᠠ᠃ ᠪᠣᠬᠢᠷᠳᠣᠯ ᠢ ᠰᠠᠷᠭᠡᠶᠢᠯᠡᠨ ᠵᠠᠰᠠᠬᠤ ᠳᠤ ᠨᠠᠷᠢᠯᠢᠬᠵᠢᠬᠰᠠᠨ ᠵᠥᠷᠢᠶᠡᠵᠢᠭᠰᠡᠨ ᠬᠢᠨᠠᠯᠳᠠ ᠬᠠᠮᠢᠶᠠᠷᠣᠯᠳᠠ ᠶᠢ ᠬᠡᠷᠩᠵᠢᠭᠦᠯᠵᠣ᠂ ᠠᠵᠣ ᠠᠬᠤᠶᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠨ᠎ᠠ᠃ ᠴᠡᠪᠡᠷᠬᠡᠨ ᠳᠤᠯᠠᠭᠠᠯᠠᠭ᠎ᠠ ᠶᠢᠨ ᠢᠨᠵᠧᠨᠧᠷᠢᠩ ᠢ ᠠᠬᠢᠭᠤᠯᠤᠨ᠎ᠠ᠃ ᠬᠦᠬᠡᠬᠤᠲᠠ᠂ ᠪᠤᠭᠤᠲᠦ᠂ ᠦᠬᠠᠢ ᠵᠢᠴᠢ ᠡᠷᠬᠢᠨ ᠲᠣᠭᠤᠷᠢᠨ ᠤ ᠭᠠᠵᠡᠷ ᠣᠷᠣᠨ ᠤ ᠠᠭᠠᠷ ᠮᠠᠨᠳᠠᠯ ᠤᠨ ᠪᠣᠬᠢᠷᠳᠣᠯ ᠢ ᠵᠠᠰᠠᠬᠤ ᠪᠠᠨ ᠴᠢᠩᠭᠠᠳᠬᠠᠨ᠎ᠠ᠃ ᠭᠤᠣᠯ ᠮᠦᠷᠡᠨ ᠤ ᠳᠠᠷᠤᠭ᠎ᠠ ᠶᠢᠨ ᠲᠦᠷᠢᠮ ᠢ ᠨᠠᠶᠢᠳᠠᠪᠣᠷᠢᠵᠢᠭᠤᠯᠣᠨ᠂ ︽ᠭᠤᠷᠪᠡᠨ ᠨᠠᠭᠤᠷ︾᠂ ᠴᠠᠭᠠᠨᠨᠠᠭᠤᠷ ᠤᠨ ᠠᠮᠢ ᠠᠬᠤᠢ ᠤᠷᠴᠢᠨ ᠲᠤᠭᠤᠷᠢᠨ ᠤ ᠵᠠᠰᠠᠯᠳᠡ ᠶᠢ ᠠᠬᠢᠭᠤᠯᠣᠨ᠎ᠠ᠃ ᠬᠤᠳᠡ ᠪᠠᠯᠭᠠᠰᠣᠨ ᠤ ᠠᠮᠢᠳᠣᠷᠠᠯ ᠤᠨ ᠪᠣᠬᠢᠷ ᠣᠰᠦ ᠶᠢ ᠬᠤᠷᠢᠶᠠᠬᠤ ᠳᠤ ᠬᠦᠴᠢᠷ᠂ ᠳᠠᠬᠢᠯᠲᠠ ᠣᠰᠦ ᠶᠢ ᠪᠣᠴᠠᠭᠠᠡ ᠠᠰᠢᠬᠯᠠᠬᠤ ᠨᠣᠷᠮ᠎ᠡ ᠳᠣᠣᠷ᠎ᠠ ᠵᠡᠷᠭᠡ ᠠᠰᠠᠭᠤᠳᠠᠯ ᠢ ᠰᠢᠢᠣᠡᠪᠣᠷᠢᠯᠡᠵᠣ᠂ ᠭᠠᠵᠡᠷ ᠲᠣᠣᠷᠠᠬᠢ ᠣᠰᠦ ᠶᠢ ᠬᠡᠳᠣᠷᠡᠳᠡᠯ᠎ᠠ ᠲᠠᠲᠠᠬᠤ ᠶᠢ ᠵᠠᠰᠠᠨ᠎ᠡ᠃ ᠲᠠᠷᠢᠶᠠᠯᠠᠩ ᠤᠨ ᠣᠯᠠᠨ ᠡᠬᠢᠳᠣ ᠪᠣᠬᠢᠷᠳᠣᠯ ᠢ ᠵᠠᠰᠠᠨ᠎ᠠ᠃ ᠡᠮᠴᠢᠯᠡᠭᠡᠨ ᠤ ᠬᠠᠶᠠᠭᠳᠠᠮᠠᠯ ᠪᠣᠳᠠᠰ ᠪᠠ ᠠᠶᠤᠯᠳᠠᠢ ᠬᠠᠶᠠᠭᠳᠠᠮᠠᠯ ᠪᠣᠳᠠᠰ ᠢ ᠬᠤᠷᠢᠶᠠᠨ ᠴᠣᠭᠯᠠᠭᠤᠯᠵᠣ ᠰᠢᠢᠣᠡᠪᠣᠷᠢᠯᠡᠭᠦ ᠪᠠᠨ ᠴᠢᠩᠭᠠᠣᠡᠬᠠᠨ᠂ ᠠᠮᠢᠳᠣᠷᠠᠯ ᠤᠨ ᠬᠤᠭ ᠨᠣᠪᠰᠢ ᠶᠢ ᠲᠦᠷᠦᠯ ᠬᠤᠪᠢᠶᠠᠨ ᠬᠠᠮᠢᠶᠠᠷᠬᠤ ᠶᠢ ᠠᠬᠢᠭᠤᠯᠤᠨ᠎ᠠ᠃    ᠡᠨᠧᠷᠬᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠠ ᠪᠠ ᠡᠨᠧᠷᠬᠢ ᠶᠢᠨ ᠬᠤᠷᠤᠬᠳᠠᠯ ᠤᠨ ᠬᠦᠴᠣᠯᠡᠴᠨ ᠶᠢ ᠴᠢᠩᠭ᠎ᠠ ᠡᠵᠡᠮᠳᠡᠵᠣ᠂ ᠰᠢᠨ᠎ᠡ ᠪᠠᠷ ᠪᠠᠶᠢᠭᠤᠯᠣᠭᠰᠠᠨ ᠲᠦᠷᠣᠯ ᠵᠦᠢᠯ ᠤᠨ ᠨᠢᠭᠡᠴᠢ ᠦᠢᠯᠡᠣᠡᠭᠦᠨ ᠤ ᠡᠨᠧᠷᠬᠢ ᠶᠢᠨ ᠬᠤᠷᠣᠭᠳᠠᠯ ᠢ ᠡᠷᠬᠡᠪᠰᠢ ᠣᠯᠣᠰ ᠤᠨ ᠲᠡᠷᠢᠭᠦᠨ ᠤ ᠪᠠᠷᠢᠮᠵᠢᠶ᠎ᠠ ᠳᠤ ᠭᠦᠷᠭᠡᠵᠣ᠂ ᠬᠢᠮᠢ ᠶᠢᠨ ᠠᠵᠣ ᠦᠢᠯᠡᠣᠡᠪᠣᠷᠢ᠂ ᠲᠡᠮᠦᠷᠯᠢᠭ ᠬᠠᠶᠢᠯᠣᠭᠤᠯᠬᠤ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠢᠯ ᠲᠦᠷᠣᠯ ᠢ ᠲᠣᠭᠲᠠᠭᠰᠠᠨ ᠬᠤᠭᠤᠴᠠᠭᠠᠨ ᠳᠤ ᠣᠯᠣᠰ ᠤᠨ ᠡᠨᠧᠷᠬᠢ ᠶᠢᠨ ᠬᠤᠷᠣᠭᠳᠠᠯ ᠢ ᠬᠢᠵᠠᠭᠠᠷᠯᠠᠬᠤ ᠳᠠᠷᠢᠭᠦᠨ ᠤ ᠪᠠᠷᠢᠮᠵᠢᠶᠠᠨ ᠳᠤ ᠭᠦᠷᠭᠡᠨ᠎ᠠ᠃ ᠡᠨᠧᠷᠬᠢ ᠶᠢᠨ ᠬᠤᠷᠣᠭᠳᠠᠯ ᠶᠡᠭᠡᠳᠠᠢ ᠠᠵᠢᠯ ᠲᠦᠷᠣᠯ ᠤᠨ ᠴᠠᠬᠢᠯᠭᠠᠨ ᠬᠡᠷᠩᠯᠡᠭᠦ ᠲᠠᠷᠣᠭᠠᠰᠣ ᠶᠢ ᠠᠯᠬᠤᠮ ᠠᠯᠬᠤᠮ ᠢᠶᠠᠷ ᠬᠦᠩᠭᠡᠷᠡᠭᠦᠯᠦᠨ᠎ᠡ᠃ ᠡᠨᠧᠷᠬᠢ ᠬᠡᠷᠩᠯᠡᠭᠦ ᠲᠦᠰᠣᠪ ᠤᠨ ᠬᠠᠮᠢᠶᠠᠷᠣᠯᠳᠠ ᠪᠠ ᠡᠨᠧᠷᠬᠢ ᠬᠡᠷᠩᠯᠡᠭᠦ ᠭᠤᠣᠯᠳᠠᠯᠭ᠎ᠠ ᠲᠠᠢ ᠨᠢᠭᠡᠴᠢ ᠶᠢᠨ ᠡᠨᠧᠷᠬᠢ ᠶᠢᠨ ᠬᠤᠷᠣᠭᠳᠠᠯ ᠢ ᠰᠦᠯᠵᠢᠶ᠎ᠡ ᠪᠠᠷ ᠬᠢᠨᠠᠨ ᠰᠢᠨᠵᠢᠬᠦ ᠶᠢ ᠪᠦᠭᠦ ᠳᠠᠯ᠎ᠡ ᠪᠠᠷ ᠬᠡᠷᠩᠵᠢᠭᠦᠯᠤᠨ᠎ᠡ᠃    ᠪᠣᠬᠢᠷᠳᠣᠯ ᠦᠭᠡᠢ ᠠᠭᠤᠷᠬᠠᠢ ᠶᠢ ᠪᠦᠳᠣᠭᠡᠨ ᠪᠠᠶᠢᠭᠤᠯᠵᠣ᠂ ᠵᠠᠳᠠᠭᠠᠢ ᠠᠭᠤᠷᠬᠠᠢ ᠶᠢᠨ ᠵᠠᠰᠠᠯᠲᠠ ᠶᠢᠨ ᠪᠠᠷᠢᠮᠵᠢᠶ᠎ᠠ ᠶᠢ ᠴᠢᠩᠭ᠎ᠠ ᠨᠠᠶᠢᠳᠠᠪᠣᠷᠢᠵᠢᠭᠤᠯᠣᠨ᠂ ᠣᠣᠯ ᠤᠨ ᠲᠦᠷᠰᠣ ᠪᠠᠶᠢᠳᠠᠯ ᠢ ᠨᠢ ᠬᠠᠮᠤᠭ ᠤᠨ ᠶᠡᠭᠡ ᠬᠡᠮᠵᠢᠶ᠎ᠠ ᠪᠠᠷ ᠰᠡᠷᠭᠦᠭᠡᠵᠣ᠂ ︽ᠬᠤᠩᠬᠤᠯ︾ ᠢ ᠵᠠᠰᠠᠭᠰᠠᠨ ᠤ ᠳᠠᠷᠠᠭ᠎ᠠ ᠮᠦᠨᠴᠣ ︽ᠬᠤᠩᠬᠤᠯ︾ ᠲᠠᠢ ᠪᠠᠶᠢᠬᠤ᠂ ︽ᠰᠢᠷᠣᠢ ᠤᠪᠤᠭᠠᠯᠠᠬᠰᠠᠨ︾ ᠢ ᠨᠢ ᠠᠷᠢᠯᠭᠠᠬᠰᠠᠨ ᠤ ᠳᠠᠷᠠᠭ᠎ᠠ ᠳᠠᠬᠢᠭᠠᠳ ︽ᠰᠢᠷᠤᠢ ᠤᠪᠤᠭᠠᠯᠠᠬᠤ︾ ᠶᠢ ᠣᠭᠳᠣ ᠵᠦᠪᠰᠢᠶᠡᠷᠡᠭᠦ ᠦᠭᠡᠢ᠃ ᠠᠭᠤᠷᠬᠠᠢ ᠶᠢᠨ ᠣᠷᠣᠨ ᠳᠤ ᠴᠡᠪᠡᠷᠬᠡᠨ ᠲᠡᠭᠡᠭᠡᠪᠦᠷᠢᠯᠡᠬᠦ ᠠᠷᠭ᠎ᠠ ᠬᠡᠯᠪᠡᠷᠢ ᠶᠢ ᠬᠡᠷᠡᠭᠵᠢᠬᠦᠯᠵᠦ᠂ ᠬᠠᠳᠠᠭᠤ ᠪᠡᠶᠡᠳᠣ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠬᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃    ᠪᠠᠶᠢᠭᠠᠯᠢ ᠶᠢᠨ ᠡᠬᠢ ᠪᠠᠶᠠᠯᠢᠭ ᠲᠤ ᠦᠷᠢᠲᠦᠯ ᠲᠠᠢ ᠡᠳ᠋ ᠭᠦᠷᠣᠩᠭᠡ ᠶᠢᠨ ᠬᠦᠰᠣᠨᠣᠭ᠍ᠳᠣ ᠶᠢ ᠨᠠᠶᠢᠷᠠᠭᠤᠯᠤᠨ ᠵᠣᠬᠢᠶᠠᠵᠤ᠂ ᠡᠷᠬᠡ ᠶᠢ ᠲᠤᠳᠤᠯᠠᠨ ᠲᠣᠭᠲᠠᠭᠠᠵᠤ ᠲᠠᠩᠰᠠᠯᠠᠨ ᠲᠡᠮᠲᠡᠭᠯᠡᠬᠦ ᠠᠵᠢᠯ ᠢᠶᠠᠨ ᠨᠢᠭᠡᠳᠭᠡᠨ᠎ᠡ᠃ ᠡᠨᠧᠷᠬᠢ ᠬᠡᠷᠩᠯᠡᠭᠦ ᠡᠷᠬᠡ᠂ ᠣᠢ ᠰᠢᠭᠤᠢ ᠨᠣᠳᠤᠭ ᠪᠡᠯᠴᠢᠭᠡᠷ ᠤᠨ ᠨᠡᠭᠦᠷᠡᠰᠣᠳᠦ᠋ᠷᠣᠭ᠍ᠴᠢ ᠶᠢᠨ ᠬᠤᠷᠠᠮᠠᠯ ᠢ ᠠᠷᠠᠯᠵᠢᠶᠠᠯᠠᠬᠤ ᠲᠣᠷᠰᠢᠯᠳᠠ ᠶᠢᠨ ᠴᠡᠭ ᠤᠨ ᠠᠵᠢᠯ ᠢ ᠦᠷᠨᠢᠭᠦᠯᠣᠨ᠎ᠠ᠃ ᠢᠯᠭᠠᠵᠢᠭᠤᠯᠤᠬᠰᠠᠨ ᠰᠢᠯᠭᠠᠨ ᠬᠢᠨᠠᠵᠦ ᠦᠨᠡᠯᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠦᠢᠯᠡᠣᠡᠭᠦᠨ ᠤ ᠦᠨ᠎ᠠ ᠦᠷᠲᠡᠭ ᠲᠤ ᠲᠣᠭᠠᠴᠠᠭ᠎ᠠ ᠬᠢᠭᠦ ᠵᠢᠴᠢ ᠦᠷ᠎ᠡ ᠳ᠋ᠦᠩ ᠢ ᠨᠢ ᠣᠯᠠᠷᠢᠭᠤᠯᠣᠨ ᠬᠡᠷᠡᠭᠯᠡᠬᠦ ᠶᠢ ᠠᠬᠢᠭᠤᠯᠣᠨ᠎ᠠ᠃ ᠠᠮᠢ ᠠᠬᠤᠢ ᠶᠢᠨ ᠬᠤᠬᠢᠷᠠᠯ ᠢ ᠲᠦᠯᠣᠪᠣᠷᠢᠯᠡᠭᠦ ᠲᠣᠭᠳᠠᠴᠨ ᠪᠠᠨ ᠣᠯᠠᠮ ᠨᠢᠭᠡ ᠠᠯᠬᠤᠮ ᠳᠡᠭᠦᠯᠳᠡᠷᠵᠢᠭᠦᠯᠣᠨ᠎ᠡ᠃ ᠣᠯᠣᠰ ᠤᠨ ᠠᠮᠢ ᠠᠬᠤᠢ ᠶᠢᠨ ᠪᠣᠯᠪᠠᠰᠣᠨ ᠤ ᠲᠣᠷᠰᠢᠯᠳᠠ ᠶᠢᠨ ᠣᠷᠣᠨ ᠢᠶᠠᠷ ᠭᠤᠶᠣᠴᠢᠯᠠᠨ ᠮᠡᠳᠡᠭᠦᠯᠭᠦ ᠠᠵᠢᠯ ᠢ ᠰᠠᠶᠢᠳᠣᠷ ᠬᠢᠨ᠎ᠡ᠃    ︵ᠨᠠᠢᠮᠠ︶ ᠪᠣᠯᠪᠠᠰᠣᠨ ᠦᠪᠣᠷ ᠮᠣᠩᠭᠤᠯ ᠤᠨ ᠪᠠᠶᠢᠭᠤᠯᠣᠯᠳᠠ ᠶᠢ ᠭᠦᠨᠵᠡᠭᠡᠢ ᠠᠬᠢᠭᠤᠯᠣᠨ᠎ᠠ    ᠨᠠᠶᠢᠭᠡᠮ ᠵᠢᠷᠣᠮ ᠤᠨ ᠭᠤᠣᠯᠯᠠᠬᠤ ᠦᠷᠲᠡᠭ ᠤᠨ ᠦᠵᠡᠯᠳᠡ ᠪᠠᠷ ᠣᠳᠣᠷᠢᠳᠣᠮᠵᠢ ᠪᠣᠯᠭᠠᠵᠣ᠂ ᠣᠯᠣᠰ ᠢᠶᠠᠨ ᠬᠠᠶᠢᠷᠠᠯᠠᠬᠤ ᠭᠦᠮᠣᠵᠢᠯ ᠪᠠ ᠠᠷᠠᠳ ᠢᠷᠭᠡᠣᠨ ᠤᠨ ᠶᠣᠰᠣ ᠰᠤᠷᠲᠠᠬᠤᠨ ᠤ ᠪᠠᠶᠢᠭᠤᠯᠣᠯᠳᠠ ᠶᠢ ᠬᠦᠨᠵᠡᠭᠡᠢ ᠦᠷᠨᠢᠭᠦᠯᠣᠨ᠎ᠠ᠃ ᠪᠣᠯᠪᠠᠰᠣᠨ ᠬᠤᠳᠡ ᠶᠢ ᠡᠭᠦᠳᠣᠨ ᠪᠠᠶᠢᠭᠤᠯᠬᠤ ᠠᠵᠢᠯ ᠢ ᠰᠠᠶᠢᠳᠣᠷ ᠬᠢᠵᠣ᠂ ᠰᠦᠯᠵᠢᠶᠠᠨ ᠤ ᠪᠣᠯᠪᠠᠰᠣᠨ ᠤ ᠪᠠᠶᠢᠭᠤᠯᠣᠯᠳᠠ ᠶᠢ ᠴᠢᠩᠭᠠᠣᠡᠬᠠᠨ᠎ᠠ᠃ ᠪᠦᠭᠦ ᠠᠷᠠᠣᠨ ᠢᠶᠠᠷ ᠢᠶᠠᠨ ᠨᠣᠮ ᠣᠩᠰᠢᠬᠤ ᠶᠢ ᠠᠬᠢᠭᠤᠯᠵᠣ᠂ ᠰᠣᠷᠣᠯᠴᠠᠬᠤ ᠮᠠᠶ᠋ᠢᠭ ᠤᠨ ᠨᠠᠶᠢᠭᠡᠮ ᠢ ᠪᠠᠶᠢᠭᠤᠯᠣᠨ᠎ᠠ᠃ ᠢᠳᠡᠭᠡᠨ ᠤᠮᠳᠠᠭᠠᠨ ᠢ ᠪᠦᠷᠢᠯᠭᠡᠨ ᠰᠦᠢᠣᠡᠭᠡᠭᠦ ᠶᠢ ᠬᠤᠷᠢᠬᠯᠠᠵᠤ᠂ ᠬᠡᠪ ᠵᠠᠩᠰᠢᠯ ᠢᠶᠠᠨ ᠦᠭᠡᠷᠡᠴᠢᠯᠡᠬᠦ ᠰᠢᠨ᠎ᠡ ᠬᠡᠪ ᠰᠣᠷᠳᠡᠯ ᠢ ᠰᠠᠨᠠᠭᠠᠴᠢᠯᠠᠵᠣ᠂ ᠪᠦᠭᠦ ᠨᠠᠶᠢᠭᠡᠮ ᠤᠨ ᠪᠣᠯᠪᠠᠰᠣᠨ ᠤ ᠲᠦᠪᠰᠢᠨ ᠢ ᠳᠡᠭᠡᠭᠰᠢᠯᠡᠭᠦᠯᠦᠨ᠎ᠡ᠃    ᠲᠣᠮᠳᠠᠳᠣ ᠶᠢᠨ ᠰᠢᠯᠢᠳᠡᠭ ᠣᠯᠠᠮᠵᠢᠯᠠᠯᠳᠣ ᠰᠣᠶᠣᠯ ᠢ ᠣᠯᠠᠮᠵᠢᠯᠠᠨ ᠪᠠᠳᠠᠷᠠᠭᠤᠯᠵᠣ᠂ ᠬᠤᠪᠢᠰᠬᠠᠯᠳᠣ ᠰᠣᠶᠣᠯ ᠢ ᠵᠠᠯᠭᠠᠮᠵᠢᠯᠠᠨ᠂ ᠨᠠᠶᠢᠭᠡᠮ ᠵᠢᠷᠣᠮ ᠤᠨ ᠲᠡᠷᠢᠭᠦᠨ ᠤ ᠰᠣᠶᠣᠯ ᠢ ᠭᠦᠭᠵᠢᠭᠦᠯᠣᠨ᠎ᠠ᠃ ᠨᠠᠮ ᠪᠠᠶᠢᠭᠤᠯᠣᠭᠳᠠᠭᠰᠠᠨ 100 ᠵᠢᠯ ᠳᠤ ᠵᠤᠷᠢᠭᠤᠯᠤᠬᠰᠠᠨ ᠰᠣᠶᠣᠯ ᠣᠷᠠᠯᠢᠭ ᠤᠨ ᠵᠤᠬᠢᠶᠠᠨ ᠪᠦᠲᠦᠭᠡᠬᠦ ᠠᠵᠢᠯ ᠢ ᠦᠷᠨᠢᠭᠦᠯᠣᠨ᠎ᠠ᠃ ᠰᠤᠶᠤᠯ ᠤᠷᠠᠯᠢᠬ ᠤᠨ ᠦᠢᠯᠡᠰ ᠢ ᠬᠦᠭᠵᠢᠭᠦᠯᠵᠦ᠂ ᠣᠯᠠᠭᠠᠨᠮᠦ᠋ᠴᠢᠷ ᠤᠨ ᠠᠵᠢᠯ ᠦᠢᠯᠡᠰ ᠤᠨ ᠭᠦᠭᠵᠢᠯᠲᠡ ᠶᠢ ᠳᠡᠮᠵᠢᠨ᠎ᠡ᠃ ᠤᠳᠤ ᠦᠶ᠎ᠡ ᠶᠢᠨ ᠰᠤᠶᠤᠯ ᠤᠨ ᠠᠵᠦ ᠦᠢᠯᠡᠰ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠦ᠂ ᠰᠤᠶᠤᠯ ᠢᠶᠠᠷ ᠠᠷᠠᠳ ᠲᠤ ᠬᠠᠷᠠᠭᠠᠯᠵᠠᠯ ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ︽ᠤᠶᠤᠨᠯᠢᠭ ᠷᠠᠳᠢᠣ᠋ ᠲᠧᠯᠸᠢᠰ︾ ᠤᠨ ᠪᠦᠳᠣᠭᠡᠨ ᠪᠠᠶᠢᠭᠤᠯᠣᠯᠳᠠ ᠶᠢ ᠠᠬᠢᠭᠤᠯᠵᠣ᠂ ᠮᠠᠯᠵᠢᠬᠤ ᠤᠷᠤᠨ ᠳᠤ ︽ᠤᠶᠤᠨᠯᠢᠭ ᠷᠠᠳᠢᠣ᠋ ᠲᠧᠯᠸᠢᠰ︾ ᠤᠨ ᠦᠷᠭᠡᠨ ᠪᠦᠰᠡ ᠶᠢᠨ ᠬᠠᠮᠤᠷᠬᠤ ᠬᠢᠭᠡᠳ ᠦᠢᠯᠡᠴᠢᠯᠡᠬᠦ ᠢᠨᠵᠧᠨᠧᠷᠢᠩ ᠢ ᠦᠨᠳᠦᠰᠤᠨ ᠳᠡᠭᠡᠨ ᠪᠡᠶᠡᠯᠡᠭᠦᠯᠦᠨ᠎ᠡ᠃ ᠲᠡᠦᠬᠡ ᠶᠢᠨ ᠲᠣᠷᠠᠰᠬᠠᠯᠳᠣ ᠵᠦᠢᠯ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠭᠠᠳ ᠵᠦᠢ ᠵᠣᠬᠢᠰᠳᠠᠢ ᠵᠣᠬᠢᠬᠤ ᠬᠡᠮᠵᠢᠶᠠᠨ ᠳᠤ ᠠᠰᠢᠬᠯᠠᠬᠤ ᠶᠢ ᠠᠬᠢᠭᠤᠯᠣᠨ᠎ᠠ᠃    ᠣᠯᠠᠭᠠᠨᠬᠤᠳᠠ — ᠷᠠᠰᠢᠶᠠᠨ — ᠬᠠᠶᠢᠯᠠᠷ — ᠮᠠᠨᠵᠣᠣᠷ ᠵᠡᠷᠭᠡ ᠵᠢᠭᠤᠯᠴᠢᠯᠡᠯ ᠤᠨ ᠰᠣᠳᠣᠨ ᠵᠠᠮ ᠱᠣᠭᠤᠮ ᠢ ᠪᠦᠳᠣᠭᠡᠨ ᠪᠠᠶᠢᠭᠤᠯᠣᠨ᠎ᠠ᠂ ᠬᠤᠪᠢᠰᠬᠠᠯᠳᠣ ᠵᠢᠭᠤᠯᠴᠢᠯᠡᠯ᠂ ᠬᠦᠳᠡᠭᠡ ᠲᠣᠰᠬᠤᠨ ᠤ ᠵᠢᠭᠤᠯᠴᠢᠯᠠᠯ᠂ ᠴᠠᠰᠦ ᠮᠦᠰᠦᠨ ᠤ ᠵᠢᠭᠤᠯᠴᠢᠯᠡᠯ ᠢ ᠭᠦᠭᠵᠢᠭᠦᠯᠵᠦ᠂ ᠵᠦᠷᠢᠶᠡᠵᠢᠯ ᠲᠠᠢ ᠪᠠ ᠤᠨᠴᠠᠯᠢᠬ ᠲᠠᠢ ᠵᠢᠭᠤᠯᠴᠢᠯᠠᠯ ᠢ ᠠᠩᠬᠠᠷᠤᠨ ᠴᠢᠬᠤᠯᠠᠴᠢᠯᠠᠨ᠎ᠡ᠃ ︽ᠦᠪᠣᠷ ᠮᠣᠩᠭᠤᠯ ᠳᠤ ᠪᠢ ᠬᠠᠶᠢᠷᠠᠳᠡᠢ︾ ᠨᠡᠷᠡᠳᠣ ᠲᠡᠮᠲᠡᠭ ᠤᠨ ᠲᠥᠷᠢ ᠲᠦᠷᠭᠦ ᠶᠢ ᠣᠬᠠᠭᠤᠯᠣᠨ ᠲᠠᠨᠢᠯᠴᠠᠭᠤᠯᠬᠤ ᠠᠵᠢᠯᠯᠠᠭᠠᠨ ᠢ ᠬᠦᠨᠵᠡᠬᠡᠢ ᠦᠷᠨᠢᠭᠦᠯᠵᠣ᠂ ᠰᠣᠶᠣᠯ ᠪᠠ ᠵᠢᠭᠤᠯᠴᠢᠯᠡᠯ ᠤᠨ ᠠᠭᠤᠰᠣᠯᠴᠠᠨ ᠭᠦᠭᠵᠢᠬᠦ ᠶᠢ ᠠᠬᠢᠭᠤᠯᠵᠣ᠂ ᠬᠦᠮᠦᠰ ᠲᠤ ᠭᠠᠩᠭᠠᠩ ᠪᠠᠶᠢᠭᠠᠯᠢ ᠪᠠᠷ ᠰᠤᠶᠤᠯ ᠢᠶᠠᠨ ᠪᠠᠭ᠋ᠠᠲᠤᠭᠤᠯᠵᠤ ᠤᠶᠤᠨ ᠰᠠᠨᠠᠭ᠎ᠠ ᠶᠢ ᠨᠢ ᠤᠮᠳᠠᠯᠠᠨ᠎ᠠ᠃    ︵ᠶᠢᠰᠦ︶ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠪᠠ ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ    ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠦᠷᠭᠡᠳᠭᠡᠵᠦ᠂ ᠶᠡᠭᠡ ᠳᠡᠭᠡᠲᠦ ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠰᠠᠶᠢᠲᠤᠷ ᠠᠳᠬᠤᠨ᠎ᠠ᠃ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠠᠵᠢᠯᠯᠠᠭᠠᠨ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠵᠦ᠂ ᠠᠵᠢᠯ ᠠᠯᠳᠠᠬᠤ ᠪᠠᠶᠢᠳᠠᠯ ᠢ ᠬᠢᠨᠠᠨ ᠰᠢᠨᠵᠢᠵᠦ ᠰᠡᠷᠡᠮᠵᠢᠯᠡᠬᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠠᠵᠢᠯ ᠠᠯᠳᠠᠯᠲᠠ ᠶᠢᠨ ᠲᠦᠭᠰᠢᠭᠦᠷᠢ ᠶᠢ ᠪᠦᠲᠦᠮᠵᠢᠲᠡᠢ ᠠᠷᠭᠠᠴᠠᠭᠠᠨ᠎ᠠ᠃ ᠣᠷᠣᠯᠭ᠎ᠠ ᠪᠠᠭᠠᠲᠠᠢ ᠬᠦᠮᠦᠰ ᠤᠨ ᠣᠷᠣᠯᠭ᠎ᠠ ᠶᠢ ᠨᠢ ᠳᠡᠭᠡᠭᠰᠢᠯᠡᠭᠦᠯᠦᠨ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠢ ᠨᠡᠮᠡᠭᠳᠡᠭᠦᠯᠦᠨ᠎ᠡ᠃    ᠡᠷᠡᠭᠦᠯ ᠡᠩᠬᠡ ᠥᠪᠥᠷ ᠮᠣᠩᠭᠤᠯ ᠢ ᠪᠠᠶᠢᠭᠤᠯᠬᠤ ᠠᠵᠢᠯᠯᠠᠭᠠᠨ ᠢ ᠭᠦᠨᠵᠡᠭᠡᠢ ᠠᠬᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠪᠠᠨ ᠪᠦᠷᠢᠨᠰᠢᠭᠦᠯᠦᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠱᠠᠲᠤ ᠬᠤᠪᠢᠶᠠᠵᠤ ᠣᠨᠣᠰᠢᠯᠠᠨ ᠡᠮᠨᠡᠬᠦ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠂ ᠨᠡᠶᠢᠭᠡᠮ ᠤᠨ ᠬᠢᠨ ᠤ ᠡᠮᠨᠡᠯᠭᠡ ᠶᠢᠨ ᠬᠤᠷᠢᠶ᠎ᠠ ᠡᠷᠬᠢᠯᠡᠬᠦ ᠶᠢ ᠳᠡᠮᠵᠢᠨ᠎ᠡ᠃ ᠬᠢᠲᠡᠳ ᠡᠮ ᠡᠮᠨᠡᠯᠭᠡ ᠪᠠ ᠮᠣᠩᠭᠤᠯ ᠡᠮ ᠡᠮᠨᠡᠯᠭᠡ ᠪᠠᠨ ᠤᠯᠠᠮᠵᠢᠯᠠᠨ ᠵᠠᠯᠭᠠᠮᠵᠢᠯᠠᠵᠤ ᠰᠢᠨ᠎ᠡ ᠡᠭᠦᠳᠦᠯᠲᠡ ᠲᠠᠢ ᠪᠣᠯᠭᠠᠬᠤ ᠶᠢ ᠠᠬᠢᠭᠤᠯᠤᠨ᠎ᠠ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠢᠭᠡᠳ ᠪᠦᠬᠦ ᠠᠷᠠᠳ ᠤᠨ ᠡᠷᠡᠭᠦᠯ ᠡᠩᠬᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ︽ᠬᠥᠮᠦᠨ︾᠂ ︽ᠡᠳ᠋ ᠪᠣᠳᠠᠰ︾ ᠤᠨ ᠵᠦᠢᠯᠡᠰ ᠢ ᠵᠡᠷᠭᠡ ᠳᠤᠨᠢ ᠰᠡᠷᠭᠡᠶᠢᠯᠡᠬᠦ ᠶᠢ ᠪᠠᠷᠢᠮᠲᠠᠯᠠᠨ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠪᠠ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠨ᠎ᠠ᠃ ᠨᠡᠶᠢᠰᠯᠠᠯ ᠤᠨ ᠨᠢᠰᠬᠡᠯ ᠤᠨ ᠪᠠᠭᠤᠳᠠᠯ ᠤᠨ ᠰᠠᠯᠪᠤᠷᠢᠯᠠᠨ ᠬᠤᠪᠢᠶᠠᠷᠢᠯᠠᠵᠤ ᠢᠷᠡᠭᠦᠯᠦᠭᠰᠡᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠲᠥᠪᠬᠢᠨᠡᠭᠦᠯᠦᠨ ᠰᠢᠢᠳᠪᠦᠷᠢᠯᠡᠬᠦ ᠠᠵᠢᠯ ᠢᠶᠠᠨ ᠰᠠᠶᠢᠲᠤᠷ ᠬᠢᠵᠦ᠂ ᠬᠢᠯᠢ ᠶᠢᠨ ᠪᠣᠭᠤᠮᠲᠠ ᠳᠠᠬᠢ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠲᠣᠭᠤᠷᠢᠭ ᠤᠨ ᠲᠣᠣᠷᠵᠢᠯ ᠬᠠᠮᠢᠶᠠᠷᠤᠯᠲᠠ ᠶᠢ ᠴᠢᠩᠭᠠᠳᠬᠠᠨ᠎ᠠ᠃ ᠸᠠᠺᠼᠢᠨ ᠲᠠᠷᠢᠬᠤ ᠠᠵᠢᠯ ᠢ ᠰᠠᠶᠢᠲᠤᠷ ᠬᠢᠨ᠎ᠡ᠃    ᠨᠡᠶᠢᠭᠡᠮ ᠤᠨ ᠳᠠᠭᠠᠳᠬᠠᠯ ᠤᠨ ᠬᠠᠮᠤᠷᠬᠤ ᠭᠡᠪᠴᠢᠶ᠎ᠡ ᠶᠢ ᠦᠷᠭᠦᠯᠵᠢᠯᠡᠨ ᠦᠷᠭᠡᠳᠭᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠪᠣᠯᠬᠤ ᠨᠠᠰᠤᠵᠢᠯ ᠤᠨ ᠮᠦᠩᠭᠦ ᠪᠠ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠠᠵᠢᠯ ᠠᠯᠳᠠᠭᠰᠠᠳ ᠤᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠢ ᠲᠥᠯᠥᠪᠯᠡᠬᠦ ᠶᠢ ᠠᠬᠢᠭᠤᠯᠤᠨ᠎ᠠ᠃ ᠬᠦᠨᠳᠦ ᠬᠡᠴᠡᠭᠦᠦ ᠡᠪᠡᠳᠴᠢᠨ ᠤ ᠡᠮᠴᠢᠯᠡᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ ᠳᠥᠷᠢᠮ ᠢ ᠪᠦᠷᠢᠨᠰᠢᠭᠦᠯᠵᠦ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠤᠨ ᠰᠢᠭᠤᠳ ᠳ᠋ᠦᠩᠨᠡᠨ ᠪᠣᠳᠣᠬᠤ ᠶᠢ ᠨᠠᠶᠢᠳᠠᠪᠤᠷᠢᠵᠢᠭᠤᠯᠤᠨ᠎ᠠ᠃ ᠠᠮᠢᠳᠤᠷᠠᠯ ᠨᠢ ᠬᠦᠴᠢᠷᠲᠡᠢ ᠠᠵᠢᠯ ᠠᠯᠳᠠᠭᠰᠠᠳ ᠵᠢᠴᠢ ᠲᠡᠭᠦᠨ ᠤ ᠭᠡᠷ ᠪᠦᠯᠢ ᠶᠢᠨ ᠬᠢᠨ ᠢ ᠴᠠᠭ ᠲᠤᠬᠠᠢ ᠳᠤ ᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠠ ᠲᠦᠷ ᠴᠠᠭ ᠤᠨ ᠠᠪᠤᠷᠠᠨ ᠲᠤᠰᠠᠯᠠᠬᠤ ᠵᠡᠷᠭᠡ ᠬᠡᠪᠴᠢᠶᠡᠨ ᠳᠤ ᠣᠷᠤᠭᠤᠯᠤᠨ᠎ᠡ᠃ ᠨᠠᠰᠤᠲᠠᠶᠢᠴᠤᠳ ᠢ ᠠᠰᠠᠷᠠᠨ ᠰᠣᠪᠢᠯᠠᠬᠤ ᠪᠠ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠡᠮᠴᠢᠯᠡᠵᠦ ᠰᠤᠪᠢᠯᠠᠬᠤ ᠡᠷᠡᠭᠦᠯᠵᠢᠭᠦᠯᠵᠦ ᠴᠢᠬᠢᠷᠠᠬᠵᠢᠭᠤᠯᠬᠤ ᠶᠢᠨ ᠤᠶᠠᠯᠳᠤᠯ ᠢ ᠭᠦᠨᠵᠡᠭᠡᠶᠢᠷᠡᠭᠦᠯᠵᠦ᠂ ᠬᠦᠮᠦᠨ ᠠᠮᠠ ᠶᠢᠨ ᠨᠠᠰᠤᠵᠢᠯᠲᠠ ᠶᠢ ᠢᠳᠡᠪᠬᠢᠲᠠᠢ ᠠᠷᠭᠠᠴᠠᠭᠠᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠰᠢᠰᠲ᠋ᠧᠮᠵᠢ ᠪᠠ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃    ᠴᠢᠨᠠᠷᠯᠢᠬ ᠰᠤᠷᠭᠠᠨ ᠬᠦᠮᠦᠵᠢᠯ ᠤᠨ ᠡᠬᠢ ᠪᠠᠶᠠᠯᠢᠬ ᠤᠨ ᠬᠠᠨᠭ᠍ᠭᠠᠯᠭ᠎ᠠ ᠶᠢ ᠦᠷᠭᠡᠳᠭᠡᠨ᠎ᠡ᠃ ᠲᠦᠭᠡᠮᠡᠯ ᠬᠠᠷᠠᠭᠠᠯᠵᠠᠬᠤ ᠴᠢᠨᠠᠷᠲᠠᠢ ᠬᠡᠦᠭᠡᠳ ᠤᠨ ᠴᠡᠴᠡᠷᠯᠢᠭ ᠢ ᠬᠥᠭᠵᠢᠭᠦᠯᠦᠨ᠂ ᠠᠯᠪᠠᠨ ᠵᠢᠷᠤᠮ ᠤᠨ ᠰᠤᠷᠭᠠᠨ ᠬᠦᠮᠦᠵᠢᠯ ᠢ ᠴᠢᠨᠠᠷᠯᠢᠭ ᠲᠡᠩᠴᠡᠭᠦᠷᠢᠰᠢᠭᠦᠯᠬᠦ ᠪᠠ ᠬᠤᠲᠠ ᠬᠥᠳᠡᠭᠡ ᠳᠤ ᠨᠢᠭᠡ ᠴᠣᠭᠴᠠᠵᠢᠭᠤᠯᠤᠨ ᠬᠦᠭᠵᠢᠭᠦᠯᠬᠦ ᠶᠢ ᠠᠬᠢᠭᠤᠯᠵᠤ᠂ ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠣᠯᠠᠨ ᠶᠠᠩᠵᠤ ᠬᠡᠯᠪᠡᠷᠢ ᠲᠠᠢ ᠬᠥᠭᠵᠢᠬᠦ ᠶᠢ ᠨᠢ ᠵᠣᠷᠢᠬᠵᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠦᠢᠯᠡᠳᠪᠦᠷᠢᠯᠡᠬᠦ ᠬᠢᠭᠡᠳ ᠵᠢᠭᠠᠨ ᠰᠤᠷᠭᠠᠬᠤ ᠶᠢ ᠠᠭᠤᠰᠤᠯᠴᠠᠭᠤᠯᠬᠤ᠂ ᠰᠤᠷᠭᠠᠭᠤᠯᠢ ᠬᠢᠭᠡᠳ ᠠᠵᠤ ᠠᠬᠤᠶᠢᠯᠠᠯ ᠤᠨ ᠬᠠᠮᠳᠤᠷᠠᠯᠴᠠᠭ᠎ᠠ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠲᠡᠭᠦᠯᠳᠡᠷᠵᠢᠭᠦᠯᠦᠨ᠎ᠡ᠃ ᠶᠡᠭᠡ ᠳᠡᠭᠡᠲᠦ ᠰᠤᠷᠭᠠᠭᠤᠯᠢ ᠶᠢᠨ ︽ᠬᠤᠣᠰ ᠲᠡᠷᠢᠭᠦᠨ ᠳᠡᠰ︾ ᠤᠨ ᠪᠠᠶᠢᠭᠤᠯᠤᠯᠲᠠ ᠶᠢ ᠠᠬᠢᠭᠤᠯᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢ ᠪᠦᠲᠦᠭᠡᠨ ᠪᠠᠶᠢᠭᠤᠯᠬᠤ ᠲᠠᠯ᠎ᠠ ᠪᠠᠷ ᠬᠢ ︽ᠶᠠᠮᠤᠨ ᠪᠠ ᠥᠪᠡᠷᠲᠡᠭᠡᠨ ᠵᠠᠰᠠᠬᠤ ᠣᠷᠣᠨ ᠬᠠᠮᠲᠤᠷᠠᠨ ᠪᠠᠶᠢᠭᠤᠯᠬᠤ︾ ᠡᠷᠴᠢᠮ ᠢ ᠴᠢᠩᠭᠠᠷᠠᠭᠤᠯᠤᠨ᠎ᠠ᠃ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠳᠡᠮᠵᠢᠭᠦ ᠪᠠ ᠵᠢᠷᠤᠮᠵᠢᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠪᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢᠶᠠᠨ ᠰᠠᠶᠢᠲᠤᠷ ᠬᠢᠨ᠎ᠠ᠃    ᠨᠡᠶᠢᠭᠡᠮ ᠤᠨ ᠵᠥᠷᠢᠴᠡᠯ ᠢ ᠶᠡᠷᠦᠩᠬᠡᠶᠢᠯᠡᠨ ᠵᠠᠰᠠᠬᠤ ᠲᠣᠭᠲᠠᠴᠠ ᠪᠠᠨ ᠲᠡᠭᠦᠯᠳᠡᠷᠵᠢᠭᠦᠯᠵᠦ᠂ ᠵᠠᠬᠢᠳᠠᠯ ᠰᠤᠷᠪᠤᠯᠵᠢᠯᠠᠯ ᠤᠨ ᠲᠠᠯ᠎ᠠ ᠪᠠᠷ ᠬᠢ ᠳᠠᠷᠤᠭᠳᠠᠮᠠᠯ ᠬᠡᠷᠡᠭ ᠢ ᠪᠦᠲᠦᠮᠵᠢᠲᠡᠢ ᠠᠷᠢᠯᠭᠠᠨ᠂ ᠣᠯᠠᠨ ᠲᠦᠮᠡᠨ ᠤ ᠵᠦᠢ ᠵᠣᠬᠢᠰᠲᠠᠢ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠨ᠎ᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠥᠬᠡᠮᠡᠯᠵᠢᠭᠦᠯᠬᠦ ᠠᠵᠢᠯ ᠢ ᠥᠷᠨᠢᠭᠦᠯᠦᠨ᠎ᠡ᠃ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠤᠭᠠᠷ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠠᠵᠢᠯᠯᠠᠭ᠎ᠠ ᠶᠢ ᠪᠠᠶᠢᠩᠭᠤ ᠥᠷᠨᠢᠭᠦᠯᠦᠨ᠎ᠡ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠥᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠲᠠᠢ ᠲᠡᠮᠡᠴᠡᠬᠦ ᠪᠠ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠠᠵᠠᠷ ᠰᠢᠨᠵᠢᠯᠡᠭᠡ᠂ ᠴᠠᠭ ᠠᠭᠤᠷ᠂ ᠬᠡᠮᠵᠢᠨ ᠵᠢᠷᠤᠭᠯᠠᠯ ᠵᠡᠷᠭᠡ ᠠᠵᠢᠯ ᠢ ᠰᠠᠶᠢᠲᠤᠷ ᠬᠢᠨ᠎ᠡ᠃    ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠮᠦᠯᠢᠭ ᠠᠪᠤᠷᠠᠯᠲᠠ ᠲᠤᠰᠠᠯᠠᠮᠵᠢ᠂ ᠰᠠᠶᠢᠨ ᠳᠤᠷ᠎ᠠ ᠶᠢᠨ ᠦᠢᠯᠡᠴᠢᠯᠡᠭᠡ᠂ ᠨᠢᠭᠦᠯᠡᠰᠦᠩᠭᠦᠢ ᠶᠢᠨ ᠦᠢᠯᠡᠰ ᠢ ᠬᠥᠭᠵᠢᠭᠦᠯᠬᠦ ᠶᠢ ᠨᠢ ᠳᠡᠮᠵᠢᠵᠦ᠂ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠡᠮᠡᠭᠲᠡᠶᠢᠴᠤᠳ ᠬᠡᠦᠬᠡᠳ ᠲᠤ ᠬᠤᠯᠪᠤᠬᠳᠠᠬᠤ ᠠᠵᠢᠯ ᠤᠨ ᠬᠦᠭᠵᠢᠯᠲᠡ ᠶᠢᠨ ᠬᠦᠲᠦᠯᠪᠦᠷᠢ ᠶᠢ ᠨᠠᠶᠢᠷᠠᠭᠤᠯᠤᠨ ᠵᠤᠬᠢᠶᠠᠵᠦ ᠬᠡᠷᠡᠭᠵᠢᠭᠦᠯᠦᠨ᠎ᠡ᠃    ᠱᠠᠰᠢᠨ ᠰᠤᠷᠲᠠᠬᠤᠨ ᠤ ᠠᠵᠢᠯ ᠤᠨ ᠲᠤᠬᠠᠢ ᠨᠠᠮ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠱᠠᠰᠢᠨ ᠰᠤᠷᠲᠠᠬᠤᠨ ᠤ ᠬᠢᠨ ᠢ ᠢᠳᠡᠪᠬᠢᠲᠡᠢ ᠬᠦᠲᠦᠯᠦᠨ ᠵᠢᠯᠤᠭᠤᠳᠴᠤ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠯᠳᠤᠭᠤᠯᠤᠨ᠎ᠠ᠃    ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠥᠵᠢᠯ᠂ ᠠᠷᠠᠳ ᠤᠨ ᠠᠭᠠᠷ ᠤᠨ ᠰᠡᠷᠭᠡᠶᠢᠯᠡᠯᠲᠡ ᠪᠠ ᠬᠤᠶᠠᠷ ᠢ ᠬᠦᠷᠢᠶᠡᠯᠡᠵᠦ ᠬᠠᠮᠲᠦ ᠪᠠᠷ ᠪᠦᠲᠦᠭᠡᠨ ᠪᠠᠶᠢᠭᠤᠯᠬᠤ ᠠᠵᠢᠯ ᠢ ᠴᠢᠩᠭᠠᠳᠬᠠᠨ᠎ᠠ᠃    ᠳᠥᠷᠪᠡ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ    ᠰᠢᠨ᠎ᠡ ᠪᠠᠶᠢᠳᠠᠯ᠂ ᠰᠢᠨ᠎ᠡ ᠡᠭᠦᠷᠭᠡ ᠳᠤ ᠴᠢᠭᠯᠡᠭᠦᠯᠦᠨ᠂ ᠪᠢᠳᠠ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠨᠡᠶᠢᠳᠡᠮ ᠲᠤᠭᠤᠰᠢᠯᠠᠭᠤᠯᠵᠤ᠂ ︽ᠳᠥᠷᠪᠡᠨ ᠦᠵᠡᠯ ᠤᠬᠠᠮᠰᠠᠷ︾ ᠢᠶᠠᠨ ᠦᠨᠡᠨ ᠬᠦ ᠴᠢᠩᠭᠠᠷᠠᠭᠤᠯᠤᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠂ ᠦᠵᠡᠯ ᠰᠠᠨᠠᠭᠠᠨ ᠤ ᠲᠠᠯ᠎ᠠ ᠪᠠᠷ ᠤᠯᠤᠰ ᠲᠥᠷᠥ ᠶᠢᠨ ᠲᠠᠯ᠎ᠠ ᠪᠠᠷ ᠪᠠ ᠦᠢᠯᠡ ᠠᠵᠢᠯᠯᠠᠭᠠᠨ ᠤ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠲᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠤᠬᠠᠮᠰᠠᠷ ᠠᠴᠠ ᠪᠠᠨ ᠪᠠᠷᠢᠮᠲᠠᠯᠠᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠣᠰᠤᠭᠠᠷ ᠨᠢ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃    ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠬᠠᠤᠯᠢᠵᠢᠯ ᠤᠨ ᠵᠠᠰᠠᠭ ᠤᠨ ᠣᠷᠳᠣᠨ ᠢ ᠪᠠᠶᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠨ᠂ ᠵᠠᠰᠠᠭ ᠤᠨ ᠣᠷᠳᠣᠨ ᠤ ᠠᠵᠢᠯᠲᠠᠳ ᠤᠨ ᠬᠠᠦᠯᠢ ᠶᠤᠰᠤᠭᠠᠷ ᠵᠠᠰᠠᠬ ᠶᠠᠪᠤᠭᠤᠯᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠢᠨᠠᠯᠲᠠ ᠲᠠᠯᠪᠢᠯᠲᠠ ᠶᠢ ᠬᠠᠤᠯᠢ ᠶᠣᠰᠤᠭᠠᠷ ᠬᠦᠯᠢᠶᠡᠨ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠪᠠ ᠬᠢᠨᠠᠨ ᠪᠣᠳᠣᠯᠲᠠ ᠪᠠᠷ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠢᠶᠠᠨ ᠢᠯᠡ ᠪᠣᠯᠭᠠᠬᠤ ᠶᠢ ᠭᠦᠨᠵᠡᠭᠡᠶᠢᠷᠡᠭᠦᠯᠦᠨ᠎ᠡ᠃    ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠥᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠲᠡᠪᠴᠢᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠰᠤᠷᠲᠠᠯ ᠪᠠ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠠᠵᠢᠯ ᠢᠶᠠᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠦᠨ᠎ᠡ᠃ ᠠᠷᠪᠢᠴᠢ ᠭᠠᠮᠲᠠᠢ ᠠᠮᠢᠳᠤᠷᠠᠬᠤ ᠶᠢ ᠪᠠᠷᠢᠮᠲᠠᠯᠠᠨ᠂ ᠰᠠᠶᠢᠲᠤᠷ ᠭᠠᠮᠨᠠᠨ ᠠᠷᠪᠢᠯᠠᠵᠤ᠂ ᠪᠦᠷᠢᠯᠭᠡᠨ ᠰᠦᠢᠳᠬᠡᠬᠦ ᠶᠢ ᠡᠰᠡᠷᠭᠦᠴᠡᠨ᠎ᠡ᠃    ᠲᠥᠯᠥᠭᠡᠯᠡᠭᠴᠢᠳ ᠡ︕ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯ ᠨᠠᠮ ᠪᠠ ᠤᠯᠤᠰ ᠠᠴᠠ ᠪᠢᠳᠡᠨ ᠳᠤ ᠣᠯᠭᠤᠭᠰᠠᠨ ᠡᠷᠬᠢᠮ ᠳᠡᠭᠡᠲᠦ ᠢᠷᠠᠭᠤ ᠠᠯᠳᠠᠷ ᠪᠣᠯᠬᠤ ᠪᠥᠭᠡᠳ ᠨᠡᠩ ᠴᠦ ᠬᠥᠨᠳᠦ ᠴᠢᠬᠤᠯᠠ ᠬᠠᠷᠢᠭᠤᠴᠠᠯᠭ᠎ᠠ ᠪᠣᠯᠣᠨ᠎ᠠ᠃ ᠪᠢᠳᠠ ᠤᠯᠤᠰ ᠣᠷᠣᠨ ᠤ ᠨᠢᠭᠡᠳᠦᠯ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠨᠡᠩ ᠬᠦᠨᠳᠦ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠠᠭᠤᠤ ᠶᠡᠭᠡ ᠡᠬᠡ ᠤᠯᠤᠰ᠂ ᠳᠤᠮᠳᠠᠲᠤ ᠶᠢᠨ ᠦᠨᠳᠦᠰᠦᠲᠡᠨ᠂ ᠳᠤᠮᠳᠠᠲᠤ ᠶᠢᠨ ᠰᠣᠶᠣᠯ᠂ ᠳᠤᠮᠳᠠᠲᠤ ᠤᠯᠤᠰ ᠤᠨ ᠡᠪ ᠬᠠᠮᠲᠤ ᠨᠠᠮ᠂ ᠳᠤᠮᠳᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠮᠡᠳᠡᠷᠡᠮᠵᠢ ᠶᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ ᠦᠨᠳᠦᠰᠦᠲᠡᠨ ᠤ ᠲᠤᠬᠠᠢ ᠨᠠᠮ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠥᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠦᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠵᠢᠷᠦᠬᠡᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠭᠦᠨᠵᠡᠭᠡᠢ ᠬᠠᠳᠠᠩᠰᠢᠭᠤᠯᠤᠨ᠎ᠠ᠃ ᠣᠷᠴᠤᠨ ᠤ ᠥᠪᠡᠷᠲᠡᠭᠡᠨ ᠵᠠᠰᠠᠬᠤ ᠬᠤᠰᠢᠭᠤ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠠᠵᠢᠯᠯᠠᠭ᠎ᠠ ᠶᠢ ᠰᠠᠶᠢᠲᠤᠷ ᠡᠷᠬᠢᠯᠡᠨ᠎ᠡ᠃ ᠬᠢᠯᠢ ᠬᠢᠵᠠᠭᠠᠷ ᠣᠷᠣᠨ ᠢᠶᠠᠨ ᠬᠥᠭᠵᠢᠭᠦᠯᠵᠦ ᠠᠷᠠᠳ ᠢᠶᠠᠨ ᠪᠠᠶᠠᠵᠢᠭᠤᠯᠬᠤ ᠠᠵᠢᠯᠯᠠᠭᠠᠨ ᠢ ᠠᠬᠢᠭᠤᠯᠵᠦ᠂ ᠬᠤᠲᠠ ᠶᠢᠨ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠨᠣᠯᠵᠢᠬᠤᠨ ᠢ ᠭᠦᠨᠵᠡᠭᠡᠢ ᠦᠢᠯᠡᠳᠦᠯᠭᠡᠵᠢᠭᠦᠯᠦᠨ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠪᠠᠲᠤ ᠨᠢᠭᠲᠠᠷᠠᠨ ᠪᠥᠯᠬᠦᠮᠳᠡᠬᠦ ᠶᠢ ᠠᠬᠢᠭᠤᠯᠵᠦ᠂ ᠡᠬᠡ ᠤᠯᠤᠰ ᠤᠨ ᠬᠢᠯᠢ ᠬᠢᠵᠠᠭᠠᠷ ᠢᠶᠠᠨ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠨ ᠪᠠᠶᠢᠭᠤᠯᠤᠨ᠎ᠠ᠃    ᠲᠥᠯᠥᠭᠡᠯᠡᠭᠴᠢᠳ ᠡ︕ ᠰᠢᠨ᠎ᠡ ᠠᠶᠠᠨ ᠮᠠᠨᠢ ᠡᠬᠢᠯᠡᠪᠡ᠂ ᠰᠢᠭᠤᠷᠬᠠᠢ ᠠᠵᠢᠯᠯᠠᠪᠠᠰᠤ ᠠᠯᠤᠰ ᠢᠷᠡᠭᠡᠳᠦᠢ ᠳᠡᠭᠡᠨ ᠠᠮᠵᠢᠯᠲᠠ ᠣᠯᠣᠨ᠎ᠠ᠃ ᠪᠢᠳᠡ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠪᠠᠲᠤ ᠨᠢᠭᠲᠠᠷᠠᠨ ᠪᠦᠯᠬᠦᠮᠳᠡᠵᠦ᠂ ᠢᠷᠡᠭᠡᠳᠦᠢ ᠪᠠᠨ ᠴᠢᠭᠯᠡᠵᠦ ᠦᠷᠭᠦᠯᠵᠢᠯᠡᠨ ᠴᠢᠷᠮᠠᠶᠢᠵᠦ ᠠᠵᠢᠯᠯᠠᠨ᠂ ︽ᠠᠷᠪᠠᠨ ᠲᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠪᠡᠶᠡᠯᠡᠭᠦᠯᠬᠦ ᠠᠵᠢᠯ ᠢᠶᠠᠨ ᠤᠷᠤᠬᠰᠢᠲᠠᠢ ᠡᠬᠢᠯᠡᠭᠦᠯᠵᠦ᠂ ᠭᠢᠯᠠᠯᠵᠠᠭᠰᠠᠨ ᠠᠮᠵᠢᠯᠲᠠ ᠪᠠᠷ ᠢᠶᠠᠨ ᠳᠤᠮᠳᠠᠲᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠨ᠂ ᠴᠦᠬᠦᠷᠡᠰᠢ ᠦᠭᠡᠢ ᠤᠷᠤᠬᠰᠢᠯᠠᠵᠦ᠂ ᠦᠪᠦᠷ ᠮᠤᠩᠭᠤᠯ ᠤᠨ ᠬᠦᠭᠵᠢᠯᠲᠡ ᠶᠢᠨ ᠰᠢᠨ᠎ᠡ ᠬᠠᠭᠤᠳᠠᠰᠦ ᠪᠠᠨ ᠴᠢᠷᠮᠠᠶᠢᠨ ᠪᠢᠴᠢᠭᠯᠡᠶ᠎ᠡ︕
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ