ᠥᠪᠥᠷ ᠮᠣᠩᠭᠤᠯ ᠣᠷᠣᠨ ᠳᠠᠬᠢ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/2/4
     2021 ᠣᠨ ᠤ 2 ᠰᠠᠷ᠎ᠠ ᠶᠢᠨ 3 ᠤ ᠡᠳᠦᠷ ᠤᠨ 7 ᠴᠠᠭ ᠠᠴᠠ 2 ᠰᠠᠷ᠎ᠠ ᠶᠢᠨ 4 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃      2021 ᠣᠨ ᠤ 2 ᠰᠠᠷ᠎ᠠ ᠶᠢᠨ 4 ᠤ ᠡᠳᠦᠷ ᠤᠨ 7 ᠴᠠᠭ ᠪᠣᠯᠲᠠᠯ᠎ᠠ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 12 ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃  
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ