ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ︽ᠴᠠᠬᠢᠯᠭᠠᠨ ᠤ ᠲᠣᠣᠷ ᠢ ᠪᠦᠷᠬᠦᠭᠦᠯᠬᠦ︾ ᠢᠨᠵᠧᠨᠧᠷᠢᠩ ᠢ ᠢᠳᠡᠪᠬᠢᠲᠡᠶ ᠠᠬᠢᠭᠤᠯᠵᠤ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠬᠦᠴᠦᠨ ᠤ ᠪᠠᠲᠤᠯᠠᠭ᠎ᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2021/2/4

     ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠨᠢ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ 8 ᠠᠶᠢᠮᠠᠭ ᠬᠤᠲᠠ ᠶᠢᠨ 62 ᠬᠤᠰᠢᠭᠤ ︵ᠰᠢᠶᠠᠨ᠂ ᠲᠣᠭᠤᠷᠢᠭ︶ ᠶᠢᠨ 364 ᠰᠢᠶᠠᠩ ︵ᠪᠠᠯᠭᠠᠰᠤ᠂ ᠰᠤᠮᠤ︶ ᠤᠨ 5259 ᠵᠠᠰᠠᠭ ᠵᠠᠬᠢᠷᠭᠠᠨ ᠤ ᠲᠣᠰᠬᠤᠨ ︵ᠭᠠᠴᠠᠭ᠎ᠠ︶ ᠳᠤ ᠴᠠᠬᠢᠯᠭᠠᠨ ᠬᠠᠩᠭᠠᠬᠤ ᠡᠭᠦᠷᠭᠡ ᠶᠢ ᠡᠭᠦᠷᠭᠡᠯᠡᠵᠦ ᠪᠠᠶᠢᠨ᠎ᠠ᠃ ᠬᠥᠳᠡᠭᠡ ᠲᠣᠰᠬᠤᠨ ᠤ ᠴᠠᠬᠢᠯᠭᠠᠨ ᠤ ᠲᠣᠣᠷ ᠤᠨ ᠴᠠᠬᠢᠯᠭᠠᠨ ᠬᠠᠩᠭᠠᠬᠤ ᠲᠠᠯᠠᠪᠠᠶ ᠨᠢ 72 ᠲᠦᠮᠡᠨ ᠺᠦᠸᠠᠳ᠋ ᠺᠢᠯᠣᠮᠧᠲᠷ ᠪᠠᠶᠢᠵᠤ᠂ 355 ᠲᠦᠮᠡᠨ ᠡᠷᠦᠬᠡ ᠳᠤ ᠦᠢᠯᠡᠴᠢᠯᠡᠵᠦ ᠪᠠᠶᠢᠨ᠎ᠠ᠃
     ︽13•5︾ ᠶᠢᠨ ᠬᠤᠭᠤᠴᠠᠭᠠᠨ ᠳᠤ᠂ ᠴᠠᠬᠢᠯᠭᠠᠨ ᠬᠦᠴᠦᠨ ᠤ ᠪᠦᠯᠦᠭᠯᠡᠯ ︽ᠴᠠᠬᠢᠯᠭᠠᠨ ᠤ ᠲᠣᠣᠷ ᠢ ᠪᠥᠷᠬᠦᠭᠦᠯᠬᠦ︾ ᠢᠨᠵᠧᠨᠧᠷᠢᠩ ᠢ ᠢᠳᠡᠪᠬᠢᠲᠡᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠳᠤ ᠴᠠᠬᠢᠯᠭᠠᠨ ᠤ ᠲᠣᠣᠷ ᠨᠡᠪᠲᠡᠷᠡᠭᠦᠯᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠷᠭᠡᠳᠬᠡᠨ᠂ ᠴᠠᠬᠢᠯᠭᠠᠨ ᠤ ᠲᠣᠣᠷ ᠤᠨ ᠦᠢᠯᠡᠴᠢᠯᠡᠭᠡᠨ ᠤ ᠲᠤᠯᠭᠠᠭᠤᠷᠢᠯᠠᠯ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃
     2015 ᠣᠨ ᠠᠴᠠ 2016 ᠣᠨ ᠪᠣᠯᠲᠠᠯ᠎ᠠ᠂ ᠰᠢᠨ᠎ᠡ ᠪᠠᠷ ᠨᠡᠮᠡᠭᠳᠡᠭᠰᠡᠨ ᠴᠠᠬᠢᠯᠭᠠᠨ ᠨᠡᠪᠲᠡᠷᠡᠭᠡᠳᠦᠶ 2329 ᠮᠠᠯᠴᠢᠨ ᠲᠠᠷᠢᠶᠠᠴᠢᠨ ᠡᠷᠦᠬᠡ ᠪᠠ ᠨᠠᠷᠠᠨ ᠡᠨᠧᠷᠭᠢ ᠰᠠᠯᠬᠢᠨ ᠬᠦᠴᠦ ᠪᠠᠷ ᠬᠠᠷᠢᠯᠴᠠᠨ ᠨᠥᠬᠦᠪᠦᠷᠢᠯᠡᠭᠰᠡᠨ ᠰᠢᠨ᠎ᠡ ᠡᠨᠧᠷᠭᠢ ᠪᠠᠷ ᠴᠠᠬᠢᠯᠭᠠᠨ ᠬᠠᠩᠭᠠᠵᠤ ᠪᠠᠶᠢᠭᠰᠠᠨ 10691 ᠮᠠᠯᠴᠢᠨ ᠲᠠᠷᠢᠶᠠᠨ ᠡᠷᠦᠬᠡ ᠳᠤ ᠴᠠᠬᠢᠯᠭᠠᠨ ᠲᠣᠣᠷ ᠨᠡᠪᠲᠡᠷᠡᠭᠦᠯᠦᠨ ᠴᠠᠬᠢᠯᠭᠠᠨ ᠬᠠᠩᠭᠠᠬᠤ ᠶᠢ ᠠᠬᠢᠭᠤᠯᠵᠤ᠂ 44436 ᠡᠷᠦᠬᠡ ᠶᠢᠨ ᠨᠠᠷᠠᠨ ᠡᠨᠧᠷᠭᠢ ᠰᠠᠯᠬᠢᠨ ᠬᠦᠴᠦ ᠪᠠᠷ ᠬᠠᠷᠢᠯᠴᠠᠨ ᠨᠥᠬᠦᠪᠦᠷᠢᠯᠡᠭᠰᠡᠨ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠲᠠᠰ ᠳᠡᠪᠰᠢᠭᠦᠯᠬᠦ ᠶᠢ ᠪᠡᠶᠡᠯᠡᠭᠦᠯᠵᠦ᠂ ᠴᠠᠬᠢᠯᠭᠠᠨ ᠬᠠᠩᠭᠠᠬᠤ ᠴᠢᠳᠠᠪᠤᠷᠢ ᠶᠢ 400 ᠸᠠᠲ ᠪᠠᠶᠢᠭᠰᠠᠨ ᠠᠴᠠ 600 ᠸᠠᠲ ᠪᠣᠯᠭᠠᠨ ᠳᠡᠰ ᠳᠡᠪᠰᠢᠭᠦᠯᠪᠡ᠃
     2017 ᠣᠨ ᠠᠴᠠ 2018 ᠣᠨ ᠪᠣᠯᠲᠠᠯ᠎ᠠ᠂ 9.42 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠨᠠᠷᠠᠨ ᠡᠨᠧᠷᠭᠢ ᠰᠠᠯᠬᠢᠨ ᠬᠦᠴᠦ ᠪᠠᠷ ᠬᠠᠷᠢᠯᠴᠠᠨ ᠨᠥᠬᠦᠪᠦᠷᠢᠯᠡᠭᠰᠡᠨ ᠰᠢᠨ᠎ᠡ ᠡᠨᠧᠷᠭᠢ ᠶᠢᠨ ᠰᠢᠰᠲ᠋ᠧᠮ ᠢᠶᠠᠷ ᠴᠠᠬᠢᠯᠭᠠᠨ ᠬᠠᠩᠭᠠᠵᠤ ᠪᠠᠶᠢᠭᠰᠠᠨ 7992 ᠡᠷᠦᠬᠡ ᠶᠢᠨ ᠴᠠᠬᠢᠯᠭᠠᠨ ᠤ ᠲᠣᠣᠷ ᠲᠤ ᠰᠢᠯᠵᠢᠭᠦᠯᠬᠦ ᠶᠢ ᠪᠠᠲᠤᠯᠠᠪᠠ᠃
     2018 ᠣᠨ ᠠᠴᠠ 2020 ᠣᠨ ᠪᠣᠯᠲᠠᠯ᠎ᠠ᠂ 5 ᠠᠶᠢᠮᠠᠭ ᠬᠤᠲᠠ᠂ 12 ᠬᠢᠯᠢ ᠳᠠᠭᠠᠤ ᠬᠤᠰᠢᠭᠤ ᠰᠢᠶᠠᠨ᠂ 71 ᠬᠢᠯᠢ ᠳᠠᠭᠠᠤ ᠠᠶᠢᠯ ᠲᠣᠰᠬᠤᠨ ᠳᠤ ᠬᠥᠳᠡᠭᠡ ᠲᠣᠰᠬᠤᠨ ᠤ ᠴᠠᠬᠢᠯᠭᠠᠨ ᠤ ᠲᠣᠣᠷ ᠢ ᠥᠭᠡᠷᠡᠴᠢᠯᠡᠨ ᠪᠠᠶᠢᠭᠤᠯᠵᠤ ᠲᠠᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠢᠯᠢ ᠳᠠᠭᠠᠤ ᠲᠣᠰᠬᠤᠨ ᠤ 747 ᠮᠠᠯᠴᠢᠨ ᠲᠠᠷᠢᠶᠠᠴᠢᠨ ᠡᠷᠦᠬᠡ ᠳᠤ ᠴᠠᠬᠢᠯᠭᠠᠨ ᠨᠡᠪᠲᠡᠷᠡᠭᠦᠯᠬᠦ ᠠᠰᠠᠭᠤᠳᠠᠯ ᠢ ᠰᠢᠢᠳᠪᠦᠷᠢᠯᠡᠪᠡ︔ 133 ᠶᠠᠳᠠᠭᠤ ᠬᠦᠴᠢᠷᠳᠡᠯᠲᠡᠶ ᠡᠷᠦᠬᠡ ᠳᠤ ᠴᠠᠬᠢᠯᠭᠠᠨ ᠤ ᠲᠣᠣᠷ ᠨᠡᠪᠲᠡᠷᠡᠭᠦᠯᠬᠦ ᠶᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ︽ᠪᠦᠬᠦᠨ ᠢ ᠪᠠᠷᠢᠮᠵᠢᠶ᠎ᠠ ᠳᠤ ᠬᠦᠷᠭᠡᠬᠦ︾ ᠲᠤᠰᠬᠠᠶ ᠡᠭᠦᠷᠭᠡ ᠶᠢ ᠠᠮᠵᠢᠯᠲᠠ ᠲᠠᠢ ᠪᠡᠶᠡᠯᠡᠭᠦᠯᠪᠡ᠃ 2021 ᠣᠨ ᠳᠤ ᠴᠠᠬᠢᠯᠭᠠᠨ ᠬᠦᠴᠦᠨ ᠤ ᠪᠦᠯᠦᠭᠯᠡᠯ ᠳᠤ 2.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 3259 ᠡᠷᠦᠬᠡ ᠳᠤ ᠴᠠᠬᠢᠯᠭᠠᠨ ᠤ ᠲᠣᠣᠷ ᠨᠡᠪᠲᠡᠷᠡᠭᠦᠯᠬᠦ ᠶᠢ ᠪᠡᠶᠡᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠬᠦᠴᠦᠨ ᠤ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠬᠦ ᠪᠠᠷ ᠪᠤᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ