ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠲᠥᠪ ᠠᠴᠠ ᠣᠶᠢᠯᠠᠭᠠᠭᠰᠠᠨ ᠢᠶᠠᠷ᠂ 2 ᠳ᠋ᠤᠭᠠᠷ ᠰᠠᠷ᠎ᠠ ᠶᠢᠨ | 2 ᠤᠨ ᠡᠳᠦᠷ ᠪᠣᠯᠲᠠᠯ᠎ᠠ᠂ ᠪᠥᠬᠦ ᠣᠷᠣᠨ ᠤ 58.75 ᠲᠦᠮᠡᠨ ᠭᠤᠤᠯᠳᠠᠯᠭ᠎ᠠ ᠲᠠᠢ ᠬᠥᠮᠦᠰ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠵᠦ᠂ | ᠡᠯ᠎ᠡ ᠭᠠᠵᠠᠷ ᠤᠨ ᠬᠢᠨ ᠲᠠᠷᠢᠯᠭ᠎ᠠ ᠬᠢᠬᠦ ᠠᠵᠢᠯ ᠢ ᠡᠮᠬᠢ ᠵᠢᠷᠤᠮ ᠲᠠᠢ ᠶᠠᠪᠤᠭᠳᠠᠭᠤᠯᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠲᠥᠪ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠵᠠᠰᠠᠬᠤ ᠬᠤᠶᠠᠳᠤᠭᠠᠷ ᠭᠠᠵᠠᠷ ᠤᠨ ᠳᠡᠳ᠋ ᠳᠠᠷᠤᠭ᠎ᠠ ᠶᠠᠨ ᠱᠣᠤ ᠬᠤᠩ ᠲᠠᠨᠢᠯᠴᠠᠭᠤᠯᠬᠤ ᠳᠤ ᠪᠠᠨ᠂ ᠮᠠᠨ ᠤ ᠣᠷᠣᠨ 2020 ᠣᠨ ᠤ 12 ᠳ᠋ᠤᠭᠠᠷ ᠰᠠᠷ᠎ᠠ ᠶᠢᠨ 22 | ᠤᠨ ᠡᠳᠦᠷ ᠠᠴᠠ ᠡᠬᠢᠯᠡᠨ ᠪᠥᠬᠦ ᠣᠷᠣᠨ ᠤ ᠭᠤᠤᠯᠳᠠᠯᠭ᠎ᠠ ᠲᠠᠢ ᠬᠥᠮᠦᠰ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠠᠵᠢᠯ ᠢ ᠨᠡᠶᠢᠳᠡᠮ | ᠥᠷᠨᠢᠭᠦᠯᠦᠭᠰᠡᠨ ᠠᠴᠠ ᠨᠠᠭᠠᠰᠢ᠂ ᠪᠥᠬᠦ ᠣᠷᠣᠨ ᠤ ᠡᠯ᠎ᠡ ᠭᠠᠵᠠᠷ ᠲᠤ ᠸᠠᠺᠼᠢᠨ ᠤ ᠲᠠᠷᠢᠯᠭ᠎ᠠ ᠶᠢᠨ ᠴᠡᠭ ᠢ 490 ᠲᠣᠬᠢᠷᠠᠭᠤᠯᠵᠤ᠂ ᠡᠭᠦᠨ ᠳᠤ 419 ᠲᠣᠭᠲᠠᠮᠠᠯ | ᠲᠠᠷᠢᠯᠭ᠎ᠠ ᠶᠢᠨ ᠴᠡᠭ ᠠᠴᠠ ᠭᠠᠳᠠᠨ᠎ᠠ᠂ ᠪᠠᠰᠠ ᠡᠯ᠎ᠡ ᠭᠠᠵᠠᠷ ᠤᠨ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠳᠤ ᠲᠦᠷ ᠴᠠᠭ ᠤᠨ ᠲᠠᠷᠢᠯᠭ᠎ᠠ ᠶᠢᠨ | ᠴᠡᠭ ᠢ 71 ᠳᠣᠭᠢᠷᠠᠭᠤᠯᠪᠠ᠃ ᠡᠯ᠎ᠡ ᠭᠠᠵᠠᠷ ᠤᠨ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠠᠴᠠ ᠦᠵᠡᠪᠡᠯ᠂ ᠣᠳᠣ ᠪᠣᠯᠲᠠᠯ᠎ᠠ ᠬᠦᠨᠳᠦ ᠨᠣᠴᠢᠲᠠᠶ ᠬᠡᠪ ᠤᠨ ᠪᠤᠰᠤ | ᠲᠤᠰᠬᠠᠯ ᠭᠠᠷᠤᠭ᠎ᠠ ᠥᠬᠡᠶ᠂ ᠪᠤᠰᠤᠳ ᠸᠠᠺᠼᠢᠨ ᠤ ᠲᠠᠷᠢᠯᠭ᠎ᠠ ᠲᠠᠢ ᠠᠳᠠᠯᠢ ᠪᠠᠷ᠂ ᠮᠠᠰᠢ ᠴᠥᠭᠡᠨ ᠲᠣᠭᠠᠨ ᠤ ᠬᠥᠮᠦᠰ ᠲᠠᠷᠢᠯᠭ᠎ᠠ ᠬᠢᠭᠰᠡᠨ ᠤ ᠳᠠᠷᠠᠭ᠎ᠠ ᠪᠡᠶ᠎ᠡ ᠶᠢᠨ | ᠬᠢᠨᠢ ᠬᠡᠰᠡᠭ ᠭᠠᠵᠠᠷ ᠲᠤ ᠨᠢ ᠤᠯᠠᠶᠢᠬᠤ᠂ ᠬᠠᠪᠤᠳᠬᠤ᠂ ᠬᠠᠯᠠᠭᠤᠷᠠᠬᠤ᠂ ᠡᠪᠡᠳᠬᠦ ᠵᠢᠴᠢ ᠲᠣᠯᠣᠭᠠᠶ ᠡᠷᠭᠢᠬᠦ ᠵᠡᠷᠭᠡ ᠡᠩ ᠤᠨ ᠲᠤᠰᠬᠠᠯ ᠭᠠᠷᠳᠠᠭ ᠭᠡᠵᠡᠢ᠃ | ᠲᠠᠨᠢᠯᠴᠠᠭᠤᠯᠤᠭᠰᠠᠨ ᠢᠶᠠᠷ᠂ ᠪᠥᠬᠦ ᠣᠷᠣᠨ ᠳᠤ ᠣᠲᠣ 105 ᠬᠤᠰᠢᠭᠤ ᠰᠢᠶᠠᠨ ᠤ ᠱᠠᠲᠤ ᠪᠠ 10 ᠠᠶᠢᠮᠠᠭ ᠬᠤᠲᠠ ᠶᠢᠨ ᠱᠠᠲᠤᠨ ᠤ ᠰᠢᠨ᠎ᠡ ᠲᠢᠲᠢᠮᠯᠢᠭ | ᠸᠢᠷᠦ᠋ᠰ ᠤᠨ ᠸᠠᠺᠼᠢᠨ ᠬᠤᠳᠠᠯᠳᠤᠨ ᠠᠪᠬᠤ ᠨᠢᠭᠡᠴᠢ ᠪᠠᠶᠢᠵᠤ᠂ ᠸᠠᠺᠼᠢᠨ ᠬᠤᠳᠠᠯᠳᠤᠨ ᠠᠪᠬᠤ ᠠᠵᠢᠯ ᠲᠣᠭᠲᠠᠭᠤᠨ ᠢᠶᠠᠷ ᠠᠭᠢᠵᠤ ᠪᠠᠶᠢᠨ᠎ᠠ᠃ ᠸᠠᠺᠼᠢᠨ | ᠦᠶᠯᠡᠳᠪᠦᠷᠢᠯᠡᠬᠦ ᠠᠵᠤ ᠠᠬᠤᠶᠢᠯᠠᠯ ᠤᠨ ᠲᠣᠬᠢᠷᠠᠭᠤᠯᠤᠨ ᠬᠦᠷᠭᠡᠬᠦ ᠴᠣᠪᠣᠷᠠᠯ ᠴᠤ ᠲᠠᠰᠤᠷᠠᠯᠲᠠ ᠥᠬᠡᠶ ᠰᠢᠯᠢᠳᠡᠭᠵᠢᠵᠦ᠂ ᠤᠤᠯ ᠤᠨ ᠨᠢᠭᠡ ᠨᠢᠭᠡ ᠪᠠᠷ ᠲᠣᠬᠢᠷᠠᠭᠤᠯᠤᠨ | ᠬᠦᠷᠭᠡᠵᠦ ᠪᠠᠶᠢᠭᠰᠠᠨ ᠠᠴᠠ ᠪᠠᠨ ᠣᠲᠣ ᠶᠢᠨ ᠠᠶᠢᠮᠠᠭ ᠬᠤᠲᠠ ᠳᠤ ᠲᠣᠬᠢᠷᠠᠭᠤᠯᠤᠨ ᠬᠦᠷᠭᠡᠭᠰᠡᠨ ᠤ ᠳᠠᠷᠠᠭ᠎ᠠ ᠬᠤᠰᠢᠭᠤ ᠰᠢᠶᠠᠨ ᠲᠣᠭᠤᠷᠢᠭ ᠠᠴᠠ ᠲᠣᠰ | ᠲᠣᠰ ᠲᠤ ᠪᠠᠨ ᠠᠪᠬᠤ ᠠᠷᠭ᠎ᠠ ᠮᠠᠶ᠋ᠢᠭ ᠪᠣᠯᠵᠣ ᠬᠤᠪᠢᠷᠠᠪᠠ᠃ ᠣᠳᠣᠬᠠᠨ ᠳᠤ ᠪᠥᠬᠦ ᠣᠷᠣᠨ ᠳᠤ ᠨᠡᠶᠢᠲᠡ 102 ᠲᠦᠮᠡ ᠭᠠᠷᠤᠶ ᠰᠢᠨ᠎ᠡ ᠲᠢᠲᠢᠮᠯᠢᠭ ᠸᠢᠷᠦ᠋ᠰ ᠤᠨ | ᠸᠠᠺᠼᠢᠨ ᠢ ᠬᠤᠳᠠᠯᠳᠤᠨ ᠠᠪᠴᠠᠶ᠃ | ︽ᠬᠥᠮᠦᠰ ᠤᠨ ᠡᠭᠡᠯᠢᠯᠡᠭᠡ ᠶᠢᠨ ᠬᠠᠯᠬᠠᠪᠴᠢ ᠶᠢ ᠪᠠᠶᠢᠭᠤᠯᠬᠤ ᠠᠴᠠ ᠡᠮᠦᠨ᠎ᠡ᠂ ᠵᠠᠷᠢᠮ ᠬᠥᠮᠦᠰ ᠸᠠᠺᠼᠢᠨ ᠤ ᠲᠠᠷᠢᠯᠭ᠎ᠠ ᠬᠢᠭᠰᠡᠨ ᠴᠤ᠂ ᠣᠯᠠᠨ ᠨᠡᠶᠢᠲᠡ ᠶᠢᠨ | ᠰᠡᠷᠭᠡᠶᠢᠯᠡᠨ ᠡᠵᠡᠮᠳᠡᠬᠦ ᠤᠬᠠᠮᠰᠠᠷ ᠪᠣᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠤᠯᠠᠷᠠᠭᠤᠯᠵᠤ ᠪᠣᠯᠬᠤ ᠥᠬᠡᠶ᠃ ᠨᠢᠭᠡ ᠲᠠᠯ᠎ᠠ ᠪᠠᠷ᠂ ᠸᠠᠺᠼᠢᠨ ᠤ ᠡᠭᠡᠯᠢᠯᠡᠭᠡ | ᠶᠢᠨ ᠨᠣᠷᠮ᠎ᠠ ᠨᠢ 100% ᠳᠤ ᠬᠦᠷᠦᠭᠡ ᠦᠭᠡᠢ᠂ ᠡᠪᠡᠳᠴᠢᠨ ᠳᠡᠯᠭᠡᠷᠡᠬᠦ ᠬᠤᠭᠤᠴᠠᠭᠠᠨ ᠳᠤ ᠨᠢᠭᠡᠨᠲᠡ ᠸᠠᠺᠼᠢᠨ ᠤ ᠲᠠᠷᠢᠯᠭ᠎ᠠ ᠬᠢᠭᠰᠡᠨ ᠨᠡᠯᠢᠶᠡᠳ ᠴᠥᠭᠡᠨ ᠲᠣᠭᠠᠨ | ᠤ ᠬᠥᠮᠦᠨ ᠪᠠᠰᠠ ᠡᠪᠡᠳᠴᠢᠨ ᠣᠯᠵᠤ ᠮᠡᠳᠡᠨ᠎ᠡ᠃ ᠨᠥᠭᠦᠭᠡ ᠲᠠᠯ᠎ᠠ ᠪᠠᠷ᠂ ᠡᠭᠡᠯᠢᠯᠡᠭᠡ ᠶᠢᠨ ᠬᠠᠯᠬᠠᠪᠴᠢ ᠶᠢ ᠪᠦᠷᠢᠯᠳᠦᠭᠡ ᠦᠭᠡᠢ ᠪᠠᠶᠢᠳᠠᠯ ᠳᠣᠤᠷ᠎ᠠ᠂ ᠰᠢᠨ᠎ᠡ | ᠲᠢᠲᠢᠮᠯᠢᠭ ᠸᠢᠷᠦ᠋ᠰ ᠮᠥᠨ ᠯᠡ ᠠᠮᠠᠷᠬᠠᠨ ᠬᠠᠯᠳᠠᠪᠤᠷᠢᠯᠠᠨ᠎ᠠ︾ ᠭᠡᠵᠦ ᠶᠠᠨ ᠱᠣᠤ ᠬᠤᠩ ᠴᠢᠬᠤᠯᠠᠴᠢᠯᠠᠬᠤ ᠳᠤ ᠪᠠᠨ᠂ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ | ᠠᠮᠠᠪᠴᠢ ᠪᠠᠨ ᠦᠷᠭᠦᠯᠵᠢᠯᠡᠨ ᠰᠠᠶᠢᠲᠤᠷ ᠵᠡᠭᠦᠵᠦ᠂ ᠢᠯᠠᠩᠭᠤᠶ᠎ᠠ ᠣᠯᠠᠨ ᠨᠡᠶᠢᠲᠡ ᠶᠢᠨ ᠲᠠᠯᠠᠪᠤᠷ ᠭᠠᠵᠠᠷ᠂ ᠬᠥᠮᠦᠨ ᠬᠠᠷ᠎ᠠ ᠴᠢᠭᠵᠢᠭᠦᠦ ᠲᠠᠯᠠᠪᠤᠷ ᠭᠠᠵᠠᠷ ᠲᠤ ᠨᠡᠩ | ᠢᠯᠡᠭᠦᠦ ᠠᠩᠬᠠᠷᠬᠤ ᠬᠡᠷᠡᠭᠲᠡᠢ︔ ᠭᠠᠷ ᠤᠨ ᠡᠷᠡᠭᠦᠯ ᠬᠠᠮᠠᠭᠠᠯᠠᠯ᠂ ᠰᠠᠯᠬᠢ ᠨᠡᠪᠲᠡᠷᠡᠬᠦ᠂ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠵᠡᠷᠭᠡ ᠰᠡᠷᠭᠡᠶᠢᠯᠡᠨ | ᠬᠠᠮᠠᠭᠠᠯᠠᠬᠤ ᠪᠤᠰᠤᠳ ᠠᠷᠭ᠎ᠠ ᠬᠡᠮᠵᠢᠶ᠎ᠡ ᠶᠢ ᠴᠦ ᠦᠷᠭᠦᠯᠵᠢᠯᠡᠨ ᠪᠠᠲᠤᠯᠠᠬᠤ ᠬᠡᠷᠡᠭᠲᠡᠶ ᠭᠡᠪᠡ᠃ |