ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ ᠢ ᠬᠦᠴᠦᠨ ᠲᠠᠢ ᠪᠣᠯᠭᠠᠵᠤ ᠬᠡᠷᠡᠭᠵᠢᠭᠦᠯᠬᠦ ᠲᠤᠬᠠᠢ ᠤᠯᠤᠰ ᠤᠨ ᠳᠣᠲᠣᠭᠠᠳᠤ ᠶᠢᠨ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2021/2/5

     ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ

     ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ ᠢ ᠬᠦᠴᠦᠨ ᠲᠠᠢ ᠪᠣᠯᠭᠠᠵᠤ ᠬᠡᠷᠡᠭᠵᠢᠭᠦᠯᠬᠦ ᠲᠤᠬᠠᠢ ᠤᠯᠤᠰ ᠤᠨ ᠳᠣᠲᠣᠭᠠᠳᠤ ᠶᠢᠨ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠤᠰᠪᠠ

     ᠥᠭᠡᠷᠡᠴᠢᠯᠡᠯᠲᠡ ᠨᠡᠬᠡᠬᠡᠯᠳᠡ ᠶᠢ ᠭᠦᠨᠵᠡᠭᠡᠶᠢᠷᠡᠭᠦᠯᠬᠦ ᠪᠠᠷ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ

     ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠤᠴᠠᠨ ᠭᠠᠷᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠳᠡᠪᠬᠢᠵᠢᠯ ᠢ ᠳᠡᠭᠡᠭᠰᠢᠯᠡᠭᠦᠯᠬᠦ ᠲᠤᠬᠠᠶ ᠪᠠᠶᠢᠷᠢᠯᠠᠭᠤᠯᠪᠠ


     ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 2 ᠳ᠋ᠤᠭᠠᠷ ᠰᠠᠷ᠎ᠠ ᠶᠢᠨ 3᠎ ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠣᠨ ᠪᠦᠰᠡ ᠶᠢᠨ ᠪᠥᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠢ ᠬᠦᠴᠦᠨ ᠲᠠᠢ ᠪᠣᠯᠭᠠᠵᠤ ᠬᠡᠷᠡᠭᠵᠢᠭᠦᠯᠬᠦ ᠲᠤᠬᠠᠢ ᠤᠯᠤᠰ ᠤᠨ ᠳᠣᠲᠣᠭᠠᠳᠤ ᠶᠢᠨ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠪᠠᠷ ᠠᠵᠤ ᠦᠶᠯᠡᠰ ᠤᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ︔ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠤᠴᠠᠨ ᠭᠠᠷᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠪᠦᠷᠢᠨᠰᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠳᠡᠪᠬᠢᠵᠢᠯ ᠢ ᠳᠡᠭᠡᠭᠰᠢᠯᠡᠭᠦᠯᠬᠦ ᠲᠤᠬᠠᠶ ᠪᠠᠶᠢᠷᠢᠯᠠᠭᠤᠯᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ ᠢ ᠪᠤᠲᠠᠲᠠᠶᠢᠵᠢᠭᠤᠯᠤᠨ ᠬᠡᠷᠡᠭᠵᠢᠭᠦᠯᠬᠦ ᠶᠢ ᠠᠬᠢᠭᠤᠯᠬᠤ ᠪᠣᠯ ᠨᠡᠭᠡᠭᠡᠯᠳᠠ ᠶᠢ ᠥᠷᠭᠡᠳᠬᠡᠬᠦ ᠶᠢᠨ ᠤᠯᠠᠮ ᠢᠶᠠᠷ ᠥᠭᠡᠷᠡᠴᠢᠯᠡᠯᠲᠡ ᠶᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠤᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠡᠯᠡᠯᠴᠡᠭᠡᠷ ᠢ ᠬᠦᠴᠦᠨ ᠲᠠᠢ ᠪᠣᠯᠭᠠᠭᠰᠠᠨ ᠤᠯᠤᠰ ᠤᠨ ᠳᠣᠲᠣᠭᠠᠳᠤ ᠶᠢᠨ ᠬᠠᠮᠢᠶ᠎ᠠ ᠪᠥᠬᠦᠶ ᠵᠣᠯᠭᠠᠭᠤᠯᠬᠤ ᠪᠡᠯᠡᠳᠬᠡᠯ ᠠᠵᠢᠯ ᠢ ᠲᠦᠷᠭᠡᠳᠬᠡᠬᠦ ᠬᠡᠷᠡᠭᠲᠡᠢ᠃ ᠣᠳᠣᠬᠠᠨ ᠳᠤ ᠬᠡᠯᠡᠯᠴᠡᠭᠡᠷ ᠤᠨ ᠵᠦᠢᠯ ᠵᠤᠷᠪᠤᠰ ᠲᠤ ᠬᠠᠤᠯᠢ ᠴᠠᠭᠠᠵᠠ ᠶᠢᠨ ᠬᠢᠨᠠᠨ ᠪᠠᠶᠢᠴᠠᠭᠠᠯᠲᠠ ᠬᠢᠬᠦ᠂ ᠪᠠᠷᠠᠭᠠᠨ ᠤ ᠠᠷᠠᠯᠵᠢᠶᠠᠨ ᠤ ᠪᠣᠭᠤᠮᠲᠠ ᠶᠢᠨ ᠭᠠᠶᠢᠯᠢ ᠶᠢ ᠬᠦᠩᠭᠡᠯᠡᠬᠦ ᠠᠮᠠᠯᠠᠯᠲᠠ ᠶᠢᠨ ᠬᠦᠰᠦᠨᠦᠭᠲᠦ ᠶᠢ ᠬᠤᠪᠢᠷᠠᠭᠤᠯᠬᠤ ᠲᠥᠰᠦᠯ ᠢ ᠨᠢᠭᠡᠨᠲᠡ ᠲᠣᠭᠲᠠᠭᠠᠵᠤ ᠳᠠᠭᠤᠰᠬᠠᠭᠠᠳ᠂ ᠣᠬ ᠭᠠᠷᠤᠯᠲᠠ ᠶᠢᠨ ᠭᠠᠵᠠᠷ ᠤᠨ ᠬᠤᠷᠠᠮᠳᠤᠭᠤᠯᠭ᠎ᠠ ᠶᠢᠨ ᠲᠦᠷᠢᠮ ᠢ ᠬᠡᠷᠡᠭᠵᠢᠭᠦᠯᠬᠦ ᠮᠡᠷᠭᠡᠵᠢᠯ ᠤᠨ ᠪᠡᠯᠡᠳᠬᠡᠯ ᠨᠢ ᠮᠥᠨ ᠴᠢᠨᠠᠷ ᠤᠨ ᠠᠬᠢᠯᠲᠠ ᠲᠠᠢ ᠪᠤᠯᠵᠤ᠂ ᠬᠡᠯᠡᠯᠴᠡᠭᠡᠷ ᠲᠤ ᠬᠤᠯᠪᠣᠭᠳᠠᠭᠰᠠᠨ 701 ᠵᠦᠢᠯ ᠤᠨ ᠬᠢᠵᠠᠭᠠᠷᠯᠠᠬᠤ ᠴᠢᠨᠠᠷᠲᠠᠢ ᠡᠭᠦᠷᠭᠡ ᠶᠢᠨ 85%᠎ ᠨᠢ ᠨᠢᠭᠡᠨᠲᠡ ᠭᠦᠢᠴᠡᠳᠬᠡᠬᠦ ᠪᠡᠯᠡᠳᠬᠡᠯ ᠢᠶᠠᠨ ᠰᠠᠶᠢᠲᠤᠷ ᠬᠢᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠠᠵᠠ ᠲᠣᠬᠢᠶᠠᠯ ᠢ ᠠᠮᠵᠢᠵᠤ᠂ ᠥᠷᠢᠰᠥᠯᠳᠦᠭᠡᠨ ᠢ ᠠᠷᠭᠠᠴᠠᠭᠠᠬᠤ ᠬᠡᠷᠡᠭᠲᠡᠢ᠃ ᠨᠢᠭᠡ ᠳᠤ ᠣᠬ ᠭᠠᠷᠤᠯᠲᠠ ᠶᠢᠨ ᠭᠠᠵᠠᠷ ᠤᠨ ᠬᠤᠷᠠᠮᠳᠤᠭᠤᠯᠭ᠎ᠠ ᠶᠢᠨ ᠲᠦᠷᠢᠮ ᠢ ᠬᠡᠷᠡᠭᠵᠢᠭᠦᠯᠬᠦ ᠨᠢ ᠪᠣᠭᠤᠮᠲᠠ ᠶᠢᠨ ᠭᠠᠶᠢᠯᠢ ᠶᠢᠨ ᠬᠠᠷᠠᠭᠠᠯᠵᠠᠯ ᠢ ᠬᠦᠷᠲᠡᠬᠦ ᠪᠠᠷᠢᠮᠵᠢᠶ᠎ᠠ ᠶᠢ ᠪᠠᠭᠤᠷᠠᠭᠤᠯᠬᠤ᠂ ᠣᠷᠣᠨ ᠪᠦᠰᠡ ᠶᠢᠨ ᠳᠣᠲᠣᠷᠠᠬᠢ ᠠᠷᠠᠯᠵᠢᠶᠠᠨ ᠤ ᠬᠠᠮᠲᠤᠷᠠᠯᠴᠠᠭ᠎ᠠ ᠶᠢ ᠠᠬᠢᠭᠤᠯᠬᠤ᠂ ᠣᠷᠣᠨ ᠪᠦᠰᠡ ᠶᠢᠨ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠬᠤ ᠪᠠ ᠴᠢᠩᠭᠠᠳᠬᠠᠬᠤ ᠳᠤ ᠠᠰᠢᠭᠲᠠᠢ ᠪᠠᠶᠢᠬᠤ ᠶᠢ ᠭᠦᠢᠴᠡᠳ ᠲᠠᠨᠢᠵᠦ᠂ ᠤᠯᠤᠰ ᠤᠨ ᠳᠣᠲᠣᠭᠠᠳᠤ ᠶᠢᠨ ᠬᠠᠮᠢᠶ᠎ᠠ ᠪᠥᠬᠦᠶ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠱᠠᠯᠠᠪᠳᠠᠨ ᠠᠬᠢᠭᠤᠯᠵᠤ᠂ ᠣᠬ ᠭᠠᠷᠤᠯᠲᠠ ᠶᠢᠨ ᠭᠠᠵᠠᠷ ᠤᠨ ᠬᠠᠮᠢᠶᠠᠷᠤᠯᠲᠠ ᠶᠢᠨ ᠠᠷᠭ᠎ᠠ ᠪᠣᠯᠤᠨ ᠬᠡᠷᠡᠭᠵᠢᠭᠦᠯᠬᠦ ᠵᠢᠯᠣᠭᠤᠳᠤᠮᠵᠢ ᠶᠢ ᠲᠣᠭᠲᠠᠭᠠᠨ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠪᠦᠷᠢᠨᠰᠢᠭᠦᠯᠵᠦ᠂ ᠬᠠᠮᠢᠶ᠎ᠠ ᠪᠥᠬᠦᠶ ᠮᠡᠷᠭᠡᠵᠢᠯ ᠤᠨ ᠪᠡᠯᠡᠳᠬᠡᠯ ᠢ ᠬᠠᠨᠳᠤᠯᠭᠠᠲᠤ ᠴᠢᠨᠠᠷᠲᠠᠶ ᠪᠠᠷ ᠰᠠᠶᠢᠲᠤᠷ ᠬᠢᠵᠦ᠂ ᠬᠡᠯᠡᠯᠴᠡᠭᠡᠷ ᠬᠦᠴᠦᠨ ᠲᠠᠢ ᠪᠣᠯᠤᠮᠠᠭᠴᠠ ᠳᠠᠷᠤᠶᠢᠬᠠᠨ ᠪᠤᠲᠠᠲᠠᠶᠢᠵᠢᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ ᠬᠡᠯᠡᠯᠴᠡᠭᠡᠷ ᠢ ᠬᠡᠷᠡᠭᠵᠢᠭᠦᠯᠦᠭᠰᠡᠨ ᠤ ᠳᠠᠷᠠᠭᠠᠬᠢ ᠨᠡᠩ ᠨᠡᠭᠡᠭᠡᠯᠲᠡᠲᠡᠢ ᠣᠷᠴᠢᠨ ᠨᠥᠬᠦᠴᠡᠯ ᠪᠠ ᠥᠷᠢᠰᠥᠯᠳᠦᠭᠡᠨ ᠨᠡᠩ ᠬᠠᠩᠭᠠᠯᠲᠠᠲᠠᠢ ᠪᠣᠯᠬᠤ ᠰᠢᠨ᠎ᠡ ᠪᠠᠶᠢᠳᠠᠯ ᠳᠤ ᠵᠣᠬᠢᠴᠠᠭᠤᠯᠤᠨ᠂ ᠳᠡᠯᠡᠬᠡᠢ ᠶᠢᠨ ᠲᠡᠷᠢᠭᠦᠨ ᠤ ᠠᠵᠤ ᠦᠢᠯᠡᠰ ᠤᠨ ᠬᠢᠷᠢ ᠲᠦᠪᠰᠢᠨ ᠢᠶᠠᠷ ᠪᠠᠷᠢᠮᠵᠢᠶᠠᠯᠠᠵᠤ᠂ ᠮᠠᠨ ᠤ ᠤᠯᠤᠰ ᠤᠨ ᠦᠢᠯᠡᠳᠬᠦ ᠦᠢᠯᠡᠰ ᠤᠨ ᠶᠠᠰᠤ ᠴᠢᠨᠠᠷ ᠤᠨ ᠪᠠᠷᠢᠮᠵᠢᠶ᠎ᠠ᠂ ᠲᠦᠷᠢᠮ ᠵᠡᠷᠭᠡ ᠶᠢ ᠡᠮᠬᠢᠯᠡᠨ ᠪᠦᠷᠢᠨᠰᠢᠭᠦᠯᠵᠦ᠂ ᠦᠢᠯᠡᠳᠬᠦ ᠦᠢᠯᠡᠰ ᠤᠨ ᠳᠤᠮᠳᠠ ᠳᠡᠭᠡᠳᠦ ᠦᠵᠦᠭᠦᠷ ᠲᠡᠶᠢᠰᠢ ᠳᠠᠪᠰᠢᠬᠤ ᠶᠢ ᠠᠬᠢᠭᠤᠯᠵᠤ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠵᠦ᠂ ᠵᠠᠬ᠎ᠠ ᠳᠡᠯᠭᠡᠭᠦᠷ ᠤᠨ ᠦᠷᠢᠰᠤᠯᠳᠤᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠤᠯᠠᠮ ᠨᠢᠭᠡ ᠠᠯᠬᠤᠮ ᠥᠷᠭᠡᠳᠬᠡᠬᠦ ᠶᠢᠨ ᠲᠣᠭᠤᠷᠢᠨ ᠳᠤ᠂ ᠪᠠᠷᠢᠮᠵᠢᠶ᠎ᠠ ᠶᠢ ᠳᠡᠭᠡᠭᠰᠢᠯᠡᠭᠦᠯᠬᠦ᠂ ᠳᠦᠷᠢᠮ ᠢ ᠪᠦᠷᠢᠨᠰᠢᠭᠦᠯᠬᠦ ᠵᠡᠷᠭᠡ ᠬᠠᠮᠢᠶ᠎ᠠ ᠪᠦᠬᠦᠢ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠬᠡᠯᠡᠯᠴᠡᠭᠡᠷ ᠤᠨ ᠲᠣᠭᠲᠠᠭᠠᠯ ᠲᠠᠢ ᠬᠠᠷᠢᠴᠠᠭᠤᠯᠤᠨ ᠤᠯᠤᠰ ᠤᠨ ᠳᠣᠲᠣᠭᠠᠳᠤ ᠶᠢᠨ ᠬᠠᠮᠢᠶ᠎ᠠ ᠪᠦᠬᠦᠢ ᠬᠠᠤᠯᠢ ᠲᠣᠭᠲᠠᠭᠠᠯ ᠲᠦᠷᠦ ᠶᠢᠨ ᠪᠤᠳᠤᠯᠭ᠎ᠠ ᠶᠢ ᠱᠠᠯᠠᠪᠳᠠᠨ ᠪᠦᠷᠢᠨᠰᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠶᠢ ᠰᠣᠩᠭᠤᠵᠤ ᠠᠵᠢᠯ ᠲᠦᠷᠦᠯ ᠬᠤᠪᠢᠶᠠᠨ ᠬᠡᠷᠡᠭᠵᠢᠭᠦᠯᠬᠦ ᠲᠥᠰᠦᠯ ᠲᠣᠭᠲᠠᠭᠠᠬᠤ ᠶᠢᠨ ᠬᠠᠮᠲᠤ ᠪᠦᠷᠢᠯᠳᠦᠬᠦᠨ ᠤᠯᠤᠰ ᠤᠨ ᠪᠣᠭᠤᠮᠲᠠ ᠶᠢᠨ ᠭᠠᠶᠢᠯᠢ ᠶᠢᠨ ᠠᠮᠠᠯᠠᠯᠲᠠ ᠶᠢᠨ ᠬᠦᠰᠦᠨᠦᠭᠲᠦ ᠪᠠᠨ ᠬᠤᠪᠢᠷᠠᠭᠤᠯᠬᠤ᠂ ᠦᠢᠯᠡᠳᠬᠦᠨ ᠤ ᠣᠨᠴᠠᠭᠠᠢ ᠣᠬ ᠭᠠᠷᠤᠯᠲᠠ ᠶᠢᠨ ᠭᠠᠵᠠᠷ ᠤᠨ ᠲᠦᠷᠢᠮ ᠢ ᠬᠤᠪᠢᠷᠠᠭᠤᠯᠤᠨ ᠭᠡᠪᠯᠡᠬᠦ᠂ ᠣᠬ ᠭᠠᠷᠤᠯᠲᠠ ᠶᠢᠨ ᠭᠠᠵᠠᠷ ᠤᠨ ᠲᠦᠷᠢᠮ ᠢ ᠬᠡᠷᠡᠭᠵᠢᠭᠦᠯᠬᠦ ᠶᠢ ᠵᠢᠯᠣᠭᠤᠳᠤᠨ ᠵᠥᠪᠳᠡᠯᠴᠡᠬᠦ ᠪᠠᠨ ᠲᠦᠷᠭᠡᠯᠡᠨ ᠦᠷᠨᠢᠭᠦᠯᠬᠦ ᠶᠢ ᠠᠬᠢᠭᠤᠯᠵᠤ᠂ ᠬᠡᠯᠡᠯᠴᠡᠭᠡᠷ ᠢ ᠬᠦᠴᠦᠨ ᠲᠠᠢ ᠪᠣᠯᠭᠠᠵᠤ ᠬᠡᠷᠡᠭᠵᠢᠭᠦᠯᠬᠦ ᠲᠦᠷᠢᠮ ᠤᠨ ᠪᠠᠲᠤᠯᠠᠭ᠎ᠠ ᠶᠢ ᠣᠯᠭᠤᠬᠤ ᠬᠡᠷᠡᠭᠲᠡᠢ᠃ ᠭᠤᠷᠪᠠ ᠳᠤ ᠬᠡᠯᠡᠯᠴᠡᠭᠡᠷ ᠢ ᠬᠡᠷᠡᠭᠵᠢᠭᠦᠯᠬᠦ ᠬᠠᠮᠢᠶ᠎ᠠ ᠪᠦᠬᠦᠢ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠢᠯᠠᠩᠭᠤᠶ᠎ᠠ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠤᠨ ᠬᠡᠯᠡᠯᠴᠡᠭᠡᠷ ᠤᠨ ᠲᠦᠷᠢᠮ ᠤᠨ ᠠᠭᠤᠯᠭ᠎ᠠ ᠪᠠ ᠪᠦᠷᠢᠯᠳᠦᠬᠦᠨ ᠤᠯᠤᠰ ᠤᠨ ᠪᠣᠭᠤᠮᠲᠠ ᠶᠢᠨ ᠭᠠᠶᠢᠯᠢ ᠶᠢ ᠬᠦᠩᠭᠡᠯᠡᠬᠦ ᠪᠠᠶᠢᠳᠠᠯ ᠢ ᠣᠶᠢᠯᠠᠭᠠᠭᠤᠯᠵᠤ᠂ ᠣᠬ ᠭᠠᠷᠤᠯᠲᠠ ᠶᠢᠨ ᠭᠠᠵᠠᠷ ᠤᠨ ᠦᠨᠡᠮᠯᠡᠯ ᠭᠤᠶᠤᠴᠢᠯᠠᠨ ᠠᠪᠬᠤ ᠳᠡᠰ ᠳᠠᠷᠠᠭᠠᠯᠠᠯ᠂ ᠭᠡᠷᠡᠴᠢᠯᠡᠬᠦ ᠮᠠᠲ᠋ᠧᠷᠢᠶᠠᠯ ᠵᠡᠷᠭᠡ ᠱᠠᠭᠠᠷᠳᠠᠯᠭ᠎ᠠ ᠶᠢ ᠪᠣᠯᠪᠠᠰᠤᠷᠠᠩᠭᠤᠢ ᠡᠵᠡᠮᠰᠢᠭᠦᠯᠬᠦ ᠬᠡᠷᠡᠭᠲᠡᠢ᠃ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠤᠯᠭᠠᠮ ᠰᠡᠳᠬᠢᠯᠭᠡ ᠶᠢ ᠨᠢ ᠴᠢᠩᠭᠠᠷᠠᠭᠤᠯᠵᠤ᠂ ᠲᠤᠰᠬᠠᠶ ᠮᠡᠷᠭᠡᠵᠢᠯ ᠤᠨ ᠵᠣᠷᠢᠭ ᠰᠠᠨᠠᠭ᠎ᠠ ᠪᠠ ᠨᠢᠭᠲᠠ ᠠᠴᠠ ᠨᠢᠭᠲᠠ ᠪᠠᠶᠢᠬᠤ ᠦᠵᠡᠯ ᠤᠬᠠᠮᠰᠠᠷ ᠢ ᠨᠢ ᠴᠢᠩᠭᠠᠷᠠᠭᠤᠯᠤᠨ᠂ ᠬᠠᠮᠢᠶᠠᠷᠤᠯᠲᠠ ᠶᠢᠨ ᠬᠢᠷᠢ ᠲᠦᠪᠰᠢᠨ ᠢ ᠨᠢ ᠳᠡᠭᠡᠭᠰᠢᠯᠡᠭᠦᠯᠵᠦ᠂ ᠣᠯᠠᠨ ᠤᠯᠤᠰ ᠤᠨ ᠬᠠᠮᠲᠤᠷᠠᠯᠴᠠᠭ᠎ᠠ ᠬᠢᠭᠡᠳ ᠥᠷᠢᠰᠥᠯᠳᠦᠭᠡᠨ ᠳᠤ ᠣᠷᠣᠯᠴᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ ᠭᠡᠵᠡᠢ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠠᠵᠤ ᠠᠬᠤᠶᠢᠯᠠᠯ ᠤᠨ ᠰᠢᠯᠢᠳᠡᠭ ᠨᠢ ᠰᠢᠯᠢᠭᠳᠡᠵᠦ ᠰᠢᠭᠠᠷᠤ ᠨᠢ ᠰᠢᠭᠰᠢᠭᠳᠡᠬᠦ ᠪᠣᠯ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠡᠪ ᠤᠨ ᠦᠵᠡᠭᠳᠡᠯ ᠪᠣᠯᠤᠨ᠎ᠠ᠃ ᠳᠠᠮᠫᠤᠷᠠᠬᠤ ᠶᠣᠰᠣᠲᠠᠶ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠤᠴᠠᠨ ᠭᠠᠷᠬᠤ ᠢᠵᠢ ᠪᠦᠷᠢᠳᠦᠭᠦᠯᠦᠯ ᠤᠨ ᠲᠥᠷᠥ ᠶᠢᠨ ᠪᠣᠳᠣᠯᠭ᠎ᠠ ᠶᠢ ᠲᠦᠷᠭᠡᠯᠡᠨ ᠪᠦᠷᠢᠨᠰᠢᠭᠦᠯᠵᠦ᠂ ᠪᠤᠴᠠᠨ ᠭᠠᠷᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠶᠳᠪᠦᠷᠢᠯᠡᠬᠦ ᠨᠢ ᠬᠦᠴᠦᠨ ᠵᠦᠢᠯ ᠤᠨ ᠲᠣᠬᠢᠷᠠᠭᠤᠯᠤᠯᠲᠠ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠪᠠᠷᠢᠯ ᠮᠥᠨ᠃ ᠨᠢᠭᠡ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠳᠦᠭᠦᠮ ᠠᠪᠰᠠᠷᠬᠠᠨ ᠢᠶᠠᠷ ᠬᠦᠴᠦᠨ ᠥᠬᠡᠶ ᠪᠣᠯᠭᠠᠬᠤ ᠲᠦᠷᠢᠮ ᠢ ᠪᠦᠷᠢᠨᠰᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠡᠷᠭᠢᠯᠡᠬᠦ ᠳᠤ ᠲᠥᠬᠦᠮ ᠲᠦᠳᠡ ᠪᠠᠶᠢᠬᠤ ᠶᠢᠨ ᠬᠠᠮᠲᠤ ᠪᠤᠴᠠᠨ ᠭᠠᠷᠬᠤ ᠳᠤ ᠴᠦ ᠲᠥᠬᠦᠮ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠦᠲᠦᠴᠡ ᠶᠢ ᠰᠠᠶᠢᠵᠢᠷᠠᠭᠤᠯᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠳᠡᠪᠬᠢᠵᠢᠯ ᠢ ᠳᠡᠭᠡᠭᠰᠢᠯᠡᠭᠦᠯᠬᠦ ᠬᠡᠷᠡᠭᠲᠡᠶ᠃ ᠬᠤᠶᠠᠷ ᠲᠤ ᠠᠵᠤ ᠠᠬᠤᠶᠢᠯᠠᠯ ᠤᠨ ᠳᠠᠮᠫᠤᠷᠠᠬᠤ ᠪᠠ ᠪᠤᠴᠠᠨ ᠭᠠᠷᠬᠤ ᠪᠠᠶᠢᠳᠠᠯ ᠢ ᠢᠯᠡ ᠨᠡᠶᠢᠲᠡᠯᠡᠬᠦ ᠳᠦᠷᠢᠮ ᠢ ᠪᠠᠶᠢᠭᠤᠯᠵᠤ᠂ ᠠᠵᠤ ᠠᠬᠤᠶᠢᠯᠠᠯ ᠤᠨ ᠳᠠᠮᠫᠤᠷᠠᠬᠤ ᠪᠠ ᠪᠤᠴᠠᠨ ᠭᠠᠷᠬᠤ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤ ᠨᠢ ᠢᠯᠡ ᠪᠠᠷ ᠬᠠᠶᠢᠨ ᠯᠠᠪᠯᠠᠵᠤ ᠪᠣᠯᠬᠤ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠳᠤ ᠣᠷᠣᠭᠤᠯᠵᠤ᠂ ᠢᠲᠡᠭᠡᠮᠵᠢ ᠶᠢᠨ ᠲᠣᠭᠲᠠᠴᠠ ᠶᠢᠨ ᠪᠠᠶᠢᠭᠤᠯᠤᠯᠲᠠ ᠶᠢ ᠪᠦᠷᠢᠨᠰᠢᠭᠦᠯᠦᠨ᠂ ᠡᠷᠬᠡ ᠲᠡᠭᠰᠢ ᠪᠠᠷ ᠥᠷᠢᠰᠥᠯᠳᠦᠬᠦ ᠶᠢ ᠠᠬᠢᠭᠤᠯᠬᠤ ᠬᠡᠷᠡᠭᠲᠡᠶ᠃ ᠭᠤᠷᠪᠠ ᠳᠤ ᠳᠠᠮᠫᠤᠷᠠᠯ ᠤᠨ ᠳᠡᠰ ᠳᠠᠷᠠᠭᠠᠯᠠᠯ ᠢ ᠬᠠᠤᠯᠢ ᠶᠣᠰᠣᠭᠠᠷ ᠵᠢᠷᠤᠮᠵᠢᠭᠤᠯᠤᠨ ᠠᠬᠢᠭᠤᠯᠬᠤ ᠶᠢ ᠪᠠᠲᠤᠯᠠᠵᠤ᠂ ᠬᠠᠮᠢᠶᠠᠷᠤᠭᠴᠢ ᠶᠢᠨ ᠲᠦᠷᠢᠮ ᠢ ᠪᠦᠷᠢᠨᠰᠢᠭᠦᠯᠦᠨ᠂ ᠬᠠᠮᠢᠶᠠᠷᠤᠭᠴᠢ ᠶᠢᠨ ᠬᠠᠤᠯᠢ ᠶᠣᠰᠣᠭᠠᠷ ᠲᠤᠰᠢᠶᠠᠯ ᠢᠶᠠᠨ ᠭᠦᠢᠴᠡᠳᠬᠡᠬᠦ ᠡᠭᠦᠷᠭᠡ ᠶᠢ ᠴᠢᠩᠭᠠᠳᠬᠠᠵᠤ᠂ ᠠᠪᠴᠠᠭᠠᠲᠠᠨ ᠤ ᠺᠣᠮᠢᠰ᠂ ᠵᠢᠭᠡᠯᠡᠯᠭᠡ ᠶᠢᠨ ᠲᠡᠮᠳᠡᠭ ᠡᠵᠡᠮᠰᠢᠭᠴᠢ ᠶᠢᠨ ᠬᠤᠷᠠᠯᠳᠤᠭᠠᠨ ᠵᠡᠷᠭᠡ ᠶᠢᠨ ᠵᠣᠬᠢᠴᠠᠭᠤᠯᠤᠨ ᠵᠥᠪᠳᠡᠯᠴᠡᠬᠦ ᠦᠢᠯᠡᠳᠦᠯ ᠢ ᠨᠢ ᠪᠠᠳᠠᠷᠠᠭᠤᠯᠤᠨ᠂ ᠠᠵᠢᠯᠳᠠᠨ ᠠᠵᠢᠯᠴᠢᠨ ᠪᠠ ᠠᠪᠴᠠᠭᠠᠲᠠᠨ᠂ ᠪᠡᠯᠡ ᠣᠷᠣᠭᠤᠯᠤᠭᠴᠢ ᠵᠡᠷᠭᠡ ᠶᠢᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠵᠤ ᠠᠬᠤᠶᠢᠯᠠᠯ ᠤᠨ ᠳᠠᠮᠫᠤᠷᠠᠬᠤ ᠪᠤᠶᠤ ᠪᠤᠴᠠᠨ ᠭᠠᠷᠬᠤ ᠳᠤᠮᠳᠠᠬᠢ ᠮᠠᠭᠤ ᠰᠠᠨᠠᠭᠠᠯᠠᠵᠤ ᠥᠷᠢ ᠠᠴᠠ ᠵᠠᠶᠢᠯᠠᠬᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠢ ᠭᠡᠵᠡᠢ᠃
     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ