ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ 2021 ᠣᠨ ᠤ 1 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/2/5


      1 ᠰᠠᠷ᠎ᠠ ᠶᠢᠨ 18᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ  ᠪᠦ᠋ ᠰᠢᠶᠤᠤ ᠯᠢᠨ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ ︽ᠵᠠᠰᠠᠬ ᠤᠨ ᠤᠷᠳᠤᠨ ᠤ ᠠᠵᠢᠯ ᠤᠨ ᠢᠯᠡᠳᠬᠡᠯ ︵ᠬᠢᠨᠠᠨ ᠵᠦᠪᠰᠢᠶᠡᠷᠡᠬᠦᠯᠬᠦ ᠪᠠᠷ ᠳᠡᠪᠰᠢᠬᠦᠯᠬᠦ ᠡᠬᠡ ᠨᠤᠤᠷᠠᠬ︶︾᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ 2020 ᠣᠨ ᠤ ᠤᠯᠤᠰ ᠠᠷᠠᠳ ᠤᠨ ᠠᠵᠥ ᠠᠬᠤᠢ ᠪᠠ ᠨᠡᠶᠢᠬᠡᠮ ᠤᠨ ᠬᠦᠭᠵᠢᠯᠳᠡ ᠶᠢᠨ ᠳᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠳ 2021 ᠣᠨ ᠤ ᠤᠯᠤᠰ ᠠᠷᠠᠳ ᠤᠨ ᠠᠵᠥ ᠠᠬᠤᠢ ᠪᠠ ᠨᠡᠶᠢᠬᠡᠮ ᠤᠨ ᠬᠦᠭᠵᠢᠯᠳᠡ ᠶᠢᠨ ᠳᠦᠯᠦᠪᠯᠡᠭᠡ ᠶᠢᠨ ᠳᠦᠰᠦᠯ ᠤᠨ ᠮᠡᠳᠡᠬᠦᠯᠦᠯᠳᠡ ︵ᠬᠢᠨᠠᠨ ᠵᠦᠪᠰᠢᠶᠡᠷᠡᠬᠦᠯᠬᠦ ᠪᠠᠷ ᠳᠡᠪᠰᠢᠬᠦᠯᠬᠦ ᠡᠬᠡ ᠨᠤᠤᠷᠠᠬ︶︾᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ 2020 ᠣᠨ ᠤ ᠡᠳ᠋ ᠤᠨ ᠵᠠᠰᠠᠬ ᠤᠨ ᠳᠦᠰᠦᠪ ᠢ ᠬᠦᠢᠴᠡᠳᠬᠡᠭᠰᠡᠨ ᠪᠠᠶᠢᠳᠠᠯ ᠬᠢᠬᠡᠳ 2021 ᠣᠨ ᠤ ᠡᠳ᠋ ᠤᠨ ᠵᠠᠰᠠᠬ ᠤᠨ ᠳᠦᠰᠦᠪ ᠤᠨ ᠳᠦᠰᠦᠯ ᠤᠨ ᠮᠡᠳᠡᠬᠦᠯᠦᠯᠳᠡ ︵ᠬᠢᠨᠠᠨ ᠵᠦᠪᠰᠢᠶᠡᠷᠡᠬᠦᠯᠬᠦ ᠪᠠᠷ ᠳᠡᠪᠰᠢᠬᠦᠯᠬᠦ ᠡᠬᠡ ᠨᠤᠤᠷᠠᠬ︶︾᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠯᠤᠰ ᠠᠷᠠᠳ ᠤᠨ ᠠᠵᠥ ᠠᠬᠤᠢ ᠪᠠ ᠨᠡᠶᠢᠬᠡᠮ ᠤᠨ ᠬᠦᠭᠵᠢᠯᠳᠡ ᠶᠢᠨ ᠠᠷᠪᠠᠨ ᠳᠦᠷᠪᠡᠳᠤᠬᠡᠷ ᠳᠠᠪᠤᠨ ᠵᠢᠯ ᠤᠨ ᠳᠦᠯᠦᠪᠵᠢᠬᠦᠯᠬᠡ ᠪᠤᠯᠤᠨ 2035 ᠣᠨ ᠤ ᠠᠯᠤᠰ ᠤᠨ ᠬᠠᠷᠠᠯᠳᠠ ᠶᠢᠨ ᠬᠦᠳᠦᠯᠪᠦᠷᠢ ᠶᠢᠨ ᠳᠦᠰᠦᠯ ︵ᠬᠢᠨᠠᠨ ᠵᠦᠪᠰᠢᠶᠡᠷᠡᠬᠦᠯᠬᠦ ᠪᠠᠷ ᠳᠡᠪᠰᠢᠬᠦᠯᠬᠦ ᠡᠬᠡ ᠨᠤᠤᠷᠠᠬ︶︾ ᠵᠡᠷᠬᠡ ᠵᠦᠢᠯ ᠢ ᠰᠤᠳᠤᠯᠪᠠ᠃
      ᠬᠤᠷᠠᠯ ᠠᠴᠠ᠂ 2020᠎  ᠣᠨ ᠪᠤᠯ ᠳᠦᠢᠯ ᠤᠨ ᠶᠠᠷᠤ ᠪᠤᠰᠤ ᠶᠢᠨ ᠨᠢᠬᠡ ᠵᠢᠯ ᠪᠤᠯᠤᠨ᠎ᠠ᠃ ᠮᠠᠰᠢ ᠨᠠᠷᠢᠨ ᠪᠤᠳᠤᠯᠢᠶᠠᠨᠳᠠᠢ ᠬᠦᠨᠳᠤ ᠨᠤᠴᠢᠳᠠᠢ ᠤᠯᠤᠰ ᠤᠨ ᠳᠤᠳᠤᠭᠠᠳᠤ ᠭᠠᠳᠠᠭᠠᠳᠤ ᠶᠢᠨ ᠪᠠᠶᠢᠳᠠᠯ ᠳᠤ ᠬᠠᠨᠳᠤᠨ᠂ ᠢᠯᠠᠩᠭᠤᠶ᠎ᠠ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠤ ᠨᠤᠴᠢᠳᠠᠢ ᠳᠠᠭᠠᠷᠢᠯᠳᠠ ᠶᠢᠨ ᠡᠮᠤᠨ᠎ᠡ᠂ ᠪᠦᠬᠦ ᠤᠷᠤᠨ ᠳᠠᠶᠠᠭᠠᠷ ᠢᠶᠠᠨ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠳᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠳᠠ ᠶᠤᠰᠤᠭᠠᠷ᠂ ᠲᠠᠶᠠᠭᠠᠷ ᠢᠶᠠᠨ ᠰᠡᠳᠬᠢᠯ ᠨᠢᠬᠡᠳᠤᠨ᠂ ᠳᠡᠰᠪᠦᠷᠢ ᠬᠠᠳᠠᠭᠤᠵᠢᠯᠳᠠᠢ ᠳᠡᠮᠡᠴᠡᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠥ ᠠᠬᠤᠢ ᠨᠡᠶᠢᠬᠡᠮ ᠤᠨ ᠬᠦᠭᠵᠢᠯᠳᠡ ᠶᠢ ᠨᠢᠬᠡᠳᠦᠯᠳᠡᠢ ᠳᠦᠯᠦᠪᠵᠢᠬᠦᠯᠦᠨ ᠠᠬᠢᠭᠤᠯᠵᠥ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠴᠢᠬᠤᠯᠠ ᠦᠷ᠎ᠠ ᠪᠦᠲᠦᠭᠡᠯ ᠤᠯᠵᠤ᠂ ᠠᠵᠤ ᠠᠬᠤᠢ ᠶᠢᠨ ᠨᠡᠮᠡᠭᠳᠡᠯ ᠰᠦᠬᠡᠷᠬᠦ ᠠᠴᠠ ᠡᠶᠡᠷᠬᠦ ᠪᠤᠯᠬᠤ ᠶᠢ ᠪᠡᠶᠡᠯᠡᠭᠦᠯᠵᠤ᠂ ᠶᠠᠳᠠᠭᠤ ᠬᠦᠴᠢᠷᠳᠡᠯᠳᠠᠢ ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠳᠠᠢ ᠬᠤᠰᠢᠭᠤ ᠰᠢᠶᠠᠨ ᠪᠤᠯᠤᠨ ᠶᠠᠳᠠᠭᠤ ᠬᠦᠴᠢᠷᠳᠡᠯᠳᠠᠢ ᠭᠠᠴᠠᠭ᠎ᠠ ᠲᠤᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠤᠷᠤᠭᠰᠢᠳᠠᠢ ᠪᠠᠷ ᠰᠡᠭᠦᠯ ᠬᠤᠷᠢᠶᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠰᠢᠢᠳᠪᠦᠷᠢᠳᠤ ᠴᠢᠨᠠᠷᠳᠠᠢ ᠠᠮᠵᠢᠯᠳᠠ ᠤᠯᠵᠤ᠂ ᠰᠢᠨ᠎ᠠ ᠬᠦᠭᠵᠢᠯᠳᠡ ᠶᠢᠨ ᠱᠠᠳᠤᠨ ᠳᠤ ᠨᠡᠶᠢᠭᠡᠮ ᠵᠢᠷᠤᠮᠳᠤ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠬᠤ ᠳᠤ ᠴᠢᠬᠤᠯᠠ ᠰᠠᠭᠤᠷᠢ ᠶᠢ ᠲᠠᠯᠪᠢᠵᠤ ᠥᠭᠴᠡᠢ ᠭᠡᠵᠤ ᠵᠢᠭᠠᠵᠤ ᠭᠠᠷᠭᠠᠪᠠ᠃
      ᠬᠤᠷᠠᠯ ᠠᠴᠠ᠂ 2021 ᠣᠨ ᠪᠤᠯ ᠨᠡᠶᠢᠭᠡᠮ ᠵᠢᠷᠤᠮᠳᠤ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠠ ᠠᠶᠠᠨ ᠢ ᠡᠬᠢᠯᠡᠭᠦᠯᠬᠦ ᠠᠩᠬᠠᠨ ᠤ ᠵᠢᠯ᠂ ᠮᠦᠨ ᠴᠤ ︽ᠠᠷᠪᠠᠨ ᠳᠦᠷᠪᠡᠳᠦᠭᠡᠷ ᠲᠠᠪᠤᠨ ᠵᠢᠯ︾᠎ ᠤᠨ ᠡᠬᠢᠯᠡᠯᠳᠡ ᠶᠢᠨ ᠵᠢᠯ ᠪᠤᠯᠤᠨ᠎ᠠ᠂ ᠪᠢᠳᠡ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠳᠤᠨ᠎ᠠ᠂ ︽ᠠᠷᠪᠠᠨ ᠳᠦᠷᠪᠡᠳᠦᠭᠡᠷ ᠲᠠᠪᠤᠨ ᠵᠢᠯ︾᠎ ᠤᠨ ᠲᠦᠯᠦᠪᠵᠢᠭᠦᠯᠭᠡ ᠶᠢᠨ ︽ᠬᠦᠳᠦᠯᠪᠦᠷᠢ︾᠎ ᠶᠢ ᠰᠠᠶᠢᠳᠤᠷ ᠨᠠᠶᠢᠷᠠᠭᠤᠯᠤᠨ ᠵᠤᠬᠢᠶᠠᠵᠦ᠂

︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾᠎ ᠢ ᠰᠠᠶᠢᠳᠤᠷ ᠲᠤᠭᠤᠷᠪᠢᠵᠤ᠂ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠡ ᠶᠢᠨ ᠲᠦᠯᠦᠪᠵᠢᠭᠦᠯᠭᠡ᠂ ᠡᠳ᠋ ᠤᠨ ᠵᠠᠰᠠᠭ ᠤᠨ ᠲᠦᠰᠦᠪ ᠢ ᠰᠠᠶᠢᠳᠤᠷ ᠲᠤᠬᠢᠷᠠᠭᠤᠯᠬᠤ ᠨᠢ ᠵᠠᠰᠠᠭ ᠤᠨ ᠤᠷᠳᠤᠨ ᠤ ᠠᠵᠢᠯ ᠢ ᠰᠠᠶᠢᠳᠤᠷ ᠬᠢᠬᠦ ᠳᠤ ᠴᠢᠬᠤᠯᠠ ᠶᠡᠭᠡ ᠠᠴᠢ ᠬᠤᠯᠪᠤᠭᠳᠠᠯ ᠲᠠᠢ ᠶᠤᠮ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠪᠤᠯᠤᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠲᠠᠢ ᠤᠯᠠᠮ ᠨᠢᠭᠡ ᠠᠯᠬᠤᠮ ᠪᠠᠷᠢᠮᠵᠢᠶᠠᠯᠠᠨ ᠬᠠᠷᠭᠤᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠦᠬᠦᠳᠡ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠠ ᠬᠦᠭᠵᠢᠯᠲᠠ ᠶᠢᠨ ᠱᠠᠲᠤᠨ ᠳᠤ ᠰᠠᠭᠤᠷᠢᠯᠠᠵᠦ᠂ ᠰᠢᠨ᠎ᠠ ᠬᠦᠭᠵᠢᠯᠲᠠ ᠶᠢᠨ ᠤᠢᠢᠯᠠᠭᠠᠭᠲᠠᠬᠤᠨ ᠢ ᠲᠤᠭᠤᠰᠢᠯᠠᠭᠤᠯᠤᠨ᠂ ᠰᠢᠨ᠎ᠠ ᠬᠦᠭᠵᠢᠯᠲᠠ ᠶᠢᠨ ᠪᠠᠶᠢᠷᠢᠰᠢᠯ ᠢ ᠪᠠᠶᠢᠭᠤᠯᠵᠦ᠂ ᠡᠯ᠎ᠠ ᠵᠦᠢᠯ ᠤᠨ ᠪᠢᠴᠢᠭ ᠮᠠᠲ᠋ᠧᠷᠢᠶᠠᠯ ᠳᠤ ᠤᠯᠠᠮ ᠴᠢᠨᠠᠭᠰᠢᠲᠠ ᠰᠠᠶᠢᠲᠤᠷ ᠵᠠᠰᠠᠪᠤᠷᠢ ᠤᠷᠤᠭᠤᠯᠵᠦ᠂ ᠰᠠᠶᠢᠲᠤᠷ ᠲᠡᠭᠦᠯᠲᠡᠷᠵᠢᠭᠦᠯᠵᠦ᠂ ᠰᠢᠨ᠎ᠠ ᠬᠦᠭᠵᠢᠯᠲᠠ ᠶᠢᠨ ᠱᠠᠲᠤᠨ ᠤ ᠰᠢᠨ᠎ᠠ ᠱᠠᠭᠠᠷᠲᠠᠯᠭ᠎ᠠ ᠶᠢ ᠬᠦᠢᠴᠡᠳ ᠢᠯᠡᠷᠡᠭᠦᠯᠵᠦ᠂ ᠨᠠᠮ ᠤᠨ ᠲᠦᠪ ᠬᠤᠷᠢᠶ᠎ᠠ ᠠᠴᠠ ᠥᠪᠡᠷᠲᠡᠭᠡᠡ ᠵᠠᠰᠠᠬᠤ ᠤᠷᠤᠨ ᠳᠤ ᠲᠤᠬᠳᠠᠭᠠᠵᠦ ᠦᠭᠭᠦᠭᠰᠡᠨ ᠪᠠᠶᠢᠯᠲᠤᠬᠤ ᠪᠤᠲᠤᠯᠭ᠎ᠠ ᠶᠢᠨ ᠪᠠᠶᠢᠷᠢ ᠲᠤᠭᠲᠠᠭᠠᠯᠲᠠ ᠶᠢ ᠬᠦᠢᠴᠡᠳ ᠬᠠᠷᠠᠭᠤᠯᠤᠭᠰᠠᠠ ᠪᠦᠭᠡᠳ ᠠᠮᠢ ᠠᠬᠤᠢ ᠶᠢ ᠤᠷᠢᠳ ᠢᠶᠠᠷ ᠪᠤᠲᠤᠯᠬᠢᠯᠠᠵᠦ᠂ ᠪᠤᠬᠢᠷᠲᠤᠯ ᠦᠭᠡᠢ ᠬᠦᠭᠵᠢᠭᠦᠯᠬᠦ ᠪᠠᠷ ᠤᠲᠤᠷᠢᠲᠤᠮᠵᠢ ᠪᠤᠯᠭᠠᠭᠰᠠᠠ ᠴᠢᠨᠠᠷ ᠰᠠᠶᠢᠲᠠᠢ ᠬᠦᠭᠵᠢᠯᠲᠠ ᠶᠢᠨ ᠰᠢᠨ᠎ᠠ ᠵᠠᠮ ᠢᠶᠠᠷ ᠵᠠᠮᠨᠠᠬᠤ ᠱᠠᠭᠠᠷᠲᠠᠯᠭ᠎ᠠ ᠳᠤ ᠬᠠᠶᠢᠨ ᠰᠦᠪᠡᠭᠴᠢᠯᠡᠯᠲᠡ ᠬᠢᠵᠦ᠂ ᠠᠷᠠᠳ ᠤᠯᠠᠠ ᠤ ᠰᠢᠨ᠎ᠠ ᠬᠦᠰᠡᠯ ᠡᠷᠡᠮᠡᠯᠵᠡᠯ ᠢ ᠬᠦᠢᠴᠡᠳ ᠢᠯᠡᠷᠡᠭᠦᠯᠵᠦ᠂ ᠬᠦᠮᠦᠰ ᠤᠨ ᠰᠡᠳᠭᠢᠯ ᠢ ᠨᠢᠭᠲᠠᠷᠠᠭᠤᠯᠤᠨ᠂ ᠡᠷᠴᠢ ᠵᠤᠷᠢᠭ ᠢ ᠬᠦᠪᠴᠢᠯᠡᠵᠦ᠂ ᠰᠢᠨ᠎ᠠ ᠠᠶᠠᠠ ᠲᠡᠶᠢᠰᠢ ᠤᠮᠤᠭ ᠲᠡᠭᠦᠯᠲᠡᠷ ᠢᠶᠠᠷ ᠤᠷᠤᠭᠰᠢᠯᠠᠬᠤ ᠬᠡᠷᠡᠭᠳᠠᠢ ᠭᠡᠵᠦ ᠴᠢᠬᠤᠯᠠᠴᠢᠯᠠᠪᠠ᠃
      ᠬᠤᠷᠠᠯ ᠠᠴᠠ ︽ᠦᠪᠦᠷ ᠮᠤᠩᠭᠤᠯ ᠤᠨ ᠦᠪᠡᠷᠲᠡᠭᠡᠡ ᠵᠠᠰᠠᠬᠤ ᠤᠷᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠡ ᠬᠦᠭᠵᠢᠭᠦᠯᠬᠦ ᠲᠤᠮᠲᠠ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠬᠤ ᠲᠤᠬᠠᠢ ᠰᠠᠨᠠᠯ︾᠎ ᠢ ᠬᠢᠨᠠᠠ ᠵᠦᠪᠯᠡᠠ ᠪᠠᠲᠤᠯᠠᠵᠦ᠂ ᠲᠦᠷᠢᠮ ᠲᠤᠭᠲᠠᠭᠠᠯ ᠲᠤᠭᠲᠠᠴᠠ ᠶᠢᠨ ᠲᠠᠯ᠎ᠠ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠡ ᠬᠦᠭᠵᠢᠭᠦᠯᠬᠦ ᠬᠦᠷᠢᠶᠡᠡ ᠳᠠᠬᠢ ᠨᠤᠲᠤᠭ ᠪᠡᠯᠴᠢᠭᠡᠷ ᠤᠨ ᠬᠠᠮᠠᠭᠠᠯᠠᠯᠲᠠ ᠬᠠᠮᠢᠶᠠᠷᠤᠯᠲᠠ ᠶᠢ ᠦᠨᠡᠡ ᠬᠦ ᠴᠢᠩᠭᠠᠳᠬᠠᠵᠦ᠂ ᠮᠠᠠ ᠤ ᠤᠯᠤᠰ ᠤᠨ ᠤᠮᠠᠷᠠᠲᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠬᠴᠠᠯᠠᠬᠤ ᠭᠡᠷᠡᠭᠲᠡᠢ ᠭᠡᠵᠦ ᠱᠠᠭᠠᠷᠲᠠᠪᠠ᠃
      ᠬᠤᠷᠠᠯ ᠠᠴᠠ ︽ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠲᠡᠭᠦᠨ ᠤ ᠤᠷᠤᠨ ᠪᠦᠰᠡ ᠶᠢᠨ ᠨᠡᠶᠢᠲᠡ ᠶᠢᠨ ᠭᠡᠷᠡᠭᠯᠡᠭᠡᠡ ᠤ ᠲᠦᠷᠦᠯ ᠲᠡᠮᠲᠡᠭ ᠤᠨ ᠪᠦᠲᠦᠭᠡᠡ ᠪᠠᠶᠢᠭᠤᠯᠤᠯᠲᠠ ᠶᠢᠨ ᠭᠤᠷᠪᠠᠠ ᠵᠢᠯ ᠤᠨ ᠠᠵᠢᠯᠯᠠᠭᠠᠨ ᠤ ᠳᠦᠰᠦᠯ ︵2021 — 2023 ᠤᠨ︶︾᠎ ᠢ ᠬᠢᠨᠠᠠ ᠵᠦᠪᠯᠡᠨ ᠪᠠᠲᠤᠯᠠᠵᠦ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠲᠡᠭᠦᠨ ᠤ ᠤᠷᠤᠨ ᠪᠦᠰᠡ ᠶᠢᠨ ᠨᠡᠶᠢᠲᠡ ᠶᠢᠨ ᠭᠡᠷᠡᠭᠯᠡᠭᠡᠡ ᠤ ᠲᠦᠷᠦᠯ ᠲᠡᠮᠲᠡᠭ ᠢ ᠪᠤᠢ ᠪᠤᠯᠭᠠᠬᠤ ᠶᠢ ᠮᠠᠯ ᠠᠵᠦ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠤᠯᠤᠨ ᠮᠠᠯ ᠠᠵᠦ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠦᠭᠵᠢᠯᠲᠠ ᠶᠢ ᠬᠦᠨᠵᠡᠭᠡᠶᠢᠷᠡᠭᠦᠯᠬᠦ ᠴᠢᠬᠤᠯᠠ ᠭᠠᠷᠲᠠᠴᠠ ᠪᠤᠯᠭᠠᠠ᠂ ᠮᠠᠠ ᠤ ᠤᠷᠤᠨ ᠤ ᠨᠡᠩ ᠤᠯᠠᠠ ᠪᠤᠬᠢᠷᠲᠤᠯ ᠦᠭᠡᠢ ᠤᠷᠭᠠᠨᠢᠭ ᠴᠢᠨᠠᠷ ᠰᠠᠶᠢᠲᠠᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠬᠡᠭᠳᠡᠬᠦᠨ ᠢ ᠪᠦᠬᠦ ᠤᠯᠤᠰ ᠲᠤ᠂ ᠲᠡᠯᠡᠭᠡᠢ ᠳ᠋ᠠᠬᠢᠨ ᠳᠤ ᠬᠦᠷᠭᠡᠬᠦ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ