ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠲᠤᠭᠤᠢᠢᠯᠠᠩ ᠬᠤᠷᠠᠯ ᠬᠤᠷᠠᠯᠳᠤᠭᠤᠯᠪᠠ    ᠱᠢ ᠲᠠᠢ ᠹᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2021/2/5

     2 ᠰᠠᠷ᠎ᠠ ᠶᠢᠨ 4 ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠲᠤᠭᠤᠢᠢᠯᠠᠩ ᠬᠤᠷᠠᠯ ᠬᠤᠷᠠᠯᠳᠤᠭᠤᠯᠵᠦ᠂ ᠤᠳᠤᠷᠢᠳᠬᠤ ᠲᠤᠭᠤᠢᠢᠯᠠᠩ ᠤᠨ 2020 ᠣᠨ ᠤ ᠠᠵᠢᠯ ᠤᠨ ᠳ᠋ᠦᠩᠨᠡᠯᠳᠠ ᠪᠠ 2021 ᠣᠨ ᠤ ᠠᠵᠢᠯ ᠤᠨ ᠭᠤᠤᠯᠳᠠᠯᠭ᠎ᠠ ᠶᠢ ᠰᠤᠳᠤᠯᠵᠦ ᠬᠢᠨᠡᠨ ᠵᠦᠪᠯᠡᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠲᠤᠭᠤᠢᠢᠯᠠᠩ ᠤᠨ ᠳᠠᠷᠤᠭ᠎ᠠ ᠱᠢ ᠲᠠᠢ ᠹᠧᠩ ᠬᠤᠷᠠᠯ ᠢ ᠡᠷᠬᠢᠯᠡᠵᠡᠢ᠃
     ᠤᠳᠤᠷᠢᠳᠬᠤ ᠲᠤᠭᠤᠢᠢᠯᠠᠩ ᠤᠨ ᠳᠡᠳ᠋ ᠳᠠᠷᠤᠭ᠎ᠠ ᠯᠢᠨ ᠱᠤᠤ ᠴᠦᠨ᠂ ᠯᠢᠦ ᠴᠢ ᠹᠠᠨ᠂ ᠪᠠᠢ ᠢᠤᠢ ᠭᠠᠩ᠂ ᠶᠠᠩ ᠸᠧᠢ ᠳ᠋ᠦᠩ᠂ ᠵᠠᠩ ᠱᠤᠤ ᠴᠦᠨ ᠬᠤᠷᠠᠯ ᠳᠤ ᠤᠷᠤᠯᠴᠠᠪᠠ᠃
     ᠬᠤᠷᠠᠯ ᠠᠴᠠ᠂ ᠦᠩᠭᠡᠷᠡᠭᠰᠡᠨ ᠨᠢᠭᠡ ᠵᠢᠯ ᠳᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠲᠤᠭᠤᠢᠢᠯᠠᠩ ᠪᠠ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠶᠡᠷᠦᠩᠭᠡᠢ ᠱᠠᠭᠠᠷᠳᠠᠯᠭ᠎ᠠ ᠪᠠ ᠰᠢᠨ᠎ᠠ ᠴᠠᠭ ᠦᠶ᠎ᠠ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠨᠠᠮ ᠢ ᠴᠢᠩᠭ᠎ᠠ ᠬᠠᠮᠢᠶᠠᠷᠬᠤ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠨ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ ᠪᠠᠷ ᠤᠳᠤᠷᠢᠳᠤᠮᠵᠢ ᠪᠤᠯᠭᠠᠬᠤ᠂ ᠦᠷ᠎ᠠ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ᠂ ᠦᠵᠡᠯ ᠰᠠᠨᠠᠭᠠᠨ ᠤ ᠪᠠᠶᠢᠭᠤᠯᠤᠯᠳᠠ᠂ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠶᠢ ᠯᠠᠪᠳᠠᠭᠤᠨ ᠪᠠᠳᠤᠳᠠᠢ ᠠᠬᠢᠭᠤᠯᠤᠨ᠂ ᠴᠦᠬᠦᠷᠡᠰᠢ ᠦᠭᠡᠢ ᠪᠠᠷ ᠰᠤᠷᠳᠠᠯ ᠢ ᠴᠡᠭᠴᠡᠯᠡᠨ ᠰᠠᠬᠢᠯᠭ᠎ᠠ ᠪᠠᠳᠤ ᠶᠢ ᠴᠢᠩᠳᠠᠯᠠᠵᠦ᠂ ᠰᠦᠷ ᠬᠦᠴᠦᠳᠦ ᠪᠠᠶᠢᠳᠠᠯ ᠢ ᠪᠠᠳᠤᠯᠠᠨ ᠢᠯᠵᠠᠷᠠᠯ ᠢ ᠵᠠᠯᠬᠠᠭᠠᠨ ᠵᠠᠰᠠᠵᠦ᠂ ᠨᠠᠮ ᠤᠨ ᠪᠠᠶᠢᠭᠤᠯᠤᠯᠳᠠ ᠶᠢᠨ ᠲᠦᠷᠢᠮ ᠤᠨ ᠦᠭᠡᠷᠡᠴᠢᠯᠡᠯᠳᠠ ᠶᠢ ᠲᠠᠰᠤᠷᠠᠯᠳᠠ ᠦᠭᠡᠢ ᠬᠦᠨᠵᠡᠭᠡᠶᠢᠷᠡᠬᠦᠯᠦᠨ᠂ ᠪᠦᠬᠦ ᠤᠷᠤᠨ ᠤ ᠨᠠᠮ ᠤᠨ ᠪᠠᠶᠢᠭᠤᠯᠤᠯᠳᠠ ᠶᠢᠨ ᠠᠵᠢᠯ ᠰᠢᠨ᠎ᠠ ᠡᠷᠴᠢᠮᠵᠢᠯ ᠲᠠᠢ ᠪᠤᠯᠬᠤ᠂ ᠰᠢᠨ᠎ᠠ ᠦᠷ᠎ᠠ ᠪᠦᠳᠦᠮᠵᠢ ᠤᠯᠬᠤ ᠶᠢ ᠠᠬᠢᠭᠤᠯᠵᠦ᠂ ᠰᠢᠢᠳᠪᠤᠷᠢᠳᠦ ᠲᠠᠶᠢᠯᠠᠯᠳᠤᠭᠠᠨ ᠬᠢᠵᠦ ᠰᠢᠢᠳᠪᠤᠷᠢᠳᠦ ᠢᠯᠠᠯᠳᠠ ᠤᠯᠬᠤ ᠬᠠᠷᠠᠯᠳᠠ ᠶᠢ ᠪᠡᠶᠡᠯᠡᠬᠦᠯᠬᠦ ᠪᠠ ︽ᠠᠷᠪᠡᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ ᠲᠡᠬᠦᠰ ᠠᠮᠵᠢᠯᠳᠠᠳᠠᠢ ᠰᠡᠬᠦᠯ ᠬᠤᠷᠢᠶᠠᠬᠤ ᠳᠤ ᠪᠠᠳᠤ ᠴᠢᠩᠭ᠎ᠠ ᠪᠠᠳᠤᠯᠠᠭ᠎ᠠ ᠬᠠᠩᠭᠠᠨ᠂ ᠪᠦᠬᠦ ᠤᠷᠤᠨ ᠤ ᠤᠯᠤᠰ ᠲᠦᠷᠦ ᠶᠢᠨ ᠠᠮᠢ ᠠᠬᠤᠢ ᠶᠢ ᠵᠠᠰᠠᠨ ᠰᠡᠷᠬᠦᠭᠡᠬᠦ ᠪᠠ ᠰᠠᠶᠢᠵᠢᠷᠠᠭᠤᠯᠬᠤ ᠶᠢ ᠬᠦᠴᠦᠳᠠᠢ ᠠᠬᠢᠭᠤᠯᠵᠠᠢ ᠭᠡᠵᠦ ᠵᠢᠭᠠᠵᠦ ᠭᠠᠷᠭᠠᠪᠠ᠃
     ᠬᠤᠷᠠᠯ ᠠᠴᠠ᠂ ᠡᠨᠡ ᠵᠢᠯ ᠪᠤᠯ ︽ᠠᠷᠪᠡᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢ ᠭᠡᠷᠡᠭᠵᠢᠬᠦᠯᠬᠦ᠂ ᠨᠡᠶᠢᠭᠡᠮ ᠵᠢᠷᠤᠮᠳᠦ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠠ ᠠᠶᠠᠨ ᠢ ᠡᠬᠢᠯᠡᠬᠦᠯᠬᠦ ᠠᠩᠬᠠᠨ ᠤ ᠵᠢᠯ ᠪᠤᠯᠤᠨ᠎ᠠ᠂ ᠮᠠᠨ ᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠤᠯᠤᠨ᠎ᠠ᠂ ᠨᠠᠮ ᠤᠨ ᠪᠠᠶᠢᠭᠤᠯᠤᠯᠳᠠ ᠶᠢᠨ ᠠᠵᠢᠯ ᠢ ᠰᠠᠶᠢᠳᠤᠷ ᠬᠢᠬᠦ ᠨᠢ ᠤᠨᠴᠠᠭᠠᠢ ᠴᠢᠬᠤᠯᠠ ᠠᠴᠢ ᠬᠤᠯᠪᠤᠭᠳᠠᠯ ᠲᠠᠢ ᠶᠤᠮ᠃ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠬᠢᠨ ᠤᠯᠤᠰ ᠲᠦᠷᠤ ᠪᠤᠯᠤᠨ ᠪᠦᠬᠦ ᠲᠠᠯ᠎ᠠ ᠶᠢᠨ ᠦᠨᠳᠦᠷᠴᠡ ᠠᠴᠠ ᠨᠠᠮ ᠤᠨ ᠪᠠᠶᠢᠭᠤᠯᠤᠯᠳᠠ ᠳᠤ ᠬᠠᠨᠳᠤᠵᠤ᠂ ᠨᠠᠮ ᠤᠨ ᠪᠠᠶᠢᠭᠤᠯᠤᠯᠳᠠ ᠶᠢ ᠰᠦᠪᠡᠭᠴᠢᠯᠠᠵᠤ᠂ ᠨᠠᠮ ᠤᠨ ᠪᠠᠶᠢᠭᠤᠯᠤᠯᠳᠠ ᠶᠢ ᠠᠳᠬᠤᠵᠤ᠂ ᠦᠨᠡᠨ ᠬᠦ ᠨᠠᠮ ᠤᠨ ᠪᠠᠶᠢᠭᠤᠯᠤᠯᠳᠠ ᠶᠢ ᠴᠢᠬᠤᠯᠠᠴᠢᠯᠠᠵᠤ᠂ ᠨᠠᠮ ᠤᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠰᠠᠶᠢᠨ ᠡᠬᠢᠯᠠᠯᠳᠠ ᠲᠠᠢ ᠪᠤᠯᠭᠠᠬᠤ ᠳᠤ ᠪᠠᠳᠤ ᠴᠢᠩᠭ᠎ᠠ ᠤᠯᠤᠰ ᠲᠦᠷᠤ ᠶᠢᠨ ᠪᠠᠳᠤᠯᠠᠭ᠎ᠠ ᠬᠠᠩᠭᠠᠬᠤ ᠭᠡᠷᠡᠭᠳᠠᠢ᠃ ᠭᠤᠤᠯᠳᠠᠯᠭ᠎ᠠ ᠶᠢᠨ ᠲᠤᠭᠤᠷᠢᠨ ᠳᠤ᠂ ᠶᠡᠭᠡ ᠲᠠᠯ᠎ᠠ ᠳᠤ ᠤᠢᠢᠯᠡᠴᠢᠯᠡᠬᠦ ᠶᠢ ᠪᠠᠷᠢᠮᠳᠠᠯᠠᠵᠤ᠂ ᠨᠠᠮ ᠤᠨ ᠪᠠᠶᠢᠭᠤᠯᠤᠯᠳᠠ ᠶᠢ ᠨᠠᠮ ᠤᠨ ᠠᠵᠤ ᠠᠬᠤᠢ ᠨᠡᠶᠢᠬᠡᠮ ᠤᠨ ᠬᠦᠭᠵᠢᠯᠳᠠ ᠶᠢ ᠤᠳᠤᠷᠢᠳᠬᠤ ᠪᠦᠬᠦ ᠶᠠᠪᠤᠴᠠ ᠪᠤᠯᠤᠨ ᠡᠯ᠎ᠠ ᠲᠠᠯ᠎ᠠ ᠳᠤ ᠦᠨᠡᠨ ᠬᠦ ᠲᠤᠭᠤᠰᠢᠯᠠᠭᠤᠯᠵᠤ᠂ ᠨᠠᠮ ᠤᠨ ᠪᠠᠶᠢᠭᠤᠯᠤᠯᠳᠠ ᠶᠢ ᠠᠳᠬᠤᠬᠤ ᠰᠡᠳᠬᠢᠴᠡ ᠠᠷᠭ᠎ᠠ ᠬᠡᠮᠵᠢᠶ᠎ᠠ ᠪᠤᠯᠤᠨ ᠡᠬᠦᠷᠬᠡ ᠱᠠᠭᠠᠷᠳᠠᠯᠭ᠎ᠠ ᠶᠢ ᠨᠡᠩ ᠤᠨᠤᠴᠠᠳᠠᠢ᠂ ᠨᠠᠷᠢᠨ ᠨᠢᠬᠳᠠ᠂ ᠨᠠᠷᠢᠯᠢᠬ ᠰᠦᠪᠡᠭᠴᠢᠯᠡᠬᠦ ᠭᠡᠷᠡᠭᠳᠠᠢ᠃ ᠶᠡᠭᠡ ᠲᠠᠯ᠎ᠠ ᠠᠴᠠ ᠰᠡᠳᠬᠢᠬᠦ᠂ ᠶᠡᠭᠡ ᠲᠠᠯ᠎ᠠ ᠶᠢᠨ ᠳᠤᠳᠤᠷ᠎ᠠ ᠠᠵᠢᠯᠯᠠᠬᠤ ᠶᠢ ᠪᠠᠷᠢᠮᠳᠠᠯᠠᠵᠤ᠂ ᠠᠵᠤ ᠠᠬᠤᠢ ᠶᠢᠨ ᠬᠦᠭᠵᠢᠯᠳᠠ ᠶᠢᠨ ᠭᠤᠤᠯ ᠲᠠᠶᠢᠨ ᠤ ᠲᠠᠯᠠᠪᠤᠷ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠨᠢᠭᠡᠳᠦᠭᠡᠷ ᠹᠷᠤᠨᠲ᠂ ᠠᠷᠠᠳ ᠤᠨ ᠠᠮᠢᠳᠤᠷᠠᠯ ᠢ ᠪᠠᠳᠤᠯᠠᠬᠤ ᠡᠮᠤᠨ᠎ᠠ ᠹᠷᠤᠨᠲ᠂ ᠦᠨᠳᠤᠰᠤᠳᠠᠨ ᠤ ᠠᠵᠢᠯ ᠤᠨ ᠡᠯ᠎ᠠ ᠲᠠᠯ᠎ᠠ ᠳᠠᠬᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠬᠦᠳᠤᠯᠤᠨ ᠲᠠᠭᠠᠭᠤᠯᠬᠤ ᠪᠠ ᠪᠠᠳᠤᠯᠠᠬᠤ ᠤᠢᠢᠯᠡᠳᠤᠯ ᠢ ᠬᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠳᠠ ᠪᠠᠷ ᠬᠦᠭᠵᠢᠯᠳᠠ ᠶᠢ ᠠᠬᠢᠭᠤᠯᠬᠤ᠂ ᠦᠬᠡᠷᠡᠴᠢᠯᠠᠯᠳᠠ ᠶᠢ ᠠᠬᠢᠭᠤᠯᠬᠤ᠂ ᠰᠢᠨ᠎ᠠ ᠶᠢ ᠡᠬᠦᠳᠬᠦ ᠶᠢ ᠠᠬᠢᠭᠤᠯᠬᠤ᠂ ᠲᠤᠭᠳᠠᠭᠤᠨ ᠢ ᠠᠬᠢᠭᠤᠯᠬᠤ ᠠᠵᠢᠯ ᠢ ᠨᠡᠩ ᠰᠠᠶᠢᠳᠤᠷ ᠬᠢᠬᠦ ᠭᠡᠷᠡᠭᠳᠠᠢ᠃ ᠰᠢᠨ᠎ᠠ ᠴᠠᠬ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠶᠠᠷᠤᠩᠬᠡᠢ ᠱᠠᠭᠠᠷᠳᠠᠯᠭ᠎ᠠ ᠪᠤᠯᠤᠨ ᠰᠢᠨ᠎ᠠ ᠴᠠᠬ ᠦᠶ᠎ᠠ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠡᠷᠡᠰ ᠭᠤᠶᠢᠪᠢᠰᠢ ᠦᠬᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠭᠤᠤᠯᠳᠠᠯᠭ᠎ᠠ ᠲᠠᠢ ᠡᠬᠦᠷᠬᠡ ᠶᠢ ᠴᠢᠩᠭ᠎ᠠ ᠡᠵᠡᠮᠳᠡᠵᠤ᠂ ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠶᠢ ᠴᠢᠩᠭ᠎ᠠ ᠠᠳᠬᠤᠵᠤ᠂ ᠢᠮᠠᠬᠳᠠ ᠤᠯᠤᠰ ᠲᠦᠷᠤ ᠶᠢᠨ ᠪᠠᠶᠢᠭᠤᠯᠤᠯᠳᠠ ᠶᠢ ᠲᠡᠷᠢᠬᠦᠨ ᠳᠤ ᠲᠠᠯᠪᠢᠵᠤ᠂ ᠴᠦᠬᠦᠷᠡᠰᠢ ᠦᠬᠡᠢ ᠪᠠᠷ ᠤᠨᠤᠯ ᠢᠶᠠᠷ ᠵᠡᠪᠰᠡᠭᠯᠡᠬᠦ ᠶᠢ ᠪᠠᠷᠢᠮᠳᠠᠯᠠᠵᠤ᠂ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠪᠤᠯᠤᠨ ᠺᠠᠳ᠋ᠷ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠴᠦᠬᠦᠷᠡᠰᠢ ᠦᠬᠡᠢ ᠪᠠᠷ ᠰᠤᠷᠳᠠᠯ ᠢ ᠲᠦᠪ ᠪᠤᠯᠭᠠᠵᠦ ᠰᠠᠬᠢᠯᠭ᠎ᠠ ᠪᠠᠳᠤ ᠶᠢ ᠴᠢᠩᠳᠠᠯᠠᠨ ᠢᠯᠵᠠᠷᠡᠯ ᠢ ᠡᠰᠡᠷᠬᠦᠴᠡᠵᠤ᠂ ᠨᠠᠮ ᠤᠨ ᠲᠦᠷᠢᠮ ᠤᠨ ᠪᠠᠶᠢᠭᠤᠯᠤᠯᠳᠠ ᠶᠢ ᠲᠠᠰᠤᠷᠠᠯᠳᠠ ᠦᠬᠡᠢ ᠴᠢᠩᠭᠠᠳᠬᠠᠵᠤ᠂ ᠨᠠᠮ ᠤᠨ ᠪᠠᠶᠢᠭᠤᠯᠤᠯᠳᠠ ᠶᠢᠨ ᠶᠠᠰᠤ ᠴᠢᠨᠠᠷ ᠪᠤᠯᠤᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠵᠤ᠂ ᠪᠦᠬᠦ ᠤᠷᠤᠨ ᠤ ᠨᠠᠮ ᠤᠨ ᠪᠠᠶᠢᠭᠤᠯᠤᠯᠳᠠ ᠶᠢᠨ ᠠᠵᠢᠯ ᠲᠠᠬᠢᠨ ᠰᠢᠨ᠎ᠠ ᠲᠡᠭᠳᠡᠷ ᠲᠤ ᠭᠠᠷᠬᠤ ᠶᠢ ᠠᠬᠢᠭᠤᠯᠬᠤ ᠭᠡᠷᠡᠭᠳᠠᠢ ᠬᠡᠵᠤ ᠵᠢᠭᠠᠵᠤ ᠭᠠᠷᠭᠠᠪᠠ᠃
     ᠬᠤᠷᠠᠯ ᠠᠴᠠ᠂ ᠨᠠᠮ ᠨᠢ ᠨᠠᠮ ᠢᠶᠠᠨ ᠬᠠᠮᠢᠶᠡᠷᠬᠤ ᠳᠤ ᠡᠩ ᠲᠡᠷᠢᠬᠦᠨ ᠳᠤ ᠨᠠᠮ ᠤᠨ ᠬᠤᠷᠢᠶ᠎ᠡ ︵ᠨᠠᠮ ᠤᠨ ᠤᠳᠤᠷᠢᠳᠬᠤ ᠲᠤᠭᠤᠢᠢᠯᠠᠩ︶ ᠠᠴᠠ ᠬᠠᠮᠢᠶᠡᠷᠴᠤ᠂ ᠨᠠᠮ ᠤᠨ ᠬᠤᠷᠢᠶᠠᠨ ︵ᠨᠠᠮ ᠤᠨ ᠤᠳᠤᠷᠢᠳᠬᠤ ᠲᠤᠭᠤᠢᠢᠯᠠᠩ︶ ᠤ ᠱᠦᠵᠢ ᠬᠠᠮᠢᠶᠡᠷᠬᠤ ᠭᠡᠷᠡᠭᠳᠠᠢ᠃ ᠡᠯ᠎ᠡ ᠱᠠᠳᠤᠨ ᠤ ᠨᠠᠮ ᠤᠨ ᠬᠤᠷᠢᠶ᠎ᠡ ︵ᠨᠠᠮ ᠤᠨ ᠤᠳᠤᠷᠢᠳᠬᠤ ᠲᠤᠭᠤᠢᠢᠯᠠᠩ︶ ᠪᠦᠬᠦ ᠲᠠᠯ᠎ᠡ ᠪᠠᠷ ᠨᠠᠮ ᠢ ᠴᠢᠩᠭ᠎ᠠ ᠵᠠᠰᠠᠬᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠰᠲ᠋ᠧᠮᠲᠡᠢ ᠲᠦᠯᠦᠪᠵᠢᠬᠦᠯᠤᠨ ᠪᠠᠶᠢᠷᠢᠯᠠᠭᠤᠯᠬᠤ᠂ ᠲᠤᠬᠢᠷᠠᠭᠤᠯᠤᠨ ᠠᠬᠢᠭᠤᠯᠬᠤ ᠶᠢ ᠴᠢᠩᠭᠠᠳᠬᠠᠬᠤ᠂ ᠬᠢᠨᠠᠯᠳᠠ ᠲᠠᠯᠪᠢᠵᠤ ᠪᠠᠶᠢᠴᠠᠭᠠᠬᠤ ᠶᠢ ᠴᠢᠩᠭᠠᠳᠬᠠᠬᠤ᠂ ᠰᠢᠯᠭᠠᠨ ᠪᠠᠶᠢᠴᠠᠭᠠᠵᠤ ᠦᠨᠡᠯᠡᠬᠦ ᠶᠢ ᠰᠢᠯᠢᠳᠡᠭᠵᠢᠬᠦᠯᠬᠦ᠂ ᠬᠠᠷᠢᠭᠤᠴᠠᠯᠭ᠎ᠠ ᠨᠡᠭᠡᠮᠵᠢᠯᠡᠬᠦ ᠶᠢ ᠴᠢᠩᠳᠠᠯᠠᠬᠤ᠂ ᠠᠵᠢᠯ ᠤᠨ ᠪᠠᠳᠤᠯᠠᠭ᠎ᠠ ᠶᠢ ᠴᠢᠩᠭᠠᠳᠬᠠᠬᠤ ᠵᠡᠷᠭᠡ ᠲᠠᠯ᠎ᠡ ᠪᠠᠷ ᠢᠵᠢᠯ ᠠᠯᠬᠤᠮ ᠢᠶᠠᠷ ᠬᠦᠴᠤᠯᠠᠵᠤ᠂ ᠢᠮᠠᠬᠳᠠ ᠨᠠᠮ ᠢ ᠬᠠᠮᠢᠶᠡᠷᠬᠤ ᠨᠠᠮ ᠢ ᠵᠠᠰᠬᠠᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠦᠢᠯᠡ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠬᠤ ᠭᠡᠷᠡᠭᠳᠠᠢ᠃ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠭᠤᠤᠯ ᠲᠦᠷᠢ ᠪᠤᠯᠬᠤ ᠭᠤᠤᠯ ᠬᠠᠷᠢᠭᠤᠴᠠᠯᠭ᠎ᠠ ᠡᠭᠦᠷᠭᠡᠯᠡᠬᠦ ᠭᠤᠤᠯ ᠠᠵᠢᠯ ᠢᠶᠠᠨ ᠪᠤᠯᠭᠠᠬᠤ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠡᠬᠦᠷᠭᠡᠯᠡᠬᠦ ᠴᠢᠬᠤᠯᠠᠳᠠᠢ ᠬᠠᠷᠢᠭᠤᠴᠠᠯᠭ᠎ᠠ ᠪᠠᠨ ᠦᠨᠡᠨ ᠬᠦ ᠡᠬᠦᠷᠭᠡᠯᠡᠵᠤ᠂ ᠠᠳᠬᠤᠬᠤ ᠴᠢᠬᠤᠯᠠᠳᠠᠢ ᠠᠵᠢᠯ ᠢᠶᠠᠨ ᠪᠤᠳᠠᠳᠠᠢ ᠠᠳᠬᠤᠬᠤ ᠭᠡᠷᠡᠭᠳᠠᠢ᠃ ᠪᠠᠭ ᠤᠨ ᠪᠦᠷᠢᠯᠳᠦᠬᠦᠨ

︽ᠨᠢᠭᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠬᠦᠢᠴᠡᠳᠭᠡᠵᠤ᠂ ᠬᠤᠪᠢᠳᠠᠨ ᠬᠠᠮᠢᠶᠡᠷᠴᠤ ᠪᠠᠶᠢᠭ᠎ᠠ ᠬᠦᠷᠢᠶᠠᠨ ᠤ ᠨᠠᠮ ᠤᠨ ᠪᠠᠶᠢᠭᠤᠯᠤᠯᠳᠠ ᠶᠢᠨ ᠠᠵᠢᠯ ᠢ ᠪᠤᠳᠠᠳᠠᠢ ᠠᠳᠬᠤᠨ ᠰᠠᠶᠢᠳᠤᠷ ᠠᠳᠬᠤᠬᠤ ᠭᠡᠷᠡᠭᠳᠠᠢ᠃ ᠡᠯ᠎ᠡ ᠱᠠᠳᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠲᠤᠭᠤᠢᠢᠯᠠᠩ ᠵᠢᠴᠢ ᠲᠡᠭᠦᠨ ᠤ ᠠᠯᠪᠡᠨ ᠭᠡᠷ ᠤᠨ ᠬᠢᠨ ᠡᠬᠦᠷᠭᠡ ᠴᠢᠳᠠᠪᠬᠢ ᠪᠠᠨ ᠬᠦᠢᠴᠡᠳ ᠪᠠᠳᠠᠷᠠᠭᠤᠯᠵᠤ᠂ ᠵᠤᠬᠢᠴᠠᠭᠤᠯᠬᠤ ᠶᠢ ᠠᠳᠬᠤᠬᠤ᠂ ᠲᠤᠬᠢᠷᠠᠭᠤᠯᠬᠤ ᠶᠢ ᠠᠳᠬᠤᠬᠤ᠂ ᠨᠠᠶᠢᠳᠠᠪᠤᠷᠢᠵᠢᠭᠤᠯᠬᠤ ᠶᠢ ᠠᠳᠬᠤᠬᠤ ᠠᠵᠢᠯ ᠤᠨ ᠲᠤᠬᠳᠠᠴᠠ ᠶᠢ ᠲᠡᠬᠦᠯᠳᠡᠷᠵᠢᠬᠦᠯᠵᠤ᠂ ᠵᠡᠷᠭᠡ ᠪᠠᠷ ᠠᠳᠬᠤᠵᠤ ᠬᠠᠮᠳᠤ ᠪᠠᠷ ᠬᠠᠮᠢᠶᠡᠷᠬᠤ ᠬᠦᠴᠦᠷᠭᠡᠭ ᠶᠡᠭᠡ ᠬᠠᠮᠳᠤᠷᠠᠯ ᠬᠦᠴᠤᠨ ᠢ ᠪᠦᠷᠢᠯᠳᠦᠬᠦᠯᠬᠦ ᠭᠡᠷᠡᠭᠳᠠᠢ᠃ ᠰᠢᠯᠭᠠᠨ ᠪᠠᠶᠢᠴᠠᠭᠠᠯᠳᠠ ᠶᠢᠨ ︽ᠲᠤᠬᠢᠭᠤᠷ︾ ᠤᠨ ᠦᠢᠯᠡᠳᠤᠯ ᠪᠠ ᠬᠠᠷᠢᠭᠤᠴᠠᠯᠭ᠎ᠠ ᠲᠤᠯᠭᠠᠬᠤ ᠲᠤᠬᠳᠠᠴᠠ ᠶᠢᠨ ᠭᠡᠳᠡᠷᠬᠦ ᠰᠢᠬᠠᠮᠳᠠᠭᠤᠯᠬᠤ ᠦᠢᠯᠡᠳᠤᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠨᠠᠮ ᠤᠨ ᠪᠠᠶᠢᠭᠤᠯᠤᠯᠳᠠ ᠶᠢᠨ ᠠᠵᠢᠯ ᠤᠨ ᠲᠤᠰᠢᠶᠠᠯ ᠤᠨ ᠲᠤᠭᠠᠴᠢᠯᠲᠠ ᠶᠢ ᠦᠨᠡᠯᠡᠨ ᠰᠢᠯᠭᠠᠨ ᠪᠠᠶᠢᠴᠠᠭᠠᠬᠤ ᠲᠤᠬᠳᠠᠴᠠ ᠶᠢ ᠰᠠᠶᠢᠳᠤᠷ ᠭᠡᠷᠡᠭᠯᠡᠵᠤ᠂ ᠦᠨᠡᠨ ᠬᠦ ᠨᠠᠮ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ ᠪᠤᠳᠠᠳᠠᠶᠢᠵᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃
     ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠬᠦᠨ ᠬᠤᠷᠠᠯ ᠳᠤ ᠤᠷᠤᠯᠴᠠᠵᠤ᠂ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠬᠤᠷᠠᠯ ᠳᠤ ᠰᠤᠯᠠ ᠤᠷᠤᠯᠴᠠᠵᠠᠢ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ