ᠮᠠᠨ ᠤ ᠤᠷᠤᠨ 2021 ᠤᠨ ᠳᠤ ᠭᠤᠷᠪᠠᠨ ᠬᠢᠴᠢᠶᠡᠯ ᠲᠦᠷᠦᠯ ᠤᠨ ᠨᠢᠭᠡᠳᠦᠯᠳᠡᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠢ ᠲᠡᠯᠭᠡᠷᠡᠭᠦᠯᠦᠨ ᠬᠡᠷᠡᠭᠯᠡᠭᠦ ᠪᠡᠯᠡᠳᠭᠡᠯ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠭᠦ ᠶᠢ ᠪᠦᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2021/2/5

     2021 ᠣᠨ ᠳᠤ ᠭᠤᠷᠪᠠᠨ ᠬᠢᠴᠢᠶᠡᠯ ᠲᠦᠷᠦᠯ ᠤᠨ ᠨᠢᠭᠡᠳᠦᠯᠳᠡᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠭᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠤᠷᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠭᠦ ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠤᠢᠢᠷ᠎ᠠ ᠳᠤ ᠪᠠᠭᠰᠢ ᠨᠠᠷ ᠤᠨ ᠪᠤᠯᠪᠠᠰᠤᠷᠠᠯ᠂ ᠪᠠᠭᠰᠢ ᠶᠢᠨ ᠬᠦᠴᠦᠨ ᠤ ᠲᠤᠬᠢᠷᠠᠭᠤᠯᠤᠯᠳᠠ᠂ ᠬᠡᠤᠭᠡᠳ ᠤᠨ ᠴᠡᠴᠡᠷᠯᠢᠭ ᠤᠨ ᠰᠤᠷᠭᠠᠨ ᠬᠦᠮᠦᠵᠢᠯ ᠪᠠ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠢ ᠵᠤᠯᠭᠠᠭᠤᠯᠬᠤ᠂ ᠵᠢᠭᠠᠬᠤ ᠶᠢ ᠰᠤᠳᠤᠯᠬᠤ ᠪᠠ ᠵᠢᠭᠠᠬᠤ ᠳᠤ ᠬᠠᠪᠰᠤᠷᠭᠠᠬᠤ ᠵᠡᠷᠭᠡ ᠲᠤᠰᠬᠠᠢ ᠲᠦᠰᠦᠯ ᠢ ᠲᠤᠬᠳᠠᠭᠠᠵᠤ᠂ ᠡᠯ᠎ᠠ ᠵᠦᠢᠯ ᠤᠨ ᠪᠡᠯᠡᠳᠭᠡᠯ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃
     ᠨᠢᠳᠦᠨᠤᠨ ᠤ 12 ᠳ᠋ᠤᠭᠠᠷ ᠰᠠᠷ᠎ᠠ ᠠᠴᠠ ᠡᠬᠢᠯᠡᠨ᠂ ᠪᠦᠬᠦ ᠤᠷᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠦᠷᠭᠡᠨ ᠤᠯᠠᠨ ᠺᠠᠳ᠋ᠷ᠂ ᠪᠠᠭᠰᠢ ᠠᠵᠢᠯᠳᠠᠨ ᠠᠵᠢᠯᠴᠢᠨ ᠳᠤ ᠪᠦᠬᠦᠨ ᠢ ᠪᠤᠯᠪᠠᠰᠤᠷᠠᠭᠤᠯᠬᠤ ᠠᠵᠢᠯ ᠦᠷᠨᠢᠭᠦᠯᠵᠤ᠂ ᠦᠨᠳᠦᠰᠦᠳᠡᠨ ᠤ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠭᠦᠯᠡᠯᠳᠡ ᠶᠢ ᠰᠤᠷᠤᠯᠴᠠᠵᠤ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠦᠨᠡᠨ ᠬᠦ ᠪᠠᠬᠢᠵᠢᠭᠦᠯᠦᠨ᠂ ᠨᠠᠮ ᠤᠨ ᠲᠦᠪ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠡᠶᠢᠳᠡᠪᠦᠷᠢᠵᠢᠭᠤᠯᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠴᠢᠩᠭᠠᠳᠬᠠᠪᠠ᠃ ᠪᠠᠭᠰᠢ ᠶᠢᠨ ᠬᠦᠴᠦᠨ ᠢ ᠪᠠᠳᠤᠯᠠᠬᠤ ᠲᠠᠯ᠎ᠠ ᠪᠠᠷ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠤᠷᠤᠨ ᠲᠤᠭ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ᠂ ᠡᠳ᠋ ᠤᠨ ᠵᠠᠰᠠᠭ ᠵᠡᠷᠭᠡ ᠰᠠᠯᠠᠭ᠎ᠠ ᠮᠦᠴᠢᠷ ᠲᠠᠢ ᠬᠠᠮᠳᠤᠷᠠᠨ ᠠᠵᠢᠯ ᠤᠨ ᠲᠦᠰᠦᠯ ᠢ ᠰᠤᠳᠤᠯᠤᠨ ᠲᠤᠬᠳᠠᠭᠠᠵᠤ᠂ ᠰᠤᠷᠭᠠᠭᠤᠯᠢ ᠶᠢᠨ ᠲᠤᠳᠤᠭᠠᠳᠤ ᠳᠤ ᠨᠢ ᠲᠤᠬᠢᠷᠠᠭᠤᠯᠬᠤ᠂ ᠰᠤᠷᠭᠠᠭᠤᠯᠢ ᠶᠢᠨ ᠬᠤᠭᠤᠷᠤᠨᠳᠤ ᠪᠠᠨ ᠰᠤᠯᠢᠯᠴᠠᠬᠤ᠂ ︽ᠠᠯᠪᠠᠨ ᠵᠠᠷᠤᠳᠠᠯ ᠢᠶᠠᠷ ᠰᠤᠷᠤᠯᠴᠠᠬᠰᠠᠨ ᠪᠠᠭᠰᠢ ᠶᠢᠨ ᠰᠤᠷᠭᠠᠭᠤᠯᠢ ᠲᠡᠭᠦᠰᠦᠭᠰᠡᠨ ᠤᠶᠤᠳᠠᠳ︾ ᠢ ᠤᠷᠢᠵᠤ ᠡᠯᠰᠡᠭᠦ᠂ ︽ᠤᠨᠴᠠᠭᠠᠢ ᠠᠵᠢᠯ ᠤᠨ ᠪᠠᠶᠢᠷᠢ ᠶᠢᠨ ᠪᠠᠭᠰᠢ︾ ᠶᠢ ᠤᠷᠢᠵᠤ ᠡᠯᠰᠡᠭᠦ᠂ ᠢᠯᠡ ᠪᠠᠷ ᠤᠷᠢᠵᠤ ᠡᠯᠰᠡᠭᠦ ᠵᠡᠷᠭᠡ ᠠᠷᠭ᠎ᠠ ᠮᠠᠶᠢᠭ ᠢᠶᠠᠷ ᠲᠤᠳᠠᠬᠳᠠᠵᠤ ᠪᠠᠶᠢᠬᠰᠠᠨ 1022 ᠪᠠᠭᠰᠢ ᠶᠢᠨ ᠤᠷᠤᠨ ᠲᠤᠭ᠎ᠠ ᠶᠢ ᠨᠦᠬᠦᠪᠦᠷᠢᠯᠡᠪᠡ᠃ ᠡᠭᠦᠨ ᠳᠤ᠂ ᠦᠪᠡᠷᠳᠡᠭᠡᠨ ᠵᠠᠰᠠᠬᠤ ᠤᠷᠤᠨ ᠤ ︽ᠤᠨᠴᠠᠭᠠᠢ ᠠᠵᠢᠯ ᠤᠨ ᠪᠠᠶᠢᠷᠢ ᠶᠢᠨ ᠲᠦᠯᠦᠪᠯᠡᠭᠡ︾ ᠪᠠᠷ ᠨᠢᠭᠡᠨᠳᠡ 298 ᠪᠠᠭᠰᠢ ᠶᠢ ᠡᠯᠰᠡᠵᠤ᠂ ᠴᠦᠮ ᠭᠤᠷᠪᠠᠨ ᠬᠢᠴᠢᠶᠡᠯ ᠲᠦᠷᠦᠯ ᠤᠨ ᠪᠠᠭᠰᠢ ᠶᠢᠨ ᠡᠩᠨᠡᠭᠡᠨ ᠤ ᠤᠷᠤᠨ ᠲᠤᠭ᠎ᠠ ᠶᠢ ᠨᠦᠬᠦᠪᠦᠷᠢᠯᠡᠵᠤ᠂ ᠡᠨᠡ ᠵᠢᠯ ᠤᠨ ᠬᠠᠪᠤᠷ ᠤᠨ ᠤᠯᠠᠷᠢᠯ ᠢᠶᠠᠷ ᠠᠵᠢᠯ ᠤᠨ ᠪᠠᠶᠢᠷᠢᠨ ᠳᠤ ᠭᠠᠷᠭᠠᠨ᠎ᠠ᠃ ᠡᠯ᠎ᠠ ᠠᠶᠢᠮᠠᠭ ᠬᠤᠳᠠ ᠶᠢᠨ ᠪᠠᠭᠰᠢ ᠡᠯᠰᠡᠭᠦ ᠠᠵᠢᠯ ᠶᠠᠭ ᠡᠮᠬᠢ ᠵᠢᠷᠤᠮ ᠲᠠᠢ ᠶᠠᠪᠤᠬᠳᠠᠵᠤ ᠪᠤᠢ᠃ ᠡᠭᠦᠨ ᠤ ᠬᠠᠮᠳᠤ᠂ ᠴᠢᠨᠠᠷ ᠰᠠᠶᠢᠳᠠᠢ ᠡᠩ ᠤᠨ ᠰᠤᠷᠭᠠᠭᠤᠯᠢ ᠬᠢᠭᠡᠳ ᠦᠨᠳᠦᠰᠦᠳᠡᠨ ᠤ ᠦᠭᠡ ᠬᠡᠯᠡ ᠪᠠᠷ ᠬᠢᠴᠢᠶᠡᠯᠯᠡᠵᠤ ᠪᠠᠶᠢᠭ᠎ᠠ ᠰᠤᠷᠭᠠᠭᠤᠯᠢ ᠨᠤᠭᠤᠳ ᠬᠤᠤᠰᠯᠠᠯ ᠪᠤᠯᠵᠤ ᠬᠠᠪᠰᠤᠷᠤᠨ ᠲᠡᠳᠭᠦᠭᠦ ᠪᠠ ᠬᠠᠷᠢᠯᠴᠠᠨ ᠲᠤᠮᠢᠯᠠᠨ ᠬᠠᠮᠳᠤ ᠪᠠᠷ ᠪᠠᠶᠢᠭᠤᠯᠬᠤ ᠶᠢ ᠦᠷᠨᠢᠭᠦᠯᠵᠤ᠂ ᠤᠷᠤᠨ ᠤ ᠲᠤᠳᠤᠷᠠᠬᠢ ᠪᠠᠭᠰᠢ ᠶᠢᠨ ᠰᠤᠷᠭᠠᠭᠤᠯᠢ ᠨᠤᠭᠤᠳ ᠢ ᠵᠤᠬᠢᠶᠠᠨ ᠪᠠᠶᠢᠭᠤᠯᠵᠤ ᠰᠤᠷᠭᠠᠨ ᠬᠦᠮᠦᠵᠢᠯ ᠤᠨ ᠦᠢᠯᠡᠰ ᠢ ᠲᠡᠮᠵᠢᠭᠦ ᠪᠦᠯᠬᠦᠮ ᠪᠠᠶᠢᠭᠤᠯᠵᠤ᠂ ᠤᠢᠢᠷ᠎ᠠ ᠬᠠᠪᠢ ᠳᠠᠬᠢ ᠤᠯᠤᠰ ᠤᠨ ᠨᠡᠶᠢᠳᠡᠮ ᠬᠡᠷᠡᠭᠯᠡᠭᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠰᠠᠭᠤᠷᠢ ᠪᠠᠷ ᠪᠠᠷᠤᠬᠳᠠᠢ ᠪᠠᠶᠢᠭ᠎ᠠ ᠭᠠᠵᠠᠷ ᠤᠷᠤᠨ ᠪᠠ ᠰᠤᠷᠭᠠᠭᠤᠯᠢ ᠨᠤᠭᠤᠳ ᠤᠨ ᠴᠡᠭ ᠲᠤ ᠠᠵᠢᠯᠯᠠᠵᠤ ᠲᠠᠭᠠᠭᠠᠴᠢᠯᠠᠨ ᠬᠠᠷᠢᠭᠤᠴᠠᠬᠤ ᠶᠢ ᠦᠷᠨᠢᠭᠦᠯᠦᠨ᠎ᠡ᠃
     ᠪᠠᠭᠰᠢ ᠨᠠᠷ ᠢ ᠪᠤᠯᠪᠠᠰᠤᠷᠠᠭᠤᠯᠬᠤ ᠲᠠᠯ᠎ᠠ ᠪᠠᠷ᠂ ᠰᠤᠷᠭᠠᠨ ᠬᠦᠮᠦᠵᠢᠯ ᠤᠨ ᠶᠠᠮᠤᠨ ᠤ ᠲᠡᠮᠵᠢᠯᠭᠡ ᠶᠢ ᠴᠢᠷᠮᠠᠶᠢᠨ ᠤᠯᠵᠤ᠂ ᠤᠷᠤᠨ ᠤ ᠲᠤᠳᠤᠷ᠎ᠠ ᠭᠠᠳᠠᠨᠠᠬᠢ ᠪᠠᠭᠰᠢ ᠶᠢᠨ ᠮᠡᠷᠭᠡᠵᠢᠯ ᠤᠨ 20 ᠶᠡᠭᠡ ᠲᠡᠭᠡᠳᠦ ᠰᠤᠷᠭᠠᠭᠤᠯᠢ ᠶᠢ ᠵᠤᠬᠢᠶᠠᠨ ᠪᠠᠶᠢᠭᠤᠯᠵᠤ ᠪᠠᠶᠢᠭᠠᠳ ᠡᠨᠡ ᠵᠢᠯ ᠤᠨ 1 ᠳ᠋ᠤᠭᠡᠷ ᠰᠠᠷ᠎ᠠ ᠶᠢᠨ ᠲᠤᠮᠳᠠᠴᠢ ᠠᠴᠠ ᠡᠬᠢᠯᠡᠵᠤ᠂ ᠵᠡᠭᠦᠨ ᠲᠤᠮᠳᠠ ᠪᠠᠷᠠᠭᠤᠨ ᠭᠤᠷᠪᠠᠨ ᠬᠡᠰᠡᠭ ᠤᠷᠤᠨ ᠬᠤᠪᠢᠶᠠᠭᠠᠳ ᠪᠦᠬᠦ ᠤᠷᠤᠨ ᠤ ᠦᠨᠳᠦᠰᠦᠳᠡᠨ ᠨᠦᠭᠦᠳ ᠤᠨ ᠲᠤᠮᠳᠠᠳᠤ ᠪᠠᠭ᠎ᠠ ᠰᠤᠷᠭᠠᠭᠤᠯᠢ ᠶᠢᠨ ᠤᠳᠤ ᠶᠢᠨ ᠪᠠᠶᠢᠭ᠎ᠠ ᠭᠤᠷᠪᠠᠨ ᠬᠢᠴᠢᠶᠡᠯ ᠲᠦᠷᠦᠯ ᠤᠨ ᠪᠠᠭᠰᠢ ᠶᠢ ᠪᠦᠯᠦᠭ ᠲᠦᠷᠦᠯ ᠬᠤᠪᠢᠶᠠᠨ ᠠᠩᠬᠢᠯᠠᠵᠤ ᠪᠤᠯᠪᠠᠰᠤᠷᠠᠭᠤᠯᠤᠨ᠎ᠠ᠃ ᠡᠭᠦᠨ ᠤ ᠬᠠᠮᠳᠤ᠂ ︽ᠵᠢᠱᠢᠶ᠎ᠠ ᠦᠵᠡᠭᠦᠯᠭᠦ ᠴᠢᠨᠠᠷᠳᠠᠢ ᠰᠢᠯᠭᠠᠷᠠᠬᠰᠠᠨ ᠪᠠᠭᠰᠢ︾ ᠶᠢᠨ ᠪᠤᠯᠪᠠᠰᠤᠷᠠᠯ᠂ ᠭᠤᠤᠯᠯᠠᠬᠴᠢ ᠠᠩᠬᠢ ᠶᠢᠨ ᠡᠷᠬᠢᠯᠡᠭᠴᠢ ᠪᠠᠭᠰᠢ ᠶᠢᠨ ᠪᠤᠯᠪᠠᠰᠤᠷᠠᠯ᠂ ᠭᠤᠷᠪᠠᠨ ᠬᠢᠴᠢᠶᠡᠯ ᠲᠦᠷᠦᠯ ᠤᠨ

︽ᠤᠨᠴᠠᠭᠠᠢ ᠠᠵᠢᠯ ᠤᠨ ᠪᠠᠶᠢᠷᠢ ᠶᠢᠨ ᠪᠠᠭᠰᠢ︾ ᠶᠢᠨ ᠪᠤᠯᠪᠠᠰᠤᠷᠠᠯ ᠵᠡᠷᠭᠡ ᠶᠢ ᠦᠷᠨᠢᠭᠦᠯᠦᠨ᠎ᠡ᠃ ᠵᠢᠭᠠᠨ ᠰᠤᠳᠤᠯᠤᠯᠳᠠ ᠶᠢᠨ ᠵᠢᠭᠠᠨ ᠵᠢᠯᠤᠭᠤᠳᠬᠤ ᠲᠠᠯ᠎ᠠ ᠪᠠᠷ᠂ ᠭᠤᠷᠪᠠᠨ ᠱᠠᠳᠤᠨ ᠤ ᠵᠢᠭᠠᠨ ᠰᠤᠳᠤᠯᠤᠯᠳᠠ ᠶᠢᠨ ᠵᠢᠭᠠᠨ ᠵᠢᠯᠤᠭᠤᠳᠬᠤ ᠲᠤᠬᠳᠠᠴᠠ ᠶᠢ ᠪᠠᠶᠢᠭᠤᠯᠵᠤ᠂ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠳᠤ ᠲᠡᠪᠰᠢᠭᠦ᠂ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠠᠴᠠ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠳᠠᠯ᠎ᠠ ᠶᠢᠨ ᠵᠢᠭᠠᠨ ᠰᠤᠷᠭᠠᠯᠳᠠ ᠶᠢ ᠨᠢ ᠵᠤᠯᠭᠠᠭᠤᠯᠬᠤ ᠠᠵᠢᠯ ᠤᠨ ᠵᠢᠯᠤᠭᠤᠳᠬᠤ ᠲᠦᠰᠦᠯ ᠢ ᠰᠤᠳᠤᠯᠤᠨ ᠳᠤᠭᠳᠠᠭᠠᠵᠤ᠂ ᠠᠷᠠᠳ ᠤᠨ ᠰᠤᠷᠭᠠᠨ ᠬᠦᠮᠦᠵᠢᠯ ᠤᠨ ᠬᠡᠪᠯᠡᠯ ᠤᠨ ᠬᠤᠷᠢᠶ᠎ᠠ ᠵᠡᠷᠬᠡ ᠲᠠᠢ ᠬᠠᠮᠳᠤᠷᠠᠨ᠂ ᠬᠡᠦᠬᠡᠳ ᠤᠨ ᠴᠡᠴᠡᠷᠯᠢᠭ ᠤᠨ ᠰᠤᠷᠭᠠᠨ ᠬᠦᠮᠦᠵᠢᠯ ᠪᠠ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠢ ᠵᠤᠯᠭᠠᠭᠤᠯᠬᠤ ᠨᠡᠶᠢᠳᠡᠯᠢᠭ ᠬᠡᠯᠡ ᠰᠤᠷᠬᠤ ᠳᠡᠪᠳᠡᠷ᠂ ᠦᠨᠳᠦᠰᠦᠳᠡᠨ ᠤ ᠦᠬᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠬᠤᠶᠠᠳᠤᠭᠠᠷ ᠣᠨ ᠠᠴᠠ ᠨᠠᠢᠮᠠᠳᠤᠭᠠᠷ ᠣᠨ ᠬᠦᠷᠳᠡᠯᠡᠬᠢ

︽ᠬᠢᠳᠠᠳ ᠬᠡᠯᠡ︾ ᠶᠢᠨ ᠨᠡᠮᠡᠯᠳᠡ ᠤᠩᠰᠢᠬᠤ ᠪᠢᠴᠢᠭ ᠵᠢᠴᠢ ᠡᠷᠳᠡᠨ ᠤ ᠰᠢᠯᠦᠭ ᠳᠠᠭᠤᠯᠠᠯ ᠤᠨ ᠤᠩᠰᠢᠬᠤ ᠪᠢᠴᠢᠭ ᠢ ᠨᠠᠶᠢᠷᠠᠭᠤᠯᠤᠨ ᠪᠢᠴᠢᠵᠦ᠂ ᠪᠠᠭ᠎ᠠ ᠰᠤᠷᠭᠠᠭᠤᠯᠢ ᠶᠢᠨ ᠨᠢᠬᠡᠳᠦᠬᠡᠷ ᠣᠨ ᠠᠴᠠ ᠵᠢᠷᠭᠤᠳᠤᠭᠠᠷ ᠣᠨ ᠳᠤ ᠬᠡᠷᠡᠭᠯᠡᠬᠦ ᠨᠢᠬᠡᠳᠦᠯᠳᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ 12 ᠳᠡᠪᠳᠡᠷ ᠤᠨ ᠬᠦᠨᠳᠤ ᠦᠬᠡᠰ ᠤᠨ ᠮᠤᠩᠭᠤᠯ ᠬᠢᠳᠠᠳ ᠬᠤᠤᠰ ᠬᠡᠯᠡᠨ ᠤ ᠬᠠᠷᠢᠴᠠᠭᠤᠯᠤᠨ ᠤᠷᠴᠢᠭᠤᠯᠤᠭᠰᠠᠨ ᠤᠩᠰᠢᠬᠤ ᠪᠢᠴᠢᠭ ᠢ ᠨᠢᠬᠡᠳᠦᠯᠳᠡᠢ ᠨᠠᠶᠢᠷᠠᠭᠤᠯᠵᠤ᠂ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠪᠤᠯᠬᠤ ᠳᠤ ᠡᠳᠡᠬᠡᠷ ᠨᠤᠮ ᠪᠢᠴᠢᠭ ᠢ ᠪᠡᠯᠡᠬᠡᠨ ᠪᠤᠯᠭᠠᠭᠰᠠᠨ ᠪᠠᠶᠢᠬᠤ ᠶᠢ ᠦᠨᠡᠨ ᠬᠦ ᠪᠠᠳᠤᠯᠠᠨ᠎ᠠ᠃ ᠰᠦᠯᠵᠢᠶ᠎ᠠ ᠪᠠᠷ ᠰᠤᠷᠤᠯᠴᠠᠬᠤ ᠡᠬᠢ ᠪᠠᠶᠠᠯᠢᠭ ᠤᠨ ᠳᠠᠪᠴᠠᠩ ᠪᠠ ᠨᠡᠶᠢᠳᠡᠯᠢᠭ ᠬᠡᠯᠡᠨ ᠤ ᠪᠤᠯᠪᠠᠰᠤᠷᠠᠯ ᠢ ᠳᠡᠬᠡᠭᠰᠢᠯᠡᠬᠦᠯᠬᠦ ᠳᠠᠪᠴᠠᠩ ᠢ ᠰᠤᠳᠤᠯᠤᠨ ᠨᠡᠬᠡᠬᠡᠵᠦ᠂ ᠪᠠᠭᠰᠢ ᠰᠤᠷᠤᠭᠴᠢᠳ ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠡᠬᠦᠯᠡᠨ ᠳᠠᠪᠴᠠᠩ᠂ ᠮᠤᠩᠭᠤᠯ ᠬᠡᠯᠡᠨ ᠤ ᠡᠬᠢ ᠪᠠᠶᠠᠯᠢᠭ ᠤᠨ ᠰᠦᠯᠵᠢᠶ᠎ᠠ ᠪᠠ ᠭᠠᠷ ᠤᠳᠠᠰᠤᠨ ᠤ ᠬᠡᠷᠡᠭᠯᠡᠭᠴᠢ ᠶᠢᠨ ᠦᠢᠯᠡᠴᠢᠯᠡᠬᠦ ᠦᠵᠦᠬᠦᠷ ᠢᠶᠠᠷ ᠳᠠᠮᠵᠢᠭᠤᠯᠤᠨ ᠬᠡᠷᠡᠭᠯᠡᠵᠦ ᠪᠤᠯᠬᠤ ᠪᠤᠯᠭᠠᠨ᠎ᠠ᠃ ᠭᠤᠷᠪᠠᠨ ᠬᠢᠴᠢᠶᠡᠯ ᠲᠦᠷᠦᠯ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠳᠠᠯ᠎ᠠ ᠪᠠᠷ ᠬᠢ ᠨᠡᠶᠢᠳᠡᠯᠢᠭ ᠴᠢᠨᠠᠷᠳᠠᠢ ᠠᠰᠠᠭᠤᠳᠠᠯ ᠤᠨ ᠰᠤᠳᠤᠯᠭᠠᠨ ᠤ ᠰᠡᠳᠦᠪ ᠤᠨ ᠬᠦᠮᠦᠷᠬᠡ ᠶᠢ ᠪᠠᠶᠢᠭᠤᠯᠵᠤ᠂ ᠰᠡᠳᠦᠪ ᠢ ᠰᠢᠪᠳᠤᠯᠵᠤ ᠰᠢᠢᠳᠪᠦᠷᠢᠯᠡᠬᠦ ᠠᠵᠢᠯ ᠢ ᠦᠷᠨᠢᠬᠦᠯᠦᠨ᠎ᠡ᠃
     ᠤᠢᠢᠯᠠᠭᠠᠭᠰᠠᠨ ᠢᠶᠠᠷ᠂ ᠦᠪᠡᠷᠳᠡᠬᠡᠨ ᠵᠠᠰᠬᠠᠤ ᠤᠷᠤᠨ ᠠᠴᠠ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠭᠤᠷᠪᠠᠨ ᠬᠢᠴᠢᠶᠡᠯ ᠲᠦᠷᠦᠯ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠬᠡᠷᠡᠬᠦᠯᠦᠨ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠪᠠᠨ ᠴᠢᠩᠭᠠᠳᠬᠠᠬᠤ ᠶᠢ ᠴᠢᠬᠤᠯᠠ ᠶᠡᠭᠡ ᠤᠯᠤᠰ ᠲᠦᠷᠦ ᠶᠢᠨ ᠡᠬᠦᠷᠬᠡ ᠪᠤᠯᠭᠠᠵᠤ᠂ ᠡᠳᠦᠷ ᠳᠤᠳᠤᠮ ᠤᠨ ᠴᠢᠬᠤᠯᠠ ᠵᠦᠪᠯᠡᠬᠦ ᠵᠦᠢᠯ ᠳᠤ ᠪᠠᠨ ᠤᠷᠤᠭᠤᠯᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠠ ᠶᠢ ᠨᠠᠷᠢᠯᠢᠭᠵᠢᠭᠤᠯᠵᠤ᠂ ᠪᠠᠭᠰᠢ ᠨᠠᠷ ᠤᠨ ᠪᠠᠳᠤᠯᠠᠭ᠎ᠠ᠂ ᠪᠠᠭᠰᠢ ᠨᠠᠷ ᠤᠨ ᠪᠤᠯᠪᠠᠰᠤᠷᠠᠯ᠂ ᠵᠢᠭᠠᠬᠤ ᠮᠠᠲ᠋ᠧᠷᠢᠶᠠᠯ ᠤᠨ ᠪᠠᠳᠤᠯᠠᠭ᠎ᠠ᠂ ᠬᠢᠴᠢᠶᠡᠯ ᠤᠨ ᠵᠢᠭᠠᠨ ᠰᠤᠷᠭᠠᠯᠳᠠ ᠵᠡᠷᠬᠡ ᠡᠯ᠎ᠠ ᠵᠦᠢᠯ ᠤᠨ ᠠᠵᠢᠯ ᠢ ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠦᠨ᠎ᠡ ᠬᠦᠢᠴᠡᠳ ᠰᠠᠶᠢᠨ ᠪᠡᠯᠡᠳᠬᠡᠭᠰᠡᠨ ᠪᠠᠶᠢᠬᠤ ᠶᠢ ᠦᠨᠡᠨ ᠬᠦ ᠪᠠᠳᠤᠯᠠᠬᠤ ᠬᠡᠷᠡᠭᠳᠡᠢ ᠬᠡᠵᠦ ᠱᠠᠭᠠᠷᠳᠠᠪᠠ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ