2013 ᠣᠨ ᠠᠴᠠ 2020 ᠣᠨ ᠪᠣᠯᠲᠠᠯ᠎ᠠ ᠮᠠᠨ ᠤ ᠣᠷᠣᠨ ᠶᠠᠳᠠᠭᠤ ᠬᠦᠴᠢᠷᠳᠡᠯᠲᠡᠶ ᠭᠠᠵᠠᠷ ᠣᠷᠣᠨ ᠤ ᠵᠠᠮ ᠬᠠᠷᠢᠯᠴᠠᠭ᠎ᠠ ᠳᠤ ᠨᠡᠶᠢᠲᠡ 2716 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/2/5

     2013 ᠣᠨ ᠠᠴᠠ 2020 ᠣᠨ ᠪᠣᠯᠬᠤ ᠳᠤ᠂ ᠮᠠᠨ ᠤ ᠣᠷᠣᠨ ᠤ ᠶᠠᠳᠠᠭᠤ ᠬᠦᠴᠢᠷᠳᠡᠯᠲᠡᠢ ᠭᠠᠵᠠᠷ ᠣᠷᠣᠨ ᠤ ᠵᠠᠮ ᠬᠠᠷᠢᠯᠴᠠᠭ᠎ᠠ ᠳᠤ ᠨᠡᠶᠢᠲᠡ 2716 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠡᠨᠡ ᠨᠢ ᠪᠦᠬᠦ ᠣᠷᠣᠨ ᠤ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠬᠠᠭᠠᠰ ᠠᠴᠠ ᠳᠡᠭᠡᠭᠰᠢ ᠶᠢ ᠡᠵᠡᠯᠡᠨ᠎ᠡ᠃ ᠡᠨᠡ ᠬᠦ ᠬᠤᠭᠤᠴᠠᠭᠠᠨ ᠳᠤ ᠶᠠᠳᠠᠭᠤ ᠬᠦᠴᠢᠷᠳᠡᠯᠲᠡᠶ ᠭᠠᠵᠠᠷ ᠣᠷᠣᠨ ᠤ ᠵᠠᠰᠠᠮᠠᠯ ᠵᠠᠮ ᠤᠨ ᠣᠷᠳᠣ ᠨᠢ 4.4 ᠲᠦᠮᠡᠨ ᠺᠢᠯᠣᠮᠧᠲᠷ ᠨᠡᠮᠡᠭᠳᠡᠵᠦ᠂ ᠪᠣᠶ ᠪᠥᠬᠦᠶ ᠬᠤᠰᠢᠭᠤ ᠰᠢᠶᠠᠨ ᠳᠤ ᠨᠢᠭᠡᠳᠦᠭᠡᠷ ᠳᠡᠰ ᠵᠢᠴᠢ ᠳᠡᠭᠡᠭᠰᠢᠬᠢ ᠳᠡᠭᠡᠳᠦ ᠲᠠᠰ ᠤᠨ ᠵᠠᠰᠠᠮᠠᠯ ᠵᠠᠮ ᠨᠡᠪᠲᠡᠷᠡᠵᠦ᠂ ᠨᠥᠬᠦᠴᠡᠯ ᠪᠦᠷᠢᠯᠳᠦᠭᠦᠯᠦᠭᠰᠡᠨ ᠪᠤᠢ ᠪᠦᠬᠦᠢ ᠰᠢᠶᠠᠩ ᠪᠠᠯᠭᠠᠰᠤ ᠰᠤᠮᠤ ᠪᠣᠯᠤᠨ ᠪᠠᠶᠢᠭᠤᠯᠤᠯ ᠤᠨ ᠳᠦᠷᠢᠮᠲᠦ ᠭᠠᠴᠠᠭ᠎ᠠ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠦᠨ᠂ ᠠᠶᠠᠨᠴᠢᠳ ᠤᠨ ᠲᠡᠷᠭᠡ ᠨᠡᠪᠲᠡᠷᠡᠭᠦᠯᠦᠨ᠂ ᠬᠤᠰᠢᠭᠤ ᠰᠢᠶᠠᠨ ᠤ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢ ᠢᠯᠡᠳᠲᠡ ᠰᠠᠶᠢᠵᠢᠷᠠᠭᠤᠯᠪᠠ᠃
     ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠵᠠᠮ ᠬᠠᠷᠢᠯᠴᠠᠭ᠎ᠠ ᠪᠠᠷ ᠶᠠᠳᠠᠭᠤ ᠶᠢ ᠲᠡᠳᠬᠦᠬᠦ ᠪᠠᠷ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠭᠠᠨ ᠠᠳᠬᠤᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠠᠰᠠᠭᠤᠳᠠᠯ ᠢ ᠰᠢᠶᠳᠪᠦᠷᠢᠯᠡᠬᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠨᠳᠦᠰᠦᠨ ᠣᠯᠠᠨ ᠨᠡᠶᠢᠲᠡ ᠶᠢᠨ ᠦᠶᠯᠡᠴᠢᠯᠡᠭᠡ ᠶᠢ ᠲᠡᠩᠴᠡᠭᠦᠷᠢᠰᠢᠭᠦᠯᠬᠦ ᠶᠢ ᠠᠬᠢᠭᠤᠯᠬᠤ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠭᠤᠤᠯᠳᠠᠯᠭ᠎ᠠ ᠲᠠᠢ ᠪᠠᠷ ᠰᠢᠪᠲᠤᠯᠤᠯᠲᠠ ᠬᠢᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠵᠠᠮ ᠬᠠᠷᠢᠯᠴᠠᠭᠠᠨ ᠤ ᠲᠦᠷᠭᠡᠨ ᠬᠥᠭᠵᠢᠯᠲᠡ ᠶᠢ ᠠᠬᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠵᠤ᠂ ᠭᠠᠵᠠᠷ ᠣᠷᠣᠨ ᠤ ᠵᠠᠮ ᠬᠠᠷᠢᠯᠴᠠᠭᠠᠨ ᠤ ᠰᠠᠭᠤᠷᠢ ᠨᠥᠬᠦᠴᠡᠯ ᠢ ᠲᠤᠶᠢᠯ ᠤᠨ ᠶᠡᠭᠡ ᠪᠠᠷ ᠰᠠᠶᠢᠵᠢᠷᠠᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠲᠡᠶ ᠪᠠᠲᠤᠯᠠᠭ᠎ᠠ ᠬᠠᠩᠭᠠᠪᠠ᠃
     ᠣᠶᠢᠯᠠᠭᠠᠭᠰᠠᠨ ᠢᠶᠠᠷ᠂ ︽14•5︾ ᠶᠢᠨ ᠬᠤᠭᠤᠴᠠᠭᠠᠨ ᠳᠤ᠂ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠬᠢᠨ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠰᠠᠭᠤᠷᠢᠨ ᠳᠡᠭᠡᠷ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠯᠤᠭ᠎ᠠ ᠪᠦᠲᠦᠮᠵᠢᠲᠡᠶ ᠵᠣᠯᠭᠠᠯᠳᠤᠭᠤᠯᠬᠤ ᠶᠢ ᠴᠢᠩᠭᠠᠳᠬᠠᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠪᠤᠢ᠃ ᠨᠢᠭᠡ ᠳᠤ᠂ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠰᠢᠯᠭᠠᠷᠠᠭᠤᠯᠵᠤ ᠭᠠᠷᠭᠠᠭᠰᠠᠨ ᠰᠠᠭᠤᠷᠢᠨ ᠳᠡᠭᠡᠷ᠎ᠡ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠠᠶᠢᠮᠠᠭ ᠬᠤᠲᠠ ᠶᠢ ᠤᠯᠠᠮ ᠨᠢᠭᠡ ᠠᠯᠬᠤᠮ ᠰᠢᠯᠭᠠᠷᠠᠭᠤᠯᠬᠤ ᠬᠡᠷᠡᠭᠲᠡᠢ︔ ᠬᠤᠶᠠᠷ ᠲᠤ᠂ ᠨᠡᠯᠢᠶᠡᠳ ᠶᠡᠭᠡ ᠬᠥᠮᠦᠨ ᠠᠮᠠ ᠶᠢᠨ ᠬᠡᠪᠴᠢᠶᠡᠵᠢᠯ ᠪᠦᠬᠦᠢ ᠪᠠᠶᠢᠭᠠᠯᠢᠯᠢᠭ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠶᠢ ᠲᠦᠷᠭᠡᠳᠬᠡᠵᠦ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠨᠡᠩ ᠢᠯᠡᠭᠦᠦ ᠲᠣᠰᠬᠤᠨ ᠪᠠ ᠡᠷᠦᠬᠡ ᠳᠤ ᠣᠷᠣᠭᠤᠯᠬᠤ ᠲᠡᠶᠢᠰᠢ ᠬᠡᠯᠪᠡᠶᠢᠯᠭᠡᠬᠦ ᠶᠢ ᠠᠬᠢᠭᠤᠯᠤᠨ᠂ ᠪᠠᠶᠢᠭᠤᠯᠤᠯ ᠤᠨ ᠳᠦᠷᠢᠮᠲᠦ ᠲᠣᠰᠬᠤᠨ ᠳᠤ ᠬᠤᠤᠰ ᠲᠡᠷᠭᠡᠨ ᠵᠠᠮ ᠨᠡᠪᠲᠡᠷᠡᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠠᠵᠤ ᠦᠶᠯᠡᠰ ᠤᠨ ᠵᠠᠮ᠂ ᠵᠢᠭᠤᠯᠴᠢᠯᠠᠯ ᠤᠨ ᠵᠠᠮ᠂ ᠲᠣᠣᠷᠵᠢᠭᠤᠯᠤᠯᠲᠠ ᠶᠢᠨ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠭᠤᠷᠪᠠ ᠳᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ︽ᠵᠠᠮ ᠤᠨ ᠳᠠᠷᠤᠭ᠎ᠠ ᠶᠢᠨ ᠳᠦᠷᠢᠮ︾ ᠢ ᠦᠷᠭᠦᠯᠵᠢᠯᠡᠨ ᠬᠡᠷᠡᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠣᠳᠣ ᠪᠠᠶᠢᠭ᠎ᠠ ᠠᠶᠤᠯ ᠲᠠᠢ ᠬᠥᠭᠦᠷᠭᠡ ᠶᠢ ᠵᠠᠰᠠᠨ ᠪᠠᠶᠢᠭᠤᠯᠵᠤ᠂ ᠲᠡᠭᠡᠭᠡᠪᠦᠷᠢ ᠶᠢᠨ ᠴᠢᠳᠠᠪᠤᠷᠢ ᠪᠣᠯᠤᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠬᠥᠭᠵᠢᠯᠲᠡ ᠳᠤ ᠴᠢᠩᠭ᠎ᠠ ᠬᠦᠴᠦᠨ ᠪᠦᠬᠦᠢ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠶᠢ ᠬᠠᠩᠭᠠᠨ᠎ᠠ︔ ᠳᠥᠷᠪᠡ ᠳᠤ᠂ ᠲᠠᠷᠢᠶᠠᠯᠠᠬᠤ ᠮᠠᠯᠵᠢᠬᠤ ᠣᠷᠣᠨ ᠤ ᠲᠡᠭᠡᠭᠡᠪᠦᠷᠢ ᠶᠢᠨ ᠦᠶᠯᠡᠴᠢᠯᠡᠭᠡᠨ ᠤ ᠬᠢᠷᠢ ᠲᠦᠪᠰᠢᠨ ᠢ ᠪᠦᠬᠦ ᠬᠦᠴᠦ ᠪᠠᠷ ᠢᠶᠠᠨ ᠳᠡᠭᠡᠭᠰᠢᠯᠡᠭᠦᠯᠵᠦ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠲᠠᠷᠢᠶᠠᠯᠠᠬᠤ ᠮᠠᠯᠵᠢᠬᠤ ᠣᠷᠣᠨ ᠤ ᠪᠠᠷᠠᠭᠠᠨ ᠤ ᠭᠦᠶᠯᠭᠡᠭᠡᠨ ᠤ ᠲᠣᠤᠷ ᠰᠦᠯᠵᠢᠶᠡᠨ ᠤ ᠵᠠᠩᠭᠢᠶᠠᠰᠤ ᠴᠡᠭ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ᠂ ᠰᠢᠦᠳᠠᠨ ᠲᠦᠷᠭᠡᠨ ᠢᠯᠡᠭᠡᠯᠲᠡ᠂ ᠡᠯᠧᠺᠲᠷᠣᠨ ᠬᠤᠳᠠᠯᠳᠤᠭ᠎ᠠ᠂ ᠬᠠᠩᠭᠠᠨ ᠪᠣᠷᠣᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠲᠡᠭᠡᠭᠡᠪᠦᠷᠢ ᠶᠢᠨ ᠦᠶᠯᠡᠴᠢᠯᠡᠭᠡᠨ ᠤ ᠥᠷᠲᠡᠭᠡ ᠶᠢ ᠪᠦᠲᠦᠭᠡᠨ ᠪᠠᠶᠢᠭᠤᠯᠵᠤ᠂ ᠰᠢᠶᠠᠩ ᠪᠠᠯᠭᠠᠰᠤᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ