ᠦᠪᠡᠷᠳᠡᠭᠡᠨ ᠵᠠᠰᠠᠬᠤ ᠤᠷᠤᠨ ᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠭᠦᠨ ᠳᠤ ᠴᠤᠬᠢᠯᠲᠠ ᠦᠭᠬᠦ︾ ᠠᠵᠢᠯ ᠢ ᠪᠠᠶᠢᠷᠢᠯᠠᠭᠤᠯᠬᠤ ᠲᠧᠯᠸᠢᠰ ᠤᠳᠠᠰᠤ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2021/2/7

      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠳᠡᠰ ᠤᠨ ᠳᠠᠷᠤᠭ᠎ᠠ᠂ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠭᠦᠨ ᠳᠤ ᠴᠤᠬᠢᠯᠲᠠ ᠦᠭᠬᠦ︾ ᠠᠵᠢᠯ ᠤᠨ ᠤᠳᠤᠷᠢᠳᠬᠤ ᠳᠤᠭᠤᠢᠢᠯᠠᠩ ᠤᠨ ᠳᠠᠷᠤᠭ᠎ᠠ ᠪᠠᠢ ᠢᠤᠢ ᠭᠠᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃
      ᠪᠠᠢ ᠢᠤᠢ ᠭᠠᠩ 2020 ᠤᠨ ᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠭᠦᠨ ᠳᠤ ᠴᠤᠬᠢᠯᠲᠠ ᠦᠭᠬᠦ︾ ᠠᠵᠢᠯ ᠢ ᠳ᠋ᠦᠩᠨᠡᠬᠦ ᠳᠡᠭᠡᠨ᠂ ᠦᠩᠭᠡᠷᠡᠭᠰᠡᠨ ᠨᠢᠭᠡ ᠵᠢᠯ ᠳᠤ ᠪᠦᠬᠦ ᠤᠷᠤᠨ ᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠭᠦᠨ ᠳᠤ ᠴᠤᠬᠢᠯᠲᠠ ᠦᠭᠬᠦ︾ ᠹᠷᠤᠨᠲ ᠤᠨ ᠬᠢᠨ ᠨᠠᠮ ᠤᠨ ᠲᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠲᠤᠭᠤᠰᠢᠯᠠᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠶᠢ ᠴᠢᠩᠭ᠎ᠠ ᠵᠢᠷᠤᠮᠯᠡᠵᠤ᠂ ᠶᠡᠷᠦᠩᠬᠡᠶᠢᠯᠡᠭᠰᠡᠨ ᠵᠠᠰᠠᠯᠳᠠ ᠪᠤᠯᠤᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠭᠦᠨ ᠳᠤ ᠴᠤᠬᠢᠯᠲᠠ ᠦᠭᠬᠦ︾ ᠠᠵᠢᠯ ᠢ ᠦᠨᠳᠦᠰᠦᠨ ᠱᠠᠳᠤᠨ ᠳᠤ ᠭᠦᠨᠵᠡᠭᠡᠶᠢᠷᠡᠭᠦᠯᠬᠦ ᠶᠢ ᠭᠦᠨᠵᠡᠭᠡᠢ ᠠᠬᠢᠭᠤᠯᠵᠤ᠂ ᠰᠦᠯᠵᠢᠶᠠᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠤᠤᠷᠳᠠᠯ ᠲᠠᠢ ᠮᠡᠳᠡᠭᠡ ᠵᠠᠩᠭᠢ ᠪᠤᠯᠤᠨ ᠰᠤᠶᠤᠯ ᠤᠨ ᠬᠤᠭ ᠨᠤᠪᠰᠢ ᠶᠢ ᠶᠡᠭᠡ ᠪᠠᠷ ᠠᠷᠢᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠪᠠ ᠰᠤᠶᠤᠯ ᠤᠨ ᠠᠮᠤᠷ ᠲᠦᠪᠰᠢᠨ ᠢ ᠬᠦᠴᠦᠳᠠᠢ ᠬᠠᠮᠠᠭᠠᠯᠠᠵᠠᠢ ᠭᠡᠵᠤ ᠵᠢᠭᠠᠵᠤ ᠭᠠᠷᠭᠠᠪᠠ᠃
      ᠪᠠᠢ ᠢᠤᠢ ᠭᠠᠩ 2021 ᠤᠨ ᠤ ᠭᠤᠤᠯᠲᠠᠯᠭ᠎ᠠ ᠲᠠᠢ ᠡᠬᠦᠷᠭᠡ ᠶᠢ ᠪᠠᠶᠢᠷᠢᠯᠠᠭᠤᠯᠬᠤ ᠳᠠᠭᠠᠨ᠂ ᠪᠦᠬᠦ ᠤᠷᠤᠨ ᠤ ︽ᠱᠠᠯᠢᠭ ᠵᠠᠪᠬᠠᠢ ᠵᠦᠢᠯᠡᠰ ᠢ ᠠᠷᠢᠯᠭᠠᠵᠦ ᠬᠠᠤᠯᠢ ᠪᠤᠰᠤ ᠬᠡᠪᠯᠡᠭᠲᠡᠭᠦᠨ ᠳᠤ ᠴᠤᠬᠢᠯᠲᠠ ᠦᠭᠬᠦ︾ ᠹᠷᠤᠨᠲ ᠤᠨ ᠬᠢᠨ ᠡᠯ᠎ᠠ ᠲᠦᠷᠦᠯ ᠤᠨ ᠰᠦᠯᠵᠢᠶᠠᠠ ᠲᠡᠭᠡᠷᠡᠬᠢ ᠪᠠ ᠰᠦᠯᠵᠢᠶᠠᠠ ᠭᠠᠳᠠᠨᠠᠬᠢ ᠬᠤᠤᠷᠳᠠᠯ ᠲᠠᠢ ᠲᠠᠮᠵᠢᠭᠤᠯᠭ᠎ᠠ᠂ ᠦᠨᠡᠡ ᠪᠤᠲᠠᠲᠠᠢ ᠪᠢᠰᠢ ᠶᠠᠷᠢᠶ᠎ᠠ ᠬᠡᠯᠡᠯᠭᠡ ᠳᠤ ᠴᠢᠩᠭ᠎ᠠ ᠴᠤᠬᠢᠯᠲᠠ ᠦᠭᠴᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠭᠡᠷᠡᠭᠲᠡᠢ︔ ︽ᠰᠢᠨ᠎ᠠ ᠬᠦᠮᠦᠨ ᠢ ᠬᠦᠮᠦᠵᠢᠭᠦᠯᠬᠦ︾ ᠡᠬᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ ᠠᠷᠠᠳ ᠤᠯᠠᠠ ᠤ ᠰᠢᠨ᠎ᠠ ᠬᠦᠰᠡᠯ ᠡᠷᠡᠮᠡᠯᠵᠡᠯ ᠢ ᠬᠠᠩᠭᠠᠬᠤ ᠶᠢ ᠴᠢᠬᠤᠯᠠᠴᠢᠯᠠᠵᠦ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ᠤᠲᠤᠷᠢᠲᠤᠮᠵᠢ ᠶᠢ ᠲᠤᠪᠤᠶᠢᠯᠭᠠᠬᠤ ᠭᠡᠷᠡᠭᠲᠡᠢ︔ ᠨᠡᠶᠢᠭᠡᠮ ᠤᠨ ᠰᠤᠶᠤᠯ ᠤᠨ ᠤᠷᠴᠢᠨ ᠢ ᠶᠡᠭᠡ ᠪᠠᠷ ᠴᠡᠪᠡᠷᠰᠢᠭᠦᠯᠵᠦ᠂ ᠡᠯ᠎ᠠ ᠵᠦᠢᠯ ᠤᠨ ᠱᠠᠯᠢᠭ ᠵᠠᠪᠬᠠᠢ ᠵᠦᠢᠯᠡᠰ ᠲᠤ ᠬᠤᠯᠪᠤᠭᠲᠠᠭᠰᠠᠠ ᠬᠠᠤᠯᠢ ᠪᠤᠰᠤ ᠬᠡᠪᠯᠡᠭᠲᠡᠭᠦᠨ ᠳᠤ ᠬᠤᠯᠪᠤᠭᠲᠠᠭᠰᠠᠠ ᠲᠠᠮᠵᠢᠭᠤᠯᠭ᠎ᠠ ᠶᠢᠨ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠤ᠂ ᠰᠢᠨ᠎ᠠ ᠰᠤᠷᠲᠠᠯ ᠲᠦᠪ ᠤᠪᠤᠷ ᠢ ᠡᠷᠡᠰ ᠪᠠᠲᠠᠷᠠᠭᠤᠯᠵᠦ᠂ ᠰᠤᠶᠤᠯ ᠤᠨ ᠬᠤᠭ ᠨᠤᠪᠰᠢ ᠶᠢ ᠬᠦᠴᠤᠲᠠᠢ ᠪᠦᠲᠦᠮᠵᠢᠲᠠᠢ ᠠᠷᠢᠯᠭᠠᠵᠦ᠂ ᠲᠤᠮᠲᠠᠲᠤ ᠤᠯᠤᠰ ᠤᠨ ᠡᠪ ᠬᠠᠮᠲᠤ ᠨᠠᠮ ᠪᠠᠶᠢᠭᠤᠯᠤᠭᠲᠠᠭᠰᠠᠠ 100 ᠵᠢᠯ ᠤᠨ ᠤᠢ ᠶᠢ ᠪᠡᠯᠭᠡᠯᠡᠬᠦ ᠪᠠ ︽ᠠᠷᠪᠠᠠ ᠲᠦᠷᠪᠡᠲᠦᠭᠡᠷ ᠲᠠᠪᠤᠨ ᠵᠢᠯ︾᠎ ᠤᠨ ᠡᠬᠢᠯᠡᠯᠲᠡ ᠳᠤ ᠰᠠᠶᠢᠨ ᠰᠠᠶᠢᠬᠠᠨ ᠦᠵᠡᠯ ᠰᠠᠨᠠᠭ᠎ᠠ ᠰᠤᠶᠤᠯ ᠤᠨ ᠤᠷᠴᠢᠨ ᠢ ᠪᠤᠢ ᠪᠤᠯᠭᠠᠵᠦ ᠦᠭᠬᠦ ᠭᠡᠷᠡᠭᠲᠡᠢ ᠭᠡᠵᠦ

ᠴᠢᠬᠤᠯᠠᠴᠢᠯᠠᠪᠠ᠃
      ᠬᠤᠷᠠᠯ ᠠᠴᠠ ᠪᠠᠰᠠ 2020 ᠤᠨ ᠤ ᠪᠦᠬᠦ ᠤᠷᠤᠨ ᠤ ︽ᠱᠠᠯᠢᠭ ᠵᠠᠪᠬᠠᠢ ᠵᠦᠢᠯᠡᠰ ᠢ ᠠᠷᠢᠯᠭᠠᠵᠦ ᠬᠠᠤᠯᠢ ᠪᠤᠰᠤ ᠬᠡᠪᠯᠡᠭᠲᠡᠭᠦᠨ ᠳᠤ ᠴᠤᠬᠢᠯᠲᠠ ᠦᠭᠬᠦ︾ ᠲᠡᠷᠢᠭᠦᠨ ᠤ ᠬᠠᠮᠲᠤ ᠨᠡᠶᠢᠳᠡ ᠪᠠ ᠲᠡᠷᠢᠭᠦᠨ ᠤ ᠬᠤᠪᠢ ᠬᠦᠮᠦᠨ ᠢ ᠬᠦᠬᠢᠭᠦᠯᠦᠨ ᠰᠠᠶᠢᠰᠢᠶᠠᠵᠠᠢ᠃
      ᠬᠤᠷᠠᠯ ᠨᠢ ᠸᠢᠲᠢᠣ᠋ ᠬᠡᠯᠪᠡᠷᠢ ᠪᠠᠷ ᠡᠯ᠎ᠠ ᠠᠶᠢᠮᠠᠭ ᠬᠤᠲᠠ᠂ ᠬᠤᠰᠢᠭᠤ ᠰᠢᠶᠠᠠ ᠳᠤ ᠬᠦᠷᠳᠡᠯ᠎ᠡ ᠬᠤᠷᠠᠯᠲᠤᠭᠰᠠᠠ ᠪᠠᠶᠢᠨ᠎ᠠ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ