2021 ᠣᠨ ᠤ 2 ᠰᠠᠷ᠎ᠠ ᠶᠢᠨ 6 ᠤ ᠡᠳᠦᠷ ᠤᠨ 7 ᠴᠠᠭ ᠠᠴᠠ 2 ᠰᠠᠷ᠎ᠠ ᠶᠢᠨ 7 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ | ᠨᠡᠮᠡᠭᠳᠡᠭᠰᠡᠨ ᠦᠭᠡᠢ᠃ 2 ᠡᠪᠡᠳᠴᠢᠲᠡᠨ ︵ᠨᠡᠶᠢᠰᠯᠡᠯ ᠤᠨ ᠨᠢᠰᠭᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ | ᠤᠯᠤᠰ ᠤᠨ ᠨᠢᠰᠭᠡᠯ ᠤᠨ ᠪᠠᠭᠤᠳᠠᠯ ᠳᠤ ᠪᠠᠭᠤᠭᠰᠠᠳ︶ ᠡᠳᠡᠭᠡᠷᠡᠵᠦ ᠡᠮᠨᠡᠯᠭᠡ ᠠᠴᠠ ᠭᠠᠷᠪᠠ᠃ | 2021 ᠣᠨ ᠤ 2 ᠰᠠᠷ᠎ᠠ ᠶᠢᠨ 7 ᠤ ᠡᠳᠦᠷ ᠤᠨ 7 ᠴᠠᠭ ᠪᠣᠯᠲᠠᠯ᠎ᠠ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ | 7 ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ | ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ | ᠴᠢᠩᠭ᠎ᠠ ᠰᠡᠷᠭᠡᠶᠢᠯᠡᠵᠦ ᠪᠠᠶᠢᠨ᠎ᠠ᠃ |