ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/2/7

     2 ᠳ᠋ᠤᠭᠠᠷ ᠰᠠᠷ᠎ᠠ ᠶᠢᠨ 5 ᠤ ᠡᠳᠦᠷ᠂ ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ 2020 ᠣᠨ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠥᠬᠦ ᠲᠠᠯ᠎ᠠ ᠪᠠᠷ ᠡᠷᠭᠢᠴᠡᠭᠦᠯᠦᠨ ᠳ᠋ᠦᠩᠨᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠡᠳᠬᠢᠴᠡ ᠶᠢ ᠲᠣᠳᠣᠷᠬᠠᠶᠢᠯᠠᠭᠰᠠᠨ ᠪᠥᠭᠡᠳ 2021 ᠣᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃
     ᠬᠤᠷᠠᠯ ᠠᠴᠠ ᠵᠢᠭᠠᠬᠤ ᠳᠤ ᠪᠠᠨ᠂ 2020 ᠣᠨ ᠳᠤ ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠰᠲ᠋ᠧᠮ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠪᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠬᠡᠷᠡᠭᠵᠢᠭᠦᠯᠬᠦ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠴᠢᠬᠤᠯᠠ ᠶᠡᠭᠡ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠴᠢᠩᠭ᠎ᠠ ᠠᠳᠬᠤᠵᠤ᠂ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠪᠣᠳᠠᠲᠠᠶ ᠶᠢ ᠡᠷᠬᠢᠮᠯᠡᠨ ᠥᠷᠨᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠰᠠᠯᠲᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠠᠬᠢᠴᠠ ᠲᠠᠢ ᠪᠣᠯᠬᠤ ᠶᠢ ᠠᠬᠢᠭᠤᠯᠵᠠᠢ ᠭᠡᠵᠡᠢ᠃
     ᠬᠤᠷᠠᠯ ᠠᠴᠠ 2021 ᠣᠨ ᠤ ᠪᠦᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ 8 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠭᠲᠠᠭᠠᠪᠠ᠃ ᠡᠨᠡ 8 ᠵᠦᠶᠯ ᠤᠨ ᠡᠭᠦᠷᠭᠡ ᠨᠢ ᠲᠣᠰ ᠲᠣᠰ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠲᠣᠳᠣᠷᠬᠠᠶᠢᠯᠠᠨ᠎ᠠ︔ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ︔ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ︔ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠲᠦᠷᠭᠡᠳᠬᠡᠨ ᠳᠡᠭᠡᠭᠰᠢᠯᠡᠭᠦᠯᠵᠦ᠂ ᠦᠶᠯᠡᠳᠪᠦᠷᠢᠯᠡᠬᠦ ᠵᠢᠭᠠᠬᠤ ᠰᠤᠳᠤᠯᠬᠤ ᠶᠢ ᠠᠭᠤᠰᠤᠯᠴᠠᠭᠤᠯᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ︔ ᠰᠢᠨ᠎ᠡ ᠶᠢ ᠡᠭᠦᠳᠬᠦ ᠡᠬᠢ ᠪᠠᠶᠠᠯᠢᠭ ᠤᠨ ᠪᠠᠶᠢᠷᠢᠰᠢᠯ ᠢ ᠰᠢᠯᠢᠳᠡᠭᠵᠢᠭᠦᠯᠦᠨ᠂ ᠣᠷᠣᠨ ᠪᠦᠰᠡ ᠶᠢᠨ ᠰᠢᠨ᠎ᠡ ᠶᠢ ᠡᠭᠦᠳᠬᠦ ᠥᠨᠳᠦᠷᠯᠢᠭ ᠢ ᠬᠦᠴᠦᠯᠡᠨ ᠪᠠᠶᠢᠭᠤᠯᠤᠨ᠎ᠠ︔ ᠨᠡᠭᠡᠭᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶ ᠠᠬᠢᠭᠤᠯᠵᠤ᠂ ᠤᠯᠤᠰ ᠤᠨ ᠰᠢᠨ᠎ᠡ ᠶᠢ ᠡᠭᠦᠳᠬᠦ ᠶᠡᠭᠡ ᠲᠠᠯ᠎ᠠ ᠳᠤ ᠭᠦᠨᠵᠡᠭᠡᠶ ᠠᠭᠤᠰᠤᠯᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠰᠠᠶᠢᠨ ᠰᠠᠶᠢᠬᠠᠨ ᠠᠮᠢ ᠠᠬᠤᠢ ᠶᠢ ᠪᠤᠢ ᠪᠣᠯᠭᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠦᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ