ᠱᠢ ᠲᠠᠢ ᠹᠧᠩ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠦᠪᠡᠷᠲᠡᠭᠡᠨ ᠵᠠᠰᠠᠬᠤ ᠤᠷᠤᠨ ᠤ ᠨᠡᠬᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠤᠭᠳᠠᠭᠠᠯ ᠢ ᠵᠦᠷᠢᠴᠡᠵᠦ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2021/2/8

     2 ᠰᠠᠷ᠎ᠠ ᠶᠢᠨ 6 ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠦᠪᠡᠷᠲᠡᠭᠡᠨ ᠵᠠᠰᠠᠬᠤ ᠤᠷᠤᠨ ᠤ ᠨᠡᠬᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠤᠭᠳᠠᠭᠠᠯ ᠢ ᠵᠦᠷᠢᠴᠡᠵᠦ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ᠰᠢᠨ᠎ᠠ ᠪᠠᠷ ᠵᠠᠰᠠᠪᠤᠷᠢ ᠤᠷᠤᠭᠤᠯᠤᠭᠰᠠᠨ ︽ᠳᠤᠮᠳᠠᠳᠤ ᠤᠯᠤᠰ ᠤᠨ ᠡᠪ ᠬᠠᠮᠳᠦ ᠨᠠᠮ ᠤᠨ ᠤᠷᠤᠨ ᠨᠤᠳᠤᠭ ᠤᠨ ᠵᠤᠬᠢᠶᠠᠨ ᠪᠠᠶᠢᠭᠤᠯᠤᠯᠳᠠ ᠶᠢᠨ ᠰᠤᠩᠭᠤᠭᠤᠯᠢ ᠶᠢᠨ ᠠᠵᠢᠯ ᠤᠨ ᠲᠦᠷᠢᠮ︾ ᠢ ᠰᠤᠷᠤᠯᠴᠠᠨ ᠲᠤᠭᠤᠰᠢᠯᠠᠭᠤᠯᠵᠦ᠂ ᠮᠠᠨ ᠤ ᠤᠷᠤᠨ ᠤ ᠬᠤᠳᠠ ᠰᠢᠶᠠᠨ ᠰᠢᠶᠠᠩ ᠤᠨ ᠬᠤᠭᠤᠴᠠᠭ᠎ᠠ ᠰᠤᠯᠢᠬᠤ ᠠᠵᠢᠯ ᠤᠨ ᠬᠤᠯᠪᠤᠭᠳᠠᠯ ᠪᠦᠬᠦᠢ ᠵᠦᠢᠯ ᠢ ᠰᠤᠳᠤᠯᠤᠨ᠂ ᠨᠡᠬᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠤᠭᠳᠠᠭᠠᠯ ᠢ ᠵᠦᠷᠢᠴᠡᠵᠦ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠬᠠᠷᠢᠭᠤ ᠮᠡᠳᠡᠬᠦᠯᠦᠯᠳᠠ ᠶᠢ ᠰᠤᠨᠤᠰᠴᠦ᠂ ᠤᠳᠤᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠰᠤᠳᠤᠯᠪᠠ᠃
     ᠬᠤᠷᠠᠯ ᠠᠴᠠ᠂ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠦᠷᠭᠡᠨ ᠤᠯᠠᠨ ᠨᠠᠮ ᠤᠨ ᠭᠡᠰᠢᠬᠦᠨ ᠺᠠᠳ᠋ᠷ ᠰᠢᠨ᠎ᠠ ᠪᠠᠷ ᠵᠠᠰᠠᠪᠤᠷᠢ ᠤᠷᠤᠭᠤᠯᠤᠭᠰᠠᠨ ︽ᠳᠤᠮᠳᠠᠳᠤ ᠤᠯᠤᠰ ᠤᠨ ᠡᠪ ᠬᠠᠮᠳᠦ ᠨᠠᠮ ᠤᠨ ᠤᠷᠤᠨ ᠨᠤᠳᠤᠭ ᠤᠨ ᠵᠤᠬᠢᠶᠠᠨ ᠪᠠᠶᠢᠭᠤᠯᠤᠯᠳᠠ ᠶᠢᠨ ᠰᠤᠩᠭᠤᠭᠤᠯᠢ ᠶᠢᠨ ᠠᠵᠢᠯ ᠤᠨ ᠲᠦᠷᠢᠮ︾ ᠢ ᠨᠠᠷᠢᠨ ᠬᠢᠨᠠᠮᠠᠭᠠᠢ ᠰᠤᠷᠤᠯᠴᠠᠵᠦ᠂ ᠨᠠᠮ ᠤᠨ ᠭᠡᠰᠢᠬᠦᠨ ᠤᠳᠤᠷᠢᠳᠬᠤ ᠺᠠᠳ᠋ᠷ ᠢᠯᠠᠩᠭᠤᠶ᠎ᠠ ᠭᠤᠤᠯ ᠬᠠᠷᠢᠭᠤᠴᠠᠯᠭᠠᠳᠠᠨ ᠨᠦᠬᠦᠳ ᠲᠦᠷᠦᠬᠦᠯᠡᠨ ᠰᠤᠷᠤᠯᠴᠠᠵᠦ᠂ ᠲᠦᠷᠦᠬᠦᠯᠡᠨ ᠰᠤᠳᠤᠯᠵᠦ᠂ ᠪᠤᠳᠠᠳᠠᠢ ᠠᠵᠢᠯ ᠤᠨ ᠳᠤᠮᠳᠠ ᠪᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠡᠷᠡᠰ ᠰᠠᠶᠢᠳᠤᠷ ᠠᠳᠬᠤᠬᠤ ᠭᠡᠷᠡᠭᠲᠡᠢ᠃ ᠤᠷᠤᠨ ᠨᠤᠳᠤᠭ ᠤᠨ ᠨᠠᠮ ᠤᠨ ᠬᠤᠷᠢᠶᠠᠨ ᠤ ᠬᠤᠭᠤᠴᠠᠭ᠎ᠠ ᠰᠤᠯᠢᠬᠤ ᠠᠵᠢᠯ ᠳᠤᠮᠳᠠ ︽ᠲᠦᠷᠢᠮ︾ ᠢ ᠴᠢᠩᠭ᠎ᠠ ᠵᠢᠷᠤᠮᠯᠠᠨ ᠰᠤᠩᠭᠤᠭᠤᠯᠢ ᠶᠢᠨ ᠠᠵᠢᠯ ᠢ ᠵᠤᠬᠢᠶᠠᠨ ᠪᠠᠶᠢᠭᠤᠯᠵᠦ ᠭᠡᠷᠡᠭᠵᠢᠬᠦᠯᠦᠨ᠂ ᠰᠤᠩᠭᠤᠭᠤᠯᠢ ᠶᠢᠨ ᠠᠵᠢᠯ ᠲᠦᠷᠢᠮᠵᠢᠯ ᠲᠠᠢ ᠡᠮᠬᠢ ᠴᠡᠭᠴᠡ ᠲᠠᠢ ᠶᠠᠪᠤᠭᠳᠠᠬᠤ ᠶᠢ ᠪᠠᠳᠤᠯᠠᠬᠤ ᠭᠡᠷᠡᠭᠲᠡᠢ᠃ ᠪᠦᠬᠦ ᠤᠷᠤᠨ ᠤ ᠠᠶᠢᠮᠠᠬ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶᠂ ᠰᠤᠮᠤ ᠰᠢᠶᠠᠩ ᠪᠠᠯᠭᠠᠰᠤ ᠶᠢᠨ ᠤᠳᠤᠷᠢᠳᠬᠤ ᠪᠠᠬ ᠤᠨ ᠬᠤᠭᠤᠴᠠᠭ᠎ᠠ ᠰᠤᠯᠢᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠰᠠᠶᠢᠨ ᠵᠢᠷᠤᠬ ᠲᠦᠯᠦᠪᠯᠡᠭᠡ ᠶᠢ ᠵᠢᠷᠤᠭᠯᠠᠬᠤ᠂ ᠰᠠᠶᠢᠨ ᠺᠠᠳ᠋ᠷ ᠢ ᠰᠤᠩᠭᠤᠬᠤ᠂ ᠰᠠᠶᠢᠨ ᠪᠠᠬ ᠢ ᠲᠤᠬᠢᠷᠠᠭᠤᠯᠬᠤ᠂ ᠰᠠᠶᠢᠨ ᠤᠳᠤᠷᠢᠳᠤᠮᠵᠢ ᠶᠢ ᠪᠤᠢ ᠪᠤᠯᠭᠠᠬᠤ᠂ ᠰᠠᠶᠢᠨ ᠲᠦᠷᠰᠦ ᠪᠠᠶᠢᠳᠠᠯ ᠢ ᠪᠦᠷᠢᠯᠳᠦᠬᠦᠯᠬᠦ ᠶᠢ ᠪᠠᠳᠤᠯᠠᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢᠶᠠᠷ ᠰᠠᠶᠢᠳᠤᠷ ᠵᠠᠮᠨᠠᠨ᠂ ︽ᠠᠷᠪᠡᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠡᠯ᠎ᠠ ᠵᠦᠢᠯ ᠤᠨ ᠬᠠᠷᠠᠯᠳᠠ ᠡᠬᠦᠷᠭᠡ ᠶᠢ ᠤᠷᠤᠬᠰᠢᠳᠠᠢ ᠪᠡᠶᠡᠯᠡᠬᠦᠯᠬᠦ ᠳᠤ ᠪᠠᠳᠤ ᠴᠢᠩᠭ᠎ᠠ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠬᠠᠩᠭᠠᠬᠤ ᠭᠡᠷᠡᠭᠲᠡᠢ ᠭᠡᠵᠦ ᠱᠠᠭᠠᠷᠳᠠᠪᠠ᠃
     ᠬᠤᠷᠠᠯ ᠠᠴᠠ᠂ ᠮᠠᠨ ᠤ ᠤᠷᠤᠨ ᠤ ᠨᠡᠬᠦᠷᠡᠰᠤᠨ ᠤ ᠡᠬᠢ ᠪᠠᠶᠠᠯᠢᠬ ᠤᠨ ᠬᠦᠷᠢᠶᠠᠨ ᠳᠠᠬᠢ ᠲᠦᠷᠢᠮ ᠲᠤᠭᠳᠠᠭᠠᠯ ᠠᠴᠠ ᠵᠦᠷᠢᠴᠡᠵᠤ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠴᠢᠬᠤᠯᠠ ᠱᠠᠳᠤᠴᠢ ᠴᠢᠨᠠᠷᠳᠠᠢ ᠠᠮᠵᠢᠯᠳᠠ ᠪᠦᠳᠤᠮᠵᠢ ᠤᠯᠪᠠ᠂ ᠡᠬᠦᠨ ᠤ ᠬᠠᠮᠳᠤ ᠲᠠᠷᠠᠭᠠᠴᠢ ᠶᠢᠨ ᠠᠯᠬᠤᠮ ᠳᠤ ᠵᠠᠰᠠᠯᠳᠠ ᠶᠢ ᠬᠦᠨᠵᠡᠬᠡᠶᠢᠷᠡᠬᠦᠯᠬᠦ ᠡᠬᠦᠷᠬᠡ ᠮᠦᠨ ᠬᠦ ᠬᠠᠳᠠᠭᠤ ᠪᠡᠷᠬᠡ ᠬᠦᠨᠳᠦ ᠨᠦᠰᠠᠷ ᠪᠠᠶᠢᠨ᠎ᠠ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠤᠯᠤᠰ ᠲᠦᠷᠤ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠤ ᠶᠢᠨ ᠡᠵᠡᠮᠰᠢᠬᠦ ᠴᠢᠳᠠᠪᠤᠷᠢ᠂ ᠤᠯᠤᠰ ᠲᠦᠷᠤ ᠶᠢᠨ ᠬᠦᠢᠴᠡᠳᠬᠡᠬᠦ ᠴᠢᠳᠠᠪᠤᠷᠢ ᠪᠠᠨ ᠲᠡᠭᠡᠭᠰᠢᠯᠡᠬᠦᠯᠵᠤ᠂ ᠪᠠᠷᠢᠮᠵᠢᠶ᠎ᠠ ᠪᠠᠭᠤᠷᠠᠬᠤ ᠦᠬᠡᠢ᠂ ᠡᠷᠴᠢᠮ ᠰᠤᠯᠠᠷᠠᠬᠤ ᠦᠬᠡᠢ᠂ ᠬᠦᠴᠤᠯᠠᠴᠠ ᠰᠤᠯᠠᠳᠠᠬᠤ ᠦᠬᠡᠢ ᠪᠠᠶᠢᠬᠤ ᠶᠢ ᠪᠠᠷᠢᠮᠳᠠᠯᠠᠵᠤ᠂ ᠵᠠᠰᠠᠯᠳᠠ ᠶᠢᠨ ᠱᠠᠳᠤᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠤᠳᠠᠢ ᠠᠬᠢᠭᠤᠯᠵᠤ᠂ ᠲᠤᠰᠬᠠᠢ ᠴᠡᠭᠴᠡᠯᠡᠨ ᠵᠠᠰᠠᠬᠤ ᠡᠨᠡ ᠬᠦ ᠴᠢᠬᠤᠯᠠ ᠶᠡᠭᠡ ᠤᠯᠤᠰ ᠲᠦᠷᠤ ᠶᠢᠨ ᠡᠬᠦᠷᠬᠡ ᠶᠢ ᠡᠷᠡᠰ ᠪᠠᠳᠤ ᠰᠠᠶᠢᠨ ᠪᠡᠶᠡᠯᠡᠬᠦᠯᠬᠦ ᠭᠡᠷᠡᠭᠳᠠᠢ᠃ ᠴᠡᠭᠴᠡᠯᠠᠨ ᠵᠠᠰᠠᠵᠤ ᠲᠠᠭᠤᠰᠤᠭᠠᠳᠤᠢ ᠪᠤᠳᠠᠳᠠᠢ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠦᠷᠬᠦᠯᠵᠢᠯᠠᠨ ᠯᠠᠪᠳᠠᠭᠤᠨ ᠪᠠᠳᠤᠳᠠᠢ ᠰᠠᠶᠢᠳᠤᠷ ᠬᠢᠵᠤ᠂ ᠶᠡᠭᠡ ᠭᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠨᠠᠬᠰᠢᠳᠠ ᠴᠢᠩᠭᠠᠳᠬᠠᠵᠤ᠂ ᠲᠦᠷᠢᠮ ᠲᠤᠭᠳᠠᠭᠠᠯ ᠠᠴᠠ ᠵᠦᠷᠢᠴᠡᠵᠤ ᠬᠠᠤᠯᠢ ᠠᠴᠠ ᠵᠦᠷᠢᠴᠡᠭᠰᠡᠨ ᠠᠰᠠᠭᠤᠳᠠᠯ ᠠᠴᠠ ᠪᠤᠯᠵᠤ ᠠᠯᠳᠠᠬᠳᠠᠬᠰᠠᠨ ᠤᠯᠤᠰ ᠤᠨ ᠦᠮᠴᠢᠯᠠᠯ ᠤᠨ ᠡᠳ᠋ ᠬᠦᠷᠤᠩᠬᠡ ᠶᠢ ᠨᠡᠬᠡᠮᠵᠢᠯᠠᠨ ᠬᠤᠷᠢᠶᠠᠵᠤ ᠠᠪᠴᠢᠷᠠᠬᠤ ᠠᠵᠢᠯ ᠢ ᠪᠦᠬᠦ ᠬᠦᠴᠤ ᠪᠠᠷ ᠢᠶᠠᠨ ᠰᠠᠶᠢᠳᠤᠷ ᠬᠢᠵᠤ᠂ ᠨᠡᠬᠦᠷᠡᠰᠤ ᠲᠠᠢ ᠬᠤᠯᠪᠤᠬᠳᠠᠬᠤ ᠠᠵᠤ ᠠᠬᠤᠢᠢᠯᠠᠯ ᠤᠨ ᠲᠦᠷᠤᠯ ᠵᠦᠢᠯ ᠢ ᠬᠢᠨᠠᠨ ᠵᠦᠪᠰᠢᠶᠡᠷᠡᠬᠦ ᠪᠠ ᠪᠦᠬᠦ ᠶᠠᠪᠤᠴᠠ ᠳᠤ ᠬᠢᠨᠠᠯᠳᠠ ᠬᠠᠮᠢᠶᠠᠷᠤᠯᠳᠠ ᠬᠢᠬᠦ ᠪᠠᠨ ᠴᠢᠩᠭᠠᠳᠬᠠᠵᠤ᠂ ᠨᠡᠬᠦᠷᠡᠰᠤ ᠲᠠᠢ ᠬᠤᠯᠪᠤᠬᠳᠠᠬᠤ ᠬᠦᠷᠢᠶᠠᠨ ᠤ ᠲᠦᠷᠤ ᠶᠢᠨ ᠪᠤᠳᠤᠯᠭ᠎ᠠ ᠬᠠᠤᠯᠢ ᠲᠦᠷᠢᠮ ᠪᠤᠯᠤᠨ ᠲᠦᠷᠢᠮ ᠲᠤᠭᠳᠠᠭᠠᠯ ᠤᠨ ᠲᠤᠭᠳᠠᠴᠠ ᠶᠢᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠲᠤᠰᠬᠠᠢ ᠴᠡᠭᠴᠡᠯᠡᠨ ᠵᠠᠰᠠᠯᠳᠠ ᠶᠢᠨ ᠠᠮᠵᠢᠯᠳᠠ ᠪᠦᠳᠤᠮᠵᠢ ᠶᠢ ᠲᠠᠰᠤᠷᠠᠯᠳᠠ ᠦᠬᠡᠢ ᠦᠷᠬᠡᠳᠬᠡᠬᠦ ᠭᠡᠷᠡᠭᠳᠠᠢ᠃ ᠤᠷᠳᠤ ᠬᠤᠭᠤᠴᠠᠭ᠎ᠠ ᠪᠠᠷ ᠲᠠᠶᠢᠯᠠᠯᠳᠤᠭᠠᠨ ᠬᠢᠬᠦ ᠦᠵᠡᠯ ᠰᠠᠨᠠᠭ᠎ᠠ ᠶᠢ ᠪᠤᠢ ᠪᠤᠯᠭᠠᠵᠤ᠂ ᠰᠠᠨᠠᠭᠠᠴᠢᠯᠠᠭ᠎ᠠ ᠠᠴᠠ ᠪᠠᠨ ᠵᠢᠬᠰᠠᠭᠠᠨ ᠪᠠᠶᠢᠴᠠᠭᠠᠵᠤ ᠠᠰᠠᠭᠤᠳᠠᠯ ᠢ ᠢᠯᠡᠷᠡᠬᠦᠯᠬᠦ᠂ ᠠᠰᠠᠭᠤᠳᠠᠯ ᠢ ᠴᠠᠬ ᠲᠤᠬᠠᠢ ᠳᠤᠨᠢ ᠰᠢᠢᠳᠪᠤᠷᠢᠯᠡᠬᠦ ᠶᠢ ᠪᠠᠶᠢᠩᠭᠤᠵᠢᠭᠤᠯᠬᠤ ᠭᠡᠷᠡᠭᠳᠠᠢ᠃ ᠤᠯᠤᠰ ᠲᠦᠷᠤ ᠶᠢᠨ ᠦᠨᠳᠦᠷᠴᠡ ᠠᠴᠠ ᠨᠡᠬᠦᠷᠡᠰᠤᠨ ᠤ ᠡᠬᠢ ᠪᠠᠶᠠᠯᠢᠬ ᠤᠨ ᠬᠦᠷᠢᠶᠠᠨ ᠳᠠᠬᠢ ᠲᠦᠷᠢᠮ ᠲᠤᠭᠳᠠᠭᠠᠯ ᠠᠴᠠ ᠵᠦᠷᠢᠴᠡᠵᠤ ᠬᠠᠤᠯᠢ ᠠᠴᠠ ᠵᠦᠷᠢᠴᠡᠭᠰᠡᠨ ᠠᠰᠠᠭᠤᠳᠠᠯ ᠤᠨ ᠠᠷᠤ ᠳᠠᠬᠢ ᠬᠦᠨ ᠲᠠᠪᠬᠤᠷᠭ᠎ᠠ ᠶᠢᠨ ᠠᠰᠠᠭᠤᠳᠠᠯ ᠢ ᠬᠦᠨᠵᠡᠬᠡᠢ ᠲᠤᠩᠭᠠᠨ ᠪᠤᠳᠤᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠤᠯᠤᠰ ᠲᠦᠷᠤ ᠶᠢᠨ ᠠᠮᠢ ᠠᠬᠤᠢ ᠶᠢ ᠵᠠᠰᠠᠨ ᠰᠡᠷᠬᠦᠭᠡᠬᠦ ᠠᠵᠢᠯ ᠢ ᠴᠢᠩᠭ᠎ᠠ ᠠᠴᠠ ᠴᠢᠩᠭ᠎ᠠ ᠠᠳᠬᠤᠵᠤ᠂ ᠨᠡᠬᠦᠷᠡᠰᠤᠨ ᠤ ᠠᠵᠤ ᠤᠢᠢᠯᠡᠰ ᠤᠨ ᠵᠢᠷᠤᠮᠵᠢᠬᠰᠠᠨ ᠬᠦᠭᠵᠢᠯᠳᠠ᠂ ᠡᠷᠡᠬᠦᠯ ᠬᠦᠭᠵᠢᠯᠳᠠ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠶᠢ ᠪᠤᠳᠠᠳᠠᠢ ᠠᠴᠠ ᠪᠤᠳᠠᠳᠠᠢ ᠠᠳᠬᠤᠬᠤ ᠭᠡᠷᠡᠭᠳᠠᠢ᠃ ᠤᠳᠤᠷᠢᠳᠤᠯᠭ᠎ᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠡᠬᠦᠷᠭᠡ ᠨᠢᠭᠡᠪᠦᠷᠢ ᠶᠢ ᠴᠦᠮ ᠠᠩᠬᠠᠷᠬᠤ ᠬᠦᠮᠦᠨ ᠲᠠᠢ᠂ ᠠᠳᠬᠤᠬᠤ ᠬᠦᠮᠦᠨ ᠲᠠᠢ᠂ ᠬᠠᠮᠢᠶᠡᠷᠬᠤ ᠬᠦᠮᠦᠨ ᠲᠠᠢ ᠪᠠᠶᠢᠬᠤ ᠶᠢ ᠦᠨᠡᠨ ᠬᠦ ᠪᠠᠳᠤᠯᠠᠵᠤ᠂ ᠵᠠᠰᠠᠯᠳᠠ ᠶᠢ ᠬᠦᠨᠵᠡᠭᠡᠶᠢᠷᠠᠬᠦᠯᠬᠦ ᠳᠤ ᠪᠠᠳᠤ ᠴᠢᠩᠭ᠎ᠠ ᠪᠠᠳᠤᠯᠠᠭ᠎ᠠ ᠬᠠᠨᠭ᠍ᠭᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃
     ᠬᠤᠷᠠᠯ ᠠᠴᠠ ᠦᠪᠡᠷᠳᠡᠭᠡᠨ ᠵᠠᠰᠬᠠᠤ ᠤᠷᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠮᠠᠨ ᠤ ᠤᠷᠤᠨ ᠤ ᠤᠢᠢᠷ᠎ᠡ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠬᠠᠷᠢᠭᠤ ᠮᠡᠳᠡᠬᠦᠯᠦᠯᠳᠠ ᠶᠢ ᠰᠤᠨᠤᠰᠪᠠ᠃ ᠬᠤᠷᠠᠯ ᠠᠴᠠ᠂ ᠡᠯ᠎ᠡ ᠱᠠᠳᠤ ᠡᠯ᠎ᠡ ᠬᠤᠯᠪᠤᠬᠳᠠᠯ ᠪᠦᠬᠦᠢ ᠲᠠᠯ᠎ᠡ ᠶᠢᠨ ᠬᠢᠨ ᠲᠦᠪ ᠤᠨ ᠱᠠᠭᠠᠷᠳᠠᠯᠭ᠎ᠠ ᠪᠠ ᠦᠪᠡᠷᠳᠡᠭᠡᠨ ᠵᠠᠰᠬᠠᠤ ᠤᠷᠤᠨ ᠤ ᠬᠢᠵᠢᠭ ᠤᠨ ᠪᠠᠶᠢᠳᠠᠯ ᠢ ᠪᠠᠶᠢᠡᠭᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠤᠨᠤᠴᠠᠳᠠᠢ ᠪᠠᠷ ᠰᠠᠶᠢᠳᠤᠷ ᠬᠢᠬᠦ ᠲᠤᠬᠠᠢ ᠲᠤᠬᠢᠷᠠᠭᠤᠯᠤᠯᠳᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠡ ᠡᠵᠡᠮᠳᠡᠬᠦ ︽ᠲᠦᠷᠪᠡᠨ ᠲᠠᠯ᠎ᠡ ᠶᠢᠨ ᠬᠠᠷᠢᠭᠤᠴᠠᠯᠭ᠎ᠠ︾ ᠶᠢ ᠪᠤᠳᠠᠳᠠᠶᠢᠵᠢᠭᠤᠯᠤᠨ᠂ ᠬᠦᠮᠦᠨ ᠤ ᠰᠡᠷᠭᠡᠶᠢᠯᠡᠡ ᠡᠵᠡᠮᠳᠡᠬᠦ ᠠᠵᠢᠯ ᠢ ᠪᠦᠬᠦ ᠲᠠᠯ᠎ᠡ ᠪᠠᠷ ᠰᠠᠶᠢᠳᠤᠷ ᠬᠢᠬᠦ ᠪᠦᠭᠡᠳ ᠪᠠᠷᠠᠭ᠎ᠠ᠂ ᠤᠷᠴᠢᠨ ᠲᠤᠭᠤᠷᠢᠨ ᠵᠡᠷᠭᠡ ᠶᠢᠨ ᠬᠢᠨᠡᠨ ᠬᠡᠮᠵᠢᠬᠦ ᠰᠡᠷᠭᠡᠶᠢᠯᠡᠨ ᠡᠵᠡᠮᠳᠡᠬᠦ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠰᠠᠶᠢᠳᠤᠷ ᠬᠢᠵᠤ᠂ ᠭᠤᠤᠯᠳᠠᠯᠭ᠎ᠠ ᠲᠠᠢ ᠭᠠᠵᠠᠷ ᠤᠷᠤᠨ᠂ ᠭᠤᠤᠯᠳᠠᠯᠭ᠎ᠠ ᠲᠠᠢ ᠬᠦᠮᠦᠰ᠂ ᠭᠤᠤᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ᠂ ᠭᠤᠤᠯᠳᠠᠯᠭ᠎ᠠ ᠲᠠᠢ ᠭᠤᠬᠴᠤᠭ᠎ᠠ ᠶᠢ ᠰᠠᠶᠢᠳᠤᠷ ᠠᠳᠬᠤᠨ ᠰᠡᠷᠭᠡᠶᠢᠯᠡᠨ ᠡᠵᠡᠮᠳᠡᠬᠦ ᠶᠢ ᠲᠤᠪᠤᠶᠢᠯᠭᠠᠬᠤ ᠪᠦᠭᠡᠳ ᠪᠠᠰᠠ ᠨᠡᠶᠢᠭᠡᠮ ᠤᠨ ᠲᠠᠯ᠎ᠡ ᠶᠢᠨ ᠰᠡᠷᠭᠡᠶᠢᠯᠡᠨ ᠡᠵᠡᠮᠳᠡᠬᠦ ᠲᠤᠤᠷ ᠢ ᠨᠢᠬᠳᠠ ᠴᠢᠩᠭ᠎ᠠ ᠰᠦᠯᠵᠢᠬᠦ ᠭᠡᠷᠡᠭᠳᠠᠢ᠃ ᠦᠨᠡᠨ ᠠᠴᠠ ᠵᠦᠪ ᠢ ᠡᠷᠢᠬᠦ ᠵᠤᠷᠢᠭ ᠰᠠᠨᠠᠭ᠎ᠠ ᠶᠢ ᠪᠠᠷᠢᠮᠳᠠᠯᠠᠵᠤ᠂ ᠬᠢᠵᠢᠭ ᠤᠨ ᠪᠠᠶᠢᠳᠠᠯ ᠢ ᠬᠦᠳᠡᠯᠤᠩᠭᠦᠢ ᠪᠠᠷ ᠵᠠᠳᠠᠯᠤᠨ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠠᠵᠤ ᠠᠬᠤᠢ ᠨᠡᠶᠢᠭᠡᠮ ᠤᠨ ᠬᠦᠭᠵᠢᠯᠳᠠ ᠪᠠ ᠠᠷᠠᠳ ᠲᠦᠮᠡᠨ ᠤ ᠬᠡᠪ ᠤᠨ ᠦᠢᠯᠡᠳᠪᠤᠷᠢᠯᠡᠯ ᠠᠮᠢᠳᠤᠷᠠᠯ ᠤᠨ ᠭᠡᠷᠡᠭᠴᠡᠭᠡ ᠶᠢ ᠬᠦᠢᠴᠡᠳ ᠪᠤᠳᠤᠯᠬᠢᠯᠠᠵᠤ᠂ ᠰᠡᠷᠭᠡᠶᠢᠯᠡᠨ ᠡᠵᠡᠮᠳᠡᠬᠦ ᠲᠡᠰ ᠢ ᠤᠨᠤᠴᠠᠳᠠᠢ ᠲᠤᠬᠳᠠᠭᠠᠵᠤ᠂ ᠰᠢᠨᠵᠢᠯᠡᠬᠦ ᠤᠬᠠᠭᠠᠨᠴᠢ᠂ ᠤᠨᠤᠴᠠᠳᠠᠢ ᠰᠡᠷᠭᠡᠶᠢᠯᠡᠨ ᠡᠵᠡᠮᠳᠡᠬᠦ ᠶᠢ ᠦᠨᠡᠨ ᠬᠦ ᠪᠠᠶᠡᠯᠡᠬᠦᠯᠬᠦ ᠭᠡᠷᠡᠭᠳᠠᠢ ᠭᠡᠵᠤ ᠴᠢᠬᠤᠯᠠᠴᠢᠯᠠᠪᠠ᠃
     ᠬᠤᠷᠠᠯ ᠠᠴᠠ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠬᠠᠢ ᠲᠦᠪ ᠤᠨ ᠰᠢᠨ᠎ᠡ ᠵᠤᠷᠢᠭ ᠰᠠᠨᠠᠭ᠎ᠠ ᠰᠢᠨ᠎ᠡ ᠱᠠᠭᠠᠷᠳᠠᠯᠭ᠎ᠠ ᠶᠢ ᠤᠯᠠᠮᠵᠢᠯᠠᠵᠤ᠂ ᠮᠠᠨ ᠤ ᠤᠷᠤᠨ ᠤ ᠵᠠᠬᠢᠳᠠᠯ ᠰᠤᠷᠪᠤᠯᠵᠢᠯᠠᠯ ᠤᠨ ᠠᠵᠢᠯ ᠢ ᠤᠯᠠᠮ ᠴᠢᠨᠠᠬᠰᠢᠳᠠ ᠰᠠᠶᠢᠳᠤᠷ ᠬᠢᠬᠦ ᠲᠤᠬᠠᠢ ᠰᠤᠳᠤᠯᠤᠨ ᠪᠠᠶᠢᠷᠢᠯᠠᠭᠤᠯᠪᠠ᠃
     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ