ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠵᠠᠷᠯᠠᠨ ᠨᠡᠶᠢᠲᠡᠯᠡᠬᠦ︾ ᠵᠡᠷᠭᠡ ᠠᠵᠢᠯ ᠨᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ  ᠶᠢᠨ ᠵᠥᠪᠯᠡᠯ ᠤᠨ ᠰᠠᠶᠢᠰᠢᠶᠠᠯ ᠢ ᠤᠯᠪᠠ
ᠨᠡᠶᠢᠲᠡᠯᠡᠭᠰᠡᠨ ᠴᠠᠭ᠄
2021/2/9

     ᠣᠶᠢᠷ᠎ᠠ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ︽2020 ᠣᠨ ᠤ 11 ᠳ᠋ᠦ᠋ᠭᠡᠷ ᠰᠠᠷ᠎ᠠ ᠶᠢᠨ ᠪᠥᠬᠦ ᠤᠯᠤᠰ ᠤᠨ ᠡᠯ᠎ᠡ ᠭᠠᠵᠠᠷ ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ ᠪᠠ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠭᠰᠡᠨ ᠪᠠᠶᠢᠳᠠᠯ ᠤᠨ ᠲᠤᠬᠠᠶ ᠵᠠᠷᠯᠠᠯ︾ ᠢ ᠨᠡᠶᠢᠲᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ 7 ᠳ᠋ᠤᠭᠠᠷ ᠰᠠᠷ᠎ᠠ ᠠᠴᠠ 11 ᠳ᠋ᠦ᠋ᠭᠡᠷ ᠰᠠᠷ᠎ᠠ ᠶᠢᠨ ︽ᠬᠤᠶᠠᠷ ᠢ ᠵᠠᠷᠯᠠᠨ ᠨᠡᠶᠢᠲᠡᠯᠡᠬᠦ︾ ᠮᠡᠳᠡᠭᠡ ᠵᠠᠩᠭᠢ ᠶᠢ ᠮᠡᠳᠡᠭᠦᠯᠦᠨ ᠬᠦᠷᠭᠡᠭᠰᠡᠨ ᠤ ᠲᠣᠭᠲᠠᠭᠠᠯ ᠳᠤ ᠨᠡᠶᠢᠴᠡᠭᠰᠡᠨ ᠨᠣᠷᠮ᠎ᠠ ᠨᠢ ᠪᠥᠬᠦ ᠤᠯᠤᠰ ᠤᠨ ᠡᠮᠦᠨ᠎ᠡ ᠡᠩᠨᠡᠭᠡᠨ ᠳᠤ ᠵᠢᠭᠰᠠᠭᠠᠭᠳᠠᠭᠰᠠᠨ ᠪᠥᠭᠡᠳ ︽ᠢᠲᠡᠭᠡᠮᠵᠢᠲᠦ ᠳᠤᠮᠳᠠᠳᠤ ᠤᠯᠤᠰ︾ ᠰᠦᠯᠵᠢᠶᠡᠨ ᠥᠷᠲᠡᠭᠡ ᠲᠠᠢ ᠢᠳᠡᠪᠬᠢᠲᠡᠶ ᠬᠠᠮᠵᠢᠯᠴᠠᠨ ᠥᠷᠨᠢᠭᠦᠯᠦᠭᠰᠡᠨ ᠡᠯ᠎ᠡ ᠵᠦᠶᠯ ᠤᠨ ᠠᠵᠢᠯ ᠳᠤ ᠢᠯᠡᠷᠡᠯ ᠨᠢ ᠲᠣᠪᠣᠶᠢᠮ᠎ᠠ ᠪᠣᠯᠬᠤᠷ᠂ ᠵᠠᠷᠯᠠᠯ ᠢ ᠬᠦᠷᠲᠡᠪᠡ᠃
     ᠢᠲᠡᠭᠡᠮᠵᠢ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠭᠥᠷᠳᠡᠬᠦ ᠲᠠᠯ᠎ᠠ ᠪᠠᠷ
     2020 ᠣᠨ ᠳᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠨᠢ ᠪᠥᠬᠦ ᠣᠷᠣᠨ ᠤ 497 ᠲᠦᠮᠡᠨ ᠵᠠᠬ᠎ᠠ ᠳᠡᠯᠭᠡᠭᠦᠷ ᠤᠨ ᠭᠤᠤᠯ ᠴᠣᠭᠴᠠ᠂ 3.1 ᠲᠦᠮᠡᠨ ᠪᠠᠶᠢᠭᠤᠯᠭ᠎ᠠ ᠠᠵᠢᠯ ᠦᠶᠯᠡᠰ ᠤᠨ ᠨᠢᠭᠡᠴᠢ᠂ 2.4 ᠲᠦᠮᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ 2008 ᠲᠦᠮᠡᠨ ᠪᠣᠳᠠᠭᠠᠯᠢ ᠬᠥᠮᠦᠨ ᠤ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡ 2.69 ᠳ᠋ᠦᠩᠰᠢᠭᠤᠷ ᠵᠤᠷᠪᠤᠰ ᠡᠮᠬᠢᠯᠡᠨ ᠨᠡᠶᠢᠯᠡᠭᠦᠯᠵᠡᠢ᠃
     ᠤᠯᠤᠰ ᠤᠨ ᠲᠥᠷᠥ ᠶᠢᠨ ᠪᠣᠳᠣᠯᠭ᠎ᠠ ᠪᠠ ᠬᠥᠳᠡᠯᠦᠩᠭᠦᠶ ᠪᠠᠶᠢᠳᠠᠯ ᠢ ᠤᠬᠠᠭᠤᠯᠬᠤ ᠲᠠᠯ᠎ᠠ ᠪᠠᠷ
     ︽ᠢᠲᠡᠭᠡᠮᠵᠢᠲᠦ ᠳᠤᠮᠳᠠᠳᠤ ᠤᠯᠤᠰ ︵ᠥᠪᠥᠷ ᠮᠣᠩᠭᠤᠯ︶︾ ᠰᠦᠯᠵᠢᠶ᠎ᠡ ᠨᠢ ᠪᠥᠬᠦ ᠵᠢᠯ ᠳᠤ ᠨᠡᠶᠢᠲᠡ 4546 ᠰᠣᠨᠢᠨ ᠮᠡᠳᠡᠭᠡ ᠨᠡᠶᠢᠲᠡᠯᠡᠵᠦ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ᠨᠢ 217 ᠰᠣᠨᠢᠨ ᠮᠡᠳᠡᠭᠡ ᠨᠡᠶᠢᠲᠡᠯᠡᠪᠡ᠃
     ᠢᠲᠡᠭᠡᠮᠵᠢ ᠶᠢ ᠰᠡᠷᠭᠦᠭᠡᠬᠦ ᠪᠠ ᠣᠨᠳᠣᠤ ᠰᠠᠨᠠᠯ ᠲᠠᠢ ᠭᠤᠮᠣᠳᠠᠯ ᠲᠣᠭᠠᠴᠢᠯᠲᠠ ᠶᠢ ᠬᠠᠮᠵᠢᠯᠴᠠᠨ ᠰᠢᠶᠳᠪᠦᠷᠢᠯᠡᠬᠦ ᠲᠠᠯ᠎ᠠ ᠪᠠᠷ
     ᠠᠵᠤ ᠠᠬᠤᠶᠢᠯᠠᠯ ᠤᠨ ᠲᠤᠰᠢᠶᠠᠭᠰᠠᠨ ᠢᠲᠡᠭᠡᠮᠵᠢ ᠶᠢ 2300 ᠭᠠᠷᠤᠶ ᠤᠳᠠᠭ᠎ᠠ ︵ᠵᠤᠷᠪᠤᠰ︶ ᠵᠠᠰᠠᠨ ᠰᠡᠷᠭᠦᠭᠡᠵᠦ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠢᠨᠠᠨ ᠬᠠᠷᠭᠤᠭᠤᠯᠬᠤ ᠶᠢ ᠪᠡᠶᠡᠯᠡᠭᠦᠯᠵᠦ᠂ ᠢᠲᠡᠭᠡᠮᠵᠢ ᠠᠯᠳᠠᠭᠰᠠᠨ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠪᠠᠲᠤᠯᠠᠪᠠ᠃
     ᠢᠲᠡᠭᠡᠮᠵᠢ ᠶᠢᠨ ᠮᠡᠳᠡᠭᠡ ᠵᠠᠩᠭᠢ ᠪᠣᠯ ᠢᠲᠡᠭᠡᠮᠵᠢ ᠶᠢᠨ ᠨᠡᠷᠡᠳᠬᠦᠨ ᠤ ᠰᠢᠰᠲ᠋ᠧᠮᠵᠢ ᠶᠢᠨ ᠰᠠᠭᠤᠷᠢ ᠪᠣᠯᠤᠨ᠎ᠠ᠂ ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠢᠲᠡᠭᠡᠮᠵᠢ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠬᠦ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ︽ᠬᠤᠶᠠᠷ ᠢ ᠵᠠᠷᠯᠠᠨ ᠨᠡᠶᠢᠲᠡᠯᠡᠬᠦ︾ ᠮᠡᠳᠡᠭᠡ ᠵᠠᠩᠭᠢ ᠶᠢ ᠴᠠᠭ ᠲᠤᠬᠠᠶ ᠳᠤ ᠨᠢ ᠣᠨᠣᠪᠴᠢᠲᠠᠶ ᠪᠥᠬᠦ ᠬᠡᠮᠵᠢᠶ᠎ᠡ ᠪᠠᠷ ᠮᠡᠳᠡᠭᠦᠯᠦᠨ ᠬᠦᠷᠭᠡᠬᠦ ᠪᠠᠷ ᠪᠤᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ