ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠢᠯᠠᠩ 2020 ᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠲᠤᠭᠤᠷᠢᠨ ᠪᠠᠶᠢᠴᠠᠭᠠᠬᠰᠠᠨ ᠰᠠᠨᠠᠯ ᠢᠶᠠᠷ ᠴᠡᠭᠴᠡᠯᠨᠨ ᠰᠠᠶᠢᠵᠢᠷᠠᠭᠤᠯᠬᠤ ᠲᠤᠰᠬᠠᠢ ᠰᠡᠳᠦᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠪᠡ    ᠱᠢ ᠲᠠᠢ ᠹᠧᠩ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2021/3/1

      ᠤᠢᠢᠷ᠎ᠠ ᠶᠢᠨ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠢᠯᠠᠩ 2020 ᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠲᠤᠭᠤᠷᠢᠨ ᠪᠠᠶᠢᠴᠠᠭᠠᠬᠰᠠᠨ ᠰᠠᠨᠠᠯ ᠢᠶᠠᠷ ᠴᠡᠭᠴᠡᠯᠨᠨ ᠰᠠᠶᠢᠵᠢᠷᠠᠭᠤᠯᠬᠤ ᠲᠤᠰᠬᠠᠢ ᠰᠡᠳᠦᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠤᠯ ᠰᠡᠳᠦᠪ ᠪᠠ ᠲᠦᠪ ᠤᠨ ᠨᠠᠢᠮᠠᠳᠤᠭᠠᠷ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠬᠠᠷᠢᠭᠤ ᠲᠤᠰᠬᠠᠬᠰᠠᠨ ᠰᠠᠨᠠᠯ ᠤᠨ ᠳᠣᠭᠤᠷᠢᠨ ᠳᠤ᠂ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠬᠦᠯᠢᠶᠠᠨ ᠠᠪᠴᠤ᠂ ᠰᠢᠯᠳᠠᠭᠠᠨ ᠢ ᠨᠢ ᠬᠦᠨᠵᠡᠭᠡᠢ ᠵᠠᠳᠠᠯᠵᠦ᠂ ᠴᠢᠷᠮᠠᠶᠢᠬᠤ ᠴᠢᠭᠯᠡᠯ ᠪᠠ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠤᠬᠳᠠᠭᠠᠪᠠ᠃
      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ᠂ ᠡᠷᠬᠢᠯᠡᠭᠴᠢ ᠱᠢ ᠲᠠᠢ ᠹᠸᠡᠭ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃ ᠦᠪᠡᠷᠳᠡᠭᠡᠨ ᠵᠠᠰᠠᠬᠤ ᠤᠷᠤᠨ ᠤ ᠨᠢᠭᠡᠳᠦᠭᠡᠷ ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠬᠠᠮᠢᠶ᠎ᠠ ᠪᠦᠭᠦᠢ ᠨᠦᠭᠦᠳ ᠬᠤᠷᠠᠯ ᠳᠤ ᠤᠷᠤᠯᠴᠠᠨ ᠵᠢᠭᠠᠨ ᠵᠢᠯᠣᠭᠤᠳᠴᠠᠢ᠃
      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠢᠯᠠᠩ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠳᠤᠷ ᠬᠢᠬᠦ ᠶᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠨ ᠦᠵᠡᠵᠦ᠂ ᠬᠤᠷᠠᠯ ᠠᠴᠠ ᠡᠮᠦᠨ᠎ᠠ ᠲᠤᠰᠬᠠᠢᠢᠯᠠᠨ ᠲᠦᠰᠦᠯ ᠰᠤᠳᠤᠯᠤᠨ ᠲᠤᠬᠳᠠᠭᠠᠵᠦ᠂ ᠰᠤᠷᠤᠯᠴᠠᠯᠭ᠎ᠠ ᠰᠤᠳᠤᠯᠤᠨ ᠶᠠᠷᠢᠯᠴᠠᠭ᠎ᠠ ᠶᠢ ᠬᠢᠨᠠᠮᠠᠭᠠᠢ ᠦᠷᠨᠢᠭᠦᠯᠵᠦ᠂ ᠦᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠦ᠂ ᠪᠤᠳᠤᠯ ᠰᠠᠨᠠᠯ ᠢᠶᠠᠨ ᠬᠦᠨᠵᠡᠭᠡᠢ ᠶᠠᠷᠢᠯᠴᠠᠵᠦ᠂ ᠠᠰᠠᠭᠤᠳᠠᠯ ᠢᠶᠠᠨ ᠪᠠᠶᠢᠴᠠᠭᠠᠨ ᠵᠢᠬᠰᠠᠭᠠᠵᠦ᠂ ᠬᠠᠷᠭᠤᠭᠤᠯᠤᠨ ᠪᠠᠶᠢᠴᠠᠭᠠᠬᠤ ᠮᠠᠲ᠋ᠧᠷᠢᠶᠠᠯ ᠢᠶᠠᠨ ᠬᠢᠨᠠᠮᠠᠭᠠᠢ ᠪᠢᠴᠢᠵᠦ᠂ ᠬᠤᠷᠠᠯ ᠢ ᠰᠠᠶᠢᠳᠤᠷ ᠬᠢᠬᠦ ᠳᠤ ᠭᠦᠢᠴᠡᠳ ᠪᠡᠯᠡᠳᠭᠡᠯ ᠬᠢᠪᠠ᠃
      ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠢᠯᠠᠩ ᠤᠨ ᠬᠤᠷᠠᠯ ᠠᠴᠠ ᠡᠮᠦᠨ᠎ᠠ ᠰᠠᠨᠠᠯ ᠬᠤᠷᠢᠶᠠᠬᠰᠠᠨ ᠪᠠᠶᠢᠳᠠᠯ ᠵᠢᠴᠢ ︽ᠤᠬ ᠰᠠᠨᠠᠭ᠎ᠠ ᠪᠠᠨ ᠦᠯᠦ ᠮᠠᠷᠳᠠᠵᠦ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠭᠦ︾ ᠭᠤᠤᠯ ᠰᠡᠳᠦᠪᠳᠤ ᠬᠦᠮᠦᠵᠢᠯ᠂ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠢ ᠰᠡᠳᠦᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠬᠰᠠᠨ ᠪᠠᠶᠢᠳᠠᠯ ᠢ ᠵᠠᠷᠯᠠᠨ ᠮᠡᠳᠡᠭᠳᠡᠪᠡ᠃
      ᠬᠤᠷᠠᠯ ᠲᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠢᠯᠠᠩ ᠤᠨ ᠲᠡᠳ᠋ ᠱᠦᠵᠢ᠂ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ ᠬᠠᠮᠤᠭ ᠤᠨ ᠲᠡᠷᠢᠭᠦᠨ ᠳᠤ ᠪᠠᠶᠢᠡᠭᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠢᠯᠠᠩ ᠢ ᠲᠦᠯᠦᠭᠡᠯᠡᠨ ᠬᠠᠷᠭᠤᠭᠤᠯᠤᠨ ᠪᠠᠶᠢᠴᠠᠭᠠᠬᠤ ᠶᠢᠨ ᠬᠠᠮᠳᠤ᠂ ᠬᠤᠪᠢ ᠬᠦᠮᠦᠨ ᠤ ᠪᠠᠶᠢᠴᠠᠭᠠᠨ ᠵᠠᠳᠠᠯᠤᠯᠳᠠ ᠬᠢᠪᠠ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠢᠯᠠᠩ ᠤᠨ ᠲᠡᠳ᠋ ᠱᠦᠵᠢ ᠸᠠᠩ ᠪᠦᠸᠧ᠂ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ ᠯᠢᠶᠠᠨ ᠰᠤ᠋᠂ ᠵᠠᠩ ᠶᠤᠸᠠᠨ ᠵᠦᠡᠭ᠂ ᠾᠧ ᠶᠠᠨ ᠯᠢᠩ᠂ ᠱᠢ ᠸᠧᠨ ᠰᠢᠤᠸᠠᠢ ᠲᠠᠷᠠᠭᠠᠯᠠᠨ ᠬᠤᠪᠢ ᠬᠦᠮᠦᠨ ᠤ ᠵᠠᠳᠠᠯᠤᠯᠳᠠ ᠭᠢᠪᠡ᠃ ᠨᠢᠭᠡ ᠬᠦᠮᠦᠨ ᠨᠢ ᠬᠡᠯᠡᠵᠦ ᠪᠠᠷᠠᠪᠠᠯ᠂ ᠪᠤᠰᠤᠳ ᠨᠦᠭᠦᠳ ᠨᠢ ᠲᠠᠷᠠᠭᠠᠯᠠᠨ ᠰᠢᠬᠦᠮᠵᠢᠯᠡᠭᠦ ᠰᠠᠨᠠᠯ ᠲᠤᠷᠠᠳᠪᠠ᠃ ᠤᠯᠠᠨ ᠢᠶᠠᠷ ᠢᠶᠠᠨ ᠦᠭᠡ ᠬᠡᠯᠡᠭᠦ ᠳᠡᠭᠡᠨ ᠬᠤᠷᠠᠯ ᠤᠨ ᠭᠤᠤᠯ ᠰᠡᠳᠦᠪ ᠤᠨ ᠳᠣᠭᠤᠷᠢᠨ ᠳᠤ᠂ ᠦᠵᠡᠯ ᠰᠠᠨᠠᠭ᠎ᠠ ᠪᠠ ᠠᠵᠢᠯ ᠤᠨ ᠪᠤᠳᠠᠳᠠᠢ ᠲᠠᠢ ᠨᠢᠬᠳᠠ ᠣᠶᠠᠯᠳᠣᠭᠤᠯᠵᠣ᠂ ᠲᠦᠪ ᠴᠢᠩᠭ᠎ᠠ ᠨᠠᠷᠢᠨ ᠬᠢᠨᠠᠮᠠᠭᠠᠢ ᠰᠢᠭᠦᠮᠵᠢᠯᠠᠯ ᠪᠠ ᠦᠪᠡᠷ ᠤᠨ ᠰᠢᠭᠦᠮᠵᠢᠯᠠᠯ ᠬᠢᠵᠦ᠂ ᠬᠦᠮᠦᠨ ᠢ ᠨᠢ ᠲᠠᠨᠢᠵᠦ ᠶᠠᠪᠤᠳᠠᠯ ᠢ ᠨᠢ ᠮᠡᠳᠡᠵᠦ ᠦᠵᠡᠯ ᠰᠠᠨᠠᠭ᠎ᠠ ᠶᠢ ᠨᠢ ᠤᠢᠢᠯᠠᠭᠠᠪᠠ᠃
      ᠱᠢ ᠲᠠᠢ ᠹᠸᠡᠭ ᠶᠠᠷᠢᠶᠠᠨ ᠳᠠᠭᠠᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠪᠤᠯᠭᠠᠨ ᠳᠤ ᠴᠦᠮ ᠤᠯᠤᠰ ᠲᠦᠷᠦ ᠲᠠᠢ᠂ ᠴᠦᠮ ᠤᠯᠤᠰ ᠲᠦᠷᠦ ᠠᠴᠠ ᠰᠠᠯᠵᠦ ᠴᠢᠳᠠᠬᠤ ᠦᠭᠡᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠢᠯᠠᠩ ᠤᠨ ᠤᠳᠤᠷᠢᠳᠬᠤ ᠪᠠᠭ ᠤᠨ ᠬᠢᠨ ᠢᠮᠠᠬᠳᠠ ᠤᠯᠤᠰ ᠲᠦᠷᠦ ᠶᠢᠨ ᠵᠤᠭᠰᠤᠯᠳᠠ ᠪᠠᠨ ᠯᠠᠪᠳᠠᠭᠤᠨ ᠪᠠᠶᠢᠯᠭᠠᠵᠦ᠂ ᠤᠯᠤᠰ ᠲᠦᠷᠦ ᠶᠢᠨ ᠴᠢᠭᠯᠡᠯ ᠢ ᠪᠠᠳᠤ ᠡᠵᠡᠮᠳᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠢᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠭᠡᠭᠦ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠭᠦᠯᠵᠦ᠂ ᠲᠤᠭ ᠲᠡᠮᠳᠡᠭ ᠲᠤᠳᠤᠷᠬᠠᠢ ᠪᠠᠷ ᠤᠯᠤᠰ ᠲᠦᠷᠦ ᠶᠢ ᠡᠷᠬᠢᠮᠯᠡᠭᠦ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠲᠦᠢᠯᠪᠤᠷᠢᠳᠠᠢ ᠨᠠᠶᠢᠳᠠᠪᠤᠷᠢᠵᠢᠭᠤᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢᠮᠬᠠᠳᠠ ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯ ᠢᠶᠠᠷ ᠤᠷᠤᠬᠰᠢᠯᠠᠬᠤ ᠶᠢ ᠪᠠᠳᠤᠯᠠᠬᠤ ᠬᠡᠷᠡᠭᠳᠡᠢ ᠭᠡᠵᠦ ᠵᠢᠭᠠᠵᠦ ᠭᠠᠷᠭᠠᠪᠠ᠃
      ᠱᠢ ᠲᠠᠢ ᠹᠸᠡᠭ᠂ ᠠᠰᠠᠭᠤᠳᠠᠯ ᠢ ᠰᠠᠶᠢᠳᠤᠷ ᠴᠡᠭᠴᠡᠯᠠᠨ ᠰᠠᠶᠢᠵᠢᠷᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠨ ᠬᠠᠨᠳᠤᠬᠤ ᠪᠠ ᠨᠠᠶᠢᠳᠠᠪᠤᠷᠢᠵᠢᠭᠤᠯᠵᠦ᠂ ᠦᠪᠡᠷ ᠢ ᠪᠠᠨ ᠬᠤᠪᠢᠰᠬᠠᠬᠤ ᠵᠤᠷᠢᠭ ᠰᠠᠨᠠᠭ᠎ᠠ ᠪᠠ ᠬᠢᠳᠤᠭᠠᠨ ᠢᠷ ᠢ ᠲᠤᠳᠤᠬᠰᠢ ᠬᠠᠨᠳᠤᠭᠤᠯᠬᠤ ᠡᠷᠴᠢ ᠵᠤᠷᠢᠭ ᠢᠶᠠᠷ᠂ ᠪᠠᠶᠢᠴᠠᠭᠠᠨ ᠭᠠᠷᠭᠠᠬᠰᠠᠨ ᠠᠰᠠᠭᠤᠳᠠᠯ ᠢᠶᠠᠨ ᠡᠷᠡᠰ ᠰᠢᠭᠤᠷᠬᠠᠢ ᠬᠦᠴᠤᠨ ᠪᠦᠬᠦᠢ ᠲᠦᠢᠯᠪᠤᠷᠢᠳᠠᠢ ᠴᠡᠭᠴᠡᠯᠠᠨ ᠰᠠᠶᠢᠵᠢᠷᠠᠭᠤᠯᠵᠦ᠂ ᠠᠰᠠᠭᠤᠳᠠᠯ ᠢ ᠴᠡᠭᠴᠡᠯᠠᠨ ᠰᠠᠶᠢᠵᠢᠷᠠᠭᠤᠯᠬᠤ᠂ ᠠᠰᠠᠭᠤᠳᠠᠯ ᠢ ᠰᠢᠢᠳᠪᠤᠷᠢᠯᠡᠭᠦ ᠪᠠᠷ ᠲᠠᠮᠵᠢᠭᠤᠯᠣᠨ ᠨᠠᠮ ᠤᠨ ᠤᠳᠤᠷᠢᠳᠬᠤ ᠲᠤᠭᠤᠢᠢᠯᠠᠩ ᠤᠨ ᠳᠣᠰ ᠪᠡᠶ᠎ᠠ ᠶᠢᠨ ᠪᠠᠶᠢᠭᠤᠯᠤᠯᠳᠠ ᠶᠢ ᠨᠠᠩ ᠰᠠᠶᠢᠳᠤᠷ ᠴᠢᠩᠭᠠᠳᠬᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠦᠢᠯᠡᠰ ᠤᠨ ᠬᠦᠭᠵᠢᠯᠳᠠ ᠶᠢ ᠠᠬᠢᠭᠤᠯᠬᠤ ᠬᠡᠷᠡᠭᠳᠡᠢ᠃ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠦᠵᠡᠵᠦ᠂ ᠴᠡᠭᠴᠡᠯᠠᠨ ᠰᠠᠶᠢᠵᠢᠷᠠᠭᠤᠯᠬᠤ ᠶᠢ ᠠᠳᠬᠤᠵᠦ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠳᠠᠮᠵᠢᠨ ᠪᠠᠶᠢᠴᠠᠭᠠᠨ ᠭᠠᠷᠭᠠᠬᠰᠠᠨ ᠠᠰᠠᠭᠤᠳᠠᠯ ᠲᠠᠢ ᠤᠶᠠᠯᠳᠤᠭᠤᠯᠵᠦ᠂ ᠴᠡᠭᠴᠡᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠴᠢᠨᠠᠬᠰᠢᠳᠠ ᠲᠡᠭᠦᠯᠳᠡᠷᠵᠢᠭᠦᠯᠦᠨ ᠨᠠᠷᠢᠯᠢᠭᠵᠢᠭᠤᠯᠵᠦ᠂ ᠡᠯ᠎ᠠ ᠵᠦᠢᠯ ᠤᠨ ᠴᠡᠭᠴᠡᠯᠠᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠠᠨ ᠬᠦᠨᠵᠡᠭᠡᠢ ᠰᠠᠶᠢᠳᠤᠷ ᠠᠳᠬᠤᠬᠤ ᠬᠡᠷᠡᠭᠳᠡᠢ ᠭᠡᠵᠦ ᠴᠢᠬᠤᠯᠠᠴᠢᠯᠠᠪᠠ᠃
      ᠱᠢ ᠲᠠᠢ ᠹᠸᠡᠭ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠠ ᠪᠦᠲᠦᠭᠡᠯ ᠢ ᠦᠨᠡᠨ ᠬᠦ ᠠᠵᠢᠯ ᠢᠶᠠᠨ ᠴᠢᠩᠭᠠᠳᠬᠠᠨ ᠰᠠᠶᠢᠵᠢᠷᠠᠭᠤᠯᠬᠤ ᠲᠤᠳᠤᠭᠠᠳᠤ ᠬᠦᠳᠡᠯᠭᠡᠭᠦ ᠬᠦᠴᠤᠨ ᠪᠠ ᠴᠢᠳᠠᠪᠤᠷᠢ ᠶᠢᠨ ᠲᠦᠪᠰᠢᠨ ᠪᠤᠯᠭᠠᠨ ᠬᠤᠪᠢᠷᠠᠭᠤᠯᠵᠦ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠠᠰᠤᠷᠠᠯᠳᠠ ᠦᠭᠡᠢ ᠰᠢᠨ᠎ᠠ ᠱᠠᠳᠤᠨ ᠳᠤ ᠭᠠᠷᠬᠤ ᠶᠢ ᠠᠬᠢᠭᠤᠯᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭ᠎ᠠ ᠶᠢᠨ ᠪᠦᠭᠦᠳᠡ ᠬᠤᠷᠠᠯ ᠪᠠ ᠦᠪᠡᠷᠳᠡᠭᠡᠨ ᠵᠠᠰᠠᠬᠤ ᠤᠷᠤᠨ ᠤ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ︽ᠠᠷᠪᠠᠨ ᠲᠦᠷᠪᠡᠳᠦᠭᠡᠷ ᠲᠠᠪᠤᠨ ᠵᠢᠯ︾ ᠤᠨ ᠰᠠᠶᠢᠨ ᠡᠭᠢᠯᠡᠯᠳᠡ ᠶᠢ ᠪᠡᠶᠡᠯᠡᠭᠦᠯᠭᠦ ᠶᠢ ᠠᠬᠢᠭᠤᠯᠬᠤ ᠶᠢᠨ ᠲᠤᠭᠤᠷᠢᠨ ᠳᠤ ᠠᠵᠢᠯ ᠢᠶᠠᠨ ᠰᠠᠶᠢᠳᠤᠷ ᠬᠢᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠴᠢᠬᠤᠯᠠ ᠦᠢᠯᠡᠳᠤᠯ ᠢ ᠨᠡᠩ ᠰᠠᠶᠢᠳᠤᠷ ᠪᠠᠳᠠᠷᠠᠭᠤᠯᠬᠤ ᠬᠡᠷᠡᠭᠳᠡᠢ᠃ ᠠᠮᠢ ᠠᠬᠤᠢ ᠶᠢᠨ ᠬᠠᠮᠠᠭᠠᠯᠠᠯᠳᠠ᠂ ᠦᠨᠳᠤᠰᠦᠳᠡᠨ ᠤ ᠠᠵᠢᠯ ᠵᠡᠷᠭᠡ ᠬᠦᠷᠢᠶᠠᠨ ᠤ ᠬᠠᠤᠯᠢ ᠲᠤᠬᠳᠠᠭᠠᠬᠤ ᠪᠠ ᠬᠠᠤᠯᠢ ᠲᠤᠬᠳᠠᠭᠠᠯ ᠳᠤ ᠵᠠᠰᠠᠪᠤᠷᠢ ᠤᠷᠤᠭᠤᠯᠬᠤ ᠠᠵᠢᠯ ᠢ ᠲᠦᠷᠭᠡᠳᠭᠡᠨ ᠠᠬᠢᠭᠤᠯᠵᠦ᠂ ᠤᠷᠤᠨ ᠨᠤᠳᠤᠬ ᠤᠨ ᠴᠢᠨᠠᠷᠳᠠᠢ ᠬᠠᠤᠯᠢ ᠲᠤᠬᠳᠠᠭᠠᠯ ᠢ ᠲᠦᠪᠯᠡᠷᠡᠭᠦᠯᠦᠨ ᠴᠡᠪᠡᠷᠯᠡᠨ ᠠᠷᠢᠯᠭᠠᠬᠤ ᠠᠵᠢᠯ ᠢ ᠯᠠᠪᠳᠠᠭᠤᠨ ᠪᠠᠳᠤᠳᠠᠢ ᠨᠠᠷᠢᠯᠢᠬ ᠬᠢᠵᠦ᠂ ᠤᠷᠤᠨ ᠨᠤᠳᠤᠬ ᠤᠨ ᠬᠠᠤᠯᠢ ᠲᠤᠬᠳᠠᠭᠠᠬᠤ ᠠᠵᠢᠯ ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠬᠡᠷᠡᠭᠳᠡᠢ᠃ ᠭᠤᠤᠯᠳᠠᠯᠭ᠎ᠠ ᠶᠢ ᠲᠤᠪᠤᠶᠢᠯᠭᠠᠵᠦ᠂ ᠵᠠᠩᠭᠢᠯᠠᠭ᠎ᠠ ᠶᠢ ᠠᠳᠬᠤᠵᠦ᠂ ᠲᠤᠬᠳᠠᠴᠠ ᠶᠢᠨ ᠰᠢᠨ᠎ᠠ ᠶᠢ ᠡᠭᠦᠳᠴᠤ᠂ ᠬᠠᠤᠯᠢ ᠴᠠᠭᠠᠵᠠ ᠶᠢᠨ ᠬᠢᠨᠠᠯᠳᠠ ᠪᠠ ᠠᠵᠢᠯ ᠤᠨ ᠬᠢᠨᠠᠯᠳᠠ ᠶᠢ ᠴᠢᠩᠭ᠎ᠠ ᠪᠤᠳᠠᠳᠠᠢ ᠦᠷᠨᠢᠭᠦᠯᠭᠦ ᠬᠡᠷᠡᠭᠳᠡᠢ᠃ ᠲᠦᠯᠦᠭᠡᠯᠡᠭᠴᠢ ᠶᠢᠨ ᠬᠠᠤᠯᠢ ᠶᠤᠰᠤᠭᠠᠷ ᠲᠤᠰᠢᠶᠠᠯ ᠢᠶᠠᠨ ᠭᠦᠢᠴᠡᠳᠭᠡᠭᠦ ᠳᠤ ᠦᠢᠯᠡᠴᠢᠯᠡᠭᠦ ᠪᠦᠭᠡᠳ ᠪᠠᠳᠤᠯᠠᠭ᠎ᠠ ᠬᠠᠨᠭ᠍ᠭᠠᠵᠦ᠂ ᠠᠷᠠᠳ ᠤᠨ ᠲᠦᠯᠦᠭᠡᠯᠡᠭᠴᠢ ᠶᠢ ᠤᠯᠤᠰ ᠲᠦᠷᠦ ᠶᠢᠨ ᠲᠠᠯ᠎ᠠ ᠪᠠᠷ ᠬᠦᠳᠤᠯᠤᠨ ᠵᠢᠯᠤᠭᠤᠳᠬᠤ ᠶᠢ ᠤᠯᠠᠮ ᠨᠢᠭᠡ ᠠᠯᠬᠤᠮ ᠴᠢᠩᠭᠠᠳᠬᠠᠵᠦ᠂ ᠡᠯ᠎ᠠ ᠲᠠᠯ᠎ᠠ ᠶᠢᠨ ᠤᠶᠤᠨ ᠤᠬᠠᠭᠠᠨ ᠪᠠ ᠬᠦᠴᠤᠨ ᠴᠢᠳᠠᠯ ᠢ ᠦᠪᠡᠷᠳᠡᠭᠡᠨ ᠵᠠᠰᠠᠬᠤ ᠤᠷᠤᠨ ᠤ ︽ᠠᠷᠪᠠᠨ ᠲᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠦ ᠠᠬᠤᠢ ᠨᠡᠶᠢᠭᠡᠮ ᠤᠨ ᠬᠦᠭᠵᠢᠯᠳᠠ ᠶᠢ ᠠᠬᠢᠭᠤᠯᠬᠤ ᠲᠡᠭᠡᠷ᠎ᠠ ᠴᠢᠷᠮᠠᠶᠢᠨ ᠲᠦᠪᠯᠡᠷᠡᠭᠦᠯᠭᠦ ᠭᠡᠷᠡᠭᠳᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ