ᠴᠠᠭᠠᠨ ᠰᠠᠷ᠎ᠠ ᠶᠢᠨ ᠠᠮᠠᠷᠠᠯᠲᠠ ᠶᠢᠨ ᠡᠮᠦᠨ᠎ᠡ ᠵᠢᠷᠭᠤᠭᠠᠨ ᠡᠳᠦᠷ ᠲᠤ ᠣᠷᠳᠣᠰ ᠵᠤᠭᠠᠴᠠᠭᠰᠠᠳ ᠢ 37.7 ᠲᠦᠮᠡᠨ ᠬᠥᠮᠦᠨ ᠤᠳᠠᠭ᠎ᠠ ᠭᠥᠯᠢᠶᠡᠨ ᠠᠪᠴᠤ  ᠵᠢᠭᠤᠯᠴᠢᠯᠠᠯ ᠤᠨ ᠣᠷᠣᠯᠭ᠎ᠠ ᠶᠢ 1.23 ᠳ᠋ᠦᠩᠰᠢᠭᠤᠷ ᠲᠥᠭᠦᠷᠢᠭ ᠪᠡᠶᠡᠯᠡᠭᠦᠯᠪᠡ
ᠨᠡᠶᠢᠲᠡᠯᠡᠭᠰᠡᠨ ᠴᠠᠭ᠄
2021/3/1

      ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠣᠷᠳᠣᠰ ᠬᠤᠲᠠ ᠶᠢᠨ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠬᠢᠨ ᠲᠣᠭᠲᠠᠭᠤᠨ ᠪᠥᠭᠡᠳ ᠡᠮᠬᠢ ᠵᠢᠷᠤᠮ ᠲᠠᠢ ᠠᠵᠢᠯᠯᠠᠵᠤ᠂ ᠣᠲᠣ ᠪᠣᠯᠲᠠᠯ᠎ᠠ ᠨᠡᠶᠢᠲᠡ 37.7 ᠲᠦᠮᠡᠨ ᠵᠤᠭᠠᠴᠠᠭᠰᠠᠳ ᠢ ᠭᠥᠯᠢᠶᠡᠨ ᠠᠪᠴᠤ ︵ᠡᠭᠦᠨ ᠳᠤ ᠬᠤᠨᠤᠭ ᠤᠨ ᠵᠤᠭᠠᠴᠠᠭᠰᠠᠳ 8.43 ᠲᠦᠮᠡᠨ ᠬᠥᠮᠦᠨ ᠤᠳᠠᠭ᠎ᠠ︶᠂ ᠵᠢᠭᠤᠯᠴᠢᠯᠠᠯ ᠤᠨ ᠣᠷᠣᠯᠭ᠎ᠠ ᠶᠢ 1.23 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠴᠢᠩᠭᠢᠰ ᠤᠨ ᠣᠩᠭᠤᠨ ᠤ ᠵᠢᠭᠤᠯᠴᠢᠯᠠᠯ ᠤᠨ ᠣᠷᠣᠨ᠂ ᠸᠠᠨ ᠵᠢᠶᠠ ᠬᠤᠶ᠂ ᠵᠢᠦ ᠴᠧᠩ ᠬᠥᠩ ᠣᠷᠳᠣᠨ᠂ ᠬᠡᠭᠡᠷ᠎ᠡ ᠶᠢᠨ ᠠᠮᠢᠲᠠᠨ ᠤ ᠬᠦᠷᠢᠶᠡᠯᠡᠩ᠂ ᠬᠢᠶ᠎ᠠ ᠪᠠᠭᠰᠢ ᠨᠠᠭᠤᠷ ᠤᠨ ᠣᠷᠣᠨ᠂ ᠬᠢᠶ᠎ᠠ ᠪᠠᠯᠭᠠᠰᠤ ᠵᠡᠷᠭᠡ ᠵᠢᠷᠭᠤᠭᠠᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠵᠤᠭᠠᠴᠠᠭᠰᠠᠳ ᠢ ᠨᠡᠶᠢᠲᠡ 15.16 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 344.14 ᠲᠦᠮᠡᠨ ᠲᠥᠭᠦᠷᠢᠭ ᠪᠡᠶᠡᠯᠡᠭᠦᠯᠪᠡ᠃
     ᠣᠷᠳᠣᠰ ᠬᠤᠲᠠ ᠶᠢᠨ ᠰᠣᠶᠣᠯ ᠤᠨ ᠵᠢᠭᠤᠯᠴᠢᠯᠠᠯ ᠤᠨ ᠲᠣᠮᠣ ᠳ᠋ᠠᠶᠢᠲ᠋ᠠ ᠳᠤ ᠢᠯᠡᠷᠡᠭᠦᠯᠦᠭᠰᠡᠨ ᠢᠶᠠᠷ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠤᠯᠤᠰ ᠤᠨ ᠳᠣᠲᠣᠭᠠᠳᠤ ᠶᠢᠨ ᠣᠷᠣᠨ ᠤ ᠭᠠᠳᠠᠨᠠᠬᠢ ᠵᠣᠴᠢᠳ ︵ᠬᠤᠪᠢ ᠶᠢᠨ ᠲᠡᠷᠭᠡ ᠵᠢᠯᠣᠭᠤᠳᠬᠤ ᠪᠠᠷ ᠭᠤᠣᠯᠯᠠᠭᠰᠠᠨ︶ ᠭᠤᠣᠯᠳᠠᠭᠤ ᠱᠠᠨᠰᠢ᠂ ᠱᠠᠨ ᠰᠢ᠂ ᠪᠡᠭᠡᠵᠢᠩ᠂ ᠾᠧᠪᠸᠢ᠂ ᠨᠢᠩᠰᠢᠶᠠ ᠠᠴᠠ ᠣᠯᠠᠨ ᠢᠷᠡᠵᠡᠢ᠃ ᠣᠷᠣᠨ ᠤ ᠳᠣᠲᠣᠷᠠᠬᠢ ᠵᠣᠴᠢᠳ ᠭᠡᠪᠡᠯ ᠪᠤᠭᠤᠲᠤ ᠬᠤᠲᠠ᠂ ᠬᠥᠬᠡᠬᠤᠲᠠ᠂ ᠪᠠᠶᠠᠨᠨᠠᠭᠤᠷ ᠬᠤᠲᠠ ᠶᠢᠨ ᠬᠢ ᠪᠠᠷ ᠭᠤᠣᠯᠯᠠᠪᠠ᠃ ᠪᠥᠬᠦ ᠬᠤᠲᠠ ᠶᠢᠨ ᠬᠠᠷᠢᠶ᠎ᠠ ᠭᠠᠵᠠᠷ ᠤᠨ ᠠᠶᠠᠨᠴᠢᠳ ᠤᠨ ᠨᠡᠮᠡᠭᠳᠡᠭᠰᠡᠨ ᠪᠠᠶᠢᠳᠠᠯ ᠠᠴᠠ ᠦᠵᠡᠪᠡᠯ᠂ ᠲᠠᠯᠠᠳ ᠬᠤᠰᠢᠭᠤ᠂ ᠵᠡᠭᠦᠨᠭᠠᠷ ᠬᠤᠰᠢᠭᠤ᠂ ᠳ᠋ᠦᠩᠱᠧᠩ ᠲᠣᠭᠤᠷᠢᠭ ᠵᠤᠭᠠᠴᠠᠭᠰᠠᠳ ᠢ ᠨᠡᠯᠢᠶᠡᠳ ᠣᠯᠠᠨ ᠬᠦᠯᠢᠶᠡᠨ ᠠᠪᠴᠠᠢ᠃
     ᠴᠠᠭᠠᠨ ᠰᠠᠷ᠎ᠠ ᠶᠢᠨ ᠬᠤᠭᠤᠴᠠᠭᠠᠨ ᠳᠤ᠂ ᠤᠷᠳᠤᠰ ᠬᠤᠳᠠ ᠶᠢᠨ ᠡᠯ᠎ᠡ ᠵᠤᠭᠠᠴᠠᠯ ᠤᠨ ᠦᠵᠡᠮᠵᠢ ᠶᠢᠨ ᠭᠠᠵᠠᠷ ᠤᠨ ᠲᠦᠷᠦᠯ ᠵᠦᠢᠯ ᠣᠨᠴᠠ ᠠᠮᠵᠢᠯᠲᠠ ᠣᠯᠪᠠ᠃ ᠡᠯ᠎ᠡ ᠬᠤᠰᠢᠭᠤ ᠲᠣᠭᠤᠷᠢᠭ᠂ ᠡᠯ᠎ᠡ ᠰᠣᠶᠣᠯ ᠵᠤᠭᠠᠴᠠᠯ ᠤᠨ ᠠᠵᠤ ᠠᠬᠤᠶᠢᠯᠠᠯ ᠤᠨ ᠬᠢᠨ ᠠᠮᠠᠷᠠᠯᠲᠠ ᠶᠢᠨ ᠬᠤᠭᠤᠴᠠᠭᠠᠨ ᠳᠤ ᠪᠡᠶᠡᠴᠢᠯᠡᠨ ᠣᠶᠢᠯᠠᠭᠠᠬᠤ ᠮᠡᠳᠡᠷᠡᠮᠵᠢ ᠪᠠᠷ ᠴᠢᠩᠭ᠎ᠠ᠂ ᠣᠷᠣᠯᠴᠠᠬᠤ ᠬᠡᠮᠵᠢᠶ᠎ᠡ ᠪᠠᠷ ᠥᠨᠳᠥᠷ ᠵᠤᠭ᠎ᠠ ᠴᠡᠩᠭᠡᠯ ᠤᠨ ᠲᠦᠷᠦᠯ ᠵᠦᠢᠯ ᠢ ᠭᠠᠷᠭᠠᠵᠤ᠂ ᠬᠤᠳᠠ ᠶᠢᠨ ᠠᠷᠠᠳ ᠪᠠ ᠵᠤᠭᠠᠴᠠᠭᠰᠠᠳ ᠤᠨ ᠬᠦᠷᠢᠶᠡᠯᠡᠯ ᠪᠣᠯᠤᠨ ᠰᠠᠶᠢᠨ ᠦᠨᠡᠯᠡᠯᠲᠡ ᠶᠢ ᠤᠯᠪᠠ᠃ ᠬᠢᠶ᠎ᠠ ᠪᠠᠭᠰᠢ ᠲᠣᠭᠤᠷᠢᠭ ᠤᠨ ᠮᠥᠰᠥ ᠴᠠᠰᠤᠨ ᠤ ᠭᠤᠣᠯ ᠰᠡᠳᠦᠪᠲᠦ ᠴᠡᠩᠭᠡᠯ ᠤᠨ ᠬᠦᠷᠢᠶᠡᠯᠡᠩ ᠨᠢ ᠪᠠᠶᠠᠯᠢᠭ ᠰᠠᠶᠢᠬᠠᠨ ᠪᠡᠶᠡᠴᠢᠯᠡᠨ ᠣᠶᠢᠯᠠᠭᠠᠬᠤ ᠲᠦᠷᠦᠯ ᠵᠦᠢᠯ ᠢ ᠲᠤᠬᠢᠷᠠᠭᠤᠯᠵᠤ᠂ ᠴᠠᠰᠤᠨ ᠳᠡᠭᠡᠷᠡᠬᠢ ᠨᠢᠰᠦᠭᠡ ᠲᠠᠪᠠᠭ᠂ ᠴᠠᠰᠤᠨ ᠳᠡᠭᠡᠷᠡᠬᠢ ᠲᠠᠩᠺ᠂ ᠴᠠᠰᠤᠨ ᠳᠡᠭᠡᠷᠡᠬᠢ ᠮᠣᠲ᠋ᠣᠷ᠂ ᠮᠥᠰᠥᠨ ᠲᠡᠷᠭᠡ᠂ ᠮᠥᠰᠥᠨ ᠳᠡᠭᠡᠷᠡᠬᠢ ᠬᠥᠪᠦᠮᠡᠯ ᠲᠡᠷᠭᠡ᠂ ᠮᠥᠰᠥᠨ ᠳᠡᠭᠡᠷᠡᠬᠢ ᠳᠤᠭᠤᠢ ᠲᠡᠷᠭᠡ ᠵᠡᠷᠭᠡ ᠲᠦᠷᠦᠯ ᠵᠦᠢᠯ ᠢ ᠲᠣᠬᠢᠷᠠᠭᠤᠯᠵᠤ᠂ ᠵᠤᠭᠠᠴᠠᠭᠰᠠᠳ ᠲᠤ ᠲᠦᠷᠦᠯ ᠰᠠᠳᠤᠨ ᠦᠷ᠎ᠡ ᠬᠡᠦᠬᠡᠳ ᠲᠠᠢ ᠪᠠᠨ ᠴᠤᠭ ᠲᠣᠭᠯᠠᠬᠤ ᠵᠤᠭ᠎ᠠ ᠴᠡᠩᠭᠡᠯ ᠢ ᠭᠦᠢᠴᠡᠳ ᠣᠶᠢᠯᠠᠭᠠᠭᠤᠯᠵᠤ᠂ ᠡᠪᠦᠯ ᠤᠨ ᠤᠯᠠᠷᠢᠯ ᠤᠨ ᠪᠡᠶ᠎ᠡ ᠲᠠᠮᠢᠷ ᠤᠨ ᠬᠥᠳᠡᠯᠭᠡᠭᠡᠨ ᠪᠠ ᠵᠤᠭ᠎ᠠ ᠴᠡᠩᠭᠡᠯ ᠤᠨ ᠲᠦᠷᠦᠯ ᠵᠦᠢᠯ ᠤᠨ ᠷᠢᠳᠢ ᠰᠢᠳᠢ ᠪᠠ ᠣᠷᠭᠢᠯᠤᠮ᠎ᠠ ᠰᠡᠳᠬᠢᠯᠭᠡ ᠶᠢ ᠮᠡᠳᠡᠷᠡᠭᠦᠯᠪᠡ︔ ᠵᠢᠦ ᠴᠧᠩ ᠬᠥᠩ ᠣᠷᠳᠣᠨ ᠬᠤᠲᠠ ᠶᠢᠨ ᠠᠷᠠᠳ ᠪᠠ ᠵᠤᠭᠠᠴᠠᠭᠰᠠᠳ ᠲᠤ ᠥᠪᠡᠷᠮᠢᠴᠡ ᠣᠨᠴᠠᠯᠢᠭ ᠲᠠᠢ ᠪᠢᠲᠡᠭᠦᠨ ᠤ ᠬᠤᠭᠤᠯᠠ᠂ ᠬᠠᠮᠲᠤ ᠶᠢᠨ ᠳᠠᠶᠢᠯᠠᠯᠭ᠎ᠠ ᠬᠠᠩᠭᠠᠭᠰᠠᠨ ᠤ ᠬᠠᠮᠲᠤ ᠥᠨᠳᠥᠷ ᠲᠤ ᠠᠪᠠᠷᠢᠨ ᠳᠠᠭᠠᠳᠬᠠᠬᠤ᠂ ᠴᠡᠴᠡᠷᠯᠢᠭ ᠢᠶᠠᠷ ᠵᠤᠭᠠᠴᠠᠨ ᠦᠵᠡᠬᠦ᠂ ᠥᠩᠭᠡᠲᠦ ᠳ᠋ᠧᠩ ᠤᠨ ᠴᠤᠭᠯᠠᠭᠠᠨ᠂ ᠬᠡᠶᠢᠮᠣᠷᠢ ᠶᠢᠨ ᠭᠠᠯ ᠪᠠᠳᠠᠷᠠᠭᠠᠬᠤ ᠵᠡᠷᠭᠡ ᠴᠠᠭᠠᠨ ᠰᠠᠷ᠎ᠠ ᠶᠢᠨ ᠵᠠᠩ ᠦᠢᠯᠡ ᠶᠢᠨ ᠠᠵᠢᠯᠯᠠᠭ᠎ᠠ ᠶᠢ ᠥᠷᠨᠢᠭᠦᠯᠵᠡᠢ︔ ᠣᠷᠳᠣᠰ ᠤᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠨᠢ ︽ᠦᠬᠡᠷ︾ ᠤᠨ ᠰᠡᠳᠦᠪᠲᠦ ᠱᠠᠩᠨᠠᠯᠲᠤ ᠵᠣᠬᠢᠶᠠᠯ ᠡᠯᠰᠡᠬᠦ᠂ ︽ᠦᠬᠡᠷ ᠵᠢᠯ ᠤᠨ ᠥᠯᠵᠡᠢ ᠪᠡᠯᠭᠡᠲᠦ ᠺᠠᠷᠲ︾ ᠡᠷᠢᠬᠦ ᠵᠡᠷᠭᠡ ᠥᠪᠡᠷᠮᠢᠴᠡ ᠣᠨᠴᠠᠯᠢᠭ ᠲᠠᠢ ᠠᠵᠢᠯᠯᠠᠭ᠎ᠠ ᠥᠷᠨᠢᠭᠦᠯᠪᠡ᠃ ᠬᠢᠶ᠎ᠠ ᠪᠠᠭᠰᠢ ᠲᠣᠭᠤᠷᠢᠭ ︽ᠬᠢᠵᠢᠭ ᠤᠨ ᠪᠠᠶᠢᠳᠠᠯ ᠳᠣᠤᠷᠠᠬᠢ ᠣᠨᠴᠠᠭᠠᠢ ᠵᠢᠯ ᠤᠨ ᠦᠨᠦᠷ ᠠᠮᠲᠠ︾ ᠭᠡᠬᠦ ᠰᠢᠷᠢᠰ ᠠᠵᠢᠯᠯᠠᠭ᠎ᠠ ᠶᠢ ᠥᠷᠨᠢᠭᠦᠯᠵᠦ᠂ ᠬᠤᠲᠠ ᠶᠢᠨ ᠠᠷᠠᠳ ᠲᠤ ︽ᠨᠢᠭᠡ ᠲᠥᠭᠦᠷᠢᠭ ᠢᠶᠠᠷ ᠺᠢᠨᠣ᠋ ᠦᠵᠡᠬᠦ᠂ ᠨᠢᠭᠡ ᠲᠥᠭᠦᠷᠢᠭ ᠢᠶᠠᠷ ᠡᠭᠦᠳᠡᠨ ᠪᠢᠯᠧᠲ ᠬᠤᠳᠠᠯᠳᠤᠨ ᠠᠪᠬᠤ᠂ ᠳᠣᠣᠷ᠎ᠠ ᠦᠨ᠎ᠡ ᠪᠠᠷ ᠴᠠᠭᠠᠨ ᠰᠠᠷ᠎ᠠ ᠶᠢᠨ ᠪᠡᠯᠡᠭ ᠤᠨ ᠬᠠᠶᠢᠷᠴᠠᠭ ᠬᠤᠳᠠᠯᠳᠤᠨ ᠠᠪᠬᠤ᠂ ᠦᠨ᠎ᠡ ᠲᠥᠯᠥᠪᠦᠷᠢ ᠥᠬᠡᠶ ᠪᠠᠷ ᠲᠥᠷᠥᠭᠰᠡᠨ ᠡᠳᠦᠷ ᠤᠨ ᠺᠠᠷᠲ ᠠᠪᠬᠤ︾ ᠵᠡᠷᠭᠡ ᠠᠷᠠᠳ ᠢ ᠳᠡᠳᠬᠦᠬᠦ ᠠᠵᠢᠯᠯᠠᠭ᠎ᠠ ᠶᠢ ᠥᠷᠨᠢᠭᠦᠯᠵᠡᠢ᠃
     ᠡᠨᠡ ᠵᠢᠯ ᠤᠨ ᠴᠠᠭᠠᠨ ᠰᠠᠷ᠎ᠠ᠂ ᠣᠷᠳᠣᠰ ᠬᠤᠲᠠ ᠪᠠᠰᠠ ᠮᠠᠰᠢ ᠣᠯᠠᠨ ᠠᠵᠢᠯᠯᠠᠭ᠎ᠠ ᠶᠢ ᠰᠦᠯᠵᠢᠶᠡᠨ ᠳᠡᠭᠡᠷ᠎ᠡ ᠥᠷᠨᠢᠭᠦᠯᠵᠦ᠂ ᠬᠤᠲᠠ ᠶᠢᠨ ᠰᠣᠶᠣᠯ ᠪᠠ ᠵᠤᠭᠠᠴᠠᠯ ᠤᠨ ᠲᠣᠪᠴᠢᠶ᠎ᠠ ︽ᠲᠠᠯ᠎ᠠ ᠨᠤᠲᠤᠭ ᠤᠨ ᠢᠷᠥᠭᠡᠯ︾ 2021 ᠣᠨ ᠤ ᠰᠦᠯᠵᠢᠶᠡᠨ ᠳᠡᠭᠡᠷᠡᠬᠢ ᠰᠢᠨ᠎ᠡ ᠵᠢᠯ ᠤᠨ ᠨᠠᠶᠢᠷᠠᠯ ᠳᠠᠭᠤᠤ ᠬᠥᠭᠵᠢᠮ ᠤᠨ ᠦᠳᠡᠰᠢᠯᠡᠭᠡ᠂ ︽2021 ᠣᠨ ᠤ ᠣᠷᠳᠣᠰ ᠬᠤᠲᠠ ᠶᠢᠨ ᠰᠢᠨ᠎ᠡ ᠵᠢᠯ ᠢ ᠤᠭᠲᠤᠬᠤ ᠰᠦᠯᠵᠢᠶᠡᠨ ᠤ ᠳᠠᠭᠤᠤ ᠬᠥᠭᠵᠢᠮ ᠤᠨ ᠦᠳᠡᠰᠢᠯᠡᠭᠡ︾᠂ ︽ᠡᠭᠦᠯᠡᠨ ᠳᠡᠭᠡᠷ᠎ᠡ ᠠᠴᠠ ᠲᠣᠭᠯᠠᠯᠲᠠ ᠰᠣᠨᠢᠷᠬᠠᠵᠤ᠂ ᠪᠠᠶᠠᠷ ᠬᠥᠷ ᠲᠠᠢ ᠴᠠᠭᠠᠨ ᠰᠠᠷ᠎ᠠ ᠥᠩᠭᠡᠷᠡᠭᠦᠯᠬᠦ︾ ᠣᠷᠳᠣᠰ ᠬᠤᠲᠠ ᠶᠢᠨ ᠤᠯᠠᠭᠠᠨᠮᠥ᠋ᠴᠢᠷ ᠤᠨ ᠰᠢᠯᠢᠳᠡᠭ ᠲᠣᠭᠯᠠᠯᠲᠠ ᠶᠢᠨ ᠴᠤᠭᠯᠠᠭ᠎ᠠ ᠦᠵᠡᠭᠦᠯᠦᠯᠭᠡ᠂ ︽ᠬᠠᠪᠤᠷ ᠤᠨ ᠥᠯᠢᠭᠡᠷ︾ ᠬᠤᠲᠠ ᠶᠢᠨ ᠤᠯᠤᠰ ᠤᠨ ᠥᠮᠴᠢᠯᠡᠯᠲᠦ ᠤᠷᠠᠨ ᠰᠠᠶᠢᠬᠠᠨ ᠤ ᠬᠦᠷᠢᠶᠡᠯᠡᠩ ᠪᠦᠯᠬᠦᠮ ᠤᠨ ᠰᠦᠯᠵᠢᠶᠡᠨ ᠳᠡᠭᠡᠷᠡᠬᠢ ᠠᠵᠢᠯᠯᠠᠭ᠎ᠠ ᠶᠢᠨ ᠦᠵᠡᠭᠦᠯᠦᠯᠭᠡ ᠨᠡᠪᠲᠡᠷᠡᠭᠦᠯᠭᠡ ᠵᠡᠷᠭᠡ ᠰᠢᠷᠢᠰ ᠭᠤᠤᠯ ᠰᠡᠳᠦᠪᠲᠦ ᠦᠵᠡᠭᠦᠯᠦᠯᠭᠡ ᠲᠣᠭᠯᠠᠯᠲᠠ ᠶᠢ ᠰᠡᠳᠬᠢᠯ ᠲᠠᠯᠪᠢᠨ ᠵᠣᠬᠢᠶᠠᠨ ᠪᠠᠶᠢᠭᠤᠯᠵᠤ᠂ ᠬᠤᠲᠠ ᠶᠢᠨ ᠨᠣᠮ ᠤᠨ ᠰᠠᠩ᠂ ᠮᠦᠽᠧᠶ᠂ ᠣᠯᠠᠨ ᠲᠦᠮᠡᠨ ᠤ ᠤᠷᠠᠯᠢᠭ ᠤᠨ ᠣᠷᠳᠣᠨ ᠵᠡᠷᠭᠡ ᠰᠣᠶᠣᠯ ᠤᠨ ᠦᠵᠡᠰᠬᠦᠯᠡᠩ ᠤᠨ ᠲᠠᠯᠠᠪᠠᠶ ᠣᠷᠳᠣᠨ ᠠᠴᠠ ᠠᠯᠪᠠᠨ ᠤ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠢ ᠠᠰᠢᠭᠯᠠᠵᠤ ᠺᠣᠳ᠋ ᠰᠢᠷᠪᠢᠵᠦ ᠨᠣᠮ ᠤᠩᠰᠢᠬᠤ᠂ ᠰᠦᠯᠵᠢᠶᠡᠨ ᠳᠡᠭᠡᠷ᠎ᠡ ᠲᠠᠶᠢᠯᠤᠮᠵᠢ ᠬᠢᠬᠦ᠂ ᠰᠦᠯᠵᠢᠶᠡᠨ ᠳᠡᠭᠡᠷ᠎ᠡ ᠦᠵᠡᠭᠦᠯᠦᠯᠭᠡ ᠭᠠᠷᠭᠠᠬᠤ ᠵᠡᠷᠭᠡ ᠠᠵᠢᠯᠯᠠᠭ᠎ᠠ ᠥᠷᠨᠢᠭᠦᠯᠵᠦ᠂ ᠦᠢᠯᠡᠴᠢᠯᠡᠭᠡᠨ ᠤ ᠭᠤᠣᠯᠳᠠᠯᠭ᠎ᠠ ᠪᠠᠨ ︽ᠡᠭᠦᠯᠡᠨ ᠦᠵᠦᠭᠦᠷ︾ ᠲᠤ ᠰᠢᠯᠵᠢᠭᠦᠯᠪᠡ᠃ ᠡᠯ᠎ᠡ ᠬᠤᠰᠢᠭᠤ ᠲᠣᠭᠤᠷᠢᠭ ᠤᠨ ᠬᠢᠨ ᠰᠦᠯᠵᠢᠶᠡᠨ ᠳᠡᠭᠡᠷ᠎ᠡ ᠭᠤᠶᠢᠳᠠ ᠰᠠᠶᠢᠬᠠᠨ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠡᠢ᠄ ᠲᠠᠯᠠᠳ ᠬᠤᠰᠢᠭᠤᠨ ᠤ ᠤᠯᠠᠭᠠᠨᠮᠥ᠋ᠴᠢᠷ ︽ᠰᠦᠯᠵᠢᠶᠡᠨ ᠳᠡᠭᠡᠷᠡᠬᠢ ᠤᠯᠠᠭᠠᠨᠮᠥ᠋ᠴᠢᠷ ᠤᠨ ᠴᠠᠭᠠᠨ ᠰᠠᠷ᠎ᠠ ᠶᠢ ᠪᠡᠯᠭᠡᠯᠡᠬᠦ︾ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ︔ ᠵᠡᠭᠦᠨᠭᠠᠷ ᠬᠤᠰᠢᠭᠤᠨ ᠤ ᠬᠢᠨ ᠰᠦᠯᠵᠢᠶᠡᠨ ᠳᠡᠭᠡᠷᠡᠬᠢ ᠳ᠋ᠧᠩ ᠤᠨ ᠵᠤᠭᠠᠴᠠᠯ ᠤᠨ ᠦᠵᠡᠭᠦᠯᠦᠯᠭᠡ ᠶᠢᠨ ᠲᠣᠭᠯᠠᠯᠲᠠ ᠭᠠᠷᠭᠠᠪᠠ︔ ᠤᠳᠤᠭ ᠤᠨ ᠡᠮᠦᠨᠡᠲᠦ ᠬᠤᠰᠢᠭᠤ

︽ᠡᠭᠦᠯᠡᠨ ᠵᠤᠭᠠᠴᠠᠯ︾ ᠬᠤᠪᠢᠰᠬᠠᠯ ᠤᠨ ᠦᠵᠡᠮᠵᠢ ᠶᠢᠨ ᠣᠷᠣᠨ ᠵᠢᠷᠤᠭᠯᠠᠪᠠ᠃ ︽ᠡᠭᠦᠯᠡᠨ ᠲᠣᠭᠯᠠᠯᠲᠠ︾᠂ ᠰᠦᠯᠵᠢᠶᠡᠨ ᠳᠡᠭᠡᠷᠡᠬᠢ ︽ᠡᠭᠦᠯᠡᠨ ᠦᠵᠦᠭᠦᠷ︾ ᠤᠨ ᠦᠢᠯᠡᠴᠢᠯᠡᠭᠡᠨ ᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠲᠠ ᠶᠢᠨ ᠠᠷᠠᠳ ᠲᠤ ᠴᠠᠭᠠᠨ ᠰᠠᠷ᠎ᠠ ᠶᠢᠨ ᠢᠷᠥᠭᠡᠯ ᠳᠡᠪᠰᠢᠭᠦᠯᠵᠦ᠂ ᠬᠤᠲᠠ ᠶᠢᠨ ᠠᠷᠠᠳ ᠭᠡᠷ ᠲᠤ ᠪᠠᠨ ᠰᠠᠭᠤᠵᠤ ᠪᠠᠶᠢᠭᠠᠳ ᠴᠠᠭᠠᠨ ᠰᠠᠷ᠎ᠠ ᠶᠢᠨ ᠰᠣᠶᠣᠯ ᠤᠨ ᠲᠠᠩᠰᠤᠭ ᠬᠤᠭᠤᠯᠠ ᠶᠢ ᠵᠣᠭᠤᠭᠯᠠᠵᠠᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ