3 ᠳ᠋ᠤᠭᠠᠷ ᠰᠠᠷ᠎ᠠ ᠶᠢᠨ 10 ᠤ ᠦᠳᠡ ᠶᠢᠨ ᠬᠤᠶᠢᠨ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠳᠦᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠤ ᠪᠠᠨ ᠰᠣᠨᠢᠨ ᠮᠡᠳᠡᠭᠡ ᠨᠡᠶᠢᠲᠡᠯᠡᠬᠦ | ᠠᠵᠢᠯᠯᠠᠭ᠎ᠠ ᠥᠷᠨᠢᠭᠦᠯᠪᠡ᠃ | ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠰᠣᠨᠢᠨ ᠮᠡᠳᠡᠭᠡ ᠨᠡᠶᠢᠲᠡᠯᠡᠭᠴᠢ ᠱᠢ ᠸᠧᠨ ᠰᠢᠦᠸᠠᠢ ᠸᠢᠳᠢᠣ᠋ ᠪᠠᠷ ᠳᠠᠮᠵᠢᠭᠤᠯᠤᠨ ᠮᠠᠨ ᠤ ᠣᠷᠣᠨ ᠤ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠵᠢᠴᠢ ᠤᠯᠤᠰ ᠤᠨ ᠬᠤᠯᠪᠣᠭᠳᠠᠯ ᠪᠦᠬᠦᠢ ᠶᠠᠮᠤᠨ ᠵᠦᠪᠯᠡᠯ ᠠᠴᠠ ᠬᠠᠷᠢᠭᠤᠯᠲᠠ | ᠥᠭᠭᠦᠭᠰᠡᠨ ᠪᠠᠶᠢᠳᠠᠯ ᠢ ᠨᠡᠶᠢᠲᠡᠯᠡᠪᠡ᠃ | | | | | ᠦᠪᠦᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠰᠣᠨᠢᠨ ᠮᠡᠳᠡᠭᠡ ᠨᠡᠶᠢᠲᠡᠯᠡᠭᠴᠢ ᠱᠢ ᠸᠧᠨ ᠰᠢᠦᠸᠠᠢ | 3 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ 12 ᠴᠠᠭ ᠪᠣᠯᠲᠠᠯ᠎ᠠ᠂ ᠲᠥᠯᠥᠭᠡᠯᠡᠭᠴᠢᠳ ᠨᠡᠶᠢᠲᠡ 9 ᠲᠥᠷᠥᠯ ᠤᠨ 123 ᠰᠠᠨᠠᠭᠤᠯᠭ᠎ᠠ ᠳᠤᠷᠠᠳᠪᠠ᠃ | | | | | | ᠰᠠᠨᠠᠭᠤᠯᠭ᠎ᠠ ᠶᠢᠨ ᠠᠭᠤᠯᠭ᠎ᠠ ᠨᠢ ᠭᠤᠣᠯᠳᠠᠭᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠦᠲᠦᠭᠡᠨ ᠪᠠᠶᠢᠭᠤᠯᠬᠤ᠂ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠵᠢᠴᠢ ᠠᠮᠢ ᠠᠬᠤᠶ ᠶᠢ ᠤᠷᠢᠳ ᠢᠶᠠᠷ ᠪᠣᠳᠤᠯᠬᠢᠯᠠᠬᠤ᠂ ᠪᠣᠬᠢᠷᠲᠤᠯ ᠥᠬᠡᠶ | ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠬᠤ ᠵᠡᠷᠭᠡ ᠲᠠᠯ᠎ᠠ ᠪᠠᠷ ᠬᠢ ᠰᠠᠨᠠᠭᠤᠯᠭ᠎ᠠ ᠤᠳ ᠪᠠᠶᠢᠪᠠ᠃ | ᠤᠯᠤᠰ ᠤᠨ ᠬᠤᠯᠪᠣᠭᠳᠠᠯ ᠪᠦᠬᠦᠢ ᠶᠠᠮᠤᠨ ᠵᠦᠪᠯᠡᠯ ᠲᠦᠯᠦᠭᠡᠯᠡᠭᠴᠢᠳ ᠤᠨ ᠰᠠᠨᠠᠭᠤᠯᠭ᠎ᠠ ᠶᠢ ᠭᠦᠢᠴᠡᠳᠬᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠲᠥᠯᠥᠭᠡᠯᠡᠭᠴᠢᠳ ᠤᠨ ᠠᠩᠬᠠᠷᠤᠯ ᠲᠠᠯᠪᠢᠵᠦ ᠪᠠᠶᠢᠭ᠎ᠠ ᠵᠦᠢᠯᠡᠰ ᠲᠤ ᠴᠠᠭ ᠲᠤᠬᠠᠶ ᠳᠤ ᠨᠢ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠪᠡ᠃ 3 ᠳ᠋ᠤᠭᠠᠷ ᠰᠠᠷ᠎ᠠ ᠶᠢᠨ | 5 ᠤ ᠡᠳᠦᠷ ᠤᠨ ᠦᠳᠡ ᠶᠢᠨ ᠬᠤᠶᠢᠨ᠎ᠠ᠂ ᠲᠥᠯᠥᠭᠡᠯᠡᠭᠴᠢᠳ ᠤᠨ ᠪᠦᠯᠬᠦᠮ ᠤᠨ 4 ᠲᠦᠯᠦᠭᠡᠯᠡᠭᠴᠢ ᠶᠢᠨ ᠶᠠᠷᠢᠶᠠᠨ ᠳᠤ ᠪᠠᠨ ᠳᠤᠷᠠᠳᠤᠭᠰᠠᠨ ᠰᠠᠨᠠᠭᠤᠯᠭ᠎ᠠ ᠳᠤ | ᠬᠠᠨᠳᠤᠭᠤᠯᠤᠨ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠠᠭᠤᠰᠤᠭᠰᠠᠨ ᠤ 2 ᠴᠠᠭ ᠤᠨ ᠳᠠᠷᠠᠭ᠎ᠠ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠵᠤᠷᠭᠠᠨ ᠲᠣᠪᠴᠢᠶ᠎ᠠ ᠰᠠᠨᠠᠭᠤᠯᠭ᠎ᠠ ᠳᠤᠷᠠᠳᠤᠭᠰᠠᠨ ᠲᠥᠯᠥᠭᠡᠯᠡᠭᠴᠢ ᠲᠠᠢ ᠤᠲᠠᠰᠤ ᠪᠠᠷ | ᠶᠠᠷᠢᠯᠴᠠᠵᠤ᠂ ᠬᠤᠯᠪᠤᠭᠳᠠᠯ ᠪᠦᠬᠦᠢ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠪᠠ᠃ 3 ᠳ᠋ᠤᠭᠠᠷ ᠰᠠᠷ᠎ᠠ ᠶᠢᠨ 8 ᠤ ᠡᠳᠦᠷ ᠤᠨ ᠣᠷᠣᠢ ᠶᠢᠨ 7 ᠴᠠᠭ ᠲᠤ᠂ 4 | ᠲᠥᠯᠥᠭᠡᠯᠡᠭᠴᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ ᠬᠠᠷᠢᠭᠤ ᠶᠢ ᠣᠯᠪᠠ᠃ | ᠰᠠᠨᠠᠭᠤᠯᠭ᠎ᠠ᠄ | 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠵᠢᠷᠯᠢᠬ ᠭᠠᠵᠠᠷ ᠢ ᠰᠠᠶᠢᠵᠢᠷᠠᠭᠤᠯᠬᠤ᠂ ᠥᠨᠳᠥᠷ ᠦᠷ᠎ᠡ ᠠᠰᠢᠭ ᠲᠠᠢ ᠪᠠᠷ ᠤᠰᠤ ᠠᠷᠪᠢᠯᠠᠬᠤ | ᠥᠭᠡᠷᠡᠴᠢᠯᠡᠯᠲᠡ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠥᠷᠨᠢᠭᠦᠯᠬᠦ ᠶᠢ ᠳᠡᠮᠵᠢᠭᠦᠯᠬᠦ ᠲᠤᠬᠠᠶ ᠰᠠᠨᠠᠭᠤᠯᠭ᠎ᠠ | 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠡᠨᠧᠷᠭᠢ ᠶᠢᠨ ᠬᠤᠪᠢᠰᠬᠠᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ | ᠪᠥᠲᠥᠭᠡᠨ ᠪᠠᠶᠢᠭᠤᠯᠬᠤ ᠲᠤᠬᠠᠶ ᠰᠠᠨᠠᠭᠤᠯᠭ᠎ᠠ | 3. ︽ᠤᠯᠠᠭᠠᠨᠪᠤᠬ᠎ᠠ᠂ ᠮᠣᠨᠢ ᠠᠭᠤᠯᠠ᠂ ᠣᠷᠳᠤᠰ ᠤᠨ ᠦᠨᠳᠦᠷᠯᠢᠭ︾ ᠤᠨ ᠠᠮᠢ ᠠᠬᠤᠶ ᠶᠢᠨ ᠬᠠᠯᠬᠠᠪᠴᠢ ᠶᠢᠨ ᠢᠨᠵᠧᠨᠧᠷᠢᠩ ᠢ ᠬᠡᠷᠡᠭᠵᠢᠭᠦᠯᠬᠦ ᠲᠤᠬᠠᠶ ᠰᠠᠨᠠᠭᠤᠯᠭ᠎ᠠ | ︵︽ᠤᠯᠠᠭᠠᠨᠪᠤᠬ᠎ᠠ᠂ ᠮᠣᠨᠢ ᠠᠭᠤᠯᠠ᠂ ᠣᠷᠳᠤᠰ ᠤᠨ ᠦᠨᠳᠦᠷᠯᠢᠭ︾ ᠭᠡᠳᠡᠭ ᠨᠢ ᠤᠯᠠᠭᠠᠨᠪᠤᠬ᠎ᠠ ᠶᠢᠨ ᠡᠯᠡᠰᠦᠨ ᠴᠥᠯ᠂ ᠮᠣᠨᠢ ᠠᠭᠤᠯᠠ᠂ ᠣᠷᠳᠣᠰ ᠤᠨ | ᠥᠨᠳᠦᠷᠯᠢᠭ ᠢ ᠵᠢᠭᠠᠵᠤ ᠪᠣᠶ︶ | 4. ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠭᠤᠤᠯᠳᠠᠯᠭ᠎ᠠ ᠲᠠᠢ ᠤᠯᠤᠰ ᠤᠨ ᠥᠮᠴᠢᠯᠡᠯᠲᠦ ᠰᠢᠭᠤᠶᠢᠲᠤ ᠣᠷᠣᠨ ᠤ ᠵᠠᠮ ᠤᠨ ᠪᠥᠲᠥᠭᠡᠨ | ᠪᠠᠶᠢᠭᠤᠯᠤᠯᠲᠠ ᠶᠢ ᠳᠡᠮᠵᠢᠭᠦᠯᠬᠦ ᠲᠤᠬᠠᠶ ᠰᠠᠨᠠᠭᠤᠯᠭ᠎ᠠ | 5. ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠭᠤᠣᠯᠳᠠᠯᠭ᠎ᠠ ᠲᠠᠢ ᠤᠯᠤᠰ ᠤᠨ ᠦᠮᠴᠢᠯᠡᠯᠲᠤ ᠰᠢᠭᠤᠶᠢᠲᠤ ᠣᠷᠣᠨ ᠤ ᠮᠡᠳᠡᠭᠡ ᠬᠤᠯᠪᠣᠭᠠᠨ ᠤ ᠨᠥᠬᠦᠴᠡᠯ ᠢ | ᠰᠠᠶᠢᠵᠢᠷᠠᠭᠤᠯᠬᠤ ᠲᠤᠬᠠᠶ ᠰᠠᠨᠠᠭᠤᠯᠭ᠎ᠠ | 6. ︽ᠤᠯᠤᠰ ᠤᠨ ᠡᠪᠡᠰᠦᠨ ᠦᠷ᠎ᠡ ᠶᠢᠨ ᠡᠬᠢ ᠪᠠᠶᠠᠯᠢᠭ ᠤᠨ ᠭᠤᠣᠯ ᠬᠥᠮᠥᠷᠭᠡ︾ ᠪᠠ ᠤᠯᠤᠰ ᠤᠨ ᠡᠪᠡᠰᠦᠨ ᠦᠷ᠎ᠡ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ | ᠰᠢᠨ᠎ᠡ ᠶᠢ ᠡᠭᠦᠳᠬᠦ ᠰᠠᠭᠤᠷᠢᠨ ᠭᠠᠵᠠᠷ ᠢ ᠪᠠᠶᠢᠭᠤᠯᠬᠤ ᠲᠤᠬᠠᠶ ᠰᠠᠨᠠᠭᠤᠯᠭ᠎ᠠ | 3 ᠳ᠋ᠤᠭᠠᠷ ᠰᠠᠷ᠎ᠠ ᠶᠢᠨ 9 ᠤ ᠡᠳᠦᠷ ᠤᠨ ᠣᠷᠣᠢ ᠶᠢᠨ 7 ᠴᠠᠭ ᠲᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ ᠵᠤᠷᠭᠠᠨ | ᠲᠣᠪᠴᠢᠶ᠎ᠠ ᠶᠢᠨ 8 ᠬᠠᠷᠢᠭᠤᠴᠠᠯᠭᠠᠲᠠᠨ ᠨᠦᠬᠦᠳ ᠸᠢᠳᠢᠣ᠋ ᠪᠠᠷ ᠬᠤᠯᠪᠤᠬᠤ ᠠᠷᠭ᠎ᠠ ᠪᠠᠷ ᠳᠠᠬᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ | ᠲᠥᠯᠥᠭᠡᠯᠡᠭᠴᠢᠳ ᠲᠠᠢ ᠵᠣᠯᠭᠠᠵᠤ᠂ ᠵᠤᠷᠪᠤᠰ ᠳᠠᠷᠠᠭᠠᠯᠠᠨ ᠬᠠᠷᠢᠭᠤ ᠦᠭᠴᠦ ᠬᠠᠷᠢᠭᠤ ᠲᠤᠰᠬᠠᠪᠠ᠃ ᠤᠳᠦ ᠪᠣᠯᠲᠠᠯ᠎ᠠ᠂ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ 24 ᠵᠤᠷᠪᠤᠰ ᠰᠠᠨᠠᠭᠤᠯᠭ᠎ᠠ ᠨᠢᠭᠡᠨᠲᠡ ᠤᠯᠤᠰ ᠤᠨ ᠶᠠᠮᠤᠨ ᠵᠦᠪᠯᠡᠯ ᠤᠨ ᠬᠠᠷᠢᠭᠤ ᠶᠢ ᠣᠯᠪᠠ᠃ | |