ᠰᠢᠯᠢ ᠶᠢᠨ ᠭᠤᠤᠯ ᠠᠶᠢᠮᠠᠭ ᠪᠥᠬᠦ ᠣᠷᠣᠨ ᠤ ᠠᠩᠬᠠᠳᠠᠭᠴᠢ ᠪᠥᠭᠡᠮ ᠬᠦᠴᠢᠯ ᠤᠨ ᠪᠠᠶᠢᠴᠠᠭᠠᠨ ᠰᠢᠨᠵᠢᠯᠡᠯᠲᠡ ᠶᠢᠨ ᠰᠢᠯᠵᠢᠮᠡᠯ ᠲᠡᠷᠭᠡ ᠶᠢ ᠬᠤᠳᠠᠯᠳᠤᠨ ᠠᠪᠤᠪᠠ
ᠨᠡᠶᠢᠲᠡᠯᠡᠭᠰᠡᠨ ᠴᠠᠭ᠄
2021/3/11
     3 ᠳ᠋ᠤᠭᠠᠷ ᠰᠠᠷ᠎ᠠ ᠶᠢᠨ 8 ᠤ ᠡᠳᠦᠷ᠂ ᠰᠢᠯᠢ ᠶᠢᠨ ᠭᠤᠤᠯ ᠠᠶᠢᠮᠠᠭ ᠪᠥᠬᠦ ᠣᠷᠣᠨ ᠤ ᠠᠩᠬᠠᠳᠠᠭᠴᠢ ᠪᠦᠭᠡᠮ ᠬᠦᠴᠢᠯ ᠤᠨ ᠪᠠᠶᠢᠴᠠᠭᠠᠨ ᠰᠢᠨᠵᠢᠯᠡᠯᠲᠡ ᠶᠢᠨ ᠰᠢᠯᠵᠢᠮᠡᠯ ᠲᠡᠷᠭᠡ ᠶᠢ ᠬᠤᠳᠠᠯᠳᠤᠨ ᠠᠪᠴᠠᠶ᠃ ᠲᠣᠰ ᠲᠡᠷᠭᠡ ᠶᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠪᠥᠭᠡᠮ ᠬᠦᠴᠢᠯ ᠤᠨ ᠡᠳᠦᠷ ᠤᠨ ᠪᠠᠶᠢᠴᠠᠭᠠᠨ ᠰᠢᠨᠵᠢᠯᠡᠬᠦ ᠴᠢᠳᠠᠪᠤᠷᠢ ᠨᠢ 4000 ᠬᠥᠮᠦᠨ ᠬᠤᠪᠢ ᠳᠤ ᠬᠦᠷᠴᠦ᠂ 1:10 ᠶᠢᠨ ᠬᠠᠷᠢᠴᠠᠯ ᠢᠶᠠᠷ ᠬᠤᠯᠢᠯᠳᠤᠭᠤᠯᠤᠨ ᠪᠠᠶᠢᠴᠠᠭᠠᠪᠠᠯ ᠡᠳᠦᠷ ᠤᠨ ᠬᠠᠮᠤᠭ ᠤᠨ ᠶᠡᠭᠡ ᠪᠠᠶᠢᠴᠠᠭᠠᠨ ᠰᠢᠨᠵᠢᠯᠡᠬᠦ ᠬᠡᠮᠵᠢᠶ᠎ᠡ ᠨᠢ 40000 ᠬᠥᠮᠦᠨ ᠬᠤᠪᠢ ᠳᠤ ᠬᠥᠷᠬᠦ ᠪᠣᠯᠤᠨ᠎ᠠ᠃ ᠣᠳᠣᠬᠠᠨ ᠳᠤ᠂ ᠰᠢᠯᠵᠢᠮᠡᠯ ᠮᠠᠶ᠋ᠢᠭ ᠤᠨ ᠪᠥᠭᠡᠮ ᠬᠦᠴᠢᠯ ᠤᠨ ᠪᠠᠶᠢᠴᠠᠭᠠᠨ ᠰᠢᠨᠵᠢᠯᠡᠯᠲᠡ ᠶᠢᠨ ᠲᠡᠷᠭᠡ ᠶᠢᠨ ᠬᠠᠮᠢᠶ᠎ᠠ ᠪᠥᠬᠦᠶ ᠮᠡᠷᠭᠡᠵᠢᠯ ᠤᠨ ᠠᠵᠢᠯᠲᠠᠨ ᠢ ᠳᠣᠭᠢᠷᠠᠭᠤᠯᠬᠤ ᠪᠠ ᠲᠥᠬᠦᠭᠡᠷᠦᠮᠵᠢ ᠤᠭᠰᠠᠷᠠᠵᠤ ᠰᠢᠯᠭᠠᠨ ᠲᠤᠷᠰᠢᠬᠤ ᠠᠵᠢᠯ ᠢ ᠡᠮᠬᠢ ᠵᠢᠷᠤᠮ ᠲᠠᠢ ᠥᠷᠨᠢᠭᠦᠯᠵᠦ ᠪᠠᠶᠢᠨ᠎ᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ