ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠦ ᠪᠦᠬᠦ ᠤᠯᠤᠰ ᠤᠨ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠪᠠ  ᠱᠢ ᠲᠠᠢ ᠹᠧᠩ ᠬᠤᠷᠠᠯ ᠢ ᠡᠷᠬᠢᠯᠡᠨ ᠶᠠᠷᠢᠶ᠎ᠠ ᠲᠠᠯᠪᠢᠵᠦ  ᠯᠢ ᠰᠢᠦ ᠯᠢᠩ ᠤᠷᠤᠯᠴᠠᠵᠠᠢ
ᠨᠡᠶᠢᠲᠡᠯᠡᠭᠰᠡᠨ ᠴᠠᠭ᠄
2021/3/15
      3 ᠰᠠᠷ᠎ᠠ ᠶᠢᠨ 12 ᠤᠨ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠦ᠂ ᠪᠦᠬᠦ ᠤᠯᠤᠰ  ᠤᠨ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨᠪᠠᠶᠢᠷᠢᠯᠠᠭᠤᠯᠪᠠ᠃
1.jpg
      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠨᠦᠬᠦᠳ᠂ ᠦᠪᠡᠷᠲᠡᠭᠡᠨ ᠵᠠᠰᠠᠬᠤ ᠤᠷᠤᠨ ᠤ ᠰᠢᠬᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠵᠡᠪᠰᠡᠭᠳᠦ ᠴᠠᠭᠳᠠᠭ᠎ᠠ ᠶᠢᠨ ᠥᠪᠦᠷ ᠮᠤᠩᠭᠤᠯ ᠤᠨ ᠶᠡᠷᠦᠩᠭᠡᠢ ᠠᠩᠬᠢ ᠶᠢᠨ ᠺᠤᠮᠢᠰᠰᠠᠷ᠂ ᠦᠪᠡᠷᠲᠡᠭᠡᠨ ᠵᠠᠰᠠᠬᠤ ᠤᠷᠤᠨ ᠤ ᠮᠤᠵᠢ ᠶᠢᠨ ᠲᠡᠰ ᠤᠨ ᠪᠤᠰᠤᠳ ᠤᠳᠤᠷᠢᠳᠬᠤ ᠨᠦᠬᠦᠳ᠂ ᠠᠵᠢᠯ ᠠᠴᠠ ᠪᠠᠨ ᠳᠠᠷᠬᠠᠯᠠᠭᠳᠠᠬᠰᠠᠨ ᠠᠵᠢᠯ ᠠᠴᠠ ᠪᠠᠨ ᠠᠮᠠᠷᠠᠭᠰᠠᠨ ᠭᠡᠰᠡᠭ ᠮᠤᠵᠢ ᠶᠢᠨ ᠲᠡᠰ ᠤᠨ ᠠᠬᠠᠮᠠᠳ ᠨᠦᠬᠦᠳ ᠬᠤᠷᠠᠯ ᠳᠤ ᠤᠷᠤᠯᠴᠠᠵᠠᠢ᠃
自治区党委召开干部大会传达贯彻全国“两会”精神.jpg
      ᠬᠤᠷᠠᠯ ᠳᠡᠭᠡᠷ᠎ᠠ᠂ ᠱᠢ ᠲᠠᠢ ᠹᠧᠩ ᠶᠡᠷᠦᠩᠭᠡᠢ ᠱᠦᠵᠢ ᠰᠢ ᠶᠢᠨ ᠫᠢᠩ ᠤᠨ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠥᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠡᠨ ᠵᠦᠪᠯᠡᠬᠦ ᠳᠤ ᠤᠷᠤᠯᠴᠠᠬᠤ ᠦᠶ᠎ᠠ ᠶᠢᠨ ᠴᠢᠬᠤᠯᠠ ᠶᠠᠷᠢᠶ᠎ᠠ ᠶᠢ ᠤᠯᠠᠮᠵᠢᠯᠠᠵᠦ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ  ᠤ ᠪᠠᠶᠢᠡᠭᠭᠤ ᠶᠢᠨ ᠳᠡᠳ᠋ ᠡᠷᠬᠢᠯᠡᠭᠴᠢ ᠨᠠᠰᠤᠨᠮᠦ᠋ᠩᠭᠡ ᠠᠷᠪᠡᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠤᠨ ᠲᠦᠷᠪᠡᠳᠦᠭᠡᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠯᠢ ᠰᠢᠦ ᠯᠢᠩ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠡᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠦᠷᠪᠡᠳᠦᠭᠡᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠪᠠ᠃      ᠱᠢ ᠲᠠᠢ ᠹᠧᠩ᠂ ᠰᠠᠶ᠋ᠢᠬᠠᠨ ᠲᠡᠬᠦᠰᠦᠭᠰᠡᠨ ᠪᠦᠬᠦ ᠤᠯᠤᠰ ᠤᠨ ︽ᠬᠤᠶᠠᠷ ᠬᠤᠷᠠᠯ︾ ᠪᠤᠯ ᠳᠤᠮᠳᠠᠳᠤ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠴᠢᠬᠤᠯᠠ ᠴᠠᠭ ᠮᠦᠴᠡ ᠪᠠ ︽ᠠᠷᠪᠡᠨ ᠲᠦᠷᠪᠡᠳᠦᠭᠡᠷ ᠲᠠᠪᠤᠨ ᠵᠢᠯ︾ ᠢ ᠡᠬᠢᠯᠡᠬᠦᠯᠬᠦ᠂ ᠰᠢᠨ᠎ᠠ ᠠᠶᠠᠨ ᠢ ᠡᠬᠢᠯᠡᠬᠦᠯᠬᠦ ᠵᠠᠩᠬᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠶᠡᠭᠡ ᠤᠯᠤᠰ ᠲᠦᠷᠦ ᠶᠢᠨ ᠠᠵᠢᠯᠯᠠᠭ᠎ᠠ ᠮᠦᠨ᠂ ᠬᠤᠷᠠᠯ ᠮᠠᠰᠢ ᠲᠡᠬᠦᠰ ᠠᠮᠵᠢᠯᠳᠠ ᠲᠠᠢ ᠬᠤᠷᠠᠯᠳᠤᠵᠦ᠂ ᠡᠯᠪᠡᠭ ᠠᠮᠵᠢᠯᠳᠠ ᠪᠦᠳᠦᠮᠵᠢ ᠤᠯᠵᠠᠢ᠃ ᠪᠦᠬᠦ ᠤᠷᠤᠨ ᠳᠠᠶᠠᠭᠠᠷ ᠢᠶᠠᠨ ᠲᠤᠰ ᠤᠳᠠᠭ᠎ᠠ ᠶᠢᠨ ᠪᠦᠬᠦ ᠤᠯᠤᠰ ᠤᠨ ︽ᠬᠤᠶᠠᠷ ᠬᠤᠷᠠᠯ︾ ᠤᠨ ᠴᠢᠬᠤᠯᠠ ᠶᠡᠭᠡ ᠠᠴᠢ ᠬᠤᠯᠪᠤᠭᠳᠠᠯ ᠢ ᠬᠦᠨᠵᠡᠭᠡᠢ ᠲᠠᠨᠢᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨ ᠬᠦ ᠪᠦᠬᠦ ᠤᠯᠤᠰ ᠤᠨ ︽ᠬᠤᠶᠠᠷ ᠬᠤᠷᠠᠯ︾ ᠤᠨ ᠵᠤᠷᠢᠭ ᠰᠠᠨᠠᠭ᠎ᠠ ᠲᠠᠢ ᠨᠢᠭᠡᠳᠭᠡᠨ᠂ ᠤᠬᠠᠮᠰᠠᠷ ᠠᠴᠠ ᠪᠠᠨ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠰᠤᠷᠤᠯᠴᠠᠨ ᠤᠬᠠᠭᠤᠯᠵᠦ ᠲᠤᠭᠤᠰᠢᠯᠠᠭᠤᠯᠬᠤ ᠠᠵᠢᠯ ᠢ ᠰᠠᠶᠢᠳᠤᠷ ᠠᠳᠬᠤᠬᠤ ᠭᠡᠷᠡᠭᠲᠡᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠤᠯᠠᠮᠵᠢᠯᠠᠨ ᠰᠤᠷᠤᠯᠴᠠᠬᠤ ᠠᠵᠢᠯ ᠢ ᠨᠠᠷᠢᠨ ᠨᠢᠮᠪᠠᠢ ᠵᠤᠬᠢᠶᠠᠨ ᠪᠠᠶᠢᠭᠤᠯᠵᠦ᠂ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠤᠳᠠᠳᠠᠢ ᠠᠷᠭ᠎ᠠ ᠭᠡᠮᠵᠢᠶ᠎ᠠ ᠲᠤᠭᠳᠠᠭᠠᠨ᠂ ᠰᠤᠷᠤᠯᠴᠠᠨ ᠲᠤᠭᠤᠰᠢᠯᠠᠭᠤᠯᠬᠤ ᠠᠵᠢᠯ ᠢ ᠬᠦᠨᠵᠡᠭᠡᠶᠢᠷᠡᠬᠦᠯᠦᠨ ᠰᠡᠳᠬᠢᠯ ᠳᠤ ᠬᠠᠳᠠᠩᠰᠢᠭᠤᠯᠵᠦ ᠪᠤᠳᠠᠳᠠᠶᠢᠵᠢᠭᠤᠯᠬᠤ ᠶᠢ ᠠᠬᠢᠭᠤᠯᠬᠤ ᠭᠡᠷᠡᠭᠲᠡᠢ᠃ ᠤᠬᠠᠭᠤᠯᠭ᠎ᠠ ᠶᠢ ᠦᠷᠭᠡᠨ ᠬᠡᠪᠴᠢᠶ᠎ᠡ ᠪᠠᠷ ᠬᠦᠨᠵᠡᠭᠡᠢ ᠦᠷᠨᠢᠬᠦᠯᠵᠤ᠂ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠦᠨᠳᠤᠰᠤᠨ ᠱᠠᠳᠤᠨ ᠳᠤ ᠬᠦᠨᠵᠡᠭᠡᠶᠢᠷᠡᠬᠦᠯᠬᠦ᠂ ᠠᠷᠠᠳ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠭᠡᠷᠡᠭᠳᠠᠢ᠃ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ᠂ ᠤᠯᠤᠰ ᠲᠦᠷᠤ ᠶᠢᠨ ᠵᠦᠪᠯᠡᠯᠭᠡᠨ ᠤ ᠭᠡᠰᠢᠬᠦᠳ ᠪᠠ ᠡᠯ᠎ᠡ ᠱᠠᠳᠤᠨ ᠤ ᠤᠳᠤᠷᠢᠳᠬᠤ ᠺᠠᠳ᠋ᠷᠴᠤᠳ ᠵᠢᠱᠢᠶ᠎ᠠ ᠦᠵᠡᠬᠦᠯᠬᠦ ᠦᠢᠯᠡᠳᠤᠯ ᠢᠶᠠᠨ ᠪᠠᠳᠠᠷᠠᠭᠤᠯᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠲᠦᠷᠦᠭᠦᠯᠡᠨ ᠰᠠᠶᠢᠳᠤᠷ ᠠᠳᠬᠤᠬᠤ ᠭᠡᠷᠡᠭᠳᠠᠢ ᠭᠡᠵᠤ ᠵᠢᠭᠠᠵᠤ ᠭᠠᠷᠭᠠᠪᠠ᠃      ᠱᠢ ᠲᠠᠢ ᠹᠧᠩ᠂ ᠶᠡᠷᠤᠩᠭᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠡᠨ ᠵᠦᠪᠯᠡᠬᠦ ᠳᠤ ᠤᠷᠤᠯᠴᠠᠬᠤ ᠦᠶ᠎ᠡ ᠶᠢᠨ ᠴᠢᠬᠤᠯᠠ ᠶᠠᠷᠢᠶ᠎ᠡ ᠨᠢ ᠪᠢᠳᠠᠨ ᠤ ᠰᠢᠨ᠎ᠡ ᠠᠶᠠᠨ ᠰᠢᠨ᠎ᠡ ᠱᠠᠳᠤᠨ ᠳᠤ ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢᠶᠠᠨ ᠪᠦᠳᠦᠭᠡᠨ ᠪᠠᠶᠢᠭᠤᠯᠬᠤ ᠶᠢ ᠠᠬᠢᠭᠤᠯᠬᠤ ᠳᠤ ᠦᠵᠡᠯ ᠰᠠᠨᠠᠭᠠᠨ ᠤ ᠵᠢᠷᠤᠮᠯᠠᠯ ᠪᠠ ᠠᠵᠢᠯᠯᠠᠭᠠᠨ ᠤ ᠵᠦᠭᠯᠡᠬᠦᠷ ᠬᠠᠨᠭ᠍ᠭᠠᠪᠠ᠃ ᠪᠦᠬᠦ ᠤᠷᠤᠨ ᠤ ᠡᠯ᠎ᠡ ᠱᠠᠳᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠬᠦᠨᠵᠡᠭᠡᠢ ᠰᠤᠷᠤᠯᠴᠠᠨ ᠨᠢᠮᠪᠠᠢ ᠡᠵᠡᠮᠰᠢᠨ ᠪᠠᠳᠤᠳᠠᠢ ᠦᠢᠯᠡᠳᠤᠯᠭᠡᠵᠢᠬᠦᠯᠵᠤ᠂ ᠶᠡᠷᠤᠩᠭᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠤᠨ ᠲᠤᠬᠠᠢ ᠰᠢᠷᠢᠰ ᠴᠢᠬᠤᠯᠠ ᠶᠠᠷᠢᠶ᠎ᠡ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠠᠭᠤᠰᠤᠯᠴᠠᠭᠤᠯᠤᠨ ᠨᠡᠪᠳᠡᠷᠡᠯᠴᠡᠬᠦᠯᠵᠦ᠂ ᠤᠯᠤᠰ ᠲᠦᠷᠦ ᠶᠢᠨ ᠲᠠᠯ᠎ᠡ ᠠᠴᠠ ᠰᠠᠶᠢᠳᠤᠷ ᠤᠢᠢᠯᠠᠭᠠᠨ ᠲᠤᠭᠤᠷᠠᠳᠠᠯ᠎ᠡ ᠤᠢᠢᠯᠠᠭᠠᠵᠤ᠂ ᠦᠢᠯᠡᠳᠤᠯᠭᠡ ᠶᠢᠨ ᠲᠤᠮᠳᠠ ᠰᠠᠶᠢᠳᠤᠷ ᠡᠵᠡᠮᠳᠡᠨ ᠤᠨᠤᠴᠠᠳᠠᠢ ᠡᠵᠡᠮᠳᠡᠵᠤ᠂ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠᠷ ᠲᠡᠷᠢᠬᠢ ᠲᠤᠯᠤᠭᠠᠢ ᠪᠠᠨ ᠰᠠᠶᠢᠳᠤᠷ ᠵᠡᠪᠰᠡᠭᠯᠡᠵᠤ᠂ ᠦᠢᠯᠡᠳᠤᠯᠭᠡ ᠪᠠᠨ ᠰᠠᠶᠢᠳᠤᠷ ᠵᠢᠯᠤᠭᠤᠳᠤᠭᠤᠯᠬᠤ ᠭᠡᠷᠡᠭᠳᠠᠢ᠃ ᠰᠢᠨ᠎ᠡ ᠬᠦᠭᠵᠢᠯᠳᠠ ᠶᠢᠨ ᠤᠢᠢᠯᠠᠭᠠᠬᠳᠠᠬᠤᠨ ᠢ ᠪᠦᠷᠢᠨ ᠪᠦᠳᠦᠨ᠂ ᠵᠦᠪ ᠤᠨᠤᠪᠴᠢᠳᠠᠢ᠂ ᠪᠦᠬᠦ ᠲᠠᠯ᠎ᠡ ᠪᠠᠷ ᠲᠤᠭᠤᠰᠢᠯᠠᠭᠤᠯᠬᠤ ᠲᠡᠭᠡᠷ᠎ᠡ ᠬᠦᠴᠤ ᠤᠷᠤᠭᠤᠯᠵᠤ᠂ ᠰᠢᠨ᠎ᠡ ᠬᠦᠭᠵᠢᠯᠳᠠ ᠶᠢᠨ ᠪᠠᠶᠢᠷᠢᠰᠢᠯ ᠳᠤ ᠬᠦᠴᠤᠯᠠᠨ ᠦᠢᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶᠢᠳᠠᠢ ᠬᠦᠭᠵᠢᠯᠳᠠ ᠶᠢ ᠯᠠᠪᠳᠠᠭᠤᠨ ᠪᠠᠳᠤᠳᠠᠢ ᠠᠬᠢᠭᠤᠯᠬᠤ ᠭᠡᠷᠡᠭᠳᠠᠢ᠃ ᠲᠤᠮᠳᠠᠳᠤ ᠶᠢᠨ ᠦᠨᠳᠤᠰᠤᠳᠡᠨ ᠤ ᠬᠠᠮᠳᠤ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ ᠲᠡᠭᠡᠷ᠎ᠡ ᠬᠦᠴᠤ ᠤᠷᠤᠭᠤᠯᠵᠤ᠂ ᠦᠨᠳᠤᠰᠤᠳᠡᠨ ᠤ ᠪᠦᠯᠬᠦᠮᠳᠡᠯ ᠤᠨ ᠶᠡᠭᠡ ᠲᠡᠯ᠎ᠡ ᠶᠢ ᠲᠠᠰᠤᠷᠠᠯᠳᠠ ᠦᠭᠡᠢ ᠪᠠᠬᠢᠵᠢᠬᠦᠯᠤᠨ ᠬᠦᠭᠵᠢᠬᠦᠯᠵᠤ᠂ ︽ᠵᠢᠱᠢᠶᠠᠴᠢ ᠦᠪᠡᠷᠳᠡᠭᠡᠨ ᠵᠠᠰᠬᠠᠤ ᠤᠷᠤᠨ︾ ᠤ ᠡᠷᠬᠢᠮ ᠲᠠᠭᠡᠳᠤ ᠢᠷᠠᠭᠤ ᠠᠯᠳᠠᠷ ᠢ ᠬᠤᠪᠢ ᠲᠠᠬᠢᠨ ᠢᠶᠠᠷ ᠨᠠᠨᠳᠢᠩᠨᠡᠵᠤ᠂ ᠦᠷᠬᠦᠯᠵᠢᠯᠡᠨ ᠪᠠᠳᠤᠯᠠᠬᠤ ᠭᠡᠷᠡᠭᠳᠠᠢ᠃ ᠨᠠᠮ ᠤᠨ ᠲᠡᠤᠭᠡ ᠶᠢᠨ ᠰᠤᠷᠤᠯᠴᠠᠯᠭ᠎ᠠ ᠬᠦᠮᠦᠵᠢᠯ ᠢ ᠰᠠᠶᠢᠳᠤᠷ ᠠᠳᠬᠤᠬᠤ ᠲᠡᠭᠡᠷ᠎ᠡ ᠬᠦᠴᠤ ᠤᠷᠤᠭᠤᠯᠵᠤ᠂ ᠦᠷᠭᠡᠨ ᠤᠯᠠᠨ ᠨᠠᠮ ᠤᠨ ᠭᠡᠰᠢᠬᠦᠨ᠂ ᠺᠠᠳ᠋ᠷ ᠢ ᠬᠦᠳᠦᠯᠤᠨ ᠲᠠᠭᠠᠭᠤᠯᠵᠦ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠢᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠭᠡᠬᠦ ᠴᠢᠳᠠᠪᠤᠷᠢ ᠶᠢ ᠨᠢ ᠲᠠᠰᠤᠷᠠᠯᠳᠠ ᠦᠭᠡᠢ ᠲᠡᠭᠡᠭᠰᠢᠯᠡᠬᠦᠯᠵᠦ᠂ ᠪᠦᠬᠦ ᠲᠠᠯ᠎ᠡ ᠪᠠᠷ ᠨᠠᠮ ᠢ ᠴᠢᠩᠭ᠎ᠠ ᠵᠠᠰᠠᠬᠤ ᠶᠢ ᠬᠦᠨᠵᠡᠭᠡᠶᠢᠷᠠᠬᠦᠯᠤᠨ ᠬᠦᠭᠵᠢᠬᠦᠯᠬᠦ ᠶᠢ ᠠᠬᠢᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃      ᠱᠢ ᠲᠠᠢ ᠹᠧᠩ᠂ ︽ᠠᠷᠪᠡᠨ ᠲᠦᠷᠪᠠᠳᠤᠭᠡᠷ ᠲᠠᠪᠤᠨ ᠵᠢᠯ︾ ᠢ ᠡᠬᠢᠯᠡᠬᠦᠯᠵᠤ᠂ ᠰᠢᠨ᠎ᠡ ᠠᠶᠠᠨ ᠢ ᠡᠬᠢᠯᠡᠬᠦᠯᠬᠦ ᠳᠤ ᠡᠴᠤᠰ ᠲᠡᠭᠡᠨ ᠬᠠᠰᠢ ᠯᠠ ᠠᠵᠢᠯᠯᠠᠬᠤ ᠳᠤ ᠲᠦᠰᠢᠭᠯᠡᠨ᠎ᠡ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠤᠩᠭᠡᠢ ᠬᠦᠭ ᠠᠶᠠᠰ ᠢ ᠪᠠᠷᠢᠮᠳᠠᠯᠠᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠬᠦᠭᠵᠢᠯᠳᠠ ᠪᠠ ᠠᠮᠤᠷ ᠲᠦᠪᠰᠢᠨ ᠢ ᠨᠢᠭᠡᠳᠤᠯᠳᠠᠢ ᠲᠦᠯᠦᠪᠵᠢᠬᠦᠯᠬᠦ ᠶᠢ ᠪᠠᠷᠢᠮᠳᠠᠯᠠᠵᠤ᠂ ︽ᠠᠷᠪᠡᠨ ᠲᠦᠷᠪᠠᠳᠤᠭᠡᠷ ᠲᠠᠪᠤᠨ ᠵᠢᠯ︾ ᠤᠨ ᠲᠦᠯᠦᠪᠵᠢᠬᠦᠯᠬᠡ ᠶᠢ ᠰᠠᠶᠢᠨ ᠡᠬᠢᠯᠡᠯᠳᠠ ᠲᠠᠢ ᠪᠤᠯᠭᠠᠬᠤ ᠲᠠᠢ ᠨᠢᠬᠳᠠ ᠤᠶᠠᠯᠳᠤᠭᠤᠯᠵᠤ᠂ ᠪᠦᠬᠦ ᠤᠯᠤᠰ ᠤᠨ ︽ᠬᠤᠶᠠᠷ ᠬᠤᠷᠠᠯ︾ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ᠂ ᠭᠤᠤᠯᠳᠠᠯᠭ᠎ᠠ ᠶᠢ ᠲᠤᠪᠤᠶᠢᠯᠭᠠᠵᠤ᠂ ᠨᠢᠭᠡᠳᠤᠯᠳᠠᠢ ᠲᠦᠯᠦᠪᠵᠢᠬᠦᠯᠬᠡ ᠶᠢ ᠴᠢᠩᠭᠠᠳᠬᠠᠨ᠂ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠠᠵᠢᠯ ᠢ ᠠᠯᠬᠤᠮ ᠠᠯᠬᠤᠮ ᠢᠶᠠᠷ ᠤᠷᠤᠬᠰᠢ ᠠᠬᠢᠭᠤᠯᠬᠤ ᠭᠡᠷᠡᠭᠳᠠᠢ᠃ ᠴᠢᠬᠤᠯᠠ ᠶᠡᠭᠡ ᠬᠦᠭᠵᠢᠯᠳᠠ ᠶᠢᠨ ᠲᠦᠯᠤᠪᠵᠢᠬᠦᠯᠬᠡ ᠶᠢ ᠨᠠᠶᠢᠷᠠᠭᠤᠯᠤᠨ ᠵᠤᠬᠢᠶᠠᠵᠦ ᠭᠡᠷᠡᠭᠵᠢᠬᠦᠯᠬᠦ ᠶᠢ ᠲᠦᠷᠬᠡᠨ ᠠᠬᠢᠭᠤᠯᠵᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠦᠯᠤᠪᠵᠢᠬᠦᠯᠬᠡ ᠶᠢᠨ ᠲᠤᠬᠠᠢ ᠰᠠᠨᠠᠭᠤᠯᠭ᠎ᠠ ᠪᠠ ᠦᠪᠡᠷᠳᠡᠬᠡᠨ ᠵᠠᠰᠠᠬᠤ ᠤᠷᠤᠨ ᠤ ᠲᠦᠯᠤᠪᠵᠢᠬᠦᠯᠬᠡ ᠶᠢᠨ ᠬᠦᠳᠤᠯᠪᠤᠷᠢ ᠶᠢᠨ ᠢᠵᠢ ᠪᠦᠷᠢᠳᠤᠬᠦᠯᠬᠦ ᠲᠦᠯᠤᠪᠵᠢᠬᠦᠯᠬᠡ ᠶᠢᠨ ᠰᠢᠰᠲ᠋ᠧᠮ ᠢ ᠲᠦᠷᠬᠡᠨ ᠪᠦᠷᠢᠯᠳᠤᠬᠦᠯᠵᠤ᠂ ᠲᠦᠯᠤᠪᠵᠢᠬᠦᠯᠬᠡ ᠶᠢ ᠭᠡᠷᠡᠭᠵᠢᠬᠦᠯᠬᠦ ᠶᠢ ᠬᠢᠨᠠᠨ ᠬᠡᠮᠵᠢᠵᠤ ᠦᠨᠡᠯᠡᠨ ᠵᠢᠱᠢᠬᠦ᠂ ᠲᠦᠷᠤ ᠶᠢᠨ ᠪᠤᠳᠤᠯᠭ᠎ᠠ ᠶᠢᠨ ᠪᠠᠳᠤᠯᠠᠭ᠎ᠠ᠂ ᠬᠢᠨᠠᠨ ᠰᠢᠯᠭᠠᠵᠤ ᠬᠢᠨᠠᠯᠳᠠ ᠲᠠᠯᠪᠢᠬᠤ ᠵᠡᠷᠬᠡ ᠲᠤᠬᠳᠠᠴᠠ ᠶᠢ ᠪᠠᠶᠢᠭᠤᠯᠤᠨ ᠲᠡᠬᠦᠯᠳᠡᠷᠵᠢᠬᠦᠯᠵᠤ᠂ ᠨᠠᠶᠢᠳᠠᠪᠤᠷᠢᠵᠢᠭᠤᠯᠤᠨ ᠭᠡᠷᠡᠭᠵᠢᠬᠦᠯᠬᠦ ᠶᠢ ᠴᠢᠨᠠᠷ ᠰᠠᠶᠢᠳᠠᠢ ᠦᠨᠳᠤᠷ ᠦᠷ᠎ᠠ ᠪᠦᠳᠤᠮᠵᠢᠳᠠᠢ ᠪᠠᠷ ᠠᠬᠢᠭᠤᠯᠬᠤ ᠭᠡᠷᠡᠭᠳᠠᠢ᠃ ᠠᠵᠤ ᠠᠬᠤᠢ ᠶᠢᠨ ᠦᠷᠬᠦᠯᠵᠢᠯᠡᠨ ᠰᠡᠷᠬᠦᠬᠦ ᠪᠠ ᠲᠤᠭᠳᠠᠭᠤᠨ ᠠᠵᠢᠯᠯᠠᠭᠠᠨ ᠢ ᠪᠦᠬᠦ ᠬᠦᠴᠤ ᠪᠠᠷ ᠢᠶᠠᠨ ᠠᠬᠢᠭᠤᠯᠵᠤ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ ᠰᠠᠶᠢᠳᠤᠷ ᠬᠢᠬᠦ᠂ ︽ᠵᠢᠷᠭᠤᠭ᠎ᠠ ᠶᠢ ᠪᠠᠳᠤᠯᠠᠬᠤ︾ ᠡᠬᠦᠷᠬᠡ ᠶᠢ ᠨᠠᠶᠢᠳᠠᠪᠤᠷᠢᠵᠢᠭᠤᠯᠬᠤ ᠶᠢ ᠬᠦᠴᠦᠯᠡᠨ ᠰᠠᠶᠢᠳᠤᠷ ᠬᠢᠵᠦ᠂ ᠴᠢᠬᠤᠯᠠ ᠶᠡᠭᠡ ᠲᠦᠷᠤᠯ ᠵᠦᠢᠯ ᠤᠨ ᠪᠦᠳᠤᠬᠡᠨ ᠪᠠᠶᠢᠭᠤᠯᠤᠯᠳᠠ ᠶᠢ ᠬᠦᠴᠤᠯᠠᠨ ᠰᠠᠶᠢᠳᠤᠷ ᠠᠳᠬᠤᠵᠤ᠂ ᠤᠢᠢᠯᠡᠳᠪᠤᠷᠢᠯᠠᠯ ᠪᠦᠳᠤᠬᠡᠨ ᠪᠠᠶᠢᠭᠤᠯᠤᠯᠳᠠ ᠶᠢᠨ ︽ᠰᠢᠵᠢᠷ ᠠᠯᠳᠠᠨ ᠤᠯᠠᠷᠢᠯ︾ ᠢ ᠠᠮᠵᠢᠵᠤ ᠮᠠᠯ ᠠᠵᠤ ᠠᠬᠤᠢ ᠲᠠᠷᠢᠶᠠᠯᠠᠩ ᠤᠨ ᠤᠢᠢᠯᠡᠳᠪᠤᠷᠢᠯᠡᠯ᠂ ᠠᠵᠤ ᠤᠢᠢᠯᠡᠳᠪᠤᠷᠢ ᠶᠢᠨ ᠠᠵᠤ ᠠᠬᠤᠢ ᠶᠢᠨ ᠠᠵᠢᠯᠯᠠᠭᠠᠨ ᠪᠤᠯᠤᠨ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠤᠠ ᠠᠪᠴᠢᠷᠠᠬᠤ ᠵᠡᠷᠬᠡ ᠠᠵᠢᠯ ᠢ ᠪᠦᠬᠦ ᠬᠦᠴᠤ ᠪᠠᠷ ᠢᠶᠠᠨ ᠠᠬᠢᠭᠤᠯᠵᠤ᠂ ᠤᠨ ᠤ ᠬᠦᠭᠵᠢᠯᠳᠠ ᠶᠢᠨ ᠬᠠᠷᠠᠯᠳᠠ ᠡᠬᠦᠷᠬᠡ ᠶᠢ ᠪᠡᠶᠡᠯᠡᠬᠦᠯᠬᠦ ᠳᠤ ᠰᠠᠶᠢᠨ ᠰᠠᠶᠢᠬᠠᠨ ᠰᠠᠭᠤᠷᠢ ᠲᠠᠯᠪᠢᠬᠤ ᠭᠡᠷᠡᠭᠳᠠᠢ᠃ ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠭᠡᠶᠢᠯᠡᠬᠦ᠂ ᠳᠤᠳᠤᠭᠠᠳᠤ ᠳᠠᠭᠠᠨ ᠲᠠᠬᠢᠨ ᠲᠡᠯᠬᠡᠷᠡᠬᠦ ᠶᠢ ᠰᠡᠷᠬᠡᠶᠢᠯᠡᠬᠦ ᠠᠵᠢᠯ ᠢ ᠦᠴᠤᠬᠡᠨ ᠴᠦ ᠰᠤᠯᠠᠷᠠᠭᠤᠯᠤᠯ ᠦᠬᠡᠢ ᠰᠠᠶᠢᠳᠤᠷ ᠠᠳᠬᠤᠵᠤ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠪᠤᠳᠠᠳᠠᠶᠢᠵᠢᠭᠤᠯᠤᠨ᠂ ︽ᠲᠦᠷᠪᠡᠨ ᠡᠷᠳᠡ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠤᠬᠯᠠᠷᠠᠯ ᠤᠨ ᠴᠢᠨᠠᠷᠳᠠᠢ ᠬᠢᠵᠢᠭ ᠤᠨ ᠪᠠᠶᠢᠳᠠᠯ ᠭᠠᠷᠬᠤ ᠪᠠ ᠡᠪᠡᠳᠴᠢᠨ ᠤ ᠵᠢᠱᠢᠶ᠎ᠠ ᠬᠠᠯᠳᠠᠪᠤᠷᠢᠯᠠᠨ ᠦᠷᠬᠡᠵᠢᠬᠦ ᠶᠢ ᠡᠷᠡᠰ ᠰᠡᠷᠬᠡᠶᠢᠯᠡᠬᠦ ᠭᠡᠷᠡᠭᠳᠠᠢ᠃ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠠᠶᠢᠵᠢᠷᠠᠭᠤᠯᠤᠨ ᠰᠢᠯᠢᠳᠡᠭᠵᠢᠬᠦᠯᠬᠦ ᠶᠢ ᠡᠷᠡᠰ ᠬᠦᠴᠤᠳᠠᠢ ᠠᠬᠢᠭᠤᠯᠵᠤ᠂ ᠠᠰᠠᠭᠤᠳᠠᠯ ᠢ ᠰᠢᠢᠳᠪᠤᠷᠢᠯᠡᠬᠦ ᠠᠴᠠ ᠭᠠᠷᠳᠠᠵᠤ᠂ ᠲᠤᠰᠬᠠᠢ ᠴᠡᠭᠴᠡᠯᠡᠨ ᠵᠠᠰᠠᠯᠳᠠ ᠪᠠᠷ ᠪᠠᠶᠢᠳᠠᠯ ᠢ ᠬᠤᠪᠢᠷᠠᠭᠤᠯᠤᠨ᠂ ᠤᠯᠤᠰ ᠲᠦᠷᠤ ᠶᠢᠨ ᠪᠠᠶᠢᠭᠤᠯᠤᠯᠳᠠ ᠪᠠᠷ ᠬᠦᠳᠤᠯᠤᠨ ᠵᠢᠯᠤᠭᠤᠳᠴᠤ᠂ ᠤᠯᠠᠨ ᠠᠷᠭ᠎ᠠ ᠬᠡᠮᠵᠢᠶ᠎ᠠ ᠶᠢ ᠵᠡᠷᠬᠡ ᠪᠠᠷ ᠭᠡᠷᠡᠭᠵᠢᠬᠦᠯᠵᠤ᠂ ᠶᠠᠷᠤᠩᠬᠡᠶᠢᠯᠠᠨ ᠵᠠᠰᠠᠵᠤ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ᠂ ᠤᠯᠤᠰ ᠲᠦᠷᠤ ᠶᠢᠨ ᠠᠮᠢ ᠠᠬᠤᠢ ᠶᠢ ᠴᠡᠪᠡᠷᠰᠢᠬᠦᠯᠬᠦ ᠪᠦᠬᠦᠯᠢ ᠴᠤᠬᠴᠠ ᠶᠢᠨ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠰᠠᠶᠢᠳᠤᠷ ᠬᠢᠵᠦ᠂ ᠡᠯ᠎ᠠ ᠵᠦᠢᠯ ᠤᠨ ᠵᠠᠬ᠎ᠠ ᠲᠡᠯᠬᠡᠬᠦᠷ ᠤᠨ ᠭᠤᠤᠯ ᠴᠤᠬᠴᠠ ᠪᠤᠯᠤᠨ ᠠᠷᠠᠳ ᠤᠯᠠᠨ ᠳᠤ ᠤᠷᠴᠢᠨ ᠲᠤᠭᠤᠷᠢᠨ ᠰᠠᠶᠢᠵᠢᠷᠠᠭᠰᠠᠨ ᠬᠤᠪᠢᠷᠠᠯᠳᠠ ᠶᠢ ᠦᠨᠡᠨ ᠬᠦ ᠮᠡᠳᠡᠷᠡᠬᠦᠯᠦᠨ᠂ ᠤᠢᠢᠯᠡᠰ ᠪᠤᠰᠬᠠᠵᠤ ᠤᠢᠢᠯᠡᠰ ᠢᠶᠠᠨ ᠮᠠᠨᠳᠤᠭᠤᠯᠬᠤ ᠢᠳᠡᠬᠡᠯ ᠵᠤᠷᠢᠬ ᠢ ᠪᠤᠢ ᠪᠤᠯᠭᠠᠬᠤ ᠭᠡᠷᠡᠭᠳᠠᠢ᠃ ᠠᠮᠤᠷ ᠲᠦᠪᠰᠢᠨ ᠲᠤᠭᠳᠠᠭᠤᠨ ᠢ ᠬᠠᠮᠠᠭᠠᠯᠠᠬᠤ ᠠᠵᠢᠯ ᠢ ᠰᠠᠶᠢᠳᠤᠷ ᠬᠢᠬᠦ ᠶᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠨᠡᠶᠢᠬᠡᠮ ᠤᠨ ᠵᠦᠷᠢᠴᠡᠯ ᠢ ᠵᠢᠬᠰᠠᠭᠠᠨ ᠪᠠᠶᠢᠴᠠᠭᠠᠵᠤ ᠰᠢᠢᠳᠪᠤᠷᠢᠯᠡᠬᠦ᠂ ᠠᠮᠤᠷ ᠲᠦᠪᠰᠢᠨ ᠤ ᠬᠡᠮ ᠰᠤᠭᠤᠬ ᠢ ᠵᠢᠬᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠬᠦᠨᠳᠤ ᠶᠡᠭᠡ ᠠᠶᠤᠯ ᠲᠦᠭᠰᠢᠬᠦᠷᠢ ᠶᠢ ᠰᠡᠷᠬᠡᠶᠢᠯᠡᠨ ᠰᠢᠢᠳᠪᠤᠷᠢᠯᠡᠬᠦ ᠵᠡᠷᠬᠡ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠨᠡᠶᠢᠬᠡᠮ  ᠤᠨ ᠶᠡᠭᠡ ᠲᠠᠯ᠎ᠠ ᠶᠢᠨ ᠡᠶ᠎ᠡ ᠵᠤᠬᠢᠴᠠᠩᠭᠤᠢ ᠲᠤᠭᠳᠠᠭᠤᠨ ᠢ ᠪᠠᠳᠤᠯᠠᠵᠤ᠂ ᠡᠬᠡ ᠤᠯᠤᠰ ᠤᠨ ᠤᠮᠠᠷᠠᠳᠤ ᠬᠢᠯᠢ ᠶᠢᠨ ᠠᠮᠤᠷ ᠲᠤᠭᠳᠠᠭᠤᠨ ᠤ ᠬᠠᠯᠬᠠᠪᠴᠢ ᠪᠤᠯᠤᠨ ᠨᠡᠶᠢᠰᠯᠡᠯ ᠤᠨ ︽ᠤᠨᠠᠭᠤᠯᠢ ᠭᠤᠤᠯ︾ ᠤᠨ ᠪᠠᠶᠢᠪᠠᠰᠤ ᠵᠤᠬᠢᠬᠤ ᠤᠢᠢᠯᠡᠳᠤᠯ ᠢ ᠰᠠᠶᠢᠳᠤᠷ ᠪᠠᠳᠠᠷᠠᠭᠤᠯᠬᠤ ᠭᠡᠷᠡᠭᠳᠠᠢ᠃ ᠠᠷᠠᠳᠴᠢᠯᠠᠯ ᠬᠠᠤᠯᠢᠵᠢᠯ ᠤᠨ ᠪᠠᠶᠢᠭᠤᠯᠤᠯᠳᠠ  ᠶᠢ ᠬᠦᠨᠵᠡᠬᠡᠢ ᠯᠠᠪᠳᠠᠭᠤᠨ ᠠᠬᠢᠭᠤᠯᠵᠤ᠂ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ᠂ ᠤᠯᠤᠰ ᠲᠦᠷᠤ ᠶᠢᠨ ᠵᠦᠪᠯᠡᠯᠬᠡᠨ ᠤ ᠠᠵᠢᠯ ᠢ ᠤᠯᠠᠮ ᠴᠢᠨᠠᠬᠰᠢᠳᠠ ᠰᠠᠶᠢᠳᠤᠷ ᠬᠢᠵᠤ᠂ ᠬᠠᠤᠯᠢ ᠪᠠᠷ ᠤᠷᠤᠨ ᠢᠶᠠᠨ ᠵᠠᠰᠠᠬᠤ ᠡᠯ᠎ᠠ ᠵᠦᠢᠯ ᠤᠨ ᠠᠷᠭ᠎ᠠ ᠬᠡᠮᠵᠢᠶ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠲᠦᠪ ᠬᠤᠷᠢᠶᠠᠨ  ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠵᠤᠬᠢᠴᠠᠩᠭᠤᠢ ᠨᠢᠬᠡᠳᠤᠯᠳᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠬᠠᠮᠳᠤᠷᠠᠯ ᠬᠦᠴᠤᠨ ᠪᠦᠷᠢᠯᠳᠦᠬᠦ ᠶᠢ ᠠᠬᠢᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃      ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠠ ᠠᠶᠢᠮᠠᠬ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠬ︶ ᠳᠤ ᠬᠤᠪᠢᠶᠠᠷᠢ ᠬᠤᠷᠠᠯ ᠤᠨ ᠲᠠᠯᠠᠪᠠᠢ ᠳᠤᠬᠢᠷᠠᠭᠤᠯᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ