ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ《 ᠺᠦᠨᠯᠦ᠋ᠨ 2020 》 ᠲᠤᠰᠬᠠᠶ ᠠᠵᠢᠯᠯᠠᠭ᠎ᠠ᠂ 2020 ᠣᠨ ᠤ ᠪᠥᠬᠦ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠠᠵᠢᠯ᠂ 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠵᠡᠷᠭᠡ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ
ᠨᠡᠶᠢᠲᠡᠯᠡᠭᠰᠡᠨ ᠴᠠᠭ᠄
2021/3/15
     1 ᠳ᠋ᠦ᠋ᠭᠡᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ《 ᠺᠦᠨᠯᠦ᠋ᠨ 2020》 ᠲᠤᠰᠬᠠᠶ ᠠᠵᠢᠯᠯᠠᠭ᠎ᠠ᠂ 2020 ᠣᠨ ᠤ ᠪᠥᠬᠦ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠠᠵᠢᠯ᠂ 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠵᠡᠷᠭᠡ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠢᠳᠡᠭᠡᠨ ᠪᠠ ᠡᠮ ᠤᠨ ᠵᠦᠶᠯᠡᠰ ᠤᠨ ᠣᠷᠴᠢᠨ ᠲᠣᠭᠤᠷᠢᠨ ᠤ ᠳᠡᠩᠨᠡᠨ ᠪᠠᠶᠢᠴᠠᠭᠠᠯᠲᠠ ᠶᠢᠨ ᠶᠡᠷᠦᠩᠬᠡᠶ ᠠᠩᠭᠢ ᠶᠢᠨ ᠳᠠᠷᠤᠭ᠎ᠠ ᠵᠣᠣ ᠢᠦ᠋ᠶ ᠾᠧ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ ᠹᠸᠩ ᠬᠤ᠋᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ ᠲᠣᠪᠴᠢᠶ᠎ᠠ ᠶᠢᠨ ᠬᠤᠶᠠᠳᠤᠭᠠᠷ ᠳᠡᠰ ᠤᠨ ᠴᠠᠭᠳᠠᠭᠠᠨ ᠤ ᠶᠠᠪᠤᠳᠠᠯ ᠤᠨ ᠲᠤᠰᠬᠠᠶ ᠲᠤᠰᠢᠶᠠᠯᠲᠠᠨ ᠬᠤᠤ ᠰᠧ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠢᠭᠤᠴᠠ ᠮᠡᠳᠡᠭᠡᠨ ᠤ ᠵᠢᠯᠣᠭᠤᠳᠬᠤ ᠲᠥᠪ ᠤᠨ ᠭᠥᠯᠢᠶᠡᠨ ᠠᠪᠴᠤ ᠰᠢᠶᠳᠪᠦᠷᠢᠯᠡᠬᠦ ᠴᠠᠭᠳᠠᠭ᠎ᠠ ᠶᠢᠨ ᠵᠢᠯᠣᠭᠤᠳᠬᠤ ᠰᠠᠯᠪᠤᠷᠢ ᠠᠩᠭᠢ ᠶᠢᠨ ᠳᠠᠷᠤᠭ᠎ᠠ ᠸᠧᠨ ᠦ ᠵᠢᠦᠸᠠᠨ ᠬᠠᠮᠢᠶ᠎ᠠ ᠪᠥᠬᠦᠶ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃                 ᠭᠤᠤᠯᠳᠠᠯᠭ᠎ᠠ ᠲᠠᠢ ᠴᠡᠭᠴᠡᠯᠡᠨ ᠵᠠᠰᠠᠬᠤ ᠪᠠ ᠡᠬᠢ ᠡᠭᠦᠰᠦᠯ ᠠᠴᠠ ᠨᠢ ᠵᠠᠰᠠᠬᠤ ᠶᠢ ᠳᠣᠪᠣᠶᠢᠯᠭᠠᠵᠤ᠂ ᠢᠳᠡᠭᠡᠨ ᠤᠮᠳᠠᠭᠠᠨ                 ᠡᠮ ᠲᠠᠩ ᠤᠨ ᠬᠦᠷᠢᠶᠡᠨ   ᠳᠠᠬᠢ ᠬᠠᠤᠯᠢ   ᠶᠢ  ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠶ᠎ᠡ                                      ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠢᠳᠡᠭᠡᠨ ᠪᠠ ᠡᠮ ᠤᠨ ᠣᠷᠴᠢᠨ                                      ᠲᠣᠭᠤᠷᠢᠨ ᠤ ᠳᠡᠩᠨᠡᠨ  ᠪᠠᠶᠢᠴᠠᠭᠠᠬᠤ ᠶᠡᠷᠦᠩᠬᠡᠶ ᠠᠩᠭᠢ ᠶᠢᠨ ᠳᠠᠷᠤᠭ᠎ᠠ ᠵᠣᠣ ᠢᠦ᠋ᠶ ᠾᠧ     2020 ᠣᠨ ᠠᠴᠠ ᠨᠠᠰᠢ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠢᠳᠡᠭᠡᠨ ᠪᠠ ᠡᠮ ᠤᠨ ᠵᠦᠶᠯᠡᠰ ᠤᠨ ᠣᠷᠴᠢᠨ ᠲᠣᠭᠤᠷᠢᠨ ᠤ ᠳᠡᠩᠨᠡᠨ ᠪᠠᠶᠢᠴᠠᠭᠠᠬᠤ ᠰᠠᠯᠠᠭ᠎ᠠ ᠮᠥᠴᠢᠷ ᠤᠳ ᠳᠣᠲᠣᠭᠠᠳᠤ ᠶᠢ ᠬᠠᠮᠠᠭᠠᠯᠠᠬᠤ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ  ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂《 ᠺᠦᠨᠯᠦ᠋ᠨ 》 ᠤ ᠰᠢᠷᠢᠰ ᠲᠤᠰᠬᠠᠶ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠤᠤᠯᠳᠠᠯᠭ᠎ᠠ ᠲᠠᠢ ᠴᠡᠭᠴᠡᠯᠡᠨ ᠵᠠᠰᠠᠬᠤ ᠪᠠ ᠡᠬᠢ ᠡᠭᠦᠰᠦᠯ ᠠᠴᠠ ᠨᠢ ᠵᠠᠰᠠᠬᠤ ᠶᠢ ᠳᠣᠪᠣᠶᠢᠯᠭᠠᠨ᠂ ᠬᠡᠷᠡᠭ ᠢᠯᠡᠷᠡᠭᠦᠯᠵᠦ ᠪᠣᠭᠤᠮᠲᠠ ᠰᠢᠪᠲᠤᠯᠬᠤ ᠶᠢ ᠪᠥᠬᠦ ᠬᠦᠴᠦᠨ ᠢᠶᠠᠷ ᠴᠢᠩᠭᠠᠷᠠᠭᠤᠯᠵᠤ᠂ ᠢᠳᠡᠭᠡᠨ ᠪᠠ ᠡᠮ ᠤᠨ ᠵᠦᠶᠯᠡᠰ ᠤᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂《 ᠬᠤᠶᠠᠷ ᠬᠠᠯᠬᠠᠪᠴᠢ 》 ᠶᠢᠨ ᠦᠨᠡᠨᠴᠢ ᠬᠠᠮᠠᠭᠠᠯᠠᠭᠴᠢ ᠶᠢ ᠡᠷᠡᠰ ᠰᠠᠶᠢᠲᠤᠷ ᠬᠢᠪᠠ᠃     2020 ᠣᠨ ᠳᠤ᠂《 ᠺᠦᠨᠯᠦ᠋ᠨ 2020 》ᠲᠤᠰᠬᠠᠶ ᠠᠵᠢᠯᠯᠠᠭ᠎ᠠ ᠳᠤᠮᠳᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠡᠯ᠎ᠡ ᠲᠥᠷᠥᠯ ᠤᠨ ᠡᠷᠡᠭᠦᠦ ᠶᠢᠨ ᠬᠡᠷᠡᠭ ᠢ ᠨᠡᠶᠢᠲᠡ 1591 ᠢᠯᠡᠷᠡᠭᠦᠯᠵᠦ᠂ 34 ᠡᠪᠰᠡᠯ ᠪᠦᠯᠦᠭ ᠢ ᠰᠦᠶᠷᠡᠭᠦᠯᠵᠦ᠂ 47 ᠡᠭᠦᠷ ᠢ ᠠᠷᠢᠯᠭᠠᠵᠤ᠂ 2329 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠥᠷᠲᠡᠭ ᠨᠢ ᠪᠠᠷᠤᠭ 49 . 65 ᠳ᠋ᠦᠩᠰᠢᠭᠤᠷ ᠲᠥᠭᠦᠷᠢᠭ ᠲᠤ ᠬᠦᠷᠴᠡᠶ᠃     ᠡᠭᠦᠨ ᠳᠤ᠂《 ᠺᠦᠨᠯᠦ᠋ᠨ 1 ᠳ᠋ᠦ᠋ᠭᠡᠷ ᠲᠣᠭᠠᠲᠤ 》ᠢᠳᠡᠭᠡᠨ ᠤ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯᠯᠠᠭ᠎ᠠ ᠳᠤᠮᠳᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠡᠶᠢᠲᠡ 125 ᠬᠡᠷᠡᠭ ᠢ ᠢᠯᠡᠷᠡᠭᠦᠯᠵᠦ᠂ 5 ᠡᠪᠰᠡᠯ ᠪᠦᠯᠦᠭ ᠢ ᠰᠦᠶᠷᠡᠭᠦᠯᠵᠦ᠂ 13 ᠡᠭᠦᠷ ᠢ ᠠᠷᠢᠯᠭᠠᠵᠤ᠂ 227 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠶᠡᠷᠦᠩᠬᠡᠶ ᠥᠷᠲᠡᠭ ᠨᠢ ᠪᠠᠷᠤᠭ 2 . 95 ᠳ᠋ᠦᠩᠰᠢᠭᠤᠷ ᠲᠥᠭᠦᠷᠢᠭ ᠲᠤ ᠬᠦᠷᠴᠡᠶ᠃ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠸᠠᠩ ᠣᠪᠣᠭᠲᠤ ᠵᠡᠷᠭᠡ ᠠᠮᠢᠲᠠᠨ ᠤᠷᠭᠤᠮᠠᠯ ᠤᠨ ᠬᠢᠵᠢᠭ ᠢ ᠰᠡᠷᠭᠡᠶᠢᠯᠡᠬᠦ ᠶᠢ ᠬᠠᠷᠰᠢᠯᠠᠭᠰᠠᠨ ᠬᠡᠷᠡᠭ ᠢ ᠳᠡᠩᠨᠡᠨ ᠢᠯᠡᠷᠡᠭᠦᠯᠵᠦ᠂ 8 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠥᠪᠥᠷ ᠮᠣᠩᠭᠤᠯ᠂ ᠵᠢᠶᠠᠩᠰᠦ᠂ ᠱᠠᠨᠳᠦ᠋ᠩ᠂ ᠱᠠᠩᠬᠠᠶ ᠳᠥᠷᠪᠡᠨ ᠮᠤᠵᠢ ( ᠣᠷᠣᠨ ᠬᠤᠲᠠ ) ᠳᠤ ᠬᠤᠯᠪᠣᠭᠳᠠᠭᠰᠠᠨ ᠰᠢᠯᠭᠠᠨ ᠪᠠᠶᠢᠴᠠᠭᠠᠵᠤ ᠬᠢᠵᠢᠭ ᠪᠠᠶᠢᠴᠠᠭᠠᠬᠤ ᠳᠤ ᠬᠢᠷᠢ ᠲᠡᠩᠴᠡᠭᠰᠡᠨ ᠭᠡᠷᠡᠴᠢ ᠶᠢ ᠬᠠᠭᠤᠷᠮᠠᠭᠯᠠᠨ ᠵᠣᠬᠢᠶᠠᠵᠤ ᠮᠤᠵᠢ ᠠᠯᠤᠰᠯᠠᠨ ᠠᠮᠢᠳᠤ ᠭᠠᠭ᠋ᠠᠶ ᠶᠢ ᠬᠠᠤᠯᠢ ᠪᠤᠰᠤ ᠪᠠᠷ ᠫᠠᠨᠽᠠᠯᠠᠭᠰᠠᠨ ᠶᠠᠯᠠᠲᠤ ᠠᠵᠢᠯᠯᠠᠭ᠎ᠠ ᠶᠢᠨ ᠬᠡᠯᠬᠢᠶ᠎ᠡ ᠶᠢ ᠲᠤᠶᠢᠯᠪᠤᠷᠢᠲᠠᠶ ᠠᠷᠢᠯᠭᠠᠪᠠ᠃ ᠲᠤᠰ ᠬᠡᠷᠡᠭ ᠲᠤ᠂ ᠶᠠᠯ᠎ᠠ ᠬᠢᠭᠰᠡᠨ ᠰᠡᠵᠢᠭᠳᠡᠨ ᠠᠮᠢᠲᠠᠨ ᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠬᠤᠳᠠᠯ ᠬᠠᠭᠤᠷᠮᠠᠭ ᠭᠡᠷᠡᠴᠢ ᠮᠠᠲ᠋ᠧᠷᠢᠶᠠᠯ ᠵᠣᠬᠢᠶᠠᠵᠤ᠂《 ᠠᠮᠢᠲᠠᠨ ᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ 》 ᠶᠢ 140 ᠬᠤᠪᠢ ᠬᠠᠭᠤᠷᠮᠠᠭᠯᠠᠨ ᠵᠣᠬᠢᠶᠠᠵᠤ᠂ 15602 ᠭᠠᠭ᠋ᠠᠶ ᠳᠤ ᠬᠤᠯᠪᠣᠭᠳᠠᠵᠠᠶ᠃  《 ᠺᠦᠨᠯᠦ᠋ᠨ 2 ᠳ᠋ᠤᠭᠠᠷ 》 ᠤᠨ ᠡᠮ ᠤᠨ ᠵᠦᠶᠯ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯᠯᠠᠭ᠎ᠠ ᠳᠤᠮᠳᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠡᠶᠢᠲᠡ 25 ᠬᠡᠷᠡᠭ ᠢ ᠢᠯᠡᠷᠡᠭᠦᠯᠵᠦ᠂ 28 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠶᠡᠷᠦᠩᠬᠡᠶ ᠥᠷᠲᠡᠭ ᠨᠢ ᠪᠠᠷᠤᠭ 1412 ᠲᠦᠮᠡᠨ ᠲᠥᠭᠦᠷᠢᠭ ᠲᠤ ᠬᠦᠷᠴᠡᠶ᠃ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ《 503 》 ᠶᠢᠨ ᠬᠠᠭᠤᠷᠮᠠᠭ ᠮᠠᠭᠤ ᠲᠠᠷᠢᠶᠠᠨ ᠡᠮ ᠦᠶᠯᠡᠳᠪᠦᠷᠢᠯᠡᠵᠦ ᠪᠣᠷᠣᠯᠠᠭᠤᠯᠤᠭᠰᠠᠨ ᠬᠡᠷᠡᠭ ᠢ ᠳᠡᠩᠨᠡᠨ ᠢᠯᠡᠷᠡᠭᠦᠯᠵᠦ᠂ 22 ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 1000 ᠭᠠᠷᠤᠶ ᠲᠦᠮᠡᠨ ᠲᠥᠭᠦᠷᠢᠭ ᠲᠤ ᠬᠦᠷᠴᠦ᠂ 10 ᠮᠤᠵᠢ ᠶᠢᠨ 24 ᠭᠠᠵᠠᠷ ᠲᠤ ᠬᠠᠭᠤᠷᠮᠠᠭ ᠮᠠᠭᠤ ᠲᠠᠷᠢᠶᠠᠨ ᠡᠮ ᠣᠺᠲ᠋ᠠ ᠬᠦᠬᠦᠷ ᠹᠣᠰᠹᠣᠷ ᠦᠶᠯᠡᠳᠪᠦᠷᠢᠯᠡᠵᠦ ᠪᠣᠷᠣᠯᠠᠭᠤᠯᠤᠭᠰᠠᠨ ᠶᠠᠯᠠᠲᠤ ᠠᠵᠢᠯᠯᠠᠭ᠎ᠠ ᠶᠢᠨ ᠬᠡᠯᠬᠢᠶ᠎ᠡ ᠶᠢ ᠲᠤᠶᠢᠯᠪᠤᠷᠢᠲᠠᠶ ᠲᠡᠰᠦᠯᠪᠡ᠃  《 ᠺᠦᠨᠯᠦ᠋ᠨ 3 ᠳ᠋ᠤᠭᠠᠷ 》ᠠᠮᠢ ᠠᠬᠤᠶ ᠣᠷᠴᠢᠨ ᠲᠣᠭᠤᠷᠢᠨ ᠤ ᠡᠬᠢ ᠪᠠᠶᠠᠯᠢᠭ ᠢ ᠡᠪᠳᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯᠯᠠᠭ᠎ᠠ ᠳᠤᠮᠳᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠡᠶᠢᠲᠡ 1175 ᠬᠡᠷᠡᠭ ᠢ ᠢᠯᠡᠷᠡᠭᠦᠯᠵᠦ᠂ 20 ᠡᠪᠰᠡᠯ ᠪᠦᠯᠦᠭ ᠢ ᠰᠦᠶᠷᠡᠭᠦᠯᠵᠦ᠂ 22 ᠡᠭᠦᠷ ᠢ ᠠᠷᠢᠯᠭᠠᠵᠤ᠂ 1616 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠶᠡᠷᠦᠩᠬᠡᠶ ᠥᠷᠲᠡᠭ ᠨᠢ ᠪᠠᠷᠤᠭ 45 . 85 ᠳ᠋ᠦᠩᠰᠢᠭᠤᠷ ᠲᠥᠭᠦᠷᠢᠭ ᠲᠤ ᠬᠦᠷᠴᠡᠶ᠃ ᠬᠥᠯᠥᠨ ᠪᠣᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠾᠧ ᠮᠥ ᠶᠠᠩ ᠭᠤᠸᠠᠩ ᠠᠮᠢ ᠠᠬᠤᠶ ᠶᠢᠨ ᠲᠠᠷᠢᠶᠠᠯᠠᠩ ᠤᠨ ᠬᠢᠵᠠᠭᠠᠷᠲᠤ ᠺᠣᠮᠫᠠᠨᠢ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠬᠡᠷᠡᠭ ᠢ ᠳᠡᠩᠨᠡᠨ ᠢᠯᠡᠷᠡᠭᠦᠯᠵᠦ᠂ ᠶᠠᠯ᠎ᠠ ᠬᠢᠭᠰᠡᠨ ᠰᠡᠵᠢᠭᠯᠡᠯᠲᠡᠶ 10 ᠬᠥᠮᠦᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠲᠠᠷᠢᠶᠠᠯᠠᠩ ᠳᠤ ᠬᠡᠷᠡᠭᠯᠡᠬᠦ ᠭᠠᠵᠠᠷ ᠨᠡᠶᠢᠲᠡ 34920 ᠮᠥ ᠪᠠᠶᠢᠨ᠎ᠠ︔ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠢᠭᠡᠨ ᠬᠠᠤᠯᠢ ᠪᠤᠰᠤ ᠪᠠᠷ ᠠᠯᠲᠠ ᠮᠠᠯᠲᠠᠭᠰᠠᠨ ᠣᠨᠴᠠ ᠶᠡᠭᠡ ᠬᠡᠷᠡᠭ ᠢ ᠳᠡᠩᠨᠡᠨ ᠢᠯᠡᠷᠡᠭᠦᠯᠵᠦ᠂ ᠶᠠᠯ᠎ᠠ ᠬᠢᠭᠰᠡᠨ ᠰᠡᠵᠢᠭᠯᠡᠯᠲᠡᠶ ᠡᠲᠡᠭᠡᠳ ᠰᠢᠶᠸ᠋ ᠣᠪᠣᠭᠲᠤ ᠶᠢᠨ ᠪᠦᠯᠦᠭᠯᠡᠯ ᠣᠷᠳᠣ ᠬᠤᠭᠤᠴᠠᠭ᠎ᠠ ᠪᠠᠷ ᠬᠦᠷᠬᠢᠵᠢᠨ ᠠᠭᠤᠷᠬᠠᠶ ᠶᠢᠨ ᠲᠣᠭᠤᠷᠢᠭ ᠲᠤ ᠡᠭᠦᠷᠯᠡᠨ ᠬᠠᠤᠯᠢ ᠪᠤᠰᠤ  ᠪᠠᠷ ᠠᠯᠲᠠ ᠮᠠᠯᠲᠠᠵᠤ᠂ ᠪᠤᠭᠤᠲᠤ ᠬᠤᠲᠠ ᠳᠤ ᠬᠢᠮᠳᠠ ᠪᠠᠷ ᠪᠣᠷᠣᠯᠠᠭᠤᠯᠵᠤ᠂ ᠪᠣᠷᠣᠯᠠᠭᠤᠯᠤᠭᠰᠠᠨ ᠵᠣᠭᠤᠰ ᠤᠨ ᠲᠤᠭ᠎ᠠ ᠨᠢ ᠨᠡᠶᠢᠲᠡ 2000 ᠭᠠᠷᠤᠶ ᠲᠦᠮᠡᠨ ᠲᠥᠭᠦᠷᠢᠭ ᠲᠤ ᠬᠦᠷᠴᠡᠶ; ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠲᠠᠨ ᠣᠪᠣᠭᠲᠤ ᠵᠡᠷᠭᠡ ᠬᠥᠮᠦᠰ ᠤᠨ ᠣᠷᠴᠢᠨ ᠠᠬᠤᠶ ᠶᠢ ᠪᠣᠬᠢᠷᠲᠤᠭᠤᠯᠤᠭᠰᠠᠨ ᠰᠡᠵᠢᠭᠯᠡᠯᠲᠡᠶ ᠬᠡᠷᠡᠭ ᠢ ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ 600 ᠭᠠᠷᠤᠶ ᠲᠣᠨ ᠬᠠᠶᠠᠭᠳᠠᠮᠠᠯ ᠲᠤᠭᠤᠯᠭᠠᠨ ᠬᠦᠴᠢᠯ ᠤᠨ ᠬᠡᠯᠬᠢᠶ᠎ᠡ ᠳ᠋ᠢᠶᠠᠨ ᡂᠢ ᠶᠢ ᠬᠠᠤᠯᠢ ᠪᠤᠰᠤ ᠪᠠᠷ ᠵᠠᠳᠠᠯᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 3000 ᠭᠠᠷᠤᠶ ᠲᠦᠮᠡᠨ ᠲᠥᠭᠦᠷᠢᠭ ᠲᠤ ᠬᠦᠷᠴᠡᠶ᠃  《 ᠺᠦᠨᠯᠦ᠋ᠨ 4 ᠳ᠋ᠦ᠋ᠭᠡᠷ 》ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠠᠭᠤᠷᠮᠠᠭ ᠮᠠᠭᠤ ᠲᠠᠸᠠᠷ ᠦᠶᠯᠡᠳᠦᠨ ᠪᠣᠷᠣᠯᠠᠭᠤᠯᠤᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯᠯᠠᠭ᠎ᠠ ᠳᠤᠮᠳᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠡᠶᠢᠲᠡ 26 ᠬᠡᠷᠡᠭ ᠢ ᠢᠯᠡᠷᠡᠭᠦᠯᠵᠦ᠂ 6 ᠡᠪᠰᠡᠯ ᠪᠦᠯᠦᠭ ᠢ ᠪᠣᠳᠠ ᠨᠢᠷᠭᠡᠵᠦ᠂ 11 ᠡᠭᠦᠷ ᠢ ᠨᠢ ᠠᠷᠢᠯᠭᠠᠵᠤ᠂ 101 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠶᠡᠷᠦᠩᠬᠡᠶ ᠥᠷᠲᠡᠭ ᠨᠢ ᠪᠠᠷᠤᠭ 3881 ᠲᠦᠮᠡᠨ ᠲᠥᠭᠦᠷᠢᠭ ᠲᠤ ᠬᠦᠷᠴᠡᠶ᠃ ᠬᠥᠯᠥᠨ ᠪᠣᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠵᠠᠩ ᠣᠪᠣᠭᠲᠤ ᠵᠡᠷᠭᠡ ᠬᠥᠮᠦᠰ ᠤᠨ ᠬᠠᠤᠯᠢ ᠪᠤᠰᠤ ᠪᠠᠷ ᠬᠠᠭᠤᠷᠮᠠᠭ ᠲᠠᠮᠠᠬᠢ ᠠᠷᠠᠯᠵᠢᠶᠠᠯᠠᠭᠰᠠᠨ ᠬᠡᠷᠡᠭ ᠢ ᠢᠯᠡᠷᠡᠭᠦᠯᠵᠦ᠂ 2 ᠶᠠᠯ᠎ᠠ ᠬᠢᠭᠰᠡᠨ ᠰᠡᠵᠢᠭᠳᠡᠨ  ᠢ ᠪᠠᠷᠢᠪᠴᠢᠯᠠᠵᠤ᠂ 500 ᠭᠠᠷᠤᠶ ᠶᠠᠩᠵᠤᠤᠷ ᠲᠠᠮᠠᠬᠢ ᠵᠢᠴᠢ 3 ᠬᠡᠷᠡᠭ ᠤᠨ ᠲᠡᠮᠳᠡᠭᠯᠡᠯ ᠤᠨ ᠺᠣᠮᠫᠢᠦ᠋ᠲ᠋ᠧᠷ ᠢ ᠬᠤᠷᠢᠶᠠᠮᠵᠢᠯᠠᠪᠠ᠃ ᠲᠤᠰ ᠬᠡᠷᠡᠭ ᠢ ᠪᠣᠷᠣᠯᠠᠭᠤᠯᠤᠭᠰᠠᠨ ᠭᠠᠵᠠᠷ ᠣᠷᠣᠨ ᠨᠢ ᠵᠢᠶᠠᠩᠰᠦ ᠭᠤᠸᠠᠩᠰᠢ ᠰᠧᠴᠤᠸᠠᠨ ᠵᠡᠷᠭᠡ 6 ᠮᠤᠵᠢ ᠶᠢᠨ 10 ᠭᠠᠷᠤᠶ ᠰᠢᠶᠠᠨ ᠳᠤ ᠬᠤᠯᠪᠣᠭᠳᠠᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 690 ᠭᠠᠷᠤᠶ ᠲᠦᠮᠡᠨ ᠲᠥᠭᠦᠷᠢᠭ ᠲᠤ ᠬᠦᠷᠴᠡᠶ᠃  《 ᠺᠦᠨᠯᠦ᠋ᠨ 5 ᠳ᠋ᠤᠭᠠᠷ 》ᠬᠡᠭᠡᠷ᠎ᠡ ᠶᠢᠨ ᠠᠮᠢᠲᠠᠨ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯᠯᠠᠭ᠎ᠠ ᠳᠤᠮᠳᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠡᠶᠢᠲᠡ 240 ᠡᠷᠡᠭᠦᠦ ᠶᠢᠨ ᠬᠡᠷᠡᠭ ᠢ ᠢᠯᠡᠷᠡᠭᠦᠯᠵᠦ᠂ 3 ᠡᠪᠰᠡᠯ ᠪᠦᠯᠦᠭ ᠢ ᠰᠦᠶᠷᠡᠭᠦᠯᠵᠦ᠂ 1 ᠡᠭᠦᠷ ᠢ ᠡᠪᠳᠡᠵᠦ᠂ 357 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ 4841 ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠩᠨᠠᠵᠤ᠂ 2790 ᠺᠢᠯᠣᠭ᠍ᠷᠠᠮ ᠬᠡᠭᠡᠷ᠎ᠡ ᠶᠢᠨ ᠠᠮᠢᠲᠠᠨ ᠤ ᠪᠦᠲᠦᠭᠡᠭᠳᠡᠬᠦᠨ ᠢ ᠬᠤᠷᠢᠶᠠᠨ ᠠᠪᠴᠤ᠂ ᠬᠡᠷᠡᠭ ᠲᠤ ᠬᠤᠯᠪᠣᠭᠳᠠᠭᠰᠠᠨ ᠥᠷᠲᠡᠭ ᠨᠢ 3235 ᠲᠦᠮᠡᠨ ᠲᠥᠭᠦᠷᠢᠭ ᠲᠤ ᠬᠦᠷᠴᠡᠶ᠃     ᠮᠠᠨ ᠤ ᠠᠪᠤᠭᠰᠠᠨ ᠭᠤᠣᠯ ᠠᠷᠭ᠎ᠠ ᠬᠡᠮᠵᠢᠶ᠎ᠡ ᠭᠡᠪᠡᠯ᠄    ᠨᠢᠭᠡ ᠳᠤ᠂ ᠲᠤᠰᠬᠠᠶ ᠠᠵᠢᠯᠯᠠᠭ᠎ᠠ ᠶᠢ ᠥᠨᠳᠥᠷ ᠵᠣᠭᠰᠣᠴᠠ ᠠᠴᠠ ᠲᠥᠯᠥᠪᠵᠢᠭᠦᠯᠵᠦ᠂ ᠪᠥᠬᠦ ᠲᠠᠯ᠎ᠠ ᠪᠠᠷ ᠪᠠᠶᠢᠷᠢᠯᠠᠭᠤᠯᠤᠨ ᠠᠬᠢᠭᠤᠯᠬᠤ ᠬᠡᠷᠡᠭᠲᠡᠶ᠃ ᠳᠣᠲᠣᠭᠠᠳᠤ  ᠶᠢ ᠬᠠᠮᠠᠭᠠᠯᠠᠬᠤ ᠶᠠᠮᠤᠨ ᠠᠴᠠ 《 ᠺᠦᠨᠯᠦ᠋ᠨ 2020 》 ᠲᠤᠰᠬᠠᠶ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂《 ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ〈 ᠺᠦᠨᠯᠦ᠋ᠨ 2020 〉ᠲᠤᠰᠬᠠᠶ ᠠᠵᠢᠯᠯᠠᠭ᠎ᠠ ᠶᠢᠨ ᠠᠵᠢᠯ ᠤᠨ ᠲᠥᠰᠦᠯ 》 ᠢ ᠲᠣᠭᠲᠠᠭᠠᠨ ᠳᠠᠷᠤᠮᠠᠯᠯᠠᠨ ᠲᠠᠷᠬᠠᠭᠠᠵᠤ᠂《 ᠢᠳᠡᠭᠡᠨ ᠤ ᠵᠦᠶᠯ᠂ ᠡᠮ ᠤᠨ ᠵᠦᠶᠯ᠂ ᠣᠷᠴᠢᠨ ᠲᠣᠭᠤᠷᠢᠨ ᠤ ᠡᠬᠢ ᠪᠠᠶᠠᠯᠢᠭ᠂ ᠮᠡᠳᠡᠯᠭᠡ ᠶᠢᠨ ᠥᠮᠴᠢᠯᠡᠯ ᠤᠨ ᠡᠷᠬᠡ᠂ ᠬᠡᠭᠡᠷ᠎ᠡ ᠶᠢᠨ ᠠᠮᠢᠲᠠᠨ ᠤᠷᠭᠤᠮᠠᠯ》ᠵᠡᠷᠭᠡ 5 ᠲᠠᠯ᠎ᠠ ᠶᠢᠨ ᠴᠣᠬᠢᠯᠲᠠ ᠥᠭᠬᠦ ᠭᠤᠤᠯᠳᠠᠯᠭ᠎ᠠ ᠶᠢ ᠲᠣᠳᠣᠷᠬᠠᠶᠢᠯᠠᠵᠤ᠂ ᠨᠢᠭᠡ ᠬᠦᠷᠢᠶᠡᠨ ᠳᠤ ᠨᠢᠭᠡ ᠭᠤᠤᠯᠳᠠᠯᠭ᠎ᠠ᠂ ᠨᠢᠭᠡ ᠬᠠᠷᠠᠯᠲᠠ ᠪᠠᠷ ᠪᠡᠶᠡᠯᠡᠭᠦᠯᠬᠦ ᠶᠢ ᠪᠡᠶᠡᠯᠡᠭᠦᠯᠵᠦ᠂ ᠴᠣᠬᠢᠯᠲᠠ ᠥᠭᠬᠦ ᠠᠵᠢᠯ ᠤᠨ ᠬᠠᠨᠳᠤᠯᠭᠠᠲᠤ ᠴᠢᠨᠠᠷ ᠪᠠ ᠣᠨᠣᠪᠴᠢᠲᠤ ᠴᠢᠨᠠᠷ ᠢ ᠴᠢᠩᠭᠠᠳᠬᠠᠪᠠ᠃ ᠪᠣᠳᠠᠲᠤ ᠴᠣᠭᠴᠠᠵᠢᠭᠤᠯᠤᠭᠰᠠᠨ ᠠᠵᠢᠯᠯᠠᠭᠠᠨ ᠤ 《 ᠲᠤᠰᠬᠠᠶ ᠵᠦᠶᠯ ᠤᠨ ᠠᠯᠪᠠᠨ ᠬᠡᠷ 》 ᠢ ᠵᠣᠬᠢᠶᠠᠨ ᠪᠠᠶᠢᠭᠤᠯᠵᠤ᠂ ᠬᠢᠨᠠᠨ ᠵᠢᠯᠣᠭᠤᠳᠴᠤ ᠠᠬᠢᠭᠤᠯᠬᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠰᠢᠯᠭᠠᠨ ᠬᠢᠨᠠᠵᠤ ᠦᠨᠡᠯᠡᠨ ᠵᠢᠱᠢᠬᠦ᠂ ᠬᠤᠯᠪᠣᠭᠠᠯᠠᠨ ᠬᠠᠮᠵᠢᠯᠴᠠᠬᠤ᠂ ᠤᠬᠠᠭᠤᠯᠤᠨ ᠳᠠᠶᠢᠴᠢᠯᠠᠬᠤ ᠲᠠᠪᠤ ᠶᠢ ᠨᠢᠭᠡ ᠴᠣᠭᠴᠠᠵᠢᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠬᠥᠮᠦᠨ ᠪᠦᠬᠦᠨ ᠳᠤ ᠨᠠᠶᠢᠳᠠᠪᠤᠷᠢᠵᠢᠭᠤᠯᠵᠤ᠂ ᠳᠡᠭᠡᠳᠦ ᠳᠣᠤᠷᠠᠳᠤ ᠱᠠᠲᠤ ᠪᠠᠷ  ᠢᠶᠠᠨ ᠬᠤᠯᠪᠣᠭᠠᠯᠠᠨ ᠬᠥᠳᠡᠯᠦᠯᠴᠡᠵᠦ ᠪᠣᠭᠤᠮᠲᠠ ᠰᠢᠪᠲᠤᠯᠬᠤ᠂ ᠵᠠᠪᠰᠠᠷ ᠥᠬᠡᠶ ᠨᠡᠪᠲᠡᠷᠡᠯᠴᠡᠨ ᠵᠣᠯᠭᠠᠭᠤᠯᠬᠤ᠂ ᠰᠠᠯᠠᠭ᠎ᠠ ᠮᠥᠴᠢᠷ ᠬᠠᠮᠵᠢᠯᠴᠠᠨ ᠪᠠᠶᠢᠯᠳᠤᠬᠤ ᠰᠠᠶᠢᠨ ᠰᠠᠶᠢᠬᠠᠨ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠳᠠᠪᠠᠭᠤᠯᠢᠭ ᠴᠠᠭᠳᠠᠭᠠᠨ ᠤ ᠬᠦᠴᠦᠨ ᠢ ᠲᠥᠪᠯᠡᠷᠡᠭᠦᠯᠦᠨ ᠴᠣᠬᠢᠯᠲᠠ ᠥᠭᠬᠦ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂《 ᠺᠦᠨᠯᠦ᠋ᠨ 2020 》ᠲᠤᠰᠬᠠᠶ ᠠᠵᠢᠯᠯᠠᠭ᠎ᠠ ᠶᠢᠨ ᠡᠨᠡ ᠬᠦ ᠬᠠᠲᠠᠭᠤ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠤᠯᠪᠠ᠃    ᠬᠤᠶᠠᠷ ᠲᠤ᠂ ᠣᠯᠠᠨ ᠰᠠᠯᠠᠭ᠎ᠠ ᠮᠥᠴᠢᠷ ᠬᠠᠮᠵᠢᠯᠴᠠᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠡᠭᠴᠡᠯᠡᠨ ᠵᠠᠰᠠᠬᠤ ᠶᠢ ᠬᠠᠮᠲᠤᠷᠠᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠦᠷᠭᠦᠯᠵᠢᠯᠡᠨ ᠴᠢᠩᠭᠠᠳᠬᠠᠨ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠨᠠᠪᠴᠢᠨ ᠲᠠᠮᠠᠬᠢᠨ ᠤ ᠲᠣᠪᠴᠢᠶ᠎ᠠ ᠵᠡᠷᠭᠡ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠮᠵᠢᠯᠴᠠᠭ᠎ᠠ᠂ ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠴᠡᠭᠴᠡᠯᠡᠨ ᠵᠠᠰᠠᠬᠤ ᠬᠠᠮᠲᠤᠷᠠᠭᠰᠠᠨ ᠠᠵᠢᠯᠯᠠᠭ᠎ᠠ ᠶᠢ ᠥᠷᠨᠢᠭᠦᠯᠪᠡ᠂ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ《 ᠳᠥᠷᠪᠡᠨ ᠬᠠᠮᠤᠭ ᠤᠨ ᠴᠢᠩᠭ᠎ᠠ 》ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠤᠰᠬᠠᠶ ᠠᠵᠢᠯᠯᠠᠭ᠎ᠠ᠂ 2020 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ ᠢᠳᠡᠭᠡᠨ ᠤ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠬᠤᠭᠤᠯᠠᠨ ᠰᠢᠷᠡᠭᠡᠨ ᠤ ᠠᠮᠤᠷ ᠲᠦᠪᠰᠢᠨ ᠢ ᠬᠠᠮᠠᠭᠠᠯᠠᠬᠤ ᠲᠤᠰᠬᠠᠶ ᠠᠵᠢᠯᠯᠠᠭ᠎ᠠ᠂ ᠲᠠᠮᠠᠬᠢ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ᠂ ᠲᠠᠷᠢᠶᠠᠯᠠᠩ ᠤᠨ ᠬᠡᠷᠡᠭᠰᠡᠯ  ᠤᠨ ᠬᠠᠭᠤᠷᠮᠠᠭ ᠲᠤ ᠴᠣᠬᠢᠯᠲᠠ ᠥᠭᠬᠦ ᠲᠤᠰᠬᠠᠶ ᠠᠵᠢᠯᠯᠠᠭ᠎ᠠ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠤᠰᠬᠠᠶ ᠠᠵᠢᠯᠯᠠᠭ᠎ᠠ᠂ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠢ《 ᠤᠯᠤᠰ ᠤᠨ ᠡᠭᠦᠳᠡ ᠪᠠᠨ ᠰᠠᠬᠢᠨ ᠬᠠᠮᠠᠭᠠᠯᠠᠬᠤ 》ᠠᠵᠢᠯᠯᠠᠭ᠎ᠠ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠡᠷᠭᠡ ᠠᠯᠢ ᠣᠯᠠᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ᠃ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠶᠢᠩᠭᠤᠵᠢᠭᠤᠯᠤᠨ ᠴᠣᠬᠢᠯᠲᠠ ᠥᠭᠬᠦ ᠪᠠ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠬᠠᠷᠢᠯᠴᠠᠨ ᠤᠶᠠᠯᠳᠤᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ᠂ ᠨᠡᠶᠢᠭᠡᠮ ᠤᠨ ᠲᠤᠰᠬᠠᠯ ᠴᠢᠩᠭ᠎ᠠ ᠪᠠᠶᠢᠭ᠎ᠠ ᠢᠳᠡᠭᠡᠨ ᠪᠠ ᠡᠮ ᠤᠨ ᠵᠦᠶᠯᠡᠰ ᠤᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠲᠤᠯᠠᠬᠤ ᠶᠢᠨ ᠬᠠᠮᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠲᠤᠷᠰᠢᠨ ᠪᠠᠶᠢᠴᠠᠭᠠᠵᠤ ᠬᠡᠷᠡᠭ ᠰᠢᠶᠳᠪᠦᠷᠢᠯᠡᠬᠦ ᠶᠠᠪᠤᠴᠠ ᠳᠤ ᠢᠯᠡᠷᠡᠭᠦᠯᠦᠭᠰᠡᠨ ᠬᠢᠨᠠᠯᠲᠠ ᠬᠠᠮᠢᠶᠠᠷᠤᠯᠲᠠ ᠶᠢᠨ ᠳᠤᠲᠠᠭᠳᠠᠯ ᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠢᠳᠡᠭᠡᠨ ᠪᠠ ᠡᠮ ᠤᠨ ᠵᠦᠶᠯᠡᠰ ᠤᠨ ᠣᠷᠴᠢᠨ ᠲᠣᠭᠤᠷᠢᠨ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠡᠬᠢ ᠡᠭᠦᠰᠦᠯ ᠠᠴᠠ ᠨᠢ ᠵᠠᠰᠠᠬᠤ ᠶᠢ ᠢᠳᠡᠪᠬᠢᠲᠡᠶ ᠠᠬᠢᠭᠤᠯᠵᠤ᠂ ᠬᠠᠮᠲᠤᠷᠠᠨ ᠴᠣᠬᠢᠯᠲᠠ ᠥᠭᠴᠦ ᠬᠠᠮᠲᠤᠷᠠᠨ ᠬᠥᠳᠡᠯᠦᠯᠴᠡᠬᠦ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠤᠨ ᠰᠢᠨ᠎ᠡ ᠪᠠᠶᠢᠷᠢᠰᠢᠯ ᠢ ᠦᠨᠡᠨ ᠬᠦ ᠪᠣᠶ ᠪᠣᠯᠭᠠᠬᠤ ᠶᠢ ᠪᠠᠶᠢᠷᠢᠯᠠᠭᠤᠯᠪᠠ᠃    ᠭᠤᠷᠪᠠ ᠳᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠤᠬᠠᠭᠤᠯᠤᠨ ᠳᠠᠶᠢᠴᠢᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ ᠤᠯᠤᠰ  ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠠᠯᠪᠠᠨ ᠬᠡᠷ ᠵᠡᠷᠭᠡ ᠰᠠᠯᠠᠭ᠎ᠠ ᠮᠥᠴᠢᠷ ᠤᠨ ᠨᠢᠭᠡᠳᠦᠯᠲᠡᠶ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠢᠳᠡᠭᠡᠨ ᠪᠠ ᠡᠮ ᠤᠨ ᠵᠦᠶᠯᠡᠰ ᠤᠨ ᠣᠷᠴᠢᠨ ᠲᠣᠭᠤᠷᠢᠨ ᠤ ᠲᠠᠩᠨᠠᠯᠲᠠ ᠶᠢᠨ ᠶᠡᠷᠦᠩᠬᠡᠶ ᠠᠩᠭᠢ ᠶᠢᠨ ᠬᠢᠨ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠢᠳᠡᠭᠡᠨ ᠪᠠ ᠡᠮ ᠤᠨ ᠵᠦᠶᠯᠡᠰ ᠤᠨ ᠣᠷᠴᠢᠨ ᠲᠣᠭᠤᠷᠢᠨ ᠤ ᠲᠠᠩᠨᠠᠯᠲᠠ ᠶᠢᠨ ᠰᠠᠯᠠᠭ᠎ᠠ ᠮᠥᠴᠢᠷ ᠢ ᠢᠳᠡᠪᠬᠢᠲᠡᠶ ᠪᠠᠶᠢᠷᠢᠯᠠᠭᠤᠯᠵᠤ ᠢᠳᠡᠭᠡᠨ ᠤ ᠠᠮᠤᠷ ᠲᠦᠪᠰᠢᠨ ᠤ ᠶᠠᠰᠤ ᠴᠢᠨᠠᠷ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ᠂ 2020 ᠣᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠵᠢᠴᠢ 《 ᠺᠦᠨᠯᠦ᠋ᠨ 2020 》ᠲᠤᠰᠬᠠᠶ ᠠᠵᠢᠯᠯᠠᠭ᠎ᠠ ᠶᠢᠨ ᠬᠡᠷᠡᠭ ᠲᠤ ᠬᠤᠯᠪᠣᠭᠳᠠᠭᠰᠠᠨ ᠡᠳ᠋ ᠪᠣᠳᠠᠰ ᠢ ᠤᠰᠠᠳᠬᠠᠬᠤ ᠵᠡᠷᠭᠡ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠪᠡ᠃ ᠠᠵᠢᠯᠯᠠᠭ᠎ᠠ ᠨᠢ ᠭᠤᠤᠯᠳᠠᠭᠤ《 ᠰᠦᠯᠵᠢᠶ᠎ᠡ + ᠵᠠᠭᠤᠴᠢᠯᠠᠭᠤᠷ 》᠂《 ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ 》( ᠰᠦᠯᠵᠢᠶᠡᠨ ᠳᠡᠭᠡᠷᠡᠬᠢ ᠪᠠᠷ ᠭᠤᠤᠯ ᠪᠣᠯᠭᠠᠬᠤ ) ᠠᠷᠭ᠎ᠠ ᠮᠠᠶ᠋ᠢᠭ ᠢᠶᠠᠷ ᠶᠠᠪᠤᠭᠳᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠤᠬᠠᠭᠤᠯᠭ᠎ᠠ ᠶᠢᠨ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠦ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠨᠢᠭᠡᠴᠡ ᠶᠢ ᠢᠳᠡᠪᠬᠢᠲᠡᠶ ᠪᠠᠷ ᠵᠣᠬᠢᠴᠠᠭᠤᠯᠤᠨ ᠰᠢᠨ᠎ᠡ ᠵᠠᠭᠤᠴᠢᠯᠠᠭᠤᠷ ᠤᠨ ᠳᠠᠪᠠᠭᠤᠯᠢᠭ  ᠢ ᠪᠠᠳᠠᠷᠠᠭᠤᠯᠵᠤ᠂ ᠤᠬᠠᠭᠤᠯᠭ᠎ᠠ ᠭᠥᠯᠢᠶᠡᠨ ᠠᠪᠤᠭᠴᠢᠳ ᠤᠨ ᠬᠦᠷᠢᠶ᠎ᠡ ᠬᠡᠪᠴᠢᠶ᠎ᠡ ᠶᠢ ᠥᠷᠭᠡᠳᠬᠡᠨ᠎ᠡ᠃ ᠰᠣᠩᠭᠤᠳᠠᠭ ᠬᠡᠷᠡᠭ ᠤᠨ ᠵᠢᠱᠢᠶ᠎ᠡ ᠶᠢ ᠨᠡᠶᠢᠲᠡᠯᠡᠬᠦ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠶᠠᠯᠠᠲᠤ ᠠᠵᠢᠯᠯᠠᠭ᠎ᠠ ᠶᠢ ᠰᠦᠷᠳᠡᠭᠦᠯᠬᠦ ᠪᠠᠷ ᠳᠠᠮᠵᠢᠭᠤᠯᠤᠨ᠂ ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠡᠷᠡᠭ ᠢ ᠳᠡᠩᠨᠡᠨ ᠢᠯᠡᠷᠡᠭᠦᠯᠦᠭᠰᠡᠨ ᠪᠠᠶᠢᠳᠠᠯ ᠢ ᠨᠡᠶᠢᠭᠡᠮ ᠳᠠᠶᠠᠭᠠᠷ ᠲᠤ ᠳᠡᠯᠭᠡᠨ ᠦᠵᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠢᠳᠡᠭᠡᠨ ᠪᠠ ᠡᠮ  ᠤᠨ ᠵᠦᠶᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠬᠡᠭᠡᠷ᠎ᠡ ᠶᠢᠨ ᠠᠮᠢᠲᠠᠨ ᠤ ᠬᠦᠷᠢᠶᠡᠨ ᠳᠠᠬᠢ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠡᠰ ᠵᠣᠷᠢᠭ ᠪᠠ ᠲᠣᠪᠣᠶᠢᠮ᠎ᠠ ᠦᠷ᠎ᠡ ᠪᠦᠲᠦᠭᠡᠯ ᠢ ᠭᠦᠶᠴᠡᠳ ᠢᠯᠡᠷᠡᠭᠦᠯᠵᠦ᠂ ᠣᠯᠠᠨ ᠲᠦᠮᠡᠨ ᠢ ᠢᠳᠡᠪᠬᠢᠲᠡᠶ ᠪᠠᠷ ᠰᠡᠷᠡᠮᠵᠢᠯᠡᠭᠦᠯᠦᠨ ᠬᠥᠮᠦᠵᠢᠭᠦᠯᠬᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠦᠴᠦᠲᠡᠶ ᠰᠦᠷᠳᠡᠭᠦᠯᠬᠦ ᠰᠠᠶᠢᠨ ᠦᠷ᠎ᠡ ᠪᠦᠲᠦᠮᠵᠢ ᠤᠯᠪᠠ᠃                         ᠣᠶ ᠰᠢᠭᠤᠶ ᠳᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ                         ᠤᠯᠤᠰ   ᠤᠨ  ᠨᠤᠲᠤᠭ  ᠳᠡᠪᠢᠰᠬᠡᠷ   ᠤᠨ  ᠠᠮᠢ  ᠠᠬᠤᠶ   ᠶᠢᠨ  ᠠᠮᠤᠷ  ᠲᠦᠪᠰᠢᠨ   ᠢ  ᠡᠷᠡᠰ  ᠬᠠᠮᠠᠭᠠᠯᠠᠶ᠎ᠠ                                               ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠣᠨ ᠣᠢ ᠰᠢᠭᠤᠶ ᠶᠢᠨ                                                ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ ᠹᠧᠩ ᠬᠤ᠋    2020 ᠣᠨ ᠪᠣᠯ ᠪᠥᠬᠦ ᠤᠯᠤᠰ ᠤᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢᠨ ᠵᠢᠯ ᠮᠥᠨ᠂ ᠮᠠᠨ ᠤ ᠣᠷᠣᠨ ᠤ ᠣᠶ ᠰᠢᠭᠤᠶ  ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠶᠢᠭᠤᠯᠤᠯ ᠤᠨ ᠲᠣᠬᠢᠷᠠᠭᠤᠯᠤᠯᠲᠠ ᠶᠢ ᠤᠷᠤᠭᠰᠢᠲᠠᠶ ᠪᠡᠶᠡᠯᠡᠭᠦᠯᠪᠡ᠃ ᠲᠡᠦᠬᠡ ᠶᠢᠨ ᠰᠢᠨ᠎ᠡ ᠭᠠᠷᠤᠭ᠎ᠠ ᠳᠤ ᠵᠣᠭᠰᠣᠵᠤ᠂ ᠪᠥᠬᠦ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠰᠤᠷᠭᠠᠯ ᠦᠭᠡ ᠶᠢᠨ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ  ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠤᠯᠤᠰ ᠲᠥᠷᠥ ᠪᠠᠷ ᠴᠠᠭᠳᠠᠭ᠎ᠠ ᠪᠠᠶᠢᠭᠤᠯᠬᠤ᠂ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂《 ᠳᠥᠷᠪᠡᠨ ᠨᠢᠭᠡᠳᠦᠭᠡᠷ 》 ᠢ ᠬᠢᠴᠢᠶᠡᠩᠭᠦᠶᠢᠯᠡᠨ ᠰᠠᠬᠢᠵᠤ᠂ ᠭᠤᠤᠯ ᠬᠠᠷᠢᠭᠤᠴᠠᠯᠭ᠎ᠠ ᠭᠤᠤᠯ ᠠᠵᠢᠯ ᠤᠨ ᠲᠣᠭᠤᠷᠢᠨ ᠳᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠣᠯᠠᠨ ᠲᠥᠷᠥᠯ ᠤᠨ ᠴᠠᠭᠳᠠᠭᠠᠨ ᠤ ᠬᠠᠮᠲᠤᠷᠠᠨ ᠪᠠᠶᠢᠯᠳᠤᠵᠤ᠂《 ᠲᠤᠰᠬᠠᠶᠢᠵᠢᠭᠰᠠᠨ ᠲᠤᠷᠰᠢᠨ ᠪᠠᠶᠢᠴᠠᠭᠠᠯᠲᠠ᠂ ᠬᠡᠪᠴᠢᠶᠡᠵᠢᠭᠰᠡᠨ ᠴᠣᠬᠢᠯᠲᠠ᠂ ᠲᠤᠭᠠᠵᠢᠭᠤᠯᠤᠭᠰᠠᠨ ᠲᠤᠯᠭᠠᠭᠤᠷᠢᠯᠠᠯ 》 ᠤᠨ ᠬᠦᠴᠦᠷᠬᠡᠭ ᠶᠡᠭᠡ ᠬᠠᠮᠲᠤᠷᠠᠯ ᠬᠦᠴᠦᠨ ᠢ ᠪᠠᠶᠢᠭᠤᠯᠵᠤ᠂ ᠣᠶ ᠰᠢᠭᠤᠶ ᠨᠤᠲᠤᠭ ᠪᠡᠯᠴᠢᠭᠡᠷ ᠪᠣᠯᠤᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠵᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠶ ᠲᠠᠭᠠᠷᠢᠯᠲᠠ ᠶᠠᠪᠤᠭᠤᠯᠪᠠ᠃ 2020 ᠣᠨ ᠳᠤ᠂ ᠪᠥᠬᠦ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠯ᠎ᠡ ᠲᠥᠷᠥᠯ ᠤᠨ ᠬᠡᠷᠡᠭ  ᠢ ᠨᠡᠶᠢᠲᠡ 12567 ᠭᠥᠯᠢᠶᠡᠨ ᠠᠪᠴᠤ ᠰᠢᠶᠳᠪᠦᠷᠢᠯᠡᠨ᠂ ᠡᠷᠡᠭᠦᠦ ᠶᠢᠨ ᠬᠡᠷᠡᠭ ᠢ 1316 ᠶᠢ ᠳᠡᠩᠨᠡᠨ ᠰᠢᠶᠳᠪᠦᠷᠢᠯᠡᠪᠡ᠃     ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠠᠯ᠎ᠠ ᠪᠠᠷ᠄  ᠪᠥᠬᠦ ᠣᠷᠣᠨ ᠤ ᠡᠯ᠎ᠡ ᠱᠠᠲᠤᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠣᠶ ᠰᠢᠭᠤᠶ ᠨᠤᠲᠤᠭ ᠪᠡᠯᠴᠢᠭᠡᠷ ᠲᠤ ᠬᠤᠯᠪᠣᠭᠳᠠᠭᠰᠠᠨ ᠬᠠᠤᠯᠢ  ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠣᠨᠴᠠᠯᠢᠭ ᠢ ᠦᠨᠳᠦᠰᠦᠯᠡᠨ᠂ ᠬᠠᠤᠯᠢ ᠬᠡᠷᠡᠭᠵᠢᠭᠦᠯᠦᠯᠲᠡ ᠶᠢᠨ ᠬᠤᠯᠪᠣᠭᠠᠯᠠᠨ ᠬᠥᠳᠡᠯᠦᠯᠴᠡᠵᠦ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠲᠣᠮᠢᠯᠠᠭᠰᠠᠨ ᠰᠠᠯᠪᠤᠷᠢ ᠶᠢᠨ ᠠᠮᠤᠷ ᠢ ᠬᠠᠮᠠᠭᠠᠯᠠᠬᠤ ᠶᠢᠨ ᠰᠡᠷᠭᠡᠶᠢᠯᠡᠨ ᠡᠵᠡᠮᠳᠡᠬᠦ《 ᠲᠣᠤᠷᠵᠢᠭᠤᠯᠤᠭᠰᠠᠨ 》ᠳᠠᠭᠠᠭᠠᠴᠢᠯᠠᠯᠲᠠ ᠶᠢᠨ ᠬᠡᠰᠡᠭ ᠢᠶᠠᠷ ᠬᠠᠮᠢᠶᠠᠷᠤᠨ ᠡᠵᠡᠮᠳᠡᠬᠦ ᠦᠶᠯᠡᠳᠦᠯ ᠢ ᠭᠦᠶᠴᠡᠳ ᠪᠠᠳᠠᠷᠠᠭᠤᠯᠤᠨ᠂ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠤᠨ ᠬᠠᠷᠢᠶᠠᠲᠤ ᠣᠷᠣᠨ ᠤ ᠰᠢᠶᠠᠩ ᠪᠠᠯᠭᠠᠰᠤ ᠠᠶᠢᠯ ᠲᠣᠰᠬᠤᠨ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠵᠢᠴᠢ ᠲᠠᠷᠢᠶᠠᠯᠠᠩ ᠮᠠᠯᠵᠢᠯ ᠤᠨ ᠲᠠᠯᠠᠪᠠᠶ ᠶᠢᠨ ᠴᠢᠬ ᠲᠤ ᠭᠦᠨᠵᠡᠭᠡᠶᠢᠷᠡᠨ ᠤᠬᠠᠭᠤᠯᠭ᠎ᠠ ᠬᠥᠮᠦᠵᠢᠯ ᠥᠷᠨᠢᠭᠦᠯᠵᠦ᠂ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠥᠷᠭᠡᠨ ᠢᠶᠠᠷ ᠳᠠᠶᠢᠴᠢᠯᠠᠨ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠬᠠᠨᠳᠤᠰᠢ ᠶᠢ ᠬᠢᠨᠠᠮᠠᠭᠠᠶ ᠵᠠᠳᠠᠯᠤᠨ ᠰᠤᠳᠤᠯᠤᠨ ᠮᠠᠭᠠᠳᠯᠠᠵᠤ᠂ ᠴᠢᠭᠯᠡᠭᠦᠯᠦᠯᠲᠦ ᠴᠢᠨᠠᠷᠲᠠᠶ ᠪᠠᠷ ᠣᠷᠣᠨ ᠪᠦᠰᠡ ᠶᠢᠨ ᠴᠢᠨᠠᠷᠲᠠᠶ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠦᠨ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠪᠠ᠃ ᠪᠥᠬᠦ ᠵᠢᠯ ᠳᠤ ᠣᠶ ᠰᠢᠭᠤᠶ ᠳᠤ ᠬᠤᠯᠪᠣᠭᠳᠠᠭᠰᠠᠨ 12229 ᠬᠡᠷᠡᠭ ᠢ ᠪᠠᠶᠢᠴᠠᠭᠠᠨ ᠰᠢᠶᠳᠪᠦᠷᠢᠯᠡᠵᠦ᠂ ᠡᠭᠦᠨ ᠳᠤ ᠡᠷᠡᠭᠦᠦ ᠶᠢᠨ ᠬᠡᠷᠡᠭ 1139 ᠪᠠᠶᠢᠵᠤ᠂ 1504 ᠪᠣᠰᠤᠭ᠎ᠠ ᠳᠥᠷᠪᠡᠯᠵᠢᠨ ᠮᠧᠲᠷ ᠣᠶ ᠮᠣᠳᠣᠨ ᠤ ᠨᠥᠭᠡᠴᠡ᠂ 2 . 8 ᠲᠦᠮᠡᠨ ᠮᠥ ᠣᠶᠢᠲᠤ ᠭᠠᠵᠠᠷ ᠢ ᠬᠤᠷᠢᠶᠠᠨ ᠠᠪᠴᠤ᠂ ᠬᠠᠤᠯᠢ ᠶᠢ ᠵᠥᠷᠢᠴᠡᠵᠦ ᠶᠠᠯ᠎ᠠ ᠬᠢᠭᠰᠡᠨ 5871 ᠬᠥᠮᠦᠨ ᠢ ᠰᠢᠶᠳᠪᠦᠷᠢᠯᠡᠵᠦ᠂ ᠬᠡᠷᠡᠭ ᠲᠤ ᠬᠤᠯᠪᠣᠭᠳᠠᠭᠰᠠᠨ ᠦᠨ᠎ᠡ ᠥᠷᠲᠡᠭ ᠨᠢ 5 . 2 ᠳ᠋ᠦᠩᠰᠢᠭᠤᠷ ᠲᠥᠭᠦᠷᠢᠭ ᠲᠤ ᠬᠦᠷᠴᠡᠶ᠃ ᠪᠠᠶᠠᠨᠨᠠᠭᠤᠷ ᠬᠤᠲᠠ ᠶᠢᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠬᠡᠷᠡᠭ  ᠢ ᠢᠯᠡᠷᠡᠭᠦᠯᠵᠦ᠂ ᠬᠡᠷᠡᠭ ᠲᠤ ᠬᠤᠯᠪᠣᠭᠳᠠᠭᠰᠠᠨ ᠣᠶᠢᠲᠤ ᠭᠠᠵᠠᠷ ᠤᠨ ᠲᠠᠯᠠᠪᠠᠶ 739 ᠮᠥ ᠳᠤ ᠬᠦᠷᠴᠡᠶ᠃ ᠲᠦᠩᠯᠢᠶᠣᠤ ᠬᠤᠲᠠ ᠶᠢᠨ ᠣᠶ ᠰᠢᠭᠤᠶ ᠶᠢᠨ ᠳᠣᠲᠣᠭᠠᠳᠤ  ᠶᠢ ᠬᠠᠮᠠᠭᠠᠯᠠᠬᠤ ᠪᠠᠶᠢᠭᠤᠯᠤᠯᠭ᠎ᠠ ᠣᠶ ᠮᠣᠳᠣ ᠶᠢ ᠳᠤᠷ᠎ᠠ ᠪᠠᠷ ᠢᠶᠠᠨ ᠣᠭᠲᠣᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠢᠳᠬᠡᠵᠦ᠂ ᠣᠶ ᠮᠣᠳᠣ ᠶᠢ ᠳᠤᠷ᠎ᠠ ᠪᠠᠷ ᠢᠶᠠᠨ ᠣᠭᠲᠣᠯᠤᠭᠰᠠᠨ ᠨᠢᠭᠡᠨ ᠬᠦᠨᠳᠦ ᠣᠨᠴᠠ ᠶᠡᠭᠡ ᠬᠡᠷᠡᠭ ᠢ ᠪᠠᠶᠢᠴᠠᠭᠠᠨ ᠰᠢᠶᠳᠪᠦᠷᠢᠯᠡᠵᠦ᠂ ᠣᠶ ᠮᠣᠳᠣᠨ ᠤ ᠨᠥᠭᠡᠴᠡ ᠶᠢ 817 ᠪᠣᠰᠤᠭ᠎ᠠ ᠳᠥᠷᠪᠡᠯᠵᠢᠨ ᠮᠧᠲᠷ ᠬᠤᠷᠢᠶᠠᠨ ᠠᠪᠴᠠᠶ᠃ ᠬᠥᠯᠥᠨ ᠪᠣᠶᠢᠷ ᠬᠤᠲᠠ ᠶᠢᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ ᠤᠨ ᠡᠮ ᠳᠤ ᠣᠷᠣᠬᠤ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠪᠠᠷ ᠭᠤᠤᠯᠳᠠᠯᠭ᠎ᠠ ᠪᠣᠯᠭᠠᠵᠤ᠂ ᠡᠮ ᠳᠤ ᠣᠷᠣᠬᠤ ᠬᠡᠭᠡᠷ᠎ᠡ ᠶᠢᠨ ᠤᠷᠭᠤᠮᠠᠯ ᠢ ᠬᠤᠯᠠᠭᠠᠶᠢᠯᠠᠨ ᠮᠠᠯᠲᠠᠬᠤ᠂ ᠬᠤᠳᠠᠯᠳᠤᠨ ᠠᠪᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠬᠡᠭᠡᠷ᠎ᠡ ᠶᠢᠨ ᠤᠷᠭᠤᠮᠠᠯ ᠢ ᠨᠡᠶᠢᠲᠡ 1 . 3 ᠲᠦᠮᠡ ᠭᠠᠷᠤᠶ ᠺᠢᠯᠣᠭ᠍ᠷᠠᠮ ᠬᠤᠷᠢᠶᠠᠨ ᠠᠪᠴᠠᠶ᠃    ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠠᠯ᠎ᠠ ᠪᠠᠷ᠄  ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠰᠢᠭᠤᠳ ᠤᠳᠤᠷᠢᠳᠤᠯᠭ᠎ᠠ ᠪᠠ ᠵᠢᠯᠣᠭᠤᠳᠣᠯᠭ᠎ᠠ ᠳᠣᠤᠷ᠎ᠠ᠂ ᠡᠯ᠎ᠡ ᠭᠠᠵᠠᠷ ᠤᠨ ᠬᠢᠨ《 ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ 》ᠪᠠ《 ᠺᠦᠨᠯᠦ᠋ᠨ 2020 》ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠪᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ ᠠᠵᠢᠯ ᠤᠨ ᠲᠤᠰᠬᠠᠶ ᠠᠩᠭᠢ ᠪᠠᠶᠢᠭᠤᠯᠬᠤ᠂ ᠴᠠᠭᠳᠠᠭᠠᠨ ᠤ ᠲᠥᠷᠥᠯ ᠤᠨ ᠬᠠᠮᠵᠢᠯᠴᠠᠭ᠎ᠠ ᠶᠢ ᠨᠢᠭᠲᠠᠷᠠᠭᠤᠯᠬᠤ᠂ ᠴᠣᠬᠢᠯᠲᠠ ᠥᠭᠬᠦ ᠡᠷᠴᠢᠮ ᠢ ᠳᠡᠭᠡᠭᠰᠢᠯᠡᠭᠦᠯᠬᠦ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠳᠤᠷ᠎ᠠ ᠪᠠᠷ ᠢᠶᠠᠨ ᠠᠩᠨᠠᠬᠤ᠂ ᠵᠠᠬ᠎ᠠ ᠳᠡᠯᠭᠡᠭᠦᠷ ᠢᠶᠠᠷ ᠠᠷᠠᠯᠵᠢᠶᠠᠯᠠᠬᠤ᠂ ᠲᠡᠭᠡᠭᠡᠪᠦᠷᠢᠯᠡᠨ ᠬᠦᠷᠭᠡᠬᠦ᠂ ᠦᠵᠦᠭᠦᠷ ᠤᠨ ᠬᠡᠷᠡᠭᠯᠡᠭᠡᠨ ᠵᠡᠷᠭᠡ ᠳᠥᠷᠪᠡᠨ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠰᠠᠬᠢᠵᠤ᠂ ᠬᠠᠤᠯᠢ ᠪᠤᠰᠤ ᠪᠠᠷ ᠠᠩᠨᠠᠬᠤ᠂ ᠬᠠᠤᠯᠢ ᠪᠤᠰᠤ ᠪᠠᠷ ᠬᠥᠮᠦᠨ ᠤ ᠬᠦᠴᠦ ᠪᠠᠷ ᠦᠷᠡᠵᠢᠭᠦᠯᠦᠨ ᠪᠣᠶᠢᠵᠢᠭᠤᠯᠬᠤ᠂ ᠬᠠᠤᠯᠢ ᠪᠤᠰᠤ ᠪᠠᠷ ᠠᠷᠠᠯᠵᠢᠶᠠᠯᠠᠬᠤ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠲᠡᠭᠡᠭᠡᠪᠦᠷᠢᠯᠡᠬᠦ ᠳᠥᠷᠪᠡᠨ ᠲᠥᠷᠥᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠰᠤᠷᠪᠤᠯᠵᠢᠯᠠᠨ ᠪᠠᠶᠢᠴᠠᠭᠠᠬᠤ᠂ ᠰᠦᠯᠵᠢᠶᠡᠨ ᠤ ᠠᠷᠠᠯᠵᠢᠶᠠᠨ ᠤ ᠲᠠᠪᠴᠠᠩ ᠢᠶᠠᠷ ᠳᠠᠮᠵᠢᠨ ᠡᠯ᠎ᠡ ᠲᠥᠷᠥᠯ ᠤᠨ ᠮᠡᠳᠡᠭᠡ ᠵᠠᠩᠭᠢ ᠶᠢ ᠬᠢᠨᠠᠨ ᠬᠡᠮᠵᠢᠵᠦ᠂ ᠰᠤᠳᠤᠯᠤᠨ ᠮᠠᠭᠠᠳᠯᠠᠵᠤ᠂ ᠶᠡᠭᠡ ᠬᠡᠷᠡᠭ ᠤᠨ ᠪᠣᠭᠤᠮᠲᠠ ᠰᠢᠪᠲᠤᠯᠬᠤ ᠶᠢ ᠴᠢᠩᠭ᠎ᠠ ᠠᠳᠬᠤᠵᠤ᠂ ᠲᠤᠰᠬᠠᠶ ᠠᠵᠢᠯᠯᠠᠭ᠎ᠠ ᠢᠯᠡᠳᠲᠡ ᠠᠮᠵᠢᠯᠲᠠ ᠣᠯᠪᠠ᠃ ᠡᠯ᠎ᠡ ᠲᠥᠷᠥᠯ ᠤᠨ ᠬᠡᠭᠡᠷ᠎ᠡ  ᠶᠢᠨ ᠠᠮᠢᠲᠠᠨ ᠤ ᠬᠡᠷᠡᠭ ᠢ ᠨᠡᠶᠢᠲᠡ 338 ᠪᠠᠶᠢᠴᠠᠭᠠᠨ ᠰᠢᠶᠳᠪᠦᠷᠢᠯᠡᠵᠦ᠂ ᠡᠭᠦᠨ ᠳᠤ ᠡᠷᠡᠭᠦᠦ ᠶᠢᠨ ᠬᠡᠷᠡᠭ 177 ᠪᠠᠶᠢᠵᠤ᠂ 5899 ᠬᠡᠭᠡᠷ᠎ᠡ ᠶᠢᠨ ᠠᠮᠢᠲᠠᠨ ᠢ ᠬᠤᠷᠢᠶᠠᠨ ᠠᠪᠴᠤ᠂ 3856 ᠬᠡᠭᠡᠷ᠎ᠡ ᠶᠢᠨ ᠠᠮᠢᠲᠠᠨ ᠤ ᠪᠦᠲᠦᠭᠡᠭᠳᠡᠬᠦᠨ ᠢ ᠬᠤᠷᠢᠶᠠᠨ ᠠᠪᠴᠤ᠂ 6 . 5 ᠺᠢᠯᠣᠭ᠍ᠷᠠᠮ ᠵᠠᠭᠠᠨ ᠤ ᠰᠣᠶᠤᠭ᠎ᠠ ᠶᠢᠨ ᠪᠦᠲᠦᠭᠡᠭᠳᠡᠬᠦᠨ ᠢ ᠬᠤᠷᠢᠶᠠᠨ ᠠᠪᠴᠤ᠂ ᠬᠠᠤᠯᠢ ᠶᠢ ᠵᠥᠷᠢᠴᠡᠵᠦ ᠶᠠᠯ᠎ᠠ ᠬᠢᠭᠰᠡᠨ 416 ᠬᠥᠮᠦᠨ ᠳᠤ ᠴᠣᠬᠢᠯᠲᠠ ᠥᠭᠴᠦ ᠰᠢᠶᠳᠪᠦᠷᠢᠯᠡᠪᠡ᠃     ᠣᠢ ᠰᠢᠭᠤᠶ ᠨᠤᠲᠤᠭ ᠪᠡᠯᠴᠢᠭᠡᠷ ᠤᠨ ᠬᠠᠤᠯᠢ ᠠᠴᠠ ᠵᠥᠷᠢᠴᠡᠨ ᠭᠠᠯ ᠬᠡᠷᠡᠭᠯᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠲᠠᠯ᠎ᠠ ᠪᠠᠷ᠄  2020 ᠣᠨ  ᠠᠴᠠ ᠨᠠᠭᠠᠰᠢ᠂ ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠥᠬᠦ ᠤᠯᠤᠰ ᠤᠨ《 ᠬᠤᠶᠠᠷ ᠬᠤᠷᠠᠯ 》᠂《 ᠬᠠᠩᠰᠢ ᠶᠢᠨ ᠡᠳᠦᠷ》᠂《 ᠤᠯᠤᠰ ᠤᠨ ᠪᠠᠶᠠᠷ 》ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠶᠠᠰᠤ ᠶᠢ ᠴᠢᠩᠭ᠎ᠠ ᠠᠩᠬᠠᠷᠴᠤ᠂ ᠳᠡᠭᠡᠳᠦ ᠲᠠᠰ ᠤᠨ ᠦᠶᠯᠡᠴᠢᠯᠡᠭᠡ ᠶᠢ ᠦᠷᠭᠦᠯᠵᠢᠯᠡᠨ ᠡᠬᠢᠯᠡᠭᠦᠯᠵᠦ᠂ ᠰᠢᠭᠤᠶᠢᠲᠤ ᠣᠷᠣᠨ ᠤ ᠮᠠᠯᠵᠢᠬᠤ ᠣᠷᠣᠨ ᠤ ᠴᠢᠬᠤᠯᠠ ᠪᠣᠭᠤᠮᠲᠠ᠂ ᠣᠶ ᠰᠢᠭᠤᠶ ᠶᠢᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ  ᠶᠢᠨ ᠭᠠᠵᠠᠷ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠢᠶᠠᠷ ᠴᠠᠭᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠠᠯ ᠤᠨ ᠭᠠᠮᠰᠢᠭ ᠤᠨ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠵᠤ᠂ ᠰᠢᠭᠤᠶᠢᠲᠤ ᠣᠷᠣᠨ ᠤ ᠨᠡᠶᠢᠭᠡᠮ ᠤᠨ ᠡᠮᠬᠢ ᠳᠢᠭᠯᠢᠮ ᠤᠨ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃ ᠡᠯ᠎ᠡ ᠠᠶᠢᠮᠠᠭ ᠬᠤᠲᠠ ᠴᠥᠮ 《 ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠲᠥᠰᠦᠯ 》 ᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠢ ᠠᠯᠬᠤᠮ ᠠᠯᠬᠤᠮ ᠢᠶᠠᠷ ᠳᠦᠷᠢᠮᠵᠢᠭᠦᠯᠦᠨ ᠵᠢᠷᠤᠮᠵᠢᠭᠤᠯᠬᠤ ᠬᠡᠷᠡᠭᠲᠡᠶ᠃ ᠡᠯ᠎ᠡ ᠭᠠᠵᠠᠷ ᠤᠨ ᠬᠢᠨ ᠪᠠᠰᠠ ᠪᠠᠴᠢᠮ ᠪᠠᠶᠢᠳᠠᠯ ᠢ ᠠᠷᠭᠠᠴᠠᠬᠤ ᠲᠥᠰᠦᠯ ᠲᠠᠢ ᠤᠶᠠᠯᠳᠤᠭᠤᠯᠤᠨ᠂ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ᠂ ᠣᠶ ᠰᠢᠭᠤᠶ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠪᠣᠳᠠᠲᠤ ᠪᠠᠶᠢᠯᠳᠤᠭᠠᠨ ᠤ ᠰᠣᠷᠢᠯᠲᠠ ᠶᠢ ᠵᠠᠯᠭᠠᠭ᠎ᠠ ᠪᠠᠷ ᠥᠷᠨᠢᠭᠦᠯᠵᠦ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠣᠪᠣᠶᠢᠯᠭᠠᠨ᠂ ᠪᠠᠴᠢᠮ ᠪᠠᠶᠢᠳᠠᠯ ᠢ ᠠᠷᠭᠠᠴᠠᠬᠤ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠭᠠᠯ ᠭᠠᠷᠤᠭᠰᠠᠨ ᠭᠠᠵᠠᠷ ᠢ ᠰᠡᠷᠭᠡᠶᠢᠯᠡᠬᠦ᠂ ᠵᠠᠮ ᠬᠠᠷᠢᠯᠴᠠᠭ᠎ᠠ ᠶᠢ ᠨᠡᠪᠲᠡᠷᠡᠭᠦᠯᠬᠦ᠂ ᠠᠮᠤᠷ ᠢ ᠬᠠᠮᠠᠭᠠᠯᠠᠬᠤ ᠪᠠ ᠭᠠᠯ ᠭᠠᠷᠤᠭᠰᠠᠨ ᠬᠡᠷᠡᠭ ᠢ ᠲᠠᠩᠨᠠᠨ ᠢᠯᠡᠷᠡᠭᠦᠯᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ᠡᠯ᠎ᠡ ᠱᠠᠲᠤᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠲᠦᠷᠦᠭᠦᠯᠡᠨ᠂ ᠲᠤᠬᠠᠶ ᠶᠢᠨ ᠭᠠᠵᠠᠷ ᠲᠤᠨᠢ ᠵᠢᠯᠣᠭᠤᠳᠴᠤ᠂ ᠦᠨᠳᠦᠰᠦᠨ ᠱᠠᠲᠤ ᠪᠣᠯᠤᠨ ᠨᠢᠭᠡᠳᠦᠭᠡᠷ ᠹᠷᠣᠨᠲ ᠲᠤ ᠢᠳᠡᠪᠬᠢᠲᠡᠶ ᠪᠠᠷ ᠭᠦᠨᠵᠡᠭᠡᠶᠢᠷᠡᠨ ᠭᠠᠯ ᠤᠨ ᠠᠶᠤᠯ ᠤᠨ ᠬᠡᠷᠡᠭ ᠢ ᠰᠡᠷᠭᠡᠶᠢᠯᠡᠨ ᠰᠢᠶᠳᠪᠦᠷᠢᠯᠡᠬᠦ ᠠᠵᠢᠯ ᠢ ᠵᠢᠯᠣᠭᠤᠳᠬᠤ ᠬᠡᠷᠡᠭᠲᠡᠶ᠃ ᠶᠠᠪᠤᠭᠳᠠᠭᠤᠰᠢᠲᠠᠶ ᠠᠵᠢᠯ ᠢᠶᠠᠷ ᠳᠠᠮᠵᠢᠭᠤᠯᠤᠨ᠂ ᠭᠠᠯ ᠤᠨ ᠭᠠᠮᠰᠢᠭ ᠤᠨ ᠬᠡᠷᠡᠭ ᠢ ᠶᠡᠷᠦᠩᠬᠡᠶᠢᠯᠡᠨ ᠪᠠᠶᠢᠴᠠᠭᠠᠨ ᠰᠢᠶᠳᠪᠦᠷᠢᠯᠡᠬᠦ ᠨᠣᠷᠮ᠎ᠠ ᠶᠢ ᠢᠯᠡᠳᠲᠡ ᠳᠡᠭᠡᠭᠰᠢᠯᠡᠭᠦᠯᠵᠦ᠂ ᠭᠠᠯ ᠤᠨ ᠭᠠᠮᠰᠢᠭ ᠤᠨ ᠡᠷᠡᠭᠦᠦ ᠶᠢᠨ ᠬᠡᠷᠡᠭ ᠤᠨ ᠲᠤᠭ᠎ᠠ ᠢᠯᠡᠳᠲᠡ ᠪᠠᠭᠤᠷᠠᠭᠰᠠᠨ ᠪᠠᠶᠠᠷᠯᠠᠭᠤᠰᠢᠲᠠᠶ ᠪᠠᠶᠢᠳᠠᠯ ᠢ ᠪᠡᠶᠡᠯᠡᠭᠦᠯᠪᠡ᠃ 2020 ᠣᠨ  ᠳᠤ᠂ ᠡᠯ᠎ᠡ ᠭᠠᠵᠠᠷ ᠤᠨ ᠬᠢᠨ ᠭᠠᠯ ᠲᠦᠶᠮᠡᠷ ᠲᠤ ᠬᠤᠯᠪᠣᠭᠳᠠᠭᠰᠠᠨ ᠨᠡᠶᠢᠲᠡ 3161 ᠬᠡᠷᠡᠭ ᠢ ᠪᠠᠶᠢᠴᠠᠭᠠᠨ ᠰᠢᠶᠳᠪᠦᠷᠢᠯᠡᠵᠦ᠂ 2819 ᠬᠥᠮᠦᠨ ᠤᠳᠠᠭ᠎ᠠ ᠶᠢᠨ ᠵᠠᠰᠠᠭ ᠵᠠᠬᠢᠷᠭᠠᠨ ᠤ ᠰᠢᠳᠬᠡᠯ ᠥᠭᠴᠦ᠂ ᠠᠮᠤᠷ ᠢ ᠬᠠᠮᠠᠭᠠᠯᠠᠬᠤ ᠪᠠᠷ 209 ᠬᠥᠮᠦᠨ ᠢ ᠲᠦᠷ ᠬᠤᠷᠢᠵᠤ᠂ ᠭᠠᠯ ᠠᠯᠳᠠᠭᠰᠠᠨ 115 ᠡᠷᠡᠭᠦᠦ ᠶᠢᠨ ᠬᠡᠷᠡᠭ ᠢ ᠢᠯᠡᠷᠡᠭᠦᠯᠵᠦ᠂ ᠬᠠᠤᠯᠢ ᠶᠢ ᠵᠥᠷᠢᠴᠡᠵᠦ ᠶᠠᠯ᠎ᠠ ᠬᠢᠭᠰᠡᠨ 118 ᠬᠥᠮᠦᠨ ᠳᠤ ᠴᠣᠬᠢᠯᠲᠠ ᠥᠭᠴᠦ ᠰᠢᠶᠳᠪᠦᠷᠢᠯᠡᠨ᠂ ᠬᠦᠨᠳᠦ ᠣᠨᠴᠠ ᠶᠡᠭᠡ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠤᠨ ᠠᠶᠤᠯ ᠪᠠ ᠬᠥᠮᠦᠨ ᠬᠠᠷ᠎ᠠ ᠥᠭᠦᠵᠦ ᠰᠢᠷᠬᠠᠲᠤᠭᠰᠠᠨ ᠠᠳᠡᠯ ᠢ ᠪᠦᠲᠦᠮᠵᠢᠲᠡᠶ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠶ ᠶᠢᠨ ᠬᠠᠯᠬᠠᠪᠴᠢ ᠶᠢᠨ ᠠᠮᠤᠷ ᠲᠦᠪᠰᠢᠨ ᠢ ᠬᠦᠴᠦᠲᠡᠶ ᠪᠠᠲᠤᠯᠠᠪᠠ᠃    ᠨᠣᠭᠤᠭᠠᠨ ᠥᠩᠭᠡ ᠪᠣᠯ ᠥᠪᠥᠷ ᠮᠣᠩᠭᠤᠯ ᠤᠨ ᠳᠡᠪᠢᠰᠬᠡᠷ ᠥᠩᠭᠡ ᠪᠠ ᠦᠨ᠎ᠡ ᠥᠷᠲᠡᠭ ᠮᠥᠨ᠂ ᠠᠮᠢ ᠠᠬᠤᠶ ᠪᠣᠯ ᠥᠪᠥᠷ ᠮᠣᠩᠭᠤᠯ ᠤᠨ ᠬᠠᠷᠢᠭᠤᠴᠠᠯᠭ᠎ᠠ ᠪᠠ ᠳᠠᠯᠳᠠ ᠬᠦᠴᠦᠨ ᠮᠥᠨ᠃ ᠬᠤᠶᠢᠰᠢᠳᠠ᠂ ᠪᠥᠬᠦ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂《 ᠠᠷᠪᠠᠨ ᠵᠢᠷᠭᠤᠭᠠᠨ ᠥᠰᠥᠭ 》 ᠤᠨ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠦ᠂ ᠥᠪᠥᠷ ᠮᠣᠩᠭᠤᠯ ᠤᠨ ᠠᠮᠢ ᠠᠬᠤᠶ ᠶᠢᠨ ᠠᠮᠤᠷ ᠲᠦᠪᠰᠢᠨ ᠢ ᠰᠠᠶᠢᠲᠤᠷ ᠰᠠᠬᠢᠨ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠪᠠᠲᠤ ᠴᠣᠭᠴᠠᠯᠠᠨ᠎ᠠ᠃      110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠪᠣᠯᠤᠨ ᠨᠡᠶᠢᠭᠡᠮ ᠤᠨ ᠦᠶᠯᠡᠴᠢᠯᠡᠭᠡᠨ ᠤ ᠲᠠᠪᠴᠠᠩ ᠢ ᠵᠥᠪ ᠣᠨᠣᠪᠴᠢᠲᠠᠶ ᠵᠦᠶ ᠵᠣᠬᠢᠰᠲᠠᠶ       ᠬᠡᠷᠡᠭᠯᠡᠵᠦ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ                                ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠢᠭᠤᠴᠠ ᠮᠡᠳᠡᠭᠡᠨ ᠤ ᠵᠢᠯᠣᠭᠤᠳᠬᠤ                                ᠲᠥᠪ ᠤᠨ ᠴᠠᠭᠳᠠᠭᠠᠨ ᠤ ᠵᠢᠯᠣᠭᠤᠳᠬᠤ ᠰᠠᠯᠪᠤᠷᠢ ᠠᠩᠭᠢ ᠶᠢᠨ ᠳᠠᠷᠤᠭ᠎ᠠ ᠸᠧᠨ ᠡᠦ ᠵᠢᠤᠸᠠᠨ    2020 ᠣᠨ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ 110 ᠰᠡᠷᠡᠮᠵᠢ ᠶᠢᠨ ᠳᠣᠬᠢᠶ᠎ᠠ ᠶᠢ ᠭᠥᠯᠢᠶᠡᠨ ᠠᠪᠴᠤ ᠰᠢᠶᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ 110 ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠶᠳᠪᠦᠷᠢᠯᠡᠬᠦ《 ᠬᠥᠨᠳᠡᠭᠦᠷ 》᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ《 ᠬᠥᠭᠦᠷᠭᠡᠨ ᠪᠠᠬᠢᠯᠡᠯᠲᠡ 》᠂ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ《 ᠮᠡᠳᠡᠭᠡ ᠵᠠᠩᠭᠢ  ᠶᠢᠨ ᠢᠷᠡᠯᠲᠡ 》᠂ ᠠᠷᠠᠳ ᠣᠯᠠᠨ ᠤ《 ᠬᠠᠮᠠᠭᠠᠯᠠᠭᠴᠢ 》 ᠶᠢᠨ ᠴᠢᠬᠤᠯᠠ ᠦᠶᠯᠡᠳᠦᠯ ᠢ ᠭᠦᠶᠴᠡᠳ ᠪᠠᠳᠠᠷᠠᠭᠤᠯᠪᠠ᠃ ᠵᠢᠯ ᠤᠨ ᠳᠣᠲᠣᠷ᠎ᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠣᠯᠠᠨ ᠲᠦᠮᠡᠨ ᠤ ᠲᠦᠭᠰᠢᠭᠦᠷᠢ ᠮᠡᠳᠡᠭᠦᠯᠦᠯᠲᠡ ᠶᠢ ᠨᠡᠶᠢᠲᠡ 5214654 ᠲᠤᠰᠴᠤ᠂ ᠠᠳᠠᠯᠢ ᠬᠤᠭᠤᠴᠠᠭᠠᠨ ᠤ ᠬᠢ ᠠᠴᠠ 10 . 27 % ᠪᠠᠷ ᠨᠡᠮᠡᠭᠳᠡᠪᠡ; ᠬᠦᠴᠦᠨ ᠲᠠᠢ ᠴᠠᠭᠳᠠᠭᠠᠨ ᠤ ᠪᠠᠶᠢᠳᠠᠯ 1598769᠂ ᠠᠳᠠᠯᠢ ᠬᠤᠭᠤᠴᠠᠭᠠᠨ ᠤ ᠬᠢ ᠠᠴᠠ 6 . 74 % ᠪᠠᠷ ᠳᠡᠭᠡᠭᠰᠢᠯᠡᠪᠡ; ᠡᠷᠡᠭᠦᠦ ᠶᠢᠨ ᠬᠡᠷᠡᠭ ᠤᠨ ᠲᠥᠷᠥᠯ ᠤᠨ ᠴᠠᠭᠳᠠᠭ᠎ᠠ ᠳᠤ ᠮᠡᠳᠡᠭᠦᠯᠦᠭᠰᠡᠨ ᠬᠡᠷᠡᠭ 50533 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 26 . 39 % ᠪᠠᠷ ᠪᠠᠭᠤᠷᠠᠵᠤ᠂ ᠠᠮᠤᠷ ᠢ ᠬᠠᠮᠠᠭᠠᠯᠠᠬᠤ ᠲᠥᠷᠥᠯ ᠤᠨ ᠴᠠᠭᠳᠠᠭ᠎ᠠ ᠳᠤ ᠮᠡᠳᠡᠭᠦᠯᠦᠭᠰᠡᠨ ᠬᠡᠷᠡᠭ 392538 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8 . 41 % ᠪᠠᠷ ᠪᠠᠭᠤᠷᠠᠵᠤ᠂ ᠵᠠᠮ ᠬᠠᠷᠢᠯᠴᠠᠭᠠᠨ ᠤ ᠲᠥᠷᠥᠯ ᠤᠨ ᠴᠠᠭᠳᠠᠭ᠎ᠠ ᠳᠤ ᠮᠡᠳᠡᠭᠦᠯᠦᠭᠰᠡᠨ ᠬᠡᠷᠡᠭ 426390 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2 . 29 % ᠪᠠᠷ ᠪᠠᠭᠤᠷᠠᠵᠤ᠂ ᠡᠯ᠎ᠡ ᠲᠥᠷᠥᠯ ᠤᠨ ᠬᠡᠷᠡᠭ ᠶᠡᠷᠦᠩᠬᠡᠶ ᠳᠡᠭᠡᠨ ᠪᠠᠭᠤᠷᠠᠬᠤ ᠬᠠᠨᠳᠤᠰᠢ ᠲᠠᠢ ᠪᠣᠯᠵᠣ᠂ ᠨᠡᠶᠢᠭᠡᠮ ᠤᠨ ᠠᠮᠤᠷ ᠲᠦᠪᠰᠢᠨ ᠢ ᠲᠣᠭᠲᠠᠭᠤᠨ ᠢᠶᠠᠷ ᠡᠵᠡᠮᠳᠡᠵᠦ ᠳᠡᠶᠢᠯᠬᠦ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠢᠯᠡᠳᠲᠡ ᠳᠡᠭᠡᠭᠰᠢᠯᠡᠪᠡ᠃    110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠬᠢᠭᠡᠳ ᠬᠠᠮᠢᠶ᠎ᠠ ᠪᠥᠬᠦᠶ ᠨᠡᠶᠢᠭᠡᠮ ᠤᠨ ᠦᠶᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠶᠳᠪᠦᠷᠢᠯᠡᠬᠦ ᠬᠡᠪᠴᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠶᠢᠨ ᠲᠥᠯᠥᠭᠡ᠂ ᠪᠢᠳᠡ ᠡᠨᠡ ᠬᠦ ᠲᠣᠬᠢᠶᠠᠯ ᠢ ᠠᠰᠢᠭᠯᠠᠨ᠂ 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠶᠳᠪᠦᠷᠢᠯᠡᠬᠦ ᠲᠦᠭᠰᠢᠭᠦᠷᠢ ᠮᠡᠳᠡᠭᠦᠯᠬᠦ ᠬᠡᠪᠴᠢᠶ᠎ᠡ᠂ ᠪᠠᠴᠢᠮ ᠲᠤᠰᠠᠯᠠᠮᠵᠢ ᠭᠤᠶᠤᠴᠢᠯᠠᠬᠤ ᠬᠡᠪᠴᠢᠶ᠎ᠡ᠂ ᠵᠠᠭᠠᠯᠳᠤᠯᠭ᠎ᠠ ᠶᠢ ᠭᠥᠯᠢᠶᠡᠨ ᠠᠪᠴᠤ ᠰᠢᠶᠳᠪᠦᠷᠢᠯᠡᠬᠦ ᠬᠡᠪᠴᠢᠶ᠎ᠡ ᠵᠢᠴᠢ 12345 ᠨᠡᠶᠢᠭᠡᠮ ᠤᠨ ᠦᠶᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠶᠳᠪᠦᠷᠢᠯᠡᠬᠦ ᠬᠡᠪᠴᠢᠶ᠎ᠡ᠂ 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠬᠢᠭᠡᠳ 12348 ᠬᠠᠤᠯᠢ ᠴᠠᠭᠠᠵᠠ ᠶᠢᠨ ᠬᠠᠯᠠᠮᠰᠢᠯ ᠤᠲᠠᠰᠤᠨ ᠤ ᠲᠠᠪᠴᠠᠩ ᠤᠨ ᠬᠠᠮᠲᠤᠷᠠᠨ ᠬᠥᠳᠡᠯᠦᠯᠴᠡᠬᠦ ᠬᠡᠪᠴᠢᠶ᠎ᠡ᠂ 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠬᠢᠭᠡᠳ《 ᠥᠨᠥᠳᠦᠷ ᠤᠨ ᠲᠦᠷᠦᠭᠦᠦ ᠵᠤᠷᠪᠤᠰ 》 ᠤᠨ ᠬᠠᠮᠲᠤᠷᠠᠯᠴᠠᠭᠠᠨ ᠤ ᠨᠡᠶᠢᠲᠡ ᠶᠢᠨ ᠠᠰᠠᠷᠠᠮᠵᠢ ᠶᠢᠨ ᠬᠥᠮᠦᠨ ᠡᠷᠢᠬᠦ ᠬᠡᠪᠴᠢᠶ᠎ᠡ ᠶᠢ ᠵᠠᠭᠤᠴᠢᠯᠠᠭᠤᠷ ᠲᠤ ᠣᠨᠴᠠᠯᠠᠨ ᠨᠡᠶᠢᠲᠡᠯᠡᠪᠡ᠂ ᠥᠷᠭᠡᠨ ᠣᠯᠠᠨ ᠲᠦᠮᠡᠨ ᠵᠥᠪ ᠣᠨᠣᠪᠴᠢᠲᠠᠶ ᠬᠡᠷᠡᠭᠯᠡᠬᠦ ᠶᠢ ᠬᠦᠰᠡᠵᠦ ᠪᠠᠶᠢᠨ᠎ᠠ᠃    ᠨᠢᠭᠡ᠂ 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠶᠳᠪᠦᠷᠢᠯᠡᠬᠦ ᠬᠡᠪᠴᠢᠶ᠎ᠡ  ᠄    ( ᠨᠢᠭᠡ ) 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠲᠦᠭᠰᠢᠭᠦᠷᠢ ᠮᠡᠳᠡᠭᠦᠯᠬᠦ ᠶᠢ ᠬᠦᠯᠢᠶᠡᠨ ᠠᠪᠬᠤ ᠬᠦᠷᠢᠶ᠎ᠡ ᠬᠡᠪᠴᠢᠶ᠎ᠡ᠄    1 . ᠡᠷᠡᠭᠦᠦ ᠶᠢᠨ ᠬᠡᠷᠡᠭ ᠤᠨ ᠲᠥᠷᠥᠯ ᠤᠨ ᠴᠠᠭᠳᠠᠭᠠᠨ ᠤ ᠪᠠᠶᠢᠳᠠᠯ    2 . ᠠᠮᠤᠷ ᠢ ᠬᠠᠮᠠᠭᠠᠯᠠᠬᠤ ᠲᠥᠷᠥᠯ ᠤᠨ ᠴᠠᠭᠳᠠᠭᠠᠨ ᠤ ᠪᠠᠶᠢᠳᠠᠯ    3 . ᠵᠠᠮ ᠬᠠᠷᠢᠯᠴᠠᠭᠠᠨ ᠤ ᠲᠥᠷᠥᠯ ᠤᠨ ᠴᠠᠭᠳᠠᠭᠠᠨ ᠤ ᠪᠠᠶᠢᠳᠠᠯ    4 . ᠬᠥᠮᠦᠨ ᠤ ᠪᠡᠶ᠎ᠡ᠂ ᠡᠳ᠋ ᠬᠦᠷᠦᠩᠭᠡ ᠶᠢᠨ ᠠᠮᠤᠷ ᠲᠦᠪᠰᠢᠨ ᠪᠤᠶᠤ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ ᠰᠦᠷᠳᠡᠭᠦᠯᠬᠦ ᠬᠠᠮᠲᠤᠯᠢᠭ ᠤᠨ ᠴᠢᠨᠠᠷᠲᠠᠢ ᠬᠡᠷᠡᠭ    5 . ᠠᠮᠤᠷ ᠢ ᠬᠠᠮᠠᠭᠠᠯᠠᠬᠤ ᠭᠠᠶ ᠭᠠᠮᠰᠢᠭ ᠤᠨ ᠠᠳᠡᠯ ᠤᠨ ᠲᠥᠷᠥᠯ ᠤᠨ ᠴᠠᠭᠳᠠᠭᠠᠨ ᠤ ᠪᠠᠶᠢᠳᠠᠯ    6 . ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠢᠳᠪᠦᠷᠢᠯᠡᠬᠦ ᠴᠢᠬᠤᠯᠠᠲᠠᠢ ᠪᠤᠰᠤᠳ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠲᠠᠢ ᠬᠤᠯᠪᠣᠭᠳᠠᠬᠤ ᠲᠦᠭᠰᠢᠭᠦᠷᠢ ᠮᠡᠳᠡᠭᠡᠯᠡᠬᠦ   ( ᠬᠤᠶᠠᠷ ) 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠶᠳᠪᠦᠷᠢᠯᠡᠬᠦ ᠪᠠᠴᠢᠮ ᠲᠤᠰᠠᠯᠠᠮᠵᠢ ᠭᠤᠶᠤᠴᠢᠯᠠᠬᠤ ᠬᠦᠷᠢᠶ᠎ᠡ ᠬᠡᠪᠴᠢᠶ᠎ᠡ᠄    1 . ᠤᠰᠤᠨ ᠳᠤ ᠴᠠᠴᠠᠬᠤ᠂ ᠠᠰᠠᠷ ᠠᠴᠠ ᠤᠨᠠᠬᠤ᠂ ᠪᠡᠶ᠎ᠡ ᠪᠠᠨ ᠬᠤᠣᠷᠯᠠᠬᠤ ᠵᠡᠷᠭᠡ ᠬᠥᠮᠦᠨ ᠤ ᠪᠡᠶ᠎ᠡ ᠶᠢᠨ ᠠᠮᠤᠷ ᠲᠦᠪᠰᠢᠨ ᠳᠤ ᠠᠶᠤᠯ ᠤᠴᠠᠷᠠᠭᠤᠯᠬᠤ ᠵᠢᠴᠢ ᠣᠯᠠᠨ ᠨᠡᠶᠢᠲᠡ ᠪᠤᠰᠤᠳ ᠠᠶᠤᠯ ᠲᠦᠭᠰᠢᠭᠦᠷᠢ ᠳᠤ ᠤᠴᠠᠷᠠᠵᠤ᠂ ᠲᠤᠰᠠᠯᠠᠮᠵᠢ ᠦᠭᠡᠢ ᠭᠠᠭᠴᠠᠭᠠᠷᠳᠠᠭᠰᠠᠨ ᠪᠠᠶᠢᠳᠠᠯ ᠳᠤ ᠣᠷᠣᠭᠠᠳ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠪᠠᠴᠢᠮ ᠠᠪᠤᠷᠠᠨ ᠲᠤᠰᠠᠯᠠᠬᠤ ᠴᠢᠬᠤᠯᠠᠲᠠᠢ ᠵᠦᠶᠯᠡᠰ᠃    2 . ᠨᠠᠰᠤᠲᠠᠶᠢᠴᠤᠳ᠂ ᠬᠡᠦᠬᠡᠳ ᠵᠢᠴᠢ ᠣᠶᠣᠨ ᠤ ᠰᠠᠭᠠᠳ ᠲᠠᠢ ᠬᠥᠮᠦᠰ᠂ ᠣᠶᠣᠨ ᠮᠡᠳᠡᠷᠡᠯ ᠤᠨ ᠰᠠᠭᠠᠳ ᠲᠠᠢ ᠡᠪᠡᠳᠴᠢᠲᠡᠨ ᠵᠡᠷᠭᠡ ᠦᠢᠯᠡ ᠠᠵᠢᠯᠯᠠᠭ᠎ᠠ  ᠶᠢᠨ ᠴᠢᠳᠠᠪᠤᠷᠢ ᠲᠠᠢ᠂ ᠢᠯᠭᠠᠨ ᠲᠠᠨᠢᠬᠤ ᠴᠢᠳᠠᠪᠤᠷᠢ ᠪᠠᠷ ᠠᠨᠠᠢ ᠬᠥᠮᠦᠰ ᠤᠨ ᠲᠥᠭᠡᠷᠢᠵᠦ ᠭᠡᠭᠡᠭᠳᠡᠭᠰᠡᠨ ᠢ ᠣᠯᠵᠤ ᠮᠡᠳᠡᠭᠡᠳ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠵᠣᠬᠢᠬᠤ ᠬᠡᠪᠴᠢᠶᠡᠨ ᠳᠣᠲᠣᠷ᠎ᠠ ᠲᠦᠷᠭᠡᠨ ᠬᠠᠪᠰᠤᠷᠤᠭᠤᠯᠤᠨ ᠡᠷᠢᠭᠦᠯᠬᠦ ᠴᠢᠬᠤᠯᠠᠲᠠᠢ ᠵᠦᠶᠯᠡᠰ᠃    3 . ᠤᠰᠤ᠂ ᠴᠠᠬᠢᠯᠭᠠᠨ᠂ ᠲᠣᠰᠣ᠂ ᠬᠡᠢ᠂ ᠢᠯᠴᠢ ᠵᠡᠷᠭᠡ ᠳᠤ ᠬᠤᠯᠪᠣᠭᠳᠠᠭᠰᠠᠨ ᠣᠯᠠᠨ ᠨᠡᠶᠢᠲᠡ ᠶᠢᠨ ᠲᠥᠬᠦᠭᠡᠷᠦᠮᠵᠢ ᠳᠤ ᠲᠦᠭᠰᠢᠭᠦᠷᠢᠲᠦ ᠪᠠᠶᠢᠳᠠᠯ ᠭᠠᠷᠴᠤ᠂ ᠣᠯᠠᠨ ᠨᠡᠶᠢᠲᠡ ᠶᠢᠨ ᠠᠮᠤᠷ ᠲᠦᠪᠰᠢᠨ᠂ ᠬᠥᠮᠦᠨ ᠤ ᠪᠡᠶ᠎ᠡ ᠪᠤᠶᠤ ᠡᠳ᠋ ᠬᠥᠷᠥᠩᠭᠡ ᠶᠢᠨ ᠠᠮᠤᠷ ᠲᠦᠪᠰᠢᠨ ᠳᠤ ᠠᠶᠤᠯ ᠬᠥᠨᠥᠭᠡᠯ ᠤᠴᠠᠷᠠᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠤᠷᠢᠳ ᠢᠶᠠᠷ ᠪᠠᠴᠢᠮ ᠰᠢᠢᠳᠪᠦᠷᠢᠯᠡᠬᠦ ᠴᠢᠬᠤᠯᠠᠲᠠᠢ ᠵᠦᠶᠯᠡᠰ᠃    4 . ᠭᠠᠵᠠᠷ ᠬᠥᠳᠡᠯᠦᠯᠲᠡ᠂ ᠦᠶᠡᠷ ᠤᠰᠤᠲᠤᠯ᠂ ᠰᠢᠪᠠᠷ ᠴᠢᠯᠠᠭᠤᠨ ᠤ ᠤᠷᠤᠰᠬᠠᠯ ᠵᠡᠷᠭᠡ ᠪᠠᠶᠢᠭᠠᠯᠢ ᠶᠢᠨ ᠭᠠᠮᠰᠢᠭ ᠤᠨ ᠠᠶᠤᠯᠲᠤ ᠪᠠᠶᠢᠳᠠᠯ ᠡᠭᠦᠰᠴᠦ᠂ ᠣᠯᠠᠨ ᠨᠡᠶᠢᠲᠡ ᠶᠢᠨ ᠠᠮᠤᠷ ᠲᠦᠪᠰᠢᠨ᠂ ᠬᠥᠮᠦᠨ ᠤ ᠪᠡᠶ᠎ᠡ ᠪᠤᠶᠤ ᠡᠳ᠋ ᠬᠥᠷᠥᠩᠭᠡ ᠶᠢᠨ ᠠᠮᠤᠷ ᠲᠦᠪᠰᠢᠨ ᠪᠠ ᠦᠶᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠰᠦᠷᠳᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠴᠢᠮ ᠰᠢᠶᠳᠪᠦᠷᠢᠯᠡᠯᠲᠡ ᠳᠤ ᠣᠷᠣᠯᠴᠠᠬᠤ ᠴᠢᠬᠤᠯᠠᠲᠠᠶ ᠵᠦᠶᠯᠡᠰ᠃    5 . ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠶᠳᠪᠦᠷᠢᠯᠡᠬᠦ ᠴᠢᠬᠤᠯᠠᠲᠠᠶ ᠪᠤᠰᠤᠳ ᠪᠠᠴᠢᠮ ᠲᠤᠰᠠᠯᠠᠮᠵᠢ ᠭᠤᠶᠤᠴᠢᠯᠠᠬᠤ ᠵᠦᠶᠯᠡᠰ᠃    ( ᠭᠤᠷᠪᠠ ) 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠵᠠᠭᠠᠯᠳᠤᠯᠭ᠎ᠠ ᠶᠢ ᠬᠦᠯᠢᠶᠡᠨ ᠠᠪᠬᠤ ᠬᠡᠪᠴᠢᠶ᠎ᠡ᠄ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠵᠢᠴᠢ ᠠᠷᠠᠳ ᠤᠨ ᠴᠠᠭᠳᠠᠭ᠎ᠠ ᠶᠢᠨ ᠶᠠᠭ ᠭᠠᠷᠴᠤ ᠪᠠᠶᠢᠭ᠎ᠠ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠴᠠᠭᠳᠠᠭ᠎ᠠ ᠶᠢᠨ ᠬᠠᠤᠯᠢ 》 《 ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠰᠢᠮᠳᠠᠭᠤᠯᠤᠨ ᠪᠠᠶᠢᠴᠠᠭᠠᠬᠤ ᠳᠦᠷᠢᠮ 》 《 ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ  ᠶᠢᠨ ᠠᠷᠠᠳ ᠤᠨ ᠴᠠᠭᠳᠠᠭ᠎ᠠ ᠶᠢᠨ ᠰᠠᠬᠢᠯᠭ᠎ᠠ ᠪᠠᠲᠤ ᠶᠢᠨ ᠳᠦᠷᠢᠮ 》 ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠠᠷᠠᠳ ᠤᠨ ᠴᠠᠭᠳᠠᠭ᠎ᠠ ᠶᠢᠨ ᠰᠠᠬᠢᠯᠭ᠎ᠠ ᠪᠠᠲᠤ ᠶᠢᠨ ᠲᠣᠭᠲᠠᠭᠠᠯ ᠠᠴᠠ ᠵᠥᠷᠢᠴᠡᠵᠦ᠂ ᠬᠠᠤᠯᠢ ᠠᠴᠠ ᠵᠥᠷᠢᠴᠡᠨ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠶ᠂ ᠡᠯ᠎ᠡ ᠵᠦᠢᠯ ᠤᠨ ᠬᠠᠤᠯᠢ ᠬᠡᠷᠡᠭᠵᠢᠭᠦᠯᠬᠦ᠂ ᠦᠢᠯᠡᠴᠢᠯᠡᠬᠦ᠂ ᠵᠣᠬᠢᠶᠠᠨ ᠪᠠᠶᠢᠭᠤᠯᠬᠤ᠂ ᠬᠠᠮᠢᠶᠠᠷᠬᠤ ᠳᠦᠷᠢᠮ ᠢ ᠵᠢᠷᠤᠮᠯᠠᠬᠤ ᠦᠭᠡᠶ ᠪᠠ ᠡᠷᠬᠢᠯᠡᠭᠰᠡᠨ ᠠᠵᠢᠯ ᠤᠨ ᠶᠣᠰᠣ ᠮᠣᠷᠠᠯ ᠠᠴᠠ ᠵᠥᠷᠢᠴᠡᠭᠰᠡᠨ ᠦᠢᠯᠡ ᠠᠵᠢᠯᠯᠠᠭ᠎ᠠ᠃    ᠬᠤᠶᠠᠷ᠂ 12345 ᠨᠡᠶᠢᠭᠡᠮ ᠤᠨ ᠦᠶᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠶᠳᠪᠦᠷᠢᠯᠡᠬᠦ ᠬᠡᠪᠴᠢᠶ᠎ᠡ  ᠄    12345 ᠲᠠᠪᠴᠠᠩ ᠪᠣᠯ ᠬᠤᠲᠠ ᠶᠢᠨ ᠵᠠᠰᠠᠭ ᠤᠨ ᠣᠷᠳᠣᠨ ᠤ ᠨᠡᠶᠢᠭᠡᠮ ᠤᠨ ᠲᠤᠰᠠᠯᠠᠮᠵᠢ ᠭᠤᠶᠤᠴᠢᠯᠠᠬᠤ ᠦᠶᠯᠡᠴᠢᠯᠡᠭᠡᠨ ᠤ ᠲᠠᠪᠴᠠᠩ ᠪᠠᠶᠢᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠣᠯᠠᠨ ᠨᠡᠶᠢᠲᠡ ᠶᠢᠨ ᠦᠶᠯᠡᠴᠢᠯᠡᠭᠡᠨ ᠤ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ᠂ ᠭᠦᠶᠴᠡᠳᠬᠡᠬᠦ ᠲᠠᠰ ᠳᠠᠷᠠᠭᠠᠯᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠵᠡᠷᠭᠡ ᠠᠰᠠᠭᠤᠳᠠᠯ ᠳᠤ ᠬᠤᠯᠪᠣᠭᠳᠠᠭᠰᠠᠨ ᠵᠥᠪᠯᠡᠯᠭᠡ ᠥᠭᠬᠦ᠂ ᠲᠤᠰᠠᠯᠠᠮᠵᠢ ᠭᠤᠶᠤᠴᠢᠯᠠᠬᠤ ᠪᠣᠯᠤᠨ᠎ᠠ; ᠬᠤᠲᠠ ᠶᠢᠨ ᠠᠷᠠᠳ ᠤᠨ ᠠᠮᠢᠳᠤᠷᠠᠯ᠂ ᠦᠶᠯᠡᠳᠪᠦᠷᠢᠯᠡᠯ ᠤᠨ ᠳᠤᠮᠳᠠ ᠲᠤᠯᠭᠠᠷᠠᠭᠰᠠᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠ ᠣᠯᠠᠨ ᠨᠡᠶᠢᠲᠡ ᠶᠢᠨ ᠦᠶᠯᠡᠴᠢᠯᠡᠭᠡ ᠳᠤ ᠬᠠᠷᠢᠶᠠᠯᠠᠭᠳᠠᠬᠤ ᠯᠠᠪᠯᠠᠯᠭ᠎ᠠ᠂ ᠲᠤᠰᠠᠯᠠᠮᠵᠢ ᠭᠤᠶᠤᠴᠢᠯᠠᠬᠤ ᠵᠡᠷᠭᠡ ᠡᠯ᠎ᠡ ᠲᠥᠷᠥᠯ ᠤᠨ ᠴᠠᠭᠳᠠᠭᠠᠨ ᠤ ᠶᠠᠪᠤᠳᠠᠯ ᠤᠨ ᠪᠤᠰᠤ ᠯᠠᠪᠯᠠᠯᠭ᠎ᠠ᠂ ᠵᠠᠭᠠᠯᠳᠤᠯᠭ᠎ᠠ᠂ ᠲᠤᠰᠠᠯᠠᠮᠵᠢ ᠭᠤᠶᠤᠴᠢᠯᠠᠬᠤ ᠲᠥᠷᠥᠯ ᠵᠡᠷᠭᠡ ᠵᠦᠶᠯᠡᠰ᠃    ᠭᠤᠷᠪᠠ᠂ 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠪᠣᠯᠤᠨ 12348 ᠬᠠᠤᠯᠢ ᠴᠠᠭᠠᠵᠠ ᠶᠢᠨ ᠬᠠᠯᠠᠮᠰᠢᠯ ᠤᠲᠠᠰᠤᠨ ᠤ ᠲᠠᠪᠴᠠᠩ ᠤᠨ ᠬᠠᠮᠲᠤᠷᠠᠨ ᠬᠥᠳᠡᠯᠦᠯᠴᠡᠬᠦ ᠬᠡᠪᠴᠢᠶ᠎ᠡ  ᠄  《 12348 》ᠪᠣᠯ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠤᠯᠭ᠎ᠠ ᠠᠴᠠ ᠪᠦᠬᠦ ᠣᠷᠣᠨ ᠤ ᠠᠷᠠᠳ ᠣᠯᠠᠨ ᠳᠤ ᠬᠠᠨᠳᠤᠭᠤᠯᠤᠭᠰᠠᠨ ᠬᠠᠤᠯᠢ ᠴᠠᠭᠠᠵᠠ ᠶᠢᠨ ᠯᠠᠪᠯᠠᠯᠭ᠎ᠠ ᠶᠢᠨ ᠦᠢᠯᠡᠴᠢᠯᠡᠭᠡᠨ ᠤ ᠲᠤᠰᠬᠠᠶ ᠳ᠋᠊ ᠢᠶᠠᠩᠬᠤᠸᠠ ᠪᠣᠯᠤᠨ᠎ᠠ᠂ 7 × 24 ᠴᠠᠭ ᠤᠨ ᠠᠵᠢᠯ ᠤᠨ ᠭᠤᠣᠯ ᠡᠭᠦᠷᠭᠡ ᠴᠢᠳᠠᠪᠤᠷᠢ ᠨᠢ ᠪᠣᠯ ᠣᠯᠠᠨ ᠲᠦᠮᠡᠨ ᠤ ᠬᠠᠤᠯᠢ ᠴᠠᠭᠠᠵᠠ ᠶᠢᠨ ᠯᠠᠪᠯᠠᠯᠭ᠎ᠠ ᠶᠢ ᠬᠦᠯᠢᠶᠡᠨ ᠠᠪᠴᠤ᠂ ᠠᠷᠠᠳ ᠤᠨ ᠬᠤᠭᠤᠷᠣᠨᠳᠣᠬᠢ ᠵᠢᠭᠤᠷᠠᠯᠳᠤᠭᠠᠨ ᠢ ᠡᠶᠡᠳᠡᠭᠦᠯᠦᠨ ᠰᠢᠶᠳᠪᠦᠷᠢᠯᠡᠬᠦ ᠳᠤ ᠬᠠᠮᠵᠢᠯᠴᠠᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠲᠤᠰᠬᠠᠵᠤ᠂ ᠬᠠᠤᠯᠢ ᠴᠠᠭᠠᠵᠠ  ᠶᠢᠨ ᠲᠤᠰᠠᠯᠠᠮᠵᠢ ᠶᠢᠨ ᠭᠤᠶᠤᠴᠢᠯᠠᠯ ᠢ ᠵᠢᠯᠣᠭᠤᠳᠬᠤ ᠪᠠ ᠬᠦᠯᠢᠶᠡᠨ ᠠᠪᠬᠤ ᠶᠠᠪᠤᠳᠠᠯ ᠪᠣᠯᠤᠨ᠎ᠠ᠃《 110 》ᠲᠦᠭᠰᠢᠭᠦᠷᠢ ᠮᠡᠳᠡᠭᠡᠯᠡᠬᠦ ᠦᠶᠯᠡᠴᠢᠯᠡᠭᠡᠨ ᠤ ᠲᠠᠪᠴᠠᠩ  ᠨᠢ ᠣᠷᠤᠭ ᠬᠤᠷᠢᠮ᠂ ᠬᠡᠷ ᠪᠦᠯᠢ᠂ ᠬᠥᠷᠰᠢ ᠵᠡᠷᠭᠡᠯᠡᠳᠡᠭᠡ᠂ ᠭᠡᠷ᠎ᠡ᠂ ᠥᠷᠢ ᠥᠭᠴᠡᠭᠡ᠂ ᠬᠥᠳᠡᠯᠮᠦᠷᠢ ᠶᠢᠨ ᠪᠠᠲᠤᠯᠠᠭ᠎ᠠ᠂ ᠡᠳ᠋ ᠬᠥᠷᠥᠩᠭᠡ ᠵᠠᠯᠭᠠᠮᠵᠢᠯᠠᠬᠤ᠂ ᠠᠷᠠᠳ  ᠤᠨ ᠡᠶᠡᠳᠡᠭᠦᠯᠭᠡ ᠵᠡᠷᠭᠡ ᠵᠢᠭᠤᠷᠠᠯᠳᠤᠭᠠᠨ ᠤ ᠲᠥᠷᠥᠯ ᠤᠨ ᠴᠠᠭᠳᠠᠭᠠᠨ ᠤ ᠶᠠᠪᠤᠳᠠᠯ ᠤᠨ ᠪᠤᠰᠤ ᠲᠦᠭᠰᠢᠭᠦᠷᠢ ᠮᠡᠳᠡᠭᠡᠯᠡᠬᠦ ᠶᠢ ᠭᠤᠶᠤᠴᠢᠯᠠᠬᠤ ᠵᠢᠴᠢ ᠠᠯᠪᠠᠨ ᠭᠡᠷᠡᠴᠢᠯᠡᠭᠡ ᠬᠢᠬᠦ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠠᠷᠠᠳ ᠤᠨ ᠡᠶᠡᠳᠡᠭᠦᠯᠭᠡ ᠬᠢᠬᠦ ᠵᠡᠷᠭᠡ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠲᠤᠬᠠᠶᠢᠯᠠᠭᠰᠠᠨ ᠠᠵᠢᠯ ᠳᠤ ᠬᠤᠯᠪᠣᠭᠳᠠᠭᠰᠠᠨ ᠭᠤᠶᠤᠴᠢᠯᠠᠯ ᠢ ᠭᠥᠯᠢᠶᠡᠨ ᠠᠪᠴᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ《 12348 》ᠬᠠᠯᠠᠮᠰᠢᠯ ᠤᠲᠠᠰᠤ ᠶᠢ ᠤᠲᠠᠰᠤᠳᠠᠭᠤᠯᠤᠨ ᠠᠰᠠᠭᠤᠨ ᠯᠠᠪᠯᠠᠭᠤᠯᠵᠤ ᠰᠢᠶᠳᠪᠦᠷᠢᠯᠡᠭᠦᠯᠦᠨ᠎ᠡ᠃《 12348 》ᠬᠠᠯᠠᠮᠰᠢᠯ ᠤᠲᠠᠰᠤ ᠨᠢ ᠣᠯᠠᠨ ᠲᠦᠮᠡᠨ ᠤ ᠵᠢᠭᠤᠷᠠᠯᠳᠤᠭᠠᠨ ᠢ ᠰᠢᠶᠳᠪᠦᠷᠢᠯᠡᠵᠦ ᠲᠤᠰᠠᠯᠠᠮᠵᠢ ᠭᠤᠶᠤᠴᠢᠯᠠᠬᠤ ᠦᠶ᠎ᠡ ᠳᠤ᠂ ᠡᠵᠡᠮᠰᠢᠵᠦ ᠪᠠᠶᠢᠭ᠎ᠠ ᠠᠷᠠᠳ ᠢᠷᠭᠡᠳ ᠤᠨ ᠪᠡᠶ᠎ᠡ ᠮᠠᠬᠠᠪᠣᠳ᠂ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠵᠤ ᠮᠡᠳᠡᠬᠦ᠂ ᠨᠡᠶᠢᠭᠡᠮ ᠤᠨ ᠣᠯᠠᠨ ᠨᠡᠶᠢᠲᠡ ᠶᠢᠨ ᠡᠮᠬᠢ ᠵᠢᠷᠤᠮ ᠢ ᠰᠠᠮᠠᠭᠤᠷᠠᠭᠤᠯᠵᠤ ᠮᠡᠳᠡᠬᠦ ᠵᠡᠷᠭᠡ ᠲᠠᠯ᠎ᠠ ᠪᠠᠷ ᠲᠤᠰᠠᠯᠠᠮᠵᠢ ᠭᠤᠶᠤᠴᠢᠯᠠᠵᠤ᠂ ᠣᠯᠠᠨ ᠲᠦᠮᠡᠨ ᠢ ᠴᠠᠭ ᠲᠤᠬᠠᠶ ᠳᠤᠨᠢ ᠬᠥᠲᠥᠯᠥᠨ ᠵᠢᠯᠣᠭᠤᠳᠴᠤ ᠪᠠᠶᠢᠭᠠᠳ 《 110 》 ᠶᠢᠨ ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠳᠤ ᠤᠲᠠᠰᠤᠳᠠᠭᠤᠯᠤᠨ ᠰᠢᠶᠳᠪᠦᠷᠢᠯᠡᠭᠦᠯᠬᠦ ᠬᠡᠷᠡᠭᠲᠡᠶ᠃     ᠳᠥᠷᠪᠡ᠂ 110 ᠲᠦᠭᠰᠢᠭᠦᠷᠢ ᠮᠡᠳᠡᠭᠦᠯᠬᠦ ᠦᠶᠯᠡᠴᠢᠯᠡᠭᠡᠨ ᠤ ᠲᠠᠪᠴᠠᠩ ᠪᠣᠯᠤᠨ《 ᠥᠨᠥᠳᠦᠷ ᠤᠨ ᠲᠡᠷᠢᠭᠦᠨ ᠵᠤᠷᠪᠤᠰ 》 ᠤᠨ ᠬᠠᠮᠲᠤᠷᠠᠯᠴᠠᠭᠠᠨ ᠤ ᠨᠡᠶᠢᠲᠡ  ᠶᠢᠨ ᠠᠰᠠᠷᠠᠮᠵᠢ ᠶᠢᠨ ᠬᠥᠮᠦᠨ ᠡᠷᠢᠬᠦ ᠬᠡᠪᠴᠢᠶ᠎ᠡ  ᠄    ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ 60 ᠨᠠᠰᠤᠨ ᠠᠴᠠ ᠳᠡᠭᠡᠭᠰᠢᠬᠢ ᠨᠠᠰᠤᠲᠠᠨ᠂ 18 ᠨᠠᠰᠤᠨ ᠠᠴᠠ ᠳᠣᠷᠣᠭᠰᠢᠬᠢ ᠨᠠᠰᠤᠨ ᠳᠤ ᠥᠯᠥ ᠬᠦᠷᠦᠭᠰᠡᠳ᠂ ᠣᠶᠤᠨ ᠤᠬᠠᠭᠠᠨ ᠪᠤᠶᠤ ᠣᠶᠤᠨ ᠮᠡᠳᠡᠷᠡᠯ ᠤᠨ ᠰᠠᠭᠠᠳ ᠲᠠᠢ ᠨᠠᠰᠤᠨ ᠳᠤ ᠬᠦᠷᠦᠭᠰᠡᠳ ᠲᠤ ᠨᠡᠶᠢᠴᠡᠬᠦ ᠪᠥᠭᠡᠳ ᠡᠨᠡ ᠭᠤᠷᠪᠠᠨ ᠲᠥᠷᠥᠯ ᠤᠨ ᠬᠥᠮᠦᠨ ᠤ ᠲᠥᠭᠡᠷᠢᠭᠰᠡᠨ ᠴᠠᠭ ᠨᠢ ᠴᠥᠮ ᠭᠤᠷᠪᠠᠨ ᠰᠠᠷ᠎ᠠ ᠶᠢᠨ ᠳᠣᠲᠣᠷᠠᠬᠢ ᠲᠥᠭᠡᠷᠢᠭᠰᠡᠨ ᠬᠥᠮᠦᠰ ᠢ《 ᠥᠨᠥᠳᠦᠷ ᠤᠨ ᠲᠡᠷᠢᠭᠦᠨ ᠵᠤᠷᠪᠤᠰ 》 ᠤᠨ ᠬᠥᠮᠦᠨ ᠡᠷᠢᠬᠦ ᠠᠵᠢᠯᠲᠠᠨ  ᠳᠤ ᠬᠦᠷᠭᠡᠵᠦ᠂ ᠭᠠᠵᠠᠷ ᠵᠦᠶ ᠶᠢᠨ ᠨᠠᠷᠢᠯᠢᠭ ᠣᠨᠣᠴᠠᠲᠠᠶ ᠣᠷᠣᠨ ᠪᠠᠶᠢᠷᠢ ᠶᠢᠨ ᠰᠤᠮᠤᠨ ᠴᠣᠩᠬᠤ ᠶᠢᠨ ᠮᠡᠷᠭᠡᠵᠢᠯ ᠳᠡᠭᠡᠨ ᠲᠦᠰᠢᠭᠯᠡᠨ᠂ ᠲᠥᠭᠡᠷᠢᠭᠰᠡᠨ ᠨᠠᠰᠤᠲᠠᠨ᠂ ᠬᠡᠦᠬᠡᠳ ᠵᠢᠴᠢ ᠣᠶᠤᠨ ᠤᠬᠠᠭᠠᠨ ᠣᠶᠤᠨ ᠮᠡᠳᠡᠷᠡᠯ ᠤᠨ ᠰᠠᠭᠠᠳ ᠲᠠᠢ ᠬᠥᠮᠦᠰ ᠤᠨ ᠬᠤᠯᠪᠣᠭᠳᠠᠯ ᠪᠥᠬᠦᠶ ᠮᠡᠳᠡᠭᠡ ᠵᠠᠩᠭᠢ ᠶᠢ ᠲᠥᠭᠡᠷᠢᠭᠰᠡᠨ ᠭᠠᠵᠠᠷ ᠤᠨ ᠣᠶᠢᠷ᠎ᠠ ᠬᠠᠪᠢ ᠶᠢᠨ ᠥᠨᠥᠳᠦᠷ ᠤᠨ ᠲᠡᠷᠢᠭᠦᠨ ᠵᠤᠷᠪᠤᠰ ᠤᠨ ᠬᠡᠷᠡᠭᠯᠡᠭᠴᠢ ᠳᠤ ᠬᠦᠷᠭᠡᠬᠦ ᠪᠣᠯᠤᠨ᠎ᠠ᠃ 2020 ᠣᠨ ᠳᠤ ᠨᠡᠶᠢᠲᠡ 26 ᠰᠤᠮᠤᠨ ᠴᠣᠩᠬᠤ ᠶᠢ ᠨᠡᠶᠢᠲᠡᠯᠡᠵᠦ᠂ ᠵᠥᠪᠬᠡᠨ 1 ᠬᠥᠮᠦᠨ ᠢ ᠡᠷᠢᠵᠦ ᠣᠯᠤᠭᠰᠠᠨ ᠥᠬᠡᠶ᠃     2021 ᠣᠨ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠤᠨ ᠲᠣᠭᠲᠠᠭᠤᠨ ᠤ ᠶᠡᠭᠡ ᠲᠠᠯ᠎ᠠ ᠶᠢ ᠬᠠᠮᠠᠭᠠᠯᠠᠬᠤ ᠶᠢ ᠦᠷᠭᠦᠯᠵᠢᠯᠡᠨ ᠨᠢᠭᠡᠳᠦᠯᠲᠡᠶ ᠲᠥᠯᠥᠪᠵᠢᠭᠦᠯᠵᠦ᠂ ᠣᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ  ᠪᠠᠨ ᠪᠠᠲᠤ ᠴᠡᠭᠡᠵᠢᠯᠡᠵᠦ᠂ ᠴᠠᠭᠳᠠᠭᠠᠨ ᠤ ᠶᠠᠪᠤᠳᠠᠯ ᠤᠨ ᠠᠷᠠᠳ ᠤᠨ ᠰᠠᠨᠠᠭ᠎ᠠ ᠶᠢᠨ ᠲᠣᠭᠤᠷᠢᠨ ᠳᠤ ᠰᠢᠯᠵᠢᠬᠦ ᠶᠢ ᠪᠠᠷᠢᠮᠲᠠᠯᠠᠨ᠂ ᠠᠷᠠᠳ ᠣᠯᠠᠨ ᠤ ᠰᠢᠨ᠎ᠡ ᠴᠠᠭ ᠦᠶ᠎ᠡ  ᠶᠢᠨ ᠰᠠᠶᠢᠨ ᠰᠠᠶᠢᠬᠠᠨ ᠠᠮᠢᠳᠤᠷᠠᠯ ᠢ ᠰᠠᠬᠢᠨ ᠬᠠᠮᠠᠭᠠᠯᠠᠬᠤ ᠪᠠᠷ ᠥᠪᠡᠷ ᠤᠨ ᠡᠭᠦᠷᠭᠡ ᠪᠠᠨ ᠪᠣᠯᠭᠠᠵᠤ᠂ ᠠᠷᠠᠳ ᠣᠯᠠᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠪᠠᠷ ᠡᠭᠦᠷᠢᠳᠡ ᠶᠢᠨ ᠬᠥᠭᠡᠭᠡᠴᠡᠯᠳᠦᠯ ᠢᠶᠠᠨ ᠪᠣᠯᠭᠠᠵᠤ᠂ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠳᠤ ᠵᠣᠬᠢᠴᠠᠭᠤᠯᠤᠨ᠂ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ᠂ ᠠᠶᠤᠵᠤ ᠪᠠᠶᠢᠭ᠎ᠠ᠂ ᠬᠡᠷᠡᠭᠰᠡᠵᠦ ᠪᠠᠶᠢᠭ᠎ᠠ᠂ ᠬᠦᠰᠡᠵᠦ ᠪᠠᠶᠢᠭ᠎ᠠ ᠵᠦᠢᠯ ᠳᠤ ᠠᠩᠬᠠᠷᠤᠯ ᠢᠶᠠᠨ ᠬᠠᠨᠳᠤᠭᠤᠯᠵᠤ᠂ ᠲᠣᠭᠤᠷᠢᠨ ᠴᠠᠭᠳᠠᠬᠤ᠂ ᠭᠥᠯᠢᠶᠡᠨ ᠠᠪᠴᠤ ᠰᠢᠶᠳᠪᠦᠷᠢᠯᠡᠬᠦ ᠪᠠ ᠰᠡᠷᠡᠮᠵᠢᠯᠡᠨ ᠰᠡᠷᠭᠡᠶᠢᠯᠡᠬᠦ ᠠᠴᠠ ᠭᠠᠷᠳᠠᠵᠤ᠂ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠪᠠᠭ᠎ᠠ ᠬᠡᠷᠡᠭ᠂ ᠪᠠᠭ᠎ᠠ ᠶᠠᠪᠤᠳᠠᠯ᠂ ᠪᠠᠭ᠎ᠠ ᠶᠠᠪᠤᠳᠠᠯ  ᠃               ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ               ᠲᠣᠪᠴᠢᠶ᠎ᠠ《 ᠲᠠᠯᠪᠢᠬᠤ ᠬᠠᠮᠢᠶᠠᠷᠬᠤ ᠦᠶᠯᠡᠴᠢᠯᠡᠬᠦ 》ᠥᠭᠡᠷᠡᠴᠢᠯᠡᠯᠲᠡ   ᠶᠢ  ᠭᠦᠨᠵᠡᠭᠡᠶᠢᠷᠡᠭᠦᠯᠵᠦ  ᠂ ᠣᠶᠤᠨᠴᠢᠯᠠᠭᠰᠠᠨ               ᠪᠦᠷᠢᠨ ᠠᠦ᠋ᠲ᠋ᠣ᠋   ᠪᠠᠷ  ᠬᠢᠯᠢ   ᠪᠠᠷ  ᠣᠷᠣᠵᠤ  ᠭᠠᠷᠬᠤ  ᠣᠶᠤᠨᠴᠢ  ᠲᠢᠩᠬᠢᠮ   ᠢ  ᠪᠠᠶᠢᠭᠤᠯᠪᠠ                            ᠥᠪᠡᠷᠲᠡᠭᠡᠨ ᠵᠠᠰᠠᠬᠤ  ᠣᠷᠣᠨ   ᠤ  ᠳᠣᠲᠣᠭᠠᠳᠤ   ᠶᠢ  ᠬᠠᠮᠠᠭᠠᠯᠠᠬᠤ  ᠲᠢᠩᠬᠢᠮ   ᠤᠨ  ᠬᠢᠯᠢ   ᠪᠠᠷ  ᠣᠷᠣᠵᠤ  ᠭᠠᠷᠬᠤ                            ᠬᠠᠮᠢᠶᠠᠷᠤᠯᠲᠠ ᠶᠢᠨ ᠲᠣᠪᠴᠢᠶ᠎ᠠ ᠶᠢᠨ ᠬᠤᠶᠠᠳᠤᠭᠠᠷ ᠳᠡᠰ ᠤᠨ ᠴᠠᠭᠳᠠᠭᠠᠨ ᠤ ᠶᠠᠪᠤᠳᠠᠯ ᠤᠨ ᠲᠤᠰᠬᠠᠶ ᠲᠤᠰᠢᠶᠠᠯᠲᠠᠨ ᠬᠤᠤ ᠰᠧ     ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠦᠶᠯᠡᠳᠦᠯᠭᠡᠵᠢᠭᠦᠯᠵᠦ᠂ ᠲᠥᠷᠥ ᠶᠢᠨ ᠶᠠᠪᠤᠳᠠᠯ ᠤᠨ ᠬᠤᠷᠢᠶ᠎ᠠ᠂ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠳᠤᠷᠠᠳᠤᠭᠰᠠᠨ 《 ᠨᠢᠭᠡᠯᠡ ᠤᠳᠠᠭ᠎ᠠ ᠭᠦᠶᠦᠬᠦ 》 ᠠᠵᠢᠯ ᠤᠨ ᠱᠠᠭᠠᠷᠳᠠᠯᠭ᠎ᠠ  ᠶᠢ ᠦᠨᠳᠦᠰᠦᠯᠡᠨ᠂ 《 ᠲᠠᠯᠪᠢᠬᠤ ᠬᠠᠮᠢᠶᠠᠷᠬᠤ ᠦᠶᠯᠡᠴᠢᠯᠡᠬᠦ 》 ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠲᠤ ᠣᠶᠤᠨᠴᠢᠯᠠᠭᠰᠠᠨ᠂ ᠥᠪᠡᠰᠦᠪᠡᠨ ᠦᠶᠯᠡᠴᠢᠯᠡᠬᠦ ᠬᠢᠯᠢ ᠪᠠᠷ ᠣᠷᠣᠵᠤ ᠭᠠᠷᠬᠤ ᠣᠶᠤᠨᠴᠢ ᠲᠢᠩᠬᠢᠮ ᠢ ᠪᠠᠶᠢᠭᠤᠯᠪᠠ᠃ ᠬᠢᠯᠢ  ᠪᠠᠷ ᠭᠠᠷᠴᠤ ᠣᠷᠣᠬᠤ ᠤᠶᠤᠨᠲᠤ ᠶᠡᠭᠡ ᠲᠢᠩᠬᠢᠮ ᠳᠤ ᠣᠶᠤᠨᠴᠢ ᠦᠶᠯᠡᠴᠢᠯᠡᠭᠡᠨ ᠤ ᠲᠣᠭᠤᠷᠢᠭ᠂ ᠣᠶᠤᠨᠴᠢ ᠭᠦᠶᠴᠡᠳᠬᠡᠬᠦ ᠲᠣᠭᠤᠷᠢᠭ ᠪᠠ ᠣᠶᠤᠨᠴᠢ ᠬᠢᠨᠠᠨ ᠰᠢᠯᠭᠠᠬᠤ ᠲᠣᠭᠤᠷᠢᠭ ᠵᠡᠷᠭᠡ ᠭᠤᠷᠪᠠᠨ ᠣᠷᠣᠨ ᠪᠦᠰᠡ ᠶᠢ ᠳᠣᠭᠢᠷᠠᠭᠤᠯᠵᠤ᠂ ᠬᠥᠲᠥᠯᠥᠨ ᠵᠢᠯᠣᠭᠤᠳᠬᠤ᠂ ᠬᠦᠰᠦᠨᠦᠭ ᠲᠠᠭᠯᠠᠬᠤ᠂ ᠬᠡᠷᠡᠯ ᠵᠢᠷᠤᠭ ᠠᠪᠬᠤ᠂ ᠠᠮᠢᠳᠤ ᠪᠣᠳᠠᠰ ᠤᠨ ᠮᠡᠳᠡᠭᠡ ᠵᠠᠩᠭᠢ ᠴᠤᠭᠯᠠᠭᠤᠯᠬᠤ᠂ ᠰᠦᠶᠳᠬᠡᠯ ᠲᠤᠰᠢᠶᠠᠬᠤ ᠵᠡᠷᠭᠡ ᠲᠤᠬᠠᠶᠢᠯᠠᠭᠰᠠᠨ ᠠᠵᠢᠯ ᠢ ᠨᠢᠭᠡ ᠴᠣᠭᠴᠠᠵᠢᠭᠤᠯᠵᠤ᠂ ᠣᠯᠠᠨ ᠲᠦᠮᠡᠨ ᠤ ᠬᠢᠯᠢ ᠪᠠᠷ ᠭᠠᠷᠴᠤ ᠣᠷᠣᠬᠤ ᠭᠡᠷᠡᠴᠢ ᠦᠨᠡᠮᠯᠡᠯ ᠭᠦᠶᠴᠡᠳᠬᠡᠬᠦ ᠳᠤ 《 ᠨᠢᠭᠡ ᠥᠷᠲᠡᠭᠡ ᠮᠠᠶ᠋ᠢᠭ 》 ᠤᠨ ᠦᠶᠯᠡᠴᠢᠯᠡᠭᠡ ᠬᠠᠩᠭᠠᠨ᠎ᠠ᠃    ᠬᠢᠯᠢ ᠪᠠᠷ ᠣᠷᠣᠵᠤ ᠭᠠᠷᠬᠤ ᠤᠶᠤᠨᠲᠤ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ( ᠬᠥᠬᠡᠬᠤᠲᠠ  ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠲᠣᠭᠠᠲᠤ ) ᠤᠨ 13 ᠳ᠋ᠤᠭᠠᠷ ᠳᠠᠪᠬᠤᠷᠭ᠎ᠠ ᠶᠢᠨ ᠵᠡᠭᠦᠨ ᠲᠠᠯ᠎ᠠ ᠳᠤ ᠪᠠᠶᠢᠷᠢᠯᠠᠵᠤ᠂ 70 ᠭᠠᠷᠤᠶ ᠲᠡᠭᠰᠢ ᠳᠥᠷᠪᠡᠯᠵᠢᠨ ᠮᠧᠲᠷ ᠲᠠᠯᠠᠪᠠᠶ ᠲᠠᠢ᠂ 2020 ᠣᠨ ᠤ 11 ᠳ᠋ᠦ᠋ᠭᠡᠷ ᠰᠠᠷ᠎ᠠ ᠶᠢᠨ 27 ᠤ ᠡᠳᠦᠷ ᠪᠥᠲᠥᠭᠡᠨ ᠪᠠᠶᠢᠭᠤᠯᠵᠤ ᠳᠠᠭᠤᠰᠬᠠᠭᠠᠳ᠂ 12 ᠳ᠋ᠤᠭᠠᠷ ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠠᠰᠢᠭᠯᠠᠯᠲᠠ ᠳᠤ ᠣᠷᠣᠪᠠ᠃    ᠨᠢᠭᠡ᠂ ᠭᠥᠯᠢᠶᠡᠨ ᠠᠪᠴᠤ ᠭᠦᠶᠴᠡᠳᠬᠡᠬᠦ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ᠄ ᠳᠤᠮᠳᠠᠳᠤ ᠤᠯᠤᠰ ᠤᠨ ᠠᠷᠠᠳ ᠢᠷᠭᠡᠨ ᠤ ᠡᠩ ᠤᠨ ᠫᠠᠰᠫᠣᠷᠲ᠂ ᠰᠢᠶᠠᠩᠭᠠᠩ ᠣᠣᠮᠧᠨ ᠳᠤ ᠶᠠᠪᠤᠵᠤ ᠢᠷᠡᠬᠦ ᠨᠡᠪᠲᠡᠷᠡᠬᠦ ᠦᠨᠡᠮᠯᠡᠯ᠂ ᠲᠠᠶᠢᠸᠠᠨ ᠳᠤ ᠶᠠᠪᠤᠵᠤ ᠢᠷᠡᠬᠦ ᠨᠡᠪᠲᠡᠷᠡᠬᠦ ᠦᠨᠡᠮᠯᠡᠯ ᠢ ᠠᠩᠬ᠎ᠠ ᠤᠳᠠᠭ᠎ᠠ ᠭᠤᠶᠤᠴᠢᠯᠠᠨ ᠠᠪᠬᠤ᠂ ᠬᠤᠭᠤᠴᠠᠭ᠎ᠠ ᠨᠢ ᠥᠩᠭᠡᠷᠡᠭᠡᠳ ᠳᠠᠬᠢᠨ ᠠᠪᠬᠤ᠂ ᠰᠣᠯᠢᠵᠤ ᠣᠯᠭᠤᠬᠤ᠂ ᠨᠥᠬᠦᠵᠦ ᠣᠯᠭᠤᠬᠤ᠂ ᠴᠣᠬᠤᠯᠠᠪᠤᠷᠢᠯᠠᠬᠤ᠃    ᠭᠦᠶᠴᠡᠳᠬᠡᠬᠦ ᠡᠲᠡᠭᠡᠳ ᠨᠢ ᠪᠦᠬᠦᠯᠢ 16 ᠨᠠᠰᠤᠨ ᠠᠴᠠ ᠳᠣᠷᠣᠭᠰᠢᠬᠢ ᠨᠠᠰᠤᠨ ᠳᠤ ᠥᠯᠥ ᠭᠦᠷᠦᠭᠰᠡᠳ᠂ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠠ ᠲᠥᠷᠥ ᠶᠢᠨ ᠠᠵᠢᠯᠲᠠᠨ ᠠᠴᠠ ᠭᠠᠳᠠᠨᠠᠬᠢ ᠳᠤᠮᠳᠠᠳᠤ ᠤᠯᠤᠰ ᠤᠨ ᠪᠤᠰᠤᠳ ᠠᠷᠠᠳ ᠢᠷᠭᠡᠨ ᠪᠣᠯᠤᠨ᠎ᠠ᠃    ᠬᠤᠶᠠᠷ᠂ ᠭᠥᠯᠢᠶᠡᠨ ᠠᠪᠴᠤ ᠭᠦᠶᠴᠡᠳᠬᠡᠬᠦ ᠲᠤᠬᠠᠶᠢᠯᠠᠭᠰᠠᠨ ᠠᠵᠢᠯ ᠤᠨ ᠶᠠᠪᠤᠴᠠ᠄ ᠬᠢᠯᠢ ᠪᠠᠷ ᠭᠠᠷᠴᠤ ᠣᠷᠣᠬᠤ ᠤᠶᠤᠨᠲᠤ ᠶᠡᠭᠡ ᠲᠢᠩᠬᠢᠮ ᠳᠤ ᠣᠶᠤᠨᠴᠢ ᠬᠥᠲᠥᠯᠥᠨ ᠵᠢᠯᠣᠭᠤᠳᠬᠤ ᠦᠶᠯᠡᠴᠢᠯᠡᠭᠡᠨ ᠤ ᠲᠣᠭᠤᠷᠢᠭ᠂ ᠣᠶᠤᠨᠴᠢ ᠭᠦᠶᠴᠡᠳᠬᠡᠬᠦ ᠲᠣᠭᠤᠷᠢᠭ ᠪᠠ ᠣᠶᠤᠨᠴᠢ ᠬᠢᠨᠠᠨ ᠰᠢᠯᠭᠠᠬᠤ ᠲᠣᠭᠤᠷᠢᠭ ᠭᠡᠬᠦ ᠭᠤᠷᠪᠠᠨ ᠣᠷᠣᠨ ᠲᠣᠭᠤᠷᠢᠭ ᠭᠠᠷᠭᠠᠪᠠ᠃     1. ᠭᠤᠶᠤᠴᠢᠯᠠᠭᠴᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠠᠪᠴᠤ ᠣᠶᠤᠨᠴᠢ ᠪᠠᠷ ᠬᠥᠲᠥᠯᠥᠨ ᠵᠢᠯᠣᠭᠤᠳᠬᠤ ᠲᠣᠭᠤᠷᠢᠭ ᠲᠤ ᠬᠦᠷᠴᠦ᠂ ᠣᠶᠤᠨᠴᠢ ᠪᠠᠷ ᠬᠥᠲᠥᠯᠥᠨ ᠵᠢᠯᠣᠭᠤᠳᠬᠤ ᠰᠢᠰᠲ᠋ᠧᠮ ᠢᠶᠠᠷ ᠳᠠᠮᠵᠢᠭᠤᠯᠤᠨ ᠥᠪᠡᠰᠦᠪᠡᠨ ᠭᠦᠶᠴᠡᠳᠬᠡᠬᠦ ᠲᠤᠬᠠᠶᠢᠯᠠᠭᠰᠠᠨ ᠠᠵᠢᠯ ᠤᠨ ᠬᠡᠪᠴᠢᠶᠡᠨ ᠳᠤ ᠨᠡᠶᠢᠴᠡᠬᠦ ᠡᠰᠡᠬᠦ  ᠶᠢ ᠮᠠᠭᠠᠳᠯᠠᠨ᠎ᠠ᠃    2. ᠥᠪᠡᠰᠦᠪᠡᠨ ᠭᠦᠶᠴᠡᠳᠬᠡᠬᠦ ᠲᠤᠬᠠᠶᠢᠯᠠᠭᠰᠠᠨ ᠠᠵᠢᠯ ᠳᠤ ᠨᠡᠶᠢᠴᠡᠬᠦ ᠭᠤᠶᠤᠴᠢᠯᠠᠭᠴᠢ ᠬᠠᠭᠠᠯᠲᠠ ᠶᠢᠨ ᠠᠮᠠᠰᠠᠷ ᠢᠶᠠᠷ ᠳᠡᠮᠵᠢᠨ ᠣᠶᠤᠨᠴᠢ ᠭᠦᠶᠴᠡᠳᠬᠡᠬᠦ ᠲᠣᠭᠤᠷᠢᠭ ᠲᠤ ᠣᠷᠣᠵᠤ᠂ ᠥᠪᠡᠰᠦᠪᠡᠨ ᠭᠦᠶᠴᠡᠳᠬᠡᠬᠦ‍ ᠨᠢᠭᠡ ᠴᠣᠭᠴᠠᠲᠤ ᠮᠠᠰᠢᠨ ᠳᠡᠭᠡᠷ᠎ᠡ ᠳᠣᠤᠷᠠᠬᠢ 9 ᠵᠦᠶᠯ ᠤᠨ ᠠᠭᠤᠯᠭ᠎ᠠ ᠶᠢ ᠪᠡᠶᠡᠯᠡᠭᠦᠯᠦᠨ᠎ᠡ᠄ ᠦᠨᠡᠮᠯᠡᠯ ᠭᠦᠶᠴᠡᠳᠬᠡᠬᠦ ᠲᠥᠷᠥᠯ ᠵᠦᠶᠯ ᠢ ᠬᠠᠷᠭᠤᠭᠤᠯᠬᠤ᠂ ᠦᠨᠡᠮᠯᠡᠯ ᠦᠶᠯᠡᠳᠬᠦ ᠬᠡᠷᠡᠯ ᠵᠢᠷᠤᠭ ᠢ ᠰᠡᠭᠦᠳᠡᠷᠯᠡᠬᠦ᠂ ᠬᠤᠷᠤᠭᠤᠨ ᠣᠷᠣᠮ ᠢ ᠴᠤᠭᠯᠠᠭᠤᠯᠬᠤ᠂ ᠣᠪᠣᠭ ᠨᠡᠷ᠎ᠡ ᠵᠢᠴᠢ ᠠᠪᠢᠶ᠎ᠠ ᠶᠢ ᠬᠠᠷᠭᠤᠭᠤᠯᠬᠤ᠂ ᠴᠣᠬᠤᠯᠠᠪᠤᠷᠢ ᠶᠢ ᠰᠣᠩᠭᠤᠬᠤ᠂ ᠪᠠᠴᠢᠮ ᠬᠠᠷᠢᠯᠴᠠᠬᠤ ᠬᠥᠮᠦᠨ ᠢ ᠣᠷᠣᠭᠤᠯᠬᠤ᠂ ᠲᠦᠷᠭᠡᠨ ᠢᠯᠡᠭᠡᠯᠲᠡ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠭᠤᠶᠤᠴᠢᠯᠠᠯ ᠤᠨ ᠮᠡᠳᠡᠭᠡ ᠵᠠᠩᠭᠢ ᠶᠢ ᠨᠤᠲᠠᠯᠠᠬᠤ᠂ ᠭᠠᠷ ᠤᠨ ᠥᠰᠥᠭ ᠵᠢᠷᠤᠬᠤ ᠵᠡᠷᠭᠡ ᠶᠢ ᠪᠠᠭᠲᠠᠭᠠᠨ᠎ᠠ᠃    3. ᠣᠶᠤᠨᠴᠢ ᠭᠦᠶᠴᠡᠳᠬᠡᠬᠦ ᠲᠣᠭᠤᠷᠢᠭ   ᠤᠨ ᠲᠤᠬᠠᠶᠢᠯᠠᠭᠰᠠᠨ‌ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠭᠤᠶᠤᠴᠢᠯᠠᠭᠴᠢ ᠣᠶᠤᠨᠴᠢ ᠬᠢᠨᠠᠨ ᠰᠢᠯᠭᠠᠬᠤ ᠲᠣᠭᠤᠷᠢᠭ ᠲᠤ ᠬᠦᠷᠴᠦ᠂ ᠠᠷᠠᠳ ᠤᠨ ᠴᠠᠭᠳᠠᠭ᠎ᠠ ᠭᠤᠶᠤᠴᠢᠯᠠᠭᠴᠢ ᠲᠠᠢ ᠠᠭᠤᠯᠵᠠᠵᠤ᠂ ᠣᠶᠤᠨᠴᠢ ᠬᠢᠨᠠᠨ ᠰᠢᠯᠭᠠᠬᠤ ᠰᠢᠰᠲ᠋ᠧᠮ ᠢᠶᠠᠷ ᠳᠠᠮᠵᠢᠭᠤᠯᠤᠨ ᠬᠤᠶᠠᠳᠠᠬᠢ ᠤᠳᠠᠭ᠎ᠠ ᠬᠤᠷᠤᠭᠤᠨ ᠣᠷᠣᠮ ᠴᠤᠭᠯᠠᠭᠤᠯᠵᠤ᠂ ᠲᠤᠬᠠᠶ ᠶᠢᠨ ᠲᠠᠯᠠᠪᠤᠷ ᠲᠤ ᠬᠥᠮᠦᠨ ᠤ ᠬᠥᠷᠥᠭ ᠢ ᠬᠠᠷᠭᠤᠭᠤᠯᠵᠤ᠂ ᠬᠢᠨᠠᠨ ᠰᠢᠯᠭᠠᠬᠤ ᠰᠢᠰᠲ᠋ᠧᠮ ᠢ ᠪᠠᠲᠤᠯᠠᠭᠰᠠᠨ ᠤ ᠳᠠᠷᠠᠭ᠎ᠠ᠂ ᠭᠤᠶᠤᠴᠢᠯᠠᠭᠴᠢ ᠠᠴᠠ ᠰᠦᠶᠳᠬᠡᠯ ᠲᠤᠰᠢᠶᠠᠵᠤ᠂ ᠭᠦᠶᠴᠡᠳᠬᠡᠵᠦ ᠳᠠᠭᠤᠰᠬᠠᠨ᠎ᠠ᠃    ᠡᠯᠧᠺᠳ᠋ᠷᠣᠨ ᠪᠦᠲᠦᠭᠡᠭᠳᠡᠬᠦᠨ ᠢ ᠪᠣᠯᠪᠠᠰᠤᠷᠠᠩᠭᠤᠶ ᠠᠵᠢᠯᠯᠠᠭᠤᠯᠬᠤ ᠭᠤᠶᠤᠴᠢᠯᠠᠭᠴᠢ᠂ ᠥᠪᠡᠷ ᠢᠶᠠᠷ ᠬᠦᠯᠢᠶᠡᠨ ᠠᠪᠴᠤ ᠰᠢᠶᠳᠪᠦᠷᠢᠯᠡᠬᠦ ᠴᠠᠭ ᠨᠢ 5 ᠮᠢᠨᠦ᠋ᠲ ᠣᠷᠴᠢᠮ; ᠡᠯᠧᠺᠲᠷᠣᠨ ᠦᠶᠯᠡᠳᠬᠦᠨ ᠨᠢ ᠨᠡᠯᠢᠶᠡᠳ ᠲᠠᠨᠢᠯ ᠪᠤᠰᠤ ᠭᠤᠶᠤᠴᠢᠯᠠᠭᠴᠢ ᠶᠢᠨ ᠥᠪᠡᠰᠦᠪᠡᠨ ᠭᠥᠯᠢᠶᠡᠨ ᠠᠪᠴᠤ ᠰᠢᠶᠳᠪᠦᠷᠢᠯᠡᠬᠦ ᠴᠠᠭ ᠨᠢ 10 ᠠᠴᠠ 15 ᠮᠢᠨᠦ᠋ᠲ ᠣᠷᠴᠢᠮ ᠪᠠᠶᠢᠳᠠᠭ᠃    ᠭᠤᠷᠪᠠ᠂ ᠰᠦᠶᠳᠬᠡᠯ ᠲᠤᠰᠢᠶᠠᠬᠤ ᠠᠷᠭ᠎ᠠ ᠮᠠᠶ᠋ᠢᠭ᠄ ᠸᠢᠴᠠᠲ᠂ ᠲᠣᠭᠠᠴᠠᠭ᠎ᠠ ᠡᠷᠳᠡᠨᠢ ᠬᠤᠶᠠᠷ ᠬᠡᠮᠵᠢᠯᠳᠦ ᠺᠣᠳ᠋ ᠢ ᠰᠢᠷᠪᠢᠬᠦ᠂ ᠪᠠᠩᠬᠢ ᠶᠢᠨ ᠺᠠᠷᠲ ᠢᠶᠠᠷ ᠲᠣᠭᠠᠴᠠᠭ᠎ᠠ ᠬᠢᠬᠦ ᠪᠠ ᠪᠡᠯᠡᠨ ᠵᠣᠭᠤᠰ ᠢᠶᠠᠷ ᠲᠣᠭᠠᠴᠠᠭ᠎ᠠ ᠬᠢᠬᠦ ᠳᠥᠷᠪᠡᠨ ᠵᠦᠶᠯ ᠤᠨ ᠠᠷᠭ᠎ᠠ ᠮᠠᠶ᠋ᠢᠭ ᠨᠢ ᠴᠥᠮ ᠰᠦᠶᠳᠬᠡᠯ ᠲᠤᠰᠢᠶᠠᠬᠤ ᠶᠢ ᠪᠡᠶᠡᠯᠡᠭᠦᠯᠵᠦ ᠪᠣᠯᠤᠨ᠎ᠠ᠃    ᠣᠯᠠᠨ ᠲᠦᠮᠡᠨ ᠥᠪᠡᠰᠦᠪᠡᠨ ᠭᠥᠯᠢᠶᠡᠨ ᠠᠪᠴᠤ ᠭᠦᠶᠴᠡᠳᠬᠡᠬᠦ ᠳᠤ ᠬᠡᠷᠡᠭᠰᠡᠬᠦ ᠲᠤᠬᠠᠶᠢᠯᠠᠭᠰᠠᠨ ᠠᠵᠢᠯ ᠢᠶᠠᠷ ᠳᠠᠮᠵᠢᠭᠤᠯᠤᠨ᠂ ᠣᠶᠤᠨᠴᠢᠯᠠᠭᠰᠠᠨ ᠡᠮᠦᠨ᠎ᠡ ᠦᠵᠦᠭᠦᠷ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠠᠷᠤ ᠲᠠᠪᠴᠠᠩ ᠤᠨ ᠲᠤᠭ᠎ᠠ ᠪᠠᠷᠢᠮᠲᠠ ᠶᠢ ᠵᠠᠰᠠᠬᠤ᠂ ᠭᠠᠳᠠᠷ ᠲᠠᠯ᠎ᠠ ᠶᠢᠨ ᠰᠢᠰᠲ᠋ᠧᠮ ᠯᠦᠭᠡ ᠬᠤᠯᠪᠣᠭᠠᠯᠠᠨ ᠬᠥᠳᠡᠯᠦᠯᠴᠡᠬᠦ ᠪᠠᠷ ᠳᠠᠮᠵᠢᠭᠤᠯᠤᠨ᠂ ᠤᠯᠠᠮᠵᠢᠯᠠᠯᠲᠤ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ ᠵᠠᠭᠪᠤᠷ ᠳᠣᠤᠷᠠᠬᠢ ᠴᠠᠭᠠᠰᠤᠨ ᠮᠠᠲ᠋ᠧᠷᠢᠶᠠᠯ ᠣᠯᠠᠨ᠂ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠳᠤ ᠠᠮᠠᠷᠬᠠᠨ ᠠᠯᠳᠠᠭ᠎ᠠ ᠪᠤᠷᠤᠭᠤ ᠭᠠᠷᠬᠤ᠂ ᠲᠤᠭ᠎ᠠ ᠪᠠᠷᠢᠮᠲᠠ ᠶᠢ ᠰᠢᠯᠵᠢᠭᠦᠯᠬᠦ ᠦᠷ᠎ᠡ ᠪᠦᠲᠦᠮᠵᠢ ᠪᠠᠷ ᠳᠣᠤᠷ᠎ᠠ ᠪᠠᠶᠢᠭ᠎ᠠ ᠬᠦᠴᠢᠷᠳᠡᠯ ᠢ ᠪᠦᠲᠦᠮᠵᠢᠲᠡᠶ ᠬᠤᠪᠢᠷᠠᠭᠤᠯᠵᠤ᠂ ᠴᠠᠭᠳᠠᠭᠠᠨ ᠤ ᠬᠦᠴᠦᠨ ᠢ ᠪᠦᠲᠦᠮᠵᠢᠲᠡᠶ ᠴᠢᠯᠥᠭᠡᠯᠡᠭᠰᠡᠨ ᠢᠶᠠᠷ ᠪᠠᠷᠠᠬᠤ ᠥᠬᠡᠶ᠂ ᠪᠠᠰᠠ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠲᠥᠬᠦᠮ ᠦᠵᠡᠭᠦᠯᠪᠡ᠃ ᠤᠶᠤᠨᠲᠤ ᠦᠵᠦᠭᠦᠷ ᠲᠥᠬᠦᠭᠡᠷᠦᠮᠵᠢ ᠨᠢ ᠪᠦᠲᠦᠮᠵᠢᠲᠡᠶ ᠡᠮᠬᠢᠯᠡᠨ ᠨᠡᠶᠢᠯᠡᠭᠦᠯᠵᠦ ᠬᠥᠲᠥᠯᠥᠨ ᠵᠢᠯᠣᠭᠤᠳᠬᠤ᠂ ᠬᠦᠰᠦᠨᠦᠭᠲᠦ ᠲᠠᠭᠯᠠᠬᠤ᠂ ᠬᠡᠷᠡᠯ ᠵᠢᠷᠤᠭ ᠲᠠᠲᠠᠬᠤ᠂ ᠠᠮᠢᠳᠤ ᠪᠣᠳᠠᠰ ᠤᠨ ᠮᠡᠳᠡᠭᠡ ᠵᠠᠩᠭᠢ ᠴᠤᠭᠯᠠᠭᠤᠯᠬᠤ ( ᠬᠤᠷᠤᠭᠤᠨ ᠣᠷᠣᠮ ᠵᠢᠴᠢ ᠭᠠᠷ ᠤᠨ ᠥᠰᠥᠭ ᠵᠢᠷᠤᠬᠤ)᠂ ᠰᠦᠶᠳᠬᠡᠯ ᠲᠤᠰᠢᠶᠠᠬᠤ᠂ ᠲᠦᠷᠭᠡᠨ ᠬᠦᠷᠭᠡᠯᠲᠡ ᠵᠡᠷᠭᠡ ᠲᠤᠬᠠᠶᠢᠯᠠᠭᠰᠠᠨ ᠠᠵᠢᠯ ᠢ ᠡᠮᠬᠢᠯᠡᠨ ᠨᠡᠶᠢᠯᠡᠭᠦᠯᠵᠦ᠂《 ᠨᠢᠭᠡ ᠥᠷᠲᠡᠭᠡ ᠳᠤ ᠭᠦᠶᠴᠡᠳᠬᠡᠬᠦ 》᠂《 ᠨᠢᠭᠡ ᠰᠢᠷᠡᠭᠡ ᠶᠢ ᠪᠦᠷᠢᠨ ᠭᠦᠶᠴᠡᠳᠬᠡᠬᠦ 》 ᠶᠢ ᠪᠡᠶᠡᠯᠡᠭᠦᠯᠬᠦ ᠶᠢ ᠠᠬᠢᠭᠤᠯᠬᠤ ᠨᠢ ᠭᠤᠶᠤᠴᠢᠯᠠᠭᠴᠢ ᠶᠢᠨ ᠦᠶᠯᠡᠴᠢᠯᠡᠭᠡᠨ ᠤ ᠲᠢᠩᠬᠢᠮ ᠳᠤ ᠣᠯᠠᠨ ᠤᠳᠠᠭ᠎ᠠ ᠮᠥᠷᠯᠡᠬᠦ᠂ ᠣᠯᠠᠨ ᠴᠣᠩᠬᠤᠪᠴᠢ ᠪᠠᠷ ᠭᠦᠶᠦᠬᠦ᠂ ᠬᠦᠯᠢᠶᠡᠬᠦ ᠴᠠᠭ ᠨᠢ ᠣᠷᠳᠣ ᠪᠠᠶᠢᠬᠤ ᠠᠰᠠᠭᠤᠳᠠᠯ ᠢ ᠰᠢᠶᠳᠪᠦᠷᠢᠯᠡᠵᠦ᠂ ᠬᠠᠮᠤᠭ ᠤᠨ ᠶᠡᠭᠡ ᠬᠡᠮᠵᠢᠶ᠎ᠡ ᠪᠠᠷ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠪᠣᠯᠤᠨ᠎ᠠ᠃    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠲᠣᠪᠴᠢᠶ᠎ᠠ《 ᠲᠠᠯᠪᠢᠬᠤ ᠬᠠᠮᠢᠶᠠᠷᠬᠤ ᠦᠶᠯᠡᠴᠢᠯᠡᠬᠦ 》ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠷᠠᠯᠵᠢᠶ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠲᠤᠬᠠᠶ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠠᠷᠠᠳ ᠲᠦᠮᠡᠨ ᠳᠤ ᠦᠶᠯᠡᠴᠢᠯᠡᠬᠦ ᠬᠠᠤᠯᠢ ᠬᠡᠷᠡᠭᠵᠢᠭᠦᠯᠬᠦ ᠣᠶᠢᠯᠠᠭᠠᠭᠳᠠᠬᠤᠨ ᠢ ᠶᠡᠭᠡ ᠪᠠᠷ ᠪᠠᠳᠠᠷᠠᠭᠤᠯᠵᠤ᠂ ᠬᠢᠯᠢ  ᠪᠠᠷ ᠣᠷᠣᠵᠤ ᠭᠠᠷᠬᠤ ᠦᠨᠡᠮᠯᠡᠯ ᠢ ᠭᠥᠯᠢᠶᠡᠨ ᠠᠪᠴᠤ ᠰᠢᠶᠳᠪᠦᠷᠢᠯᠡᠬᠦ ᠵᠠᠭᠪᠤᠷ ᠤᠨ ᠰᠢᠨ᠎ᠡ ᠶᠢ ᠡᠭᠦᠳᠦᠨ ᠬᠥᠭᠵᠢᠭᠦᠯᠬᠦ ᠪᠠᠷ ᠴᠢᠷᠮᠠᠶᠢᠵᠤ᠂ ᠣᠯᠠᠨ ᠲᠦᠮᠡᠨ ᠳᠤ ᠨᠠᠩ ᠴᠢᠨᠠᠷ ᠰᠠᠶᠢᠲᠠᠶ ᠳᠥᠭᠦᠮ ᠳᠥᠲᠡ ᠦᠶᠯᠡᠴᠢᠯᠡᠭᠡ ᠬᠠᠩᠭᠠᠵᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃                   《 ᠺᠦᠨᠯᠦ᠋ᠨ 2020 》ᠲᠤᠰᠬᠠᠶ ᠠᠵᠢᠯᠯᠠᠭ᠎ᠠ᠂ 2020 ᠣᠨ ᠤ ᠪᠥᠬᠦ ᠣᠷᠣᠨ ᠤ ᠣᠶ ᠰᠢᠭᠤᠶ ᠶᠢᠨ ᠳᠣᠲᠣᠭᠠᠳᠤ ᠶᠢ                     ᠬᠠᠮᠠᠭᠠᠯᠠᠬᠤ  ᠠᠵᠢᠯ  ᠂ 110 ᠲᠦᠭᠰᠢᠭᠦᠷᠢ  ᠮᠡᠳᠡᠭᠦᠯᠬᠦ  ᠦᠶᠯᠡᠴᠢᠯᠡᠭᠡᠨ   ᠤ  ᠲᠠᠪᠴᠠᠩ  ᠵᠡᠷᠭᠡ  ᠠᠵᠢᠯ   ᠤᠨ ᠰᠣᠨᠢᠨ ᠮᠡᠳᠡᠭᠡ                     ᠨᠡᠶᠢᠲᠡᠯᠡᠬᠦ  ᠬᠤᠷᠠᠯ  ᠳᠡᠭᠡᠷ᠎ᠡ  ᠰᠤᠷᠪᠤᠯᠵᠢᠯᠠᠭᠴᠢ   ᠶᠢᠨ  ᠠᠰᠠᠭᠤᠯᠲᠠ   ᠶᠢ  ᠬᠠᠷᠢᠭᠤᠯᠪᠠ     ᠳᠤᠮᠳᠠᠳᠤ ᠤᠯᠤᠰ ᠤᠨ ᠢᠳᠡᠭᠡᠨ ᠤ ᠠᠮᠤᠷ ᠲᠦᠪᠰᠢᠨ ᠤ ᠰᠣᠨᠢᠨ ᠤ ᠰᠤᠷᠪᠤᠯᠵᠢᠯᠠᠭᠴᠢ᠄ ᠲᠠᠷᠠᠭᠠᠴᠢ ᠶᠢᠨ ᠠᠯᠬᠤᠮ ᠳᠤ ᠳᠣᠲᠣᠭᠠᠳᠤ ᠶᠢ ᠬᠠᠮᠠᠭᠠᠯᠠᠬᠤ ᠲᠢᠩᠬᠢᠮ  ᠤᠨ ᠢᠳᠡᠭᠡᠨ ᠪᠠ ᠡᠮ ᠤᠨ ᠵᠦᠶᠯᠡᠰ ᠢ ᠲᠣᠭᠤᠷᠢᠨ ᠳᠡᠩᠨᠡᠨ ᠪᠠᠶᠢᠴᠠᠭᠠᠬᠤ ᠶᠡᠷᠦᠩᠬᠡᠶ ᠠᠩᠭᠢ 《 ᠺᠦᠨᠯᠦ᠋ᠨ ᠤ ᠠᠵᠢᠯᠯᠠᠭ᠎ᠠ 》 ᠶᠢᠨ ᠦᠷ᠎ᠡ ᠪᠦᠲᠦᠭᠡᠯ ᠢ ᠬᠡᠷᠬᠢᠨ ᠥᠷᠭᠡᠳᠬᠡᠬᠦ ᠲᠤᠬᠠᠶ ᠶᠠᠮᠠᠷ ᠶᠠᠮᠠᠷ ᠠᠩᠬ᠎ᠠ ᠠᠯᠬᠤᠮ ᠤᠨ ᠪᠣᠳᠣᠯ ᠪᠠ ᠲᠥᠯᠥᠪᠯᠡᠭᠡ ᠪᠠᠶᠢᠬᠤ ᠪᠣᠶ︖    ᠵᠣᠣ ᠢᠦ᠋ᠶ ᠾᠧ᠄ ᠲᠠᠷᠠᠭᠠᠴᠢ ᠶᠢᠨ ᠠᠯᠬᠤᠮ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠥᠨᠳᠥᠷ ᠳᠠᠷᠤᠯᠲᠠᠲᠤ ᠴᠢᠩᠭ᠎ᠠ ᠴᠣᠬᠢᠯᠲᠠ ᠥᠭᠬᠦ ᠪᠠᠶᠢᠳᠠᠯ ᠢ ᠦᠷᠭᠦᠯᠵᠢᠯᠡᠨ ᠪᠠᠲᠤᠯᠠᠨ᠎ᠠ᠂ ᠨᠢᠭᠡ ᠳᠤ ᠡᠬᠢ ᠡᠭᠦᠰᠦᠯ ᠠᠴᠠ ᠨᠢ ᠪᠠᠶᠢᠴᠠᠭᠠᠬᠤ᠂ ᠲᠣᠤᠷ ᠰᠦᠯᠵᠢᠶ᠎ᠡ ᠶᠢ ᠲᠠᠰᠤᠯᠬᠤ᠂ ᠬᠡᠯᠬᠢᠶ᠎ᠡ ᠶᠢ ᠮᠠᠯᠲᠠᠬᠤ᠂ ᠡᠭᠦᠷ ᠢ ᠠᠷᠢᠯᠭᠠᠬᠤ᠂ ᠪᠠᠯᠠ ᠮᠥᠩᠭᠦ ᠲᠤᠰᠢᠶᠠᠬᠤ᠂ ᠪᠦᠯᠦᠭᠯᠡᠯ ᠳᠤ ᠴᠣᠬᠢᠯᠲᠠ ᠥᠭᠬᠦ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠭᠦᠨᠵᠡᠭᠡᠶ ᠠᠭᠤᠳᠠᠯᠵᠤ᠂ ᠲᠤᠶᠢᠯᠪᠤᠷᠢᠲᠠᠶ ᠪᠠᠶᠢᠴᠠᠭᠠᠵᠤ᠂ ᠴᠣᠬᠢᠯᠲᠠ ᠥᠭᠭᠦᠨ᠎ᠡ᠃ ᠬᠤᠶᠠᠷ  ᠲᠤ ᠬᠤᠯᠪᠣᠭᠳᠠᠯ ᠪᠦᠬᠦᠢ ᠤᠬᠠᠭᠤᠯᠭ᠎ᠠ ᠶᠢᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢᠨ ᠪᠣᠷᠣ ᠲᠥᠯᠥᠪ ᠤᠨ ᠳᠣᠲᠣᠷ᠎ᠠ᠂ ᠤᠬᠠᠭᠤᠯᠭ᠎ᠠ ᠶᠢᠨ ᠠᠵᠢᠯᠯᠠᠭ᠎ᠠ ᠶᠢ ᠬᠠᠮᠤᠭ  ᠤᠨ ᠶᠡᠭᠡ ᠬᠡᠪᠴᠢᠶ᠎ᠡ᠂ ᠬᠠᠮᠤᠭ ᠤᠨ ᠴᠢᠩᠭ᠎ᠠ ᠰᠦᠷ ᠬᠦᠴᠦᠨ ᠢᠶᠠᠷ ᠥᠷᠨᠢᠭᠦᠯᠵᠦ᠂ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢ ᠪᠣᠶ ᠪᠣᠯᠭᠠᠬᠤ ᠬᠡᠷᠡᠭᠲᠡᠶ᠃ ᠭᠤᠷᠪᠠ ᠳᠤ᠂ ᠬᠠᠮᠵᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠪᠠᠶᠢᠴᠠᠭᠠᠬᠤ ᠰᠢᠭᠦᠬᠦ ᠪᠠᠶᠢᠭᠤᠯᠭ᠎ᠠ ᠯᠤᠭ᠎ᠠ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠲᠦᠷᠭᠡᠨ ᠲᠠᠩᠨᠠᠬᠤ᠂ ᠲᠦᠷᠭᠡᠨ ᠵᠠᠭᠠᠯᠳᠤᠬᠤ᠂ ᠲᠦᠷᠭᠡᠨ ᠲᠠᠰᠤᠯᠬᠤ ᠶᠢ ᠪᠡᠶᠡᠯᠡᠭᠦᠯᠪᠡ᠃ ᠳᠥᠷᠪᠡ ᠳᠤ ᠲᠤᠰᠬᠠᠶ ᠠᠷᠭ᠎ᠠ ᠪᠠᠷᠢᠯ ᠢ ᠬᠡᠷᠡᠭᠯᠡᠬᠦ ᠶᠢ ᠴᠢᠩᠭᠠᠷᠠᠭᠤᠯᠵᠤ᠂ ᠴᠢᠭᠯᠡᠭᠦᠯᠬᠦ ᠴᠢᠨᠠᠷᠲᠠᠶ ᠠᠷᠭ᠎ᠠ ᠬᠡᠮᠵᠢᠶ᠎ᠡ ᠠᠪᠴᠤ᠂ ᠡᠬᠢ ᠡᠭᠦᠰᠦᠯ ᠠᠴᠠ ᠨᠢ ᠰᠡᠷᠭᠡᠶᠢᠯᠡᠬᠦ᠂ ᠵᠠᠰᠠᠬᠤ ᠶᠢ ᠠᠳᠬᠤᠬᠤ ᠬᠡᠷᠡᠭᠲᠡᠶ᠃ ᠡᠴᠦᠰ ᠲᠤ᠂ ᠴᠣᠬᠢᠬᠤ᠂ ᠰᠡᠷᠭᠡᠶᠢᠯᠡᠬᠦ᠂ ᠬᠠᠮᠢᠶᠠᠷᠬᠤ᠂ ᠡᠵᠡᠮᠳᠡᠬᠦ ᠣᠯᠠᠨ ᠵᠦᠶᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠴᠣᠬᠢᠯᠲᠠ ᠥᠭᠭᠦᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠢᠳᠡᠭᠡᠨ ᠪᠠ ᠡᠮ ᠤᠨ ᠵᠦᠶᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠬᠡᠭᠡᠷ᠎ᠡ ᠶᠢᠨ ᠠᠮᠢᠲᠠᠨ ᠤᠷᠭᠤᠮᠠᠯ ᠵᠡᠷᠭᠡ ᠬᠠᠮᠢᠶ᠎ᠠ ᠪᠥᠬᠦᠶ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠪᠡ᠃ ᠲᠠᠷᠠᠭᠠᠴᠢ ᠶᠢᠨ ᠠᠵᠢᠯ ᠤᠨ ᠳᠤᠮᠳᠠ᠂ ᠪᠢᠳᠡ ᠬᠤᠶᠢᠷᠭᠤᠰᠢᠬᠤ ᠥᠬᠡᠶ᠂ ᠰᠤᠯᠠᠷᠠᠬᠤ ᠥᠬᠡᠶ ᠪᠠᠶᠢᠵᠤ᠂ ᠰᠢᠨ᠎ᠡ ᠶᠢ ᠡᠭᠦᠳᠦᠨ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠮᠠᠨ ᠤ ᠣᠷᠣᠨ ᠤ ᠣᠨᠴᠠᠯᠢᠭ ᠢᠶᠠᠨ ᠪᠠᠳᠠᠷᠠᠭᠤᠯᠤᠨ᠎ᠠ᠃    ᠠᠳᠡ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠤ ᠳᠣᠲᠣᠭᠠᠳᠤ ᠶᠢ ᠬᠠᠮᠠᠭᠠᠯᠠᠬᠤ ᠢᠳᠡᠭᠡᠨ ᠪᠠ ᠡᠮ ᠤᠨ ᠵᠦᠶᠯᠡᠰ ᠤᠨ ᠣᠷᠴᠢᠨ ᠲᠣᠭᠤᠷᠢᠨ ᠤ ᠳᠡᠩᠨᠡᠨ ᠪᠠᠶᠢᠴᠠᠭᠠᠬᠤ ᠠᠵᠢᠯ ᠢ ᠣᠯᠠᠨ ᠵᠢᠯ ᠳᠡᠮᠵᠢᠭᠰᠡᠨ ᠳᠤ ᠴᠦ ᠲᠠᠯᠠᠷᠬᠠᠵᠤ ᠪᠠᠶᠢᠨ᠎ᠠ᠂ ᠪᠠᠰᠠ ᠪᠢᠳᠡᠨ ᠤ ᠬᠠᠮᠲᠤ ᠪᠠᠷ ᠭᠠᠷ ᠬᠤᠯᠪᠣᠯᠴᠠᠨ ᠠᠷᠠᠳ ᠣᠯᠠᠨ ᠳᠤ ᠨᠠᠩ ᠡᠷᠡᠭᠦᠯ ᠰᠠᠷᠠᠭᠤᠯ ᠢᠳᠡᠭᠡᠨ ᠪᠠ ᠡᠮ ᠤᠨ ᠵᠦᠶᠯᠡᠰ ᠪᠠ ᠠᠮᠢ ᠠᠬᠤᠶ ᠶᠢᠨ ᠣᠷᠴᠢᠨ ᠲᠣᠭᠤᠷᠢᠨ ᠢ ᠪᠣᠶ ᠪᠣᠯᠭᠠᠬᠤ ᠶᠢ ᠬᠦᠰᠡᠵᠦ ᠪᠠᠶᠢᠨ᠎ᠠ᠃ ᠣᠯᠠᠨ ᠳᠤ ᠪᠠᠶᠠᠷᠯᠠᠯ᠎ᠠ︕     ᠥᠪᠥᠷ ᠮᠣᠩᠭᠤᠯ ᠤᠨ ᠬᠠᠤᠯᠢ ᠲᠦᠷᠢᠮ ᠤᠨ ᠰᠣᠨᠢᠨ ᠤ ᠰᠤᠷᠪᠤᠯᠵᠢᠯᠠᠭᠴᠢ᠄ ᠮᠠᠨ ᠤ ᠣᠷᠣᠨ ᠳᠤ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠡᠯᠪᠡᠭ ᠪᠥᠭᠡᠳ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠴᠢᠬᠤᠯᠠ ᠵᠠᠮ ᠪᠣᠯᠤᠨ᠎ᠠ᠃ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠡᠪᠳᠡᠬᠦ ᠳᠤ ᠴᠣᠬᠢᠯᠲᠠ ᠥᠭᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ︖     ᠹᠧᠩ ᠬᠤ᠋᠄ ᠥᠪᠥᠷ ᠮᠣᠩᠭᠤᠯ ᠤᠨ ᠪᠠᠶᠢᠭᠠᠯᠢ ᠶᠢᠨ ᠭᠠᠵᠠᠷ ᠵᠦᠶ ᠶᠢᠨ ᠣᠷᠴᠢᠨ ᠲᠣᠭᠤᠷᠢᠨ ᠤ ᠲᠥᠷᠥᠯ ᠵᠦᠶᠯ ᠣᠯᠠᠨ ᠶᠠᠩᠵᠤ ᠶᠢᠨ ᠪᠠᠶᠢᠵᠤ᠂ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠤᠨ ᠲᠥᠷᠥᠯ ᠵᠦᠶᠯ ᠮᠠᠰᠢ ᠡᠯᠪᠡᠭ ᠪᠠᠶᠢᠳᠠᠭ᠃ ᠣᠲᠣ ᠬᠠᠭᠤᠷᠠᠶ ᠶᠢᠨ ᠰᠡᠭᠡᠷᠲᠡᠨ 613 ᠵᠦᠶᠯ ᠪᠠᠶᠢᠵᠤ᠂ ᠡᠭᠦᠨ ᠳᠤ ᠤᠯᠤᠰ ᠤᠨ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ 115 ᠵᠦᠶᠯ ᠪᠠᠶᠢᠵᠤ᠂ ᠣᠯᠠᠨ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠬᠤᠯᠪᠣᠭ᠎ᠠ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠤ ᠣᠯᠠᠨ ᠤᠯᠤᠰ ᠤᠨ ᠠᠷᠠᠯᠵᠢᠶᠠᠨ ᠤ ᠨᠡᠶᠢᠲᠡ ᠶᠢᠨ ᠭᠡᠷ᠎ᠡ ᠳᠤ ᠵᠢᠭᠰᠠᠭᠠᠭᠳᠠᠭᠰᠠᠨ ᠨᠢ 150 ᠵᠦᠶᠯ ᠪᠠᠶᠢᠵᠤ᠂ ᠳᠤᠮᠳᠠᠳᠤ ᠤᠯᠤᠰ ᠤᠨ ᠮᠥᠬᠦᠬᠦ ᠰᠢᠬᠠᠭᠰᠠᠨ ᠤᠯᠠᠭᠠᠨ ᠭᠠᠳᠠᠷᠳᠤ ᠪᠢᠴᠢᠭ ᠲᠤ ᠵᠢᠭᠰᠠᠭᠠᠭᠳᠠᠭᠰᠠᠨ ᠨᠢ 184 ᠵᠦᠶᠯ ᠪᠠᠶᠢᠨ᠎ᠠ᠃ ᠡᠭᠦᠨ ᠤ ᠬᠠᠮᠲᠤ᠂ ᠥᠪᠥᠷ ᠮᠣᠩᠭᠤᠯ ᠴᠤ ᠮᠠᠨ ᠤ ᠤᠯᠤᠰ ᠤᠨ ᠤᠮᠠᠷᠠᠲᠤ ᠶᠢᠨ ᠨᠡᠭᠦᠳᠡᠯ ᠤᠨ ᠰᠢᠪᠠᠭᠤ ᠶᠢᠨ ᠨᠡᠭᠦᠳᠡᠯᠯᠡᠬᠦ ᠴᠢᠬᠤᠯᠠ ᠵᠠᠮ ᠪᠠᠶᠢᠵᠤ᠂ ᠵᠢᠯ ᠪᠦᠷᠢ ᠶᠢᠨ ᠬᠠᠪᠤᠷ ᠨᠠᠮᠤᠷ ᠬᠤᠶᠠᠷ ᠤᠯᠠᠷᠢᠯ ᠳᠤ ᠶᠡᠭᠡ ᠬᠡᠮᠵᠢᠶᠡᠨ ᠤ ᠨᠡᠭᠦᠳᠡᠯ ᠤᠨ ᠰᠢᠪᠠᠭᠤ ᠠᠳᠡ ᠨᠡᠭᠦᠳᠡᠯᠯᠡᠨ ᠦᠷᠡᠵᠢᠳᠡᠭ᠃    2020 ᠣᠨ ᠳᠤ᠂ ᠮᠠᠨ ᠤ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠶᠠᠮᠤᠨ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠪᠥᠬᠦ ᠣᠷᠣᠨ ᠳᠤ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠ 《 ᠺᠦᠨᠯᠦ᠋ᠨ 2020 》 ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠮᠠᠨ ᠤ ᠣᠷᠣᠨ  ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠤᠤᠯᠳᠠᠭᠤ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠠᠪᠴᠠᠶ᠄ ᠨᠢᠭᠡ ᠳᠤ ᠴᠠᠭᠳᠠᠨ ᠬᠠᠮᠠᠭᠠᠯᠠᠵᠤ ᠴᠠᠭᠳᠠᠨ ᠪᠠᠶᠢᠴᠠᠭᠠᠬᠤ ᠪᠠᠨ ᠴᠢᠩᠭᠠᠳᠬᠠᠪᠠ᠃ ᠬᠡᠭᠡᠷ᠎ᠡ ᠶᠢᠨ ᠠᠮᠢᠲᠠᠨ ᠤ ᠰᠦᠷᠦᠭᠯᠡᠯ ᠤᠨ ᠣᠷᠣᠨ ᠪᠦᠰᠡ ᠶᠢ ᠴᠡᠪᠡᠷᠯᠡᠨ ᠠᠩᠨᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠩ ᠤᠨ ᠫᠤᠤ ᠠᠩ ᠤᠨ ᠪᠠᠭᠠᠵᠢ ᠶᠢ ᠪᠠᠶᠢᠴᠠᠭᠠᠨ ᠢᠯᠭᠠᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠬᠠᠪᠤᠷ ᠤᠨ ᠤᠯᠠᠷᠢᠯ ᠤᠨ ᠨᠡᠭᠦᠳᠡᠯ ᠤᠨ ᠰᠢᠪᠠᠭᠤ ᠶᠢ ᠬᠠᠮᠠᠭᠠᠯᠠᠬᠤ ᠲᠤᠰᠬᠠᠶ ᠠᠵᠢᠯᠯᠠᠭ᠎ᠠ ᠳᠤᠮᠳᠠ᠂ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠵᠠᠮ ᠪᠠ ᠣᠷᠣᠰᠢᠨ ᠠᠮᠢᠳᠤᠷᠠᠬᠤ ᠭᠠᠵᠠᠷ ᠢ ᠭᠤᠤᠯᠳᠠᠯᠭ᠎ᠠ ᠲᠠᠢ ᠲᠣᠭᠤᠷᠢᠨ ᠪᠠᠶᠢᠴᠠᠭᠠᠵᠤ᠂ ᠬᠠᠤᠯᠢ ᠪᠤᠰᠤ ᠪᠠᠷ ᠠᠩᠨᠠᠬᠤ᠂ ᠬᠠᠤᠯᠢ ᠪᠤᠰᠤ ᠪᠠᠷ ᠠᠩᠨᠠᠬᠤ ᠦᠶᠯᠡ ᠠᠵᠢᠯᠯᠠᠭ᠎ᠠ ᠶᠢ ᠡᠬᠢ ᠡᠭᠦᠰᠦᠯ ᠠᠴᠠ ᠨᠢ ᠬᠤᠷᠢᠭᠯᠠᠨ ᠵᠣᠭᠰᠣᠭᠠᠬᠤ ᠬᠡᠷᠡᠭᠲᠡᠶ᠃ ᠬᠤᠶᠠᠷ ᠲᠤ ᠬᠠᠤᠯᠢ ᠪᠤᠰᠤ ᠲᠡᠭᠡᠭᠡᠪᠦᠷᠢ ᠶᠢᠨ ᠠᠷᠭ᠎ᠠ ᠵᠠᠮ ᠢ ᠲᠠᠰᠤᠯᠬᠤ ᠬᠡᠷᠡᠭᠲᠡᠶ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠲᠠ᠂ ᠰᠢᠦᠳᠠᠨ ᠢᠶᠠᠷ ᠢᠯᠡᠭᠡᠨ ᠬᠦᠷᠭᠡᠬᠦ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠨ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠳᠬᠠᠵᠤ᠂ ᠲᠡᠭᠡᠭᠡᠪᠦᠷᠢᠯᠡᠨ ᠢᠯᠡᠭᠡᠨ ᠬᠦᠷᠭᠡᠬᠦ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠰᠠᠬᠢᠬᠤ ᠬᠡᠷᠡᠭᠲᠡᠶ᠃ ᠢᠯᠠᠩᠭᠤᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠮᠠᠨ ᠤ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠠᠰᠠᠮᠠᠯ ᠵᠠᠮ ᠤᠨ ᠰᠦᠶᠳᠬᠡᠯ ᠬᠤᠷᠢᠶᠠᠬᠤ ᠥᠷᠲᠡᠭᠡ ᠶᠢᠨ ᠣᠷᠣᠵᠤ ᠭᠠᠷᠬᠤ ᠭᠠᠵᠠᠷ ᠪᠠ ᠰᠢᠭᠤᠶᠢᠲᠤ ᠣᠷᠣᠨ ᠤ ᠵᠠᠮ ᠬᠠᠷᠢᠯᠴᠠᠭᠠᠨ ᠤ ᠴᠢᠬᠤᠯᠠ ᠵᠠᠮ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠳᠤ ᠴᠠᠭᠳᠠᠭᠠᠨ ᠤ ᠬᠦᠴᠦᠨ ᠢ ᠪᠠᠶᠢᠷᠢᠯᠠᠭᠤᠯᠵᠤ᠂ ᠨᠠᠰᠢ ᠴᠠᠰᠢ ᠥᠩᠭᠡᠷᠡᠬᠦ ᠲᠡᠷᠭᠡ ᠬᠥᠰᠬᠡ ᠶᠢ ᠪᠠᠶᠢᠴᠠᠭᠠᠵᠤ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠪᠴᠤ ᠶᠠᠪᠤᠬᠤ᠂ ᠲᠡᠭᠡᠭᠡᠪᠦᠷᠢᠯᠡᠬᠦ ᠦᠶᠯᠡ ᠠᠵᠢᠯᠯᠠᠭ᠎ᠠ ᠳᠤ ᠴᠣᠬᠢᠯᠲᠠ ᠥᠭᠪᠡ᠃ᠭᠤᠷᠪᠠ ᠳᠤ ᠰᠦᠪᠡᠭᠴᠢ ᠶᠢᠨ ᠢᠷᠡᠯᠲᠡ ᠶᠢ ᠥᠷᠭᠡᠨ ᠢᠶᠠᠷ ᠨᠡᠭᠡᠭᠡᠨ᠎ᠡ᠃ ᠴᠣᠬᠢᠯᠲᠠ ᠥᠭᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠪᠠᠶᠢᠳᠠᠯ ᠢ ᠭᠦᠨᠵᠡᠭᠡᠶ ᠤᠶᠢᠯᠠᠭᠠᠨ ᠵᠢᠭᠰᠠᠭᠠᠨ ᠪᠠᠶᠢᠴᠠᠭᠠᠵᠤ᠂ ᠴᠠᠭᠳᠠᠭᠠᠨ ᠤ ᠲᠥᠷᠥᠯ ᠤᠨ ᠬᠠᠮᠵᠢᠯᠴᠠᠭ᠎ᠠ ᠶᠢ ᠨᠢᠭᠲᠠᠷᠠᠭᠤᠯᠵᠤ᠂ ᠰᠦᠯᠵᠢᠶᠡᠨ ᠤ ᠠᠷᠠᠯᠵᠢᠶᠠᠨ ᠤ ᠲᠠᠪᠴᠠᠩ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠬᠤᠯᠪᠣᠭᠳᠠᠯ ᠪᠥᠬᠦᠶ ᠨᠢᠭᠤᠴᠠ ᠮᠡᠳᠡᠭᠡ ᠶᠢᠨ ᠰᠦᠪᠡᠭᠴᠢ ᠶᠢ ᠴᠤᠭᠯᠠᠭᠤᠯᠤᠨ ᠡᠮᠬᠢᠯᠡᠵᠦ᠂ ᠡᠯ᠎ᠡ ᠲᠥᠷᠥᠯ ᠤᠨ ᠮᠡᠳᠡᠭᠡ ᠵᠠᠩᠭᠢ  ᠶᠢ ᠨᠠᠷᠢᠨ ᠨᠢᠮᠪᠠᠶ ᠰᠤᠳᠤᠯᠤᠨ ᠮᠠᠭᠠᠳᠯᠠᠵᠤ᠂ ᠱᠤᠭᠤᠮ ᠶᠣᠰᠣᠭᠠᠷ ᠭᠦᠨᠵᠡᠭᠡᠶ ᠠᠭᠤᠳᠠᠯᠵᠤ᠂ ᠲᠣᠮᠣ ᠬᠡᠷᠡᠭ ᠤᠨ ᠪᠣᠭᠤᠮᠲᠠ ᠰᠢᠪᠲᠤᠯᠬᠤ ᠶᠢ ᠴᠢᠩᠭ᠎ᠠ ᠠᠳᠬᠤᠨ᠎ᠠ᠃ ᠳᠥᠷᠪᠡ ᠳᠤ ᠬᠠᠤᠯᠢ ᠪᠤᠰᠤ ᠪᠠᠷ ᠡᠵᠡᠩᠨᠡᠵᠦ ᠡᠳᠰᠢᠭᠦᠯᠦᠨ ᠠᠰᠢᠭᠯᠠᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠬᠤ ᠬᠡᠷᠡᠭᠲᠡᠶ᠃ ᠮᠠᠨ ᠤ ᠣᠷᠣᠨ ᠤ ᠡᠯ᠎ᠡ ᠱᠠᠲᠤᠨ  ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠬᠤᠯᠪᠣᠭᠠᠲᠤ ᠵᠠᠬ᠎ᠠ ᠳᠡᠯᠭᠡᠭᠦᠷ ᠤᠨ ᠬᠢᠨᠠᠯᠲᠠ ᠲᠠᠯᠪᠢᠯᠲᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ ᠤᠳ ᠡᠳ᠋ᠰᠢᠭᠦᠯᠬᠦ ᠬᠡᠭᠡᠷ᠎ᠡ ᠶᠢᠨ ᠠᠮᠢᠲᠠᠨ ᠢ ᠡᠵᠡᠩᠨᠡᠵᠦ ᠪᠠᠶᠢᠭ᠎ᠠ ᠭᠤᠤᠯᠳᠠᠯᠭ᠎ᠠ ᠲᠠᠢ ᠲᠠᠯᠠᠪᠤᠷ ᠪᠠ ᠬᠡᠭᠡᠷ᠎ᠡ ᠶᠢᠨ ᠠᠮᠢᠲᠠᠨ ᠢ ᠳᠠᠰᠬᠠᠨ ᠲᠡᠵᠢᠭᠡᠵᠦ ᠦᠷᠡᠵᠢᠭᠦᠯᠬᠦ ᠲᠠᠯᠠᠪᠤᠷ ᠭᠠᠵᠠᠷ ᠢ ᠤᠶᠢᠯᠠᠭᠠᠨ ᠵᠢᠭᠰᠠᠭᠠᠵᠤ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠡᠵᠡᠩᠨᠡᠨ ᠠᠰᠢᠭᠯᠠᠵᠤ ᠪᠠᠶᠢᠭ᠎ᠠ ᠲᠠᠯᠠᠪᠤᠷ ᠭᠠᠵᠠᠷ ᠢ ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ᠂ ᠰᠢᠳᠬᠡᠨ ᠲᠣᠷᠭᠠᠬᠤ᠂ ᠬᠦᠴᠦᠨ ᠥᠬᠡᠶ ᠪᠣᠯᠭᠠᠬᠤ ᠬᠡᠷᠡᠭᠲᠡᠶ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ᠲᠠᠪᠤ ᠳᠤ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠬᠡᠭᠡᠷ᠎ᠡ ᠶᠢᠨ ᠠᠮᠢᠲᠠᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠶᠢᠨ ᠬᠠᠮᠲᠤ᠂ ᠪᠥᠬᠦ ᠣᠷᠣᠨ ᠤ ᠡᠯ᠎ᠡ ᠱᠠᠲᠤᠨ ᠤ ᠣᠶ ᠰᠢᠭᠤᠶ  ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠤᠶᠢᠯ ᠤᠨ ᠣᠨᠣᠪᠴᠢᠲᠠᠶ ᠪᠠᠷ ᠬᠠᠤᠯᠢ ᠲᠦᠭᠡᠮᠡᠯᠵᠢᠭᠦᠯᠬᠦ ᠶᠢ ᠢᠳᠡᠪᠬᠢᠲᠡᠶ ᠥᠷᠨᠢᠭᠦᠯᠪᠡ᠃ ᠴᠠᠭᠳᠠᠭᠠᠨ ᠤ ᠵᠠᠭᠤᠴᠢᠯᠠᠭᠤᠷ ᠤᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠲᠡᠷᠭᠡᠨ ᠥᠷᠲᠡᠭᠡ᠂ ᠠᠭᠤᠳᠠᠮ ᠲᠠᠯᠠᠪᠠᠶ ᠵᠡᠷᠭᠡ ᠬᠥᠮᠦᠨ ᠠᠮᠠ ᠲᠥᠪᠯᠡᠷᠡᠭᠰᠡᠨ ᠲᠠᠯᠠᠪᠤᠷ ᠭᠠᠵᠠᠷ ᠵᠢᠴᠢ ᠨᠡᠭᠦᠳᠡᠯ ᠤᠨ ᠰᠢᠪᠠᠭᠤ ᠲᠥᠪᠯᠡᠷᠡᠭᠰᠡᠨ ᠠᠵᠢᠯᠯᠠᠭ᠎ᠠ ᠶᠢᠨ ᠣᠷᠣᠨ ᠳᠤ ᠤᠷᠢᠶ᠎ᠠ ᠯᠣᠽᠦ᠋ᠩ ᠡᠯᠭᠦᠵᠦ᠂ ᠤᠬᠠᠭᠤᠯᠭ᠎ᠠ ᠶᠢᠨ ᠡᠳ᠋ ᠲᠠᠷᠬᠠᠭᠠᠨ᠂ ᠬᠥᠳᠡᠭᠡ ᠪᠠᠭᠤᠭᠰᠠᠨ ᠠᠶᠢᠯ ᠲᠣᠰᠬᠤᠨ᠂ ᠨᠡᠶᠢᠭᠡᠮ ᠲᠣᠭᠤᠷᠢᠭ ᠲᠤ ᠣᠷᠣᠬᠤ᠂ ᠰᠤᠷᠭᠠᠭᠤᠯᠢ ᠶᠢᠨ ᠬᠦᠷᠢᠶᠡᠨ ᠳᠤ ᠣᠷᠣᠬᠤ ᠵᠡᠷᠭᠡ ᠠᠵᠢᠯᠯᠠᠭ᠎ᠠ ᠪᠠᠷ ᠳᠠᠮᠵᠢᠭᠤᠯᠤᠨ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠪᠠ᠃ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 《 ᠳᠡᠯᠡᠬᠡᠶ ᠳᠠᠬᠢᠨ ᠲᠡᠶᠢᠮᠦ ᠶᠡᠭᠡ᠂ ᠴᠢ ᠥᠬᠡᠶ ᠪᠠᠶᠢᠵᠤ ᠪᠣᠯᠬᠤ ᠥᠬᠡᠶ 》 ᠭᠡᠬᠦ ᠵᠡᠷᠭᠡ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠣᠬᠤᠷ ᠸᠢᠳᠢᠣ᠋ ᠶᠢ 3 ᠦᠶᠯᠡᠳᠴᠦ᠂ ᠥᠪᠥᠷ ᠮᠣᠩᠭᠤᠯ  ᠤᠨ ᠣᠳᠣᠨ ᠲᠧᠯᠸᠢᠰ᠂ ᠰᠣᠨᠢᠨ ᠮᠡᠳᠡᠭᠡᠨ ᠤ ᠶᠡᠷᠦᠩᠬᠡᠶᠢᠯᠡᠭᠰᠡᠨ ᠰᠤᠪᠠᠭ ᠢᠶᠠᠷ ᠵᠠᠯᠭᠠᠭ᠎ᠠ ᠪᠠᠷ ᠨᠡᠪᠲᠡᠷᠡᠭᠦᠯᠵᠦ᠂ ᠥᠷᠭᠡᠨ ᠣᠯᠠᠨ ᠠᠷᠠᠳ ᠲᠦᠮᠡᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠮᠰᠠᠷᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ  ᠢ ᠪᠣᠶ ᠪᠣᠯᠭᠠᠪᠠ᠃ ᠤᠬᠠᠭᠤᠯᠭ᠎ᠠ ᠬᠥᠮᠦᠵᠢᠯ ᠢᠶᠠᠷ ᠳᠠᠮᠵᠢᠨ᠂ ᠮᠠᠰᠢ ᠤᠯᠠᠨ ᠤᠯᠠᠨ ᠲᠦᠮᠡᠨ ᠬᠡᠭᠡᠷ᠎ᠡ ᠶᠢᠨ ᠠᠮᠢᠳᠠᠨ ᠢ ᠠᠪᠤᠷᠠᠨ ᠲᠤᠰᠠᠯᠠᠬᠤ ᠠᠵᠢᠯ ᠳᠤ ᠰᠠᠨᠠᠭᠠᠴᠢᠯᠠᠭ᠎ᠠ  ᠠᠴᠠ ᠪᠠᠨ ᠣᠷᠣᠯᠴᠠᠵᠤ᠂ ᠬᠥᠮᠦᠨ ᠪᠣᠯᠤᠨ ᠬᠡᠭᠡᠷ᠎ᠡ ᠶᠢᠨ ᠠᠮᠢᠳᠠᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠭᠰᠠᠨ ᠬᠥᠮᠦᠰ ᠤᠨ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ ᠮᠠᠨ ᠤ ᠳᠡᠷᠭᠡᠳᠡ ᠡᠭᠦᠰᠴᠦ᠂ ᠡᠯ᠎ᠡ ᠵᠦᠢᠯ ᠤᠨ ᠵᠠᠭᠤᠴᠢᠯᠠᠭᠤᠷ ᠲᠤ ᠢᠯᠡᠷᠡᠪᠡ᠃ 2020 ᠣᠨ ᠳᠤ᠂ ᠴᠠᠭᠳᠠᠭ᠎ᠠ ᠠᠷᠠᠳ ᠬᠤᠯᠪᠣᠭᠠᠯᠠᠨ 1886 ᠭᠠᠷᠤᠢ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠪᠠ᠃    ᠣᠯᠠᠨ ᠵᠢᠯ ᠤᠨ ᠲᠤᠷᠰᠢ᠂ ᠪᠥᠬᠦ ᠣᠷᠣᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢᠶᠠᠨ ᠢᠮᠠᠭᠲᠠ ᠪᠠᠲᠤᠯᠠᠵᠤ᠂《 ᠬᠠᠪᠤᠷ ᠤᠨ ᠠᠶᠤᠩᠭ᠎ᠠ 》᠂《 ᠨᠣᠭᠤᠭᠠᠨ ᠰᠡᠯᠡᠮ᠎ᠡ 》᠂《 ᠨᠡᠭᠦᠳᠡᠯ ᠤᠨ ᠰᠢᠪᠠᠭᠤ ᠶᠢ ᠬᠠᠮᠠᠭᠠᠯᠠᠬᠤ 》᠂《 ᠬᠠᠶᠢᠷᠠᠭᠤᠴᠠᠶ ᠶᠢ ᠬᠠᠮᠠᠭᠠᠯᠠᠬᠤ》ᠵᠡᠷᠭᠡ ᠣᠷᠣᠨ ᠪᠦᠰᠡ ᠶᠢᠨ ᠴᠢᠨᠠᠷᠲᠠᠶ᠂ ᠤᠯᠠᠷᠢᠯ ᠤᠨ ᠴᠢᠨᠠᠷᠲᠠᠶ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠬᠡᠭᠡᠷ᠎ᠡ ᠶᠢᠨ ᠠᠮᠢᠲᠠᠨ ᠵᠢᠴᠢ ᠲᠡᠭᠦᠨ ᠤ ᠪᠦᠲᠦᠭᠡᠭᠳᠡᠬᠦᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠡᠭᠡ ᠬᠡᠮᠵᠢᠶᠡᠨ ᠤ ᠶᠠᠯᠠᠲᠤ ᠬᠡᠷᠡᠭ ᠢ ᠪᠠᠶᠢᠴᠠᠭᠠᠨ ᠰᠢᠶᠳᠪᠦᠷᠢᠯᠡᠵᠦ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠩᠨᠠᠬᠤ ᠬᠡᠷᠡᠭ ᠢ ᠵᠢᠯ ᠳᠠᠷᠠᠭᠠᠯᠠᠨ ᠪᠠᠭᠠᠰᠬᠠᠵᠤ᠂ ᠪᠥᠬᠦ ᠣᠷᠣᠨ ᠤ ᠬᠡᠭᠡᠷ᠎ᠡ ᠶᠢᠨ ᠠᠮᠢᠲᠠᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠪᠠ᠃ 2017 ᠣᠨ ᠠᠴᠠ ᠣᠲᠣ ᠪᠣᠯᠲᠠᠯ᠎ᠠ᠂ ᠪᠥᠬᠦ ᠣᠷᠣᠨ ᠳᠤ ᠬᠢᠯᠢ ᠪᠠᠷ ᠥᠩᠭᠡᠷᠡᠬᠦ ᠨᠡᠭᠦᠳᠡᠯ ᠤᠨ ᠰᠢᠪᠠᠭᠤ ᠶᠢ ᠠᠯᠠᠭᠰᠠᠨ ᠬᠡᠷᠡᠭ ᠭᠠᠷᠤᠭᠰᠠᠨ ᠥᠬᠡᠶ᠃ ᠳᠣᠤᠷ᠎ᠠ ᠪᠢ ᠣᠯᠠᠨ ᠳᠤ 2020 ᠣᠨ ᠳᠤ ᠪᠠᠶᠢᠴᠠᠭᠠᠨ ᠰᠢᠶᠳᠪᠦᠷᠢᠯᠡᠭᠰᠡᠨ ᠬᠤᠶᠠᠷ ᠨᠡᠶᠢᠲᠡᠯᠢᠭ ᠬᠡᠷᠡᠭ ᠢ ᠲᠠᠨᠢᠯᠴᠠᠭᠤᠯᠤᠶ᠎ᠠ᠃    ᠰᠢᠯᠢ ᠶᠢᠨ ᠭᠤᠤᠯ ᠠᠶᠢᠮᠠᠭ ᠤᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠲᠣᠤᠷ ᠰᠦᠯᠵᠢᠶ᠎ᠡ ᠶᠢ ᠠᠰᠢᠭᠯᠠᠨ ᠬᠤᠪᠣᠷ ᠨᠠᠨᠳᠢᠨ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠤ ᠪᠦᠲᠦᠭᠡᠭᠳᠡᠬᠦᠨ ᠢ ᠬᠠᠤᠯᠢ ᠪᠤᠰᠤ ᠪᠠᠷ ᠬᠤᠳᠠᠯᠳᠤᠨ ᠠᠪᠤᠭᠰᠠᠨ᠂ ᠫᠠᠨᠽᠠᠯᠠᠭᠰᠠᠨ ᠰᠢᠷᠢᠰ ᠬᠡᠷᠡᠭ ᠢ ᠠᠮᠵᠢᠯᠲᠠᠲᠠᠶ ᠢᠯᠡᠷᠡᠭᠦᠯᠪᠡ᠃ ᠬᠡᠷᠡᠭ ᠰᠢᠶᠳᠪᠦᠷᠢᠯᠡᠬᠦ ᠠᠷᠠᠳ ᠤᠨ ᠴᠠᠭᠳᠠᠭ᠎ᠠ ᠡᠯ᠎ᠡ ᠭᠠᠵᠠᠷ ᠲᠤ ᠬᠦᠷᠴᠦ᠂ ᠡᠳᠦᠷ ᠰᠥᠨᠢ ᠥᠬᠡᠶ ᠠᠶᠠᠯᠠᠨ᠂ 6 ᠲᠦᠮᠡ ᠭᠠᠷᠤᠶ ᠺᠢᠯᠣᠮᠧᠲᠷ ᠠᠶᠠᠯᠠᠵᠤ᠂ 18 ᠮᠤᠵᠢ ᠣᠷᠣᠨ᠂ 52 ᠬᠤᠰᠢᠭᠤ ᠰᠢᠶᠠᠨ ᠬᠤᠲᠠ ᠳᠤ ᠬᠦᠷᠴᠦ᠂ ᠨᠠᠷᠢᠨ ᠨᠢᠮᠪᠠᠶ ᠪᠠᠶᠢᠴᠠᠭᠠᠨ ᠭᠡᠷᠡᠴᠢ ᠠᠪᠬᠤ ᠪᠠᠷ ᠳᠡᠮᠵᠢᠨ᠂ ᠪᠥᠬᠦ ᠤᠯᠤᠰ ᠢ ᠬᠠᠮᠤᠷᠤᠭᠰᠠᠨ ᠬᠡᠭᠡᠷ᠎ᠡ ᠶᠢᠨ ᠠᠮᠢᠲᠠᠨ ᠤ ᠪᠦᠲᠦᠭᠡᠭᠳᠡᠬᠦᠨ ᠢ ᠬᠠᠤᠯᠢ ᠪᠤᠰᠤ ᠪᠠᠷ ᠫᠠᠨᠽᠠᠯᠠᠬᠤ ᠶᠠᠯᠠᠲᠤ ᠠᠵᠢᠯᠯᠠᠭ᠎ᠠ ᠶᠢᠨ ᠲᠣᠤᠷ ᠰᠦᠯᠵᠢᠶ᠎ᠡ ᠶᠢ ᠨᠢᠭᠡ ᠯᠡ ᠳᠡᠭᠡᠷ᠎ᠡ ᠡᠪᠳᠡᠪᠡ᠃ ᠣᠳᠣᠬᠠᠨ ᠳᠤ᠂ ᠲᠣᠰ ᠬᠡᠷᠡᠭ ᠲᠤ ᠨᠢᠭᠡᠨᠲᠡ 21 ᠬᠥᠮᠦᠨ ᠳᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠪᠠᠶᠢᠴᠠᠭᠠᠬᠤ ᠪᠠᠶᠢᠭᠤᠯᠤᠯᠭ᠎ᠠ 5 ᠬᠥᠮᠦᠨ ᠢ ᠪᠠᠷᠢᠪᠴᠢᠯᠠᠬᠤ ᠶᠢ ᠵᠥᠪᠰᠢᠶᠡᠷᠡᠵᠦ᠂ ᠤᠮᠠᠷᠠᠲᠤ ᠶᠢᠨ ᠪᠥᠬᠦᠩ ᠤᠨ ᠡᠪᠡᠷ᠂ ᠲᠥᠪᠡᠳ ᠪᠥᠬᠦᠩ ᠤᠨ ᠡᠪᠡᠷ᠂ ᠵᠡᠭᠡᠷ᠎ᠡ ᠶᠢᠨ ᠡᠪᠡᠷ ᠵᠡᠷᠭᠡ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠬᠤᠪᠣᠷ ᠴᠤᠬᠠᠭ ᠬᠡᠭᠡᠷ᠎ᠡ ᠶᠢᠨ ᠠᠮᠢᠲᠠᠨ ᠤ ᠪᠦᠲᠦᠭᠡᠭᠳᠡᠬᠦᠨ 3300 ᠭᠠᠷᠤᠶ ᠬᠤᠪᠢ᠂ ᠬᠡᠷᠡᠭ ᠲᠤ ᠬᠤᠯᠪᠣᠭᠳᠠᠭᠰᠠᠨ ᠪᠣᠳᠠᠰ ᠤᠨ ᠥᠷᠲᠡᠭ 5000 ᠭᠠᠷᠤᠶ ᠲᠦᠮᠡᠨ ᠲᠥᠭᠦᠷᠢᠭ ᠢ ᠪᠠᠶᠢᠴᠠᠭᠠᠨ ᠭᠠᠷᠭᠠᠵᠠᠶ᠃ ᠬᠡᠷᠡᠭ ᠲᠤ ᠬᠤᠯᠪᠣᠭᠳᠠᠭᠰᠠᠨ ᠭᠠᠵᠠᠷ ᠣᠷᠣᠨ ᠥᠷᠭᠡᠨ᠂ ᠬᠥᠮᠦᠨ ᠬᠠᠷ᠎ᠠ ᠣᠯᠠᠨ᠂ ᠬᠡᠷᠡᠭ ᠲᠤ ᠬᠤᠯᠪᠣᠭᠳᠠᠭᠰᠠᠨ ᠬᠡᠭᠡᠷ᠎ᠡ ᠶᠢᠨ ᠠᠮᠢᠲᠠᠨ ᠤ ᠪᠦᠲᠦᠭᠡᠭᠳᠡᠬᠦᠨ ᠤ ᠲᠤᠭ᠎ᠠ ᠬᠡᠮᠵᠢᠶ᠎ᠡ ᠶᠡᠭᠡ᠂ ᠦᠨ᠎ᠡ ᠥᠷᠲᠡᠭ ᠥᠨᠳᠥᠷ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ  ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠶᠢᠷ᠎ᠠ ᠶᠢᠨ ᠵᠢᠯ ᠳᠤ ᠪᠠᠶᠢᠴᠠᠭᠠᠨ ᠰᠢᠶᠳᠪᠦᠷᠢᠯᠡᠭᠰᠡᠨ ᠰᠦᠯᠵᠢᠶᠡᠨ ᠤ ᠲᠠᠪᠴᠠᠩ ᠢ ᠠᠰᠢᠭᠯᠠᠨ ᠬᠡᠭᠡᠷ᠎ᠡ ᠶᠢᠨ ᠠᠮᠢᠲᠠᠨ ᠤ ᠪᠦᠲᠦᠭᠡᠭᠳᠡᠬᠦᠨ ᠢ ᠫᠠᠨᠽᠠᠯᠠᠭᠰᠠᠨ ᠨᠥᠯᠥᠭᠡ ᠪᠠᠷ ᠬᠠᠮᠤᠭ ᠤᠨ ᠶᠡᠭᠡ ᠬᠡᠷᠡᠭ ᠪᠣᠯᠤᠨ᠎ᠠ᠃    ᠣᠷᠳᠣᠰ ᠬᠤᠲᠠ ᠶᠢᠨ ᠬᠠᠩᠭᠢᠨ ᠬᠤᠰᠢᠭᠤᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ《 528 》ᠬᠡᠭᠡᠷ᠎ᠡ ᠶᠢᠨ ᠲᠠᠤᠯᠠᠶ ᠶᠢ ᠬᠠᠤᠯᠢ ᠪᠤᠰᠤ ᠪᠠᠷ ᠠᠩᠨᠠᠭᠰᠠᠨ᠂ ᠵᠥᠭᠡᠭᠡᠪᠦᠷᠢᠯᠡᠭᠰᠡᠨ᠂ ᠫᠠᠨᠽᠠᠯᠠᠭᠰᠠᠨ ᠰᠢᠷᠢᠰ ᠬᠡᠷᠡᠭ ᠢ ᠢᠯᠡᠷᠡᠭᠦᠯᠪᠡ᠃ ᠮᠣᠩᠭᠤᠯ ᠬᠡᠭᠡᠷ᠎ᠡ ᠶᠢᠨ ᠲᠠᠤᠯᠠᠶ ᠶᠢᠨ ᠪᠣᠳᠠᠭᠠᠯᠢ ᠪᠡᠶ᠎ᠡ ᠨᠢ ᠠᠮᠢᠳᠤᠯᠢᠭ᠂ ᠬᠤᠷᠳᠤᠨ ᠭᠦᠶᠦᠳᠡᠭ ᠣᠨᠴᠠᠯᠢᠭ ᠨᠢ ᠣᠷᠳᠣᠰ ᠤᠨ ᠥᠨᠳᠦᠷᠯᠢᠭ ᠲᠤ ᠨᠠᠩ ᠲᠣᠪᠦ᠋ᠮ᠎ᠠ ᠢᠯᠡᠷᠡᠵᠦ ᠪᠠᠢᠨ᠎ᠠ᠃ ᠵᠠᠷᠢᠮ ᠬᠠᠤᠯᠢ ᠪᠤᠰᠤ ᠡᠲᠡᠭᠡᠳ ᠬᠡᠭᠡᠷ᠎ᠡ ᠶᠢᠨ ᠲᠠᠤᠯᠠᠶ  ᠶᠢᠨ ᠠᠮᠢᠳᠤ ᠪᠡᠶ᠎ᠡ ᠶᠢ ᠬᠤᠳᠠᠯᠳᠤᠨ ᠠᠪᠴᠤ ᠭᠠᠳᠠᠷ ᠮᠤᠵᠢ ᠳᠤ ᠫᠠᠨᠽᠠᠯᠠᠨ ᠵᠥᠭᠡᠭᠡᠪᠦᠷᠢᠯᠡᠵᠦ᠂ ᠨᠢᠭᠤᠴᠠ ᠵᠣᠭᠤᠰ ᠨᠠᠭᠠᠳᠬᠤ ᠵᠠᠬ᠎ᠠ ᠳᠡᠯᠭᠡᠭᠦᠷ ᠲᠤ ᠣᠷᠣᠵᠤ᠂ ᠶᠡᠭᠡ ᠠᠰᠢᠭ ᠬᠤᠨᠵᠢᠪᠣᠷᠢ ᠣᠯᠵᠤ ᠪᠠᠶᠢᠨ᠎ᠠ᠃ ᠣᠷᠳᠣᠰ ᠬᠤᠲᠠ ᠶᠢᠨ ᠬᠠᠩᠭᠢᠨ ᠬᠤᠰᠢᠭᠤᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠭ᠎ᠠ ᠬᠡᠮᠵᠢᠶ᠎ᠡ  ᠪᠠᠨ ᠨᠠᠷᠢᠯᠢᠭᠵᠢᠭᠤᠯᠵᠤ᠂ ᠰᠦᠪᠡᠭᠴᠢ ᠶᠢ ᠭᠦᠨ ᠠᠭᠤᠳᠠᠯᠵᠤ᠂ ᠮᠣᠩᠭᠤᠯ ᠬᠡᠭᠡᠷ᠎ᠡ ᠶᠢᠨ ᠲᠠᠤᠯᠠᠶ ᠶᠢ ᠬᠠᠤᠯᠢ ᠪᠤᠰᠤ ᠪᠠᠷ ᠠᠩᠨᠠᠭᠰᠠᠨ᠂ ᠵᠥᠭᠡᠭᠡᠪᠦᠷᠢᠯᠡᠭᠰᠡᠨ᠂ ᠫᠠᠨᠽᠠᠯᠠᠭᠰᠠᠨ ᠰᠢᠷᠢᠰ ᠬᠡᠷᠡᠭ ᠢ 6 ᠢᠯᠡᠷᠡᠭᠦᠯᠪᠡ᠃ ᠡᠭᠦᠨ ᠳᠤ᠂ ᠣᠨᠴᠠ ᠶᠡᠭᠡ ᠬᠡᠷᠡᠭ 1 ᠪᠠᠶᠢᠵᠤ᠂ ᠨᠡᠶᠢᠲᠡ 261 ᠮᠣᠩᠭᠤᠯ ᠬᠡᠭᠡᠷ᠎ᠡ ᠶᠢᠨ ᠲᠠᠤᠯᠠᠶ ᠶᠢᠨ ᠠᠮᠢᠳᠤ ᠪᠡᠶ᠎ᠡ᠂ 2 ᠥᠭᠦᠭᠰᠡᠨ ᠪᠡᠶ᠎ᠡ ᠶᠢ ᠬᠤᠷᠢᠶᠠᠨ ᠠᠪᠴᠤ᠂ 12 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠲᠤᠬᠠᠶ ᠶᠢᠨ ᠭᠠᠵᠠᠷ ᠠᠴᠠ ᠣᠷᠳᠣ ᠬᠤᠭᠤᠴᠠᠭ᠎ᠠ ᠪᠠᠷ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠩᠨᠠᠬᠤ᠂ ᠫᠠᠨᠽᠠᠯᠠᠬᠤ ᠶᠠᠯᠠᠲᠤ ᠪᠦᠯᠬᠦᠮ ᠢ ᠴᠣᠬᠢᠨ ᠤᠨᠠᠭᠠᠵᠤ᠂《 ᠨᠢᠭᠡ ᠶᠢ ᠨᠢ ᠪᠠᠷᠢᠵᠤ ᠨᠢᠭᠡ ᠶᠢ ᠨᠢ ᠴᠣᠬᠢᠬᠤ᠂ ᠨᠢᠭᠡ ᠶᠢ ᠨᠢ ᠢᠯᠡᠷᠡᠭᠦᠯᠵᠦ ᠨᠢᠭᠡ ᠶᠢ ᠨᠢ ᠳᠠᠭᠠᠭᠤᠯᠬᠤ 》ᠬᠠᠷᠠᠯᠲᠠ ᠶᠢ ᠪᠡᠶᠡᠯᠡᠭᠦᠯᠪᠡ᠃
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ