ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠶᠢᠨ ᠬᠦᠴᠦᠨ ᠤ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2021/3/15
                                            ᠥᠪᠥᠷ ᠵᠠᠰᠠᠭ ᠠᠯᠪᠠᠨ ᠲᠠᠷᠬᠠᠭᠠᠭᠰᠠᠨ ︹2020︺ 50 ᠳ᠋ᠤᠭᠠᠷ ᠲᠣᠭᠠᠲᠤᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢᠯᠠᠯ᠂ ᠠᠵᠢᠯ ᠦᠢᠯᠡᠰ ᠤᠨ ᠨᠢᠭᠡᠴᠢ ᠳᠤ᠄      ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ︹2019︺ 28 ᠳ᠋ᠤᠭᠠᠷ ᠲᠣᠭᠠᠲᠤ︶ ᠪᠣᠯᠣᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ ᠠᠷᠪᠠᠨ ᠲᠠᠪᠤᠨ ᠶᠠᠮᠤᠨ ᠵᠦᠪᠯᠡᠯ ᠤᠨ ︽ᠣᠳᠣᠬᠠᠨ ᠤ ᠲᠠᠷᠢᠶᠠᠴᠢᠨ ᠬᠦᠴᠦ ᠶᠠᠪᠤᠭᠰᠠᠳ ᠤᠨ ᠠᠵᠢᠯ ᠣᠯᠵᠤ ᠦᠢᠯᠡᠰ ᠪᠣᠰᠬᠠᠬᠤ ᠠᠵᠢᠯ ᠢ ᠰᠠᠶᠢᠲᠤᠷ ᠬᠢᠬᠦ ᠲᠤᠬᠠᠢ ᠰᠠᠨᠠᠯ︾ ︵ᠬᠦᠮᠦᠨ ᠨᠡᠶᠢᠭᠡᠮ ᠶᠠᠮᠤᠨ ᠲᠠᠷᠬᠠᠭᠠᠭᠰᠠᠨ ︹2020︺ 61 ᠳ᠋ᠦ᠋ᠭᠡᠷ ᠲᠣᠭᠠᠲᠤ︶᠂ ︽ᠨᠤᠲᠤᠭ ᠲᠤ ᠪᠠᠨ ᠪᠣᠴᠠᠵᠤ ᠭᠦᠷᠦᠭᠰᠡᠳ ᠤᠨ ᠦᠢᠯᠡᠰ ᠪᠣᠰᠬᠠᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠢ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠡᠳ᠋ ᠤᠨ ᠵᠠᠰᠠᠭ ᠤᠨ ᠶᠠᠮᠤᠨ ᠲᠠᠷᠢᠶᠠᠯᠠᠩ ᠬᠦᠳᠡᠭᠡ ᠲᠤᠰᠬᠤᠨ ᠤ ᠶᠠᠮᠤᠨ ᠤ ᠰᠠᠨᠠᠯ︾ ︵ᠬᠦᠮᠦᠨ ᠨᠡᠶᠢᠭᠡᠮ ᠶᠠᠮᠤᠨ ᠲᠠᠷᠬᠠᠭᠠᠭᠰᠠᠨ ︹2019︺ 129 ᠳ᠋ᠦ᠋ᠭᠡᠷ ᠲᠣᠭᠠᠲᠤ︶᠂ ︽︿ᠨᠤᠲᠤᠭ ᠲᠤ ᠪᠠᠨ ᠪᠤᠴᠠᠭᠰᠠᠨ ᠪᠠ ᠨᠤᠲᠤᠭ ᠲᠤ ᠪᠠᠨ ᠬᠤᠴᠣᠷᠤᠭᠰᠠᠨ ᠲᠠᠷᠢᠶᠠᠴᠢᠨ ᠬᠦᠴᠦ ᠶᠠᠪᠤᠭᠰᠠᠳ ᠲᠤᠬᠠᠢ ᠶᠢᠨ ᠭᠠᠵᠠᠷ ᠪᠠ ᠲᠤᠬᠠᠢ ᠶᠢᠨ ᠭᠠᠵᠠᠷ ᠤᠨ ᠣᠶᠢᠷ᠎ᠠ ᠬᠠᠪᠢ ᠳᠤ ᠪᠠᠨ ᠠᠵᠢᠯ ᠣᠯᠬᠤ ᠬᠡᠪᠴᠢᠶ᠎ᠡ ᠶᠢ ᠦᠷᠭᠡᠳᠭᠡᠬᠦ ᠶᠢᠨ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠲᠠᠷᠢᠶᠠᠯᠠᠩ ᠬᠦᠳᠡᠭᠡ ᠲᠤᠰᠬᠤᠨ ᠤ ᠶᠠᠮᠤᠨ ᠤ ᠠᠯᠪᠠᠨ ᠲᠢᠩᠬᠢᠮ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠲᠠᠷᠢᠶᠠᠯᠠᠩ ᠠᠯᠪᠠᠨ ᠲᠠᠷᠬᠠᠭᠠᠭᠰᠠᠨ ︹ 2020︺ 2 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠶᠢᠨ ᠬᠦᠴᠦᠨ ᠤ ᠠᠵᠢᠯ ᠣᠯᠬᠤ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠤ ᠪᠠᠨ ᠪᠣᠴᠠᠵᠤ ᠦᠢᠯᠡᠰ ᠪᠣᠰᠬᠠᠬᠤ ᠵᠢᠴᠢ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠤᠨ ᠦᠢᠯᠡᠰ ᠪᠣᠰᠬᠠᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠭᠡ ᠳᠣᠣᠷᠠᠬᠢ ᠰᠠᠨᠠᠯ ᠢ ᠳᠤᠷᠠᠳᠪᠠ᠃     ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠶᠢᠨ ᠬᠦᠴᠦᠨ ᠤ ᠠᠵᠢᠯ ᠣᠯᠵᠤ ᠦᠢᠯᠡᠰ ᠪᠣᠰᠬᠠᠬᠤ ᠶᠢ ᠦᠷᠭᠡᠳᠭᠡᠬᠦ ᠪᠠ ᠲᠣᠭᠲᠠᠭᠤᠨ ᠪᠣᠯᠭᠠᠬᠤ ᠪᠠᠷ ᠭᠠᠷᠳᠠᠴᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠨ᠂ ᠲᠠᠷᠢᠶᠠᠯᠠᠩ ᠬᠦᠳᠡᠭᠡ ᠲᠤᠰᠬᠤᠨ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ᠂ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠤᠷᠭᠠᠨᠢᠭ ᠢᠶᠠᠷ ᠵᠣᠯᠭᠠᠯᠳᠤᠭᠤᠯᠬᠤ ᠶᠢ ᠠᠬᠢᠭᠤᠯᠤᠨ᠂ ᠠᠵᠢᠯ ᠣᠯᠭᠤᠵᠤ ᠦᠢᠯᠡᠰ ᠪᠣᠰᠬᠠᠬᠤ ᠣᠷᠴᠢᠨ ᠨᠦᠭᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠢᠯ ᠣᠯᠭᠤᠯᠲᠠ ᠶᠢᠨ ᠪᠦᠲᠦᠴᠡ ᠶᠢ ᠰᠠᠶᠢᠵᠢᠷᠠᠭᠤᠯᠤᠨ᠂ ᠠᠵᠢᠯ ᠣᠯᠭᠤᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠦ᠂ ᠣᠯᠠᠨ ᠠᠷᠭ᠎ᠠ ᠵᠠᠮ ᠢᠶᠠᠷ᠂ ᠣᠯᠠᠨ ᠲᠠᠯ᠎ᠠ ᠪᠠᠷ᠂ ᠣᠯᠠᠨ ᠬᠡᠯᠪᠡᠷᠢ ᠪᠠᠷ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠶᠢᠨ ᠬᠦᠴᠦᠨ ᠤ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠠᠵᠢᠯ ᠣᠯᠬᠤ ᠶᠢ ᠪᠠᠲᠤᠯᠠᠬᠤ ᠡᠭᠦᠷᠭᠡ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠤᠨ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠨ᠎ᠠ᠃      ︵ᠬᠤᠶᠠᠷ︶ ᠬᠠᠷᠠᠯᠲᠠᠲᠤ ᠡᠭᠦᠷᠭᠡ      — — ᠬᠤᠲᠠ ᠬᠦᠳᠡᠭᠡ ᠶᠢ ᠨᠢᠭᠡ ᠴᠣᠭᠴᠠᠵᠢᠭᠤᠯᠤᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ 2025 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠤ ᠣᠯᠠᠨ ᠨᠡᠶᠢᠲᠡ ᠶᠢᠨ ᠠᠵᠢᠯ ᠣᠯᠭᠤᠵᠣ ᠦᠢᠯᠡᠰ ᠪᠣᠰᠬᠠᠬᠤ ᠦᠢᠯᠡᠴᠢᠯᠡᠭᠡᠨ ᠤ ᠲᠠᠪᠴᠠᠩ ᠢ ᠪᠦᠷᠢᠨᠰᠢᠭᠦᠯᠵᠦ᠂ ᠲᠤᠬᠠᠶᠢᠯᠠᠭᠰᠠᠨ ᠠᠵᠢᠯ ᠢ ᠵᠢᠷᠤᠮᠵᠢᠭᠤᠯᠤᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠨᠡᠯᠢᠶᠡᠳ ᠦᠨᠳᠦᠷ ᠪᠣᠯᠭᠠᠨ᠎ᠠ᠃ ᠬᠠᠤᠯᠢ ᠪᠠᠷ ᠲᠣᠭᠲᠠᠭᠰᠠᠨ ᠬᠥᠳᠡᠯᠮᠦᠷᠢᠯᠡᠬᠦ ᠨᠠᠰᠤᠨ ᠳᠠᠬᠢ ᠬᠥᠳᠡᠯᠮᠦᠷᠢᠯᠡᠬᠦ ᠴᠢᠳᠠᠪᠤᠷᠢ ᠲᠠᠢ᠂ ᠰᠢᠯᠵᠢᠵᠤ ᠠᠵᠢᠯ ᠣᠯᠬᠤ ᠬᠦᠰᠡᠯ ᠪᠣᠳᠣᠯ ᠲᠠᠢ ᠮᠠᠯᠴᠢᠨ ᠲᠠᠷᠢᠶᠠᠴᠢᠨ ᠪᠦᠬᠦᠨ ᠳᠤ ᠠᠵᠢᠯ ᠣᠯᠭᠤᠬᠤ ᠶᠢ ᠪᠡᠶᠡᠯᠡᠭᠦᠯᠦᠨ᠎ᠡ︔ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠬᠦ ᠬᠦᠰᠡᠯ ᠪᠣᠳᠣᠯ ᠲᠠᠢ ᠪᠣᠯ ᠨᠠᠭᠠᠲᠤ ᠵᠠᠬ᠎ᠠ ᠳᠤ ᠪᠠᠨ ᠨᠢᠭᠡ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠲᠥᠯᠥᠪᠦᠷᠢ ᠦᠭᠡᠢ ᠪᠠᠷ ᠬᠦᠷᠲᠡᠭᠡᠨ᠎ᠡ︔ ᠦᠢᠯᠡᠰ ᠪᠣᠰᠬᠠᠬᠤ ᠬᠦᠰᠡᠯ ᠪᠣᠳᠣᠯ ᠲᠠᠢ ᠪᠠ ᠦᠢᠯᠡᠰ ᠪᠣᠰᠬᠠᠬᠤ ᠨᠦᠬᠦᠴᠡᠯ ᠲᠠᠢ ᠪᠣᠯ ᠦᠢᠯᠡᠰ ᠪᠣᠰᠬᠠᠬᠤ ᠶᠢ ᠨᠢ ᠴᠦᠮ ᠪᠡᠶᠡᠯᠡᠭᠦᠯᠬᠦ ᠪᠠᠷ ᠴᠢᠷᠮᠠᠢᠨ᠎ᠠ᠃      — — ᠦᠢᠯᠡᠰ ᠪᠣᠰᠬᠠᠬᠤ ᠣᠷᠴᠢᠨ ᠨᠦᠭᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ 2025 ᠣᠨ ᠪᠣᠯᠬᠤ ᠳᠤ᠂ ᠨᠤᠲᠤᠭ ᠲᠤ ᠪᠠᠨ ᠬᠤᠴᠤᠷᠤᠭᠰᠠᠨ ᠮᠠᠯᠴᠢᠨ ᠲᠠᠷᠢᠶᠠᠴᠢᠨ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠨᠤᠲᠤᠭ ᠲᠤ ᠪᠠᠨ ᠪᠣᠴᠠᠵᠤ ᠦᠢᠯᠡᠰ ᠪᠣᠰᠬᠠᠬᠤ ᠳᠤ ᠲᠥᠷᠥ ᠶᠢᠨ ᠪᠣᠳᠣᠯᠭ᠎ᠠ ᠲᠠᠢ᠂ ᠠᠴᠢᠶᠠᠯᠠᠪᠤᠷᠢ ᠲᠠᠢ ᠪᠦᠭᠡᠳ ᠣᠷᠴᠢᠨ ᠨᠦᠬᠦᠴᠡᠯ ᠲᠠᠢ ᠪᠠᠶᠢᠬᠤ ᠶᠢ ᠪᠠᠲᠤᠯᠠᠵᠤ᠂ ᠰᠠᠭᠤᠷᠢ ᠪᠡᠯᠡᠳᠭᠡᠮᠵᠢ ᠶᠢ ᠢᠯᠡᠷᠬᠡᠢ ᠰᠠᠶᠢᠵᠢᠷᠠᠭᠤᠯᠤᠨ ᠪᠠᠶᠢᠵᠤ᠂ ᠦᠢᠯᠡᠰ ᠪᠣᠰᠬᠠᠬᠤ ᠶᠢ ᠡᠷᠬᠢᠮᠯᠡᠭᠰᠡᠨ᠂ ᠦᠢᠯᠡᠰ ᠪᠣᠰᠬᠠᠬᠤ ᠶᠢ ᠳᠡᠳᠬᠦᠭᠰᠡᠨ ᠪᠠ ᠰᠠᠨᠠᠭᠠᠴᠢᠯᠠᠭ᠎ᠠ ᠠᠴᠠ ᠪᠠᠨ ᠦᠢᠯᠡᠰ ᠪᠣᠰᠬᠠᠭᠰᠠᠨ ᠮᠠᠰᠢ ᠰᠠᠶᠢᠨ ᠨᠡᠶᠢᠭᠡᠮ ᠤᠨ ᠣᠷᠴᠢᠨ ᠪᠠᠢᠳᠠᠯ ᠲᠠᠢ ᠪᠣᠯᠭᠠᠬᠤ ᠶᠢ ᠦᠨᠡᠨ ᠬᠦ ᠪᠠᠲᠤᠯᠠᠨ᠎ᠠ᠃      — — ᠦᠢᠯᠡᠰ ᠪᠣᠰᠬᠠᠬᠤ ᠶᠢᠨ ᠨᠡᠪᠴᠢᠭᠦᠯᠬᠦ ᠴᠢᠳᠠᠪᠤᠷᠢ ᠶᠢ ᠢᠯᠡᠷᠬᠡᠢ ᠴᠢᠩᠭᠠᠷᠠᠭᠤᠯᠤᠨ᠎ᠠ᠃ 2025 ᠣᠨ ᠪᠣᠯᠬᠤ ᠳᠤ᠂ ᠨᠥᠬᠦᠴᠡᠯ ᠲᠠᠢ ᠪᠠ ᠴᠢᠳᠠᠪᠤᠷᠢ ᠲᠠᠢ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠨᠠᠭᠠᠲᠤ ᠵᠠᠬ᠎ᠠ ᠳᠤ ᠪᠠᠨ ᠴᠢᠳᠠᠮᠵᠢ ᠪᠠᠷ ᠪᠦᠷᠢᠨ ᠲᠡᠭᠦᠯᠳᠡᠷ ᠪᠣᠯᠬᠤ ᠮᠠᠯᠴᠢᠨ ᠲᠠᠷᠢᠶᠠᠴᠢᠨ ᠤ ᠦᠢᠯᠡᠰ ᠪᠣᠰᠬᠠᠬᠤ ᠬᠦᠷᠢᠶᠡᠯᠡᠩ ᠲᠣᠭᠤᠷᠢᠭ ︵ᠨᠡᠪᠴᠢᠭᠦᠯᠬᠦ ᠰᠠᠭᠤᠷᠢᠨ ᠭᠠᠵᠠᠷ︶ ᠪᠣᠶᠤ ᠨᠤᠲᠤᠭ ᠲᠤ ᠪᠠᠨ ᠪᠣᠴᠠᠵᠤ ᠦᠢᠯᠡᠰ ᠪᠣᠰᠬᠠᠬᠤ ᠬᠦᠷᠢᠶᠡᠯᠡᠩ ᠲᠣᠭᠤᠷᠢᠭ ︵ᠨᠡᠪᠴᠢᠭᠦᠯᠬᠦ ᠰᠠᠭᠤᠷᠢᠨ ᠭᠠᠵᠠᠷ︶ ᠢ ᠨᠢᠭᠡ ᠪᠦᠲᠦᠭᠡᠨ ᠪᠠᠶᠢᠭᠤᠯᠤᠨ᠎ᠠ᠃     ᠬᠤᠶᠠᠷ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ      ︵ᠨᠢᠭᠡ︶ ᠠᠵᠢᠯ ᠣᠯᠭᠤᠵᠤ ᠦᠢᠯᠡᠰ ᠪᠣᠰᠬᠠᠬᠤ ᠣᠷᠴᠢᠨ ᠨᠥ᠋ᠬᠦᠴᠡᠯ ᠢ ᠰᠢᠯᠢᠳᠡᠭᠵᠢᠭᠦᠯᠦᠨ᠎ᠡ᠃      1. ᠬᠤᠲᠠ ᠬᠦᠳᠡᠭᠡ ᠶᠢ ᠨᠢᠭᠡ ᠴᠣᠭᠴᠠᠵᠢᠭᠤᠯᠤᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠠᠭᠦᠯᠳᠡᠷᠵᠢᠭᠦᠯᠦᠨ᠎ᠡ᠃ ᠬᠤᠲᠠ ᠬᠦᠳᠡᠭᠡ ᠶᠢᠨ ᠬᠥᠳᠡᠯᠮᠦᠷᠢᠴᠢᠳ ᠤᠨ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠵᠢᠭᠦᠯᠬᠦ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠲᠠᠪᠤᠨ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠣᠯᠠᠨ ᠨᠡᠶᠢᠲᠡ ᠶᠢᠨ ᠠᠵᠢᠯ ᠣᠯᠭᠤᠬᠤ ᠪᠠ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠨᠢᠭᠡᠳᠦᠯᠲᠡᠢ ᠪᠠᠢᠭᠤᠯᠤᠮᠵᠢ ᠶᠢ ᠪᠠᠶᠢᠭᠤᠯᠤᠨ᠎ᠠ᠃ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠤ ᠦᠨᠳᠦᠰᠦᠨ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠣᠷ ᠴᠡᠭ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠥᠴᠦᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯ ᠢ ᠴᠢᠩᠭᠠᠷᠠᠭᠤᠯᠤᠨ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠨᠳᠦᠰᠦᠨ ᠦᠢᠯᠡᠴᠢᠯᠡᠭᠡᠨ ᠤ ᠲᠡᠩᠴᠡᠭᠦᠷᠢᠰᠢᠯᠲᠡ ᠶᠢ ᠠᠬᠢᠭᠤᠯᠤᠨ᠎ᠠ᠃ ᠡᠵᠡᠩᠨᠡᠯᠲᠡ ᠶᠢᠨ ᠴᠢᠨᠠᠷᠲᠠᠢ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢ ᠳᠡᠮᠵᠢᠵᠦ ᠪᠠᠶᠢᠭᠠᠳ ᠲᠤᠰᠬᠠᠶᠢᠵᠢᠭᠰᠠᠨ ᠣᠯᠠᠨ ᠨᠡᠶᠢᠲᠡ ᠶᠢᠨ ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡ ᠬᠠᠩᠭᠠᠬᠤ ᠪᠣᠯᠭᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠳᠡᠯᠮᠦᠷᠢ ᠦᠢᠯᠡᠴᠢᠯᠡᠬᠡᠨ ᠤ ᠡᠷᠬᠢᠯᠡᠨ ᠵᠠᠭᠤᠴᠢᠯᠠᠭᠴᠢ ᠶᠢ ᠳᠡᠮᠵᠢᠵᠦ ᠪᠠᠶᠢᠭᠠᠳ ᠦᠨᠳᠦᠰᠦᠨ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠵᠤ ᠦᠢᠯᠡᠰ ᠪᠣᠰᠬᠠᠬᠤ ᠦᠨᠳᠦᠰᠦᠨ ᠦᠢᠯᠡᠴᠢᠯᠡᠭᠡᠨ ᠢ ᠳᠠᠭᠠᠭᠠᠨ ᠵᠠᠯᠭᠠᠭᠤᠯᠬᠤ ᠪᠣᠯᠭᠠᠨ᠎ᠠ᠃ ᠬᠥᠳᠡᠯᠮᠦᠷᠢᠯᠡᠬᠦ ᠨᠠᠰᠤᠨ ᠳᠠᠬᠢ ᠬᠥᠳᠡᠯᠮᠦᠷᠢᠯᠡᠬᠦ ᠴᠢᠳᠠᠪᠤᠷᠢ ᠲᠠᠢ ᠪᠠ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠲᠠᠢ ᠪᠠᠶᠢᠬᠤ ᠪᠦᠭᠡᠳ ᠠᠵᠢᠯ ᠦᠭᠡᠢ ᠪᠠᠶᠢᠳᠠᠯ ᠳᠤ ᠪᠠᠢᠭᠰᠠᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠨᠢ ᠬᠤᠪᠢ ᠬᠥᠮᠦᠨ ᠤ ᠬᠦᠴᠦᠨ ᠪᠦᠬᠦᠢ ᠪᠡᠶ᠎ᠡ ᠶᠢᠨ ᠦᠨᠡᠮᠯᠡᠯ ︵ᠪᠡᠶ᠎ᠡ ᠶᠢᠨ ᠦᠨᠡᠮᠯᠡᠯ ᠪᠣᠶᠤ ᠨᠡᠶᠢᠭᠡᠮ ᠤᠨ ᠪᠠᠲᠤᠯᠠᠭ᠎ᠠ ᠶᠢᠨ ᠺᠠᠷᠲ ᠡᠰᠡᠭᠦᠯ᠎ᠡ ︽ᠠᠵᠢᠯ ᠣᠯᠵᠤ ᠦᠢᠯᠡᠰ ᠪᠣᠰᠬᠠᠬᠤ ᠦᠨᠡᠮᠯᠡᠯ︾︶᠂ ᠨᠤᠳᠤᠨᠨᠰᠢᠬᠤ ᠦᠨᠡᠮᠯᠡᠯ ᠵᠡᠷᠭᠡ ᠶᠢ ᠠᠪᠴᠤ᠂ ᠪᠠᠶᠢᠩᠭᠤ ᠰᠠᠭᠤᠭ᠎ᠠ ᠭᠠᠵᠠᠷ ᠤᠨ ᠣᠯᠠᠨ ᠨᠡᠶᠢᠲᠡ ᠶᠢᠨ ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠤ ᠪᠠᠶᠢᠭᠤᠯᠤᠮᠵᠢ ᠳᠤ ᠠᠵᠢᠯ ᠠᠯᠳᠠᠭᠰᠠᠨ ᠢᠶᠠᠨ ᠳᠠᠩᠰᠠᠯᠠᠨ ᠲᠡᠮᠳᠡᠭᠯᠡᠭᠦᠯᠵᠦ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠨᠳᠦᠰᠦᠨ ᠦᠢᠯᠡᠴᠢᠯᠡᠭᠡᠨ ᠬᠦᠷᠲᠡᠬᠦ ᠪᠠᠷ ᠭᠤᠶᠤᠴᠢᠯᠠᠵᠤ ᠪᠣᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠢᠯᠵᠢᠵᠦ ᠠᠵᠢᠯ ᠤᠯᠤᠨᠨᠰᠠᠨ ᠬᠥᠳᠡᠯᠮᠦᠷᠢᠴᠢᠳ ᠠᠵᠢᠯ ᠣᠯᠣᠭᠰᠠᠨ ᠭᠠᠵᠠᠷ᠂ ᠠᠵᠢᠯ ᠭᠤᠶᠤᠴᠢᠯᠠᠭᠰᠠᠨ ᠭᠠᠵᠠᠷ᠂ ᠭᠦᠷᠦᠭᠰᠡᠨ ᠬᠦᠳᠡᠭᠡ ᠲᠤᠰᠬᠤᠨ ᠳᠤ ᠪᠠᠨ ᠠᠵᠢᠯ ᠣᠯᠬᠤ ᠪᠠᠨ ᠵᠣᠭᠰᠣᠭᠠᠬᠤ ᠪᠣᠶᠤ ᠨᠣᠲᠤᠭ ᠲᠤ ᠪᠠᠨ ᠪᠣᠴᠬᠠᠰᠠᠨ ᠪᠠ ᠬᠦᠳᠡᠭᠡ ᠲᠤᠰᠬᠤᠨ ᠳᠤ ᠭᠦᠷᠦᠭᠰᠡᠨ ᠢᠶᠠᠨ ᠳᠠᠩᠰᠠᠯᠠᠨ ᠲᠡᠮᠳᠡᠭᠯᠡᠭᠦᠯᠬᠦ ᠶᠢ ᠵᠦᠪᠰᠢᠶᠡᠷᠡᠨ᠎ᠡ᠃ ︵ᠥᠪᠡᠷᠲᠡᠭᠡᠨ ᠵᠠᠰᠠᠬᠤ ᠣᠷᠣᠨ ᠤ ᠬᠦᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠃ ᠨᠢᠭᠡᠳᠦᠭᠡᠷ ᠲᠤ ᠵᠢᠭᠰᠠᠭᠠᠭᠳᠠᠭᠰᠠᠨ ᠢᠶᠠᠷ ᠲᠦᠷᠦᠭᠦᠯᠡᠬᠦ ᠨᠢᠭᠡᠴᠢ ᠪᠣᠯᠭᠠᠨ᠎ᠠ᠂ ᠳᠣᠷᠣᠭᠰᠢ ᠠᠳᠠᠯᠢ︶      2. ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠤ ᠪᠠᠨ ᠪᠣᠴᠠᠵᠤ ᠦᠢᠯᠡᠰ ᠪᠣᠰᠬᠠᠬᠤ ᠶᠢ ᠠᠬᠢᠭᠤᠯᠬᠤ ᠪᠠ ᠬᠦᠳᠡᠭᠡ ᠲᠤᠰᠬᠤᠨ ᠳᠤ ᠭᠦᠷᠦᠭᠰᠡᠳ ︵ᠨᠢᠭᠡ ᠵᠦᠢᠯ ᠤᠨ ᠮᠡᠷᠭᠡᠵᠢᠯ ᠲᠠᠢ ᠪᠤᠶᠤ ᠬᠤᠰᠢᠭᠤᠷᠠᠯ ᠪᠣᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠡᠵᠡᠮᠰᠢᠭᠰᠡᠨ ᠬᠦᠳᠡᠭᠡ ᠲᠤᠰᠬᠤᠨ ᠳᠤ ᠭᠦᠷᠴᠤ ᠦᠢᠯᠡᠰ ᠪᠣᠰᠬᠠᠬᠤ ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠢ ᠵᠢᠭᠠᠵᠤ ᠪᠣᠢ︶᠂ ᠨᠤᠲᠤᠭ ᠲᠤ ᠪᠠᠨ ᠬᠤᠴᠤᠷᠤᠭᠰᠠᠳ ︵ᠰᠢᠯᠵᠢᠵᠦ ᠠᠵᠢᠯ ᠬᠢᠭᠰᠡᠨ ᠦᠭᠡᠢ ᠨᠤᠲᠤᠭ ᠲᠤ ᠪᠠᠨ ᠬᠤᠴᠤᠷᠤᠭᠰᠠᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠢ ᠵᠢᠭᠠᠵᠤ ᠪᠣᠢ︶ ᠵᠡᠷᠭᠡ ᠦᠢᠯᠡᠰ ᠪᠣᠰᠬᠠᠭᠰᠠᠳ ᠤᠨ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ᠂ ᠭᠤᠶᠤᠴᠢᠯᠠᠨ ᠭᠦᠢᠴᠡᠳᠭᠡᠬᠦ ᠴᠣᠪᠤᠷᠠᠯ᠂ ᠨᠡᠮᠡᠭᠦᠷᠢ ᠥᠭᠬᠦ ᠪᠠᠷᠢᠮᠵᠢᠶ᠎ᠠ ᠶᠢ ᠴᠠᠭ ᠲᠤᠬᠠᠢ ᠳᠤ ᠨᠢ ᠨᠡᠶᠢᠭᠡᠮ ᠳᠤ ᠨᠡᠶᠢᠲᠡᠯᠡᠵᠦ᠂ ᠠᠵᠢᠯ ᠣᠯᠭᠤᠯᠲᠠ ᠶᠢᠨ ᠮᠡᠳᠡᠭᠡ ᠵᠠᠩᠭᠢ᠂ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠠᠵᠢᠯ ᠮᠡᠷᠭᠡᠵᠢᠯ ᠤᠨ ᠵᠢᠯᠣᠭᠤᠳᠤᠯᠭ᠎ᠠ᠂ ᠠᠵᠢᠯ ᠮᠡᠷᠭᠡᠵᠢᠯ ᠤᠨ ᠲᠠᠨᠢᠯᠴᠠᠭᠤᠯᠭ᠎ᠠ᠂ ᠬᠥᠮᠥᠨ ᠤ ᠬᠥᠴᠦᠨ ᠤ ᠡᠬᠢ ᠪᠠᠶᠠᠯᠢᠭ ᠤᠨ ᠰᠢᠯᠵᠢᠭᠦᠯᠦᠨ ᠠᠵᠢᠯ ᠣᠯᠭᠤᠬᠤ ᠶᠢ ᠨᠢ ᠳᠠᠩᠰᠠᠯᠠᠨ ᠲᠡᠮᠳᠡᠭᠯᠡᠬᠦ ᠦᠢᠯᠡᠴᠢᠯᠡᠭᠡ ᠶᠢ ᠴᠠᠭ ᠲᠤᠬᠠᠢ ᠳᠤ ᠨᠢ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠥᠴᠦᠨ ᠳᠤ ᠲᠥᠯᠥᠪᠦᠷᠢ ᠦᠭᠡᠢ ᠪᠠᠷ ᠬᠠᠩᠭᠠᠨ ᠥᠭᠴᠦ᠂ ᠲᠥᠷᠥ ᠶᠢᠨ ᠪᠣᠳᠣᠯᠭ᠎ᠠ ᠪᠠ ᠦᠢᠯᠡᠴᠢᠯᠡᠭᠡᠨ ᠢ ᠨᠠᠶᠢᠳᠠᠪᠤᠷᠢᠵᠢᠭᠤᠯᠤᠨ ᠪᠣᠳᠠᠲᠠᠢᠵᠢᠭᠤᠯᠬᠤ ᠪᠠᠨ ᠪᠠᠲᠤᠯᠠᠨ᠎ᠠ᠃ ᠰᠦᠯᠵᠢᠶ᠎ᠡ ᠪᠠᠷ ᠬᠢ ᠪᠠ ᠰᠦᠯᠵᠢᠶᠡᠨ ᠠᠴᠠ ᠭᠠᠳᠠᠭᠤᠷᠬᠢ ᠣᠯᠠᠨ ᠡᠰᠢᠵᠢᠭᠰᠡᠨ ᠠᠵᠢᠯ ᠣᠯᠭᠤᠵᠤ ᠦᠢᠯᠡᠰ ᠪᠣᠰᠬᠠᠬᠤ ᠲᠠᠯ᠎ᠠ ᠶᠢᠨ ᠵᠢᠭᠠᠨ ᠵᠢᠯᠣᠭᠤᠳᠤᠯᠭ᠎ᠠ ᠶᠢ ᠵᠣᠬᠢᠶᠠᠨ ᠪᠠᠶᠢᠭᠤᠯᠵᠤ ᠦᠷᠨᠢᠭᠦᠯᠦᠨ᠂ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠣᠯᠠᠨ ᠨᠡᠶᠢᠲᠡ ᠳᠤ ᠨᠡᠶᠢᠲᠡᠯᠡᠬᠦ ᠲᠠᠪᠴᠠᠩ ᠢᠶᠠᠨ ᠪᠦᠷᠢᠨᠰᠢᠭᠦᠯᠵᠦ᠂ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠰᠦᠯᠵᠢᠶ᠎ᠡ ᠪᠠᠷ ᠨᠡᠶᠢᠲᠡᠯᠡᠬᠦ ᠪᠠ ᠭᠠᠵᠠᠷ ᠣᠷᠣᠨ ᠠᠯᠤᠰᠯᠠᠨ ᠬᠠᠮᠲᠤ ᠳᠤ ᠪᠠᠨ ᠬᠦᠷᠲᠡᠯᠴᠡᠬᠦ ᠶᠢ ᠪᠡᠶᠡᠯᠡᠭᠦᠯᠦᠨ᠂ ᠠᠵᠢᠯ ᠣᠯᠭᠤᠯᠲᠠ ᠶᠢᠨ ᠣᠨᠣᠪᠴᠢᠲᠠᠢ ᠲᠣᠬᠢᠷᠠᠯᠴᠠᠭᠤᠯᠬᠤ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠨᠤᠲᠤᠭ ᠲᠤ ᠪᠠᠨ ᠪᠣᠴᠠᠵᠤ ᠦᠢᠯᠡᠰ ᠪᠣᠰᠬᠠᠬᠤ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠨ ᠪᠠ ᠨᠤᠲᠤᠭ ᠲᠤ ᠪᠠᠨ ᠬᠤᠴᠤᠷᠤᠨ ᠦᠢᠯᠡᠰ ᠪᠣᠰᠬᠠᠭᠰᠠᠳ ᠲᠠᠢ ᠲᠤᠭᠲᠠᠭᠰᠠᠨ ᠬᠤᠭᠤᠴᠠᠭ᠎ᠠ ᠲᠠᠢ ᠬᠠᠷᠢᠯᠴᠠᠬᠤ ᠬᠢᠭᠡᠳ ᠱᠠᠲᠤ ᠪᠠ ᠲᠥᠷᠥᠯ ᠬᠤᠪᠢᠶᠠᠨ ᠦᠢᠯᠡᠴᠢᠯᠡᠬᠦ ᠪᠠᠨ ᠴᠢᠩᠭᠠᠳᠬᠠᠵᠤ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠦᠢᠯᠡᠴᠢᠯᠡᠭᠡᠨ ᠤ ᠲᠣᠮᠤ ᠲᠢᠩᠬᠢᠮ ᠳᠤ ᠲᠦᠰᠢᠭᠯᠡᠨ ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠤ ᠲᠤᠰᠬᠠᠢ ᠴᠤᠩᠬᠤᠪᠴᠢ ᠪᠠᠶᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠮᠡᠳᠡᠭᠡ ᠵᠠᠩᠭᠢ ᠶᠢ ᠬᠠᠮᠲᠤ ᠳᠤ ᠪᠠᠨ ᠬᠡᠷᠡᠭᠯᠡᠵᠦ ᠬᠠᠮᠲᠤ ᠳᠤ ᠪᠠᠨ ᠬᠦᠷᠲᠡᠯᠴᠡᠬᠦ ᠶᠢ ᠠᠬᠢᠭᠤᠯᠵᠤ᠂ ᠨᠤᠲᠤᠭ ᠲᠤ ᠪᠠᠨ ᠪᠣᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠲᠤ ᠲᠤᠬᠠᠢ ᠶᠢᠨ ᠭᠠᠵᠠᠷ ᠲᠤ ᠨᠢ ᠥᠢᠷ᠎ᠠ ᠬᠠᠪᠢ ᠳᠤ ᠨᠢ ᠲᠥᠷᠥ ᠶᠢᠨ ᠪᠣᠳᠣᠯᠭ᠎ᠠ ᠪᠠᠷ ᠭᠤᠶᠤᠴᠢᠯᠠᠬᠤ᠂ ᠲᠥᠷᠥᠯ ᠵᠦᠢᠯ ᠤᠨ ᠲᠠᠨᠢᠯᠴᠠᠭᠤᠯᠭ᠎ᠠ᠂ ᠦᠢᠯᠡᠰ ᠪᠣᠰᠬᠠᠬᠤ ᠪᠣᠯᠪᠠᠰᠤᠷᠠᠯ ︵ᠳᠠᠳᠤᠯᠭ᠎ᠠ︶᠂ ᠡᠵᠡᠩᠨᠡᠯᠲᠡ ᠪᠠᠨ ᠡᠬᠢᠯᠡᠭᠦᠯᠬᠦ ᠶᠣᠰᠤᠯᠠᠯ ᠤᠨ ᠵᠢᠭᠠᠨ ᠵᠢᠯᠣᠭᠤᠳᠤᠯᠭ᠎ᠠ᠂ ᠪᠡᠯᠡ ᠲᠣᠬᠢᠷᠠᠭᠤᠯᠬᠤ ᠦᠢᠯᠡᠴᠢᠯᠡᠭᠡ᠂ ᠲᠥᠭᠰᠢᠭᠦᠷᠢ ᠶᠢᠨ ᠦᠨᠡᠯᠡᠯᠲᠡ᠂ ᠮᠦᠷᠲᠡᠵᠦ ᠵᠢᠭᠠᠨ ᠵᠢᠯᠣᠭᠤᠳᠬᠤ᠂ ᠨᠡᠶᠢᠭᠡᠮ ᠤᠨ ᠪᠠᠲᠤᠯᠠᠭ᠎ᠠ ᠪᠠᠨ ᠦᠷᠭᠦᠯᠵᠢᠯᠡᠭᠦᠯᠬᠦ ᠵᠡᠷᠭᠡ ︽ᠨᠢᠭᠡ ᠦᠷᠲᠡᠭᠡᠴᠢᠯᠡᠭᠰᠡᠨ ᠮᠠᠶ᠋ᠢᠭ ᠤᠨ ᠦᠢᠯᠡᠴᠢᠯᠡᠭᠡ︾ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠥᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ ᠪᠠᠩᠭᠢ ᠵᠡᠷᠭᠡ ᠰᠠᠯᠠᠭ᠎ᠠ ᠮᠦᠴᠢᠷ᠂ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      3. ᠦᠢᠯᠡᠰ ᠪᠣᠰᠬᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠵᠠᠰᠠᠭ ᠢ ᠴᠣᠮᠬᠠᠳᠬᠠᠵᠤ ᠡᠷᠬᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡᠨ ᠤ ᠥᠭᠡᠷᠡᠴᠢᠯᠡᠯᠲᠡ ᠶᠢ ᠰᠢᠯᠢᠳᠡᠭᠵᠢᠭᠦᠯᠬᠦ ᠪᠠᠨ ᠥᠷᠭᠦᠯᠵᠢᠯᠡᠨ ᠠᠬᠢᠭᠤᠯᠵᠤ᠂ ᠦᠢᠯᠡᠰ ᠪᠣᠰᠬᠠᠬᠤ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠬᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠶᠢᠨ ᠦᠢᠯᠡᠰ ᠪᠣᠰᠬᠠᠵᠤ ᠰᠢᠨ᠎ᠡ ᠶᠢ ᠡᠭᠦᠳᠬᠦ ᠶᠢ ᠨᠢ ᠵᠣᠷᠢᠭᠵᠢᠭᠤᠯᠤᠨ ᠳᠡᠮᠵᠢᠵᠦ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠢ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠪᠠᠷ ᠳᠡᠳᠬᠦᠬᠦ ᠬᠡᠪᠴᠢᠶᠡᠨ ᠳᠤ ᠣᠷᠤᠭᠤᠯᠤᠨ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠶᠢᠨ ᠡᠭᠦᠳᠦᠨ ᠪᠠᠶᠢᠭᠤᠯᠤᠭᠰᠠᠨ ᠦᠢᠯᠡᠰ ᠪᠣᠰᠬᠠᠬᠤ ᠬᠥᠷᠢᠶᠡᠯᠡᠩ ᠲᠣᠭᠤᠷᠢᠭ ︵ᠨᠡᠪᠴᠢᠭᠦᠯᠬᠦ ᠰᠠᠭᠤᠷᠢᠨ ᠭᠠᠵᠠᠷ︶ ᠢ ᠲᠣᠭᠲᠠᠭᠠᠯ ᠶᠣᠰᠤᠭᠠᠷ ᠥᠪᠡᠷᠲᠡᠭᠡᠨ ᠵᠠᠰᠠᠬᠤ ᠣᠷᠣᠨ ᠤ ᠦᠢᠯᠡᠰ ᠪᠣᠰᠬᠠᠬᠤ ᠬᠥᠷᠢᠶᠡᠯᠡᠩ ᠲᠣᠭᠤᠷᠢᠭ ︵ᠨᠡᠪᠴᠢᠭᠦᠯᠬᠦ ᠰᠠᠭᠤᠷᠢᠨ ᠭᠠᠵᠠᠷ︶ ᠤᠨ ︽ᠱᠠᠩᠨᠠᠬᠤ ᠪᠠᠷ ᠨᠦᠬᠦᠪᠦᠷᠢᠯᠡᠬᠦ ᠶᠢ ᠣᠷᠤᠯᠠᠭᠤᠯᠬᠤ︾ ᠲᠥᠷᠥᠯ ᠵᠦᠢᠯ ᠳᠤ ᠣᠷᠤᠭᠤᠯᠵᠤ ᠳᠡᠳᠭᠦᠨ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠤ ᠦᠢᠯᠡᠰ ᠪᠣᠰᠬᠠᠭᠰᠠᠨ ᠪᠦᠭᠡᠳ ᠬᠠᠮᠲᠤ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠠᠪᠬᠤ ᠨᠥᠬᠦᠴᠡᠯ ᠳᠤ  ᠨᠡᠶᠢᠴᠡᠭᠰᠡᠨ ᠦᠢᠯᠡᠰ ᠪᠣᠰᠬᠠᠭᠰᠠᠳ ᠨᠢ ᠡᠷᠦᠬᠡ ᠠᠮᠠ ᠪᠠᠶᠢᠭ᠎ᠠ ᠭᠠᠵᠠᠷ ᠲᠤ ᠬᠢᠵᠠᠭᠠᠷᠯᠠᠭᠳᠠᠬᠤ ᠦᠭᠡᠢ᠂ ᠦᠢᠯᠡᠰ ᠪᠣᠰᠬᠠᠭᠰᠠᠨ ᠭᠠᠵᠠᠷ ᠲᠠᠬᠢ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠪᠠᠷ ᠳᠡᠳᠬᠦᠬᠦ ᠲᠥᠷᠥ ᠶᠢᠨ ᠪᠣᠳᠣᠯᠭ᠎ᠠ ᠶᠢ ᠬᠦᠷᠲᠡᠨ᠎ᠡ᠃ ︵ᠥᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶      4. ᠨᠠᠰᠤᠨ ᠲᠤᠷᠰᠢᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠢ ᠨᠠᠰᠤᠨ ᠲᠤᠷᠰᠢᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠬᠦ ᠲᠣᠭᠲᠠᠯᠴᠠᠭ᠎ᠠ ᠳᠤ ᠣᠷᠤᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠨᠢ ᠭᠠᠵᠠᠷ ᠣᠷᠣᠨ ᠳᠤ ᠬᠢᠵᠠᠭᠠᠷᠯᠠᠭᠳᠠᠬᠤ ᠦᠭᠡᠢ᠂ ᠠᠵᠢᠯ ᠣᠯᠣᠭᠰᠠᠨ ᠭᠠᠵᠠᠷ ᠲᠤ ᠪᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠦᠢᠯᠡᠰ ᠪᠣᠰᠬᠠᠬᠤ ᠪᠣᠯᠪᠠᠰᠤᠷᠠᠯ ᠳᠤ ᠣᠷᠣᠯᠴᠠᠵᠤ ᠪᠣᠯᠣᠨ᠎ᠠ᠂ ᠪᠣᠯᠪᠠᠰᠤᠷᠠᠯ ᠬᠦᠷᠲᠡᠭᠰᠡᠨ ᠴᠠᠭ ᠢ ᠨᠢ ᠨᠡᠶᠢᠯᠡᠭᠦᠯᠦᠨ ᠪᠣᠳᠣᠵᠤ᠂ ᠨᠥᠬᠦᠴᠡᠯ ᠳᠤ ᠨᠡᠶᠢᠴᠡᠭᠰᠡᠨ ᠪᠣᠯ ᠬᠠᠮᠢᠶ᠎ᠠ ᠪᠦᠬᠦᠢ ᠲᠣᠭᠲᠠᠭᠠᠯ ᠶᠣᠰᠤᠭᠠᠷ ᠠᠵᠢᠯ ᠮᠡᠷᠭᠡᠵᠢᠯ ᠤᠨ ᠪᠣᠯᠪᠠᠰᠤᠷᠠᠯ ᠤᠨ ᠨᠡᠮᠡᠭᠦᠷᠢ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠨᠡᠮᠡᠭᠦᠷᠢ᠂ ᠦᠢᠯᠡᠰ ᠪᠣᠰᠬᠠᠬᠤ ᠪᠣᠯᠪᠠᠰᠤᠷᠠᠯ ᠤᠨ ᠨᠡᠮᠡᠭᠦᠷᠢ ᠥᠭᠬᠦ ᠬᠡᠷᠡᠭᠲᠡᠢ︔ ᠪᠣᠯᠪᠠᠰᠤᠷᠠᠯ ᠳᠤ ᠬᠢᠷᠢ ᠲᠡᠩᠴᠡᠭᠰᠡᠨ ᠪᠣᠯ ᠲᠣᠨᠨᠳᠠᠭᠠᠯ ᠶᠣᠰᠣᠭᠠᠷ ᠠᠮᠢᠳᠤᠷᠠᠯ ᠤᠨ ᠰᠦᠢᠳᠭᠡᠯ ︵ᠵᠠᠮ ᠬᠠᠷᠢᠯᠴᠠᠭᠠᠨ ᠤ ᠰᠦᠢᠳᠭᠡᠯ ᠪᠠᠭᠲᠠᠨ᠎ᠠ︶ ᠤᠨ ᠨᠡᠮᠡᠭᠦᠷᠢ ᠥᠭᠭᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠥᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶      ︵ᠬᠤᠶᠠᠷ︶ ᠠᠵᠢᠯ ᠣᠯᠭᠤᠯᠲᠠ ᠶᠢ ᠦᠷᠭᠡᠳᠭᠡᠬᠦ ᠪᠠ ᠲᠣᠭᠲᠠᠭᠤᠨ ᠪᠠᠶᠢᠯᠭᠠᠨ᠎ᠠ᠃      5. ᠬᠥᠮᠥᠨ ᠬᠡᠷᠡᠭᠯᠡᠬᠦ ᠨᠢᠭᠡᠴᠢ ᠳᠤ ᠨᠢᠭᠡ ᠪᠦᠯᠦᠭ ᠢ ᠨᠢ ᠲᠠᠲᠠᠵᠤ ᠣᠷᠣᠭᠤᠯᠤᠨ᠎ᠠ᠃ ᠲᠣᠮᠤ ᠬᠡᠯᠪᠡᠷᠢ ᠶᠢᠨ ᠠᠵᠤ ᠠᠬᠤᠶᠢᠯᠠᠯ ᠤᠨ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠪᠠ ᠥᠭᠡᠷᠡᠴᠢᠯᠡᠨ ᠰᠢᠨᠡᠳᠭᠡᠵᠦ ᠥᠷᠭᠡᠳᠭᠡᠨ ᠪᠠᠶᠢᠭᠤᠯᠵᠤ ᠪᠠᠶᠢᠭ᠎ᠠ ᠲᠥᠷᠥᠯ ᠵᠦᠢᠯ ᠢ ᠠᠩᠬᠠᠷᠴᠤ᠂ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠳᠤ ᠨᠢ ᠬᠠᠨᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠥᠴᠦᠨ ᠢᠯᠠᠩᠭᠤᠶ᠎ᠠ ᠳᠠᠩᠰᠠ ᠪᠠ ᠺᠠᠷᠲ ᠲᠠᠢ ᠶᠠᠳᠠᠭᠤ ᠬᠥᠴᠢᠷᠲᠡᠯᠲᠡᠢ ᠬᠥᠳᠡᠯᠮᠦᠷᠢ ᠶᠢᠨ ᠬᠥᠴᠦᠨ ᠢ ᠵᠣᠬᠢᠶᠠᠨ ᠪᠠᠶᠢᠭᠤᠯᠵᠤ ᠵᠠᠬᠢᠶᠠᠯᠠᠭ᠎ᠠ ᠪᠠ ᠠᠵᠢᠯ ᠤᠨ ᠪᠠᠶᠢᠷᠢ ᠲᠣᠭᠲᠠᠭᠠᠨ ᠪᠣᠯᠪᠠᠰᠣᠷᠠᠯ ᠭᠦᠷᠳᠡᠬᠡᠵᠦ᠂ ᠠᠵᠤ ᠠᠬᠤᠶᠢᠯᠠᠯ ᠳᠤ ᠬᠢᠷᠢ ᠲᠡᠩᠴᠡᠭᠰᠡᠨ ᠴᠢᠳᠠᠪᠦᠷᠢᠲᠡᠨ ᠢ ᠪᠣᠯᠪᠠᠰᠤᠷᠠᠭᠤᠯᠵᠤ ᠦᠭᠭᠦᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠤ᠂ ᠵᠠᠬ᠎ᠠ ᠳᠡᠯᠭᠡᠭᠦᠷ ᠲᠤ ᠣᠷᠣᠬᠤ ᠵᠦᠪᠰᠢᠶᠡᠷᠡᠯ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ᠂ ᠡᠳ᠋ ᠤᠨ ᠵᠠᠰᠠᠭ ᠭᠠᠶᠢᠯᠢ ᠲᠠᠲᠠᠪᠤᠷᠢ ᠶᠢ ᠬᠠᠰᠤᠵᠤ ᠬᠡᠯᠲᠤᠷᠢᠭᠦᠯᠬᠦ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠵᠠᠰᠠᠭ ᠤᠨ ᠣᠷᠳᠣᠨ ᠬᠤᠳᠠᠯᠳᠤᠨ ᠠᠪᠬᠤ᠂ ᠠᠵᠢᠯᠯᠠᠬᠤ ᠪᠠᠷ ᠪᠣᠯᠪᠠᠰᠤᠷᠠᠯ ᠢ ᠣᠷᠤᠯᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠵᠢᠯ ᠣᠯᠬᠤ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠪᠠ ᠦᠷᠭᠡᠳᠭᠡᠵᠦ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠥᠴᠦᠨ ᠢᠯᠠᠩᠭᠤᠶ᠎ᠠ ᠳᠠᠩᠰᠠ ᠪᠠ ᠺᠠᠷᠲ ᠲᠠᠢ ᠶᠠᠳᠠᠭᠤ ᠬᠦᠴᠢᠷᠲᠡᠯᠲᠡᠢ ᠬᠥᠳᠡᠯᠮᠦᠷᠢ ᠶᠢᠨ ᠬᠦᠴᠦᠨ ᠢ ᠬᠦᠯᠢᠶᠡᠨ ᠠᠪᠴᠤ ᠠᠵᠢᠯ ᠣᠯᠭᠤᠨ᠎ᠠ᠃ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠦᠳᠡᠯᠭᠡᠬᠦ ᠴᠢᠳᠠᠪᠤᠷᠢ ᠶᠢ ᠪᠣᠢ ᠪᠣᠯᠭᠠᠵᠤ᠂ ᠮᠡᠳᠡᠭᠡ ᠵᠠᠩᠭᠢ ᠶᠢᠨ ᠰᠥᠯᠵᠢᠶ᠎ᠡ ᠵᠡᠷᠭᠡ ᠰᠢᠨ᠎ᠡ ᠬᠡᠯᠪᠡᠷᠢ ᠶᠢᠨ ᠰᠠᠭᠤᠷᠢ ᠪᠡᠯᠡᠳᠭᠡᠮᠵᠢ ᠶᠢᠨ ᠪᠠᠶᠢᠭᠤᠯᠤᠯᠲᠠ ᠶᠢ ᠲᠦᠷᠭᠡᠳᠭᠡᠨ᠂ ᠶᠠᠪᠤᠵᠤ ᠰᠠᠭᠤᠬᠤ ᠳᠤ ᠬᠠᠮᠲᠤ ᠳᠤ ᠪᠠᠨ ᠬᠦᠷᠲᠡᠬᠦ ᠠᠶᠠᠯᠠᠯ᠂ ᠨᠡᠶᠢᠭᠡᠮ ᠲᠣᠭᠤᠷᠢᠭ ᠬᠠᠮᠲᠤ ᠪᠠᠷ ᠬᠤᠳᠠᠯᠳᠤᠨ ᠠᠪᠬᠤ ᠵᠡᠷᠭᠡ ᠡᠵᠡᠩᠨᠡᠯᠲᠡ ᠶᠢᠨ ᠰᠢᠨ᠎ᠡ ᠬᠡᠯᠪᠡᠷᠢ ᠪᠠᠶᠢᠳᠠᠯ ᠤᠨ ᠬᠥᠭᠵᠢᠯᠲᠡ ᠶᠢ ᠠᠬᠢᠭᠤᠯᠵᠤ᠂ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ ᠶᠢᠨ ᠦᠢᠯᠡᠳᠪᠦᠷᠢᠯᠡᠯ ᠳᠠᠬᠢ ᠦᠵᠦᠭᠦᠷ ᠦᠢᠯᠡᠴᠢᠯᠡᠭᠡᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠠᠬᠢᠭᠤᠯᠤᠨ᠂ ᠦᠢᠯᠡᠳᠪᠦᠷᠢᠯᠡᠬᠦ ᠪᠠ ᠪᠣᠷᠤᠯᠠᠭᠤᠯᠬᠤ ᠶᠢ ᠵᠠᠯᠭᠠᠯᠳᠤᠭᠤᠯᠬᠤ ᠪᠠᠨ ᠠᠬᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠣᠯᠬᠤ ᠰᠢᠨ᠎ᠡ ᠬᠦᠷᠢᠶ᠎ᠡ ᠴᠠᠷᠠᠭ᠎ᠠ ᠶᠢ ᠦᠷᠭᠡᠳᠭᠡᠨ ᠬᠥᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠣᠢ ᠰᠢᠭᠤᠢ ᠪᠠ ᠨᠤᠲᠤᠭ ᠪᠠᠯᠴᠢᠭᠡᠷ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠶᠠᠳᠠᠭᠤ ᠶᠢ ᠳᠡᠳᠬᠦᠬᠦ ᠨᠡᠬᠡᠭᠡᠯᠲᠡ ᠶᠢᠨ ᠠᠯᠪᠠᠨ ᠭᠡᠷ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶      6. ᠦᠢᠯᠡᠰ ᠪᠣᠰᠬᠠᠬᠤ ᠶᠢ ᠳᠡᠳᠬᠦᠨ ᠳᠡᠮᠵᠢᠵᠦ ᠪᠠᠶᠢᠭᠠᠳ ᠨᠢᠭᠡ ᠪᠦᠯᠦᠭ ᠢ ᠨᠢ ᠳᠠᠶᠢᠴᠢᠯᠠᠨ᠎ᠠ᠃ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠴᠢ᠂ ᠬᠦᠳᠡᠭᠡ ᠲᠤᠰᠬᠤᠨ ᠳᠤ ᠭᠦᠷᠦᠭᠰᠡᠨ ᠪᠠ ᠨᠤᠲᠤᠭ ᠲᠤ ᠪᠠᠨ ᠬᠤᠴᠣᠷᠤᠭᠰᠠᠨ ᠬᠦᠮᠦᠰ ᠵᠡᠷᠭᠡ ᠦᠢᠯᠡᠰ ᠪᠣᠰᠬᠠᠭᠰᠠᠳ ᠢ ᠵᠣᠷᠢᠭᠵᠢᠭᠤᠯᠵᠤ ᠬᠥᠲᠥᠯᠥᠨ ᠵᠢᠯᠣᠭᠤᠳᠴᠤ ᠪᠠᠶᠢᠭᠠᠳ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ᠂ ᠮᠠᠯᠴᠢᠨ ᠲᠠᠷᠢᠶᠠᠴᠢᠨ ᠤ ᠬᠤᠷᠰᠢᠶ᠎ᠡ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠠ ᠶᠢᠨ ᠬᠥᠲᠥᠴᠢ ᠠᠵᠤ ᠠᠬᠤᠶᠢᠯᠠᠯ᠂ ᠪᠦᠲᠦᠭᠡᠯᠴᠢ ᠲᠥᠰᠥᠪᠯᠡᠯ ᠤᠨ ᠲᠠᠷᠢᠶᠠᠯᠠᠩ ᠮᠠᠯ ᠠᠵᠤ ᠠᠬᠤᠢ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠡᠷᠬᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠡᠩ ᠣᠯᠠᠨ ᠬᠥᠳᠡᠯᠮᠦᠷᠢ ᠶᠢᠨ ᠬᠦᠴᠦᠨ ᠢ ᠳᠠᠶᠢᠴᠢᠯᠠᠵᠤ ᠠᠵᠢᠯ ᠣᠯᠭᠤᠨ᠎ᠠ᠃ ᠵᠢᠵᠢᠭ ᠪᠢᠴᠢᠯ ᠠᠵᠤ ᠠᠬᠤᠶᠢᠯᠠᠯ ᠢ ᠠᠩᠬ᠎ᠠ ᠤᠳᠠᠭ᠎ᠠ ᠡᠷᠬᠢᠯᠡᠭᠰᠡᠨ ᠪᠣᠶᠤ ᠬᠤᠪᠢ ᠶᠢᠨ ᠡᠵᠡᠩᠨᠡᠯᠲᠡ ᠶᠢ ᠡᠷᠬᠢᠯᠡᠵᠦ ᠬᠢᠭᠰᠡᠨ ᠮᠦᠷᠲᠡᠭᠡᠨ ᠡᠭᠦᠳᠦᠨ ᠪᠠᠶᠢᠭᠤᠯᠵᠤ ᠡᠷᠬᠢᠯᠡᠭᠰᠡᠨ ᠠᠵᠤ ᠠᠬᠤᠶᠢᠯᠠᠯ ᠪᠣᠶᠤ ᠬᠤᠪᠢ ᠶᠢᠨ ᠡᠵᠡᠩᠨᠡᠯᠲᠡ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠨᠢ ᠳᠠᠩᠰᠠᠯᠠᠨ ᠲᠡᠮᠳᠡᠭᠯᠡᠭᠦᠯᠦᠭᠰᠡᠨ ᠡᠳᠦᠷ ᠠᠴᠠ ᠡᠬᠢᠯᠡᠵᠦ 1 ᠵᠢᠯ ᠭᠠᠷᠤᠢ ᠬᠡᠪ ᠤᠨ ᠪᠠᠶᠢᠳᠠᠯ ᠢᠶᠠᠷ ᠡᠵᠡᠩᠨᠡᠭᠰᠡᠨ ᠪᠠᠶᠢᠪᠠᠯ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠬᠥᠳᠡᠯᠮᠦᠷᠢ ᠶᠢᠨ ᠬᠥᠴᠦᠨ ᠳᠤ ᠨᠢᠭᠡ ᠯᠡ ᠤᠳᠠᠭ᠎ᠠ ᠪᠠᠷ ᠦᠢᠯᠡᠰ ᠪᠣᠰᠬᠠᠬᠤ ᠨᠡᠮᠡᠭᠦᠷᠢ ᠥᠭᠴᠦ᠂ ᠦᠢᠯᠡᠰ ᠪᠣᠰᠬᠠᠬᠤ ᠨᠡᠮᠡᠭᠦᠷᠢ ᠶᠢᠨ ᠪᠡᠯᠡ ᠮᠦᠩᠭᠦ ᠶᠢ ᠠᠵᠢᠯ ᠣᠯᠭᠤᠯᠲᠠ ᠶᠢᠨ ᠨᠦᠬᠦᠪᠦᠷᠢ ᠶᠢᠨ ᠪᠡᠯᠡ ᠮᠦᠩᠭᠦ ᠠᠴᠠ ᠭᠠᠷᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠶᠠᠳᠠᠭᠤ ᠶᠢ ᠳᠡᠳᠬᠦᠬᠦ ᠨᠡᠬᠡᠭᠡᠯᠲᠡ ᠶᠢᠨ ᠠᠯᠪᠠᠨ ᠭᠡᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶      7. ᠬᠥᠳᠡᠯᠮᠦᠷᠢ ᠦᠢᠯᠡᠴᠢᠯᠡᠭᠡ ᠶᠢ ᠭᠠᠳᠠᠭᠰᠢ ᠶᠠᠪᠤᠭᠤᠯᠬᠤ ᠪᠠᠷ ᠨᠢᠭᠡ ᠪᠥᠯᠥᠭ ᠢ ᠨᠢ ᠰᠢᠯᠵᠢᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡ ᠶᠢ ᠵᠠᠯᠭᠠᠯᠳᠤᠭᠤᠯᠬᠤ᠂ ᠬᠦᠷᠰᠢ ᠵᠡᠷᠭᠡᠯᠡᠳᠡᠭᠡ ᠮᠣᠵᠢ ︵ᠣᠷᠣᠨ᠂ ᠬᠤᠲᠠ︶ ᠶᠢᠨ ᠬᠥᠳᠡᠯᠮᠦᠷᠢ ᠦᠢᠯᠡᠴᠢᠯᠡᠭᠡ ᠶᠢ ᠵᠠᠯᠭᠠᠯᠳᠤᠭᠤᠯᠬᠤ ᠪᠠ ︽ᠤᠷᠢᠬᠠᠨ ᠬᠠᠪᠤᠷ ᠤᠨ ᠠᠵᠢᠯᠯᠠᠭ᠎ᠠ︾ ︽ᠥᠪᠥᠷ ᠮᠣᠩᠭᠤᠯ ᠤᠨ ᠰᠦᠯᠵᠢᠶ᠎ᠡ ᠪᠠᠷ ᠲᠣᠮᠣ ᠬᠡᠪᠴᠢᠶᠡᠨ ᠤ ᠡᠯᠰᠡᠵᠦ ᠤᠷᠢᠬᠤ ᠠᠵᠢᠯᠯᠠᠭ᠎ᠠ ᠶᠢᠨ ᠰᠠᠷ᠎ᠠ︾ ᠵᠡᠷᠭᠡ ᠲᠤᠰᠬᠠᠢ ᠠᠵᠢᠯᠯᠠᠭ᠎ᠠ ᠶᠢ ᠴᠢᠩᠭᠠᠳᠬᠠᠵᠤ᠂ ᠬᠥᠳᠡᠯᠮᠦᠷᠢ ᠦᠢᠯᠡᠴᠢᠯᠡᠭᠡ ᠶᠢ ᠭᠠᠳᠠᠭᠰᠢ ᠶᠠᠪᠤᠭᠤᠯᠬᠤ ᠪᠠᠨ ᠵᠣᠬᠢᠶᠠᠨ ᠪᠠᠶᠢᠭᠤᠯᠤᠯᠲᠠᠴᠢᠯᠠᠬᠤ ᠶᠢᠨ ᠬᠡᠮᠵᠢᠶ᠎ᠡ ᠶᠢ ᠪᠦᠲᠦᠮᠵᠢᠲᠠᠢ ᠳᠡᠭᠡᠭᠰᠢᠯᠡᠭᠦᠯᠦᠨ᠎ᠡ᠃ ᠬᠥᠮᠥᠨ ᠤ ᠬᠥᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠂ ᠬᠥᠳᠡᠯᠮᠦᠷᠢ ᠦᠢᠯᠡᠴᠢᠯᠡᠭᠡ ᠶᠢᠨ ᠡᠷᠬᠢᠯᠡᠨ ᠵᠠᠭᠤᠴᠢᠯᠠᠭᠴᠢ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠣᠷᠢᠭᠵᠢᠭᠤᠯᠵᠤ ᠪᠠᠶᠢᠭᠠᠳ ᠬᠥᠳᠡᠯᠮᠦᠷᠢ ᠦᠢᠯᠡᠴᠢᠯᠡᠭᠡ ᠢ ᠭᠠᠳᠠᠭᠰᠢ ᠶᠠᠪᠤᠭᠤᠯᠬᠤ ᠠᠵᠢᠯ ᠳᠤ ᠢᠳᠡᠪᠬᠢᠲᠡᠢ ᠣᠷᠣᠯᠴᠠᠭᠤᠯᠤᠨ᠂ ᠠᠵᠢᠯ ᠣᠯᠭᠤᠵᠣ ᠦᠢᠯᠡᠰ ᠪᠣᠰᠬᠠᠬᠤ ᠦᠢᠯᠡᠴᠢᠯᠡᠭᠡᠨ ᠤ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠥᠴᠦᠨ ᠤ ᠵᠣᠬᠢᠶᠠᠨ ᠪᠠᠶᠢᠭᠤᠯᠤᠯᠲᠠ ᠲᠠᠢ ᠪᠠᠷ ᠰᠢᠯᠵᠢᠭᠦᠯᠦᠨ ᠠᠵᠢᠯ ᠣᠯᠭᠤᠬᠤ ᠶᠢ ᠠᠬᠢᠭᠤᠯᠤᠨ᠎ᠠ᠃ ᠭᠡᠷ ᠠᠬᠤᠢ ᠶᠢᠨ ᠦᠢᠯᠡᠴᠢᠯᠡᠭᠡ ᠶᠢᠨ ᠦᠢᠯᠡᠰ ᠢ ᠲᠥᠷᠥ ᠶᠢᠨ ᠪᠣᠳᠣᠯᠭ᠎ᠠ ᠪᠠᠷ ᠳᠡᠳᠬᠦᠬᠦ ᠡᠷᠴᠢᠮ ᠢᠶᠠᠨ ᠴᠢᠩᠭᠠᠷᠠᠭᠤᠯᠤᠨ᠂ ᠭᠡᠷ ᠠᠬᠤᠢ ᠶᠢᠨ ᠦᠢᠯᠡᠴᠢᠯᠡᠭᠡᠨ ᠤ ᠪᠣᠯᠪᠠᠰᠤᠷᠠᠯ ᠤᠨ ᠰᠠᠭᠤᠷᠢᠨ ᠭᠠᠵᠠᠷ ᠢ ᠳᠡᠮᠵᠢᠵᠦ ᠪᠠᠶᠢᠭᠠᠳ ᠭᠡᠷ ᠠᠬᠤᠢ ᠶᠢᠨ ᠦᠢᠯᠡᠴᠢᠯᠡᠭᠡᠨ ᠤ ᠵᠠᠯᠭᠠᠯᠳᠤᠭᠤᠯᠬᠤ ᠲᠠᠪᠴᠠᠩ ᠳᠤ ᠲᠦᠰᠢᠭᠯᠡᠨ ᠬᠥᠳᠡᠯᠮᠦᠷᠢ ᠦᠢᠯᠡᠴᠢᠯᠡᠭᠡ ᠪᠠᠨ ᠭᠠᠳᠠᠭᠰᠢ ᠶᠠᠪᠤᠭᠤᠯᠬᠤ ᠶᠢ ᠦᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠶᠠᠳᠠᠭᠤ ᠶᠢ ᠳᠡᠳᠬᠦᠬᠦ ᠨᠡᠬᠡᠭᠡᠯᠲᠡ ᠶᠢᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶      8. ᠲᠤᠬᠠᠢ ᠶᠢᠨ ᠭᠠᠵᠠᠷ ᠲᠤ ᠨᠢ ᠪᠠ ᠥᠢᠷ᠎ᠠ ᠬᠠᠪᠢ ᠪᠠᠷ ᠨᠢᠭᠡ ᠪᠥᠯᠥᠭ ᠢ ᠨᠢ ᠲᠥᠪᠬᠢᠨᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠭᠡᠮᠵᠢ ᠶᠢᠨ ᠲᠥᠷᠥᠯ ᠵᠦᠢᠯ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠲᠥᠬᠦᠷ ᠰᠠᠭᠤᠷᠢ ᠪᠡᠯᠡᠳᠭᠡᠮᠵᠢ ᠶᠢᠨ ᠲᠥᠷᠥᠯ ᠵᠦᠢᠯ ᠪᠠ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠶᠢ ᠬᠡᠷᠡᠭᠵᠢᠭᠦᠯᠬᠦ ᠪᠠᠷ ᠳᠠᠶᠢᠴᠢᠯᠠᠯᠲᠠ ᠪᠣᠯᠭᠠᠨ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠨᠤᠲᠤᠭ ᠲᠤ ᠪᠠᠨ ᠬᠤᠴᠤᠷᠤᠭᠰᠠᠳ ᠵᠡᠷᠭᠡ ᠶᠢ ᠬᠦᠲᠦᠯᠦᠨ ᠵᠢᠯᠤᠭᠤᠳᠴᠤ ᠪᠠᠶᠢᠭᠠᠳ ︽ᠬᠦᠳᠡᠯᠮᠦᠷᠢᠯᠡᠬᠦ ᠪᠠᠷ ᠳᠡᠳᠭᠦᠮᠵᠢ ᠶᠢ ᠣᠷᠤᠯᠠᠭᠤᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠠᠶᠢᠯ ᠲᠤᠰᠬᠤᠨ ᠤ ᠵᠠᠮ᠂ ᠣᠷᠣᠰᠢᠨ ᠰᠠᠭᠤᠷᠢᠰᠢᠬᠤ ᠣᠷᠴᠢᠨ ᠤ ᠵᠠᠰᠠᠯᠲᠠ᠂ ᠬᠦᠳᠡᠭᠡ ᠲᠤᠰᠬᠤᠨ ᠤ ᠨᠣᠭᠤᠭᠠᠷᠠᠭᠤᠯᠤᠯᠲᠠ ᠵᠡᠷᠭᠡ ᠢᠨᠵᠧᠨᠧᠷᠢᠩ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠳᠤ ᠣᠷᠣᠯᠴᠠᠭᠤᠯᠵᠤ᠂ ᠲᠤᠬᠠᠢ ᠶᠢᠨ ᠭᠠᠵᠠᠷ ᠲᠤ ᠨᠢ ᠪᠠ ᠣᠶᠢᠷ᠎ᠠ ᠬᠠᠪᠢ ᠪᠠᠷ ᠠᠵᠢᠯ ᠣᠯᠭᠤᠬᠤ ᠶᠢ ᠪᠠᠶᠡᠯᠡᠭᠦᠯᠦᠨ᠎ᠡ᠃ ᠵᠠᠬ᠎ᠠ ᠳᠡᠯᠭᠡᠭᠦᠷ ᠤᠨ ᠠᠷᠭ᠎ᠠ ᠵᠠᠮ ᠢᠶᠠᠷ ᠠᠵᠢᠯ ᠣᠯᠬᠤ ᠳᠤ ᠬᠦᠴᠢᠷᠲᠡᠢ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠥᠴᠦᠨ ᠢ ᠪᠣᠯ ᠡᠯ᠎ᠡ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠪᠠᠶᠢᠭᠠᠳ ᠬᠦᠳᠡᠭᠡ ᠲᠤᠰᠬᠤᠨ ᠤ ᠴᠡᠪᠡᠷᠯᠡᠭᠴᠢ᠂ ᠤᠰᠤ ᠬᠠᠮᠢᠶᠠᠷᠤᠭᠴᠢ ᠵᠠᠮ ᠬᠠᠮᠠᠭᠠᠯᠠᠭᠴᠢ᠂ ᠠᠮᠢ ᠠᠬᠤᠢ ᠶᠢᠨ ᠣᠢ ᠶᠢᠨ ᠬᠠᠮᠠᠭᠠᠯᠠᠭᠴᠢ ᠵᠡᠷᠭᠡ ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠬᠡᠬᠡᠨ ᠬᠦᠭᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠨᠤᠲᠤᠭ ᠲᠤ ᠪᠠᠨ ᠬᠤᠴᠤᠷᠤᠭᠰᠠᠳ ᠵᠡᠷᠭᠡ ᠶᠢ ᠰᠠᠭᠤᠷᠢ ᠠᠴᠠ ᠨᠢ ᠪᠠᠲᠤᠯᠠᠵᠤ ᠲᠦᠪᠬᠢᠨᠡᠭᠦᠯᠬᠦ ᠪᠠᠷ ᠠᠵᠢᠯ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠢᠩᠬᠢᠮ᠂ ᠬᠦᠮᠦᠨ ᠤ ᠬᠥᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠶᠠᠳᠠᠭᠤ ᠶᠢ ᠳᠡᠳᠬᠦᠬᠦ ᠨᠡᠬᠡᠬᠡᠯᠲᠡ ᠶᠢᠨ ᠠᠯᠪᠠᠨ ᠭᠡᠷ ᠵᠡᠷᠭᠡ ᠰᠠᠯᠠᠭ᠎ᠠ ᠮᠦᠴᠢᠷ᠂ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      9. ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠨᠢᠭᠡ ᠪᠦᠯᠦᠭ ᠲᠤ ᠨᠢ ᠠᠵᠢᠯ ᠣᠯᠭᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠦᠴᠦ ᠶᠠᠪᠤᠭᠰᠠᠳ ᠤᠨ ᠲᠥᠷ ᠴᠠᠭ ᠤᠨ ᠴᠢᠨᠠᠷᠲᠠᠢ᠂ ᠪᠦᠬᠦᠯᠢ ᠡᠳᠦᠷ ᠤᠨ ᠪᠣᠰᠤ ᠳᠥᠷᠢᠮ ᠲᠠᠢ᠂ ᠤᠯᠠᠷᠢᠯ ᠤᠨ ᠴᠢᠨᠠᠷᠲᠠᠢ᠂ ᠬᠠᠷᠢᠮᠠᠬᠠᠢ ᠴᠢᠨᠠᠷᠲᠠᠢ ᠠᠵᠢᠯᠯᠠᠬᠤ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠳᠠᠮᠵᠢᠭᠤᠯᠤᠨ ᠠᠮᠢᠳᠤᠯᠢᠭ ᠢᠶᠠᠷ ᠠᠵᠢᠯ ᠣᠯᠬᠤ ᠶᠢ ᠨᠢ ᠳᠡᠮᠵᠢᠵᠤ᠂ ᠠᠮᠢᠳᠤᠯᠢᠭ ᠢᠶᠠᠷ ᠠᠵᠢᠯ ᠣᠯᠬᠤ ᠲᠥᠷᠥ ᠶᠢᠨ ᠪᠣᠳᠣᠯᠭ᠎ᠠ ᠶᠢ ᠬᠤᠲᠠ ᠪᠠᠯᠭᠠᠰᠤᠨ ᠤ ᠡᠷᠦᠬᠡ ᠠᠮᠠ ᠲᠠᠢ ᠪᠠ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠲᠠᠢ ᠬᠥᠳᠡᠯᠮᠦᠷᠢᠴᠢᠨ ᠳᠤ ᠨᠢᠭᠡ ᠯᠡ ᠠᠳᠠᠯᠢ ᠬᠡᠷᠡᠭᠵᠢᠭᠦᠯᠦᠨ᠎ᠡ᠃ ᠲᠤᠬᠠᠢ ᠶᠢᠨ ᠭᠠᠵᠠᠷ ᠲᠤ ᠨᠢ ᠲᠣᠬᠢᠷᠠᠭᠤᠯᠵᠤ ᠲᠦᠷ ᠴᠠᠭ ᠤᠨ ᠠᠵᠢᠯ ᠤᠨ ᠵᠠᠬ᠎ᠠ ᠳᠡᠯᠭᠡᠭᠦᠷ ᠪᠣᠶᠤ ᠬᠥᠳᠡᠯᠮᠦᠷᠢ ᠦᠢᠯᠡᠴᠢᠯᠡᠭᠡ ᠶᠢᠨ ᠵᠠᠬ᠎ᠠ ᠳᠡᠯᠭᠡᠭᠦᠷ ᠢ ᠬᠥᠭᠵᠢᠭᠦᠯᠦᠨ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠲᠠᠯ᠎ᠠ ᠪᠠᠷ ᠢᠯᠡᠭᠦᠳᠡᠬᠦ ᠪᠠ ᠲᠣᠳᠠᠭᠤᠳᠠᠬᠤ ᠶᠢ ᠲᠣᠬᠢᠷᠠᠭᠤᠯᠬᠤ ᠲᠠᠪᠴᠠᠩ ᠢ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠥᠴᠦᠨ ᠢ ᠵᠣᠷᠢᠭᠵᠢᠭᠤᠯᠵᠤ ᠪᠠᠶᠢᠭᠠᠳ ᠬᠤᠪᠢ ᠶᠢᠨ ᠡᠵᠡᠩᠨᠡᠯᠲᠡ ᠶᠢ ᠡᠷᠬᠢᠯᠡᠬᠦ ᠪᠠ ᠣᠨᠴᠠᠯᠢᠭ ᠲᠠᠢ ᠵᠢᠵᠢᠭ ᠳᠡᠯᠭᠡᠭᠦᠷ ᠢ ᠨᠡᠬᠡᠬᠡᠨ ᠡᠷᠬᠢᠯᠡᠬᠦᠯᠵᠦ᠂ ᠨᠥᠬᠦᠴᠡᠯ ᠳᠤ ᠨᠡᠶᠢᠴᠡᠭᠰᠡᠨ ᠪᠠᠶᠢᠪᠠᠯ ᠲᠣᠭᠲᠠᠭᠠᠯ ᠶᠣᠰᠤᠭᠠᠷ ᠭᠠᠶᠢᠯᠢ ᠲᠠᠲᠠᠪᠤᠷᠢ ᠶᠢᠨ ᠬᠠᠷᠠᠭᠠᠯᠵᠠᠯ ᠪᠠ ᠲᠠᠯᠠᠪᠠᠢ ᠭᠠᠵᠠᠷ ᠤᠨ ᠳᠡᠮᠵᠢᠯᠭᠡ ᠦᠵᠡᠬᠦᠯᠬᠦ ᠵᠡᠷᠭᠡ ᠲᠥᠷᠥ ᠶᠢᠨ ᠪᠣᠳᠣᠯᠭ᠎ᠠ ᠶᠢ ᠬᠠᠩᠭᠠᠵᠤ ᠥᠭᠭᠦᠨ᠎ᠡ᠃ ᠢᠨᠲᠸᠷ ᠰᠦᠯᠵᠢᠶᠡᠨ ᠤ ᠲᠠᠪᠴᠠᠩ ᠤᠨ ᠠᠵᠤ ᠠᠬᠤᠶᠢᠯᠠᠯ ᠤᠨ ᠲᠠᠪᠴᠠᠩ ᠤᠨ ᠦᠢᠯᠡᠴᠢᠯᠡᠭᠡᠨ ᠤ ᠰᠦᠢᠳᠭᠡᠯ᠂ ᠮᠡᠳᠡᠭᠡ ᠵᠠᠩᠭᠢ ᠶᠢᠨ ᠵᠠᠭᠤᠴᠢ ᠶᠢᠨ ᠰᠦᠢᠳᠭᠡᠯ᠂ ᠬᠤᠯᠪᠣᠭᠠᠯᠠᠯ ᠤᠨ ᠬᠠᠮᠢᠶᠠᠷᠤᠯᠲᠠ ᠶᠢᠨ ᠰᠦᠢᠳᠭᠡᠯ ᠵᠡᠷᠭᠡ ᠵᠠᠷᠤᠳᠠᠯ ᠰᠦᠢᠳᠭᠡᠯ ᠤᠨ ᠪᠠᠷᠢᠮᠵᠢᠶ᠎ᠠ ᠪᠠᠨ ᠪᠠᠭᠤᠷᠠᠭᠤᠯᠬᠤ ᠶᠢ ᠵᠣᠷᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠶᠢᠨ ᠬᠥᠴᠦᠨ ᠢ ᠳᠡᠮᠵᠢᠵᠦ ᠪᠠᠶᠢᠭᠠᠳ ᠰᠢᠭᠤᠳ ᠨᠡᠪᠲᠡᠷᠡᠭᠦᠯᠭᠡ᠂ ᠰᠦᠯᠵᠢᠶ᠎ᠡ ᠪᠠᠷ ᠪᠣᠯᠵᠣᠵᠦ ᠲᠣᠬᠢᠷᠠᠭᠤᠯᠤᠨ ᠬᠦᠷᠭᠡᠬᠦ ᠵᠡᠷᠭᠡ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠢ ᠡᠷᠬᠢᠯᠡᠨ ᠬᠢᠵᠦ ᠣᠷᠣᠯᠭ᠎ᠠ ᠪᠠᠨ ᠨᠡᠮᠡᠭᠳᠡᠭᠦᠯᠬᠦ ᠶᠢ ᠨᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠥᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶      ︵ᠭᠤᠷᠪᠠ︶ ᠦᠢᠯᠡᠰ ᠪᠣᠰᠬᠠᠬᠤ ᠪᠠ ᠨᠤᠲᠤᠭ ᠲᠤ ᠪᠠᠨ ᠪᠣᠴᠠᠵᠤ ᠦᠢᠯᠡᠰ ᠪᠣᠰᠬᠠᠬᠤ ᠶᠢ ᠵᠣᠷᠢᠭᠵᠢᠭᠤᠯᠤᠨ᠎ᠠ᠃      10. ᠦᠢᠯᠡᠰ ᠪᠣᠰᠬᠠᠬᠤ ᠬᠢᠵᠠᠭᠠᠷᠯᠠᠯ ᠢ ᠨᠢ ᠦᠨᠡᠨ ᠬᠦ ᠪᠠᠭᠠᠰᠬᠠᠨ᠎ᠠ᠃ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠬᠦᠮᠦᠰ ᠦᠢᠯᠡᠰ ᠪᠣᠰᠬᠠᠬᠤ ᠳᠤ᠂ ᠳᠠᠩᠰᠠᠯᠠᠨ ᠲᠡᠮᠳᠡᠭᠯᠡᠬᠦ ᠬᠢᠵᠠᠭᠠᠷᠯᠠᠯ ᠢ ᠨᠢ ᠪᠠᠭᠠᠰᠬᠠᠵᠤ᠂ ᠦᠢᠯᠡᠴᠢᠯᠡᠭᠡᠨ ᠤ ᠴᠣᠪᠣᠷᠠᠯ ᠢ ᠨᠢ ᠴᠣᠮᠬᠠᠳᠬᠠᠨ᠂ ︽ᠣᠯᠠᠨ ᠦᠨᠡᠮᠯᠡᠯ ᠢ ᠨᠡᠶᠢᠯᠡᠭᠦᠯᠵᠦ ᠨᠢᠭᠡ ᠪᠤᠯᠭᠠᠬᠤ︾ ᠪᠠ ︽ᠨᠢᠭᠡ ᠡᠵᠡᠩᠨᠡᠯᠲᠡ ᠶᠢᠨ ᠭᠠᠵᠠᠷ ᠲᠤ ᠣᠯᠠᠨ ᠦᠨᠡᠮᠯᠡᠯ ᠲᠠᠢ ᠪᠠᠶᠢᠯᠭᠠᠬᠤ︾᠂ ᠪᠥᠯᠥᠭᠵᠢᠨ ᠳᠠᠩᠰᠠᠯᠠᠬᠤ ᠵᠡᠷᠭᠡ ᠳᠠᠩᠰᠠᠯᠠᠨ ᠲᠡᠮᠳᠡᠭᠯᠡᠬᠦ ᠠᠷᠭ᠎ᠠ ᠮᠠᠶ᠋ᠢᠭ ᠢ ᠠᠬᠢᠭᠤᠯᠵᠤ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠤᠨ ᠦᠢᠯᠡᠰ ᠪᠣᠰᠬᠠᠬᠤ ᠲᠠᠯ᠎ᠠ ᠪᠠᠷ ᠬᠢ ᠵᠠᠰᠠᠭ ᠵᠠᠬᠢᠷᠭᠠᠨ ᠤ ᠵᠢᠴᠢ ᠵᠠᠰᠠᠭ ᠵᠠᠬᠢᠷᠭᠠᠨ ᠤ ᠪᠣᠰᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠵᠦᠢᠯᠡᠰ ᠢ ᠬᠦᠴᠦᠨ ᠦᠭᠡᠢ ᠪᠣᠯᠭᠠᠨ᠂ ᠦᠢᠯᠡᠰ ᠪᠣᠰᠬᠠᠬᠤ ᠪᠡᠯᠡ ᠣᠷᠤᠭᠤᠯᠤᠯᠲᠠ ᠶᠢᠨ ᠲᠥᠷᠥᠯ ᠵᠦᠢᠯ ᠳᠤ ᠤᠷᠢᠳᠠᠴᠢ ᠬᠢᠨᠠᠨ ᠵᠥᠪᠰᠢᠶᠡᠷᠡᠯ ᠬᠢᠬᠦ ᠶᠢ ᠪᠠᠭᠠᠰᠬᠠᠨ᠎ᠠ᠃ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠤᠨ ᠭᠠᠵᠠᠷ ᠰᠢᠷᠤᠢ ︵ᠨᠤᠲᠤᠭ ᠪᠡᠯᠴᠢᠭᠡᠷ︶ ᠶᠢᠨ ᠳᠠᠭᠠᠭᠠᠴᠢᠯᠠᠨ ᠡᠵᠡᠩᠨᠡᠬᠦ ᠡᠷᠬᠡ᠂ ᠣᠢ ᠰᠢᠭᠤᠢ ᠶᠢᠨ ᠡᠷᠬᠡ᠂ ᠦᠢᠯᠡᠳᠪᠦᠷᠢᠯᠡᠯ ᠮᠡᠷᠭᠡᠵᠢᠯ ᠵᠡᠷᠭᠡ ᠳᠤ ᠪᠠᠨ ᠥᠨ᠎ᠡ ᠲᠣᠭᠲᠠᠭᠠᠵᠤ ᠪᠡᠯᠡ ᠭᠠᠷᠭᠠᠬᠤ ᠪᠠᠷ ᠳᠠᠮᠵᠢᠭᠤᠯᠤᠨ ᠮᠠᠯᠴᠢᠨ ᠲᠠᠷᠢᠶᠠᠴᠢᠨ ᠤ ᠬᠤᠷᠰᠢᠶ᠎ᠡ ᠪᠣᠶᠤ ᠭᠡᠷ ᠪᠦᠯᠢ ᠶᠢᠨ ᠮᠠᠯᠵᠢᠯ ᠲᠠᠷᠢᠶᠠᠯᠠᠩ ᠤᠨ ᠲᠠᠯᠠᠪᠠᠢ ᠪᠠᠶᠢᠭᠤᠯᠬᠤ ᠶᠢ ᠵᠥᠪᠰᠢᠶᠡᠷᠡᠵᠦ᠂ ᠵᠣᠬᠢᠬᠤ ᠮᠠᠯᠵᠢᠯ ᠲᠠᠷᠢᠶᠠᠯᠠᠩ ᠤᠨ ᠲᠠᠯᠠᠪᠠᠢ ᠪᠠᠷ ᠢᠶᠠᠨ ᠰᠡᠯᠡᠭᠦᠴᠡᠨ ᠵᠤᠭᠠᠯᠠᠬᠤ ᠦᠢᠯᠡᠴᠢᠯᠡᠭᠡ ᠶᠢ ᠬᠠᠪᠰᠤᠷᠭᠠᠨ ᠡᠵᠡᠩᠨᠡᠬᠦ ᠶᠢ ᠨᠢ ᠵᠥᠪᠰᠢᠶᠡᠷᠡᠨ᠎ᠡ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠬᠠᠮᠲᠤ ᠳᠤ ᠪᠠᠨ ᠡᠭᠦᠳᠬᠦ ᠶᠢ ᠵᠣᠷᠢᠭᠵᠢᠭᠤᠯᠤᠨ᠂ ᠬᠡᠪᠴᠢᠶᠡᠵᠢᠯ ᠲᠠᠢ ᠲᠠᠷᠢᠬᠤ ᠲᠡᠵᠢᠭᠡᠬᠦ ᠦᠷᠡᠵᠢᠭᠦᠯᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠦᠢᠯᠡᠴᠢᠯᠡᠭᠡᠨ ᠤ ᠦᠢᠯᠡᠰ ᠵᠢᠴᠢ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ᠂ ᠣᠢ ᠶᠢᠨ ᠬᠤᠷᠮᠣᠢ ᠶᠢᠨ ᠠᠵᠤ ᠠᠬᠤᠢ᠂ ᠠᠷᠠᠯᠵᠢᠶᠠᠯᠠᠵᠤ ᠡᠵᠡᠩᠨᠡᠨ ᠪᠣᠷᠣᠯᠠᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠬᠡᠷᠡᠭᠰᠡᠯ ᠢ ᠲᠣᠬᠢᠷᠠᠭᠤᠯᠤᠨ ᠬᠦᠷᠭᠡᠬᠦ᠂ ᠮᠡᠳᠡᠭᠡ ᠵᠠᠩᠭᠢ ᠶᠢᠨ ᠯᠠᠪᠯᠠᠭ᠎ᠠ ᠵᠡᠷᠭᠡ ᠶᠢᠨ ᠲᠣᠭᠤᠷᠢᠨ ᠳᠤ ᠬᠤᠷᠰᠢᠯᠴᠠᠵᠤ ᠡᠵᠡᠩᠨᠡᠨ ᠪᠣᠷᠣᠯᠠᠭᠤᠯᠬᠤ ᠠᠷᠭ᠎ᠠ ᠵᠠᠮ ᠭᠠᠷᠭᠠᠵᠤ᠂ ᠣᠨᠴᠠᠯᠢᠭ ᠲᠠᠢ ᠨᠡᠷᠡᠲᠤ ᠲᠡᠮᠳᠡᠭ ᠢ ᠬᠠᠮᠲᠤᠷᠠᠯᠴᠠᠨ ᠪᠠᠶᠢᠭᠤᠯᠬᠤ ᠪᠠ ᠵᠠᠬ᠎ᠠ ᠳᠡᠯᠭᠡᠭᠦᠷ ᠤᠨ ᠲᠥᠭᠰᠢᠭᠦᠷᠢ ᠶᠢ ᠲᠠᠷᠬᠠᠭᠠᠨ ᠵᠠᠶᠢᠯᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ᠂ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠣᠷᠳᠣᠨ ᠬᠠᠷᠢᠭᠤᠴᠠᠨ᠎ᠠ︶      11. ᠦᠢᠯᠡᠰ ᠪᠣᠰᠬᠠᠭᠰᠠᠳ ᠤᠨ ᠭᠠᠵᠠᠷ ᠬᠡᠷᠡᠭᠯᠡᠬᠦ ᠳᠤ ᠳᠥᠭᠦᠮ ᠦᠵᠡᠭᠦᠯᠦᠨ᠎ᠡ᠃ ᠡᠯ᠎ᠡ ᠭᠠᠵᠠᠷ ᠣᠷᠣᠨ ᠨᠢ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠤᠨ ᠦᠢᠯᠡᠰ ᠪᠣᠰᠬᠠᠬᠤ ᠳᠤ ᠬᠡᠷᠡᠭᠯᠡᠬᠦ ᠭᠠᠵᠠᠷ ᠢ ᠨᠢ ᠬᠤᠲᠠ ᠬᠦᠳᠡᠭᠡ ᠶᠢ ᠬᠥᠭᠵᠢᠭᠦᠯᠬᠦ᠂ ᠰᠢᠨ᠎ᠡ ᠬᠥᠳᠡᠭᠡ ᠲᠤᠰᠬᠤᠨ ᠢ ᠪᠦᠲᠦᠭᠡᠨ ᠪᠠᠶᠢᠭᠤᠯᠬᠤ ᠶᠡᠷᠦᠩᠬᠡᠢ ᠲᠥᠯᠥᠪᠵᠢᠭᠦᠯᠭᠡ ᠪᠠ ᠲᠣᠰᠬᠤᠨ ᠪᠠᠯᠭᠠᠰᠣ ᠶᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠳᠤ ᠣᠷᠤᠭᠤᠯᠤᠨ᠂ ᠰᠠᠭᠤᠷᠢ ᠪᠠᠯᠡᠳᠭᠡᠮᠵᠢ ᠵᠢᠴᠢ ᠲᠥᠬᠦᠷᠵᠢᠭᠦᠯᠬᠦ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠦᠢᠯᠡᠰ ᠪᠣᠰᠬᠠᠬᠤ ᠣᠷᠴᠢᠨ ᠨᠦᠬᠦᠴᠡᠯ ᠢ ᠨᠢ ᠢᠳᠡᠪᠬᠢᠲᠡᠢ ᠪᠠᠷ ᠰᠠᠶᠢᠵᠢᠷᠠᠭᠤᠯᠤᠨ᠎ᠠ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ ᠰᠤᠯᠠᠯᠠᠵᠤ ᠭᠠᠷᠭᠠᠭᠰᠠᠨ ᠭᠦᠢᠴᠡᠳᠭᠡᠯ ᠲᠤᠭ᠎ᠠ ᠶᠢ ᠨᠢ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠤᠨ ᠦᠢᠯᠡᠰ ᠪᠣᠰᠬᠠᠬᠤ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠳᠤ ᠬᠡᠷᠡᠭᠯᠡᠬᠦ ᠬᠡᠷᠡᠭᠲᠡᠢ︔ ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠬᠤ ᠳᠤ ᠰᠤᠯᠠᠯᠠᠵᠤ ᠭᠠᠷᠭᠠᠭᠰᠠᠨ ᠭᠦᠢᠴᠡᠳᠭᠡᠯ ᠲᠤᠭ᠎ᠠ ᠨᠢ ᠭᠦᠷᠦᠯᠴᠡᠬᠦ ᠦᠭᠡᠢ ᠪᠠᠶᠢᠪᠠᠯ᠂ ᠪᠦᠲᠦᠭᠡᠨ ᠪᠠᠶᠢᠭᠤᠯᠬᠤ ᠳᠤ ᠬᠡᠷᠡᠭᠯᠡᠬᠦ ᠰᠢᠨ᠎ᠡ ᠨᠡᠮᠡᠭᠳᠡᠭᠰᠡᠨ ᠭᠦᠢᠴᠡᠳᠭᠡᠯ ᠲᠤᠭ᠎ᠠ ᠪᠠᠨ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠪᠣᠯᠣᠨ᠎ᠠ︔ ᠠᠰᠢᠭᠯᠠᠭᠠᠳᠤᠢ ᠭᠠᠵᠠᠷ ᠢ ᠡᠵᠡᠯᠡᠨ ᠭᠡᠷᠡᠭᠯᠡᠵᠦ ᠪᠠᠶᠢᠭᠠᠳ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠢ ᠪᠦᠲᠦᠭᠡᠨ ᠪᠠᠶᠢᠭᠤᠯᠬᠤ ᠳᠤ᠂ ᠭᠠᠵᠠᠷ ᠰᠢᠷᠤᠢ ᠶᠢᠨ ᠲᠥᠯᠥᠪᠦᠷᠢᠲᠡᠢ ᠰᠢᠯᠵᠢᠭᠦᠯᠦᠭᠰᠡᠨ ᠪᠡᠯᠡ ᠮᠦᠩᠭᠦ ᠶᠢ ᠪᠠᠶᠢᠭ᠎ᠠ ᠣᠷᠣᠨ ᠪᠦᠰᠡ ᠶᠢᠨ ᠭᠠᠵᠠᠷ ᠤᠨ ᠰᠠᠭᠤᠷᠢ ᠪᠠᠷᠢᠮᠵᠢᠶᠠᠲᠤ ᠥᠨ᠎ᠡ ᠪᠠ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠤᠨ ᠲᠥᠯᠥᠪᠦᠷᠢᠲᠡᠢ ᠰᠢᠯᠵᠢᠭᠦᠯᠵᠦ ᠪᠠᠶᠢᠬᠤ ᠬᠠᠮᠤᠭ ᠤᠨ ᠳᠣᠣᠷ᠎ᠠ ᠦᠨ᠎ᠡ ᠶᠢᠨ ᠪᠠᠷᠢᠮᠵᠢᠶ᠎ᠠ ᠵᠡᠷᠭᠡ ᠪᠠᠷ ᠯᠠᠪᠯᠠᠯᠲᠠ ᠪᠣᠯᠭᠠᠨ ᠲᠥᠯᠥᠪᠦᠷᠢᠲᠡᠢ ᠰᠢᠯᠵᠢᠭᠦᠯᠬᠦ ᠰᠠᠭᠤᠷᠢ ᠦᠨ᠎ᠡ ᠶᠢ ᠲᠣᠭᠲᠠᠭᠠᠵᠤ ᠪᠣᠯᠣᠨ᠎ᠠ᠃ ᠭᠠᠵᠠᠷ ᠲᠠᠷᠢᠶ᠎ᠠ ᠨᠤᠲᠤᠭ ᠪᠡᠯᠴᠢᠭᠡᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠡᠷᠬᠢᠯᠳᠦᠭᠦᠯᠬᠦ ᠬᠡᠯᠪᠡᠷᠢ ᠮᠠᠶ᠋ᠢᠭ ᠲᠤ ᠰᠢᠨ᠎ᠡ ᠶᠢ ᠡᠭᠦᠳᠴᠦ᠂ ᠮᠠᠯᠴᠢᠨ ᠲᠠᠷᠢᠶᠡᠴᠢᠳ ᠤᠨ ᠬᠠᠤᠯᠢ ᠶᠣᠰᠤᠭᠠᠷ ᠰᠢᠯᠵᠢᠭᠦᠯᠦᠨ ᠥᠭᠬᠦ᠂ ᠲᠥᠷᠢᠶᠡᠰᠦᠯᠡᠬᠦ ᠪᠠ ᠬᠤᠪᠢ ᠣᠷᠤᠭᠤᠯᠬᠤ ᠬᠡᠯᠪᠡᠷᠢ ᠮᠠᠶ᠋ᠢᠭ ᠢᠶᠠᠷ ᠳᠠᠭᠠᠭᠠᠴᠢᠯᠠᠭᠰᠠᠨ ᠭᠠᠵᠠᠷ ᠲᠠᠷᠢᠶ᠎ᠠ ᠨᠤᠲᠤᠭ ᠪᠡᠯᠴᠢᠭᠡᠷ ᠢᠶᠠᠨ ᠰᠢᠯᠵᠢᠭᠦᠯᠦᠨ ᠡᠷᠬᠢᠯᠳᠦᠭᠦᠯᠬᠦ ᠶᠢ ᠵᠣᠷᠢᠭᠵᠢᠭᠤᠯᠤᠨ᠂ ᠮᠠᠯᠴᠢᠨ ᠲᠠᠷᠢᠶᠠᠴᠢᠨ ᠤ ᠰᠠᠶᠢᠨ ᠳᠤᠷ᠎ᠠ ᠠᠴᠠ ᠪᠠᠶᠢᠬᠤ ᠤᠷᠢᠳᠠᠯ ᠳᠣᠣᠷ᠎ᠠ ᠭᠠᠵᠠᠷ ᠰᠢᠷᠤᠢ ᠪᠠᠨ ᠬᠠᠷᠢᠯᠴᠠᠨ ᠰᠣᠯᠢᠯᠴᠠᠨ ᠨᠡᠶᠢᠯᠡᠭᠦᠯᠬᠦ ᠠᠷᠭ᠎ᠠ ᠮᠠᠶ᠋ᠢᠭ ᠢ ᠠᠪᠴᠤ ᠪᠠᠶᠢᠭᠠᠳ ᠳᠠᠭᠠᠭᠠᠴᠢᠯᠠᠭᠰᠠᠨ ᠭᠠᠵᠠᠷ ᠰᠢᠷᠤᠢ ᠶᠢᠨ ᠬᠡᠰᠡᠭᠯᠡᠨ ᠬᠦᠷᠢᠶᠡᠯᠡᠵᠦ ᠪᠠᠶᠢᠭ᠎ᠠ ᠠᠰᠠᠭᠤᠳᠠᠯ ᠢᠶᠠᠨ ᠰᠢᠢᠳᠪᠦᠷᠢᠯᠡᠬᠦ ᠶᠢ ᠵᠣᠷᠢᠭᠵᠢᠭᠤᠯᠤᠨ᠎ᠠ᠃ ᠲᠥᠷᠢᠶᠡᠰᠦᠯᠡᠬᠦ ᠵᠡᠷᠭᠡ ᠰᠢᠯᠵᠢᠭᠦᠯᠦᠨ ᠡᠷᠬᠢᠯᠳᠦᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠮᠲᠤ ᠨᠡᠶᠢᠲᠡ ᠶᠢᠨ ᠭᠠᠵᠠᠷ ᠰᠢᠷᠤᠢ ᠶᠢᠨ ᠡᠵᠡᠩᠨᠡᠯᠲᠡ ᠶᠢᠨ ᠡᠷᠬᠡ ᠶᠢ ᠣᠯᠵᠤ ᠲᠠᠷᠢᠵᠤ ᠲᠡᠵᠢᠭᠡᠬᠦ ᠦᠢᠯᠡᠰ ᠢ ᠬᠦᠭᠵᠢᠭᠦᠯᠬᠦ ᠳᠤ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠰᠢᠨᠵᠢ ᠴᠢᠨᠠᠷ ᠪᠠ ᠬᠡᠷᠡᠭᠴᠡᠭᠡ ᠶᠢ ᠨᠢ ᠦᠯᠦ ᠬᠤᠪᠢᠷᠠᠭᠤᠯᠤᠭᠰᠠᠨ ᠪᠣᠯ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥ ᠶᠢᠨ ᠪᠣᠳᠣᠯᠭ᠎ᠠ ᠶᠣᠰᠤᠭᠠᠷ ᠬᠠᠮᠢᠶ᠎ᠠ ᠪᠦᠬᠦᠢ ᠬᠤᠷᠢᠶᠠᠬᠤ ᠰᠦᠢᠳᠭᠡᠯ ᠢ ᠨᠢ ᠬᠡᠯᠲᠦᠷᠢᠭᠦᠯᠦᠨ᠎ᠡ᠃ ᠭᠠᠴᠠᠭ᠎ᠠ ᠲᠤᠰᠬᠤᠨ ᠤ ᠬᠠᠮᠲᠤ ᠶᠢᠨ ᠬᠢᠨ ᠤ ᠬᠠᠤᠯᠢ ᠪᠠ ᠲᠣᠭᠲᠠᠭᠠᠯ ᠶᠣᠰᠤᠭᠠᠷ ᠮᠠᠯᠵᠢᠬᠤ ᠲᠠᠷᠢᠶᠠᠯᠠᠬᠤ ᠣᠷᠣᠨ ᠤ ᠰᠤᠯᠠ ᠲᠠᠯᠪᠢᠭ᠎ᠠ ᠭᠡᠷ ᠪᠠᠶᠢᠰᠢᠩ᠂ ᠨᠡᠶᠢᠲᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠠᠲᠠᠷ ᠭᠠᠵᠠᠷ᠂ ᠣᠶᠢᠲᠤ ᠭᠠᠵᠠᠷ ᠪᠠ ᠤᠰᠤ ᠵᠡᠷᠭᠡ ᠶᠢ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠲᠤ ᠤᠷᠢᠳ ᠢᠶᠠᠷ ᠳᠠᠭᠠᠭᠠᠴᠢᠯᠠᠭᠤᠯᠵᠤ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠡᠷᠬᠢᠯᠡᠭᠦᠯᠬᠦ ᠶᠢ ᠨᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠦᠴᠢᠷ᠂ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      12. ᠦᠢᠯᠡᠰ ᠪᠣᠰᠬᠠᠬᠤ ᠳᠤ ᠮᠦᠩᠭᠦᠨ ᠭᠦᠢᠯᠭᠡᠭᠡᠨ ᠤ ᠦᠢᠯᠡᠴᠢᠯᠡᠭᠡ ᠦᠵᠡᠬᠦᠯᠬᠦ ᠪᠠᠨ ᠴᠢᠩᠭᠠᠷᠠᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠶᠢᠨ ᠦᠢᠯᠡᠰ ᠪᠣᠰᠬᠠᠬᠤ ᠶᠢ ᠨᠢ ᠳᠡᠮᠵᠢᠨ᠎ᠠ᠃ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠶᠡᠬᠡᠪᠡᠷ ᠳᠡᠯᠭᠡᠷᠡᠭᠦᠯᠦᠨ᠂ ︽ᠵᠠᠰᠠᠭ ᠤᠨ ᠣᠷᠳᠣᠨ + ᠪᠠᠩᠭᠢ + ᠳᠠᠭᠠᠳᠬᠠᠯ︾ ᠵᠡᠷᠭᠡ ᠪᠡᠯᠡ ᠲᠣᠬᠢᠷᠠᠭᠤᠯᠬᠤ ᠬᠡᠪ ᠵᠠᠭᠪᠤᠷ ᠢ ᠰᠥᠪᠡᠭᠴᠢᠯᠡᠵᠦ᠂ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠥᠷᠭᠦᠯᠵᠢᠯᠡᠨ ᠨᠠᠶᠢᠳᠠᠪᠤᠷᠢᠵᠢᠭᠤᠯᠤᠨ᠎ᠠ᠃ ᠪᠡᠯᠡ ᠲᠣᠬᠢᠷᠠᠭᠤᠯᠬᠤ ᠳᠤ ᠳᠠᠭᠠᠭᠠᠯᠲᠠ ᠬᠢᠬᠦ ᠦᠢᠯᠡᠴᠢᠯᠡᠭᠡᠨ ᠤ ᠲᠣᠭᠲᠠᠴᠠ ᠶᠢ ᠰᠢᠯᠢᠳᠡᠭᠵᠢᠭᠦᠯᠦᠨ᠂ ᠳᠠᠭᠠᠭᠠᠯᠲᠠ ᠬᠢᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠭᠡᠳᠡᠷᠭᠦ ᠳᠠᠭᠠᠭᠠᠯᠲᠠ ᠬᠢᠬᠦ ᠬᠢᠵᠠᠭᠠᠷᠯᠠᠯ ᠢ ᠪᠠᠭᠠᠰᠬᠠᠨ᠎ᠠ᠃ ᠨᠦᠬᠦᠴᠡᠯ ᠳᠤ ᠨᠡᠶᠢᠴᠡᠭᠰᠡᠨ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠣᠭᠰᠠᠳ ᠵᠡᠷᠭᠡ ᠦᠢᠯᠡᠰ ᠪᠣᠰᠬᠠᠭᠰᠠᠳ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠬᠤ ᠳᠤ᠂ ᠵᠢᠭᠡᠯᠡᠯᠭᠡ ᠶᠢᠨ ᠵᠣᠭᠤᠰ ᠨᠢ ᠬᠠᠮᠤᠭ ᠤᠨ ᠦᠨᠳᠦᠷ ᠲᠤ ᠪᠠᠨ 20 ᠲᠦᠮᠡᠨ ᠲᠥᠭᠦᠷᠢᠭ ᠠᠴᠠ ᠬᠡᠲᠦᠷᠡᠵᠦ ᠪᠣᠯᠬᠤ ᠦᠭᠡᠢ᠂ ᠵᠢᠭᠡᠯᠡᠯᠭᠡ ᠠᠪᠤᠭᠰᠠᠨ ᠴᠠᠭ ᠬᠤᠭᠤᠴᠠᠭ᠎ᠠ ᠨᠢ 3 ᠵᠢᠯ ᠠᠴᠠ ᠬᠡᠲᠦᠷᠡᠵᠦ ᠪᠣᠯᠬᠤ ᠦᠭᠡᠢ᠃ ᠨᠥᠬᠦᠴᠡᠯ ᠳᠤ ᠨᠡᠶᠢᠴᠡᠭᠰᠡᠨ ᠬᠤᠪᠢ ᠬᠥᠮᠦᠨ ᠤ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ ᠵᠣᠭᠤᠰ ᠵᠢᠭᠡᠯᠡᠭᠰᠡᠳ ᠬᠤᠷᠰᠢᠯᠴᠠᠵᠤ ᠦᠢᠯᠡᠰ ᠪᠣᠰᠬᠠᠬᠤ ᠪᠣᠯ ᠬᠤᠷᠰᠢᠯᠴᠠᠵᠤ ᠦᠢᠯᠡᠰ ᠪᠣᠰᠬᠠᠬᠤ ᠬᠦᠮᠦᠨ ᠤ ᠲᠤᠭ᠎ᠠ ᠶᠢ ᠨᠢ ᠦᠨᠳᠦᠰᠦᠯᠡᠨ ᠵᠢᠭᠡᠯᠡᠯᠭᠡ ᠶᠢᠨ ᠵᠣᠭᠤᠰᠤᠨ ᠤ ᠲᠤᠭ᠎ᠠ ᠶᠢ ᠨᠢ ᠵᠣᠬᠢᠰᠲᠠᠢ ᠪᠠᠷ ᠳᠡᠭᠡᠭᠰᠢᠯᠡᠭᠦᠯᠦᠨ ᠥᠭᠴᠦ ᠪᠣᠯᠣᠨ᠎ᠠ᠂ ᠬᠠᠮᠤᠭ ᠦᠨᠳᠦᠷ ᠲᠤ ᠪᠠᠨ ᠨᠦᠬᠦᠴᠡᠯ ᠳᠤ ᠨᠡᠶᠢᠴᠡᠭᠰᠡᠨ ᠬᠤᠪᠢ ᠬᠦᠮᠦᠨ ᠤ ᠵᠢᠭᠡᠯᠡᠯᠭᠡ ᠶᠢᠨ ᠵᠣᠭᠤᠰᠤᠨ ᠤ ᠪᠦᠬᠦ ᠲᠤᠭ᠎ᠠ ᠶᠢᠨ 10% ᠠᠴᠠ ᠬᠡᠲᠦᠷᠡᠭᠦᠯᠵᠦ ᠪᠣᠯᠬᠤ ᠦᠭᠡᠢ᠃ ᠰᠢᠨ᠎ᠡ ᠣᠯᠭᠤᠵᠤ ᠥᠭᠭᠦᠭᠰᠡᠨ 10 ᠲᠦᠮᠡᠨ ᠲᠥᠭᠦᠷᠢᠭ ᠵᠢᠴᠢ ᠲᠡᠭᠦᠨ ᠠᠴᠠ ᠪᠠᠭ᠎ᠠ ᠪᠠᠶᠢᠬᠤ ᠬᠤᠪᠢ ᠬᠦᠮᠦᠨ ᠤ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ ᠵᠣᠭᠤᠰ ᠵᠢᠴᠢ ᠪᠦᠬᠦ ᠤᠯᠤᠰ ᠤᠨ ᠦᠢᠯᠡᠰ ᠪᠣᠰᠬᠠᠬᠤ ᠨᠡᠪᠴᠢᠯᠡᠭᠦᠷ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠶᠤ ᠢᠲᠡᠭᠡᠮᠵᠢᠲᠦ ᠨᠡᠶᠢᠭᠡᠮ ᠲᠣᠭᠤᠷᠢᠭ ︵ᠰᠢᠶᠠᠩ ᠲᠤᠰᠬᠤᠨ︶ ᠤᠨ ᠲᠠᠨᠢᠯᠴᠠᠭᠤᠯᠤᠭᠰᠠᠨ ᠦᠢᠯᠡᠰ ᠪᠣᠰᠬᠠᠬᠤ ᠲᠥᠷᠥᠯ ᠵᠦᠢᠯ᠂ ᠠᠶᠢᠮᠠᠭ ᠬᠤᠲᠠ ᠶᠢᠨ ᠳᠡᠰ ᠠᠴᠠ ᠳᠡᠭᠡᠭᠰᠢᠬᠢ ᠢᠷᠠᠭᠤ ᠠᠯᠳᠠᠷ ᠤᠨ ᠴᠤᠯᠠ ᠣᠯᠣᠭᠰᠠᠨ ᠦᠢᠯᠡᠰ ᠪᠣᠰᠬᠠᠭᠴᠢ᠂ ᠦᠢᠯᠡᠰ ᠪᠣᠰᠬᠠᠬᠤ ᠲᠥᠷᠥᠯ ᠵᠦᠢᠯ᠂ ᠦᠢᠯᠡᠰ ᠪᠣᠰᠬᠠᠬᠤ ᠠᠵᠤ ᠠᠬᠤᠶᠢᠯᠠᠯ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠪᠠᠷ ᠦᠨᠡᠯᠡᠨ ᠵᠢᠱᠢᠯᠲᠡ ᠬᠢᠯᠭᠡᠵᠦ ᠮᠠᠭᠠᠳᠯᠠᠨ ᠲᠣᠭᠲᠠᠭᠠᠯᠭᠠᠭᠰᠠᠨ ᠢᠲᠡᠭᠡᠮᠵᠢᠲᠦ ᠵᠢᠵᠢᠭ ᠪᠢᠴᠢᠯ ᠠᠵᠤ ᠠᠬᠤᠶᠢᠯᠠᠯ᠂ ᠬᠤᠳᠠᠯᠳᠤᠭᠠᠴᠢᠨ ᠡᠷᠦᠬᠡ᠂ ᠲᠠᠷᠢᠶᠠᠴᠢᠨ ᠡᠷᠦᠬᠡ᠂ ᠡᠵᠡᠩᠨᠡᠯᠲᠡ ᠨᠢ ᠲᠣᠭᠲᠠᠭᠤᠨ ᠪᠦᠭᠡᠳ ᠢᠲᠡᠭᠡᠮᠵᠢᠲᠡᠢ ᠪᠠᠶᠢᠬᠤ ᠬᠤᠶᠠᠳᠠᠭᠢ ᠤᠳᠠᠭ᠎ᠠ ᠦᠢᠯᠡᠰ ᠪᠣᠰᠬᠠᠭᠰᠠᠳ ᠵᠡᠷᠭᠡ ᠣᠨᠴᠠᠭᠠᠢ ᠬᠥᠮᠦᠰ ᠤᠨ ᠭᠡᠳᠡᠷᠭᠦ ᠳᠠᠭᠠᠭᠠᠯᠲᠠ ᠬᠢᠬᠦ ᠱᠠᠭᠠᠷᠳᠠᠯᠭ᠎ᠠ ᠶᠢ ᠨᠢ ᠬᠦᠴᠦᠨ ᠦᠭᠡᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ ᠪᠠᠩᠭᠢ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶      13. ᠨᠡᠶᠢᠭᠡᠮ ᠤᠨ ᠪᠠᠲᠤᠯᠠᠭ᠎ᠠ ᠪᠠ ᠴᠢᠳᠠᠪᠤᠷᠢᠲᠠᠨ ᠤ ᠳᠡᠮᠵᠢᠯᠭᠡ ᠶᠢ ᠴᠢᠩᠭᠠᠳᠬᠠᠨ᠎ᠠ᠃ ᠣᠷᠣᠨ ᠰᠠᠭᠤᠴᠠ ᠪᠠᠷ ᠲᠤᠰᠠᠯᠠᠵᠤ ᠬᠠᠪᠰᠤᠷᠬᠤ ᠪᠠ ᠣᠷᠣᠨ ᠰᠠᠭᠤᠴᠠ ᠶᠢᠨ ᠪᠠᠲᠤᠯᠠᠭ᠎ᠠ ᠶᠢ ᠦᠨᠡᠨ ᠬᠦ ᠰᠠᠶᠢᠲᠤᠷ ᠬᠢᠵᠦ᠂ ᠤᠯᠤᠰ ᠤᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠭᠡᠬᠦ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠨᠤᠲᠤᠭ ᠲᠤ ᠪᠠᠨ ᠪᠤᠴᠠᠭᠰᠠᠨ ᠪᠠ ᠨᠤᠲᠤᠭ ᠲᠤ ᠪᠠᠨ ᠬᠤᠴᠣᠷᠴᠤ ᠦᠢᠯᠡᠰ ᠪᠣᠰᠬᠠᠭᠰᠠᠳ ᠢ ᠲᠤᠰ ᠭᠠᠵᠠᠷ ᠤᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠨᠢ ᠥᠭᠡᠷᠡᠴᠢᠯᠡᠨ ᠰᠢᠨᠡᠳᠭᠡᠬᠦ ᠬᠦᠮᠦᠰ ᠢᠶᠠᠷ ᠵᠢᠭᠰᠠᠭᠠᠨ ᠣᠷᠤᠭᠤᠯᠤᠨ᠎ᠠ︔ ᠬᠤᠲᠠ ᠪᠠᠯᠭᠠᠰᠤᠨ ᠳᠤ ᠠᠵᠢᠯ ᠣᠯᠵᠤ ᠦᠢᠯᠡᠰ ᠪᠣᠰᠬᠠᠭᠰᠠᠨ ᠨᠤᠲᠤᠭ ᠲᠤ ᠪᠠᠨ ᠪᠤᠴᠠᠭᠰᠠᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠨᠢ ᠲᠤᠰ ᠭᠠᠵᠠᠷ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠨᠦᠬᠦᠴᠡᠯ ᠳᠤ ᠨᠡᠶᠢᠴᠡᠭᠰᠡᠨ ᠪᠣᠯ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠤᠭᠤᠯᠤᠨ᠎ᠠ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠ ᠡᠩ ᠤᠨ ᠲᠠᠸᠠᠷ ᠤᠨ ᠭᠡᠷ ᠬᠤᠳᠠᠯᠳᠤᠨ ᠠᠪᠤᠭᠰᠠᠨ ᠪᠣᠯ ᠭᠡᠷᠡᠲᠦ ᠭᠠᠶᠢᠯᠢ᠂ ᠲᠡᠮᠳᠡᠭᠲᠦ ᠶᠢᠨ ᠭᠠᠶᠢᠯᠢ ᠶᠢ ᠨᠢ ᠬᠠᠰᠤᠵᠤ ᠬᠡᠯᠲᠦᠷᠢᠭᠦᠯᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠤᠭᠠᠷ ᠨᠠᠢᠳᠠᠪᠤᠷᠢᠵᠢᠭᠤᠯᠤᠨ᠎ᠠ᠃ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠣᠭᠰᠠᠳ ᠵᠡᠷᠭᠡ ᠦᠢᠯᠡᠰ ᠪᠣᠰᠬᠠᠭᠰᠠᠳ ᠤᠨ ᠲᠥᠪᠯᠡᠷᠡᠭᠰᠡᠨ ᠡᠯ᠎ᠡ ᠲᠥᠷᠥᠯ ᠤᠨ ᠠᠵᠤ ᠦᠢᠯᠡᠰ ᠤᠨ ᠬᠥᠷᠢᠶᠡᠯᠡᠩ ᠲᠣᠭᠤᠷᠢᠭ ᠲᠤ ᠲᠥᠷᠢᠶᠡᠰᠦᠯᠡᠬᠦ ᠬᠡᠯᠪᠡᠷᠢ ᠶᠢᠨ ᠪᠠᠲᠤᠯᠠᠭᠠᠲᠤ ᠭᠡᠷ ᠪᠠᠶᠢᠰᠢᠩ ᠪᠠᠷᠢᠬᠤ ᠶᠢ ᠳᠡᠮᠵᠢᠨ᠎ᠡ᠃ ᠨᠡᠶᠢᠭᠡᠮ ᠤᠨ ᠳᠠᠭᠠᠳᠬᠠᠯ ᠤᠨ ᠭᠦᠢᠴᠡᠳᠭᠡᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠭᠦᠢᠴᠡᠳᠭᠡᠬᠦ ᠴᠠᠭ ᠢ ᠨᠢ ᠪᠣᠭᠤᠨᠢᠰᠬᠠᠵᠤ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠲᠤ ᠨᠡᠶᠢᠭᠡᠮ ᠤᠨ ᠳᠠᠭᠠᠳᠬᠠᠯ ᠤᠨ ᠬᠠᠷᠢᠴᠠᠭ᠎ᠠ ᠪᠠᠨ ᠰᠢᠯᠵᠢᠭᠦᠯᠵᠦ ᠦᠷᠭᠦᠯᠵᠢᠯᠡᠭᠦᠯᠬᠦ ᠳᠤ ᠴᠠᠭ ᠲᠤᠬᠠᠢ ᠳᠤ ᠨᠢ ᠬᠦᠴᠦᠨ ᠪᠦᠬᠦᠢ ᠦᠢᠯᠡᠴᠢᠯᠡᠭᠡ ᠶᠢ ᠬᠠᠩᠭᠠᠨ᠂ ᠠᠵᠤ ᠠᠬᠤᠶᠢᠯᠠᠯ ᠢ ᠬᠦᠲᠦᠯᠦᠨ ᠵᠢᠯᠣᠭᠤᠳᠴᠤ ᠪᠠᠶᠢᠭᠠᠳ ᠠᠵᠢᠯᠲᠠᠳ ᠢᠶᠠᠨ ᠠᠵᠢᠯ ᠠᠴᠠ ᠪᠣᠯᠣᠭᠰᠠᠨ ᠭᠡᠮᠳᠦᠯ ᠤᠨ ᠳᠠᠭᠠᠳᠬᠠᠯ ᠳᠤ ᠬᠠᠤᠯᠢ ᠲᠣᠭᠲᠠᠭᠠᠯ ᠶᠣᠰᠤᠭᠠᠷ ᠣᠷᠣᠯᠴᠠᠭᠤᠯᠤᠨ᠎ᠠ᠃ ᠠᠵᠤ ᠦᠢᠯᠡᠳᠪᠦᠷᠢ ᠬᠤᠳᠠᠯᠳᠤᠭᠠᠨ ᠤ ᠬᠦᠷᠦᠩᠭᠡ ᠶᠢ ᠵᠣᠷᠢᠭᠵᠢᠭᠤᠯᠵᠤ ᠪᠠᠶᠢᠭᠠᠳ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠶᠢᠨ ᠦᠢᠯᠡᠰ ᠪᠣᠰᠬᠠᠬᠤ ᠶᠢ ᠨᠢ ᠳᠡᠮᠵᠢᠬᠦ ᠳᠤ ᠣᠷᠣᠯᠴᠠᠭᠤᠯᠤᠨ᠎ᠠ᠃ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ ᠦᠨᠳᠦᠷ ᠤᠷ᠎ᠠ ᠴᠢᠳᠠᠪᠤᠷᠢ ᠶᠢᠨ ᠴᠢᠳᠠᠪᠤᠷᠢᠲᠠᠨ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠣᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠤᠨ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠳᠤ ᠠᠵᠢᠯ ᠣᠯᠬᠤ ᠪᠣᠶᠤ ᠲᠤᠰᠢᠶᠠᠯ ᠬᠠᠪᠰᠤᠷᠭᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶      14. ᠦᠢᠯᠡᠰ ᠪᠣᠰᠬᠠᠬᠤ ᠦᠢᠯᠡᠴᠢᠯᠡᠭᠡᠨ ᠤ ᠳᠥᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠦᠢᠯᠡᠰ ᠪᠣᠰᠬᠠᠬᠤ ᠵᠢᠯᠣᠭᠤᠳᠤᠭᠴᠢ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠢᠯᠠᠯᠲᠠᠨ᠂ ᠰᠢᠨᠵᠢᠯᠡᠬᠦ ᠤᠬᠠᠭᠠᠨ ᠤ ᠲᠧᠭᠨᠢᠭ ᠮᠡᠷᠭᠡᠵᠢᠯ ᠤᠨ ᠠᠵᠢᠯᠲᠡᠳ᠂ ᠦᠢᠯᠡᠰ ᠪᠣᠰᠬᠠᠵᠤ ᠠᠮᠵᠢᠯᠲᠠ ᠣᠯᠣᠭᠰᠠᠳ ᠵᠡᠷᠭᠡ ᠶᠢ ᠦᠢᠯᠡᠰ ᠪᠣᠰᠬᠠᠬᠤ ᠦᠢᠯᠡᠴᠢᠯᠡᠭᠡᠨ ᠤ ᠲᠤᠰᠬᠠᠢ ᠮᠡᠷᠭᠡᠵᠢᠯᠲᠡᠨ ᠤ ᠪᠥᠯᠬᠦᠮ ᠪᠣᠯᠣᠨ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠶᠢ ᠡᠭᠦᠳᠴᠦ ᠦᠢᠯᠡᠰ ᠪᠣᠰᠬᠠᠬᠤ ᠵᠢᠯᠣᠭᠤᠳᠤᠭᠴᠢ ᠪᠠᠭᠰᠢ ᠶᠢᠨ ᠡᠩᠨᠡᠭᠡ ᠶᠢ ᠵᠣᠬᠢᠶᠠᠨ ᠪᠠᠶᠢᠭᠤᠯᠵᠤ ᠵᠣᠬᠢᠴᠠᠭᠤᠯᠵᠤ ᠪᠠᠶᠢᠭᠠᠳ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠲᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠬᠠᠩᠭᠠᠬᠤ᠂ ᠡᠵᠡᠩᠨᠡᠯᠲᠡ ᠪᠠᠨ ᠡᠬᠢᠯᠡᠭᠦᠯᠭᠦ ᠳᠤ ᠵᠢᠯᠣᠭᠤᠳᠤᠯᠭ᠎ᠠ ᠬᠢᠬᠦ ᠵᠡᠷᠭᠡ ᠲᠤᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶      15. ᠭᠠᠶᠢᠯᠢ ᠵᠠᠷᠤᠳᠠᠯ ᠢ ᠨᠢ ᠭᠦᠩᠬᠡᠯᠡᠵᠦ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠶᠢ ᠬᠠᠤᠯᠢ ᠶᠣᠰᠤᠭᠠᠷ ᠭᠦᠢᠴᠡᠳᠭᠡᠭᠰᠡᠨ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠰᠠᠳ ᠤᠨ ᠡᠭᠦᠳᠦᠨ ᠪᠠᠶᠢᠭᠤᠯᠵᠤ ᠡᠷᠬᠢᠯᠡᠭᠰᠡᠨ ᠠᠵᠤ ᠠᠬᠤᠶᠢᠯᠠᠯ ᠪᠠ ᠭᠡᠷ ᠪᠦᠯᠢ ᠶᠢᠨ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠶᠣᠰᠤᠭᠠᠷ ᠵᠢᠵᠢᠭ ᠪᠢᠴᠢᠯ ᠠᠵᠤ ᠠᠬᠤᠶᠢᠯᠠᠯ ᠤᠨ ᠭᠠᠶᠢᠯᠢ ᠵᠠᠷᠤᠳᠠᠯ ᠢ ᠨᠢ ᠭᠦᠩᠬᠡᠯᠡᠵᠦ ᠬᠡᠯᠲᠦᠷᠢᠭᠦᠯᠬᠦ ᠪᠠ ᠦᠢᠯᠡᠰ ᠪᠣᠰᠬᠠᠬᠤ ᠶᠢ ᠨᠢ ᠳᠡᠳᠬᠦᠬᠦ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠨᠦᠬᠦᠴᠡᠯ ᠳᠤ ᠨᠡᠶᠢᠴᠡᠵᠦ ᠪᠠᠶᠢᠭ᠎ᠠ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠣᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠤᠷᠤᠭᠰᠠᠳ ᠵᠡᠷᠭᠡ ᠦᠢᠯᠡᠰ ᠪᠣᠰᠬᠠᠭᠴᠢᠳ ᠲᠤ ᠲᠣᠭᠲᠠᠭᠠᠯ ᠶᠣᠰᠤᠭᠠᠷ ᠭᠠᠶᠢᠯᠢ ᠵᠠᠷᠤᠳᠠᠯ ᠢ ᠨᠢ ᠬᠦᠩᠭᠡᠷᠡᠭᠦᠯᠵᠦ ᠬᠡᠯᠲᠦᠷᠢᠭᠦᠯᠬᠦ᠂ ᠦᠢᠯᠡᠰ ᠪᠣᠰᠬᠠᠬᠤ ᠨᠡᠮᠡᠭᠦᠷᠢ ᠥᠭᠬᠦ᠂ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠲᠠᠯᠪᠢᠬᠤ ᠵᠢᠴᠢ ᠳᠠᠮ ᠬᠦᠦ ᠮᠦᠩᠭᠦ ᠥᠭᠬᠦ ᠵᠡᠷᠭᠡ ᠦᠢᠯᠡᠰ ᠪᠣᠰᠬᠠᠬᠤ ᠶᠢ ᠳᠡᠳᠬᠦᠨ ᠳᠡᠮᠵᠢᠬᠦ ᠲᠥᠷᠥ ᠶᠢᠨ ᠪᠣᠳᠣᠯᠭ᠎ᠠ ᠣᠯᠭᠤᠨ᠎ᠠ᠂ ᠡᠭᠦᠨ ᠳᠤ᠂ ᠠᠩᠬ᠎ᠠ ᠤᠳᠠᠭ᠎ᠠ ᠦᠢᠯᠡᠰ ᠪᠣᠰᠬᠠᠵᠦ ᠪᠠᠶᠢᠭ᠎ᠠ ᠮᠦᠷᠲᠡᠭᠡᠨ ᠬᠡᠪ ᠤᠨ ᠪᠠᠶᠢᠳᠠᠯ ᠢᠶᠠᠷ ᠡᠵᠡᠩᠨᠡᠭᠡᠳ 1 ᠵᠢᠯ ᠭᠠᠷᠤᠢ ᠪᠣᠯᠣᠭᠰᠠᠨ ᠪᠣᠯ᠂ ᠲᠣᠭᠲᠠᠭᠠᠯ ᠶᠣᠰᠤᠭᠠᠷ ᠦᠢᠯᠡᠰ ᠪᠣᠰᠬᠠᠬᠤ ᠨᠦᠬᠦᠪᠦᠷᠢ ᠶᠢ ᠨᠢᠭᠡ ᠯᠡ ᠤᠳᠠᠭ᠎ᠠ ᠳᠤ ᠣᠯᠭᠤᠨ᠎ᠠ᠃ ᠨᠦᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠳᠤ ᠲᠣᠭᠲᠠᠭᠠᠯ ᠶᠣᠰᠤᠭᠠᠷ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠬᠤ ᠨᠣᠷᠮ᠎ᠠ ᠶᠢ ᠨᠢ ᠪᠠᠭᠤᠷᠠᠭᠤᠯᠬᠤ ᠵᠢᠴᠢ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠨᠢ ᠲᠣᠭᠲᠠᠭᠤᠨ ᠪᠠᠶᠢᠯᠭᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ︵ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠠᠷᠠᠳ ᠤᠨ ᠪᠠᠩᠭᠢ ᠶᠢᠨ ᠬᠦᠬᠡᠬᠤᠲᠠ ᠲᠥᠪ ᠰᠠᠯᠪᠤᠷᠢ ᠪᠠᠩᠭᠢ ᠵᠡᠷᠭᠡ ᠰᠠᠯᠠᠭ᠎ᠠ ᠮᠦᠴᠢᠷ᠂ ᠨᠢᠭᠡᠴᠢ ᠬᠠᠷᠢᠭᠤᠴᠠᠨ᠎ᠠ︶      16. ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠨᠤᠲᠤᠭ ᠲᠤ ᠪᠠᠨ ᠪᠣᠴᠠᠭᠰᠠᠳ ᠪᠠ ᠨᠤᠲᠤᠭ ᠲᠤ ᠪᠠᠨ ᠬᠤᠴᠣᠷᠣᠭᠰᠠᠳ ᠵᠡᠷᠭᠡ ᠦᠢᠯᠡᠰ ᠪᠣᠰᠬᠠᠭᠰᠠᠳ ᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠤ ᠪᠠᠨ ᠪᠤᠴᠠᠵᠤ ᠦᠢᠯᠡᠰ ᠪᠣᠰᠬᠠᠬᠤ ᠬᠢᠭᠡᠳ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠣᠭᠰᠠᠳ ᠵᠡᠷᠭᠡ ᠶᠢᠨ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠨ᠎ᠠ᠃ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠣᠭᠰᠠᠳ ᠵᠡᠷᠭᠡ ᠦᠢᠯᠡᠰ ᠪᠣᠰᠬᠠᠭᠰᠠᠳ ᠤᠨ ᠡᠭᠦᠳᠦᠨ ᠪᠠᠶᠢᠭᠤᠯᠵᠤ ᠡᠷᠬᠢᠯᠡᠭᠰᠡᠨ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠣᠭᠴᠠ ᠨᠢ ᠲᠠᠷᠢᠶᠠᠯᠠᠩ ᠮᠠᠯ ᠠᠵᠤ ᠠᠬᠤᠢ ᠶᠢᠨ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠪᠠᠷ ᠳᠡᠮᠵᠢᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠰᠢᠭᠤᠳ ᠨᠡᠮᠡᠭᠦᠷᠢ ᠥᠭᠬᠦ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠬᠠᠨᠳᠤᠯᠭ᠎ᠠ ᠲᠠᠢ ᠪᠠᠷ ᠨᠠᠶᠢᠳᠠᠬᠤ᠂ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ᠂ ᠤᠷᠢᠳ ᠢᠶᠠᠷ ᠦᠢᠯᠡᠴᠢᠯᠡᠵᠦ ᠳᠠᠷᠠᠭ᠎ᠠ ᠨᠢ ᠨᠥᠬᠦᠪᠥᠷᠢ ᠥᠭᠬᠦ ᠵᠡᠷᠭᠡ ᠠᠷᠭ᠎ᠠ ᠮᠠᠶ᠋ᠢᠭ ᠢ ᠬᠡᠷᠡᠭᠯᠡᠨ ᠨᠦᠬᠦᠪᠦᠷᠢ ᠣᠯᠭᠤᠨ ᠳᠡᠮᠵᠢᠵᠦ ᠪᠣᠯᠤᠨ᠎ᠠ᠃ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠣᠭᠰᠠᠳ ᠵᠡᠷᠭᠡ ᠦᠢᠯᠡᠰ ᠪᠣᠰᠬᠠᠭᠰᠠᠳ ᠤᠨ ᠡᠭᠦᠳᠦᠨ ᠪᠠᠶᠢᠭᠤᠯᠵᠤ ᠡᠷᠬᠢᠯᠡᠭᠰᠡᠨ ᠠᠵᠤ ᠠᠬᠤᠶᠢᠯᠠᠯ ᠤᠳ ᠠᠵᠢᠯ ᠤᠯᠬᠤ ᠳᠤ ᠬᠦᠴᠢᠷᠲᠡᠶ ᠬᠥᠮᠦᠰ ᠂ ᠲᠤᠰ ᠣᠨ ᠤ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠡᠯᠰᠡᠨ ᠤᠷᠢᠵᠤ ᠠᠵᠢᠯ ᠣᠯᠭᠤᠭᠰᠠᠨ ᠤ ᠬᠠᠮᠲᠤ ᠬᠥᠳᠡᠯᠮᠦᠷᠢ ᠶᠢᠨ ᠭᠡᠷ᠎ᠡ ᠲᠣᠭᠲᠠᠵᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠨᠢ ᠲᠤᠰᠢᠶᠠᠭᠰᠠᠨ ᠪᠠᠶᠢᠪᠠᠯ᠂ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠨᠡᠮᠡᠭᠦᠷᠢ ᠣᠯᠭᠤᠨ᠎ᠠ᠃ ᠠᠵᠤ ᠠᠬᠤᠶᠢᠯᠠᠯ ᠢᠶᠠᠷ ᠳᠠᠩᠰᠠᠯᠠᠨ ᠲᠡᠮᠳᠡᠭᠯᠡᠭᠦᠯᠦᠭᠰᠡᠨ ᠰᠦᠯᠵᠢᠶᠡᠨ ᠤ ᠬᠤᠳᠠᠯᠳᠤᠭ᠎ᠠ ᠡᠷᠬᠢᠯᠡᠭᠰᠡᠳ ᠲᠤ ᠡᠯ᠎ᠡ ᠵᠦᠢᠯ ᠤᠨ ᠠᠵᠢᠯ ᠣᠯᠭᠤᠵᠤ ᠦᠢᠯᠡᠰ ᠪᠣᠰᠬᠠᠬᠤ ᠲᠠᠯ᠎ᠠ ᠪᠠᠷ ᠬᠢ ᠲᠡᠳᠬᠦᠬᠦ ᠲᠥᠷᠥ ᠶᠢᠨ ᠪᠣᠳᠣᠯᠭ᠎ᠠ ᠶᠢ ᠠᠳᠠᠯᠢᠬᠠᠨ ᠬᠦᠷᠲᠡᠭᠡᠨ᠎ᠡ︔ ᠠᠵᠤ ᠠᠬᠤᠶᠢᠯᠠᠯ ᠢᠶᠠᠷ ᠥᠯᠥ ᠳᠠᠩᠰᠠᠯᠠᠨ ᠲᠡᠮᠳᠡᠭᠯᠡᠭᠦᠯᠦᠭᠰᠡᠨ ᠰᠦᠯᠵᠢᠶᠡᠨ ᠤ ᠬᠤᠳᠠᠯᠳᠤᠭ᠎ᠠ ᠡᠷᠬᠢᠯᠡᠭᠰᠡᠳ ᠢ ᠠᠮᠢᠳᠤᠯᠢᠭ ᠢᠶᠠᠷ ᠠᠵᠢᠯ ᠣᠯᠤᠭᠰᠠᠳ ᠢᠶᠠᠷ ᠮᠠᠭᠠᠳᠯᠠᠨ ᠲᠣᠭᠲᠠᠭᠠᠵᠤ᠂ ᠠᠮᠢᠳᠤᠯᠢᠭ ᠢᠶᠠᠷ ᠠᠵᠢᠯ ᠣᠯᠤᠭᠰᠠᠳ ᠢ ᠲᠡᠳᠬᠦᠬᠦ ᠲᠥᠷᠥ ᠶᠢᠨ ᠪᠣᠳᠣᠯᠭ᠎ᠠ ᠶᠢ ᠠᠳᠠᠯᠢᠬᠠᠨ ᠬᠦᠷᠲᠡᠭᠡᠨ᠎ᠡ᠃ ᠠᠵᠢᠯ ᠠᠯᠳᠠᠭᠰᠠᠳ ᠤᠨ ᠳᠠᠭᠠᠳᠬᠠᠯ ᠤᠨ ᠪᠠᠳᠣᠯᠠᠬᠤ ᠬᠡᠪᠴᠢᠶ᠎ᠡ ᠶᠢ ᠥᠷᠭᠡᠳᠬᠡᠨ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠯᠤᠭ᠎ᠠ ᠠᠳᠠᠯᠢ ᠪᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠠᠵᠢᠯ ᠠᠯᠳᠠᠭᠰᠠᠨ ᠲᠠᠷᠢᠶᠠᠴᠢᠨ ᠮᠠᠯᠴᠢᠨ ᠬᠦᠴᠦ ᠶᠠᠪᠤᠭᠰᠠᠳ ᠲᠤ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠲᠣᠭᠲᠠᠭᠠᠯ ᠶᠣᠰᠣᠭᠠᠷ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠤᠶᠤ ᠠᠵᠢᠯ ᠠᠯᠳᠠᠭᠰᠠᠨ ᠤ ᠨᠦᠬᠦᠪᠦᠷᠢ ᠶᠢᠨ ᠮᠥᠩᠭᠦ ᠣᠯᠭᠤᠨ᠎ᠠ᠃ ᠨᠢᠭᠡᠨ ᠮᠠᠯᠴᠢᠨ ᠲᠠᠷᠢᠶᠠᠴᠢᠨ ᠬᠦᠴᠦ ᠶᠠᠪᠤᠭᠴᠢ ᠨᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠲᠡᠮᠳᠡᠭᠯᠡᠯ ᠲᠠᠢ ᠮᠥᠷᠲᠡᠭᠡᠨ ᠪᠠᠰᠠ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠲᠡᠮᠳᠡᠭᠯᠡᠯ ᠲᠠᠢ ᠪᠠᠶᠢᠳᠠᠯ ᠪᠠᠶᠢᠪᠠᠯ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠭᠰᠠᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠂ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      17. ᠦᠢᠯᠡᠰ ᠪᠣᠰᠬᠠᠬᠤ ᠵᠢᠭᠡᠯᠡᠯᠭᠡ ᠶᠢ ᠨᠢ ᠳᠠᠮ ᠬᠦᠤ ᠪᠠᠷ ᠲᠡᠳᠬᠦᠬᠦ ᠶᠢ ᠴᠢᠩᠭᠠᠳᠬᠠᠨ᠎ᠠ᠃ ᠲᠥᠪ ᠤᠨ ᠪᠠᠭᠤᠯᠭᠠᠭᠰᠠᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ ᠰᠠᠶᠢᠲᠤᠷ ᠪᠥᠭᠡᠳ ᠠᠮᠢᠳᠤᠯᠢᠭ ᠬᠡᠷᠡᠭᠯᠡᠵᠦ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠣᠭᠰᠠᠳ ᠵᠡᠷᠭᠡ ᠬᠦᠮᠦᠰ ᠤᠨ ᠦᠢᠯᠡᠰ ᠪᠣᠰᠬᠠᠬᠤ ᠶᠢ ᠨᠢ ᠶᠡᠬᠡᠪᠡᠷ ᠳᠡᠮᠵᠢᠨ᠎ᠡ᠃ ᠨᠥᠬᠦᠴᠡᠯ ᠳᠤ ᠨᠡᠶᠢᠴᠡᠭᠰᠡᠨ ᠬᠤᠪᠢ ᠬᠥᠮᠦᠨ ᠤ ᠦᠢᠯᠡᠰ ᠪᠣᠰᠬᠠᠬᠤ ᠪᠠᠷ ᠵᠢᠭᠡᠯᠡᠭᠰᠡᠨ ᠳᠠᠭᠠᠭᠠᠯᠲᠠ ᠲᠠᠢ ᠵᠢᠭᠡᠯᠡᠯᠭᠡ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠪᠦᠭᠦ ᠲᠤᠭ᠎ᠠ ᠪᠠᠷ ᠨᠢ ᠳᠠᠮ ᠬᠦᠤ ᠮᠦᠩᠭᠦ ᠶᠢ ᠨᠢ ᠲᠥᠯᠥᠵᠦ ᠥᠭᠭᠦᠨ᠎ᠡ︔ ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ ᠠᠬᠤᠶᠢᠯᠠᠯ ᠤᠨ ᠦᠢᠯᠡᠰ ᠪᠣᠰᠬᠠᠬᠤ ᠪᠠᠷ ᠵᠢᠭᠡᠯᠡᠭᠰᠡᠨ ᠳᠠᠭᠠᠭᠠᠯᠲᠠ ᠲᠠᠢ ᠵᠢᠭᠡᠯᠡᠯᠭᠡ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠢᠭᠡᠯᠡᠯᠭᠡ ᠶᠢᠨ ᠭᠡᠷ᠎ᠡ ᠲᠣᠭᠲᠠᠭᠰᠠᠨ ᠡᠳᠦᠷ ᠤᠨ ᠵᠢᠭᠡᠯᠡᠯᠭᠡ ᠶᠢᠨ ᠰᠠᠭᠤᠷᠢ ᠬᠦᠤ ᠮᠦᠩᠭᠦᠨ ᠤ ᠨᠣᠷᠮ᠎ᠠ ᠶᠢᠨ 50 % ᠪᠠᠷ ᠳᠠᠮ ᠬᠦᠤ ᠮᠦᠩᠭᠦ ᠶᠢ ᠨᠢ ᠲᠥᠯᠥᠵᠦ ᠥᠭᠭᠦᠨ᠎ᠡ᠃ ᠵᠢᠭᠡᠯᠡᠯᠭᠡ ᠶᠢᠨ ᠬᠤᠭᠤᠴᠠᠭ᠎ᠠ ᠪᠠᠨ ᠤᠷᠲᠤᠳᠬᠠᠭᠰᠠᠨ ᠪᠠ ᠬᠤᠭᠤᠴᠠᠭ᠎ᠠ ᠪᠠᠨ ᠬᠡᠲᠦᠷᠡᠭᠦᠯᠦᠭᠰᠡᠨ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠳᠠᠮ ᠬᠦᠦ ᠮᠦᠩᠭᠦ ᠶᠢ ᠨᠢ ᠲᠥᠯᠥᠵᠦ ᠥᠭᠬᠦ ᠦᠭᠡᠶ᠃ ᠦᠢᠯᠡᠰ ᠪᠤᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ ᠳᠠᠮ ᠬᠦᠤ ᠮᠦᠩᠭᠦ ᠶᠢ ᠨᠢ ᠲᠥᠯᠥᠵᠦ ᠥᠭᠬᠦ ᠲᠥᠷᠥ ᠶᠢᠨ ᠪᠣᠳᠣᠯᠭ᠎ᠠ ᠶᠢ ᠨᠢᠭᠡᠨᠲᠡ ᠭᠥᠷᠳᠡᠭᠰᠡᠨ ᠪᠥᠭᠡᠳ ᠵᠢᠭᠡᠯᠡᠯᠭᠡ ᠪᠠᠨ ᠴᠠᠭ ᠲᠤᠬᠠᠶ ᠳᠤ ᠨᠢ ᠪᠤᠴᠠᠭᠠᠵᠤ ᠳᠠᠭᠤᠰᠬᠠᠭᠰᠠᠨ ᠬᠤᠪᠢ ᠬᠥᠮᠦᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠡᠵᠡᠩᠨᠡᠯᠲᠡ ᠨᠢ ᠬᠦᠴᠢᠷᠳᠡᠯ ᠳᠤ ᠲᠤᠯᠭᠠᠷᠠᠭᠰᠠᠨ ᠪᠠᠶᠢᠪᠠᠯ᠂ ᠦᠢᠯᠡᠰ ᠪᠤᠰᠬᠠᠬᠤ ᠳᠠᠭᠠᠭᠠᠯᠲᠠ ᠲᠠᠢ ᠵᠢᠭᠡᠯᠡᠯᠭᠡ ᠶᠢ ᠳᠠᠬᠢᠨᠲᠠ ᠭᠤᠶᠤᠴᠢᠯᠠᠵᠤ ᠪᠣᠯᠬᠤ ᠶᠢᠨ ᠬᠠᠮᠲᠤ᠂ ᠡᠳ᠋ ᠤᠨ ᠵᠠᠰᠠᠭ ᠠᠴᠠ ᠳᠠᠮ ᠬᠦᠤ ᠮᠦᠩᠭᠦ ᠶᠢ ᠨᠢ ᠲᠥᠯᠥᠨ ᠥᠭᠴᠦ ᠪᠣᠯᠤᠨ᠎ᠠ᠂ ᠭᠡᠪᠡᠴᠦ ᠳᠠᠬᠢᠨᠲᠠ ᠭᠤᠶᠤᠴᠢᠯᠠᠵᠤ ᠲᠥᠯᠥᠭᠦᠯᠬᠦ ᠶᠢ 3 ᠤᠳᠠᠭ᠎ᠠ ᠠᠴᠠ ᠬᠡᠲᠦᠷᠡᠭᠦᠯᠵᠦ ᠪᠣᠯᠬᠤ ᠥᠬᠡᠶ᠃ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠤᠪᠢ ᠬᠥᠮᠦᠨ ︵ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠪᠠᠭᠲᠠᠨ᠎ᠠ︶ ᠪᠠ ᠵᠢᠵᠢᠭ ᠪᠢᠴᠢᠯ ᠠᠵᠤ ᠠᠬᠤᠶᠢᠯᠠᠯ ᠳᠤ ᠰᠢᠨ᠎ᠡ ᠵᠢᠭᠡᠯᠡᠭᠦᠯᠦᠭᠰᠡᠨ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ ᠬᠦᠤ ᠮᠦᠩᠭᠦᠨ ᠳᠠᠬᠢ ᠣᠳᠣᠬᠠᠨ ᠤ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠨᠡᠶᠢᠲᠡᠯᠡᠭᠰᠡᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠬᠦᠤ ᠮᠦᠩᠭᠦᠨ ᠤ ᠨᠣᠷᠮ᠎ᠠ ︵LPR — 150 BP︶ ᠠᠴᠠ ᠳᠣᠷᠣᠭᠰᠢᠬᠢ ᠬᠡᠰᠡᠭ ᠢ ᠨᠢ ᠵᠣᠭᠤᠰ ᠵᠢᠭᠡᠯᠡᠭᠰᠡᠨ ᠬᠦᠮᠦᠰ ᠪᠠ ᠵᠣᠭᠤᠰ ᠵᠢᠭᠡᠯᠡᠬᠦ ᠠᠵᠤ ᠠᠬᠤᠶᠢᠯᠠᠯ ᠡᠭᠦᠷᠭᠡᠯᠡᠵᠦ᠂ ᠦᠯᠡᠳᠡᠭᠰᠡᠨ ᠬᠡᠰᠡᠭ ᠲᠤ ᠡᠳ᠋ ᠤᠨ ᠵᠠᠰᠠᠭ ᠠᠴᠠ ᠳᠠᠮ ᠬᠦᠤ ᠮᠦᠩᠭᠦ ᠶᠢ ᠨᠢ ᠲᠥᠯᠥᠵᠦ ᠥᠭᠭᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠵᠡᠷᠭᠡ ᠰᠠᠯᠠᠭ᠎ᠠ ᠮᠥᠴᠢᠷ᠂ ᠨᠢᠭᠡᠴᠢ ᠬᠠᠷᠢᠭᠤᠴᠠᠨ᠎ᠠ︶      18. ᠦᠢᠯᠡᠰ ᠪᠣᠰᠬᠠᠬᠤ ᠬᠦᠷᠢᠶᠡᠯᠡᠩ ᠲᠣᠭᠤᠷᠢᠭ ᠲᠤ ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠣᠳᠣ ᠶᠢᠨ ᠪᠠᠶᠢᠭ᠎ᠠ ᠡᠯ᠎ᠡ ᠲᠥᠷᠥᠯ ᠤᠨ ᠲᠣᠭᠲᠠᠭᠠᠯ ᠳᠤ ᠨᠡᠶᠢᠴᠡᠭᠰᠡᠨ ᠨᠡᠬᠡᠭᠡᠵᠦ ᠬᠥᠭᠵᠢᠭᠦᠯᠬᠦ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠲᠦᠰᠢᠭᠯᠡᠨ᠂ ᠬᠡᠷᠡᠭᠯᠡᠬᠦ ᠦᠭᠡᠢ ᠰᠤᠯᠠ ᠲᠠᠯᠪᠢᠵᠤ ᠪᠠᠶᠢᠬᠤ ᠦᠢᠯᠡᠳᠪᠦᠷᠢ ᠶᠢᠨ ᠭᠡᠷ ᠪᠠᠶᠢᠰᠢᠩ ᠵᠡᠷᠭᠡ ᠬᠠᠳᠠᠭᠠᠯᠠᠭᠳᠠᠵᠤ ᠪᠠᠶᠢᠭ᠎ᠠ ᠡᠬᠢ ᠪᠠᠶᠠᠯᠢᠭ ᠢ ᠴᠢᠯᠥᠭᠡᠲᠡᠶ ᠭᠦᠢᠯᠭᠡᠭᠡᠵᠦ᠂ ᠨᠢᠭᠡ ᠪᠦᠯᠦᠭ ᠠᠩᠬ᠎ᠠ ᠡᠭᠦᠳᠦᠨ ᠪᠠᠶᠢᠭᠤᠯᠵᠤ ︽ᠬᠥᠪᠦᠷᠡᠭᠦᠯᠦᠨ ᠪᠤᠶᠢᠵᠢᠭᠤᠯᠬᠤ︾ ᠬᠤᠭᠤᠴᠠᠭᠠᠨ ᠳᠤ ᠪᠠᠶᠢᠭ᠎ᠠ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠣᠭᠰᠠᠳ ᠤᠨ ᠦᠢᠯᠡᠰ ᠪᠣᠰᠬᠠᠬᠤ ᠳᠤ ᠭᠤᠣᠯᠳᠠᠯᠭ᠎ᠠ ᠲᠠᠢ ᠬᠠᠨᠳᠤᠭᠤᠯᠤᠭᠰᠠᠨ ᠦᠢᠯᠡᠰ ᠪᠣᠰᠬᠠᠬᠤ ᠬᠦᠷᠢᠶᠡᠯᠡᠩ ᠲᠣᠭᠤᠷᠢᠭ ︵ᠨᠡᠪᠴᠢᠭᠦᠯᠬᠦ ᠰᠠᠭᠤᠷᠢᠨ ᠭᠠᠵᠠᠷ︶ ᠢ ᠳᠡᠮᠵᠢᠬᠦ ᠪᠠ ᠬᠥᠲᠥᠯᠥᠨ ᠵᠢᠯᠣᠭᠤᠳᠴᠤ ᠪᠠᠶᠢᠭᠠᠳ ᠡᠮᠬᠢᠯᠡᠨ ᠨᠡᠶᠢᠯᠡᠭᠦᠯᠵᠦ ᠬᠥᠭᠵᠢᠭᠦᠯᠦᠨ᠂ ᠡᠷᠲᠡ ᠦᠢᠯᠡᠰ ᠪᠣᠰᠬᠠᠭᠰᠠᠨ ᠪᠠ ᠨᠡᠯᠢᠶᠡᠳ ᠬᠤᠭᠤᠴᠠᠭ᠎ᠠ ᠪᠣᠯᠵᠤ ᠪᠠᠶᠢᠭ᠎ᠠ ᠠᠵᠤ ᠠᠬᠤᠶᠢᠯᠠᠯ ᠤᠨ ᠪᠦᠯᠦᠭᠵᠢᠨ ᠬᠦᠭᠵᠢᠭᠦᠯᠦᠭᠰᠡᠨ ᠦᠢᠯᠡᠰ ᠪᠣᠰᠬᠠᠬᠤ ᠬᠦᠷᠢᠶᠡᠯᠡᠩ ᠲᠣᠭᠤᠷᠢᠭ ︵ᠨᠡᠪᠴᠢᠭᠦᠯᠬᠦ ᠰᠠᠭᠤᠷᠢᠨ ᠭᠠᠵᠠᠷ︶ ᠢ ᠬᠥᠲᠥᠯᠥᠨ ᠵᠢᠯᠣᠭᠤᠳᠴᠤ ᠪᠠᠶᠢᠭᠠᠳ ᠦᠢᠯᠡᠰ ᠪᠣᠰᠬᠠᠬᠤ ᠬᠦᠴᠦᠨ ᠵᠦᠢᠯ ᠢ ᠨᠢ ᠬᠤᠷᠠᠮᠳᠤᠭᠤᠯᠤᠨ᠂ ᠦᠢᠯᠡᠰ ᠪᠣᠰᠬᠠᠬᠤ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ ᠲᠥᠯᠥᠪᠵᠢᠭᠦᠯᠭᠡ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠳᠤ ᠨᠡᠶᠢᠴᠡᠭᠰᠡᠨ ᠦᠢᠯᠡᠰ ᠪᠣᠰᠬᠠᠬᠤ ᠬᠦᠷᠢᠶᠡᠯᠡᠩ ᠲᠣᠭᠤᠷᠢᠭ ︵ᠨᠡᠪᠴᠢᠭᠦᠯᠬᠦ ᠰᠠᠭᠤᠷᠢᠨ ᠭᠠᠵᠠᠷ︶ ᠤᠨ ᠪᠦᠲᠦᠭᠡᠨ ᠪᠠᠶᠢᠭᠤᠯᠤᠯᠲᠠ ᠳᠤ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠨᠢ ᠨᠢᠭᠡ ᠤᠳᠠᠭ᠎ᠠ ᠶᠢᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠨᠡᠮᠡᠭᠦᠷᠢ ᠣᠯᠭᠤᠨ᠎ᠠ᠃ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠣᠭᠰᠠᠳ ᠵᠡᠷᠭᠡ ᠦᠢᠯᠡᠰ ᠪᠣᠰᠬᠠᠭᠰᠠᠳ ᠵᠠᠰᠠᠭ ᠤᠨ ᠣᠷᠳᠣᠨ ᠤ ᠭᠤᠤᠯᠯᠠᠨ ᠪᠠᠶᠢᠭᠤᠯᠤᠭᠰᠠᠨ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ ᠬᠦᠷᠢᠶᠡᠯᠡᠩ ᠲᠣᠭᠤᠷᠢᠭ ᠲᠠᠬᠢ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠳᠤ ᠣᠷᠣᠵᠤ ᠦᠢᠯᠡᠰ ᠪᠣᠰᠬᠠᠭᠰᠠᠨ ᠪᠠᠶᠢᠪᠠᠯ᠂ 3 ᠵᠢᠯ ᠤᠨ ᠳᠣᠲᠣᠷ᠎ᠠ ᠲᠦᠷᠢᠶᠡᠰᠦᠨ ᠮᠥᠩᠭᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠰᠦᠢᠳᠬᠡᠯ᠂ ᠠᠷᠢᠭᠤᠨ ᠴᠡᠪᠡᠷ ᠤᠨ ᠰᠦᠢᠳᠬᠡᠯ᠂ ᠤᠰᠤ ᠴᠠᠬᠢᠯᠭᠠᠨ ᠲᠣᠯᠠᠭᠠᠯᠠᠭ᠎ᠠ ᠵᠡᠷᠭᠡ ᠰᠦᠢᠳᠬᠡᠯ ᠢ ᠬᠠᠰᠤᠵᠤ ᠭᠡᠯᠳᠦᠷᠢᠭᠦᠯᠦᠨ᠎ᠡ᠂ ᠲᠤᠬᠠᠶᠢᠯᠠᠪᠠᠯ ᠨᠢᠭᠡᠳᠦᠭᠡᠷ ᠵᠢᠯ ᠳᠤ ᠲᠤᠰᠢᠶᠠᠬᠤ ᠥᠬᠡᠶ ᠪᠠᠶᠢᠵᠤ᠂ ᠬᠤᠶᠠᠳᠤᠭᠠᠷ ᠵᠢᠯ ᠳᠤ ᠬᠠᠭᠠᠰ ᠢᠶᠠᠷ ᠭᠦᠩᠬᠡᠯᠡᠵᠦ᠂ ᠭᠤᠷᠪᠠᠳᠤᠭᠠᠷ ᠵᠢᠯ ᠳᠤ 1 / 3 ᠪᠠᠷ ᠭᠦᠩᠬᠡᠯᠡᠵᠦ ᠪᠣᠯᠣᠨ᠎ᠠ︔ ᠠᠷᠠᠳ ᠠᠴᠠ ᠡᠵᠡᠩᠨᠡᠭᠰᠡᠨ ᠭᠤᠣᠯ ᠴᠣᠭᠴᠠ ᠶᠢᠨ ᠳᠠᠭᠠᠭᠤᠯᠤᠨ ᠡᠷᠬᠢᠯᠡᠭᠰᠡᠨ ᠪᠤᠶᠤ ᠬᠠᠮᠲᠤ ᠪᠠᠷ ᠪᠠᠶᠢᠭᠤᠯᠤᠭᠰᠠᠨ ᠦᠢᠯᠡᠰ ᠪᠣᠰᠬᠠᠬᠤ ᠬᠦᠷᠢᠶᠡᠯᠡᠩ ᠲᠣᠭᠤᠷᠢᠭ ︵ᠨᠡᠪᠴᠢᠭᠦᠯᠬᠦ ᠰᠠᠭᠤᠷᠢᠨ ᠭᠠᠵᠠᠷ︶ ᠲᠤ ᠣᠷᠣᠵᠤ ᠦᠢᠯᠡᠰ ᠪᠣᠰᠬᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠨᠢ ᠲᠣᠭᠲᠠᠭᠠᠯ ᠶᠣᠰᠣᠭᠠᠷ ᠵᠣᠬᠢᠬᠤ ᠨᠥᠬᠦᠪᠥᠷᠢ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ᠂ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      ︵ᠳᠥᠷᠪᠡ︶ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠨ᠎ᠠ᠃      19 . ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠡᠶᠢᠭᠡᠮ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠦᠷᠭᠡᠳᠭᠡᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠳᠠᠭᠠᠳᠬᠠᠯ ᠳᠤ ᠣᠷᠣᠯᠴᠠᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶᠡᠨ ᠳᠤ ᠣᠷᠤᠭᠤᠯᠤᠨ᠎ᠠ᠃ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠵᠦ᠂ ᠰᠦᠯᠵᠢᠶᠡᠨ ᠳᠠᠬᠢ ᠪᠠ ᠰᠦᠯᠵᠢᠶᠡᠨ ᠭᠠᠳᠠᠭᠤᠷᠬᠢ ᠰᠢᠯᠵᠢᠭᠦᠯᠵᠦ ᠵᠠᠯᠭᠠᠨ ᠦᠷᠭᠦᠯᠵᠢᠯᠡᠭᠦᠯᠵᠦ ᠭᠠᠷᠲᠠᠨ ᠭᠦᠢᠴᠡᠳᠭᠡᠬᠦ ᠴᠤᠪᠤᠷᠠᠯ ᠢ ᠰᠢᠯᠢᠳᠡᠭᠵᠢᠭᠦᠯᠦᠨ᠂ ᠨᠡᠶᠢᠭᠡᠮ ᠤᠨ ᠳᠠᠭᠠᠳᠬᠠᠯ ᠤᠨ ᠬᠠᠷᠢᠴᠠᠭ᠎ᠠ ᠶᠢ ᠨᠢ ᠰᠢᠯᠵᠢᠭᠦᠯᠵᠦ ᠵᠠᠯᠭᠠᠨ ᠦᠷᠭᠦᠯᠵᠢᠯᠡᠭᠦᠯᠬᠦ ᠪᠠ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠨᠢ ᠳ᠋ᠦᠩᠨᠡᠨ ᠪᠤᠳᠤᠬᠤ ᠠᠵᠢᠯ ᠢ ᠰᠠᠶᠢᠲᠤᠷ ᠬᠢᠵᠦ᠂ ᠪᠠᠷᠢᠯᠭ᠎ᠠ ᠳᠤ ᠠᠵᠢᠯᠯᠠᠵᠤ ᠪᠠᠶᠢᠭ᠎ᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠪᠠᠷᠢᠯᠭ᠎ᠠ ᠶᠢᠨ ᠲᠥᠷᠥᠯ ᠵᠦᠢᠯ ᠢᠶᠠᠷ ᠨᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠤᠯᠬᠤ ᠪᠠᠨ ᠠᠬᠢᠭᠤᠯᠤᠨ᠎ᠠ᠃ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠪᠤᠶᠤ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠬᠤᠪᠢ ᠬᠦᠮᠦᠨ ᠤ ᠪᠡᠶ᠎ᠡ ᠭᠠᠷᠤᠯ ᠢᠶᠠᠷ ᠰᠠᠶᠢᠨ ᠳᠤᠷ᠎ᠠ ᠠᠴᠠ ᠨᠢ ᠣᠷᠣᠯᠴᠠᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠠᠴᠠ ᠪᠣᠯᠵᠣ ᠳᠠᠭᠠᠳᠬᠠᠯ ᠳᠤ ᠣᠷᠣᠯᠴᠠᠭᠰᠠᠨ ᠳᠠᠩᠰᠠᠯᠠᠨ ᠲᠡᠮᠳᠡᠭᠯᠡᠬᠦ ᠠᠵᠢᠯ ᠢ ᠴᠠᠭ ᠲᠤᠬᠠᠶ ᠳᠤ ᠨᠢ ᠭᠦᠢᠴᠡᠳᠬᠡᠵᠦ ᠴᠢᠳᠠᠬᠤ ᠥᠬᠡᠶ ᠪᠠᠶᠢᠪᠠᠯ᠂ ᠬᠢᠵᠢᠭ ᠤᠨ ᠪᠠᠶᠢᠳᠠᠯ ᠳᠠᠭᠤᠰᠤᠭᠰᠠᠨ ᠤ ᠳᠠᠷᠠᠭ᠎ᠠ ᠳᠠᠩᠰᠠᠯᠠᠨ ᠲᠡᠮᠳᠡᠭᠯᠡᠬᠦ ᠠᠵᠢᠯ ᠢᠶᠠᠨ ᠨᠥᠬᠦᠵᠦ ᠭᠦᠢᠴᠡᠳᠬᠡᠬᠦ ᠶᠢ ᠨᠢ ᠵᠥᠪᠰᠢᠶᠡᠷᠡᠵᠦ᠂ ᠳᠠᠭᠠᠳᠬᠠᠯ ᠳᠤ ᠣᠷᠣᠯᠴᠠᠭᠰᠠᠳ ᠤᠨ ᠣᠯᠭᠤᠮᠵᠢ ᠶᠢ ᠨᠢ ᠨᠥᠯᠥᠭᠡᠯᠡᠬᠦ ᠥᠬᠡᠶ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ᠂ ᠨᠢᠭᠡᠴᠢ ᠬᠠᠷᠢᠭᠤᠴᠠᠨ᠎ᠠ︶      20 . ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠤᠨ᠎ᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾ ᠶᠢ ᠤᠬᠠᠭᠤᠯᠬᠤ ᠠᠵᠢᠯ ᠢ ᠥᠷᠨᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠥᠳᠡᠯᠮᠦᠷᠢ ᠶᠢᠨ ᠭᠡᠷ᠎ᠡ ᠲᠣᠭᠲᠠᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠂ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠪᠣᠯᠭᠠᠨ᠎ᠠ᠃ ᠠᠵᠤ ᠠᠬᠤᠶᠢᠯᠠᠯ ᠤᠨ ᠬᠠᠤᠯᠢ ᠶᠣᠰᠣᠭᠠᠷ ᠠᠵᠢᠯᠴᠢᠨ ᠡᠯᠰᠡᠨ ᠬᠡᠷᠡᠭᠯᠡᠬᠦ ᠶᠢ ᠵᠢᠯᠣᠭᠤᠳᠤᠨ ᠰᠢᠮᠳᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠥᠳᠡᠯᠮᠦᠷᠢ ᠶᠢᠨ ᠭᠡᠷ᠎ᠡ ᠲᠣᠭᠲᠠᠬᠤ ᠶᠢ ᠵᠢᠷᠤᠮᠵᠢᠭᠤᠯᠤᠨ᠂ ᠪᠠᠷᠢᠯᠭ᠎ᠠ᠂ ᠨᠡᠭᠦᠷᠡᠰᠦᠨ ᠠᠭᠤᠷᠬᠠᠶ᠂ ᠭᠡᠷ ᠠᠬᠤᠢ ᠵᠡᠷᠭᠡ ᠠᠵᠢᠯ ᠲᠥᠷᠥᠯ ᠤᠨ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠪᠠᠷᠢᠯᠭ᠎ᠠ ᠶᠢᠨ ᠠᠵᠢᠯ ᠲᠥᠷᠥᠯ ᠳᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠦᠨᠡᠨ ᠨᠡᠷ᠎ᠡ ᠪᠠᠷ ᠳᠠᠩᠰᠠᠯᠠᠭᠤᠯᠵᠤ ᠠᠵᠢᠯᠯᠠᠬᠤ ᠳᠦᠷᠢᠮ ᠤᠨ ᠬᠠᠮᠢᠶᠠᠷᠤᠯᠲᠠ ᠶᠢ ᠢᠳᠡᠪᠬᠢᠲᠡᠶ ᠪᠠᠷ ᠨᠠᠶᠢᠳᠠᠪᠤᠷᠢᠵᠢᠭᠤᠯᠵᠤ᠂ ᠬᠥᠳᠡᠯᠮᠦᠷᠢ ᠦᠢᠯᠡᠴᠢᠯᠡᠭᠡ ᠪᠠᠷ ᠲᠣᠮᠢᠯᠠᠭᠳᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠮᠠᠭᠤ ᠰᠠᠨᠠᠭ᠎ᠠ ᠲᠠᠢ ᠪᠠᠷ ᠴᠠᠯᠢᠩ ᠢ ᠨᠢ ᠥᠷᠢᠲᠦᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ︽ᠴᠠᠯᠢᠩ ᠬᠠᠮᠠᠭᠠᠯᠠᠬᠤ︾ ᠠᠵᠢᠯᠯᠠᠭ᠎ᠠ ᠶᠢ ᠬᠡᠷᠡᠭᠵᠢᠭᠦᠯᠦᠨ᠂ ᠵᠥᠪᠳᠡᠯᠴᠡᠬᠦ᠂ ᠡᠶᠡᠳᠡᠭᠦᠯᠬᠦ᠂ ᠬᠥᠨᠳᠡᠯᠡᠨ ᠠᠴᠠ ᠲᠠᠰᠤᠯᠬᠤ᠂ ᠵᠠᠷᠭᠤᠯᠳᠤᠬᠤ ᠶᠢ ᠵᠣᠬᠢᠴᠠᠭᠤᠯᠬᠤ᠂ ᠡᠮᠬᠢ ᠵᠢᠷᠤᠮ ᠲᠠᠢ ᠵᠣᠯᠭᠠᠭᠤᠯᠬᠤ ᠣᠯᠠᠨ ᠡᠰᠢᠲᠦ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠵᠢᠯᠴᠢᠨ ᠤ ᠶᠡᠷᠦᠩᠬᠡᠶ ᠡᠪᠯᠡᠯ ᠵᠡᠷᠭᠡ ᠰᠠᠯᠠᠭ᠎ᠠ ᠮᠥᠴᠢᠷ᠂ ᠨᠢᠭᠡᠴᠢ ᠬᠠᠷᠢᠭᠤᠴᠠᠨ᠎ᠠ︶      ︵ᠭᠤᠷᠪᠠ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ      21 . ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠤ ᠠᠵᠢᠯ ᠣᠯᠵᠤ ᠦᠢᠯᠡᠰ ᠪᠣᠰᠬᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ ᠠᠵᠢᠯ ᠣᠯᠭᠤᠯᠲᠠ ᠪᠠᠨ ᠲᠣᠭᠲᠠᠭᠤᠨ ᠪᠠᠶᠢᠯᠭᠠᠬᠤ ᠪᠠ ᠰᠠᠭᠤᠭᠠᠯᠢ ᠠᠷᠠᠳ ᠤᠨ ᠠᠵᠢᠯ ᠣᠯᠬᠤ ᠶᠢ ᠪᠠᠲᠤᠯᠠᠬᠤ ᠶᠢᠨ ᠭᠤᠣᠯᠳᠠᠯᠭ᠎ᠠ ᠪᠣᠯᠭᠠᠨ᠂ ᠵᠠᠬ᠎ᠠ ᠳᠡᠯᠭᠡᠭᠦᠷ ᠢᠶᠠᠷ ᠠᠵᠢᠯ ᠣᠯᠭᠤᠬᠤ ᠪᠠ ᠵᠠᠰᠠᠭ ᠤᠨ ᠣᠷᠳᠣᠨ ᠤ ᠠᠬᠢᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠤᠭᠰᠠᠳ ᠤᠨ ᠦᠢᠯᠡᠰ ᠪᠣᠰᠬᠠᠬᠤ ᠶᠢ ᠨᠢ ᠵᠣᠷᠢᠭᠵᠢᠭᠤᠯᠤᠨ ᠳᠡᠮᠵᠢᠬᠦ ᠶᠢ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠤ᠂ ᠲᠣᠭᠲᠠᠴᠠ ᠶᠢ ᠪᠦᠷᠢᠨᠰᠢᠭᠦᠯᠦᠨ᠂ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠣᠯᠭᠤᠯᠲᠠ ᠶᠢᠨ ᠪᠠᠶᠢᠳᠠᠯ ᠤᠨ ᠶᠡᠷᠦᠩᠬᠡᠶ ᠳᠤ ᠪᠠᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠂ ᠬᠦᠴᠢᠷᠳᠡᠯᠲᠡᠶ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠴᠠᠭ ᠲᠤᠬᠠᠶ ᠳᠤ ᠨᠢ ᠲᠤᠰᠠᠯᠠᠮᠵᠢ ᠬᠦᠷᠲᠡᠭᠡᠬᠦ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠤᠭᠰᠠᠳ ᠤᠨ ᠦᠢᠯᠡᠰ ᠪᠣᠰᠬᠠᠬᠤ ᠠᠵᠢᠯ ᠶᠠᠪᠤᠳᠠᠯ ᠢ ᠵᠦᠪᠯᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠤᠬᠢᠴᠠᠯᠳᠤᠭᠤᠯᠵᠤ ᠬᠠᠮᠵᠢᠯᠴᠠᠬᠤ ᠶᠢ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠵᠤ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠳᠡᠭᠡ ᠲᠤᠰᠬᠤᠨ ᠳᠤ ᠭᠦᠷᠦᠭᠰᠡᠳ ᠪᠠ ᠨᠤᠲᠤᠭ ᠲᠤ ᠪᠠᠨ ᠬᠤᠴᠣᠷᠤᠭᠰᠠᠳ ᠤᠨ ᠦᠢᠯᠡᠰ ᠪᠣᠰᠬᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠨᠢ ᠵᠣᠬᠢᠴᠠᠭᠤᠯᠤᠨ ᠰᠢᠢᠳᠪᠦᠷᠢᠯᠡᠵᠦ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠨᠤᠲᠤᠭ ᠲᠤ ᠪᠠᠨ ᠬᠤᠴᠣᠷᠤᠭᠰᠠᠳ ᠤᠨ ᠲᠣᠭᠲᠠᠭᠤᠨ ᠢᠶᠠᠷ ᠠᠵᠢᠯ ᠣᠯᠵᠤ᠂ ᠰᠠᠭᠠᠳ ᠦᠭᠡᠢ ᠪᠠᠷ ᠠᠵᠢᠯ ᠣᠯᠬᠤ ᠶᠢ ᠳᠡᠮᠵᠢᠬᠦ ᠬᠡᠷᠡᠭᠲᠡᠶ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶      22 . ᠠᠵᠢᠯ ᠤᠨ ᠪᠠᠲᠤᠯᠠᠭ᠎ᠠ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠵᠦ᠂ ᠬᠤᠲᠠ ᠪᠠᠯᠭᠠᠰᠤᠨ ᠤ ᠣᠯᠠᠨ ᠨᠡᠶᠢᠲᠡ ᠶᠢᠨ ᠦᠢᠯᠡᠴᠢᠯᠡᠭᠡᠨ ᠢ ᠮᠠᠯᠵᠢᠬᠤ ᠲᠠᠷᠢᠶᠠᠯᠠᠬᠤ ᠣᠷᠣᠨ ᠲᠡᠶᠢᠰᠢ ᠤᠷᠲᠤᠳᠬᠠᠬᠤ ᠶᠢ ᠠᠬᠢᠭᠤᠯᠤᠨ᠂ ᠦᠢᠯᠡᠴᠢᠯᠡᠭᠡ ᠬᠤᠳᠠᠯᠳᠤᠨ ᠠᠪᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠬᠡᠷᠡᠭᠯᠡᠨ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠂ ᠬᠥᠳᠡᠯᠮᠦᠷᠢ ᠦᠢᠯᠡᠴᠢᠯᠡᠭᠡᠨ ᠤ ᠡᠷᠬᠢᠯᠡᠨ ᠵᠠᠭᠤᠴᠢᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠳᠤ ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ ᠠᠵᠢᠯ ᠣᠯᠭᠤᠬᠤ ᠦᠢᠯᠡᠴᠢᠯᠡᠭᠡᠨ ᠬᠠᠩᠭᠠᠨ᠎ᠠ᠃ ᠬᠤᠰᠢᠭᠤ ᠰᠢᠶᠠᠨ ᠠᠴᠠ ᠳᠣᠷᠣᠭᠰᠢᠬᠢ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠰ ᠪᠣᠰᠬᠠᠬᠤ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠪᠠ ᠪᠣᠯᠪᠠᠰᠤᠷᠠᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠤᠲᠤᠭ ᠲᠤ ᠪᠠᠨ ᠪᠤᠴᠠᠵᠤ ᠲᠣᠰᠬᠤᠨ ᠳᠤ ᠭᠦᠷᠴᠣ ᠭᠠᠴᠠᠭᠠᠨ ︵ᠲᠣᠰᠬᠤᠨ︶ ᠤ ᠬᠥᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢ ᠪᠣᠯᠬᠤ ᠶᠢ ᠵᠣᠷᠢᠭᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠵᠢᠯ ᠣᠯᠭᠤᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠶᠤᠴᠢᠯᠠᠨ ᠠᠪᠬᠤ ᠴᠤᠪᠤᠷᠠᠯ ᠢ ᠰᠢᠯᠢᠳᠡᠭᠵᠢᠭᠦᠯᠦᠨ᠂ ᠭᠡᠷᠡᠴᠢᠯᠡᠬᠦ ᠮᠠᠲ᠋ᠧᠷᠢᠶᠠᠯ ᠢ ᠴᠣᠮᠬᠠᠳᠬᠠᠵᠤ᠂ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠰᠡᠳ ᠲᠤ ᠳᠥᠭᠦᠮ ᠳᠥᠲᠡ ᠪᠠᠷ ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ᠂ ᠨᠢᠭᠡᠴᠢ ᠬᠠᠷᠢᠭᠤᠴᠠᠨ᠎ᠠ︶      23 . ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢ ᠶᠡᠬᠡᠪᠡᠷ ᠤᠬᠠᠭᠤᠯᠵᠤ᠂ ᠲᠥᠷᠥ ᠶᠢᠨ ᠪᠣᠳᠣᠯᠭ᠎ᠠ ᠶᠢ ᠮᠡᠳᠡᠭᠦᠯᠵᠦ ᠣᠶᠢᠯᠠᠭᠠᠭᠤᠯᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠮ ᠵᠠᠭᠤᠴᠢᠯᠠᠭᠤᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠦᠢᠯᠡᠰ ᠪᠣᠰᠬᠠᠭᠰᠠᠨ ᠨᠡᠶᠢᠲᠡᠯᠢᠭ ᠵᠢᠱᠢᠶ᠎ᠡ ᠪᠠ ᠦᠢᠯᠡᠰ ᠪᠣᠰᠬᠠᠭᠰᠠᠨ ᠲᠤᠷᠰᠢᠯᠭ᠎ᠠ ᠶᠢ ᠥᠷᠭᠡᠨ ᠢᠶᠠᠷ ᠠᠭᠤᠳᠠᠯᠵᠦ᠂ ᠠᠵᠢᠯ ᠣᠯᠭᠤᠯᠲᠠ ᠶᠢᠨ ᠦᠯᠢᠭᠡᠷ ᠢ ᠰᠠᠶᠢᠲᠤᠷ ᠶᠠᠷᠢᠵᠤ᠂ ᠦᠢᠯᠡᠰ ᠪᠣᠰᠬᠠᠬᠤ ᠶᠢ ᠬᠠᠯᠠᠮᠵᠢᠯᠠᠬᠤ᠂ ᠦᠢᠯᠡᠰ ᠪᠣᠰᠬᠠᠬᠤ ᠶᠢ ᠴᠢᠬᠤᠯᠠᠴᠢᠯᠠᠬᠤ᠂ ᠦᠢᠯᠡᠰ ᠪᠣᠰᠬᠠᠬᠤ ᠶᠢ ᠳᠡᠮᠵᠢᠬᠦ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠪᠠᠶᠢᠳᠠᠯ ᠢ ᠪᠤᠢ ᠪᠣᠯᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠵᠢᠯᠴᠢᠨ ᠤ ᠶᠡᠷᠦᠩᠬᠡᠶ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ᠂ ᠨᠢᠭᠡᠴᠢ ᠬᠠᠷᠢᠭᠤᠴᠠᠨ᠎ᠠ︶    ᠡᠯ᠎ᠡ ᠠᠶᠢᠮᠠᠭ ᠬᠤᠲᠠ ᠨᠢ ᠲᠤᠬᠠᠶ ᠶᠢᠨ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠱᠠᠩᠨᠠᠵᠤ ᠬᠦᠬᠢᠭᠦᠯᠬᠦ ᠪᠠ ᠨᠡᠮᠡᠭᠦᠷᠢ ᠥᠭᠬᠦ ᠪᠠᠷᠢᠮᠵᠢᠶ᠎ᠠ ᠶᠢ ᠪᠣᠳᠠᠲᠠᠢ ᠲᠣᠭᠠᠴᠠᠯᠠᠵᠤ ᠢᠯᠡᠳᠭᠡᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃      2020 ᠣᠨ ᠤ 12 ᠳ᠋ᠤᠭᠠᠷ ᠰᠠᠷ᠎ᠠ ᠶᠢᠨ 21 ᠤ ᠡᠳᠦᠷ      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ