|
ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ︽ᠵᠠᠰᠠᠭ ᠤᠨ ᠣᠷᠳᠣᠨ ᠤ ᠠᠵᠢᠯ ᠤᠨ | ᠢᠯᠡᠳᠬᠡᠯ︾ ᠤᠨ ᠭᠤᠣᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ ᠢ ᠲᠣᠭᠲᠠᠭᠠᠪᠠ |
|
|
ᠨᠡᠶᠢᠲᠡᠯᠡᠭᠰᠡᠨ ᠴᠠᠭ᠄
2021/3/16
|
|
ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠣᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ ᠢ ᠲᠣᠭᠲᠠᠭᠠᠪᠠ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠥᠭᠡᠳ ᠬᠦᠴᠦᠲᠡᠶ ᠪᠠᠷ ᠰᠠᠶᠢᠲᠤᠷ ᠠᠳᠬᠤᠵᠤ᠂ ᠠᠵᠤ ᠠᠬᠤᠶ ᠶᠢ ᠲᠣᠭᠲᠠᠭᠤᠨ ᠤ ᠳᠤᠮᠳᠠ ᠪᠠᠬᠢᠵᠢᠭᠦᠯᠦᠨ ᠬᠥᠭᠵᠢᠭᠦᠯᠵᠦ᠂ ᠯᠠᠪᠳᠠᠭᠤᠨ ᠢᠶᠠᠷ ᠤᠷᠤᠭᠰᠢᠯᠠᠨ ᠠᠯᠤᠰ ᠢ ᠵᠣᠷᠢᠬᠤ ᠬᠡᠷᠡᠭᠲᠡᠶ ᠭᠡᠵᠦ ᠱᠠᠭᠠᠷᠳᠠᠪᠠ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 3 ᠳ᠋ᠤᠭᠠᠷ ᠰᠠᠷ᠎ᠠ ᠶᠢᠨ 15 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠣᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ ᠢ ᠲᠣᠭᠲᠠᠭᠠᠵᠤ᠂ ᠯᠠᠪᠳᠠᠭᠤᠨ ᠪᠥᠭᠡᠳ ᠬᠦᠴᠦᠲᠡᠶ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠶ ᠶᠢ ᠲᠣᠭᠲᠠᠭᠤᠨ ᠤ ᠳᠤᠮᠳᠠ ᠪᠠᠬᠢᠵᠢᠭᠦᠯᠦᠨ ᠬᠥᠭᠵᠢᠭᠦᠯᠵᠦ᠂ ᠯᠠᠪᠳᠠᠭᠤᠨ ᠢᠶᠠᠷ ᠤᠷᠤᠭᠰᠢᠯᠠᠨ ᠠᠯᠤᠰ ᠢ ᠵᠣᠷᠢᠬᠤ ᠬᠡᠷᠡᠭᠲᠡᠶ ᠭᠡᠵᠦ ᠱᠠᠭᠠᠷᠳᠠᠪᠠ᠃ ᠬᠤᠷᠠᠯ ᠠᠴᠠ ᠵᠢᠭᠠᠬᠤ ᠳᠤ ᠪᠠᠨ᠂ ᠰᠠᠶ᠋ᠢᠬᠠᠨ ᠲᠡᠭᠦᠰᠦᠭᠰᠡᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠡᠨᠡ ᠵᠢᠯ ᠤᠨ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠯᠠᠭᠤᠯᠤᠯᠲᠠ ᠶᠢ ᠪᠠᠶᠢᠭᠤᠯᠵᠤ᠂ ᠴᠢᠨᠠᠷᠯᠢᠭ ᠬᠥᠭᠵᠢᠯᠲᠡ ᠶᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠠᠷᠢᠭᠤᠴᠠᠯᠭ᠎ᠠ ᠶᠢ ᠡᠭᠦᠷᠭᠡᠯᠡᠨ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠠᠷᠠᠳ ᠲᠦᠮᠡᠨ ᠳᠤ ᠠᠮᠠᠯᠳᠠᠭᠰᠠᠨ ᠠᠮᠠᠯᠠᠯᠲᠠ ᠶᠢ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠰᠢᠨ᠎ᠡ ᠦᠷ᠎ᠡ ᠪᠦᠲᠦᠮᠵᠢ ᠪᠣᠯᠭᠠᠬᠤ ᠬᠡᠷᠡᠭᠲᠡᠢ ᠭᠡᠵᠡᠢ᠃ ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠳᠤᠷᠠᠳᠤᠭᠰᠠᠨ 38 ᠲᠠᠯ᠎ᠠ ᠶᠢᠨ 44 ᠭᠤᠣᠯᠳᠠᠯᠭ᠎ᠠ ᠲᠠᠢ ᠠᠵᠢᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠣᠷᠣᠨ ᠨᠤᠲᠤᠭ ᠲᠤ ᠬᠤᠪᠢᠶᠠᠨ ᠥᠭᠴᠦ᠂ ᠬᠠᠷᠢᠭᠤᠴᠠᠯᠭ᠎ᠠ ᠪᠣᠯᠤᠨ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠪᠠ᠃ ᠬᠤᠷᠠᠯ ᠠᠴᠠ ᠵᠢᠭᠠᠬᠤ ᠳᠤ ᠪᠠᠨ᠂ ᠡᠨᠡ ᠵᠢᠯ ᠤᠨ ᠲᠦᠷᠦᠭᠦᠦ ᠬᠤᠶᠠᠷ ᠰᠠᠷ᠎ᠠ ᠳᠤ ᠠᠵᠤ ᠠᠬᠤᠶ ᠶᠢᠨ ᠠᠵᠢᠯᠯᠠᠭᠠᠨ ᠦᠷᠭᠦᠯᠵᠢᠯᠡᠨ ᠰᠡᠷᠭᠦᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠲᠠᠰᠤᠷᠠᠯᠲᠠ ᠦᠭᠡᠶ ᠴᠢᠩᠭᠠᠷᠠᠭᠰᠠᠨ ᠪᠣᠯᠪᠠᠴᠤ ᠰᠡᠷᠭᠦᠭᠡᠯᠲᠡ ᠶᠢᠨ ᠠᠬᠢᠴᠠ ᠮᠥᠨ ᠬᠦ ᠲᠡᠩᠴᠡᠭᠦᠷᠢ ᠦᠭᠡᠶ ᠪᠠᠶᠢᠵᠤ᠂ ᠦᠢᠯᠡᠴᠢᠯᠡᠭᠡᠨ ᠤ ᠦᠢᠯᠡᠰ᠂ ᠵᠢᠵᠢᠭ ᠪᠢᠴᠢᠯ ᠠᠵᠤ ᠠᠬᠤᠶᠢᠯᠠᠯ ᠪᠣᠯᠤᠨ ᠵᠠᠷᠢᠮ ᠣᠷᠣᠨ ᠨᠤᠲᠤᠭ ᠤᠨ ᠠᠵᠤ ᠠᠬᠤᠶ ᠶᠢᠨ ᠰᠡᠷᠭᠦᠯᠲᠡ ᠳᠤ ᠪᠠᠰᠠ ᠴᠦ ᠴᠥᠭᠡᠨ ᠪᠤᠰᠤ ᠬᠦᠴᠢᠷᠳᠡᠯ ᠲᠤᠯᠭᠠᠷᠠᠵᠤ ᠪᠠᠶᠢᠨ᠎ᠠ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠭᠲᠠᠭᠠᠭᠰᠠᠨ ᠪᠦᠬᠦ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠱᠠᠯᠠᠪᠳᠠᠨ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠠᠵᠢᠯᠯᠠᠭᠠᠨ ᠢ ᠵᠦᠢ ᠵᠣᠬᠢᠰᠲᠠᠶ ᠬᠡᠪᠴᠢᠶᠡᠨ ᠳᠤ ᠪᠠᠶᠢᠯᠭᠠᠬᠤ ᠶᠢ ᠪᠠᠲᠤᠯᠠᠬᠤ ᠬᠡᠷᠡᠭᠲᠡᠶ ᠭᠡᠪᠡ᠃ ᠨᠢᠭᠡ ᠳᠤ᠂ ᠳᠡᠯᠡᠬᠡᠶ ᠶᠢᠨ ᠠᠵᠤ ᠠᠬᠤᠶ ᠶᠢᠨ ᠪᠠᠶᠢᠳᠠᠯ ᠤᠨ ᠬᠤᠪᠢᠷᠠᠯᠲᠠ ᠵᠢᠴᠢ ᠮᠠᠨ ᠤ ᠤᠯᠤᠰ ᠲᠤ ᠦᠵᠡᠭᠦᠯᠬᠦ ᠨᠥᠯᠥᠭᠡ ᠶᠢ ᠨᠢᠭᠲᠠ ᠮᠦᠷᠳᠡᠨ ᠳᠠᠭᠠᠵᠤ᠂ ᠤᠯᠤᠰ ᠤᠨ ᠳᠣᠲᠣᠭᠠᠳᠤ ᠶᠢᠨ ᠠᠵᠤ ᠠᠬᠤᠶ ᠶᠢᠨ ᠠᠵᠢᠯᠯᠠᠭᠠᠨ ᠤ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠪᠠ ᠡᠷᠭᠢᠯᠲᠡ ᠶᠢᠨ ᠬᠤᠭᠤᠴᠠᠭᠠᠨ ᠤ ᠬᠢ ᠲᠠᠢ ᠬᠠᠷᠢᠴᠠᠭᠤᠯᠤᠭᠰᠠᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠭᠦᠨᠵᠡᠭᠡᠶ ᠵᠠᠳᠠᠯᠵᠤ᠂ ᠲᠦᠷᠦ ᠶᠢᠨ ᠪᠤᠳᠤᠯᠭ᠎ᠠ ᠶᠢᠨ ᠤᠷᠢᠳᠴᠢᠯᠠᠭᠰᠠᠨ ᠲᠤᠬᠢᠷᠠᠭᠤᠯᠤᠯᠳᠠ ᠪᠢᠴᠢᠯ ᠲᠤᠬᠢᠷᠠᠭᠤᠯᠤᠯᠳᠡ ᠶᠢ ᠴᠠᠭ ᠲᠤᠬᠠᠶ ᠳᠤ ᠨᠢ ᠬᠡᠷᠡᠭᠵᠢᠭᠦᠯᠵᠦ᠂ ᠢᠯᠠᠩᠭᠤᠶ᠎ᠠ ᠠᠵᠢᠯ ᠣᠯᠭᠤᠯᠲᠠ ᠶᠢ ᠠᠬᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠤᠨ᠎ᠠ᠃ ᠲᠦᠭᠰᠢᠭᠦᠷᠢ ᠶᠢᠨ ᠲᠠᠯᠳᠠ ᠭᠡᠮ ᠢ ᠰᠡᠷᠭᠡᠶᠢᠯᠡᠨ ᠨᠠᠮᠳᠠᠭᠠᠵᠤ᠂ ᠠᠵᠤ ᠠᠬᠤᠶ ᠶᠢᠨ ᠲᠣᠭᠲᠠᠭᠤᠨ ᠢᠶᠠᠷ ᠰᠡᠷᠭᠦᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠬᠤᠶᠠᠷ ᠲᠤ᠂ ᠨᠢᠭᠡᠨᠲᠡ ᠲᠣᠭᠲᠠᠭᠠᠭᠰᠠᠨ ᠡᠳ᠋ ᠤᠨ ᠵᠠᠰᠠᠭ᠂ ᠮᠥᠩᠭᠦᠨ ᠭᠦᠢᠯᠭᠡᠭᠡ᠂ ᠠᠵᠢᠯ ᠣᠯᠭᠤᠯᠲᠠ ᠵᠡᠷᠭᠡ ᠬᠤᠷᠸ᠎ᠠ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠬᠡᠪᠴᠢᠶ᠎ᠡ ᠶᠢ ᠥᠷᠭᠡᠳᠬᠡᠭᠰᠡᠨ ᠤ ᠳᠠᠷᠠᠭᠠᠬᠢ ᠡᠳ᠋ ᠤᠨ ᠵᠠᠰᠠᠭ ᠤᠨ ᠰᠢᠭᠤᠳ ᠬᠦᠷᠭᠡᠬᠦ ᠪᠡᠯᠡ ᠮᠥᠩᠭᠦ ᠶᠢᠨ ᠦᠨᠳᠦᠰᠦᠨ ᠱᠠᠲᠤᠨ ᠳᠠᠬᠢ ᠨᠠᠶᠢᠳᠠᠪᠤᠷᠢᠵᠢᠭᠤᠯᠤᠯᠲᠠ ᠶᠢ ᠲᠦᠷᠭᠡᠳᠬᠡᠵᠦ᠂ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠳᠤ ᠳᠣᠪᠣᠶᠢᠯᠭᠠᠨ ᠬᠡᠷᠡᠭᠯᠡᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠠᠵᠢᠯᠯᠠᠭᠠᠨ ᠤ ᠵᠠᠷᠤᠳᠠᠯ ᠢ ᠪᠠᠲᠤᠯᠠᠬᠤ ᠬᠡᠷᠡᠭᠲᠡᠶ᠃ ᠵᠢᠵᠢᠭ ᠪᠢᠴᠢᠯ ᠠᠵᠤ ᠠᠬᠤᠶᠢᠯᠠᠯ ᠳᠤ ᠴᠢᠭᠯᠡᠭᠦᠯᠦᠭᠰᠡᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠣᠨᠴᠠᠭᠠᠶᠢᠯᠠᠨ ᠪᠦᠲᠦᠴᠡ ᠶᠢᠨ ᠴᠢᠨᠠᠷ ᠲᠠᠢ ᠭᠠᠶᠢᠯᠢ ᠬᠥᠩᠭᠡᠯᠡᠬᠦ ᠰᠢᠨ᠎ᠡ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠶ ᠪᠥᠭᠡᠳ ᠨᠠᠷᠢᠯᠢᠭ ᠠᠳᠬᠤᠬᠤ ᠬᠡᠷᠡᠭᠲᠡᠢ᠃ ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ ᠤᠨ ᠰᠤᠳᠤᠯᠭᠠᠨ ᠤ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠶᠢ ᠱᠠᠯᠠᠪᠳᠠᠭᠤᠯᠤᠨ ᠬᠡᠷᠡᠭᠵᠢᠭᠦᠯᠵᠦ᠂ ᠳ᠋ᠦᠩᠨᠡᠨ ᠪᠤᠳᠤᠬᠤ ᠬᠤᠭᠤᠴᠠᠭ᠎ᠠ ᠶᠢ ᠪᠣᠭᠤᠨᠢᠰᠬᠠᠵᠤ᠂ ᠠᠵᠤ ᠠᠬᠤᠶᠢᠯᠠᠯ ᠤᠨ ᠲᠤᠬᠠᠶ ᠶᠢᠨ ᠵᠢᠯ ᠳᠤ ᠪᠠᠨ ᠠᠰᠢᠭ ᠣᠯᠬᠤ ᠶᠢ ᠪᠠᠲᠤᠯᠠᠬᠤ ᠬᠡᠷᠡᠭᠲᠡᠢ᠃ ᠬᠤᠷᠸ᠎ᠠ ᠬᠦᠰᠢᠬᠦᠷᠭᠡ ᠶᠢᠨ ᠨᠤᠷᠮ᠎ᠠ ᠶᠢ ᠦᠨᠳᠦᠰᠦᠨ ᠳᠤ ᠪᠠᠨ ᠲᠣᠭᠲᠠᠭᠤᠨ ᠪᠠᠶᠢᠯᠭᠠᠵᠤ᠂ ᠵᠠᠰᠠᠭ ᠤᠨ ᠣᠷᠳᠣᠨ ᠤ ᠬᠦᠰᠢᠬᠦᠷᠭᠡ ᠶᠢᠨ ᠨᠤᠷᠮ᠎ᠠ ᠶᠢ ᠵᠣᠬᠢᠬᠤ ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠶ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠪᠣᠳᠠᠲᠠᠶ ᠠᠷᠭ᠎ᠠ ᠬᠡᠮᠵᠢᠶ᠎ᠡ ᠶᠢ ᠱᠠᠯᠠᠪᠳᠠᠨ ᠨᠡᠶᠢᠲᠡᠯᠡᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ ᠭᠦᠢᠴᠡᠳᠬᠡᠬᠦ ᠬᠡᠷᠡᠭᠲᠡᠢ᠃ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠶᠢᠨ ᠲᠦᠷᠦ ᠶᠢᠨ ᠪᠤᠳᠤᠯᠭ᠎ᠠ ᠨᠢ ᠴᠥᠮ ᠠᠵᠢᠯ ᠣᠯᠭᠤᠯᠲᠠ ᠶᠢ ᠨᠡᠮᠡᠭᠳᠡᠭᠦᠯᠬᠦ ᠶᠢᠨ ᠲᠣᠭᠤᠷᠢᠨ ᠳᠤ ᠬᠠᠮᠵᠢᠯᠴᠠᠨ ᠬᠦᠴᠦᠯᠡᠬᠦ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠳ᠂ ᠴᠡᠷᠢᠭ ᠠᠴᠠ ᠬᠠᠯᠠᠭᠳᠠᠭᠰᠠᠳ᠂ ᠬᠥᠯᠥᠰᠥᠨ ᠠᠵᠢᠯᠴᠢᠳ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠠᠬᠢᠭᠤᠯᠬᠤ ᠪᠠ ᠦᠢᠯᠡᠴᠢᠯᠡᠬᠦ ᠶᠢ ᠴᠢᠩᠭᠠᠳᠬᠠᠨ᠎ᠠ᠃ ᠬᠥᠳᠡᠯᠮᠦᠷᠢ ᠬᠦᠴᠦᠨ᠂ ᠴᠢᠳᠠᠪᠤᠷᠢᠲᠠᠨ᠂ ᠡᠳᠦᠷ ᠤᠨ ᠬᠦᠴᠦ ᠶᠠᠪᠤᠭᠴᠢ ᠵᠡᠷᠭᠡ ︽ᠭᠤᠷᠪᠠᠨ ᠵᠠᠬ᠎ᠠ ᠳᠡᠯᠭᠡᠭᠦᠷ︾ ᠤᠨ ᠦᠢᠯᠡᠳᠦᠯ ᠢ ᠪᠠᠳᠠᠷᠠᠭᠤᠯᠵᠤ᠂ ᠠᠵᠢᠯ ᠣᠯᠭᠤᠬᠤ ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠭᠤᠷᠪᠠ ᠳᠤ᠂ ᠭᠤᠤᠯᠳᠠᠯᠭ᠎ᠠ ᠲᠠᠢ ᠠᠵᠢᠯ ᠢ ᠵᠠᠳᠠᠯᠤᠨ ᠨᠠᠷᠢᠯᠢᠬᠵᠢᠭᠤᠯᠤᠨ᠎ᠠ᠃ ︽ ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠢᠨᠠᠨ ᠵᠥᠪᠰᠢᠶᠡᠷᠡᠯ ᠤᠨ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠵᠠᠷᠤᠳᠠᠯ ᠢ ᠪᠠᠭᠠᠰᠬᠠᠬᠤ ᠵᠡᠷᠭᠡ ᠪᠣᠳᠠᠲᠠᠶ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠬᠤ᠂ ᠰᠢᠯᠵᠢᠭᠦᠯᠦᠨ ᠥᠭᠬᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠥᠷᠢ ᠥᠭᠴᠡᠭᠡ ᠵᠡᠷᠭᠡ ᠶᠢᠨ ᠪᠡᠯᠡ ᠮᠥᠩᠭᠦ ᠶᠢ ᠲᠦᠷᠭᠡᠪᠴᠢᠯᠡᠨ ᠪᠠᠭᠤᠯᠭᠠᠬᠤ ᠪᠠ ᠰᠠᠶᠢᠲᠤᠷ ᠬᠡᠷᠡᠭᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ ᠵᠡᠷᠭᠡ ᠬᠦᠷᠢᠶᠡᠨ ᠳᠠᠬᠢ ᠳᠤᠲᠠᠭᠤᠳᠠᠯ ᠢ ᠨᠥᠬᠦᠪᠦᠷᠢᠯᠡᠬᠦ ᠳᠡᠮᠵᠢᠯᠭᠡ ᠪᠠᠨ ᠴᠢᠩᠭᠠᠳᠬᠠᠨ᠎ᠠ᠃ ᠰᠢᠶᠠᠨ ᠰᠢᠶᠠᠩ ᠤᠨ ᠦᠨᠳᠦᠰᠦᠨ ᠱᠠᠲᠤᠨ ᠤ ᠪᠠᠭᠰᠢ ᠶᠢ ᠪᠣᠯᠪᠠᠰᠤᠷᠠᠭᠤᠯᠬᠤ ᠪᠠ ᠠᠵᠢᠯ ᠤᠨ ᠪᠠᠶᠢᠷᠢ ᠳᠡᠭᠡᠷ᠎ᠡ ᠪᠠᠨ ᠰᠤᠷᠤᠯᠭ᠎ᠠ ᠶᠢᠨ ᠨᠠᠮᠲᠠᠷ ᠢᠶᠠᠨ ᠳᠡᠭᠡᠭᠰᠢᠯᠡᠭᠦᠯᠬᠦ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠦᠨ᠎ᠡ᠃ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ᠂ ᠡᠭᠦᠳᠡᠨ ᠡᠮᠨᠡᠯᠭᠡ ᠶᠢᠨ ᠡᠮᠴᠢᠯᠡᠭᠡ ᠶᠢᠨ ᠳᠠᠭᠠᠳᠬᠠᠯ ᠤᠨ ᠲᠠᠩᠰᠠ ᠲᠠᠶᠢᠯᠬᠤ ᠪᠠ ᠪᠠᠶᠢᠩᠭᠤ ᠲᠣᠬᠢᠶᠠᠯᠳᠤᠳᠠᠭ ᠡᠪᠡᠳᠴᠢᠨ ᠤ ᠡᠮ ᠤᠨ ᠵᠦᠢᠯ ᠤᠨ ᠲᠠᠩᠰᠠ ᠲᠠᠶᠢᠯᠬᠤ ᠬᠡᠪᠴᠢᠶ᠎ᠡ ᠶᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠶᠢ ᠱᠠᠯᠠᠪᠳᠠᠨ ᠨᠡᠶᠢᠲᠡᠯᠡᠨ᠎ᠡ᠃ ᠭᠠᠶᠢᠯᠢ ᠰᠦᠢᠳᠬᠡᠯ ᠢ ᠬᠠᠰᠤᠵᠤ ᠬᠥᠩᠭᠡᠯᠡᠬᠦ ᠵᠡᠷᠭᠡ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠬᠦᠴᠦᠨ ᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠠᠮᠢᠳᠤᠷᠠᠯ ᠤᠨ ᠦᠢᠯᠡᠴᠢᠯᠡᠭᠡᠨ ᠤ ᠦᠢᠯᠡᠰ ᠵᠡᠷᠭᠡ ᠶᠢ ᠬᠥᠭᠵᠢᠭᠦᠯᠬᠦ ᠶᠢ ᠳᠡᠮᠵᠢᠨ᠎ᠡ᠃ ᠲᠦᠷᠪᠡ ᠳᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠶᠢᠨ ᠰᠢᠮᠳᠠᠭᠤᠯᠤᠨ ᠪᠠᠶᠢᠴᠠᠭᠠᠯᠲᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠢᠶᠠᠨ ᠬᠡᠷᠡᠭᠵᠢᠭᠦᠯᠬᠦ ᠲᠥᠰᠦᠯ ᠢ ᠲᠥᠷᠭᠡᠳᠬᠡᠨ ᠲᠣᠭᠲᠠᠭᠠᠵᠤ᠂ ᠡᠯ᠎ᠡ ᠵᠦᠢᠯ ᠤᠨ ᠠᠵᠢᠯ ᠢᠶᠠᠨ ᠤᠷᠢᠳᠴᠢᠯᠠᠨ ᠬᠢᠬᠦ ᠬᠡᠷᠡᠭᠲᠡᠶ᠃ ᠬᠦᠷᠢᠶ᠎ᠡ ᠴᠠᠷᠠᠭ᠎ᠠ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠭᠠᠵᠠᠷ ᠣᠷᠣᠨ ᠠᠯᠤᠰᠯᠠᠭᠰᠠᠨ ᠵᠦᠢᠯᠡᠰ ᠲᠤ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠬᠤ ᠬᠡᠷᠡᠭᠲᠡᠶ᠃ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠵᠤ᠂ ︽14·5︾ ᠤᠨ ᠲᠥᠯᠥᠪᠵᠢᠭᠦᠯᠭᠡ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|