|
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠦᠩᠭᠡ ᠰᠣᠪᠠᠭ · ᠨᠢᠭᠡ ᠯᠠ ᠤᠳᠠᠭ᠎ᠠ ᠳᠤ ᠭᠦᠢᠴᠡᠳᠬᠡᠬᠦ﹀ ᠠᠵᠢᠯ ᠢ ᠪᠥᠬᠦ ᠲᠠᠯ᠎ᠠ ᠪᠠᠷ | ᠶᠠᠪᠤᠭᠳᠠᠭᠤᠯᠬᠤ ᠬᠡᠷᠡᠭᠵᠢᠭᠦᠯᠬᠦ ᠲᠥᠰᠦᠯ︾ ᠤᠨ ᠲᠦᠷᠦ ᠶᠢᠨ ᠪᠤᠳᠤᠯᠭ᠎ᠠ ᠶᠢᠨ ᠲᠣᠪᠴᠢ ᠠᠰᠠᠭᠤᠯᠲᠠ ᠬᠠᠷᠢᠭᠤᠯᠲᠠ |
|
|
ᠨᠡᠶᠢᠲᠡᠯᠡᠭᠰᠡᠨ ᠴᠠᠭ᠄
2021/3/16
|
|
ᠨᠢᠭᠡ᠂ ᠶᠠᠭᠤᠨ ᠳᠤ ︽ᠮᠦᠩᠭᠡ ᠰᠣᠪᠠᠭ · ᠨᠢᠭᠡ ᠯᠠ ᠤᠳᠠᠭ᠎ᠠ ᠳᠤ ᠭᠦᠢᠴᠡᠳᠬᠡᠬᠦ︾ ᠲᠥᠰᠦᠯ ᠢ ᠲᠣᠭᠲᠠᠭᠠᠭᠰᠠᠨ ᠪᠣᠶ︖ 2020 ᠣᠨ ᠤ 9 ᠰᠠᠷ᠎ᠠ ᠶᠢᠨ 11 ᠤ ᠡᠳᠦᠷ᠂ ᠶᠡᠷᠦᠩᠬᠡᠢ ᠰᠠᠶᠢᠳ ᠯᠢ ᠺᠧ ᠴᠢᠶᠠᠩ ᠪᠦᠬᠦ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠲᠧᠯᠸᠢᠰ ᠳ᠋ᠢᠶᠠᠩᠬᠤᠸᠠ ᠬᠤᠷᠠᠯ ᠳᠡᠭᠡᠷ᠎ᠡ᠂ ᠠᠯᠢ ᠤᠯᠠᠨ ᠬᠤᠯᠪᠣᠭᠳᠠᠯ ᠪᠦᠬᠦᠢ ᠵᠦᠢᠯᠡᠰ ᠲᠤ᠂ ︽ᠨᠢᠭᠡ ᠶᠠᠪᠤᠳᠠᠯ ᠢ ᠨᠢᠭᠡ ᠯᠠ ᠤᠳᠠᠭ᠎ᠠ ᠳᠤ ᠭᠦᠢᠴᠡᠳᠬᠡᠬᠦ︾ ᠶᠢ ᠰᠦᠪᠡᠭᠴᠢᠯᠡᠨ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠪᠣᠯᠤᠨ ᠭᠡᠷᠡᠴᠢᠯᠡᠬᠦ ᠮᠡᠲ᠋ᠧᠷᠢᠶᠠᠯ ᠢ ᠪᠠᠭᠠᠰᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠪᠥᠬᠦ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠣᠷᠴᠢᠨ ᠨᠥᠭᠦᠴᠡᠯ ᠢ ᠠᠯᠬᠤᠮ ᠴᠢᠨᠠᠭᠰᠢᠳᠠ ᠰᠢᠯᠢᠳᠡᠭᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠦᠩᠭᠡ ᠰᠣᠪᠠᠭ·ᠨᠢᠭᠡ ᠯᠠ ᠤᠳᠠᠭ᠎ᠠ ᠳᠤ ᠭᠦᠢᠴᠡᠳᠬᠡᠬᠦ﹀ ᠠᠵᠢᠯ ᠢ ᠪᠥᠬᠦ ᠲᠠᠯ᠎ᠠ ᠪᠠᠷ ᠶᠠᠪᠤᠭᠳᠠᠭᠤᠯᠬᠤ ᠬᠡᠷᠡᠭᠵᠢᠭᠦᠯᠬᠦ ᠲᠥᠰᠦᠯ︾ ᠢ ᠲᠣᠭᠲᠠᠭᠠᠪᠠ᠃ ᠬᠤᠶᠠᠷ᠂ ︽ᠮᠦᠩᠭᠡ ᠰᠣᠪᠠᠭ · ᠨᠢᠭᠡ ᠯᠠ ᠤᠳᠠᠭ᠎ᠠ ᠳᠤ ᠭᠦᠢᠴᠡᠳᠬᠡᠬᠦ︾ ᠨᠢ ᠠᠵᠤ ᠠᠬᠤᠶᠢᠯᠠᠯ ᠤᠨ ᠣᠯᠠᠨ ᠲᠦᠮᠡᠨ ᠳᠤ ᠬᠡᠷᠬᠢᠨ ᠲᠥᠬᠦᠮ ᠦᠵᠡᠭᠦᠯᠬᠦ ᠪᠣᠶ︖ ᠵᠦᠢᠯᠡᠰ ᠤᠨ ᠨᠠᠷᠢᠨ ᠳᠠᠩᠰᠠ ᠶᠢ ᠨᠢᠭᠡᠳᠦᠯᠲᠡᠶ ᠡᠮᠬᠢᠳᠬᠡᠬᠦ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠣᠯᠤᠨ ᠴᠤᠪᠤᠷᠠᠯ ᠵᠢᠷᠤᠭ ᠢ ᠨᠢᠭᠡᠳᠦᠯᠲᠡᠶ ᠨᠠᠶᠢᠷᠠᠭᠤᠯᠤᠨ ᠵᠣᠬᠢᠶᠠᠵᠤ ᠨᠡᠶᠢᠲᠡᠯᠡᠬᠦ᠂ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠦᠯᠲᠡᠶ ᠲᠣᠭᠲᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠨᠳᠥᠷ ᠲᠠᠪᠳᠠᠮᠵᠢᠳᠤ ᠦᠢᠯᠡᠴᠢᠯᠡᠭᠡᠨ ᠤ ᠵᠦᠢᠯᠡᠰ ᠢ ᠨᠢᠭᠡ ᠯᠡ ᠤᠳᠠᠭ᠎ᠠ ᠳᠤ ᠭᠦᠢᠴᠡᠳᠬᠡᠵᠦ ᠳᠠᠭᠤᠰᠬᠠᠬᠤ ᠶᠢ ᠠᠬᠢᠭᠤᠯᠵᠤ᠂ ᠤᠯᠠᠨ ᠰᠠᠯᠠᠭ᠎ᠠ ᠮᠥᠴᠢᠷ ᠤᠨ ᠭᠦᠢᠴᠡᠳᠬᠡᠬᠦ ︽ᠲᠠᠩ ᠭᠠᠭᠴᠠ ᠵᠦᠢᠯᠡᠰ︾ ᠢ ᠠᠵᠤ ᠠᠬᠤᠶᠢᠯᠠᠯ ᠤᠨ ᠤᠯᠠᠨ ᠲᠦᠮᠡᠨ ᠤ ᠬᠠᠷᠠᠭᠠᠨ ᠳᠠᠬᠢ ︽ᠨᠢᠭᠡ ᠯᠠ ᠶᠠᠪᠤᠳᠠᠯ︾ ᠪᠤᠯᠭᠠᠨ ᠨᠢᠭᠡᠳᠬᠡᠵᠦ᠂ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠢᠵᠢ ᠬᠦᠰᠦᠨᠦᠭᠲᠦ᠂ ᠨᠢᠭᠡ ᠤᠳᠠᠭ᠎ᠠ ᠳᠤ ᠬᠦᠯᠢᠶᠡᠨ ᠠᠪᠴᠤ ᠰᠢᠢᠳᠪᠦᠷᠢᠯᠡᠬᠦ᠂ ᠨᠢᠭᠡ ᠤᠳᠠᠭ᠎ᠠ ᠳᠤ ᠬᠤᠯᠪᠣᠭᠠᠯᠠᠨ ᠭᠦᠢᠴᠡᠳᠬᠡᠬᠦ᠂ ᠨᠢᠭᠡ ᠤᠳᠠᠭ᠎ᠠ ᠳᠤ ᠭᠦᠢᠴᠡᠳᠬᠡᠵᠦ ᠳᠠᠭᠤᠰᠬᠠᠬᠤ᠂ ᠨᠢᠭᠡ ᠴᠤᠩᠬᠤᠪᠴᠢ ᠪᠠᠷ ᠦᠨᠡᠮᠯᠡᠯ ᠣᠯᠭᠤᠬᠤ︾ ᠪᠢᠲᠡᠭᠦᠦ ᠭᠤᠭᠴᠤᠭ᠎ᠠ ᠪᠠᠷ ᠭᠦᠢᠴᠡᠳᠬᠡᠬᠦ ᠶᠢ ᠬᠡᠷᠡᠭᠵᠢᠭᠦᠯᠬᠦ ᠪᠠᠷ ᠳᠠᠮᠵᠢᠭᠤᠯᠵᠤ᠂ ︽ᠤᠯᠠᠨ ᠲᠠᠯ᠎ᠠ ᠠᠴᠠ ᠬᠠᠮᠢᠶᠠᠷᠬᠤ︾ ᠶᠢ ︽ᠲᠥᠪᠯᠡᠷᠡᠭᠦᠯᠦᠨ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ︽ᠤᠯᠠᠨ ᠤᠳᠠᠭ᠎ᠠ ᠬᠦᠶᠦᠬᠦ︾ ᠶᠢ ︽ᠨᠢᠭᠡ ᠯᠠ ᠤᠳᠠᠭ᠎ᠠ ᠳᠤ ᠭᠦᠢᠴᠡᠳᠬᠡᠬᠦ︾ ᠪᠣᠯᠭᠠᠨ ᠬᠤᠪᠢᠷᠠᠭᠤᠯᠤᠨ᠎ᠠ᠃ ᠨᠢᠭᠡ ᠳᠤ ︽ᠨᠢᠭᠡ ᠶᠠᠪᠤᠳᠠᠯ︾ ᠤᠨ ᠵᠦᠢᠯᠡᠰ ᠤᠨ ᠨᠠᠷᠢᠨ ᠲᠠᠩᠰᠠ ᠶᠢ ᠨᠢᠭᠡᠳᠦᠯᠲᠡᠶ ᠡᠮᠬᠢᠳᠬᠡᠨ᠎ᠡ᠃ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠨᠳᠥᠷ ᠳᠠᠪᠲᠠᠮᠵᠢᠲᠤ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ︽ᠪᠢ ᠵᠢᠵᠢᠭ ᠬᠤᠭᠤᠯᠠᠨ ᠬᠡᠷ ᠡᠷᠬᠢᠯᠡᠨ᠎ᠡ︾ ᠵᠡᠷᠭᠡ 103 ᠵᠦᠢᠯ ᠤᠨ ᠥᠨᠳᠥᠷ ᠳᠡᠪᠲᠠᠮᠵᠢᠲᠤ ︽ᠨᠢᠭᠡ ᠶᠠᠪᠤᠳᠠᠯ︾ ᠢ ᠨᠢᠭᠡᠳᠦᠯᠲᠡᠶ ᠬᠡᠷᠡᠭᠵᠢᠭᠦᠯᠵᠦ᠂ ᠡᠯ᠎ᠡ ᠭᠠᠵᠠᠷ ᠤᠨ ︽ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠨᠠᠩ ᠲᠦᠷᠭᠡᠨ ᠪᠥᠭᠡᠳ ᠦᠨᠳᠦᠷ ᠪᠦᠲᠦᠮᠵᠢᠲᠡᠢ ᠪᠡᠶᠡᠯᠡᠭᠦᠯᠬᠦ ᠶᠢ ᠠᠬᠢᠭᠤᠯᠤᠨ᠎ᠠ᠃ ᠬᠤᠶᠠᠷ ᠲᠤ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠣᠯᠣᠨ ᠴᠤᠪᠤᠷᠠᠯ ᠵᠢᠷᠤᠭ ᠢ ᠨᠢᠭᠡᠳᠦᠯᠲᠡᠶ ᠨᠠᠶᠢᠷᠠᠭᠤᠯᠤᠨ ᠵᠣᠬᠢᠶᠠᠵᠤ ᠨᠡᠶᠢᠲᠡᠯᠡᠨ᠎ᠡ᠃ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠬᠤᠯᠪᠣᠭᠳᠠᠯ ᠪᠥᠬᠦᠶ ᠪᠠᠷᠢᠮᠵᠢᠶ᠎ᠠ ᠳᠤ ᠰᠠᠭᠤᠷᠢᠯᠠᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠠ ᠴᠤᠪᠤᠷᠠᠯ ᠵᠢᠷᠤᠭ ᠢ ᠪᠦᠷᠢᠯᠳᠦᠭᠦᠯᠵᠦ᠂ ᠡᠯ᠎ᠡ ᠭᠠᠵᠠᠷ ᠤᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠤᠨ ᠬᠦᠴᠦᠨ ᠵᠦᠢᠯ ᠨᠢᠭᠡᠳᠦᠯ ᠥᠬᠡᠶ᠂ ᠭᠦᠢᠴᠡᠳ ᠮᠡᠳᠡᠭᠳᠡᠭᠰᠡᠨ ᠦᠬᠡᠢ᠂ ᠮᠠᠲ᠋ᠧᠷᠢᠶᠠᠯ ᠢ ᠳᠠᠪᠲᠠᠨ ᠲᠤᠰᠢᠶᠠᠭᠰᠠᠨ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠣᠯᠠᠨ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ ᠭᠤᠷᠪᠠ ᠳᠤ ︽ᠮᠦᠩᠭᠡ ᠰᠣᠪᠠᠭ · ᠨᠢᠭᠡ ᠯᠠ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠦᠯᠲᠡᠶ ᠲᠣᠭᠲᠠᠭᠠᠨ᠎ᠠ᠃ ᠡᠯ᠎ᠡ ᠭᠠᠵᠠᠷ ᠤᠨ ︽ᠨᠢᠭᠡ ᠯᠡ ᠤᠳᠠᠭ᠎ᠠ ᠳᠤ ᠭᠦᠢᠴᠡᠳᠬᠡᠬᠦ︾ ᠠᠵᠢᠯ ᠢ ᠵᠢᠷᠤᠮᠵᠢᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ︽ᠪᠥᠬᠦ ᠣᠷᠣᠨ ᠤ ᠨᠢᠭᠡᠳᠦᠯᠲᠡᠢ ᠭᠦᠢᠴᠡᠳᠬᠡᠬᠦ︾ ᠶᠢ ᠪᠡᠶᠡᠯᠡᠭᠦᠯᠬᠦ ᠳᠤ ᠠᠰᠢᠭᠲᠠᠢ ᠰᠠᠭᠤᠷᠢ ᠲᠠᠯᠪᠢᠨ᠎ᠠ᠃ ᠭᠤᠷᠪᠠ᠂ ︽ᠮᠦᠩᠭᠡ ᠰᠣᠪᠠᠭ · ᠨᠢᠭᠡ ᠯᠠ ᠤᠳᠠᠭ᠎ᠠ ᠳᠤ ᠭᠦᠢᠴᠡᠳᠬᠡᠬᠦ︾ ᠠᠵᠢᠯ ᠤᠨ ᠬᠡᠷᠡᠭᠵᠢᠭᠦᠯᠦᠯᠲᠡ ᠶᠢ ᠬᠡᠷᠬᠢᠨ ᠠᠬᠢᠭᠤᠯᠬᠤ ᠪᠣᠶ︖ ᠨᠢᠭᠡ ᠳᠤ ᠲᠤᠯᠤᠭᠠᠨ ᠵᠦᠢᠯ ᠤᠨ ᠭᠤᠣᠯ ᠡᠭᠦᠷᠭᠡ ᠶᠢ ᠲᠣᠳᠣᠷᠬᠠᠶᠢᠯᠠᠪᠠ᠃ ᠵᠦᠢᠯᠡᠰ ᠤᠨ ᠨᠠᠷᠢᠨ ᠲᠠᠩᠰᠠ ᠶᠢ ᠨᠢᠭᠡᠳᠦᠯᠲᠡᠢ ᠡᠮᠬᠢᠳᠬᠡᠵᠦ᠂ ᠥᠪᠡᠷᠲᠡᠭᠡᠨ ᠵᠠᠰᠠᠬᠤ ᠣᠷᠣᠨ ᠠᠴᠠ 103 ᠵᠦᠢᠯ ᠤᠨ ︽ᠨᠢᠭᠡ ᠶᠠᠪᠤᠳᠠᠯ︾ ᠢ ᠨᠢᠭᠡᠳᠦᠯᠲᠡᠢ ᠡᠮᠬᠢᠳᠬᠡᠵᠦ ᠨᠡᠶᠢᠲᠡᠯᠡᠨ᠎ᠡ︔ ᠠᠵᠢᠯ ᠶᠠᠪᠤᠳᠠᠯ ᠬᠦᠢᠴᠡᠳᠬᠡᠬᠦ ᠴᠤᠪᠤᠷᠠᠯ ᠢ ᠨᠢᠭᠡᠳᠦᠯᠲᠡᠶ ᠰᠢᠯᠢᠳᠡᠭᠵᠢᠭᠦᠯᠦᠨ ᠳᠠᠬᠢᠨ ᠵᠣᠬᠢᠶᠠᠵᠤ᠂ ᠭᠦᠢᠴᠡᠳᠬᠡᠬᠦ ᠭᠤᠭᠴᠤᠭ᠎ᠠ ᠶᠢ ᠡᠮᠬᠢᠳᠬᠡᠵᠦ᠂ ᠮᠠᠲ᠋ᠧᠷᠢᠶᠠᠯ ᠢ ᠴᠣᠮᠬᠠᠳᠬᠠᠨ᠂ ᠴᠤᠪᠤᠷᠠᠯ ᠢ ᠨᠡᠶᠢᠯᠡᠭᠦᠯᠵᠦ᠂ ᠴᠠᠭ ᠤᠨ ᠬᠢᠵᠠᠭᠠᠷ ᠢ ᠪᠣᠭᠤᠨᠢᠰᠬᠠᠨ᠂ ᠴᠤᠪᠤᠷᠠᠯ ᠵᠢᠷᠤᠭ ᠢ ᠨᠢᠭᠡᠳᠦᠯᠲᠡᠶ ᠪᠦᠷᠢᠯᠳᠦᠭᠦᠯᠦᠨ᠎ᠡ︔ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠨᠢᠭᠡᠳᠦᠯᠲᠡᠶ ᠨᠠᠶᠢᠷᠠᠭᠤᠯᠤᠨ ᠵᠣᠬᠢᠶᠠᠵᠤ ᠨᠡᠶᠢᠲᠡᠯᠡᠨ᠂ ᠠᠵᠤ ᠠᠬᠤᠶᠢᠯᠠᠯ ᠤᠨ ᠣᠯᠠᠨ ᠲᠦᠮᠡᠨ ᠤ ᠪᠠᠶᠢᠴᠠᠭᠠᠨ ᠯᠠᠪᠯᠠᠵᠤ ᠭᠦᠢᠴᠡᠳᠬᠡᠬᠦ ᠳᠤ ᠬᠠᠮᠤᠭ ᠤᠨ ᠶᠡᠭᠡ ᠪᠠᠷ ᠲᠥᠬᠦᠮ ᠦᠵᠡᠭᠦᠯᠦᠨ᠎ᠡ︔ ᠰᠦᠯᠵᠢᠶᠡᠨ ᠭᠠᠳᠠᠨᠠᠬᠢ ᠶᠡᠷᠦᠩᠬᠡᠢ ᠴᠣᠩᠬᠤᠪᠴᠢ ᠶᠢ ᠨᠢᠭᠡᠳᠦᠯᠲᠡᠶ ᠪᠠᠶᠢᠷᠢᠯᠠᠭᠤᠯᠵᠤ᠂ ︽ᠣᠯᠠᠨ ᠭᠠᠵᠠᠷ ᠬᠦᠶᠦᠬᠦ︾ ᠪᠠᠶᠢᠭᠰᠠᠨ ᠢ ︽ᠨᠢᠭᠡ ᠴᠤᠩᠬᠤᠪᠴᠢ ᠶᠢ ᠡᠷᠢᠬᠦ︾ ᠪᠣᠯᠭᠠᠨ ᠬᠤᠪᠢᠷᠠᠭᠤᠯᠤᠨ᠎ᠠ︔ ᠰᠦᠯᠵᠢᠶᠡᠨ ᠳᠠᠬᠢ ᠲᠤᠰᠬᠠᠶ ᠪᠤᠯᠤᠩ ᠢ ᠨᠢᠭᠡᠳᠦᠯᠲᠡᠶ ᠲᠣᠬᠢᠷᠠᠭᠤᠯᠵᠤ᠂ ᠰᠦᠯᠵᠢᠶᠡᠨ ᠳᠤ ᠠᠵᠢᠯ ᠶᠠᠪᠤᠳᠠᠯ ᠭᠦᠢᠴᠡᠳᠬᠡᠬᠦ ᠪᠠᠶᠢᠴᠠᠭᠠᠨ ᠯᠠᠪᠯᠠᠬᠤ ᠵᠡᠷᠭᠡ ᠦᠢᠯᠡᠴᠢᠯᠡᠭᠡ ᠶᠢ ᠬᠠᠩᠭᠠᠨ᠎ᠠ︔ ᠲᠤᠰᠬᠠᠢ ᠮᠡᠷᠭᠡᠵᠢᠯ ᠤᠨ ᠡᠩᠨᠡᠭᠡ ᠶᠢ ᠨᠢᠭᠡᠳᠦᠯᠲᠡᠢ ᠵᠣᠬᠢᠶᠠᠨ ᠪᠠᠶᠢᠭᠤᠯᠵᠤ᠂ ᠲᠤᠰᠬᠠᠢ ᠬᠥᠮᠦᠨ ᠪᠦᠬᠦ ᠶᠠᠪᠤᠴᠠ ᠳᠤ ᠮᠥᠷᠳᠡᠨ ᠦᠢᠯᠡᠴᠢᠯᠡᠬᠦ ᠶᠢ ᠬᠡᠷᠡᠭᠵᠢᠭᠦᠯᠦᠨ᠎ᠡ︔ ᠣᠷᠣᠨ ᠨᠤᠲᠤᠭ ᠤᠨ ᠪᠠᠷᠢᠮᠵᠢᠶ᠎ᠠ ᠶᠢ ᠨᠢᠭᠡᠳᠦᠯᠲᠡᠶ ᠲᠣᠭᠲᠠᠭᠠᠵᠤ᠂ ᠪᠠᠷᠢᠮᠵᠢᠶ᠎ᠠ ᠶᠢ ᠵᠢᠷᠤᠮᠵᠢᠭᠤᠯᠤᠨ ᠬᠡᠷᠡᠭᠯᠡᠬᠦ ᠶᠢ ᠲᠦᠷᠭᠡᠳᠭᠡᠨ ᠠᠬᠢᠭᠤᠯᠤᠨ᠎ᠠ᠃ ᠬᠤᠶᠠᠷ ᠲᠤ ᠭᠤᠷᠪᠠᠨ ᠱᠠᠲᠣᠨ ᠤ ᠴᠠᠭ ᠤᠨ ᠬᠦᠰᠦᠨᠦᠭᠲᠦ ᠶᠢ ᠲᠣᠳᠣᠷᠬᠠᠶᠢᠯᠠᠨ᠎ᠠ᠃ 2021 ᠣᠨ ᠤ 3 ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠭᠠᠵᠠᠷ ᠣᠷᠣᠨ ᠪᠣᠳᠠᠲᠠᠶ ᠬᠡᠷᠡᠭᠵᠢᠭᠦᠯᠬᠦ ᠲᠥᠰᠦᠯ ᠨᠡᠶᠢᠲᠡᠯᠡᠨ᠎ᠡ︔ 4ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠩᠨᠡᠭᠡ ᠵᠣᠬᠢᠶᠠᠨ ᠪᠠᠶᠢᠭᠤᠯᠬᠤ᠂ ᠴᠣᠩᠬᠤᠪᠴᠢ ᠳᠣᠭᠢᠷᠠᠭᠤᠯᠬᠤ ᠵᠡᠷᠭᠡ ᠠᠵᠢᠯ ᠢ ᠪᠡᠶᠡᠯᠡᠭᠦᠯᠦᠨ᠎ᠡ︔ 6 ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠥᠬᠦ ᠣᠷᠣᠨ ᠤ ᠬᠡᠪᠴᠢᠶᠡᠨ ᠳᠤ 103 ᠵᠦᠢᠯ ᠤᠨ ︽ᠨᠢᠭᠡ ᠶᠠᠪᠤᠳᠠᠯ︾ ᠢ ︽ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠦᠨ᠎ᠡ᠃
|
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|