ᠱᠢ ᠲᠠᠢ ᠹᠧᠩ ᠶᠤᠸᠠᠨ ᠵᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠭᠡᠷᠡᠭ ᠮᠡᠳᠡᠭᠴᠢᠳ ᠤᠨ ᠲᠠᠷᠤᠭ᠎ᠠ ᠵᠠᠩ ᠯᠸᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2021/3/16
      3 ᠰᠠᠷ᠎ᠡ ᠶᠢᠨ 15 ᠤ ᠡᠳᠦᠷ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠦᠭᠡᠬᠤᠳᠠ ᠳᠤ ᠶᠤᠸᠠᠨ ᠵᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠭᠡᠷᠡᠭ ᠮᠡᠳᠡᠭᠴᠢᠳ ᠤᠨ ᠲᠠᠷᠤᠭ᠎ᠠ ᠵᠠᠩ ᠯᠸᠢ ᠨᠠᠷ ᠲᠠᠢ ᠠᠭᠤᠯᠵᠠᠪᠠ᠃
石泰峰会见远景科技集团董事长张雷.jpg 
     ᠱᠢ ᠲᠠᠢ ᠹᠧᠩ ᠵᠠᠩ ᠯᠸᠢ ᠨᠠᠷ ᠤᠨ ᠬᠠᠮᠳᠤᠷᠠᠨ ᠠᠵᠢᠯᠯᠠᠬᠤ ᠶᠠᠪᠤᠳᠠᠯ ᠢ ᠵᠦᠪᠳᠡᠯᠴᠡᠬᠦ ᠪᠠᠷ ᠢᠷᠡᠭᠰᠡᠨ ᠢ ᠪᠠᠶᠠᠷᠯᠡᠨ ᠤᠬᠳᠤᠵᠤ ᠪᠠᠶᠢᠬᠤ ᠪᠠᠨ ᠢᠯᠡᠳᠭᠡᠪᠡ᠃ ᠱᠢ ᠲᠠᠢ ᠹᠧᠩ᠂ ᠦᠪᠤᠷ ᠮᠤᠩᠭᠤᠯ ᠤᠨ ᠬᠢᠨ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠬᠰᠨᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠵᠠᠮ ᠢᠶᠠᠷ ᠵᠠᠮᠨᠠᠵᠤ ᠪᠠᠶᠢᠨ᠎ᠡ᠂ ᠪᠢᠳᠠ ᠶᠤᠸᠠᠨ ᠵᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠮᠠᠳᠤ ᠶᠢᠨ ᠡᠶᠢᠮᠤᠷᠬᠦᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠢᠢᠯᠠᠯ ᠤᠨ ᠦᠪᠤᠷ ᠮᠤᠩᠭᠤᠯ ᠳᠤ ᠢᠷᠠᠵᠤ ᠪᠡᠯᠡ ᠤᠷᠤᠭᠤᠯᠤᠨ ᠦᠢᠯᠡᠰ ᠪᠤᠰᠬᠠᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠶᠢ ᠬᠦᠴᠤᠳᠠᠢ ᠠᠬᠢᠭᠤᠯᠬᠤ ᠪᠠᠷ ᠲᠠᠮᠵᠢᠭᠤᠯᠵᠤ ᠬᠤᠯᠪᠤᠬᠳᠠᠯ ᠪᠦᠬᠦᠢ ᠠᠵᠤ ᠦᠢᠯᠡᠰ ᠤᠨ ᠲᠡᠭᠡᠳᠤ ᠲᠡᠰᠵᠢᠭᠰᠡᠨ᠂ ᠤᠶᠤᠨᠴᠢᠯᠠᠬᠰᠡᠨ᠂ ᠪᠤᠬᠢᠷᠳᠤᠯ ᠦᠭᠡᠢ ᠬᠦᠭᠵᠢᠯᠳᠡ ᠶᠢ ᠠᠬᠢᠭᠤᠯᠬᠤ ᠶᠢ ᠪᠠᠶᠠᠷᠯᠡᠨ ᠤᠬᠳᠤᠵᠤ ᠪᠠᠶᠢᠨ᠎ᠡ᠃ ᠶᠤᠸᠠᠨ ᠵᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠬᠢᠨ ᠲᠤᠰ ᠪᠡᠶ᠎ᠡ ᠶᠢᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠨᠡᠩ ᠤᠯᠠᠨ ᠰᠢᠨ᠎ᠡ ᠶᠢ ᠡᠬᠦᠳᠬᠦ ᠡᠬᠢ ᠪᠠᠶᠠᠯᠢᠭ ᠢ ᠴᠤᠬᠯᠠᠭᠤᠯᠵᠤ᠂ ᠬᠠᠮᠳᠤᠷᠠᠯᠴᠠᠭᠠᠨ ᠤ ᠲᠦᠷᠦᠯ ᠵᠦᠢᠯ ᠢ ᠠᠯᠢ ᠳᠦᠷᠬᠡᠨ ᠢᠶᠠᠷ ᠨᠠᠶᠢᠳᠠᠪᠤᠷᠢᠵᠢᠭᠤᠯᠤᠨ ᠭᠡᠷᠡᠭᠵᠢᠬᠦᠯᠬᠦ ᠶᠢ ᠠᠬᠢᠭᠤᠯᠵᠤ᠂ ᠠᠵᠤ ᠦᠢᠯᠡᠰ ᠤᠨ ᠡᠬᠢᠨ ᠤ ᠪᠠ ᠡᠴᠤᠰ ᠤᠨ ᠭᠡᠯᠬᠢᠶ᠎ᠡ ᠶᠢᠨ ᠨᠢᠭᠡ ᠴᠤᠬᠴᠠᠵᠢᠬᠰᠡᠨ ᠬᠦᠭᠵᠢᠯᠳᠠ ᠶᠢ ᠲᠠᠶᠢᠴᠢᠯᠡᠬᠤ ᠶᠢ ᠬᠦᠰᠡᠵᠤ ᠪᠠᠶᠢᠨ᠎ᠡ᠃ ᠬᠤᠯᠪᠤᠬᠳᠠᠯ ᠪᠦᠬᠦᠢ ᠭᠠᠵᠠᠷ ᠤᠷᠤᠨ ᠪᠠ ᠰᠠᠯᠠᠭ᠎ᠠ ᠮᠦᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠳᠤᠷ ᠪᠦᠳᠦᠮᠵᠢᠳᠠᠢ ᠦᠢᠯᠡᠴᠢᠯᠡᠵᠤ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠡᠬᠦᠳᠴᠤ᠂ ᠠᠵᠤ ᠠᠬᠤᠢᠢᠯᠠᠯ ᠤᠨ ᠪᠤᠳᠠᠳᠠᠢ ᠠᠰᠠᠭᠤᠳᠠᠯ ᠢ ᠴᠠᠭ ᠲᠤᠬᠠᠢ ᠳᠤᠨᠢ ᠬᠠᠪᠰᠤᠷᠤᠨ ᠰᠢᠢᠳᠪᠤᠷᠢᠯᠡᠬᠦ ᠭᠡᠷᠡᠭᠳᠠᠢ ᠭᠡᠵᠤ ᠬᠡᠯᠡᠪᠡ᠃      ᠵᠠᠩ ᠯᠸᠢ ᠠᠵᠤ ᠠᠬᠤᠢᠢᠯᠠᠯ ᠤᠨ ᠬᠦᠭᠵᠢᠯᠳᠠ ᠶᠢᠨ ᠪᠠᠶᠢᠳᠠᠯ ᠵᠢᠴᠢ ᠦᠪᠤᠷ ᠮᠤᠩᠭᠤᠯ ᠯᠤᠭ᠎ᠠ ᠶᠢᠨ ᠬᠤᠯᠪᠤᠬᠳᠠᠯ ᠪᠦᠬᠦᠢ ᠬᠠᠮᠳᠤᠷᠠᠯᠴᠠᠭᠠᠨ ᠤ ᠲᠦᠷᠦᠯ ᠵᠦᠢᠯ  ᠤᠨ ᠠᠬᠢᠴᠠ ᠶᠢᠨ ᠪᠠᠶᠢᠳᠠᠯ ᠢᠶᠠᠨ ᠲᠠᠨᠢᠯᠴᠠᠭᠤᠯᠤᠬᠰᠡᠨ ᠪᠦᠭᠡᠳ ᠬᠠᠮᠳᠤᠷᠠᠯᠴᠠᠭ᠎ᠠ ᠪᠠᠨ ᠤᠯᠠᠮ ᠴᠢᠨᠠᠬᠰᠢᠳᠠ ᠬᠦᠨᠵᠡᠭᠡᠶᠢᠷᠡᠬᠦᠯᠬᠦ ᠲᠤᠬᠠᠢ ᠪᠤᠳᠠᠳᠠᠢ ᠰᠠᠨᠠᠯ ᠲᠤᠷᠠᠳᠴᠤ᠂ ᠦᠪᠤᠷ ᠮᠤᠩᠭᠤᠯ ᠳᠤ ᠪᠡᠯᠡ ᠤᠷᠤᠭᠤᠯᠤᠨ ᠬᠦᠭᠵᠢᠬᠦ ᠬᠦᠰᠡᠯ ᠪᠠ ᠢᠳᠡᠭᠡᠯ ᠢᠶᠠᠨ ᠢᠯᠡᠳᠭᠡᠪᠠ᠃      ᠦᠪᠡᠷᠳᠡᠭᠡᠨ ᠵᠠᠰᠬᠠᠤ ᠤᠷᠤᠨ ᠤ ᠤᠳᠤᠷᠢᠳᠤᠯᠭ᠎ᠠ ᠵᠠᠩ ᠱᠤᠤ ᠴᠦᠨ᠂ ᠠᠢ ᠯᠢ ᠬᠤᠸᠠ ᠵᠢᠴᠢ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠭᠤᠯᠵᠠᠯᠳᠠ ᠳᠤ ᠤᠷᠤᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ